ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2021-11-22

     7 ᠰᠠᠷ᠎ᠠ ᠵᠢᠨ 26᠎ᠤ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ᠎ᠨᠢ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ 2021 ᠣᠨ᠎ᠤ 8 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠥᠪᠥᠷ ᠮᠣᠩᠭᠣᠯ᠎ᠤᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠳᠠᠷᠤᠭ᠎ᠠ ᠵᠢᠨ ᠮᠠᠨ ᠢ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ ᠢᠯᠡᠷᠬᠡᠢ᠌ᠯᠡᠭᠰᠡᠨ᠎ᠨᠢ᠂ 2020 ᠣᠨ᠎ᠳᠤ ᠥᠪᠥᠷ ᠮᠣᠩᠭᠣᠯ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 2183 . 9 ᠲᠦᠮᠡ᠎ᠳᠤ ᠬᠦᠷᠴᠦ᠂ ᠳᠠᠭ᠋ᠠᠳᠬᠠᠯ᠎ᠳᠤ ᠣᠷᠣᠯᠴᠠᠭᠰᠠᠨ ᠬᠠᠮᠤᠷᠬᠤ ᠬᠡᠪᠴᠢᠶ᠎ᠡ 95 %᠎ᠠᠴᠠ ᠳᠡᠭᠡᠭᠰᠢ᠎ᠳᠤ ᠲᠣᠭᠲᠠᠪᠤᠷᠢᠵᠢᠪᠠ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ (ᠦᠷᠡᠵᠢᠯ᠎ᠤᠨ ᠳᠠᠭ᠋ᠠᠳᠬᠠᠯ᠎ᠢ ᠪᠠᠭᠲᠠᠭ᠋ᠠᠨ᠎ᠠ) ᠵᠢᠨ ᠪᠦᠬᠦ ᠣᠷᠣᠯᠭ᠎ᠠ 396 . 8 ᠳ᠋ᠦᠩᠰᠢᠭᠤᠷ ᠲᠥᠭᠥᠷᠢᠭ᠎ᠲᠤ ᠬᠦᠷᠴᠦ᠂ ᠪᠦᠬᠦ ᠵᠠᠷᠤᠯᠭ᠎ᠠ 310 . 1 ᠳ᠋ᠦᠩᠰᠢᠭᠤᠷ ᠲᠥᠭᠥᠷᠢᠭ᠎ᠲᠤ ᠬᠦᠷᠴᠡᠢ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ ᠶᠡᠷᠦᠩᠬᠡᠶ᠎ᠳᠤ᠎ᠪᠠᠨ ᠲᠣᠭᠲᠠᠭᠤᠨ ᠪᠠᠢ᠌ᠬᠤ ᠪᠣᠯᠪᠠᠴᠤ ᠡᠯ᠎ᠡ ᠭᠠᠵᠠᠷ᠎ᠤᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ ᠲᠡᠩᠴᠡᠭᠦᠷᠢ ᠥᠬᠡᠶ᠂ ᠦᠷᠭᠦᠯᠵᠢᠯᠡᠬᠦ ᠴᠢᠳᠠᠪᠤᠷᠢ ᠴᠢᠩᠭ᠎ᠠ ᠪᠢᠰᠢ ᠪᠠᠢ᠌ᠨ᠎ᠠ ᠭᠡᠪᠡ᠃
     《ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠲᠤᠷᠭ᠋ᠠᠨ ᠠᠪᠬᠤ᠂ ᠮᠡᠬᠡᠯᠡᠨ ᠠᠪᠬᠤ ᠡᠯ᠎ᠡ ᠲᠥᠷᠥᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠢ᠌ᠨ ᠳᠠᠬᠢᠨ ᠭᠠᠷᠴᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠠᠢ᠌ᠳᠠᠯ ᠨᠡᠯᠢᠶᠡᠳ ᠣᠯᠠᠨ ᠪᠠᠢ᠌ᠵᠤ᠂ ᠳᠠᠭ᠋ᠠᠳᠬᠠᠯ᠎ᠢ ᠮᠡᠬᠡᠯᠡᠨ ᠠᠪᠬᠤ ᠦᠢᠯᠡ ᠠᠵᠢᠯᠯᠠᠭ᠎ᠠ ᠨᠡᠯᠢᠶᠡᠳ ᠲᠦᠭᠡᠮᠡᠯ ᠣᠷᠣᠰᠢᠵᠤ᠂ ᠰᠠᠭᠤᠷᠢ ᠮᠥᠩᠭᠥ ᠵᠢᠨ ᠬᠡᠷᠡᠭᠯᠡᠯᠲᠡ ᠵᠢᠷᠤᠮᠵᠢᠯ ᠥᠬᠡᠶ᠂ ᠬᠡᠷᠡᠭᠯᠡᠯᠲᠡ ᠵᠢᠨ ᠦᠷ᠎ᠡ ᠪᠦᠲᠦᠮᠵᠢ ᠥᠨᠳᠥᠷ ᠪᠢᠰᠢ ᠪᠠᠢ᠌ᠨ᠎ᠠ》 ᠭᠡᠵᠦ ᠵᠢᠨ ᠮᠠᠨ ᠢ ᠬᠡᠯᠡᠪᠡ᠃
