ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠺᠣᠮᠫᠠᠨᠢ ᠵᠢᠨ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2020-12-21

ᠨᠢᠭᠡᠳᠦᠭᠡᠷ ᠪᠦᠯᠦᠭ ᠶᠡᠷᠦᠩᠬᠡᠶ ᠳᠦᠷᠢᠮ
      ᠨᠢᠭᠡᠳᠦᠭᠡᠷ ᠵᠦᠢ᠍ᠯ     ᠮᠠᠨ᠎ᠤ ᠣᠷᠣᠨ᠎ᠤ ᠺᠣᠮᠫᠠᠨᠢ ᠵᠢᠨ ᠬᠠᠤᠯᠢᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠺᠣᠮᠫᠠᠨᠢ ᠵᠢᠨ ᠬᠠᠤᠯᠢᠴᠢ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠺᠣᠮᠫᠠᠨᠢ ᠵᠢᠨ ᠬᠠᠤᠯᠢᠴᠢ ᠵᠢᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠳᠤᠮᠳᠠᠬᠢ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠪᠠᠳᠠᠷᠠᠭᠤᠯᠬᠤ ᠵᠢᠨ ᠲᠦᠯᠦᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢᠴᠢ ᠵᠢᠨ ᠬᠠᠤᠯᠢ》 ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠭᠡᠷ᠎ᠤᠨ 9 ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ 《ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠣᠯᠤᠨ ᠠᠯᠪᠠᠨ ᠲᠤᠰᠢᠶᠠᠯᠲᠤ ᠬᠠᠤᠯᠢᠴᠢ ᠵᠢᠨ   ᠺᠣᠮᠫᠠᠨᠢ ᠵᠢᠨ   ᠬᠠᠤᠯᠢᠴᠢ ᠵᠢᠨ   ᠳᠦᠷᠢᠮ ᠎ᠢ   ᠬᠡᠷᠡᠭᠵᠢᠭᠦᠯᠬᠦ   ᠲᠤᠬᠠᠶ   ᠰᠠᠨᠠᠯ》᠂ ᠬᠠᠤᠯᠢ ᠴᠠᠭ᠋ᠠᠵᠠ ᠵᠢᠨ ᠶᠠᠮᠤᠨ᠎ᠤ 《  ᠺᠣᠮᠫᠠᠨᠢ ᠵᠢᠨ ᠬᠠᠤᠯᠢᠴᠢ ᠵᠢᠨ   ᠬᠠᠮᠢᠶᠠᠷᠤᠯᠲᠠ ᠵᠢᠨ   ᠠᠷᠭ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠵᠢᠨ ᠬᠠᠤᠯᠢᠴᠢ ᠵᠢᠨ ᠳᠦᠷᠢᠮ᠎ᠢ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠢ᠍ᠳᠠᠯ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ     ᠲᠤᠰ ᠠᠷᠭ᠎ᠠ᠎ᠳᠤ ᠬᠡᠯᠡᠵᠦ ᠪᠠᠶ᠋ᠢᠭ᠎ᠠ ᠺᠣᠮᠫᠠᠨᠢ ᠵᠢᠨ ᠬᠠᠤᠯᠢᠴᠢ᠎ᠨᠢ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠲᠠᠢ ᠬᠥᠳᠡᠯᠮᠦᠷᠢ ᠵᠢᠨ ᠭᠡᠷ᠎ᠡ ᠲᠣᠭᠲᠠᠭ᠋ᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠣᠯᠭᠣᠭᠰᠠᠨ ᠺᠣᠮᠫᠠᠨᠢ ᠵᠢᠨ ᠬᠠᠤᠯᠢᠴᠢ ᠵᠢᠨ ᠦᠨᠡᠮᠯᠡᠯ᠎ᠢ ᠬᠠᠤᠯᠢ ᠶᠣᠰᠣᠭ᠋ᠠᠷ ᠤᠯᠵᠤ᠂ ᠲᠤᠰ ᠠᠵᠤ ᠠᠬᠤᠢ᠌ᠯᠠᠯ᠎ᠳᠤ ᠬᠠᠤᠯᠢ ᠴᠠᠭ᠋ᠠᠵᠠ ᠵᠢᠨ ᠠᠵᠢᠯ ᠬᠢᠵᠦ ᠪᠠᠢ᠌ᠭ᠎ᠠ ᠠᠵᠢᠯᠲᠠᠨ᠎ᠢ ᠵᠢᠭ᠋ᠠᠵᠤ ᠪᠠᠢ᠌ᠨ᠎ᠠ᠃
      ᠭᠤᠷᠪᠠᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠨ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠢ ᠬᠦᠷᠢᠶᠡᠯᠡᠵᠦ᠂ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠱ᠌ᠢᠶᠡᠴᠢ᠎ᠪᠠᠷ ᠵᠢᠷᠤᠮᠯᠠᠨ ᠰᠠᠬᠢᠵᠤ᠂ ᠡᠭᠦᠷᠭᠡ ᠲᠤᠰᠢᠶᠠᠯ᠎ᠳᠤ᠎ᠪᠠᠨ ᠦᠨᠡᠨᠴᠢ ᠰᠢᠳᠤᠷᠭᠤ ᠪᠠᠶ᠋ᠢᠵᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠶ᠋ᠢᠨ ᠭᠦᠢ᠍ᠴᠡᠳᠬᠡᠵᠦ᠂ ᠬᠠᠤᠯᠢᠴᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠲᠤᠰ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠬᠠᠤᠯᠢ ᠴᠠᠭ᠋ᠠᠵᠠ ᠵᠢᠨ ᠵᠥᠪ ᠬᠡᠷᠡᠭᠵᠢᠭᠦᠯᠦᠭᠳᠡᠬᠦ ᠵᠢ ᠬᠠᠮᠠᠭ᠋ᠠᠯᠠᠵᠤ᠂ ᠨᠡᠶ᠋ᠢᠭᠡᠮ᠎ᠤᠨ ᠲᠥᠪ ᠭᠣᠤᠯᠴᠢ ᠪᠠ ᠰᠢᠳᠤᠷᠭᠤ ᠶᠣᠰᠣ ᠵᠢ ᠬᠠᠮᠠᠭ᠋ᠠᠯᠠᠬᠤ ᠬᠡᠷᠡᠭᠲᠡᠢ᠃
      ᠳᠥᠷᠪᠡᠳᠦᠭᠡᠷ ᠵᠦᠢ᠍ᠯ     ᠺᠣᠮᠫᠠᠨᠢ ᠵᠢᠨ ᠬᠠᠤᠯᠢᠴᠢ ᠵᠢᠨ ᠦᠨᠡᠮᠯᠡᠯ ᠪᠣᠯ ᠺᠣᠮᠫᠠᠨᠢ ᠵᠢᠨ ᠬᠠᠤᠯᠢᠴᠢ ᠵᠢᠨ ᠬᠠᠤᠯᠢ ᠶᠤᠰᠤᠭ᠋ᠠᠷ ᠠᠵᠢᠯ ᠡᠷᠬᠢᠯᠡᠬᠥ ᠵᠥᠪᠰᠢᠶᠡᠷᠡᠯ ᠣᠯᠤᠭᠰᠠᠨ ᠬᠦᠴᠦᠨ ᠪᠦᠬᠦᠢ ᠦᠨᠡᠮᠯᠡᠯ ᠪᠣᠯᠤᠨ᠎ᠠ᠃ ᠺᠣᠮᠫᠠᠨᠢ ᠵᠢᠨ ᠬᠠᠤᠯᠢᠴᠢ ᠵᠢᠨ ᠦᠨᠡᠮᠯᠡᠯ᠎ᠳᠤ ᠺᠣᠮᠫᠠᠨᠢ ᠵᠢᠨ ᠬᠠᠤᠯᠢᠴᠢ ᠵᠢᠨ ᠣᠪᠣᠭ ᠨᠡᠷ᠎ᠡ᠂ ᠠᠵᠢᠯᠯᠠᠵᠤ ᠪᠠᠢ᠌ᠭ᠎ᠠ ᠨᠢᠭᠡᠴᠢ᠂ ᠦᠨᠡᠮᠯᠡᠯ᠎ᠤᠨ ᠳ᠋ᠤᠭ᠋ᠠᠷ ᠵᠡᠷᠭᠡ ᠵᠦᠢ᠍ᠯᠡᠰ᠎ᠢ ᠲᠡᠮᠳᠡᠭᠯᠡᠬᠦ ᠵᠢᠨ ᠬᠠᠮᠲᠤ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠮᠠᠭ᠎ᠠ ᠵᠢ ᠳᠠᠷᠤᠬᠤ ᠬᠡᠷᠡᠭᠲᠡᠶ᠃
      ᠲᠠᠪᠤᠳᠤᠭ᠋ᠠᠷ ᠵᠦᠢ᠍ᠯ     ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠺᠣᠮᠫᠠᠨᠢ ᠵᠢᠨ ᠬᠠᠤᠯᠢᠴᠢ ᠵᠢᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ᠎ᠳᠤ ᠬᠢᠨᠠᠯᠲᠠ ᠲᠠᠯᠪᠢᠵᠤ᠂ ᠵᠢᠯᠣᠭᠣᠳᠣᠯᠭ᠎ᠠ ᠬᠢᠨ᠎ᠡ᠃
      ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠺᠣᠮᠫᠠᠨᠢ ᠵᠢᠨ ᠬᠠᠤᠯᠢᠴᠢ᠎ᠳᠤ ᠡᠳᠦᠷ ᠲᠤᠲᠤᠮ᠎ᠤᠨ ᠬᠠᠮᠢᠶᠠᠷᠤᠯᠲᠠ ᠬᠢᠨ᠎ᠡ᠃
      ᠬᠠᠤᠯᠢᠴᠢ ᠵᠢᠨ ᠨᠡᠶ᠋ᠢᠭᠡᠮᠯᠢᠭ ᠺᠣᠮᠫᠠᠨᠢ ᠵᠢᠨ ᠬᠠᠤᠯᠢᠴᠢ᠎ᠳᠤ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠬᠡᠷᠡᠭᠵᠢᠭᠦᠯᠦᠨ᠎ᠡ᠃

ᠬᠣᠶᠠᠳᠤᠭ᠋ᠠᠷ ᠪᠦᠯᠦᠭ     ᠲᠤᠰᠢᠶᠠᠯ ᠬᠠᠷᠢᠭᠤᠴᠠᠬᠤ ᠨᠥᠬᠥᠴᠡᠯ ᠪᠣᠯᠤᠨ ᠳᠡᠰ ᠳᠠᠷᠠᠭ᠋ᠠᠯᠠᠯ
      ᠵᠢᠷᠭᠤᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠵᠢᠨ ᠦᠨᠡᠮᠯᠡᠯ ᠭᠤᠶᠤᠴᠢᠯᠠᠨ ᠣᠯᠭᠣᠬᠤ᠎ᠳᠤ ᠳᠣᠣᠷᠠᠬᠢ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠄
     (ᠨᠢᠭᠡ) ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠬᠦ;
     (ᠬᠣᠶᠠᠷ) ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠪᠤᠶᠤ ᠬᠠᠤᠯᠢᠴᠢ ᠵᠢᠨ ᠬᠢᠷᠢ ᠭᠡᠮ᠎ᠢ ᠬᠠᠤᠯᠢ ᠶᠣᠰᠣᠭ᠋ᠠᠷ ᠣᠯᠤᠭᠰᠠᠨ;
     (ᠭᠤᠷᠪᠠ) ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠲᠠᠢ ᠬᠠᠤᠯᠢ ᠶᠣᠰᠣᠭ᠋ᠠᠷ ᠬᠥᠳᠡᠯᠮᠦᠷᠢ ᠵᠢᠨ ᠭᠡᠷ᠎ᠡ ᠲᠤᠭᠲᠠᠭᠰᠠᠨ;
     (ᠲᠦᠷᠪᠡ) ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠠᠵᠢᠯ᠎ᠢ ᠬᠣᠶᠠᠷ ᠵᠢᠯ᠎ᠠᠴᠠ ᠳᠡᠭᠡᠭᠰᠢ ᠬᠢᠭᠰᠡᠨ᠂ ᠡᠰᠡᠭᠦᠯ᠎ᠡ ᠰᠢᠭᠦᠬᠦ ᠲᠤᠰᠢᠶᠠᠯᠲᠠᠨ᠂ ᠪᠠᠶ᠋ᠢᠴᠠᠭ᠋ᠠᠬᠤ ᠲᠤᠰᠢᠶᠠᠯᠲᠠᠨ᠂ ᠬᠠᠤᠯᠢᠴᠢ ᠪᠣᠯᠵᠤ ᠥᠩᠭᠡᠷᠡᠭᠰᠡᠨ ᠨᠢᠭᠡ ᠵᠢᠯ᠎ᠠᠴᠠ ᠳᠡᠭᠡᠭᠰᠢ ᠪᠠᠶ᠋ᠢᠬᠤ;
     (ᠲᠠᠪᠤ) ᠵᠠᠩ ᠰᠤᠷᠲᠠᠯ᠎ᠨᠢ ᠰᠠᠶ᠋ᠢᠨ ᠪᠠᠶ᠋ᠢᠬᠤ;
     (ᠵᠢᠷᠭᠤᠭ᠎ᠠ) ᠪᠠᠶ᠋ᠢᠭ᠎ᠠ ᠨᠢᠭᠡᠴᠢ᠎ᠨᠢ ᠲᠡᠭᠦᠨ᠎ᠤ ᠺᠣᠮᠫᠠᠨᠢ ᠵᠢᠨ ᠬᠠᠤᠯᠢᠴᠢ ᠪᠣᠯᠬᠤ ᠵᠢ ᠵᠥᠪᠰᠢᠶᠡᠷᠡᠭᠰᠡᠨ᠃
      ᠳᠣᠯᠣᠳᠤᠭ᠋ᠠᠷ ᠵᠦᠢ᠍ᠯ     ᠭᠤᠶᠤᠴᠢᠯᠠᠭᠴᠢ᠎ᠨᠢ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠺᠤᠮᠫᠠᠨᠢ ᠵᠢᠨ ᠬᠠᠤᠯᠢᠴᠢ ᠵᠢᠨ ᠦᠨᠡᠮᠯᠡᠯ ᠣᠯᠭᠣᠬᠤ ᠦᠭᠡᠶ᠄
     (ᠨᠢᠭᠡ) ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠦᠭᠡᠶ ᠪᠤᠶᠤ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ᠎ᠨᠢ ᠬᠢᠵᠠᠭ᠋ᠠᠷᠲᠠᠶ ᠪᠠᠶ᠋ᠢᠬᠤ;
     (ᠬᠣᠶᠠᠷ) ᠡᠷᠡᠭᠦᠤ ᠵᠢᠨ ᠰᠢᠢ᠍ᠳᠬᠡᠯ ᠣᠯᠵᠤ ᠥᠩᠭᠡᠷᠡᠭᠰᠡᠨ᠂ ᠭᠡᠪᠡᠴᠦ ᠡᠨᠳᠡᠵᠦ ᠶᠠᠯ᠎ᠠ ᠬᠢᠭᠰᠡᠨ ᠪᠠᠭᠲᠠᠬᠤ ᠤᠢ᠍ᠭᠡᠢ;
     (ᠭᠤᠷᠪᠠ) ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠭᠰᠡᠨ ᠪᠤᠶᠤ ᠬᠠᠤᠯᠢᠴᠢ᠂ ᠠᠯᠪᠠᠨ ᠭᠡᠷᠡᠴᠢᠯᠡᠭᠴᠢ ᠵᠢᠨ ᠠᠵᠢᠯ ᠡᠷᠬᠢᠯᠡᠬᠦ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠶ ᠪᠣᠯᠭ᠋ᠠᠭᠰᠠᠨ;
     (ᠲᠦᠷᠪᠡ) ᠶᠠᠯ᠎ᠠ ᠬᠢᠭᠰᠡᠨ᠎ᠳᠤ ᠬᠣᠯᠪᠣᠭᠳᠠᠭᠰᠠᠨ᠂ ᠬᠠᠤᠯᠢ ᠪᠠᠷᠢᠬᠤ ᠵᠢᠷᠤᠮ᠎ᠢ ᠬᠠᠷᠠᠬᠠᠨ ᠳᠠᠭᠤᠰᠬᠠᠭ᠋ᠠᠳᠤᠶ ᠪᠤᠶᠤ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠰᠡᠵᠢᠭᠯᠡᠯᠲᠡᠶ ᠪᠠᠶ᠋ᠢᠵᠤ᠂ ᠶᠠᠭ ᠬᠢᠨᠠᠨ ᠪᠠᠶ᠋ᠢᠴᠠᠭ᠋ᠠᠯᠲᠠ ᠵᠢ ᠬᠦᠯᠢᠶᠡᠵᠦ ᠪᠠᠶ᠋ᠢᠬᠤ;
     (ᠲᠠᠪᠤ) ᠶᠠᠭ ᠢᠲᠡᠭᠡᠮᠵᠢ ᠠᠯᠳᠠᠭᠰᠠᠨ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠲᠤ ᠵᠢᠭᠰᠠᠭ᠋ᠠᠭᠳᠠᠭᠰᠠᠨ᠃
      ᠨᠠᠢ᠍ᠮᠠᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠵᠢᠨ ᠦᠨᠡᠮᠯᠡᠯ ᠭᠤᠶᠤᠴᠢᠯᠠᠨ ᠣᠯᠭᠣᠬᠤ᠎ᠳᠤ᠂ ᠭᠤᠶᠤᠴᠢᠯᠠᠭᠴᠢ ᠵᠢᠨ ᠪᠠᠢ᠌ᠭ᠎ᠠ ᠨᠢᠭᠡᠴᠢ᠎ᠠᠴᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠳᠤᠤᠷ᠎ᠠ ᠵᠢᠭᠰᠠᠭ᠋ᠠᠭᠰᠠ ᠮᠠᠲᠸᠷᠢᠶᠠᠯ᠎ᠢ ᠲᠤᠰᠢᠶᠠᠬᠤ ᠬᠡᠷᠡᠭᠲᠡᠢ᠄
     (ᠨᠢᠭᠡ) ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠦᠨᠡᠮᠯᠡᠯ ᠪᠤᠶᠤ ᠬᠠᠤᠯᠢᠴᠢ ᠵᠢᠨ ᠬᠢᠷᠢ ᠭᠡᠮ᠎ᠤᠨ ᠦᠨᠡᠮᠯᠡᠯ;
     (ᠬᠣᠶᠠᠷ) ᠭᠤᠶᠤᠴᠢᠯᠠᠭᠴᠢ ᠵᠢᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠪᠠ ᠠᠵᠤ ᠠᠬᠤᠶ᠋ᠢᠯᠠᠯ᠎ᠤᠨ ᠠᠵᠢᠯᠲᠠᠨ᠎ᠤ ᠪᠡᠶ᠎ᠡ ᠵᠢᠨ ᠭᠡᠷᠡᠴᠢ;
