ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2020-12-21

ᠨᠢᠭᠡᠳᠦᠭᠡᠷ ᠪᠦᠯᠦᠭ     ᠶᠡᠷᠦᠩᠬᠡᠶ ᠳᠦᠷᠢᠮ

      ᠨᠢᠭᠡᠳᠦᠭᠡᠷ ᠵᠦᠢ᠍ᠯ     ᠮᠠᠨ᠎ᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠳᠤᠮᠳᠠᠬᠢ ᠠᠯᠪᠠᠨ ᠲᠤᠰᠢᠶᠠᠯᠲᠤ ᠬᠠᠤᠯᠢᠴᠢ ᠵᠢᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠪᠠᠳᠠᠷᠠᠭᠤᠯᠬᠤ ᠵᠢᠨ ᠲᠦᠯᠦᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢᠴᠢ ᠵᠢᠨ ᠬᠠᠤᠯᠢ》 ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ 《ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠣᠯᠤᠨ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠵᠢᠨ ᠬᠠᠤᠯᠢᠴᠢ ᠵᠢᠨ ᠳᠦᠷᠢᠮ᠎ᠢ ᠬᠡᠷᠡᠭᠵᠢᠭᠦᠯᠬᠦ ᠲᠤᠬᠠᠶ ᠰᠠᠨᠠᠯ》᠂ ᠬᠠᠤᠯᠢ ᠴᠠᠭ᠋ᠠᠵᠠ ᠵᠢᠨ ᠶᠠᠮᠤᠨ᠎ᠤ 《ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢᠨ ᠠᠷᠭ᠎ᠠ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠵᠢᠨ ᠬᠠᠤᠯᠢᠴᠢ ᠵᠢᠨ ᠳᠦᠷᠢᠮ᠎ᠢ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠢ᠍ᠳᠠᠯ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ     ᠲᠤᠰ ᠠᠷᠭ᠎ᠠ᠎ᠳᠤ ᠬᠡᠯᠡᠵᠦ ᠪᠠᠶ᠋ᠢᠭ᠎ᠠ ᠠᠯᠪᠠᠨ ᠲᠤᠰᠢᠶᠠᠯᠲᠤ ᠬᠠᠤᠯᠢᠴᠢ ᠪᠤᠯ ᠨᠠᠮ ᠵᠠᠰᠠᠭ᠎ᠤᠨ ᠪᠠᠶ᠋ᠢᠭᠤᠯᠭ᠎ᠠ ᠪᠤᠶᠤ ᠠᠷᠠᠳ᠎ᠤᠨ ᠪᠦᠯᠬᠦᠮ᠎ᠳᠤ ᠲᠤᠰᠢᠶᠠᠯ ᠡᠭᠦᠷᠭᠡᠯᠡᠵᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠣᠯᠭᠣᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠢ ᠬᠠᠤᠯᠢ ᠶᠣᠰᠣᠭ᠋ᠠᠷ ᠤᠯᠵᠤ᠂ ᠲᠤᠰ ᠨᠢᠭᠡᠴᠢ᠎ᠳᠤ ᠬᠠᠤᠯᠢ ᠴᠠᠭ᠋ᠠᠵᠠ ᠵᠢᠨ ᠠᠵᠢᠯ ᠬᠢᠵᠦ ᠪᠠᠶ᠋ᠢᠭ᠎ᠠ ᠠᠯᠪᠠᠨ ᠲᠤᠰᠢᠶᠠᠯᠲᠠᠨ᠎ᠢ ᠵᠢᠭ᠋ᠠᠵᠤ ᠪᠠᠢ᠌ᠨ᠎ᠠ᠃
      ᠭᠤᠷᠪᠠᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠢ ᠬᠦᠷᠢᠶᠡᠯᠡᠵᠦ᠂ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠱ᠌ᠢᠶᠡᠴᠢ᠎ᠪᠠᠷ ᠵᠢᠷᠤᠮᠯᠠᠨ ᠰᠠᠬᠢᠵᠤ᠂ ᠡᠭᠦᠷᠭᠡ ᠲᠤᠰᠢᠶᠠᠯ᠎ᠳᠤ᠎ᠪᠠᠨ ᠦᠨᠡᠨᠴᠢ ᠰᠢᠳᠤᠷᠭᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠶ᠋ᠢᠨ ᠭᠦᠢ᠍ᠴᠡᠳᠬᠡᠵᠦ᠂ ᠬᠠᠤᠯᠢᠴᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠵᠢ ᠬᠢᠴᠢᠶᠡᠩᠭᠦᠶ᠋ᠢᠯᠡᠨ ᠰᠠᠬᠢᠵᠤ᠂ ᠬᠠᠤᠯᠢ ᠴᠠᠭ᠋ᠠᠵᠠ ᠵᠢᠨ ᠵᠥᠪ ᠬᠡᠷᠡᠭᠵᠢᠭᠦᠯᠦᠭᠳᠡᠬᠦ ᠵᠢ ᠬᠠᠮᠠᠭ᠋ᠠᠯᠠᠨ᠂ ᠨᠡᠶ᠋ᠢᠭᠡᠮ᠎ᠤᠨ ᠲᠥᠪ ᠭᠣᠤᠯᠴᠢ ᠪᠠ ᠰᠢᠳᠤᠷᠭᠤ ᠶᠣᠰᠣ ᠵᠢ ᠬᠠᠮᠠᠭ᠋ᠠᠯᠠᠬᠤ ᠬᠡᠷᠡᠭᠲᠡᠢ᠃
      ᠳᠥᠷᠪᠡᠳᠦᠭᠡᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠪᠣᠯ ᠠᠯᠪᠠᠨ ᠲᠤᠰᠢᠶᠠᠯᠲᠤ ᠬᠠᠤᠯᠢᠴᠢ ᠵᠢᠨ ᠠᠵᠢᠯ ᠡᠷᠬᠢᠯᠡᠬᠥ ᠵᠥᠪᠰᠢᠶᠡᠷᠡᠯ᠎ᠢ ᠬᠠᠤᠯᠢ ᠶᠣᠰᠣᠭ᠋ᠠᠷ ᠣᠯᠤᠭᠰᠠᠨ ᠬᠦᠴᠦᠨ ᠪᠦᠬᠦᠢ ᠦᠨᠡᠮᠯᠡᠯ ᠪᠣᠯᠤᠨ᠎ᠠ᠃ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠳᠤ ᠠᠯᠪᠠᠨ ᠲᠤᠰᠢᠶᠠᠯᠲᠤ ᠬᠠᠤᠯᠢᠴᠢ ᠵᠢᠨ ᠣᠪᠣᠭ ᠨᠡᠷ᠎ᠡ᠂ ᠠᠵᠢᠯᠯᠠᠵᠤ ᠪᠠᠶ᠋ᠢᠭ᠎ᠠ ᠨᠢᠭᠡᠴᠢ᠂ ᠦᠨᠡᠮᠯᠡᠯ᠎ᠤᠨ ᠳ᠋ᠤᠭ᠋ᠠᠷ ᠵᠡᠷᠭᠡ ᠵᠦᠢ᠍ᠯᠡᠰ᠎ᠢ ᠲᠡᠮᠳᠡᠭᠯᠡᠬᠦ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠮᠠᠭ᠎ᠠ ᠵᠢ ᠳᠠᠷᠤᠬᠤ ᠬᠡᠷᠡᠭᠲᠡᠶ᠃
      ᠲᠠᠪᠤᠳᠤᠭ᠋ᠠᠷ ᠵᠦᠢ᠍ᠯ     ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ᠎ᠳᠤ ᠬᠢᠨᠠᠯᠲᠠ ᠲᠠᠯᠪᠢᠵᠤ᠂ ᠵᠢᠯᠣᠭᠣᠳᠣᠯᠭ᠎ᠠ ᠬᠢᠨ᠎ᠡ᠃
      ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠠᠯᠪᠠᠨ ᠲᠤᠰᠢᠶᠠᠯᠲᠤ ᠬᠠᠤᠯᠢᠴᠢ᠎ᠳᠤ ᠡᠳᠦᠷ ᠳᠤᠲᠤᠮᠨ᠎ᠤᠨ ᠬᠠᠮᠢᠶᠠᠷᠤᠯᠲᠠ ᠶᠠᠪᠤᠭᠤᠯᠤᠨ᠎ᠠ᠃
      ᠬᠠᠤᠯᠢᠴᠢ ᠵᠢᠨ ᠨᠡᠶ᠋ᠢᠭᠡᠮᠯᠢᠭ᠎ᠨᠢ ᠠᠯᠪᠠᠨ ᠲᠤᠰᠢᠶᠠᠯᠲᠤ ᠬᠠᠤᠯᠢᠴᠢ᠎ᠳᠤ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠬᠡᠷᠡᠭᠵᠢᠭᠦᠯᠦᠨ᠎ᠡ᠃

ᠬᠣᠶᠠᠳᠤᠭ᠋ᠠᠷ ᠪᠦᠯᠦᠭ     ᠲᠤᠰᠢᠶᠠᠯ᠎ᠳᠤ ᠲᠣᠮᠢᠯᠠᠬᠤ ᠨᠥᠬᠥᠴᠡᠯ ᠪᠠ ᠳᠡᠰ ᠳᠠᠷᠠᠭ᠋ᠠᠯᠠᠯ

      ᠵᠢᠷᠭᠤᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠭᠤᠶᠤᠴᠢᠯᠠᠨ ᠣᠯᠭᠣᠬᠤ᠎ᠳᠤ ᠳᠣᠣᠷᠠᠬᠢ ᠨᠦᠭᠦᠴᠡᠯ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠄
     (ᠨᠢᠭᠡ) ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠬᠦ;
     (ᠬᠣᠶᠠᠷ) ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠪᠤᠶᠤ ᠬᠠᠤᠯᠢᠴᠢ ᠵᠢᠨ ᠬᠢᠷᠢ ᠭᠡᠮ᠎ᠢ ᠬᠠᠤᠯᠢ ᠶᠣᠰᠣᠭ᠋ᠠᠷ ᠣᠯᠤᠭᠰᠠᠨ;
     (ᠭᠤᠷᠪᠠ) ᠠᠯᠪᠠᠨ ᠲᠤᠰᠢᠶᠠᠯᠲᠠᠨ᠎ᠤ ᠪᠡᠶ᠎ᠡ ᠭᠡᠮ᠎ᠲᠠᠢ;
     (ᠲᠦᠷᠪᠡ) ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠠᠵᠢᠯ᠎ᠢ ᠬᠣᠶᠠᠷ ᠵᠢᠯ᠎ᠠᠴᠠ ᠳᠡᠭᠡᠭᠰᠢ ᠬᠢᠭᠰᠡᠨ ᠪᠤᠶᠤ ᠰᠢᠭᠦᠬᠦ ᠲᠤᠰᠢᠶᠠᠯᠲᠠᠨ᠂ ᠪᠠᠶ᠋ᠢᠴᠠᠭ᠋ᠠᠬᠤ ᠲᠤᠰᠢᠶᠠᠯᠲᠠᠨ᠂ ᠬᠠᠤᠯᠢᠴᠢ ᠪᠣᠯᠵᠤ ᠥᠩᠭᠡᠷᠡᠭᠰᠡᠨ ᠨᠢᠭᠡ ᠵᠢᠯ᠎ᠠᠴᠠ ᠳᠡᠭᠡᠭᠰᠢ ᠪᠠᠶ᠋ᠢᠬᠤ;
     (ᠲᠠᠪᠤ) ᠵᠠᠩ ᠰᠤᠷᠲᠠᠯ᠎ᠨᠢ ᠰᠠᠶ᠋ᠢᠨ ᠪᠠᠶ᠋ᠢᠬᠤ;
     (ᠵᠢᠷᠭᠤᠭ᠎ᠠ) ᠪᠠᠶ᠋ᠢᠭ᠎ᠠ ᠨᠢᠭᠡᠴᠢ᠎ᠨᠢ ᠲᠡᠭᠦᠨ᠎ᠤ ᠠᠯᠪᠠᠨ ᠲᠤᠰᠢᠶᠠᠯᠳᠤ ᠬᠠᠤᠯᠢᠴᠢ ᠪᠣᠯᠬᠤ ᠵᠢ ᠵᠥᠪᠰᠢᠶᠡᠷᠡᠭᠰᠡᠨ᠃
      ᠳᠣᠯᠣᠳᠤᠭ᠋ᠠᠷ ᠵᠦᠢ᠍ᠯ     ᠭᠤᠶᠤᠴᠢᠯᠠᠭᠴᠢ᠎ᠨᠢ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠬᠤ ᠦᠭᠡᠶ᠄
     (ᠨᠢᠭᠡ) ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠦᠭᠡᠶ ᠪᠤᠶᠤ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠵᠢ᠎ᠨᠢ ᠬᠢᠵᠠᠭ᠋ᠠᠷᠯᠠᠭᠰᠠᠨ;
     (ᠬᠣᠶᠠᠷ) ᠬᠠᠤᠯᠢᠴᠢ᠂ ᠠᠯᠪᠠᠨ ᠭᠡᠷᠡᠴᠢᠯᠡᠭᠴᠢ ᠵᠢᠨ ᠠᠵᠢᠯ ᠡᠷᠬᠢᠯᠡᠬᠦ ᠦᠨᠡᠮᠯᠡᠯ ᠵᠶ᠋ᠠᠨ ᠬᠤᠷᠢᠶᠠᠭᠳᠠᠨ ᠬᠦᠴᠦᠨ ᠦᠭᠡᠢ ᠪᠣᠯᠭ᠋ᠠᠭᠳᠠᠭᠰᠠᠨ;
     (ᠭᠤᠷᠪᠠ) ᠶᠠᠯ᠎ᠠ ᠬᠢᠭᠰᠡᠨ᠎ᠳᠤ ᠬᠣᠯᠪᠣᠭᠳᠠᠭᠰᠠᠨ᠂ ᠬᠠᠤᠯᠢ ᠪᠠᠷᠢᠬᠤ ᠵᠢᠷᠤᠮ ᠬᠠᠷᠠᠬᠠᠨ ᠳᠠᠭᠤᠰᠤᠭ᠋ᠠᠳᠤᠶ ᠪᠤᠶᠤ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠵᠢ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ᠂ ᠶᠠᠭ ᠬᠢᠨᠠᠨ ᠪᠠᠶ᠋ᠢᠴᠠᠭ᠋ᠠᠯᠲᠠ ᠵᠢ ᠬᠦᠯᠢᠶᠡᠵᠦ ᠪᠠᠶ᠋ᠢᠬᠤ;
     (ᠳᠥᠷᠪᠡ) ᠳᠡᠭᠡᠷ᠎ᠡ ᠨᠢᠭᠡ ᠵᠢᠯ᠎ᠤᠨ ᠠᠯᠪᠠᠲᠠᠨ᠎ᠤ ᠣᠨ᠎ᠤ ᠬᠢᠨᠠᠨ ᠰᠢᠯᠭ᠋ᠠᠯᠲᠠ ᠵᠢᠨ ᠦᠷ᠎ᠡ ᠳ᠋ᠦᠩ᠎ᠨᠢ ᠲᠤᠰᠢᠶᠠᠯ᠎ᠳᠤ᠎ᠪᠠᠨ ᠥᠯᠥ ᠳᠣᠭᠢᠷᠬᠠᠰᠠᠨ ᠵᠶ᠋ᠠᠷ ᠲᠤᠭᠲᠠᠭ᠋ᠠᠭᠳᠠᠭᠰᠠᠨ;
     (ᠲᠠᠪᠤ) ᠶᠠᠭ ᠢᠲᠡᠭᠡᠮᠵᠢ ᠠᠯᠳᠠᠭᠰᠠᠨ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠲᠤ ᠵᠢᠭᠰᠠᠭ᠋ᠠᠭᠳᠠᠭᠰᠠᠨ᠃
      ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠭᠤᠶᠤᠴᠢᠯᠠᠨ ᠣᠯᠭᠣᠬᠤ᠂
     (ᠨᠢᠭᠡ) ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠦᠨᠡᠮᠯᠡᠯ ᠪᠤᠶᠤ ᠬᠠᠤᠯᠢᠴᠢ ᠵᠢᠨ ᠬᠢᠷᠢ ᠭᠡᠮ᠎ᠤᠨ ᠦᠨᠡᠮᠯᠡᠯ;
     (ᠬᠣᠶᠠᠷ) ᠭᠤᠶᠤᠴᠢᠯᠠᠭᠴᠢ ᠵᠢᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠪᠠ ᠠᠯᠪᠠᠨ ᠲᠤᠰᠢᠶᠠᠯᠲᠠᠨ᠎ᠤ ᠪᠡᠶ᠎ᠡ ᠵᠢᠨ ᠭᠡᠷᠡᠴᠢᠯᠡᠯ;
     (ᠭᠤᠷᠪᠠ) ᠭᠤᠶᠤᠴᠢᠯᠠᠭᠴᠢ ᠲᠤᠰ ᠬᠥᠮᠦᠨ᠎ᠨᠢ ᠲᠠᠭᠯᠠᠵᠤ᠂ ᠪᠠᠶ᠋ᠢᠭ᠎ᠠ ᠨᠢᠭᠡᠴᠢ᠎ᠨᠢ ᠵᠥᠪᠰᠢᠶᠡᠷᠡᠭᠰᠡᠨ ᠪᠥᠭᠡᠳ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠭᠤᠶᠤᠴᠢᠯᠠᠯ᠎ᠤᠨ ᠬᠦᠰᠦᠨᠦᠭ;
     (ᠳᠥᠷᠪᠡ) ᠭᠤᠶᠤᠴᠢᠯᠠᠭᠴᠢ ᠲᠤᠰ ᠠᠷᠭ᠎ᠠ ᠵᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠠᠵᠢᠯ᠎ᠤᠨ ᠥᠩᠭᠡᠷᠡᠯᠲᠡ᠂ ᠠᠵᠢᠯ ᠡᠷᠭᠢᠯᠡᠭᠰᠡᠨ ᠥᠩᠭᠡᠷᠡᠯᠲᠡ ᠵᠢᠨ ᠭᠡᠷᠡᠴᠢᠯᠡᠯ᠃
      ᠶᠢᠰᠦᠳᠦᠭᠡᠷ ᠵᠦᠢ᠍ᠯ     ᠡᠭᠴᠡ ᠬᠠᠮᠢᠶᠠᠷᠤᠯᠲᠠ ᠵᠢᠨ ᠪᠠᠶ᠋ᠢᠭᠤᠯᠤᠯ᠎ᠢ ᠬᠡᠷᠡᠭᠵᠢᠭᠦᠯᠵᠦ ᠪᠠᠶ᠋ᠢᠭ᠎ᠠ ᠲᠥᠪ᠎ᠤᠨ ᠨᠠᠮ ᠵᠠᠰᠠᠭ᠎ᠤᠨ ᠪᠠᠢ᠌ᠭᠤᠯᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠰᠢᠭᠤᠳ ᠬᠠᠷᠢᠶ᠎ᠠ ᠬᠠᠮᠢᠶᠠᠷᠤᠯᠲᠠ ᠵᠢᠨ ᠨᠢᠭᠡᠴᠢ ᠪᠣᠯᠤᠨ ᠲᠣᠮᠢᠯᠠᠨ ᠰᠠᠭᠤᠯᠭ᠋ᠠᠭᠰᠠᠨ ᠨᠢᠭᠡᠴᠢ ᠵᠢᠨ ᠠᠯᠪᠠᠨ ᠲᠤᠰᠢᠶᠠᠯᠲᠠᠨ ᠠᠯᠪᠠᠨ ᠲᠤᠰᠢᠶᠠᠯᠲᠤ ᠬᠠᠤᠯᠢᠴᠢ ᠪᠣᠯᠬᠤ᠎ᠪᠠᠷ ᠭᠤᠶᠤᠴᠢᠯᠠᠬᠤ᠎ᠳᠤ᠂ ᠪᠠᠢ᠌ᠭ᠎ᠠ ᠨᠢᠭᠡᠴᠢ᠎ᠪᠠᠷ ᠵᠶ᠋ᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠭᠤᠶᠤᠴᠢᠯᠠᠯ ᠭᠠᠷᠭ᠋ᠠᠨ᠎ᠠ᠃
      ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠪᠠᠢ᠌ᠭᠤᠯᠭ᠎ᠠ ᠪᠣᠯᠤᠨ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠠᠨ ᠠᠯᠪᠠᠨ ᠲᠤᠰᠢᠶᠠᠯᠲᠤ ᠬᠠᠤᠯᠢᠴᠢ ᠪᠣᠯᠬᠤ᠎ᠪᠠᠷ ᠭᠤᠶᠤᠴᠢᠯᠠᠬᠤ᠎ᠳᠤ᠂ ᠪᠠᠢ᠌ᠭ᠎ᠠ ᠨᠢᠭᠡᠴᠢ᠎ᠪᠠᠷ ᠵᠶ᠋ᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠭᠤᠶᠤᠴᠢᠯᠠᠯ ᠭᠠᠷᠭ᠋ᠠᠬᠤ ᠬᠡᠷᠡᠭᠲᠡᠶ᠃
      ᠠᠶ᠋ᠢᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠨᠠᠮ ᠵᠠᠰᠠᠭ᠎ᠤᠨ ᠪᠠᠢ᠌ᠭᠤᠯᠭ᠎ᠠ ᠪᠣᠯᠤᠨ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠠᠨ ᠠᠯᠪᠠᠨ ᠲᠤᠰᠢᠶᠠᠯᠲᠤ ᠬᠠᠤᠯᠢᠴᠢ ᠪᠣᠯᠬᠤ᠎ᠪᠠᠷ ᠭᠤᠶᠤᠴᠢᠯᠠᠬᠤ᠎ᠳᠤ᠂ ᠪᠠᠢ᠌ᠭ᠎ᠠ ᠨᠢᠭᠡᠴᠢ᠎ᠠᠴᠠ᠎ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ᠎ᠤ ᠳᠠᠷᠠᠭ᠎ᠠ ᠠᠶ᠋ᠢᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠭᠤᠶᠤᠴᠢᠯᠠᠯ ᠭᠠᠷᠭ᠋ᠠᠬᠤ ᠬᠡᠷᠡᠭᠲᠡᠶ᠃
      ᠠᠷᠪᠠᠳᠤᠭ᠋ᠠᠷ ᠵᠦᠢ᠍ᠯ     ᠠᠶ᠋ᠢᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠬᠦᠯᠢᠶᠡᠨ ᠠᠪᠤᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠭᠤᠶᠤᠴᠢᠯᠠᠯ᠎ᠢ ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠠᠢ᠌ᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠮᠡᠳᠡᠭᠦᠯᠵᠦ ᠬᠢᠨᠠᠨ ᠪᠠᠶ᠋ᠢᠴᠠᠭ᠋ᠠᠯᠭ᠋ᠠᠨ᠎ᠠ᠃
      ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠦᠭᠡᠶ ᠪᠣᠯ᠂ ᠠᠶ᠋ᠢᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠨᠥᠬᠥᠪᠥᠷᠢᠯᠡᠵᠦ ᠵᠠᠯᠠᠷᠠᠭᠤᠯᠬᠤ ᠴᠢᠬᠤᠯᠠᠲᠠᠶ ᠪᠦᠬᠦ ᠠᠭᠤᠯᠭ᠎ᠠ ᠵᠢ ᠨᠢᠭᠡ ᠯᠡ ᠤᠳᠠᠭ᠎ᠠ᠎ᠳᠤ ᠮᠡᠳᠡᠭᠳᠡᠬᠦ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠢᠨᠠᠨ ᠪᠠᠶ᠋ᠢᠴᠠᠭ᠋ᠠᠭ᠋ᠠᠳ᠂ ᠭᠤᠶᠤᠴᠢᠯᠠᠭᠴᠢ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠶ᠋ᠢᠴᠡᠵᠦ᠂ ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠭᠤᠶᠤᠴᠢᠯᠠᠭᠴᠢ᠎ᠳᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠨ᠎ᠠ; ᠭᠤᠶᠤᠴᠢᠯᠠᠭᠴᠢ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠶ᠋ᠢᠴᠡᠬᠦ ᠦᠭᠡᠶ ᠪᠤᠶᠤ ᠭᠤᠶᠤᠴᠢᠯᠠᠭᠰᠠᠨ ᠮᠠᠲ᠋ᠧᠷᠢᠶᠠᠯ᠎ᠢ ᠨᠥᠬᠥᠪᠥᠷᠢᠯᠡᠨ ᠵᠠᠯᠠᠷᠠᠭᠤᠯᠤᠭ᠋ᠠᠳ ᠮᠥᠨ ᠯᠡ ᠪᠦᠷᠢᠨ ᠭᠦᠢ᠍ᠴᠡᠳ ᠦᠭᠡᠶ ᠪᠠᠢ᠌ᠪᠠᠯ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠬᠤ ᠦᠭᠡᠶ ᠪᠥᠭᠡᠳ ᠭᠤᠶᠤᠴᠢᠯᠠᠭᠴᠢ ᠵᠢᠴᠢ ᠲᠡᠭᠦᠨ᠎ᠤ ᠪᠠᠶ᠋ᠢᠭ᠎ᠠ ᠨᠢᠭᠡᠴᠢ᠎ᠳᠤ ᠰᠢᠯᠲᠠᠭ᠋ᠠᠨ ᠵᠶ᠋ᠠᠨ ᠲᠤᠳᠤᠷᠬᠠᠢ᠌ᠯᠠᠨ᠎ᠠ᠃
      ᠠᠷᠪᠠᠨ ᠨᠢᠭᠡᠳᠦᠭᠡᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠶ᠋ᠢᠭᠡᠮᠯᠢᠭ᠎ᠨᠢ ᠵᠢᠯ ᠪᠦᠷᠢ ᠲᠤᠰ ᠬᠠᠷᠢᠶ᠎ᠠ ᠣᠷᠣᠨ᠎ᠤ᠎ᠪᠠᠨ ᠬᠡᠪᠴᠢᠶᠡᠨ ᠳᠣᠲᠣᠷᠠᠬᠢ ᠠᠯᠪᠠᠨ ᠲᠤᠰᠢᠶᠠᠯᠲᠤ ᠬᠠᠤᠯᠢᠴᠢ ᠵᠢᠨ ᠠᠵᠢᠯ᠎ᠠᠴᠠ ᠡᠮᠦᠨᠡᠬᠢ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠬᠥᠮᠦᠵᠢᠯ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃
      ᠠᠷᠪᠠᠨ ᠬᠣᠶᠠᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂
     (ᠨᠢᠭᠡ) ᠲᠤᠰ ᠬᠥᠮᠦᠨ᠎ᠨᠢ ᠦᠷᠭᠦᠯᠵᠢᠯᠡᠨ ᠠᠯᠪᠠᠨ ᠲᠤᠰᠢᠶᠠᠯᠳᠤ ᠬᠠᠤᠯᠢᠴᠢ ᠪᠣᠯᠬᠤ ᠳᠤᠷ᠎ᠠ ᠦᠭᠡᠶ ᠪᠠᠢ᠌ᠪᠠᠯ᠂ ᠪᠠᠶ᠋ᠢᠭ᠎ᠠ ᠨᠢᠭᠡᠴᠢ᠎ᠪᠠᠷ ᠵᠶ᠋ᠠᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠬᠦᠴᠦᠨ ᠦᠭᠡᠶ ᠪᠣᠯᠭ᠋ᠠᠭᠤᠯᠬᠤ᠎ᠪᠠᠷ ᠭᠤᠶᠤᠴᠢᠯᠠᠭᠰᠠᠨ;
     (ᠬᠣᠶᠠᠷ) ᠪᠠᠶ᠋ᠢᠭ᠎ᠠ ᠨᠢᠭᠡᠴᠢ᠎ᠨᠢ ᠲᠡᠭᠦᠨ᠎ᠤ ᠦᠷᠭᠦᠯᠵᠢᠯᠡᠨ ᠠᠯᠪᠠᠨ ᠲᠤᠰᠢᠶᠠᠯᠲᠤ ᠬᠠᠤᠯᠢᠴᠢ ᠪᠣᠯᠬᠤ ᠵᠢ ᠵᠥᠪᠰᠢᠶᠡᠷᠡᠬᠦ ᠦᠭᠡᠶ ᠪᠠᠶ᠋ᠢᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠦᠴᠦᠨ ᠦᠭᠡᠶ ᠪᠣᠯᠭ᠋ᠠᠬᠤ᠎ᠪᠠᠷ ᠭᠤᠶᠤᠴᠢᠯᠠᠭᠰᠠᠨ;
     (ᠭᠤᠷᠪᠠ) ᠲᠤᠰᠢᠶᠠᠯ᠎ᠠᠴᠠ᠎ᠪᠠᠨ ᠪᠠᠭᠤᠬᠤ᠂ ᠠᠵᠢᠯ ᠰᠢᠯᠵᠢᠬᠦ᠂ ᠲᠤᠰᠢᠶᠠᠯ᠎ᠠᠴᠠ᠎ᠪᠠᠨ ᠰᠢᠯᠵᠢᠬᠦ᠂ ᠠᠵᠢᠯ᠎ᠠᠴᠠ᠎ᠪᠠᠨ ᠪᠠᠭᠤᠬᠤ ᠪᠤᠶᠤ ᠠᠵᠢᠯ᠎ᠠᠴᠠ᠎ᠨᠢ ᠬᠥᠭᠡᠭᠡᠬᠦ ᠵᠡᠷᠭᠡ ᠰᠢᠯᠲᠠᠭ᠋ᠠᠨ᠎ᠠᠴᠠ ᠪᠣᠯᠵᠤ᠂ ᠠᠯᠪᠠᠨ ᠲᠤᠰᠢᠶᠠᠯᠲᠤ ᠬᠠᠤᠯᠢᠴᠢ ᠪᠣᠯᠬᠤ ᠨᠥᠬᠥᠴᠡᠯ᠎ᠢ ᠪᠦᠷᠢᠯᠳᠦᠭᠦᠯᠬᠦ᠎ᠪᠠᠨ ᠪᠤᠯᠢᠭᠰᠠᠨ;