     2018 ᠣᠨ᠎ᠠᠴᠠ ᠨᠠᠭ᠋ᠠᠰᠢ᠂ ᠡᠮᠴᠢᠯᠡᠭᠡᠨ᠎ᠤ ᠳᠠᠭ᠋ᠠᠳᠬᠠᠯ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠬᠠᠮᠲᠤᠷᠠᠨ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠵᠠᠰᠠᠵᠤ᠂ ᠥᠪᠥᠷ ᠮᠣᠩᠭᠣᠯ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ ᠵᠢ ᠨᠡᠢ᠌ᠲᠡ 3 . 72 ᠲᠦᠮᠡᠨ ᠡᠷᠦᠬᠡ ᠤᠳᠠᠭ᠎ᠠ ᠪᠠᠢ᠌ᠴᠠᠭ᠋ᠠᠵᠤ᠂ 1 . 39 ᠲᠦᠮᠡᠨ ᠡᠷᠦᠬᠡ ᠤᠳᠠᠭ᠎ᠠ ᠪᠠᠢ᠌ᠴᠠᠭ᠋ᠠᠨ ᠰᠢᠢᠳᠪᠦᠷᠢᠯᠡᠪᠡ᠂ ᠡᠭᠦᠨ᠎ᠳᠤ ᠬᠡᠯᠡᠯᠴᠡᠭᠡᠷ᠎ᠢ 1548 ᠲᠦᠷ ᠵᠣᠭᠰᠣᠭ᠋ᠠᠵᠤ᠂ ᠬᠡᠯᠡᠯᠴᠡᠭᠡᠷ᠎ᠢ 175 ᠬᠦᠴᠦᠨ ᠥᠬᠡᠶ ᠪᠣᠯᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ 11 . 57 ᠳ᠋ᠦᠩᠰᠢᠭᠤᠷ ᠲᠥᠭᠥᠷᠢᠭ ᠨᠡᠬᠡᠮᠵᠢᠯᠡᠨ ᠠᠪᠴᠢᠷᠠᠪᠠ᠃
      ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ ᠵᠢᠨ ᠲᠠᠨᠢᠯᠴᠠᠭᠤᠯᠤᠭᠰᠠᠨ ᠵᠶ᠋ᠠᠷ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠠᠷᠭ᠎ᠠ ᠪᠠᠷᠢᠯ ᠵᠶ᠋ᠠᠷ ᠰᠠᠭᠤᠷᠢ ᠮᠥᠩᠭᠥ ᠵᠢᠨ ᠠᠮᠤᠷ ᠲᠦᠪᠰᠢᠨ ᠠᠵᠢᠯᠯᠠᠭ᠋ᠠᠨ᠎ᠢ ᠪᠠᠲᠤᠯᠠᠵᠤ᠂ ᠠᠷᠠᠳ ᠢᠷᠭᠡᠳ᠎ᠤᠨ ᠡᠮ ᠡᠮᠨᠡᠯᠭᠡ ᠵᠢᠨ ᠪᠠᠲᠤᠯᠠᠭ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ᠂ 《ᠠᠷᠭ᠎ᠠ》 ᠵᠢ ᠵᠢᠩᠬᠢᠨᠢ᠎ᠪᠠᠷ ᠨᠡᠢ᠌ᠲᠡᠯᠡᠵᠦ᠂ ᠡᠨᠡ ᠵᠢᠯ᠎ᠤᠨ 8 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ᠂ 《ᠠᠷᠭ᠎ᠠ》᠎ᠨᠢ ᠨᠡᠢ᠌ᠲᠡ 28 ᠵᠦᠢᠯ ᠪᠠᠢ᠌ᠵᠤ᠂ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢᠴᠡᠳᠬᠡᠬᠦ ᠪᠠᠢ᠌ᠭᠤᠯᠤᠮᠵᠢ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠌ᠭᠤᠯᠤᠮᠵᠢ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠵᠢ ᠵᠢᠷᠤᠮᠵᠢᠭᠤᠯᠵᠤ᠂ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ᠎ᠳᠤ ᠣᠷᠣᠯᠴᠠᠬᠤ ᠵᠢ ᠵᠣᠷᠢᠭᠵᠢᠭᠤᠯᠤᠨ ᠳᠡᠮᠵᠢᠵᠦ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠪᠠᠲᠤᠯᠠᠨ᠂ ᠠᠷᠠᠳ ᠢᠷᠭᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠪᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            