     (ᠭᠤᠷᠪᠠ) ᠭᠤᠶᠤᠴᠢᠯᠠᠭᠴᠢ ᠲᠤᠰ ᠬᠥᠮᠦᠨ᠎ᠨᠢ ᠲᠠᠭᠯᠠᠵᠤ᠂ ᠪᠠᠢ᠌ᠭ᠎ᠠ ᠨᠢᠭᠡᠴᠢ᠎ᠨᠢ ᠵᠥᠪᠰᠢᠶᠡᠷᠡᠭᠰᠡᠨ ᠪᠥᠭᠡᠳ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠺᠣᠮᠫᠠᠨᠢ ᠵᠢᠨ ᠬᠠᠤᠯᠢᠴᠢ ᠵᠢᠨ ᠭᠤᠶᠤᠴᠢᠯᠠᠯ᠎ᠤᠨ ᠬᠦᠰᠦᠨᠦᠭ;
     (ᠳᠥᠷᠪᠡ) ᠭᠤᠶᠤᠴᠢᠯᠠᠭᠴᠢ ᠵᠢᠨ ᠲᠤᠰ 《ᠠᠷᠭ᠎ᠠ》 ᠵᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠠᠵᠢᠯ᠎ᠤᠨ ᠥᠩᠭᠡᠷᠡᠯᠲᠡ᠂ ᠠᠵᠢᠯ ᠡᠷᠭᠢᠯᠡᠭᠰᠡᠨ ᠥᠩᠭᠡᠷᠡᠯᠲᠡ ᠵᠢᠨ ᠭᠡᠷᠡᠴᠢᠯᠡᠯ᠃
      ᠶᠢᠰᠦᠳᠦᠭᠡᠷ ᠵᠦᠢ᠍ᠯ     ᠲᠥᠪ᠎ᠤᠨ ᠠᠵᠤ ᠠᠬᠤᠶ᠋ᠢᠯᠠᠯ᠎ᠤᠨ ᠥᠪᠥᠷ ᠮᠤᠩᠭᠤᠯ᠎ᠳᠠᠬᠢ ᠡᠯ᠎ᠡ ᠱᠠᠲᠤᠨ᠎ᠤ ᠰᠠᠯᠪᠤᠷᠢ ᠪᠠᠢ᠌ᠭᠤᠯᠤᠮᠵᠢ ᠪᠣᠯᠤᠨ ᠬᠦᠦ ᠠᠵᠤ ᠠᠬᠤᠶ᠋ᠢᠯᠠᠯ᠎ᠤᠨ ᠠᠵᠢᠯᠲᠠᠨ᠎ᠤ ᠺᠣᠮᠫᠠᠨᠢ ᠵᠢᠨ ᠬᠠᠤᠯᠢᠴᠢ ᠵᠢᠨ ᠦᠨᠡᠮᠯᠡᠯ ᠭᠤᠶᠤᠴᠢᠯᠠᠨ ᠤᠯᠭᠤᠬᠤ᠎ᠳᠤ᠂ ᠪᠠᠢ᠌ᠭ᠎ᠠ ᠨᠢᠭᠡᠴᠢ᠎ᠪᠠᠷ ᠵᠶ᠋ᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠭᠤᠶᠤᠴᠢᠯᠠᠯ ᠭᠠᠷᠭ᠋ᠠᠵᠤ ᠪᠣᠯᠤᠨ᠎ᠠ᠃
      ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠠᠵᠢᠯᠲᠠᠨ᠎ᠤ ᠺᠣᠮᠫᠠᠨᠢ ᠵᠢᠨ ᠬᠠᠤᠯᠢᠴᠢ ᠵᠢᠨ ᠦᠨᠡᠮᠯᠡᠯ ᠭᠤᠶᠤᠴᠢᠯᠠᠨ ᠣᠯᠭᠣᠬᠤ᠎ᠳᠤ᠂ ᠪᠠᠶ᠋ᠢᠭ᠎ᠠ ᠨᠢᠭᠡᠴᠢ᠎ᠪᠠᠷ ᠵᠶ᠋ᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠭᠤᠶᠤᠴᠢᠯᠠᠯ ᠭᠠᠷᠭ᠋ᠠᠵᠤ ᠪᠤᠯᠤᠨ᠎ᠠ᠃
      ᠪᠤᠰᠤᠳ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠠᠵᠢᠯᠲᠠᠨ᠎ᠤ ᠺᠣᠮᠫᠠᠨᠢ ᠵᠢᠨ ᠬᠠᠤᠯᠢᠴᠢ ᠵᠢᠨ ᠦᠨᠡᠮᠯᠡᠯ ᠭᠤᠶᠤᠴᠢᠯᠠᠨ ᠣᠯᠭᠣᠬᠤ᠎ᠳᠤ᠂ ᠪᠠᠶ᠋ᠢᠭ᠎ᠠ ᠨᠢᠭᠡᠴᠢ᠎ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ᠎ᠤ ᠳᠠᠷᠠᠭ᠎ᠠ ᠪᠠᠶ᠋ᠢᠭ᠎ᠠ ᠭᠠᠵᠠᠷ᠎ᠤᠨ ᠠᠶ᠋ᠢᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠨ᠎ᠠ᠃
      ᠠᠷᠪᠠᠳᠤᠭ᠋ᠠᠷ ᠵᠦᠢ᠍ᠯ     ᠠᠶ᠋ᠢᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠬᠤᠷᠢᠶᠠᠨ ᠠᠪᠤᠭᠰᠠᠨ ᠺᠣᠮᠫᠠᠨᠢ ᠵᠢᠨ ᠬᠠᠤᠯᠢᠴᠢ ᠵᠢᠨ ᠭᠤᠶᠤᠴᠢᠯᠠᠯ᠎ᠳᠤ ᠠᠩᠬ᠎ᠠ ᠬᠢᠨᠠᠬᠤ ᠰᠠᠨᠠᠯ ᠳᠤᠷᠠᠳᠴᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠮᠡᠳᠡᠭᠦᠯᠦᠨ ᠬᠢᠨᠠᠨ ᠬᠠᠷᠭᠤᠭᠤᠯᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠢᠨᠠᠨ ᠬᠠᠷᠭᠤᠭᠤᠯᠤᠭ᠋ᠠᠳ᠂ ᠭᠤᠶᠤᠴᠢᠯᠠᠭᠴᠢ᠎ᠨᠢ ᠺᠣᠮᠫᠠᠨᠢ ᠵᠢᠨ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠶ᠋ᠢᠴᠡᠵᠦ᠂ ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠭᠤᠶᠤᠴᠢᠯᠠᠭᠴᠢ᠎ᠳᠤ ᠺᠣᠮᠫᠠᠨᠢ ᠵᠢᠨ ᠬᠠᠤᠯᠢᠴᠢ ᠵᠢᠨ ᠦᠨᠡᠮᠯᠡᠯ ᠣᠯᠭᠣᠨ᠎ᠠ᠃
      ᠠᠷᠪᠠᠨ ᠨᠢᠭᠡᠳᠦᠭᠡᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠶ᠋ᠢᠭᠡᠮᠯᠢᠭ᠎ᠨᠢ ᠵᠢᠯ ᠪᠦᠷᠢ ᠲᠤᠰ ᠬᠠᠷᠢᠶ᠎ᠠ ᠣᠷᠣᠨ᠎ᠤ᠎ᠪᠠᠨ ᠬᠡᠪᠴᠢᠶᠡᠨ ᠳᠣᠲᠣᠷᠠᠬᠢ ᠺᠣᠮᠫᠠᠨᠢ ᠵᠢᠨ ᠬᠠᠤᠯᠢᠴᠢ ᠵᠢᠨ ᠠᠵᠢᠯ᠎ᠠᠴᠠ ᠡᠮᠦᠨᠡᠬᠢ ᠪᠣᠯᠪᠠᠰᠤᠷᠠᠭᠤᠯᠤᠯ᠎ᠤᠨ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃
      ᠠᠷᠪᠠᠨ ᠬᠤᠶᠠᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠤᠤᠯ᠎ᠤᠨ ᠦᠨᠡᠮᠯᠡᠯ ᠤᠯᠭᠤᠭᠰᠠᠨ ᠪᠠᠢ᠌ᠭᠤᠯᠭ᠎ᠠ᠎ᠠᠴᠠ ᠲᠡᠭᠦᠨ᠎ᠤ ᠬᠠᠤᠯᠢᠴᠢ ᠵᠢᠨ ᠦᠨᠡᠮᠯᠡᠯ᠎ᠢ ᠬᠤᠷᠢᠶᠠᠨ ᠠᠪᠴᠤ᠂ ᠬᠦᠴᠦᠨ ᠦᠭᠡᠢ ᠪᠤᠯᠭ᠋ᠠᠨ᠎ᠠ᠄
     (ᠨᠢᠭᠡ) ᠲᠤᠰ ᠬᠥᠮᠦᠨ᠎ᠨᠢ ᠦᠷᠭᠦᠯᠵᠢᠯᠡᠨ ᠺᠣᠮᠫᠠᠨᠢ ᠵᠢᠨ ᠬᠠᠤᠯᠢᠴᠢ ᠪᠣᠯᠬᠤ ᠳᠤᠷ᠎ᠠ ᠦᠭᠡᠶ ᠪᠠᠢ᠌ᠵᠤ᠂ ᠪᠠᠶ᠋ᠢᠭ᠎ᠠ ᠨᠢᠭᠡᠴᠢ᠎ᠪᠠᠷ ᠵᠶ᠋ᠠᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠦᠴᠦᠨ ᠦᠭᠡᠢ ᠪᠣᠯᠭ᠋ᠠᠭᠤᠯᠬᠤ᠎ᠪᠠᠷ ᠭᠤᠶᠤᠴᠢᠯᠠᠭᠰᠠᠨ;
     (ᠬᠣᠶᠠᠷ) ᠠᠵᠢᠯᠯᠠᠵᠤ ᠪᠠᠶ᠋ᠢᠭ᠎ᠠ ᠨᠢᠭᠡᠴᠢ᠎ᠨᠢ ᠲᠡᠭᠦᠨ᠎ᠤ ᠦᠷᠭᠦᠯᠵᠢᠯᠡᠨ ᠺᠣᠮᠫᠠᠨᠢ ᠵᠢᠨ ᠬᠠᠤᠯᠢᠴᠢ ᠪᠣᠯᠬᠤ ᠵᠢ ᠵᠦᠪᠰᠢᠶᠡᠷᠡᠬᠦ ᠦᠭᠡᠶ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠦᠴᠦᠨ ᠦᠭᠡᠶ ᠪᠣᠯᠭ᠋ᠠᠬᠤ᠎ᠪᠠᠷ ᠭᠤᠶᠤᠴᠢᠯᠠᠭᠰᠠᠨ;
     (ᠭᠤᠷᠪᠠ) ᠲᠤᠰᠢᠶᠠᠯ᠎ᠠᠴᠠ᠎ᠪᠠᠨ ᠪᠠᠭᠤᠬᠤ᠂ ᠠᠵᠢᠯ ᠰᠢᠯᠵᠢᠬᠦ᠂ ᠲᠤᠰᠢᠶᠠᠯ᠎ᠠᠴᠠ᠎ᠪᠠᠨ ᠰᠢᠯᠵᠢᠬᠦ᠂ ᠠᠵᠢᠯ᠎ᠠᠴᠠ᠎ᠪᠠᠨ ᠪᠠᠭᠤᠬᠤ ᠪᠤᠶᠤ ᠠᠵᠢᠯ᠎ᠠᠴᠠ᠎ᠨᠢ ᠬᠥᠭᠡᠭᠡᠬᠦ ᠵᠡᠷᠭᠡ ᠰᠢᠯᠲᠠᠭ᠋ᠠᠨ᠎ᠠᠴᠠ ᠪᠣᠯᠵᠤ᠂ ᠺᠣᠮᠫᠠᠨᠢ ᠵᠢᠨ ᠬᠠᠤᠯᠢᠴᠢ ᠪᠣᠯᠬᠤ ᠨᠥᠬᠥᠴᠡᠯ᠎ᠢ ᠪᠦᠷᠢᠯᠳᠦᠭᠦᠯᠬᠦ ᠦᠭᠡᠶ ᠪᠣᠯᠤᠭᠰᠠᠨ;