     (ᠲᠦᠷᠪᠡ) ᠠᠯᠪᠠᠨ ᠲᠤᠰᠢᠶᠠᠯᠲᠤ ᠬᠠᠤᠯᠢᠴᠢ ᠵᠢᠨ ᠣᠨ᠎ᠤ ᠬᠢᠨᠠᠨ ᠰᠢᠯᠭ᠋ᠠᠯᠲᠠ᠎ᠳᠤ ᠵᠠᠯᠭ᠋ᠠᠭ᠎ᠠ᠎ᠪᠠᠷ ᠬᠣᠶᠠᠷ ᠤᠳᠠᠭ᠎ᠠ ᠲᠤᠰᠢᠶᠠᠯ᠎ᠳᠤ᠎ᠪᠠᠨ ᠦᠯᠤ ᠲᠡᠩᠴᠡᠬᠦ᠎ᠪᠠᠷ ᠬᠢᠨᠠᠨ ᠲᠤᠭᠲᠠᠭ᠋ᠠᠭᠳᠠᠭᠰᠠᠨ;
     (ᠲᠠᠪᠤ) ᠮᠠᠲ᠋ᠧᠷᠢᠶᠠᠯ᠎ᠢ ᠮᠡᠬᠡᠯᠡᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠵᠦᠶ ᠪᠤᠰᠤ ᠠᠷᠭ᠎ᠠ ᠪᠠᠷᠢᠯ ᠵᠶ᠋ᠠᠷ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠤᠭᠰᠠᠨ;
     (ᠵᠢᠷᠭᠤᠭ᠎ᠠ) ᠲᠥᠯᠥᠪᠦᠷᠢᠲᠦ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠬᠢᠭᠰᠡᠨ᠂ ᠡᠰᠡᠬᠦᠯ᠎ᠡ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠢᠴᠢ ᠪᠤᠰᠤᠳ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠲᠤᠰᠢᠶᠠᠯ ᠬᠠᠪᠰᠤᠷᠭ᠋ᠠᠭᠰᠠᠨ;
     (ᠲᠤᠯᠤᠭ᠎ᠠ) ᠠᠯᠪᠠᠨ ᠲᠤᠰᠢᠶᠠᠯᠳᠤ ᠬᠠᠤᠯᠢᠴᠢ ᠦᠷᠭᠦᠯᠵᠢᠯᠡᠨ ᠡᠭᠦᠷᠭᠡᠯᠡᠵᠦ ᠪᠣᠯᠬᠤ ᠦᠭᠡᠶ ᠪᠤᠰᠤᠳ ᠪᠠᠶ᠋ᠢᠳᠠᠯ᠃
      ᠠᠯᠪᠠᠨ ᠲᠤᠰᠢᠶᠠᠯᠲᠤ ᠬᠠᠤᠯᠢᠴᠢ᠎ᠳᠤ ᠳᠡᠭᠡᠷ᠎ᠡ ᠳᠤᠷᠠᠳᠤᠭᠰᠠᠨ ᠲᠣᠭᠲᠠᠭ᠋ᠠᠭᠰᠠᠨ ᠪᠠᠶ᠋ᠢᠳᠠᠯ ᠭᠠᠷᠪᠠᠯ᠂ ᠪᠠᠶ᠋ᠢᠭ᠎ᠠ ᠨᠢᠭᠡᠴᠢ᠎ᠨᠢ ᠲᠡᠭᠦᠨ᠎ᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠢ ᠴᠠᠭ ᠲᠤᠬᠠᠶ᠎ᠳᠤ᠎ᠨᠢ ᠬᠣᠷᠢᠶᠠᠨ ᠠᠪᠬᠤ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠬᠦᠴᠦᠨ ᠦᠭᠡᠶ ᠪᠤᠯᠭ᠋ᠠᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠪᠤᠯᠵᠤ ᠪᠦᠬᠦᠯᠢ ᠭᠤᠷᠪᠠᠨ ᠵᠢᠯ ᠪᠣᠯᠤᠭᠰᠠᠨ ᠪᠦᠭᠡᠳ ᠬᠠᠮᠤᠭ ᠰᠡᠭᠦᠯᠴᠢ ᠵᠢᠨ ᠨᠢᠭᠡ ᠤᠳᠠᠭ᠋ᠠᠨ᠎ᠤ ᠠᠯᠪᠠᠨ ᠲᠤᠰᠢᠶᠠᠯᠲᠤ ᠬᠠᠤᠯᠢᠴᠢ ᠵᠢᠨ ᠤᠨ᠎ᠤ ᠬᠢᠨᠠᠨ ᠰᠢᠯᠭ᠋ᠠᠯᠲᠠ ᠶᠢ ᠲᠤᠰᠢᠶᠠᠯ ᠟᠎ᠲᠤ ᠲᠡᠩᠴᠡᠬᠦ᠎ᠪᠠᠷ ᠲᠣᠭᠲᠠᠭ᠋ᠠᠭᠰᠠᠨ ᠬᠥᠮᠦᠰ ᠤᠤᠯ᠎ᠤᠨ ᠨᠢᠭᠡᠴᠢ᠎ᠠᠴᠠ᠎ᠪᠠᠨ ᠰᠠᠯᠤᠭᠰᠠᠨ᠎ᠤ ᠳᠠᠷᠠᠭ᠎ᠠ ᠬᠠᠤᠯᠢᠴᠢ᠎ᠪᠠᠷ ᠠᠵᠢᠯ ᠡᠷᠬᠢᠯᠡᠭᠦᠯᠬᠦ᠎ᠪᠠᠷ ᠭᠤᠶᠤᠴᠢᠯᠠᠭᠰᠠᠨ ᠪᠠᠢ᠌ᠪᠠᠯ᠂ ᠬᠠᠤᠯᠢᠴᠢ ᠵᠢᠨ ᠨᠡᠶ᠋ᠢᠭᠡᠮᠯᠢᠭ ᠵᠶ᠋ᠠᠷ ᠬᠢᠨᠠᠨ ᠰᠢᠯᠭ᠋ᠠᠭᠤᠯᠤᠭ᠋ᠠᠳ ᠬᠢᠷᠢ ᠲᠡᠩᠴᠡᠭᠰᠡᠨ᠎ᠤ ᠳᠠᠷᠠᠭ᠎ᠠ ᠰᠢᠭᠤᠳ ᠠᠶ᠋ᠢᠮᠠᠭ ᠬᠤᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠠᠤᠯᠢᠴᠢ ᠵᠢᠨ ᠠᠵᠢᠯ ᠡᠷᠬᠢᠯᠡᠬᠦ ᠦᠨᠡᠮᠯᠡᠯ ᠭᠤᠶᠤᠴᠢᠯᠠᠨ ᠣᠯᠭᠣᠵᠤ ᠪᠣᠯᠤᠨ᠎ᠠ᠂ ᠲᠡᠭᠦᠨ᠎ᠤ ᠠᠯᠪᠠᠨ ᠲᠤᠰᠢᠶᠠᠯᠲᠤ ᠬᠠᠤᠯᠢᠴᠢ ᠪᠣᠯᠤᠭᠰᠠᠨ ᠥᠩᠭᠡᠷᠡᠯᠲᠡ ᠵᠢ ᠨ᠊ ᠢ ᠨᠡᠶ᠋ᠢᠭᠡᠮ᠎ᠤᠨ ᠬᠠᠤᠯᠢᠴᠢ ᠵᠢᠨ ᠠᠵᠢᠯ ᠡᠷᠬᠢᠯᠡᠬᠦ ᠵᠢᠯ ᠬᠤᠭᠤᠴᠠᠭ᠎ᠠ᠎ᠳᠤ ᠪᠤᠳᠤᠵᠤ ᠣᠷᠣᠭᠤᠯᠤᠨ᠎ᠠ᠃
      ᠠᠷᠪᠠᠨ ᠳᠦᠷᠪᠡᠳᠦᠭᠡᠷ ᠵᠦᠢ᠍ᠯ     ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠳᠦᠷᠢᠮ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠬᠠᠤᠯᠢ ᠴᠠᠭ᠋ᠠᠵᠠ ᠵᠢᠨ ᠵᠥᠪᠯᠡᠭᠴᠢ ᠪᠣᠯᠤᠭᠰᠠᠨ ᠪᠣᠯᠪᠠᠴᠤ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠪᠤᠶᠤ ᠬᠠᠤᠯᠢᠴᠢ ᠵᠢᠨ ᠬᠢᠷᠢ ᠭᠡᠮ ᠣᠯᠤᠭᠰᠠᠨ ᠦᠭᠡᠶ ᠬᠥᠮᠦᠰ᠂ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠬᠠᠮᠲᠤ᠎ᠳᠤ᠎ᠨᠢ ᠪᠦᠷᠢᠯᠳᠦᠭᠦᠯᠦᠭᠰᠡᠨ ᠪᠠᠢ᠌ᠪᠠᠯ᠂ ᠬᠠᠤᠯᠢ ᠴᠠᠭ᠋ᠠᠵᠠ ᠵᠢᠨ ᠶᠠᠮᠤᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ (ᠬᠠᠤᠯᠢ ᠴᠠᠭ᠋ᠠᠵᠠ ᠵᠢᠨ ᠶᠠᠮᠤᠨ᠎ᠤ ᠬᠢᠨᠠᠨ ᠰᠢᠯᠭ᠋ᠠᠬᠤ ᠨᠠᠷᠢᠨ ᠳᠦᠷᠢᠮ᠎ᠢ ᠨᠡᠶ᠋ᠢᠲᠡᠯᠡᠭᠰᠡᠨ᠎ᠤ ᠳᠠᠷᠠᠭ᠎ᠠ ᠭᠤᠶᠤᠴᠢᠯᠠᠨ ᠮᠡᠳᠡᠭᠦᠯᠵᠦ ᠪᠣᠯᠤᠨ᠎ᠠ)᠎ᠳᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠵᠤ ᠪᠣᠯᠤᠨ᠎ᠠ᠄
     (ᠨᠢᠭᠡ) ᠨᠠᠮ ᠵᠠᠰᠠᠭ᠎ᠤᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠳᠤ ᠬᠠᠤᠯᠢ ᠴᠠᠭ᠋ᠠᠵᠠ ᠵᠢᠨ ᠵᠥᠪᠯᠡᠭᠴᠢ ᠪᠣᠯᠣᠭ᠋ᠠᠳ ᠪᠦᠬᠦᠯᠢ ᠠᠷᠪᠠᠨ ᠲᠠᠪᠤᠨ ᠵᠢᠯ ᠪᠣᠯᠤᠭᠰᠠᠨ;
