ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ 8 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2021-11-22

     7 ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠰᠤᠷᠪᠤᠯᠵᠢᠯᠠᠭᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢᠨ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ᠎ᠨᠢ᠂ 《ᠬᠠᠮᠢᠶᠠᠷᠤᠯᠲᠠ ᠵᠢᠨ ᠠᠷᠭ᠎ᠠ》 ᠵᠢ 8 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
     《ᠬᠠᠮᠢᠶᠠᠷᠤᠯᠲᠠ ᠵᠢᠨ ᠠᠷᠭ᠎ᠠ》᠎ᠨᠢ ᠨᠡᠢ᠌ᠲᠡ ᠬᠣᠷᠢᠨ ᠨᠠᠢᠮᠠᠨ ᠵᠦᠢᠯ ᠪᠠᠢ᠌ᠵᠤ᠂ ᠭᠣᠤᠯᠳᠠᠭᠤ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠂ ᠪᠠᠢ᠌ᠴᠠᠭ᠋ᠠᠬᠤ ᠠᠷᠭ᠎ᠠ ᠬᠡᠯᠪᠡᠷᠢ᠂ ᠬᠢᠨᠠᠨ ᠬᠠᠮᠢᠶᠠᠷᠬᠤ ᠲᠣᠭᠲᠠᠴᠠ ᠵᠢᠴᠢ ᠵᠠᠭᠤᠴᠢᠯᠠᠭᠤᠷ᠎ᠤᠨ ᠤᠬᠠᠭᠤᠯᠭ᠎ᠠ ᠵᠢᠨ ᠲᠤᠬᠠᠶ ᠲᠣᠭᠲᠠᠭ᠋ᠠᠯ ᠭᠠᠷᠭ᠋ᠠᠵᠠᠶ᠃
     《ᠬᠠᠮᠢᠶᠠᠷᠤᠯᠲᠠ ᠵᠢᠨ ᠠᠷᠭ᠎ᠠ》᠎ᠳᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢ ᠬᠡᠷᠡᠭᠯᠡᠬᠦ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ ᠭᠡᠵᠦ ᠲᠣᠭᠲᠠᠭ᠋ᠠᠪᠠ᠃ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢᠴᠡᠳᠬᠡᠬᠦ ᠪᠠᠢ᠌ᠭᠤᠯᠤᠮᠵᠢ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ᠂ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠪᠠ᠃ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠂ ᠨᠡᠢ᠌ᠭᠡᠮ᠎ᠤᠨ ᠬᠢᠨᠠᠯᠲᠠ᠂ ᠠᠵᠢᠯ ᠲᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠪᠠ ᠬᠤᠪᠢ ᠬᠥᠮᠦᠨ᠎ᠤ ᠢᠲᠡᠭᠡᠯ᠎ᠢ ᠵᠢᠷᠤᠮᠯᠠᠬᠤ ᠵᠢ ᠤᠶᠠᠯᠳᠤᠭᠤᠯᠤᠭᠰᠠᠨ ᠬᠢᠨᠠᠯᠲᠠ ᠲᠠᠯᠪᠢᠬᠤ ᠲᠣᠭᠲᠠᠴᠠ ᠵᠢ ᠬᠡᠷᠡᠭᠵᠢᠭᠦᠯᠦᠨ᠎ᠡ᠃