     (ᠲᠦᠷᠪᠡ) ᠺᠣᠮᠫᠠᠨᠢ ᠵᠢᠨ ᠬᠠᠤᠯᠢᠴᠢ ᠵᠢᠨ ᠣᠨ᠎ᠤ ᠬᠢᠨᠠᠨ ᠰᠢᠯᠭ᠋ᠠᠯᠲᠠ᠎ᠳᠤ ᠵᠠᠯᠭ᠋ᠠᠭ᠎ᠠ᠎ᠪᠠᠷ ᠬᠣᠶᠠᠷ ᠤᠳᠠᠭ᠎ᠠ ᠲᠤᠰᠢᠶᠠᠯ᠎ᠳᠤ᠎ᠪᠠᠨ ᠲᠡᠩᠴᠡᠬᠦ ᠦᠭᠡᠶ ᠭᠡᠵᠦ ᠦᠨᠡᠯᠡᠨ ᠲᠤᠭᠲᠠᠭ᠋ᠠᠭᠳᠠᠭᠰᠠᠨ;
     (ᠲᠠᠪᠤ) ᠮᠠᠲ᠋ᠧᠷᠢᠶᠠᠯ᠎ᠢ ᠮᠡᠬᠡᠯᠡᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠵᠦᠶ ᠪᠤᠰᠤ ᠠᠷᠭ᠎ᠠ ᠪᠠᠷᠢᠯ ᠵᠶ᠋ᠠᠷ ᠺᠣᠮᠫᠠᠨᠢ ᠵᠢᠨ ᠬᠠᠤᠯᠢᠴᠢ ᠵᠢᠨ ᠦᠨᠡᠮᠯᠡᠯ ᠣᠯᠤᠭᠰᠠᠨ;
     (ᠵᠢᠷᠭᠤᠭ᠎ᠠ) ᠺᠣᠮᠫᠠᠨᠢ ᠵᠢᠨ ᠬᠠᠤᠯᠢᠴᠢ ᠦᠷᠭᠦᠯᠵᠢᠯᠡᠨ ᠡᠭᠦᠷᠭᠡᠯᠡᠵᠦ ᠪᠣᠯᠬᠤ ᠦᠭᠡᠶ ᠪᠤᠰᠤᠳ ᠪᠠᠶ᠋ᠢᠳᠠᠯ᠃
      ᠺᠣᠮᠫᠠᠨᠢ ᠵᠢᠨ ᠬᠠᠤᠯᠢᠴᠢ᠎ᠳᠤ ᠳᠡᠭᠡᠷ᠎ᠡ ᠳᠤᠷᠠᠳᠤᠭᠰᠠᠨ ᠲᠣᠭᠲᠠᠭ᠋ᠠᠭᠰᠠᠨ ᠪᠠᠶ᠋ᠢᠳᠠᠯ ᠭᠠᠷᠪᠠᠯ᠂ ᠪᠠᠶ᠋ᠢᠭ᠎ᠠ ᠨᠢᠭᠡᠴᠢ᠎ᠨᠢ ᠺᠣᠮᠫᠠᠨᠢ ᠵᠢᠨ ᠬᠠᠤᠯᠢᠴᠢ ᠵᠢᠨ ᠦᠨᠡᠮᠯᠡᠯ ᠵᠶ᠋ᠠᠨ ᠴᠠᠭ ᠲᠤᠬᠠᠶ᠎ᠳᠤ᠎ᠨᠢ ᠬᠣᠷᠢᠶᠠᠨ ᠠᠪᠬᠤ ᠵᠢᠨ ᠬᠠᠮᠲᠤ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠬᠦᠴᠦᠨ ᠦᠭᠡᠶ ᠪᠣᠯᠭ᠋ᠠᠬᠤ ᠭᠤᠶᠤᠴᠢᠯᠠᠯ ᠳᠤᠷᠠᠳᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠪᠣᠯᠣᠭ᠋ᠠᠳ ᠪᠦᠬᠦᠯᠢ ᠭᠤᠷᠪᠠᠨ ᠵᠢᠯ ᠪᠣᠯᠤᠭᠰᠠᠨ ᠪᠥᠭᠡᠳ ᠬᠠᠮᠤᠭ ᠰᠡᠭᠦᠯᠴᠢ ᠵᠢᠨ ᠨᠢᠭᠡ ᠤᠳᠠᠭ᠎ᠠ ᠵᠢᠨ ᠺᠣᠮᠫᠠᠨᠢ ᠵᠢᠨ ᠬᠠᠤᠯᠢᠴᠢ ᠵᠢᠨ ᠤᠨ᠎ᠤ ᠬᠢᠨᠠᠨ ᠰᠢᠯᠭ᠋ᠠᠯᠲᠠ᠎ᠳᠤ ᠲᠤᠰᠢᠶᠠᠯ᠎ᠳᠤ᠎ᠪᠠᠨ ᠲᠡᠩᠴᠡᠬᠦ᠎ᠪᠠᠷ ᠲᠣᠭᠲᠠᠭ᠋ᠠᠭᠰᠠᠨ ᠬᠥᠮᠦᠰ ᠤᠤᠯ᠎ᠤᠨ ᠨᠢᠭᠡᠴᠢ᠎ᠠᠴᠠ᠎ᠪᠠᠨ ᠰᠠᠯᠤᠭᠰᠠᠨ᠎ᠤ ᠳᠠᠷᠠᠭ᠎ᠠ ᠬᠠᠤᠯᠢᠴᠢ᠎ᠤᠨ ᠠᠵᠢᠯ᠎ᠪᠠᠷ ᠡᠷᠬᠢᠯᠡᠬᠦ ᠭᠤᠶᠤᠴᠢᠯᠠᠭᠰᠠᠨ ᠪᠠᠢ᠌ᠪᠠᠯ᠂ ᠬᠠᠤᠯᠢᠴᠢ ᠵᠢᠨ ᠨᠡᠶ᠋ᠢᠭᠡᠮᠯᠢᠭ ᠵᠶ᠋ᠠᠷ ᠬᠢᠨᠠᠨ ᠰᠢᠯᠭ᠋ᠠᠭᠤᠯᠤᠭ᠋ᠠᠳ ᠬᠢᠷᠢ ᠲᠡᠩᠴᠡᠭᠰᠡᠨ᠎ᠤ ᠳᠠᠷᠠᠭ᠎ᠠ ᠰᠢᠭᠤᠳ ᠠᠶ᠋ᠢᠮᠠᠭ ᠬᠤᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠨᠡᠶ᠋ᠢᠭᠡᠮ᠎ᠤᠨ ᠬᠠᠤᠯᠢᠴᠢ ᠵᠢᠨ ᠠᠵᠢᠯ ᠡᠷᠬᠢᠯᠡᠬᠦ ᠦᠨᠡᠮᠯᠡᠯ ᠭᠤᠶᠤᠴᠢᠯᠠᠨ ᠣᠯᠭᠣᠵᠤ ᠪᠣᠯᠤᠨ᠎ᠠ᠂ ᠲᠡᠭᠦᠨ᠎ᠤ ᠺᠣᠮᠫᠠᠨᠢ ᠵᠢᠨ ᠬᠠᠤᠯᠢᠴᠢ ᠪᠣᠯᠤᠭᠰᠠᠨ ᠦᠩᠭᠡᠷᠡᠯᠲᠡ ᠵᠢ ᠬᠠᠤᠯᠢᠴᠢ ᠵᠢᠨ ᠠᠵᠢᠯ ᠡᠷᠬᠢᠯᠡᠭᠰᠡᠨ ᠵᠢᠯ ᠬᠤᠭᠤᠴᠠᠭ᠎ᠠ᠎ᠳᠤ ᠪᠤᠳᠤᠵᠤ ᠣᠷᠣᠭᠤᠯᠤᠨ᠎ᠠ᠃
      ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠳᠦᠷᠢᠮ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠬᠠᠤᠯᠢ ᠴᠠᠭ᠋ᠠᠵᠠ ᠵᠢᠨ ᠵᠥᠪᠯᠡᠭᠴᠢ ᠪᠣᠯᠤᠭᠰᠠᠨ ᠪᠣᠯᠪᠠᠴᠤ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠪᠤᠶᠤ ᠬᠠᠤᠯᠢᠴᠢ ᠵᠢᠨ ᠬᠢᠷᠢ ᠭᠡᠮ ᠣᠯᠤᠭᠰᠠᠨ ᠦᠭᠡᠶ ᠬᠥᠮᠦᠰ᠂ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠬᠠᠮᠲᠤ᠎ᠳᠤ᠎ᠨᠢ ᠪᠦᠷᠢᠯᠳᠦᠭᠦᠯᠦᠭᠰᠡᠨ ᠪᠠᠢ᠌ᠪᠠᠯ᠂ ᠬᠠᠤᠯᠢ ᠴᠠᠭ᠋ᠠᠵᠠ ᠵᠢᠨ ᠶᠠᠮᠤᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ (ᠬᠠᠤᠯᠢ ᠴᠠᠭ᠋ᠠᠵᠠ ᠵᠢᠨ ᠶᠠᠮᠤᠨ᠎ᠤ ᠬᠢᠨᠠᠨ ᠰᠢᠯᠭ᠋ᠠᠬᠤ ᠨᠠᠷᠢᠨ ᠳᠦᠷᠢᠮ᠎ᠢ ᠨᠡᠶ᠋ᠢᠲᠡᠯᠡᠭᠰᠡᠨ᠎ᠤ ᠳᠠᠷᠠᠭ᠎ᠠ ᠮᠡᠳᠡᠭᠦᠯᠵᠦ ᠪᠣᠯᠤᠨ᠎ᠠ)᠎ᠳᠤ ᠺᠤᠮᠫᠠᠨᠢ ᠵᠢᠨ ᠬᠠᠤᠯᠢᠴᠢ ᠵᠢᠨ ᠦᠨᠡᠮᠯᠡᠯ ᠣᠯᠭᠣᠵᠤ ᠪᠣᠯᠤᠨ᠎ᠠ᠄
     (ᠨᠢᠭᠡ) ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠤ ᠬᠠᠤᠯᠢ ᠴᠠᠭ᠋ᠠᠵᠠ ᠵᠢᠨ ᠵᠥᠪᠯᠡᠭᠴᠢ ᠪᠣᠯᠣᠭ᠋ᠠᠳ ᠪᠦᠬᠦᠯᠢ ᠠᠷᠪᠠᠨ ᠲᠠᠪᠤᠨ ᠵᠢᠯ ᠪᠣᠯᠤᠭᠰᠠᠨ;
     (ᠬᠣᠶᠠᠷ) ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠥᠷᠥᠯ᠎ᠤᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ ᠪᠥᠭᠡᠳ ᠪᠠᠴᠤᠯᠤᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ᠎ᠲᠠᠢ᠂ ᠡᠰᠡᠬᠦᠯ᠎ᠡ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠥᠷᠥᠯ᠎ᠤᠨ ᠪᠤᠰᠤ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠪᠥᠭᠡᠳ ᠬᠠᠤᠯᠢ ᠴᠠᠭ᠋ᠠᠵᠠ ᠵᠢᠨ ᠮᠠᠰᠲ᠋ᠧᠷ᠂ ᠬᠠᠤᠯᠢ ᠵᠢᠨ ᠤᠬᠠᠭ᠋ᠠᠨ᠎ᠤ ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ ᠤᠯᠤᠭᠰᠠᠨ ᠪᠤᠶᠤ ᠪᠤᠰᠤᠳ ᠵᠣᠬᠢᠴᠠᠩᠭᠤᠶ ᠡᠷᠳᠡᠮ᠎ᠤᠨ ᠴᠣᠯᠠ ᠤᠯᠤᠭᠰᠠᠨ;