     (ᠬᠣᠶᠠᠷ) ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠥᠷᠥᠯ᠎ᠤᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ ᠪᠥᠭᠡᠳ ᠪᠠᠴᠤᠯᠤᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ᠎ᠲᠠᠢ ᠪᠤᠶᠤ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠥᠷᠥᠯ᠎ᠤᠨ ᠪᠤᠰᠤ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠪᠥᠭᠡᠳ ᠬᠠᠤᠯᠢ ᠴᠠᠭ᠋ᠠᠵᠠ ᠵᠢᠨ ᠮᠠᠰᠲ᠋ᠧᠷ᠂ ᠬᠠᠤᠯᠢ ᠵᠢᠨ ᠤᠬᠠᠭ᠋ᠠᠨ᠎ᠤ ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ ᠤᠯᠤᠭᠰᠠᠨ ᠪᠤᠶᠤ ᠪᠤᠰᠤᠳ ᠵᠣᠬᠢᠴᠠᠩᠭᠤᠶ ᠡᠷᠳᠡᠮ᠎ᠤᠨ ᠴᠣᠯᠠ ᠤᠯᠤᠭᠰᠠᠨ;
     (ᠭᠤᠷᠪᠠ) ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠤᠶᠤ ᠠᠳᠠᠯᠢ ᠲᠠᠰ᠎ᠤᠨ ᠲᠤᠰᠬᠠᠶ ᠮᠡᠷᠭᠡᠵᠢᠯ᠎ᠤᠨ ᠬᠢᠷᠢ ᠬᠡᠮᠵᠢᠶ᠎ᠡ᠎ᠲᠠᠢ ᠪᠠᠶ᠋ᠢᠬᠤ᠃
      ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠤᠭᠰᠠᠨ ᠬᠥᠮᠦᠰ ᠤᠤᠯ ᠨᠢᠭᠡᠴᠢ᠎ᠠᠴᠠ᠎ᠪᠠᠨ ᠰᠠᠯᠤᠭᠰᠠᠨ᠎ᠤ ᠳᠠᠷᠠᠭ᠎ᠠ ᠨᠡᠶ᠋ᠢᠭᠡᠮ᠎ᠤᠨ ᠬᠠᠤᠯᠢᠴᠢ᠎ᠪᠠᠷ ᠠᠵᠢᠯ ᠡᠷᠬᠢᠯᠡᠬᠦ᠎ᠪᠠᠷ ᠭᠤᠶᠤᠴᠢᠯᠠᠭᠰᠠᠨ ᠪᠠᠶ᠋ᠢᠪᠠᠯ᠂ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠲᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

ᠭᠤᠷᠪᠠᠳᠤᠭ᠋ᠠᠷ ᠪᠦᠯᠦᠭ     ᠭᠣᠤᠯ ᠡᠭᠦᠷᠭᠡ ᠬᠠᠷᠢᠭᠤᠴᠠᠯᠭ᠎ᠠ

      ᠠᠷᠪᠠᠨ ᠲᠠᠪᠤᠳᠤᠭ᠋ᠠᠷ ᠵᠦᠢ᠍ᠯ ᠠᠯᠪᠠᠨ ᠲᠤᠰᠢᠶᠠᠯ     ᠠᠯᠪᠠᠨ ᠲᠤᠰᠢᠶᠠᠯᠲᠤ ᠬᠠᠤᠯᠢᠴᠢ᠎ᠨᠢ ᠪᠠᠶ᠋ᠢᠭ᠎ᠠ ᠨᠢᠭᠡᠴᠢ ᠵᠢᠨ ᠵᠶ᠋ᠠᠨ ᠨᠠᠢ᠌ᠳᠠᠯᠭ᠎ᠠ ᠵᠢ ᠬᠦᠯᠢᠶᠡᠬᠦ ᠪᠤᠶᠤ ᠵᠢᠭ᠋ᠠᠨ ᠲᠤᠮᠢᠯᠠᠬᠤ᠎ᠪᠠᠷ ᠳᠣᠣᠷ᠎ᠠ ᠵᠢᠭᠰᠠᠭ᠋ᠠᠭᠰᠠᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠬᠢᠵᠦ ᠪᠣᠯᠤᠨ᠎ᠠ᠄
     (ᠨᠢᠭᠡ) ᠪᠠᠶ᠋ᠢᠭ᠎ᠠ ᠨᠢᠭᠡᠴᠢ ᠵᠢᠨ ᠴᠢᠬᠤᠯᠠ ᠶᠡᠬᠡ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ᠎ᠳᠤ ᠬᠠᠤᠯᠢ ᠴᠠᠭ᠋ᠠᠵᠠ ᠵᠢᠨ ᠰᠠᠨᠠᠯ ᠬᠠᠩᠭ᠋ᠠᠬᠤ;
     (ᠬᠣᠶᠠᠷ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠳᠦᠷᠢᠮ ᠲᠣᠭᠲᠠᠭ᠋ᠠᠯ᠎ᠤᠨ ᠲᠥᠰᠦᠯ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠥᠰᠦᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠦᠷᠭᠡᠵᠦ ᠬᠢᠨᠠᠭᠤᠯᠬᠤ ᠨᠤᠤᠷᠠᠭ᠎ᠢ ᠲᠤᠭᠤᠷᠪᠢᠨ ᠪᠢᠴᠢᠬᠦ᠂ ᠨᠤᠲᠠᠯᠠᠬᠤ᠎ᠳᠤ ᠤᠷᠤᠯᠴᠠᠬᠤ;
     (ᠭᠤᠷᠪᠠ) ᠬᠠᠮᠲᠤᠷᠠᠨ ᠠᠵᠢᠯᠯᠠᠬᠤ ᠲᠥᠷᠥᠯ ᠵᠦᠢ᠍ᠯ᠎ᠤᠨ ᠬᠡᠯᠡᠯᠴᠡᠭᠡᠷ᠂ ᠭᠠᠳᠠᠭᠰᠢ ᠳᠠᠭ᠋ᠠᠭ᠋ᠠᠴᠢᠯᠠᠯᠲᠠ ᠵᠠᠷᠯᠠᠬᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠤᠴᠢᠷ ᠶᠠᠪᠤᠳᠠᠯ᠎ᠳᠤ ᠣᠷᠣᠯᠴᠠᠵᠤ᠂ ᠴᠢᠬᠤᠯᠠ ᠬᠠᠤᠯᠢ ᠴᠠᠭ᠋ᠠᠵᠠ ᠵᠢᠨ ᠪᠢᠴᠢᠭ ᠬᠠᠷ᠎ᠠ ᠪᠤᠶᠤ ᠭᠡᠷ᠎ᠡ᠂ ᠬᠡᠯᠡᠯᠴᠡᠭᠡᠷ᠎ᠢ ᠲᠤᠭᠤᠷᠪᠢᠨ ᠪᠢᠴᠢᠬᠦ᠂ ᠵᠠᠰᠠᠪᠤᠷᠢ ᠣᠷᠣᠭᠤᠯᠬᠤ᠂ ᠬᠢᠨᠠᠨ ᠬᠠᠷᠭᠤᠭᠤᠯᠬᠤ;
     (ᠲᠦᠷᠪᠡ) ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ᠂ ᠵᠥᠷᠢᠴᠡᠯ᠎ᠢ ᠡᠶᠡᠳᠡᠭᠦᠯᠦᠨ ᠰᠢᠢ᠍ᠳᠪᠦᠷᠢᠯᠡᠬᠦ᠂ ᠬᠠᠤᠯᠢ ᠴᠠᠭ᠋ᠠᠵᠠ᠎ᠳᠤ ᠬᠣᠯᠪᠣᠭᠳᠠᠭᠰᠠᠨ ᠵᠠᠷᠭᠤ᠎ᠳᠤ ᠬᠣᠯᠪᠣᠭᠳᠠᠭᠰᠠᠨ ᠬᠡᠷᠡᠭ᠎ᠢ ᠰᠢᠢ᠍ᠳᠪᠦᠷᠢᠯᠡᠬᠦ᠂ ᠭᠡᠨᠡᠳᠲᠡ ᠡᠭᠦᠰᠦᠭᠰᠡᠨ ᠬᠡᠷᠡᠭ᠎ᠢ ᠰᠢᠢ᠍ᠳᠪᠦᠷᠢᠯᠡᠬᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠂ ᠤᠯᠤᠰ᠎ᠤᠨ ᠲᠥᠯᠥᠪᠦᠷᠢ ᠥᠭᠬᠦ ᠵᠡᠷᠭᠡ ᠠᠵᠢᠯ᠎ᠳᠤ ᠣᠷᠣᠯᠴᠠᠬᠤ;
     (ᠲᠠᠪᠤ) ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢ ᠬᠢᠨᠠᠨ ᠬᠠᠷᠭᠤᠭᠤᠯᠬᠤ᠂ ᠵᠠᠰᠠᠭ ᠵᠠᠬᠢᠷᠭ᠋ᠠᠨ᠎ᠤ ᠲᠠᠰᠤᠯᠤᠯᠲᠠ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠵᠡᠷᠭᠡ ᠠᠵᠢᠯ᠎ᠳᠤ ᠤᠷᠤᠯᠴᠠᠬᠤ;
     (ᠵᠢᠷᠭᠤᠭ᠎ᠠ) 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ ᠥᠷᠨᠢᠭᠦᠯᠬᠦ;
     (ᠲᠤᠯᠦᠭ᠎ᠠ) ᠢᠷᠭᠡᠨ᠎ᠤ ᠬᠡᠷᠡᠭ᠎ᠤᠨ ᠵᠠᠷᠭᠤᠯᠳᠤᠬᠤ ᠪᠠ ᠡᠶᠡᠳᠡᠭᠦᠯᠬᠦ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠬᠦ;
     (ᠨᠠᠢ᠍ᠮᠠ) ᠪᠠᠶ᠋ᠢᠭ᠎ᠠ ᠨᠢᠭᠡᠴᠢ ᠵᠢᠨ ᠨᠠᠶ᠋ᠢᠳᠠᠭᠰᠠᠨ ᠪᠤᠶᠤ ᠵᠢᠭ᠋ᠠᠨ ᠲᠣᠮᠢᠯᠠᠭᠰᠠᠨ ᠪᠤᠰᠤᠳ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠃
      ᠠᠷᠪᠠᠨ ᠵᠢᠷᠭᠤᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠬᠠᠤᠯᠢ ᠶᠣᠰᠣᠭ᠋ᠠᠷ ᠠᠭᠤᠯᠵᠠᠬᠤ᠂ ᠡᠪᠬᠡᠮᠡᠯ ᠦᠵᠡᠬᠦ᠂ ᠪᠠᠶ᠋ᠢᠴᠠᠭ᠋ᠠᠵᠤ ᠭᠡᠷᠡᠴᠢ ᠠᠪᠬᠤ ᠪᠠ ᠠᠰᠠᠭᠤᠬᠤ᠂ ᠲᠤᠯᠭ᠋ᠠᠨ ᠭᠡᠷᠡᠴᠢᠯᠡᠬᠦ᠂ ᠮᠠᠷᠭᠤᠯᠳᠤᠬᠤ᠂ ᠥᠮᠥᠭᠯᠡᠬᠦ ᠵᠡᠷᠭᠡ ᠡᠷᠬᠡ ᠵᠢ ᠡᠳ᠋ᠯᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠲᠠᠢ ᠬᠣᠯᠪᠣᠭᠳᠠᠬᠤ ᠮᠡᠳᠡᠭᠡ ᠵᠠᠩᠭᠢ᠂ ᠪᠢᠴᠢᠭ ᠮᠠᠲ᠋ᠧᠷᠢᠶᠠᠯ᠂ ᠮᠠᠲᠸᠷᠢᠶᠠᠯ ᠪᠠ ᠪᠤᠰᠤᠳ ᠡᠷᠬᠡᠪᠰᠢ ᠬᠢᠬᠦ ᠠᠵᠢᠯ᠎ᠤᠨ ᠡᠷᠬᠡ ᠲᠤᠰᠢᠶᠠᠯ᠂ ᠨᠥᠬᠥᠴᠡᠯ᠎ᠢ ᠤᠯᠬᠤ ᠡᠷᠬᠡ᠎ᠲᠠᠢ᠃
      ᠠᠯᠪᠠᠨ ᠲᠤᠰᠢᠶᠠᠯᠲᠤ ᠬᠠᠤᠯᠢᠴᠢ᠎ᠨᠢ ᠪᠠᠢ᠌ᠭ᠎ᠠ ᠨᠢᠭᠡᠴᠢ ᠵᠢᠨ ᠵᠶ᠋ᠠᠨ ᠬᠠᠮᠢᠶᠠᠷᠤᠯᠲᠠ᠂ ᠬᠢᠨᠠᠯᠲᠠ ᠵᠢ ᠬᠦᠢ᠍ᠯᠢᠶᠡᠵᠦ᠂ ᠨᠠᠶ᠋ᠢᠳᠠᠯᠭ᠎ᠠ ᠪᠤᠶᠤ ᠵᠢᠭ᠋ᠠᠨ ᠲᠤᠮᠢᠯᠠᠬᠤ ᠵᠢ ᠦᠨᠳᠦᠰᠦᠯᠡᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠵᠦ᠂ ᠲᠥᠯᠥᠪᠦᠷᠢ᠎ᠲᠠᠢ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠢᠵᠦ ᠪᠣᠯᠬᠤ ᠦᠭᠡᠶ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠲᠤᠰᠢᠶᠠᠯ ᠬᠠᠪᠰᠤᠷᠭ᠋ᠠᠨ ᠡᠭᠦᠷᠭᠡᠯᠡᠵᠦ ᠪᠣᠯᠬᠤ ᠦᠭᠡᠶ᠃
      ᠠᠯᠪᠠᠨ ᠲᠤᠰᠢᠶᠠᠯᠲᠤ ᠬᠠᠤᠯᠢᠴᠢ᠎ᠨᠢ ᠬᠠᠤᠯᠢᠴᠢ ᠵᠢᠨ ᠪᠡᠶ᠎ᠡ ᠭᠡᠮ ᠵᠶ᠋ᠠᠷ ᠪᠠᠶ᠋ᠢᠭ᠎ᠠ ᠨᠢᠭᠡᠴᠢ᠎ᠠᠴᠠ ᠭᠠᠳᠠᠨᠠᠬᠢ ᠵᠠᠷᠭᠤᠯᠳᠤᠭ᠋ᠠᠨ ᠪᠤᠶᠤ ᠵᠠᠷᠭᠤ ᠵᠢᠨ ᠪᠤᠰᠤ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠵᠦ ᠪᠣᠯᠬᠤ ᠦᠭᠡᠶ᠃
      ᠠᠷᠪᠠᠨ ᠳᠣᠯᠣᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠤᠯᠤᠰ᠎ᠤᠨ ᠬᠤᠯᠪᠤᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠵᠢᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠯᠪᠠᠨ ᠲᠤᠰᠢᠶᠠᠯᠲᠤ ᠬᠠᠤᠯᠢᠴᠢ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ ᠶᠠᠪᠤᠴᠠ᠂ ᠬᠠᠤᠯᠢ ᠴᠠᠭ᠋ᠠᠵᠠ ᠵᠢᠨ ᠰᠠᠨᠠᠯ ᠳᠤᠷᠠᠳᠬᠤ ᠵᠢ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠴᠢᠬᠤᠯᠠ ᠳᠡᠰ ᠳᠠᠷᠠᠭ᠋ᠠᠯᠠᠯ ᠪᠣᠯᠭ᠋ᠠᠨ᠎ᠠ᠃
      ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠴᠢᠬᠤᠯᠠ ᠶᠡᠬᠡ ᠤᠴᠢᠷ ᠶᠠᠪᠤᠳᠠᠯ᠎ᠢ ᠶᠠᠷᠢᠯᠴᠠᠵᠤ ᠲᠤᠭᠲᠠᠭ᠋ᠠᠬᠤ᠎ᠠᠴᠠ ᠡᠮᠦᠨ᠎ᠡ᠂ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠬᠡᠷᠡᠭᠲᠡᠢ᠃ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠶᠣᠰᠣᠲᠠᠶ ᠪᠠᠢ᠌ᠲᠠᠯ᠎ᠠ ᠰᠣᠨᠣᠰᠤᠭᠰᠠᠨ ᠦᠭᠡᠶ ᠤᠴᠢᠷ ᠶᠠᠪᠤᠳᠠᠯ ᠡᠰᠡᠬᠦᠯ᠎ᠡ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ᠎ᠳᠤ ᠨᠡᠶ᠋ᠢᠴᠡᠬᠦ ᠦᠭᠡᠶ ᠭᠡᠵᠦ ᠦᠵᠡᠭᠰᠡᠨ ᠤᠴᠢᠷ ᠶᠠᠪᠤᠳᠠᠯ᠎ᠢ ᠶᠠᠷᠢᠯᠴᠠᠭᠤᠯᠵᠤ᠂ ᠲᠣᠭᠲᠠᠭ᠋ᠠᠯ ᠭᠠᠷᠭ᠋ᠠᠭᠤᠯᠵᠤ ᠪᠣᠯᠬᠤ ᠦᠭᠡᠶ᠃
      ᠠᠯᠪᠠᠨ ᠲᠤᠰᠢᠶᠠᠯᠲᠤ ᠬᠠᠤᠯᠢᠴᠢ ᠵᠢᠨ ᠠᠵᠢᠯᠯᠠᠵᠤ ᠪᠠᠢ᠌ᠭ᠎ᠠ ᠨᠢᠭᠡᠴᠢ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠡᠬᠡ ᠨᠤᠤᠷᠠᠭ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠡᠬᠡ ᠨᠤᠤᠷᠠᠭ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠦᠷᠭᠡᠵᠦ ᠬᠢᠨᠠᠭᠤᠯᠬᠤ ᠡᠬᠡ ᠨᠤᠤᠷᠠᠭ᠎ᠢ ᠲᠤᠭᠤᠷᠪᠢᠨ ᠨᠤᠲᠠᠯᠠᠬᠤ᠎ᠳᠤ ᠠᠯᠪᠠᠨ ᠲᠤᠰᠢᠶᠠᠯᠲᠤ ᠬᠠᠤᠯᠢᠴᠢ ᠵᠢ ᠣᠷᠣᠯᠴᠠᠭᠤᠯᠬᠤ ᠪᠤᠶᠤ ᠲᠡᠭᠦᠨ᠎ᠤ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠠᠯᠪᠠᠨ ᠲᠤᠰᠢᠶᠠᠯᠲᠤ ᠬᠠᠤᠯᠢᠴᠢ ᠵᠢᠨ ᠴᠢᠬᠤᠯᠠ ᠬᠤᠷᠠᠯ᠎ᠳᠤ ᠰᠤᠯᠠ ᠣᠷᠣᠯᠴᠠᠬᠤ᠂ ᠪᠢᠴᠢᠭ ᠮᠠᠲᠸᠷᠢᠶᠠᠯ᠎ᠢ ᠪᠠᠶ᠋ᠢᠴᠠᠭ᠋ᠠᠨ ᠦᠵᠡᠬᠦ᠂ ᠬᠠᠤᠯᠢ ᠴᠠᠭ᠋ᠠᠵᠠ ᠵᠢᠨ ᠰᠠᠨᠠᠯ ᠭᠠᠷᠭ᠋ᠠᠬᠤ᠂ ᠬᠢᠨᠠᠨ ᠭᠠᠷ᠎ᠤᠨ ᠦᠰᠦᠭ ᠵᠢᠷᠤᠬᠤ ᠬᠠᠮᠢᠶ᠎ᠠ ᠪᠦᠬᠦᠢ ᠪᠢᠴᠢᠭ ᠬᠠᠷ᠎ᠠ ᠵᠢᠨ ᠠᠵᠢᠯ᠎ᠤᠨ ᠴᠤᠪᠤᠷᠠᠯ ᠪᠣᠯᠤᠨ ᠲᠥᠷᠢᠮ᠎ᠤᠨ ᠲᠤᠬᠢᠷᠠᠭᠤᠯᠤᠯᠳᠠ ᠵᠢ ᠪᠦᠷᠢᠨᠰᠢᠭᠦᠯᠵᠦ᠂ ᠴᠢᠬᠤᠯᠠ ᠪᠦᠬᠦᠢ ᠠᠵᠢᠯᠯᠠᠬᠤ ᠨᠥᠬᠥᠴᠡᠯ ᠪᠠ ᠵᠠᠷᠤᠳᠠᠯ᠎ᠤᠨ ᠳᠡᠮᠵᠢᠯᠭᠡ ᠬᠠᠩᠭ᠋ᠠᠵᠤ᠂ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠬᠤ ᠬᠡᠷᠡᠭᠲᠡᠢ᠃
      ᠠᠷᠪᠠ ᠶᠢᠰᠦᠳᠦᠭᠡᠷ ᠵᠦᠢ᠍ᠯ     ᠠᠯᠪᠠᠨ ᠲᠤᠰᠢᠶᠠᠯᠲᠤ ᠬᠠᠤᠯᠢᠴᠢ᠎ᠨᠢ ᠬᠠᠤᠯᠢᠴᠢ ᠵᠢᠨ ᠨᠡᠶ᠋ᠢᠭᠡᠮᠯᠢᠭ᠎ᠲᠤ ᠣᠷᠣᠵᠤ᠂ ᠭᠡᠰᠢᠭᠦᠨ᠎ᠤ ᠡᠷᠬᠡ ᠵᠢ ᠡᠳ᠋ᠯᠡᠵᠦ᠂ ᠭᠡᠰᠢᠭᠦᠨ᠎ᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠶ᠃
      ᠲᠥᠪ᠎ᠤᠨ ᠨᠠᠮ ᠵᠠᠰᠠᠭ᠎ᠤᠨ ᠪᠠᠶ᠋ᠢᠭᠤᠯᠭ᠎ᠠ ᠪᠠ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠤ ᠬᠠᠤᠯᠢᠴᠢ ᠪᠦᠬᠦ ᠤᠯᠤᠰ᠎ᠤᠨ ᠬᠠᠤᠯᠢᠴᠢ ᠵᠢᠨ ᠨᠡᠶ᠋ᠢᠭᠡᠮᠯᠢᠭ᠎ᠲᠤ ᠣᠷᠣᠪᠠ᠃
      ᠥᠪᠡᠷᠲᠡᠭᠡᠨ ᠵᠠᠰᠠᠬᠤ ᠣᠷᠣᠨ᠎ᠤ ᠳᠡᠰ ᠵᠢᠴᠢ ᠲᠡᠭᠦᠨ᠎ᠠᠴᠠ ᠳᠣᠷᠣᠭᠰᠢᠬᠢ ᠨᠠᠮ ᠵᠠᠰᠠᠭ᠎ᠤᠨ ᠪᠠᠶ᠋ᠢᠭᠤᠯᠭ᠎ᠠ ᠪᠣᠯᠤᠨ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠤ ᠬᠠᠤᠯᠢᠴᠢ᠂ ᠲᠥᠪ᠎ᠤᠨ ᠨᠠᠮ ᠵᠠᠰᠠᠭ᠎ᠤᠨ ᠪᠠᠢ᠌ᠭᠤᠯᠭ᠎ᠠ ᠪᠣᠯᠤᠨ ᠠᠷᠠᠳ᠎ᠤᠨ ᠪᠦᠯᠬᠦᠮ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠰᠢᠭᠤᠳ ᠬᠠᠷᠢᠶ᠎ᠠ ᠬᠠᠮᠢᠶᠠᠷᠤᠯᠲᠠ ᠵᠢᠨ ᠨᠢᠭᠡᠴᠢ ᠪᠣᠯᠤᠨ ᠲᠤᠮᠢᠯᠠᠨ ᠰᠠᠭᠤᠯᠭ᠋ᠠᠭᠰᠠᠨ ᠨᠢᠭᠡᠴᠢ ᠵᠢᠨ ᠠᠯᠪᠠᠨ ᠲᠤᠰᠢᠶᠠᠯᠲᠤ ᠬᠠᠤᠯᠢᠴᠢ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠢ᠌ᠭᠡᠮᠯᠢᠭ᠎ᠲᠤ ᠤᠷᠤᠵᠤ᠂ ᠠᠶ᠋ᠢᠮᠠᠭ ᠬᠣᠲᠠ᠎ᠠᠴᠠ ᠳᠣᠷᠣᠭᠰᠢᠬᠢ ᠨᠠᠮ ᠵᠠᠰᠠᠭ᠎ᠤᠨ ᠪᠠᠢ᠌ᠭᠤᠯᠭ᠎ᠠ ᠪᠣᠯᠤᠨ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠤ ᠬᠠᠤᠯᠢᠴᠢ᠎ᠨᠢ ᠠᠶ᠋ᠢᠮᠠᠭ ᠬᠣᠲᠠ ᠵᠢᠨ ᠬᠠᠤᠯᠢᠴᠢ ᠵᠢᠨ ᠨᠡᠶ᠋ᠢᠭᠡᠮᠯᠢᠭ᠎ᠲᠤ ᠤᠷᠤᠨ᠎ᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠶ᠋ᠢᠭᠡᠮᠯᠢᠭ᠎ᠤᠨ ᠭᠡᠰᠢᠭᠦᠨ ᠪᠣᠯᠤᠨ᠎ᠠ᠃ ᠠᠯᠪᠠᠨ ᠲᠤᠰᠢᠶᠠᠯᠲᠤ ᠬᠠᠤᠯᠢᠴᠢ ᠵᠢᠨ ᠨᠡᠢ᠌ᠭᠡᠮᠯᠢᠭ᠎ᠤᠨ ᠰᠦᠢ᠍ᠳᠬᠡᠯ᠎ᠢ ᠪᠠᠶ᠋ᠢᠭ᠎ᠠ ᠨᠢᠭᠡᠴᠢ᠎ᠠᠴᠠ ᠡᠭᠦᠷᠭᠡᠯᠡᠨ᠎ᠡ᠃

ᠳᠥᠷᠪᠡᠳᠦᠭᠡᠷ ᠪᠦᠯᠦᠭ     ᠬᠢᠨᠠᠯᠲᠠ ᠲᠠᠯᠪᠢᠬᠤ ᠪᠠ ᠬᠠᠮᠢᠶᠠᠷᠬᠤ

      ᠬᠣᠷᠢᠳᠤᠭ᠋ᠠᠷ ᠵᠦᠢ᠍ᠯ     ᠨᠠᠮ ᠵᠠᠰᠠᠭ᠎ᠤᠨ ᠪᠠᠢ᠌ᠭᠤᠯᠭ᠎ᠠ ᠪᠣᠯᠤᠨ ᠠᠷᠠᠳ᠎ᠤᠨ ᠪᠦᠯᠬᠦᠮ᠎ᠤᠳ ᠲᠤᠰ ᠨᠢᠭᠡᠴᠢ ᠵᠢᠨ ᠵᠶ᠋ᠠᠨ ᠠᠯᠪᠠᠨ ᠲᠤᠰᠢᠶᠠᠯᠲᠤ ᠬᠠᠤᠯᠢᠴᠢ ᠵᠢ ᠰᠢᠯᠢᠨ ᠰᠣᠩᠭᠣᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ᠃
      ᠬᠣᠷᠢᠨ ᠨᠢᠭᠡᠳᠦᠭᠡᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ ᠵᠢᠨ ᠬᠠᠤᠯᠢ ᠴᠠᠭ᠋ᠠᠵᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠭ᠎ᠠ ᠰᠠᠯᠠᠭ᠎ᠠ ᠮᠥᠴᠢᠷ᠎ᠨᠢ ᠲᠤᠰ ᠨᠢᠭᠡᠴᠢ ᠵᠢᠨ ᠵᠶ᠋ᠠᠨ ᠠᠯᠪᠠᠨ ᠲᠤᠰᠢᠶᠠᠯᠲᠤ ᠬᠠᠤᠯᠢᠴᠢ ᠵᠢᠨ ᠡᠳᠦᠷ ᠲᠤᠲᠤᠮ᠎ᠤᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠡᠭᠦᠷᠭᠡᠯᠡᠵᠦ᠂ ᠬᠡᠷᠡᠭᠡᠭᠡ᠎ᠪᠠᠨ ᠦᠨᠳᠦᠰᠦᠯᠡᠨ ᠲᠤᠰ ᠨᠢᠭᠡᠴᠢ ᠵᠢᠨ ᠵᠶ᠋ᠠᠨ ᠠᠯᠪᠠᠨ ᠲᠤᠰᠢᠶᠠᠯᠲᠤ ᠬᠠᠤᠯᠢᠴᠢ ᠵᠢ ᠨᠢᠭᠡᠳᠦᠯᠲᠡᠶ ᠲᠦᠯᠦᠪᠯᠡᠨ ᠰᠢᠯᠵᠢᠭᠦᠯᠦᠨ ᠲᠣᠬᠢᠷᠠᠭᠤᠯᠬᠤ ᠪᠠ ᠬᠡᠷᠡᠭᠯᠡᠵᠦ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠲᠣᠮᠢᠯᠠᠬᠤ᠂ ᠳᠠᠭ᠋ᠠᠭ᠋ᠠᠨ ᠭᠦᠢ᠍ᠴᠡᠳᠬᠡᠬᠦ᠂ ᠬᠠᠷᠢᠭᠤ ᠲᠤᠰᠬᠠᠬᠤ᠂ ᠰᠢᠮᠳᠠᠭᠤᠯᠤᠨ ᠭᠦᠢ᠍ᠴᠡᠳᠬᠡᠬᠦ ᠵᠡᠷᠭᠡ ᠠᠵᠢᠯ᠎ᠤᠨ ᠴᠤᠪᠤᠷᠠᠯ᠎ᠢ ᠲᠣᠭᠲᠠᠭ᠋ᠠᠬᠤ ᠵᠢᠨ ᠬᠠᠮᠲᠤ ᠲᠡᠭᠦᠯᠳᠡᠷᠵᠢᠭᠦᠯᠬᠦ ᠬᠡᠷᠡᠭᠲᠡᠶ᠃
      ᠨᠠᠮ ᠵᠠᠰᠠᠭ᠎ᠤᠨ ᠪᠠᠢ᠌ᠭᠤᠯᠭ᠎ᠠ ᠪᠣᠯᠤᠨ ᠠᠷᠠᠳ᠎ᠤᠨ ᠪᠦᠯᠬᠦᠮ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠲᠤᠰ ᠰᠢᠰᠲ᠋ᠧᠮ᠎ᠤᠨ ᠵᠶ᠋ᠠᠨ ᠠᠯᠪᠠᠨ ᠲᠤᠰᠢᠶᠠᠯᠲᠤ ᠬᠠᠤᠯᠢᠴᠢ ᠵᠢᠨ ᠠᠵᠢᠯ᠎ᠤᠨ ᠨᠢᠭᠡᠳᠦᠯᠲᠡᠶ ᠵᠢᠯᠣᠭᠣᠳᠬᠤ ᠪᠠ ᠬᠠᠮᠢᠶᠠᠷᠬᠤ᠎ᠪᠠᠨ ᠴᠢᠩᠭ᠋ᠠᠳᠬᠠᠵᠤ᠂ ᠬᠠᠷᠢᠶ᠎ᠠ ᠪᠦᠬᠦᠢ ᠡᠯ᠎ᠡ ᠨᠢᠭᠡᠴᠢ ᠵᠢᠨ ᠬᠣᠭᠣᠷᠣᠨᠳᠣ ᠠᠯᠪᠠᠨ ᠲᠤᠰᠢᠶᠠᠯᠲᠤ ᠬᠠᠤᠯᠢᠴᠢ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠬᠡᠷᠡᠭᠯᠡᠬᠦ ᠬᠡᠷᠡᠭᠲᠡᠶ᠃
      ᠠᠯᠪᠠᠨ ᠲᠤᠰᠢᠶᠠᠯᠲᠤ ᠬᠠᠤᠯᠢᠴᠢ᠎ᠨᠢ ᠬᠠᠤᠯᠢᠴᠢ ᠵᠢᠨ ᠬᠤᠪᠢ᠎ᠪᠠᠷ ᠠᠵᠢᠯᠯᠠᠵᠤ ᠪᠠᠢ᠌ᠭ᠎ᠠ ᠨᠢᠭᠡᠴᠢ᠎ᠪᠠᠨ ᠲᠥᠯᠥᠭᠡᠯᠡᠨ ᠵᠠᠷᠭᠤᠯᠳᠤᠬᠤ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ ᠴᠠᠭ᠋ᠠᠵᠠ ᠵᠢᠨ ᠠᠵᠢᠯ ᠬᠢᠬᠦ ᠦᠶᠡᠰ᠂ ᠰᠢᠯᠵᠢᠭᠦᠯᠦᠨ ᠲᠣᠬᠢᠷᠠᠭᠤᠯᠬᠤ ᠪᠠ ᠬᠡᠷᠡᠭᠯᠡᠬᠦ ᠵᠢ ᠬᠠᠷᠢᠭᠤᠴᠠᠬᠤ ᠨᠢᠭᠡᠴᠢ᠎ᠨᠢ ᠬᠡᠷᠡᠭᠴᠡᠭᠡ᠎ᠪᠠᠨ ᠦᠨᠳᠦᠰᠦᠯᠡᠨ ᠲᠡᠭᠦᠨ᠎ᠳᠤ ᠨᠠᠶ᠋ᠢᠳᠠᠯᠭ᠎ᠠ ᠵᠢᠨ ᠠᠯᠪᠠᠨ ᠵᠠᠬᠢᠳᠠᠯ ᠪᠢᠴᠢᠵᠦ ᠥᠭᠬᠦ ᠬᠡᠷᠡᠭᠲᠡᠶ᠃