     《ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠭᠰᠡᠨ᠎ᠨᠢ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠪᠠᠢ᠌ᠳᠠᠯ᠎ᠤᠨ ᠬᠦᠨᠳᠦ ᠨᠣᠴᠢᠲᠠᠶ ᠠᠬᠤᠶ ᠪᠠᠢ᠌ᠳᠠᠯ᠎ᠳᠤ ᠰᠠᠭᠤᠷᠢᠯᠠᠭᠰᠠᠨ ᠶᠤᠮ᠃ ᠥᠪᠥᠷ ᠮᠣᠩᠭᠣᠯ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ ᠶᠡᠷᠦᠩᠬᠡᠶ᠎ᠳᠤ᠎ᠪᠠᠨ ᠲᠣᠭᠲᠠᠭᠤᠨ ᠪᠠᠢ᠌ᠬᠤ ᠪᠣᠯᠪᠠᠴᠤ ᠡᠯ᠎ᠡ ᠭᠠᠵᠠᠷ᠎ᠤᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ ᠲᠡᠩᠴᠡᠭᠦᠷᠢ ᠥᠬᠡᠶ᠂ ᠦᠷᠭᠦᠯᠵᠢᠯᠡᠬᠦ ᠴᠢᠳᠠᠪᠤᠷᠢ ᠴᠢᠩᠭ᠎ᠠ ᠪᠢᠰᠢ ᠪᠠᠢ᠌ᠨ᠎ᠠ᠃ ᠡᠭᠦᠨ᠎ᠠᠴᠠ ᠭᠠᠳᠠᠨ᠎ᠠ ᠡᠯ᠎ᠡ ᠲᠥᠷᠥᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠲᠤᠷᠭ᠋ᠠᠨ ᠠᠪᠬᠤ᠂ ᠮᠡᠬᠡᠯᠡᠨ ᠠᠪᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠢ᠌ᠨ ᠳᠠᠬᠢᠨ ᠭᠠᠷᠴᠤ᠂ ᠰᠠᠭᠤᠷᠢ ᠮᠥᠩᠭᠥ ᠵᠢ ᠬᠡᠷᠡᠭᠯᠡᠬᠦ᠎ᠨᠢ ᠵᠢᠷᠤᠮᠵᠢᠯ ᠥᠬᠡᠶ᠂ ᠬᠡᠷᠡᠭᠯᠡᠬᠦ ᠦᠷ᠎ᠡ ᠪᠦᠲᠦᠮᠵᠢ᠎ᠨᠢ ᠥᠨᠳᠥᠷ ᠪᠢᠰᠢ ᠪᠠᠢ᠌ᠨ᠎ᠠ᠃
      ᠡᠢ᠌ᠮᠦ᠎ᠠᠴᠠ᠂ 2018 ᠣᠨ᠎ᠠᠴᠠ ᠨᠠᠭ᠋ᠠᠰᠢ᠂ ᠡᠮᠴᠢᠯᠡᠭᠡᠨ᠎ᠤ ᠳᠠᠭ᠋ᠠᠳᠬᠠᠯ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠬᠠᠮᠲᠤᠷᠠᠨ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠵᠠᠰᠠᠵᠤ᠂ ᠪᠥᠬᠥ ᠣᠷᠣᠨ᠎ᠳᠤ ᠴᠡᠭ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ ᠵᠢ ᠨᠡᠢ᠌ᠲᠡ 3 . 72 ᠲᠦᠮᠡᠨ ᠡᠷᠦᠬᠡ ᠤᠳᠠᠭ᠎ᠠ ᠪᠠᠢ᠌ᠴᠠᠭ᠋ᠠᠵᠤ᠂ 1 . 39 ᠲᠦᠮᠡᠨ ᠡᠷᠦᠬᠡ ᠤᠳᠠᠭ᠎ᠠ ᠪᠠᠢ᠌ᠴᠠᠭ᠋ᠠᠨ ᠰᠢᠢᠳᠪᠦᠷᠢᠯᠡᠪᠡ᠂ ᠡᠭᠦᠨ᠎ᠳᠤ ᠬᠡᠯᠡᠯᠴᠡᠭᠡᠷ᠎ᠢ 1548 ᠲᠦᠷ ᠵᠣᠭᠰᠣᠭ᠋ᠠᠵᠤ᠂ ᠬᠡᠯᠡᠯᠴᠡᠭᠡᠷ᠎ᠢ 175 ᠬᠦᠴᠦᠨ ᠥᠬᠡᠶ ᠪᠣᠯᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ 11 . 