     (ᠭᠤᠷᠪᠠ) ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠤᠶᠤ ᠠᠳᠠᠯᠢ ᠲᠠᠰ᠎ᠤᠨ ᠲᠤᠰᠬᠠᠶ ᠮᠡᠷᠭᠡᠵᠢᠯ᠎ᠤᠨ ᠬᠢᠷᠢ ᠬᠡᠮᠵᠢᠶ᠎ᠡ᠎ᠲᠠᠢ ᠪᠠᠶ᠋ᠢᠬᠤ᠃
      ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠺᠣᠮᠫᠠᠨᠢ ᠵᠢᠨ ᠬᠠᠤᠯᠢᠴᠢ ᠵᠢᠨ ᠦᠨᠡᠮᠯᠡᠯ ᠣᠯᠤᠭᠰᠠᠨ ᠬᠥᠮᠦᠰ᠂ ᠤᠤᠯ ᠨᠢᠭᠡᠴᠢ᠎ᠠᠴᠠ᠎ᠪᠠᠨ ᠰᠠᠯᠤᠭᠰᠠᠨ᠎ᠤ ᠳᠠᠷᠠᠭ᠎ᠠ ᠨᠡᠶ᠋ᠢᠭᠡᠮ᠎ᠤᠨ ᠬᠠᠤᠯᠢᠴᠢ᠎ᠪᠠᠷ ᠠᠵᠢᠯ ᠡᠷᠬᠢᠯᠡᠬᠦ᠎ᠪᠠᠷ ᠭᠤᠶᠤᠴᠢᠯᠠᠭᠰᠠᠨ ᠪᠠᠶ᠋ᠢᠪᠠᠯ᠂ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠲᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

ᠭᠤᠷᠪᠠᠳᠤᠭ᠋ᠠᠷ ᠪᠦᠯᠦᠭ     ᠭᠣᠤᠯ ᠡᠭᠦᠷᠭᠡ ᠬᠠᠷᠢᠭᠤᠴᠠᠯᠭ᠎ᠠ

      ᠠᠷᠪᠠᠨ ᠲᠠᠪᠤᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠪᠠᠶ᠋ᠢᠭ᠎ᠠ ᠨᠢᠭᠡᠴᠢ ᠵᠢᠨ ᠵᠶ᠋ᠠᠨ ᠨᠠᠶ᠋ᠢᠳᠠᠯᠭ᠎ᠠ ᠵᠢ ᠬᠦᠯᠢᠶᠡᠬᠦ ᠪᠤᠶᠤ ᠵᠢᠭ᠋ᠠᠨ ᠲᠤᠮᠢᠯᠠᠬᠤ᠎ᠪᠠᠷ ᠳᠣᠣᠷ᠎ᠠ ᠵᠢᠭᠰᠠᠭ᠋ᠠᠭᠰᠠᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠬᠢᠵᠦ ᠪᠣᠯᠤᠨ᠎ᠠ᠄
     (ᠨᠢᠭᠡ) ᠠᠵᠤ ᠠᠬᠤᠶ᠋ᠢᠯᠠᠯ᠎ᠤᠨ ᠪᠠᠶ᠋ᠢᠭᠤᠯᠤᠯ᠎ᠢ ᠥᠭᠡᠷᠡᠴᠢᠯᠡᠨ ᠳᠠᠬᠢᠨ ᠪᠠᠶ᠋ᠢᠭᠤᠯᠬᠤ᠂ ᠨᠡᠶ᠋ᠢᠯᠡᠭᠦᠯᠦᠨ ᠬᠤᠳᠠᠯᠳᠤᠨ ᠠᠪᠴᠤ ᠵᠠᠬ᠎ᠠ ᠳᠡᠯᠭᠡᠭᠦᠷ᠎ᠲᠤ ᠭᠠᠷᠭ᠋ᠠᠬᠤ᠂ ᠥᠮᠴᠢᠯᠡᠬᠦ ᠡᠷᠬᠡ ᠵᠢ ᠰᠢᠯᠵᠢᠭᠦᠯᠦᠨ ᠥᠭᠬᠦ᠂ ᠳᠠᠮᠫᠤᠷᠠᠯ᠎ᠢ ᠳᠠᠬᠢᠨ ᠴᠡᠭᠴᠡᠯᠡᠬᠦ ᠵᠡᠷᠭᠡ ᠴᠢᠬᠤᠯᠠ ᠶᠡᠬᠡ ᠡᠵᠡᠩᠨᠡᠯᠲᠡ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠬᠠᠤᠯᠢ ᠴᠠᠭ᠋ᠠᠵᠠ ᠵᠢᠨ ᠰᠠᠨᠠᠯ ᠬᠠᠩᠭ᠋ᠠᠨ᠎ᠠ;
     (ᠬᠣᠶᠠᠷ) ᠠᠵᠤ ᠠᠬᠤᠶ᠋ᠢᠯᠠᠯ᠎ᠤᠨ ᠲᠤᠢ᠍ᠷᠢᠮ᠂ ᠬᠡᠷᠡᠭ ᠮᠡᠳᠡᠭᠴᠢᠳ᠎ᠤᠨ ᠵᠥᠪᠯᠡᠯ᠎ᠤᠨ ᠠᠵᠢᠯᠯᠠᠭ᠋ᠠᠨ᠎ᠤ ᠲᠤᠢ᠍ᠷᠢᠮ ᠵᠡᠷᠭᠡ ᠠᠵᠤ ᠠᠬᠤᠶ᠋ᠢᠯᠠᠯ᠎ᠤᠨ ᠴᠢᠬᠤᠯᠠ ᠲᠤᠢ᠍ᠷᠢᠮ ᠲᠣᠭᠲᠠᠭ᠋ᠠᠯ᠎ᠢ ᠲᠣᠭᠲᠠᠭ᠋ᠠᠬᠤ᠂ ᠲᠡᠭᠦᠨ᠎ᠳᠤ ᠵᠠᠰᠠᠪᠤᠷᠢ ᠣᠷᠣᠭᠤᠯᠬᠤ᠎ᠳᠤ ᠣᠷᠣᠯᠴᠠᠨ᠎ᠠ;
     (ᠭᠤᠷᠪᠠ) ᠠᠵᠤ ᠠᠬᠤᠶ᠋ᠢᠯᠠᠯ᠎ᠤᠨ ᠭᠠᠳᠠᠭ᠋ᠠᠳᠤ᠎ᠲᠠᠢ ᠬᠡᠯᠡᠯᠴᠡᠭᠡ ᠬᠢᠬᠦ᠂ ᠵᠥᠪᠳᠡᠯᠴᠡᠬᠦ᠎ᠳᠤ ᠣᠷᠣᠯᠴᠠᠵᠤ᠂ ᠠᠵᠤ ᠠᠬᠤᠢ᠌ᠯᠠᠯ᠎ᠤᠨ ᠭᠠᠳᠠᠭᠰᠢ᠎ᠪᠠᠨ ᠭᠠᠷ᠎ᠤᠨ ᠦᠰᠦᠭ ᠵᠢᠷᠤᠭᠰᠠᠨ ᠭᠡᠷ᠎ᠡ᠂ ᠬᠡᠯᠡᠯᠴᠡᠭᠡᠷ᠂ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢ ᠲᠤᠭᠤᠷᠪᠢᠨ ᠪᠢᠴᠢᠵᠦ᠂ ᠬᠢᠨᠠᠨ ᠬᠠᠷᠭᠤᠭᠤᠯᠤᠨ᠎ᠠ;
     (ᠳᠥᠷᠪᠡ) ᠲᠣᠭᠲᠠᠭ᠋ᠠᠯ᠎ᠳᠤ ᠨᠡᠢ᠌ᠴᠡᠭᠰᠡᠨ ᠬᠠᠮᠢᠶᠠᠷᠤᠯᠲᠠ᠂ ᠲᠦᠭᠰᠢᠭᠦᠷᠢ ᠵᠢᠨ ᠬᠠᠮᠢᠶᠠᠷᠤᠯᠲᠠ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ ᠪᠤᠯᠪᠠᠰᠤᠷᠠᠭᠤᠯᠤᠯ᠂ ᠬᠠᠤᠯᠢ ᠴᠠᠭ᠋ᠠᠵᠠ ᠵᠢᠨ ᠯᠠᠪᠯᠠᠭ᠎ᠠ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ;
     (ᠲᠠᠪᠤ) ᠡᠯ᠎ᠡ ᠲᠥᠷᠥᠯ᠎ᠤᠨ ᠵᠠᠷᠭᠤᠯᠳᠤᠬᠤ ᠪᠠ ᠡᠶᠡᠳᠡᠭᠦᠯᠬᠦ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠨ᠎ᠡ;
     (ᠵᠢᠷᠭᠤᠭ᠎ᠠ) ᠪᠠᠶ᠋ᠢᠭ᠎ᠠ ᠨᠢᠭᠡᠴᠢ ᠵᠢᠨ ᠨᠠᠶ᠋ᠢᠳᠠᠭᠰᠠᠨ ᠪᠤᠶᠤ ᠵᠢᠭ᠋ᠠᠨ ᠲᠣᠮᠢᠯᠠᠭᠰᠠᠨ ᠪᠤᠰᠤᠳ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠃
      ᠠᠷᠪᠠᠨ ᠵᠢᠷᠭᠤᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠬᠠᠤᠯᠢ ᠶᠣᠰᠣᠭ᠋ᠠᠷ ᠠᠭᠤᠯᠵᠠᠯᠲᠠ ᠬᠢᠬᠦ᠂ ᠡᠪᠬᠡᠮᠡᠯ ᠦᠵᠡᠬᠦ᠂ ᠪᠠᠶ᠋ᠢᠴᠠᠭ᠋ᠠᠵᠤ ᠭᠡᠷᠡᠴᠢ ᠠᠪᠬᠤ ᠪᠠ ᠠᠰᠠᠭᠤᠬᠤ᠂ ᠲᠤᠯᠭ᠋ᠠᠨ ᠭᠡᠷᠡᠴᠢᠯᠡᠬᠦ᠂ ᠮᠠᠷᠭᠤᠯᠳᠤᠬᠤ᠂ ᠥᠮᠥᠭᠯᠡᠬᠦ ᠵᠡᠷᠭᠡ ᠡᠷᠬᠡ ᠵᠢ ᠡᠳ᠋ᠯᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠲᠠᠢ ᠬᠣᠯᠪᠣᠭᠳᠠᠬᠤ ᠮᠡᠳᠡᠭᠡ ᠵᠠᠩᠭᠢ᠂ ᠪᠢᠴᠢᠭ ᠮᠠᠲ᠋ᠧᠷᠢᠶᠠᠯ᠂ ᠮᠠᠲᠸᠷᠢᠶᠠᠯ ᠪᠠ ᠪᠤᠰᠤᠳ ᠡᠷᠬᠡᠪᠰᠢ ᠬᠢᠬᠦ ᠠᠵᠢᠯ᠎ᠤᠨ ᠡᠷᠬᠡ ᠲᠤᠰᠢᠶᠠᠯ᠂ ᠨᠥᠬᠥᠴᠡᠯ᠎ᠢ ᠤᠯᠬᠤ ᠡᠷᠬᠡ᠎ᠲᠠᠢ᠃
      ᠺᠤᠮᠫᠠᠨᠢ ᠵᠢᠨ ᠬᠠᠤᠯᠢᠴᠢ ᠪᠠᠢ᠌ᠭ᠎ᠠ ᠨᠢᠭᠡᠴᠢ ᠵᠢᠨ ᠵᠶ᠋ᠠᠨ ᠬᠠᠮᠢᠶᠠᠷᠤᠯᠲᠠ᠂ ᠬᠢᠨᠠᠯᠲᠠ ᠵᠢ ᠬᠦᠯᠢᠶᠡᠵᠦ᠂ ᠨᠠᠶ᠋ᠢᠳᠠᠯᠭ᠎ᠠ ᠪᠤᠶᠤ ᠲᠤᠮᠢᠯᠠᠯᠲᠠ ᠵᠢ ᠦᠨᠳᠦᠰᠦᠯᠡᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠭᠦᠢ᠍ᠴᠡᠳᠬᠡᠵᠦ᠂ ᠲᠥᠯᠥᠪᠦᠷᠢ᠎ᠲᠠᠢ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠢᠵᠦ ᠪᠣᠯᠬᠤ ᠦᠭᠡᠶ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠲᠤᠰᠢᠶᠠᠯ ᠬᠠᠪᠰᠤᠷᠭ᠋ᠠᠨ ᠬᠠᠷᠢᠭᠤᠴᠠᠵᠤ ᠪᠣᠯᠬᠤ ᠦᠭᠡᠶ᠃