      ᠬᠣᠷᠢᠨ ᠬᠣᠶᠠᠳᠤᠭ᠋ᠠᠷ ᠵᠦᠢ᠍ᠯ     ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠎ᠲᠠᠢ ᠬᠠᠮᠲᠤᠷᠠᠨ ᠠᠯᠪᠠᠨ ᠲᠤᠰᠢᠶᠠᠯᠲᠤ ᠬᠠᠤᠯᠢᠴᠢ ᠵᠢᠨ ᠳᠠᠩᠰᠠ ᠡᠪᠬᠡᠮᠡᠯ ᠪᠠᠢ᠌ᠭᠤᠯᠵᠤ᠂ ᠠᠯᠪᠠᠨ ᠲᠤᠰᠢᠶᠠᠯᠲᠤ ᠬᠠᠤᠯᠢᠴᠢ ᠵᠢᠨ ᠣᠨ᠎ᠤ ᠬᠢᠨᠠᠨ ᠰᠢᠯᠭ᠋ᠠᠯᠲᠠ᠂ ᠬᠥᠬᠢᠭᠦᠯᠦᠨ ᠱᠠᠩᠨᠠᠬᠤ᠂ ᠵᠠᠯᠬᠠᠭ᠋ᠠᠨ ᠴᠡᠭᠡᠷᠯᠡᠭᠦᠯᠬᠦ᠂ ᠪᠣᠯᠪᠠᠰᠤᠷᠠᠭᠤᠯᠤᠯ᠎ᠳᠤ ᠣᠷᠣᠯᠴᠠᠬᠤ ᠵᠡᠷᠭᠡ ᠪᠠᠶ᠋ᠢᠳᠠᠯ᠎ᠢ ᠳᠠᠩᠰᠠ ᠡᠪᠬᠡᠮᠡᠯ᠎ᠳᠤ ᠲᠡᠮᠳᠡᠭᠯᠡᠨ ᠣᠷᠣᠭᠤᠯᠬᠤ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠎ᠨᠢ ᠲᠤᠰ ᠨᠢᠭᠡᠴᠢ ᠵᠢᠨ ᠠᠯᠪᠠᠨ ᠲᠤᠰᠢᠶᠠᠯᠲᠤ ᠬᠠᠤᠯᠢᠴᠢ᠎ᠳᠤ ᠤᠨ ᠬᠢᠨᠠᠨ ᠰᠢᠯᠭ᠋ᠠᠯᠲᠠ ᠬᠢᠵᠦ᠂ ᠲᠡᠭᠦᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠠᠵᠢᠯ ᠮᠡᠷᠭᠡᠵᠢᠯ᠎ᠤᠨ ᠶᠣᠰᠣ ᠮᠣᠷᠠᠯ᠎ᠢ ᠵᠢᠷᠤᠮᠯᠠᠭᠰᠠᠨ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠬᠠᠤᠯᠢ ᠴᠠᠭ᠋ᠠᠵᠠ ᠵᠢᠨ ᠠᠵᠢᠯ᠎ᠢ ᠡᠷᠬᠢᠯᠡᠭᠰᠡᠨ ᠲᠣᠭ᠎ᠠ ᠬᠡᠮᠵᠢᠶ᠎ᠡ ᠪᠣᠯᠤᠨ ᠶᠠᠰᠤ ᠴᠢᠨᠠᠷ ᠵᠡᠷᠭᠡ ᠲᠠᠯ᠎ᠠ ᠵᠢᠨ ᠪᠠᠶ᠋ᠢᠳᠠᠯ᠎ᠢ ᠭᠣᠤᠯᠳᠠᠯᠭ᠎ᠠ᠎ᠲᠠᠢ ᠬᠢᠨᠠᠨ ᠰᠢᠯᠭ᠋ᠠᠵᠤ᠂ ᠲᠤᠰᠢᠶᠠᠯ᠎ᠳᠤ᠎ᠪᠠᠨ ᠳᠣᠭᠢᠷᠬᠠᠰᠠᠨ᠂ ᠦᠨᠳᠦᠰᠦᠨ᠎ᠳᠤ᠎ᠪᠠᠨ ᠲᠤᠰᠢᠶᠠᠯ᠎ᠳᠤ᠎ᠪᠠᠨ ᠳᠣᠭᠢᠷᠬᠠᠰᠠᠨ ᠪᠤᠶᠤ ᠲᠤᠰᠢᠶᠠᠯ᠎ᠳᠤ᠎ᠪᠠᠨ ᠦᠯᠦ ᠬᠢᠷᠢ ᠲᠡᠩᠴᠡᠭᠰᠡᠨ ᠬᠢᠨᠠᠨ ᠰᠢᠯᠭ᠋ᠠᠯᠲᠠ ᠵᠢᠨ ᠵᠡᠷᠭᠡ ᠲᠠᠰ᠎ᠤᠨ ᠰᠠᠨᠠᠯ ᠳᠤᠷᠠᠳᠬᠤ ᠵᠢᠨ ᠬᠠᠮᠲᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃
      ᠬᠣᠷᠢᠨ ᠳᠥᠷᠪᠡᠳᠦᠭᠡᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠶ᠋ᠢᠭᠡᠮᠯᠢᠭ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠲᠥᠷᠢᠮ ᠪᠠᠢ᠌ᠭᠤᠯᠵᠤ᠂ ᠠᠯᠪᠠᠨ ᠲᠤᠰᠢᠶᠠᠯᠲᠤ ᠬᠠᠤᠯᠢᠴᠢ ᠵᠢᠨ ᠪᠣᠯᠪᠠᠰᠤᠷᠠᠭᠤᠯᠤᠯ᠎ᠤᠨ ᠲᠥᠯᠥᠪᠯᠡᠭᠡ ᠲᠣᠭᠲᠠᠭ᠋ᠠᠵᠤ᠂ ᠠᠯᠪᠠᠨ ᠲᠤᠰᠢᠶᠠᠯᠲᠤ ᠬᠠᠤᠯᠢᠴᠢ᠎ᠳᠤ ᠲᠥᠷᠥ ᠵᠢᠨ ᠪᠣᠳᠣᠯᠭ᠎ᠠ ᠵᠢᠨ ᠣᠨᠣᠯ᠎ᠤᠨ ᠪᠣᠯᠪᠠᠰᠤᠷᠠᠭᠤᠯᠤᠯ ᠪᠣᠯᠤᠨ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ ᠦᠷᠨᠢᠭᠦᠯᠬᠦ ᠬᠡᠷᠡᠭᠲᠡᠢ᠃
      ᠬᠣᠷᠢᠨ ᠲᠠᠪᠤᠳᠤᠭ᠋ᠠᠷ ᠵᠦᠢ᠍ᠯ     ᠠᠯᠪᠠᠨ ᠲᠤᠰᠢᠶᠠᠯᠲᠤ ᠬᠠᠤᠯᠢᠴᠢ ᠵᠢᠨ ᠪᠠᠶ᠋ᠢᠭ᠎ᠠ ᠨᠢᠭᠡᠴᠢ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠶ᠋ᠢᠭᠡᠮᠯᠢᠭ᠎ᠨᠢ ᠠᠯᠪᠠᠨ ᠲᠤᠰᠢᠶᠠᠯᠲᠤ ᠬᠠᠤᠯᠢᠴᠢ ᠵᠢ ᠬᠥᠬᠢᠭᠦᠯᠦᠨ ᠰᠠᠢ᠌ᠰᠢᠶᠠᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠠᠵᠢᠯᠴᠢ ᠬᠢᠴᠢᠶᠡᠩᠭᠦᠶ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠢᠯᠡᠷᠡᠯ᠎ᠨᠢ ᠰᠢᠯᠢᠳᠡᠭ᠂ ᠬᠤᠪᠢ ᠨᠡᠮᠡᠷᠢ᠎ᠨᠢ ᠳᠤᠪᠤᠢ᠌ᠮ᠎ᠠ ᠠᠯᠪᠠᠨ ᠲᠤᠰᠢᠶᠠᠯᠲᠤ ᠬᠠᠤᠯᠢᠴᠢ ᠵᠢ ᠬᠥᠬᠢᠭᠦᠯᠦᠨ ᠰᠠᠶ᠋ᠢᠰᠢᠶᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ᠂ ᠲᠡᠷᠢᠭᠦᠨ᠎ᠤ᠎ᠬᠢ ᠵᠢ ᠰᠢᠯᠭ᠋ᠠᠷᠠᠭᠤᠯᠤᠨ ᠰᠢᠯᠢᠳᠡᠭ᠎ᠢ ᠰᠢᠯᠭ᠋ᠠᠷᠠᠭᠤᠯᠬᠤ᠂ ᠴᠢᠳᠠᠪᠤᠷᠢᠲᠠᠨ᠎ᠢ ᠪᠠᠲᠤᠯᠠᠨ ᠲᠠᠨᠢᠯᠴᠠᠭᠤᠯᠬᠤ᠂ ᠺᠠᠳ᠋ᠷ᠎ᠢ ᠰᠢᠯᠢᠨ ᠳᠡᠪᠰᠢᠭᠦᠯᠬᠦ ᠵᠡᠷᠭᠡ ᠲᠠᠯ᠎ᠠ᠎ᠪᠠᠷ ᠤᠷᠮᠠᠰᠢᠭᠤᠯᠬᠤ ᠬᠡᠷᠡᠭᠲᠡᠶ᠃

ᠲᠠᠪᠤᠳᠤᠭ᠋ᠠᠷ ᠪᠦᠯᠦᠭ     ᠳᠠᠭ᠋ᠠᠯᠳᠤᠭᠤᠯᠤᠯ ᠳᠦᠷᠢᠮ

      ᠬᠣᠷᠢᠨ ᠵᠢᠷᠭᠤᠳᠤᠭ᠋ᠠᠷ ᠵᠦᠢ᠍ᠯ     ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠲᠠᠢ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠵᠣᠬᠢᠶᠠᠨ ᠪᠠᠶ᠋ᠢᠭᠤᠯᠤᠯᠲᠠ᠂ ᠲᠤᠰ ᠠᠷᠭ᠎ᠠ᠎ᠪᠠᠷ ᠯᠠᠪᠯᠠᠯᠲᠠ ᠪᠣᠯᠭ᠋ᠠᠨ ᠠᠯᠪᠠᠨ ᠲᠤᠰᠢᠶᠠᠯᠲᠤ ᠬᠠᠤᠯᠢᠴᠢ ᠭᠠᠷᠭ᠋ᠠᠵᠤ ᠪᠣᠯᠤᠨ᠎ᠠ᠃
      ᠬᠣᠷᠢᠨ ᠳᠣᠯᠣᠳᠤᠭ᠋ᠠᠷ ᠵᠦᠢ᠍ᠯ     ᠲᠣᠰ ᠬᠡᠷᠡᠭᠵᠢᠭᠦᠯᠬᠦ ᠠᠷᠭ᠎ᠠ ᠵᠢ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠬᠣᠷᠢᠨ ᠨᠠᠢ᠍ᠮᠠᠳᠤᠭ᠋ᠠᠷ ᠵᠦᠢ᠍ᠯ     ᠲᠤᠰ ᠠᠷᠭ᠎ᠠ ᠵᠢ 2019 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠠᠯᠪᠠᠨ ᠲᠤᠰᠢᠶᠠᠯᠲᠤ ᠬᠠᠤᠯᠢᠴᠢ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ》 ᠵᠢ ᠬᠠᠮᠲᠤ᠎ᠳᠤ᠎ᠨᠢ ᠬᠦᠴᠦᠨ ᠦᠭᠡᠶ ᠪᠣᠯᠭ᠋ᠠᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠥᠩᠭᠡᠷᠡᠭᠡᠭᠰᠡᠨ᠎ᠳᠤ ᠳᠠᠷᠤᠮᠠᠯᠯᠠᠨ ᠲᠠᠷᠬᠠᠭ᠋ᠠᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠲᠣᠭᠲᠠᠭ᠋ᠠᠯ᠎ᠨᠢ ᠲᠤᠰ ᠠᠷᠭ᠎ᠠ᠎ᠲᠠᠢ ᠨᠢᠭᠡᠳᠦᠯ ᠦᠭᠡᠢ ᠵᠢ ᠲᠤᠰ ᠠᠷᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            