57 ᠳ᠋ᠦᠩᠰᠢᠭᠤᠷ ᠲᠥᠭᠥᠷᠢᠭ ᠨᠡᠬᠡᠮᠵᠢᠯᠡᠨ ᠠᠪᠴᠢᠷᠠᠪᠠ᠂ ᠭᠤᠷᠪᠠᠨ ᠵᠢᠯ᠎ᠤᠨ ᠲᠤᠷᠰᠢ᠂ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠂ ᠭᠡᠪᠡᠴᠦ ᠬᠠᠭ᠋ᠠᠰ᠎ᠠᠴᠠ ᠳᠡᠭᠡᠭᠰᠢᠬᠢ ᠴᠡᠭ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ᠎ᠳᠤ ᠰᠠᠭᠤᠷᠢ ᠮᠥᠩᠭᠥ ᠵᠢᠨ ᠬᠡᠷᠡᠭᠯᠡᠯᠲᠡ ᠵᠢᠨ ᠲᠠᠯ᠎ᠠ ᠵᠢᠨ ᠠᠰᠠᠭᠤᠳᠠᠯ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ᠂ ᠰᠠᠭᠤᠷᠢ ᠮᠥᠩᠭᠥ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠴᠢᠩᠭ᠋ᠠᠳᠬᠠᠵᠤ᠂ ᠰᠠᠭᠤᠷᠢ ᠮᠥᠩᠭᠥ ᠵᠢ ᠵᠢᠷᠤᠮᠵᠢᠭᠤᠯᠤᠨ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃
     《ᠬᠠᠮᠢᠶᠠᠷᠤᠯᠲᠠ ᠵᠢᠨ ᠠᠷᠭ᠎ᠠ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ᠎ᠪᠠᠷ ᠪᠣᠶ ᠪᠣᠯᠤᠭᠰᠠᠨ ᠵᠠᠭᠤᠴᠢᠯᠠᠭᠤᠷ᠎ᠢ ᠭᠦᠢᠴᠡᠳ ᠠᠰᠢᠭᠯᠠᠨ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ᠂ ᠤᠬᠠᠭᠤᠯᠭ᠎ᠠ ᠵᠢᠨ ᠰᠡᠳᠬᠢᠮᠵᠢ ᠪᠠ ᠠᠷᠭ᠎ᠠ ᠬᠡᠯᠪᠡᠷᠢ ᠠᠷᠭ᠎ᠠ ᠪᠠᠷᠢᠯ ᠵᠶ᠋ᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠣᠯᠠᠨ ᠲᠦᠮᠡᠨ᠎ᠳᠤ ᠮᠡᠳᠡᠭᠦᠯᠬᠦ ᠨᠣᠷᠮ᠎ᠠ ᠵᠢ ᠳᠡᠭᠡᠭᠰᠢᠯᠡᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠯᠦᠯᠴᠡᠬᠦ᠎ᠪᠠᠷ ᠳᠡᠮᠵᠢᠨ᠂ ᠬᠠᠮᠵᠢᠯᠴᠠᠨ ᠬᠦᠴᠦᠯᠡᠵᠦ᠂ ᠳᠤᠲᠠᠭᠤᠳᠠᠯ ᠵᠶ᠋ᠠᠨ ᠬᠠᠷᠢᠯᠴᠠᠨ ᠨᠥᠬᠥᠪᠥᠷᠢᠯᠡᠵᠦ᠂ ᠳᠠᠬᠢᠨ 《ᠮᠡᠬᠡᠯᠡᠬᠦ ᠵᠣᠷᠢᠭ ᠥᠬᠡᠶ》 ᠥᠨᠳᠥᠷ ᠳᠠᠷᠤᠯᠲᠠᠲᠤ ᠰᠦᠷᠳᠡᠭᠦᠯᠬᠦ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠬᠠᠮᠲᠤ᠂ ᠡᠢ᠌ᠮᠦᠷᠬᠦ ᠬᠠᠮᠵᠢᠯᠴᠠᠨ ᠬᠥᠳᠡᠯᠦᠯᠴᠡᠬᠦ᠎ᠪᠠᠷ ᠳᠠᠮᠵᠢᠭᠤᠯᠤᠨ᠂ 《ᠮᠡᠬᠡᠯᠡᠬᠦ ᠵᠣᠷᠢᠭ ᠥᠬᠡᠶ》 《ᠮᠡᠬᠡᠯᠡᠵᠦ ᠪᠣᠯᠬᠤ ᠥᠬᠡᠶ》 《ᠮᠡᠬᠡᠯᠡᠬᠦ ᠰᠠᠨᠠᠭ᠎ᠠ ᠥᠬᠡᠶ》 ᠭᠤᠷᠮᠤᠰᠤᠨ ᠴᠣᠭᠴᠠ ᠵᠢᠨ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠰᠢᠨ᠎ᠡ ᠪᠠᠢ᠌ᠷᠢᠰᠢᠯ᠎ᠢ ᠲᠦᠷᠭᠡᠳᠬᠡᠨ ᠪᠠᠢ᠌ᠭᠤᠯᠤᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            