      ᠲᠤᠰ ᠠᠷᠭ᠎ᠠ ᠵᠢᠨ ᠠᠷᠪᠠᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠭᠦᠢ᠍ᠴᠡᠳᠬᠡᠬᠦ᠎ᠠᠴᠠ ᠭᠠᠳᠠᠨ᠎ᠠ᠂ ᠺᠣᠮᠫᠠᠨᠢ ᠵᠢᠨ ᠬᠠᠤᠯᠢᠴᠢ᠎ᠨᠢ ᠬᠠᠤᠯᠢᠴᠢ ᠵᠢᠨ ᠪᠡᠶ᠎ᠡ᠎ᠪᠠᠷ ᠪᠠᠶ᠋ᠢᠭ᠎ᠠ ᠨᠢᠭᠡᠴᠢ᠎ᠠᠴᠠ᠎ᠪᠠᠨ ᠭᠠᠳᠠᠨᠠᠬᠢ ᠵᠠᠷᠭᠤ ᠪᠤᠶᠤ ᠵᠠᠷᠭᠤ ᠵᠢᠨ ᠪᠤᠰᠤ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠭᠦᠢ᠍ᠴᠡᠳᠬᠡᠵᠦ ᠪᠣᠯᠬᠤ ᠦᠭᠡᠶ᠃
      ᠠᠷᠪᠠᠨ ᠳᠣᠯᠣᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠰᠢᠢ᠍ᠳᠪᠦᠷᠢᠲᠦ ᠪᠣᠳᠣᠯᠭ᠎ᠠ ᠲᠤᠭᠲᠠᠭ᠋ᠠᠬᠤ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠺᠤᠮᠫᠠᠨᠢ ᠵᠢᠨ ᠬᠠᠤᠯᠢᠴᠢ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ ᠶᠠᠪᠤᠴᠠ᠂ ᠬᠠᠤᠯᠢ ᠴᠠᠭ᠋ᠠᠵᠠ ᠵᠢᠨ ᠰᠠᠨᠠᠯ ᠳᠤᠷᠠᠳᠬᠤ ᠵᠢ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠴᠢᠬᠤᠯᠠ ᠳᠡᠰ ᠳᠠᠷᠠᠭ᠋ᠠᠯᠠᠯ ᠪᠣᠯᠭ᠋ᠠᠬᠤ ᠬᠡᠷᠡᠭᠲᠡᠶ᠃
      ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠠᠵᠤ ᠠᠬᠤᠶ᠋ᠢᠯᠠᠯ᠎ᠤᠨ ᠡᠵᠡᠩᠨᠡᠯᠲᠡ ᠬᠠᠮᠢᠶᠠᠷᠤᠯᠲᠠ ᠵᠢᠨ ᠴᠢᠬᠤᠯᠠ ᠶᠡᠬᠡ ᠤᠴᠢᠷ ᠶᠠᠪᠤᠳᠠᠯ᠎ᠢ ᠶᠠᠷᠢᠯᠴᠠᠵᠤ ᠲᠣᠭᠲᠠᠭ᠋ᠠᠬᠤ᠎ᠠᠴᠠ ᠡᠮᠦᠨ᠎ᠡ᠂ ᠺᠣᠮᠫᠠᠨᠢ ᠵᠢᠨ ᠬᠠᠤᠯᠢᠴᠢ ᠵᠢᠨ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠬᠡᠷᠡᠭᠲᠡᠶ᠃ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠺᠣᠮᠫᠠᠨᠢ ᠵᠢᠨ ᠬᠠᠤᠯᠢᠴᠢ ᠵᠢᠨ ᠬᠠᠤᠯᠢ ᠴᠠᠭ᠋ᠠᠵᠠ ᠵᠢᠨ ᠰᠠᠨᠠᠯ᠎ᠢ ᠰᠤᠨᠤᠰᠬᠤ ᠶᠣᠰᠣᠲᠠᠶ ᠪᠠᠢ᠌ᠲᠠᠯ᠎ᠠ ᠰᠣᠨᠣᠰᠤᠭᠰᠠᠨ ᠦᠭᠡᠶ ᠤᠴᠢᠷ ᠶᠠᠪᠤᠳᠠᠯ ᠡᠰᠡᠬᠦᠯ᠎ᠡ ᠺᠣᠮᠫᠠᠨᠢ ᠵᠢᠨ ᠬᠠᠤᠯᠢᠴᠢ ᠵᠢᠨ ᠬᠠᠤᠯᠢ᠎ᠳᠤ ᠨᠡᠶ᠋ᠢᠴᠡᠬᠦ ᠦᠭᠡᠶ ᠭᠡᠵᠦ ᠦᠵᠡᠭᠰᠡᠨ ᠤᠴᠢᠷ ᠶᠠᠪᠤᠳᠠᠯ᠎ᠢ ᠶᠠᠷᠢᠯᠴᠠᠭᠤᠯᠵᠤ᠂ ᠲᠣᠭᠲᠠᠭ᠋ᠠᠯ ᠭᠠᠷᠭ᠋ᠠᠭᠤᠯᠬᠤ᠎ᠪᠠᠷ ᠲᠤᠰᠢᠶᠠᠵᠤ ᠪᠣᠯᠬᠤ ᠦᠭᠡᠶ᠃
      ᠺᠣᠮᠫᠠᠨᠢ ᠵᠢᠨ ᠬᠠᠤᠯᠢᠴᠢ ᠵᠢᠨ ᠪᠠᠢ᠌ᠭ᠎ᠠ ᠨᠢᠭᠡᠴᠢ᠎ᠨᠢ ᠠᠵᠤ ᠠᠬᠤᠶ᠋ᠢᠯᠠᠯ᠎ᠤᠨ ᠳᠦᠷᠢᠮ᠂ ᠬᠡᠷᠡᠭ ᠮᠡᠳᠡᠭᠴᠢᠳ᠎ᠤᠨ ᠵᠦᠪᠯᠡᠯ᠎ᠤᠨ ᠠᠵᠢᠯᠯᠠᠭ᠋ᠠᠨ᠎ᠤ ᠳᠦᠷᠢᠮ ᠵᠡᠷᠭᠡ ᠳᠦᠷᠢᠮ ᠲᠣᠭᠲᠠᠭ᠋ᠠᠯ᠎ᠢ ᠲᠣᠭᠲᠠᠭ᠋ᠠᠬᠤ᠂ ᠵᠠᠰᠠᠪᠤᠷᠢ ᠣᠷᠣᠭᠤᠯᠬᠤ᠂ ᠭᠠᠳᠠᠭᠰᠢ ᠭᠡᠷ᠎ᠡ᠂ ᠬᠡᠯᠡᠯᠴᠡᠭᠡᠷ ᠲᠣᠭᠲᠠᠵᠤ᠂ ᠲᠤᠰ ᠠᠵᠤ ᠠᠬᠤᠶ᠋ᠢᠯᠠᠯ᠎ᠤᠨ ᠵᠠᠷᠭᠤ᠂ ᠬᠥᠨᠳᠡᠯᠡᠨ᠎ᠠᠴᠠ ᠲᠠᠰᠤᠯᠬᠤ᠂ ᠡᠶᠡᠳᠡᠭᠦᠯᠬᠦ ᠵᠡᠷᠭᠡ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠬᠦ᠎ᠳᠤ ᠺᠤᠮᠫᠠᠨᠢ ᠵᠢᠨ ᠬᠠᠤᠯᠢᠴᠢ ᠵᠢ ᠣᠷᠣᠯᠴᠠᠭᠤᠯᠬᠤ ᠪᠤᠶᠤ ᠬᠢᠨᠠᠨ ᠬᠠᠷᠭᠤᠭᠤᠯᠬᠤ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠺᠣᠮᠫᠠᠨᠢ ᠵᠢᠨ ᠬᠠᠤᠯᠢᠴᠢ ᠵᠢᠨ ᠴᠢᠬᠤᠯᠠ ᠬᠤᠷᠠᠯ᠎ᠳᠤ ᠰᠤᠯᠠ ᠣᠷᠣᠯᠴᠠᠬᠤ᠂ ᠪᠢᠴᠢᠭ ᠮᠠᠲ᠋ᠧᠷᠢᠶᠠᠯ ᠪᠠᠶ᠋ᠢᠴᠠᠭ᠋ᠠᠨ ᠦᠵᠡᠬᠦ᠂ ᠬᠠᠤᠯᠢ ᠴᠠᠭ᠋ᠠᠵᠠ ᠵᠢᠨ ᠰᠠᠨᠠᠯ ᠭᠠᠷᠭ᠋ᠠᠬᠤ᠂ ᠬᠠᠮᠢᠶ᠎ᠠ ᠪᠦᠬᠦᠢ ᠪᠢᠴᠢᠭ ᠬᠠᠷ᠎ᠠ ᠵᠢ ᠬᠢᠨᠠᠨ ᠭᠠᠷ᠎ᠤᠨ ᠦᠰᠦᠭ ᠵᠢᠷᠤᠬᠤ ᠠᠵᠢᠯ᠎ᠤᠨ ᠴᠤᠪᠤᠷᠠᠯ ᠪᠠ ᠳᠦᠷᠢᠮ᠎ᠤᠨ ᠲᠣᠬᠢᠷᠠᠭᠤᠯᠤᠯᠲᠠ ᠵᠢ ᠲᠡᠭᠦᠯᠳᠡᠷᠵᠢᠭᠦᠯᠵᠦ᠂ ᠴᠢᠬᠤᠯᠠ ᠪᠦᠬᠦᠢ ᠠᠵᠢᠯᠯᠠᠬᠤ ᠨᠥᠬᠥᠴᠡᠯ ᠪᠠ ᠵᠠᠷᠤᠳᠠᠯ᠎ᠤᠨ ᠳᠡᠮᠵᠢᠯᠭᠡ ᠬᠠᠩᠭ᠋ᠠᠵᠤ᠂ ᠺᠣᠮᠫᠠᠨᠢ ᠵᠢᠨ ᠬᠠᠤᠯᠢᠴᠢ ᠵᠢᠨ ᠬᠠᠤᠯᠢ ᠲᠣᠭᠲᠠᠭ᠋ᠠᠯ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠬᠤ ᠬᠡᠷᠡᠭᠲᠡᠢ᠃
      ᠠᠷᠪᠠ ᠶᠢᠰᠦᠳᠦᠭᠡᠷ ᠵᠦᠢ᠍ᠯ     ᠺᠣᠮᠫᠠᠨᠢ ᠵᠢᠨ ᠬᠠᠤᠯᠢᠴᠢ᠎ᠨᠢ ᠬᠠᠤᠯᠢᠴᠢ ᠵᠢᠨ ᠨᠡᠶ᠋ᠢᠭᠡᠮᠯᠢᠭ᠎ᠲᠤ ᠣᠷᠣᠵᠤ᠂ ᠭᠡᠰᠢᠭᠦᠨ᠎ᠤ ᠡᠷᠬᠡ ᠵᠢ ᠡᠳ᠋ᠯᠡᠵᠦ᠂ ᠭᠡᠰᠢᠭᠦᠨ᠎ᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠮᠤᠵᠢ ᠵᠢᠨ ᠬᠠᠷᠢᠶ᠎ᠠ ᠵᠢᠴᠢ ᠲᠡᠭᠦᠨ᠎ᠠᠴᠠ ᠳᠣᠷᠣᠭᠰᠢᠬᠢ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠺᠣᠮᠫᠠᠨᠢ ᠵᠢᠨ ᠬᠠᠤᠯᠢᠴᠢ᠂ ᠲᠥᠪ᠎ᠤᠨ ᠠᠵᠤ ᠠᠬᠤᠶ᠋ᠢᠯᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠰᠠᠯᠪᠤᠷᠢ ᠪᠠᠢ᠌ᠭᠤᠯᠤᠮᠵᠢ ᠪᠣᠯᠤᠨ ᠬᠤᠪᠢᠶᠠᠷᠢ ᠠᠵᠤ ᠠᠬᠤᠢ᠌ᠯᠠᠯ᠎ᠳᠤ ᠪᠠᠢ᠌ᠭ᠎ᠠ ᠺᠣᠮᠫᠠᠨᠢ ᠵᠢᠨ ᠬᠠᠤᠯᠢᠴᠢ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠶ᠋ᠢᠭᠡᠮᠯᠢᠭ᠎ᠲᠤ ᠤᠷᠤᠨ᠎ᠠ᠃ ᠪᠤᠰᠤᠳ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠨᠢ ᠠᠶ᠋ᠢᠮᠠᠭ ᠬᠣᠲᠠ ᠵᠢᠨ ᠬᠠᠤᠯᠢᠴᠢ ᠵᠢᠨ ᠨᠡᠶ᠋ᠢᠭᠡᠮᠯᠢᠭ᠎ᠲᠤ ᠤᠷᠤᠨ᠎ᠠ᠃ ᠡᠭᠦᠨ᠎ᠤ᠎ᠳᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠶ᠋ᠢᠭᠡᠮᠯᠢᠭ᠎ᠤᠨ ᠭᠡᠰᠢᠭᠦᠨ ᠪᠠᠶ᠋ᠢᠵᠤ᠂ ᠨᠡᠢ᠌ᠭᠡᠮᠯᠢᠭ᠎ᠤᠨ ᠵᠠᠷᠤᠳᠠᠯ᠎ᠢ ᠪᠠᠢ᠌ᠭ᠎ᠠ ᠨᠢᠭᠡᠴᠢ᠎ᠨᠢ ᠡᠭᠦᠷᠭᠡᠯᠡᠬᠦ ᠬᠡᠷᠡᠭᠲᠡᠶ᠃

ᠳᠥᠷᠪᠡᠳᠦᠭᠡᠷ ᠪᠦᠯᠦᠭ     ᠬᠢᠨᠠᠯᠲᠠ ᠲᠠᠯᠪᠢᠬᠤ ᠪᠠ ᠬᠠᠮᠢᠶᠠᠷᠬᠤ
      ᠬᠣᠷᠢᠳᠤᠭ᠋ᠠᠷ ᠵᠦᠢ᠍ᠯ     ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠲᠤᠰ ᠨᠢᠭᠡᠴᠢ ᠵᠢᠨ ᠵᠶ᠋ᠠᠨ ᠺᠣᠮᠫᠠᠨᠢ ᠵᠢᠨ ᠬᠠᠤᠯᠢᠴᠢ ᠵᠢ ᠰᠢᠯᠢᠨ ᠰᠣᠩᠭᠣᠬᠤ ᠠᠵᠢᠯ᠎ᠢ ᠬᠠᠷᠢᠭᠤᠴᠠᠵᠤ᠂ ᠺᠣᠮᠫᠠᠨᠢ ᠵᠢᠨ ᠬᠠᠤᠯᠢᠴᠢ ᠵᠢᠨ ᠠᠵᠢᠯ᠎ᠤᠨ ᠪᠠᠶ᠋ᠢᠷᠢ ᠭᠠᠷᠭ᠋ᠠᠵᠤ᠂ ᠺᠣᠮᠫᠠᠨᠢ ᠵᠢᠨ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠎ᠢ ᠪᠦᠷᠢᠯᠳᠦᠭᠦᠯᠦᠭᠰᠡᠨ ᠬᠦᠮᠦᠨ᠎ᠢ ᠡᠯᠰᠡᠬᠦ ᠪᠤᠶᠤ ᠰᠣᠩᠭᠣᠨ ᠲᠣᠮᠢᠯᠠᠵᠤ ᠪᠣᠯᠤᠨ᠎ᠠ᠂ ᠺᠣᠮᠫᠠᠨᠢ ᠵᠢᠨ ᠬᠠᠤᠯᠢᠴᠢ ᠵᠢᠨ ᠡᠩᠨᠡᠭᠡ ᠵᠢ ᠬᠥᠭᠵᠢᠭᠦᠯᠦᠨ᠎ᠡ᠃
      ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠤᠨᠴᠠᠯᠢᠭ ᠪᠠ ᠥᠰᠦᠨ ᠪᠣᠶ᠋ᠢᠵᠢᠬᠤ ᠵᠢᠮ᠎ᠡ ᠶᠣᠰᠣ ᠵᠢ ᠦᠨᠳᠦᠰᠦᠯᠡᠨ᠂ ᠦᠨᠡᠯᠡᠯᠲᠡ᠎ᠨᠢ ᠰᠢᠨᠵᠢᠯᠡᠬᠦ ᠤᠬᠠᠭ᠋ᠠᠨᠴᠢ᠂ ᠬᠠᠮᠢᠶᠠᠷᠤᠯᠲᠠ᠎ᠨᠢ ᠵᠢᠷᠤᠮᠵᠢᠭᠰᠠᠨ ᠺᠣᠮᠫᠠᠨᠢ ᠵᠢᠨ ᠬᠠᠤᠯᠢᠴᠢ ᠵᠢᠨ ᠮᠡᠷᠭᠡᠵᠢᠯ᠎ᠤᠨ ᠴᠣᠯᠠ ᠵᠢᠨ ᠳᠦᠷᠢᠮ᠎ᠢ ᠰᠤᠳᠤᠯᠤᠨ ᠪᠠᠶ᠋ᠢᠭᠤᠯᠤᠨ᠎ᠠ᠃ ᠨᠥᠬᠥᠴᠡᠯ᠎ᠲᠠᠢ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠨᠢ ᠲᠤᠰ ᠨᠢᠭᠡᠴᠢ ᠵᠢᠨ ᠵᠶ᠋ᠠᠨ ᠪᠣᠳᠠᠲᠤ ᠪᠠᠶ᠋ᠢᠳᠠᠯ᠎ᠳᠤ ᠨᠡᠢ᠌ᠴᠡᠭᠰᠡᠨ ᠺᠣᠮᠫᠠᠨᠢ ᠵᠢᠨ ᠬᠠᠤᠯᠢᠴᠢ ᠵᠢᠨ ᠮᠡᠷᠭᠡᠵᠢᠯ᠎ᠤᠨ ᠴᠣᠯᠠ ᠵᠢᠨ ᠳᠦᠷᠢᠮ᠎ᠢ ᠤᠷᠢᠳᠠᠪᠠᠷ ᠬᠠᠶ᠋ᠢᠨ ᠰᠦᠪᠡᠭᠴᠢᠯᠡᠵᠦ ᠪᠣᠯᠤᠨ᠎ᠠ᠃
      ᠬᠣᠷᠢᠨ ᠨᠢᠭᠡᠳᠦᠭᠡᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ ᠵᠢᠨ ᠬᠠᠤᠯᠢ ᠴᠠᠭ᠋ᠠᠵᠠ ᠵᠢᠨ ᠠᠵᠢᠯ ᠶᠠᠪᠤᠳᠠᠯ᠎ᠤᠨ ᠡᠭᠦᠷᠭᠡ ᠴᠢᠳᠠᠪᠤᠷᠢ ᠵᠢ ᠡᠭᠦᠷᠭᠡᠯᠡᠵᠦ ᠪᠠᠶ᠋ᠢᠭ᠎ᠠ ᠰᠠᠯᠠᠭ᠎ᠠ ᠮᠥᠴᠢᠷ᠎ᠨᠢ ᠲᠤᠰ ᠨᠢᠭᠡᠴᠢ ᠵᠢᠨ ᠵᠶ᠋ᠡᠨ ᠺᠣᠮᠫᠠᠨᠢ ᠵᠢᠨ ᠬᠠᠤᠯᠢᠴᠢ ᠵᠢᠨ ᠡᠳᠦᠷ ᠲᠤᠲᠤᠮ᠎ᠤᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠬᠠᠷᠢᠭᠤᠴᠠᠵᠤ᠂ ᠬᠡᠷᠡᠭᠴᠡᠭᠡ᠎ᠪᠠᠨ ᠦᠨᠳᠦᠰᠦᠯᠡᠨ ᠲᠤᠰ ᠨᠢᠭᠡᠴᠢ ᠵᠢᠨ ᠵᠶ᠋ᠡᠨ ᠺᠣᠮᠫᠠᠨᠢ ᠵᠢᠨ ᠬᠠᠤᠯᠢᠴᠢ ᠵᠢ ᠨᠢᠭᠡᠳᠦᠯᠲᠡᠶ ᠲᠥᠯᠥᠪᠯᠡᠨ ᠰᠢᠯᠵᠢᠭᠦᠯᠦᠨ ᠲᠤᠬᠢᠷᠠᠭᠤᠯᠬᠤ ᠪᠠ ᠬᠡᠷᠡᠭᠯᠡᠵᠦ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠵᠢᠭ᠋ᠠᠨ ᠲᠣᠮᠢᠯᠠᠬᠤ᠂ ᠳᠠᠭ᠋ᠠᠭ᠋ᠠᠨ ᠭᠦᠢ᠍ᠴᠡᠳᠬᠡᠬᠦ᠂ ᠬᠠᠷᠢᠭᠤ ᠲᠤᠰᠬᠠᠬᠤ᠂ ᠦᠨᠡᠯᠡᠨ ᠵᠢᠱ᠌ᠢᠬᠦ᠂ ᠰᠢᠮᠳᠠᠭᠤᠯᠤᠨ ᠭᠦᠢ᠍ᠴᠡᠳᠬᠡᠬᠦ ᠵᠡᠷᠭᠡ ᠠᠵᠢᠯ᠎ᠤᠨ ᠴᠤᠪᠤᠷᠠᠯ᠎ᠢ ᠲᠤᠭᠲᠠᠭ᠋ᠠᠬᠤ ᠵᠢᠨ ᠬᠠᠮᠲᠤ ᠲᠡᠭᠦᠯᠳᠡᠷᠵᠢᠭᠦᠯᠬᠦ ᠪᠣᠯᠤᠨ᠎ᠠ᠃
      ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠬᠠᠷᠢᠶ᠎ᠠ ᠠᠵᠤ ᠠᠬᠤᠶ᠋ᠢᠯᠠᠯ᠎ᠤᠨ ᠺᠣᠮᠫᠠᠨᠢ ᠵᠢᠨ ᠬᠠᠤᠯᠢᠴᠢ ᠵᠢᠨ ᠠᠵᠢᠯ᠎ᠢ ᠨᠢᠭᠡᠳᠦᠯᠲᠡᠶ ᠵᠢᠯᠣᠭᠣᠳᠬᠤ ᠪᠠ ᠬᠠᠮᠢᠶᠠᠷᠬᠤ᠎ᠪᠠᠨ ᠴᠢᠩᠭ᠋ᠠᠳᠬᠠᠵᠤ᠂ ᠬᠠᠷᠢᠶ᠎ᠠ ᠡᠯ᠎ᠡ ᠠᠵᠤ ᠠᠬᠤᠶ᠋ᠢᠯᠠᠯ᠎ᠤᠨ ᠬᠣᠭᠣᠷᠣᠨᠳᠣ᠎ᠪᠠᠨ ᠺᠣᠮᠫᠠᠨᠢ ᠵᠢᠨ ᠬᠠᠤᠯᠢᠴᠢ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠬᠡᠷᠡᠭᠯᠡᠨ᠎ᠡ᠃
      ᠺᠤᠮᠫᠠᠨᠢ ᠵᠢᠨ ᠬᠠᠤᠯᠢᠴᠢ᠎ᠨᠢ ᠪᠠᠶ᠋ᠢᠭ᠎ᠠ ᠨᠢᠭᠡᠴᠢ᠎ᠪᠠᠨ ᠲᠥᠯᠥᠭᠡᠯᠡᠨ ᠵᠠᠷᠭᠤᠯᠳᠤᠬᠤ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠠᠵᠢᠯ ᠬᠢᠬᠦ ᠦᠶ᠎ᠡ᠎ᠳᠤ ᠰᠢᠯᠵᠢᠭᠦᠯᠦᠨ ᠲᠣᠬᠢᠷᠠᠭᠤᠯᠬᠤ᠂ ᠬᠡᠷᠡᠭᠯᠡᠬᠦ ᠵᠢ ᠬᠠᠷᠢᠭᠤᠴᠠᠬᠤ ᠨᠢᠭᠡᠴᠢ᠎ᠨᠢ ᠬᠡᠷᠡᠭᠴᠡᠭᠡ᠎ᠪᠠᠨ ᠦᠨᠳᠦᠰᠦᠯᠡᠨ ᠲᠡᠭᠦᠨ᠎ᠳᠤ ᠨᠠᠶ᠋ᠢᠳᠠᠯᠭ᠎ᠠ ᠵᠢᠨ ᠠᠯᠪᠠᠨ ᠪᠢᠴᠢᠭ ᠬᠢᠵᠦ ᠥᠭᠬᠦ ᠬᠡᠷᠡᠭᠲᠡᠶ᠃
      ᠬᠣᠷᠢᠨ ᠬᠣᠶᠠᠳᠤᠭ᠋ᠠᠷ ᠵᠦᠢ᠍ᠯ     ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠎ᠲᠠᠢ ᠬᠠᠮᠲᠤᠷᠠᠨ ᠺᠣᠮᠫᠠᠨᠢ ᠵᠢᠨ ᠬᠠᠤᠯᠢᠴᠢ ᠵᠢᠨ ᠳᠠᠩᠰᠠ ᠡᠪᠬᠡᠮᠡᠯ ᠪᠠᠢ᠌ᠭᠤᠯᠵᠤ᠂ ᠺᠣᠮᠫᠠᠨᠢ ᠵᠢᠨ ᠬᠠᠤᠯᠢᠴᠢ ᠵᠢᠨ ᠣᠨ᠎ᠤ ᠬᠢᠨᠠᠨ ᠰᠢᠯᠭ᠋ᠠᠯᠲᠠ᠂ ᠬᠥᠬᠢᠭᠦᠯᠦᠨ ᠱᠠᠩᠨᠠᠬᠤ᠂ ᠵᠠᠯᠬᠠᠭ᠋ᠠᠨ ᠴᠡᠭᠡᠷᠯᠡᠭᠦᠯᠬᠦ᠂ ᠪᠣᠯᠪᠠᠰᠤᠷᠠᠭᠤᠯᠤᠯ᠎ᠳᠤ ᠣᠷᠣᠯᠴᠠᠬᠤ ᠵᠡᠷᠭᠡ ᠪᠠᠶ᠋ᠢᠳᠠᠯ᠎ᠢ ᠳᠠᠩᠰᠠ ᠡᠪᠬᠡᠮᠡᠯ᠎ᠳᠤ ᠲᠡᠮᠳᠡᠭᠯᠡᠨ ᠤᠷᠤᠭᠤᠯᠬᠤ ᠬᠡᠷᠡᠭᠲᠡᠢ᠃
      ᠬᠣᠷᠢᠨ ᠭᠤᠷᠪᠠᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠲᠤᠰ ᠨᠢᠭᠡᠴᠢ ᠵᠢᠨ ᠵᠶ᠋ᠡᠨ ᠺᠤᠮᠫᠠᠨᠢ ᠵᠢᠨ ᠬᠠᠤᠯᠢᠴᠢ᠎ᠳᠤ ᠤᠨ᠎ᠤ ᠬᠢᠨᠠᠨ ᠰᠢᠯᠭ᠋ᠠᠯᠲᠠ ᠬᠢᠵᠦ᠂ ᠲᠡᠭᠦᠨ᠎ᠤ ᠬᠠᠤᠯᠢ ᠴᠠᠭ᠋ᠠᠵᠠ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠢ ᠵᠢᠷᠤᠮᠯᠠᠭᠰᠠᠨ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠬᠠᠤᠯᠢ ᠴᠠᠭ᠋ᠠᠵᠠ ᠵᠢᠨ ᠠᠵᠢᠯ᠎ᠢ ᠡᠷᠬᠢᠯᠡᠭᠰᠡᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠲᠠᠯ᠎ᠠ ᠵᠢᠨ ᠪᠠᠶ᠋ᠢᠳᠠᠯ᠎ᠢ ᠭᠣᠤᠯᠳᠠᠯᠭ᠎ᠠ᠎ᠲᠠᠢ ᠬᠢᠨᠠᠨ ᠰᠢᠯᠭ᠋ᠠᠵᠤ᠂ ᠲᠤᠰᠢᠶᠠᠯ᠎ᠳᠤ᠎ᠪᠠᠨ ᠳᠣᠭᠢᠷᠬᠠᠰᠠᠨ᠂ ᠦᠨᠳᠦᠰᠦᠨ᠎ᠳᠤ᠎ᠪᠠᠨ ᠲᠤᠰᠢᠶᠠᠯ᠎ᠳᠤ᠎ᠪᠠᠨ ᠳᠣᠭᠢᠷᠬᠠᠰᠠᠨ ᠪᠤᠶᠤ ᠲᠤᠰᠢᠶᠠᠯ᠎ᠳᠤ᠎ᠪᠠᠨ ᠥᠯᠥ ᠲᠡᠩᠴᠡᠭᠰᠡᠨ ᠬᠢᠨᠠᠨ ᠰᠢᠯᠭ᠋ᠠᠯᠲᠠ ᠵᠢᠨ ᠵᠡᠷᠭᠡ ᠲᠠᠰ᠎ᠤᠨ ᠰᠠᠨᠠᠯ ᠳᠤᠷᠠᠳᠬᠤ ᠵᠢᠨ ᠬᠠᠮᠲᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃
      ᠬᠣᠷᠢᠨ ᠳᠥᠷᠪᠡᠳᠦᠭᠡᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠶ᠋ᠢᠭᠡᠮᠯᠢᠭ᠎ᠨᠢ ᠺᠣᠮᠫᠠᠨᠢ ᠵᠢᠨ ᠬᠠᠤᠯᠢᠴᠢ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠲᠥᠷᠢᠮ ᠪᠠᠢ᠌ᠭᠤᠯᠵᠤ᠂ ᠺᠣᠮᠫᠠᠨᠢ ᠵᠢᠨ ᠬᠠᠤᠯᠢᠴᠢ ᠵᠢᠨ ᠪᠣᠯᠪᠠᠰᠤᠷᠠᠭᠤᠯᠤᠯ᠎ᠤᠨ ᠲᠥᠯᠥᠪᠯᠡᠭᠡ ᠲᠣᠭᠲᠠᠭ᠋ᠠᠵᠤ᠂ ᠺᠣᠮᠫᠠᠨᠢ ᠵᠢᠨ ᠬᠠᠤᠯᠢᠴᠢ᠎ᠳᠤ ᠲᠥᠷᠥ ᠵᠢᠨ ᠪᠣᠳᠣᠯᠭ᠎ᠠ ᠵᠢᠨ ᠣᠨᠣᠯ᠎ᠤᠨ ᠪᠣᠯᠪᠠᠰᠤᠷᠠᠭᠤᠯᠤᠯ ᠪᠠ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠦᠷᠨᠢᠭᠦᠯᠬᠦ ᠬᠡᠷᠡᠭᠲᠡᠢ᠃
      ᠬᠣᠷᠢᠨ ᠲᠠᠪᠤᠳᠤᠭ᠋ᠠᠷ ᠵᠦᠢ᠍ᠯ     ᠺᠣᠮᠫᠠᠨᠢ ᠵᠢᠨ ᠬᠠᠤᠯᠢᠴᠢ ᠵᠢᠨ ᠪᠠᠶ᠋ᠢᠭ᠎ᠠ ᠨᠢᠭᠡᠴᠢ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠶ᠋ᠢᠭᠡᠮᠯᠢᠭ᠎ᠨᠢ ᠺᠣᠮᠫᠠᠨᠢ ᠵᠢᠨ ᠬᠠᠤᠯᠢᠴᠢ ᠵᠢ ᠬᠥᠬᠢᠭᠦᠯᠦᠨ ᠰᠠᠢ᠌ᠰᠢᠶᠠᠬᠤ ᠲᠥᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠠᠵᠢᠯᠴᠢ ᠬᠢᠴᠢᠶᠡᠩᠭᠦᠶ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠢᠯᠡᠷᠡᠯ᠎ᠨᠢ ᠰᠢᠯᠢᠳᠡᠭ᠂ ᠬᠤᠪᠢ ᠨᠡᠮᠡᠷᠢ᠎ᠨᠢ ᠳᠤᠪᠤᠢ᠌ᠮ᠎ᠠ ᠺᠣᠮᠫᠠᠨᠢ ᠵᠢᠨ ᠬᠠᠤᠯᠢᠴᠢ ᠵᠢ ᠬᠥᠬᠢᠭᠦᠯᠦᠨ ᠰᠠᠶ᠋ᠢᠰᠢᠶᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ᠂ ᠲᠡᠷᠢᠭᠦᠨ᠎ᠤ᠎ᠬᠢ ᠵᠢ ᠰᠢᠯᠭ᠋ᠠᠷᠠᠭᠤᠯᠤᠨ ᠰᠢᠯᠢᠳᠡᠭ᠎ᠢ ᠰᠢᠯᠭ᠋ᠠᠷᠠᠭᠤᠯᠬᠤ᠂ ᠴᠢᠳᠠᠪᠤᠷᠢᠲᠠᠨ᠎ᠢ ᠪᠠᠲᠤᠯᠠᠨ ᠲᠠᠨᠢᠯᠴᠠᠭᠤᠯᠬᠤ᠂ ᠺᠠᠳ᠋ᠷ᠎ᠢ ᠰᠢᠯᠢᠨ ᠳᠡᠪᠰᠢᠭᠦᠯᠬᠦ ᠵᠡᠷᠭᠡ ᠲᠠᠯ᠎ᠠ᠎ᠪᠠᠷ ᠤᠷᠮᠠᠰᠢᠭᠤᠯᠬᠤ ᠬᠡᠷᠡᠭᠲᠡᠶ᠃

ᠲᠠᠪᠤᠳᠤᠭ᠋ᠠᠷ ᠪᠦᠯᠦᠭ     ᠳᠠᠭ᠋ᠠᠯᠳᠤᠭᠤᠯᠤᠯ ᠳᠦᠷᠢᠮ

      ᠬᠣᠷᠢᠨ ᠵᠢᠷᠭᠤᠳᠤᠭ᠋ᠠᠷ ᠵᠦᠢ᠍ᠯ     ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠺᠣᠮᠫᠠᠨᠢ ᠵᠢᠨ ᠬᠠᠤᠯᠢᠴᠢ ᠵᠢᠨ ᠲᠤᠷᠰᠢᠯᠲᠠ ᠵᠢᠨ ᠴᠡᠭ᠎ᠢ ᠰᠦᠪᠡᠭᠴᠢᠯᠡᠨ ᠦᠷᠨᠢᠭᠦᠯᠦᠭᠰᠡᠨ᠎ᠨᠢ ᠲᠤᠰ ᠠᠷᠭ᠎ᠠ ᠵᠢᠨ ᠬᠣᠯᠪᠣᠭᠳᠠᠯ ᠪᠦᠬᠦᠢ ᠲᠤᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠯᠡᠨ᠎ᠡ᠃
      ᠬᠣᠷᠢᠨ ᠳᠣᠯᠣᠳᠤᠭ᠋ᠠᠷ ᠵᠦᠢ᠍ᠯ     ᠲᠤᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠬᠣᠷᠢᠨ ᠨᠠᠢ᠍ᠮᠠᠳᠤᠭ᠋ᠠᠷ ᠵᠦᠢ᠍ᠯ     ᠲᠤᠰ ᠠᠷᠭ᠎ᠠ ᠵᠢ 2019 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠺᠣᠮᠫᠠᠨᠢ ᠵᠢᠨ ᠬᠠᠤᠯᠢᠴᠢ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ》 ᠵᠢ ᠬᠠᠮᠲᠤ᠎ᠳᠤ᠎ᠨᠢ ᠬᠦᠴᠦᠨ ᠦᠭᠡᠶ ᠪᠣᠯᠭ᠋ᠠᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠤᠤᠯ᠎ᠤᠨ ᠳᠠᠷᠤᠮᠠᠯᠯᠠᠨ ᠲᠠᠷᠬᠠᠭ᠋ᠠᠭᠰᠠᠨ ᠺᠣᠮᠫᠠᠨᠢ ᠵᠢᠨ ᠬᠠᠤᠯᠢᠴᠢ ᠵᠢᠨ ᠲᠣᠭᠲᠠᠭ᠋ᠠᠯ᠎ᠨᠢ ᠲᠤᠰ ᠠᠷᠭ᠎ᠠ᠎ᠲᠠᠢ ᠨᠢᠭᠡᠳᠦᠯ ᠦᠭᠡᠶ ᠪᠠᠢ᠌ᠪᠠᠯ᠂ ᠲᠤᠰ ᠠᠷᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            