ᠲᠥᠪ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠥᠪᠯᠡᠯ᠎ᠤᠨ ᠣᠷᠣᠨ ᠨᠤᠲᠤᠭ᠎ᠤᠨ ᠨᠥᠭᠡᠴᠡ ᠠᠮᠤ ᠪᠤᠳᠠᠭ᠋ᠠᠨ᠎ᠤ ᠬᠡᠪᠴᠢᠶ᠎ᠡ ᠪᠠ ᠪᠦᠲᠦᠴᠡ ᠵᠢᠨ ᠪᠠᠢ᠌ᠷᠢᠰᠢᠭᠤᠯᠤᠯᠲᠠ᠂ ᠨᠥᠭᠡᠴᠡᠯᠡᠵᠦ ᠠᠵᠢᠯᠯᠠᠭᠤᠯᠬᠤ ᠲᠣᠭᠲᠠᠴᠠ᠂ ᠡᠭᠡᠯᠵᠢᠯᠡᠵᠦ ᠬᠠᠮᠢᠶᠠᠷᠬᠤ ᠲᠤᠬᠠᠶ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ ᠪᠦᠯᠬᠦᠮ ᠳᠠᠭ᠋ᠠᠭᠤᠯᠵᠤ᠂ ᠬᠠᠤᠯᠢ ᠴᠠᠭ᠋ᠠᠵᠠ ᠵᠢᠨ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠬᠠᠮᠢᠶᠠᠷᠤᠯᠲᠠ ᠵᠢᠨ ᠲᠣᠪᠴᠢᠶ᠎ᠠ ᠵᠢᠨ ᠲᠠᠪᠤᠨ ᠬᠥᠮᠦᠨ ᠵᠶ᠋ᠡᠷ ᠪᠦᠷᠢᠯᠳᠦᠭᠰᠡᠨ ᠪᠠᠢ᠌ᠴᠠᠭ᠋ᠠᠨ ᠰᠤᠳᠤᠯᠬᠤ ᠳᠤᠭᠤᠢ᠌ᠯᠠᠩ 8 ᠰᠠᠷ᠎ᠠ ᠵᠢᠨ 2᠎ᠤᠨ ᠡᠳᠦᠷ᠎ᠠᠴᠠ 3᠎ᠤ ᠡᠳᠦᠷ ᠪᠣᠯᠲᠠᠯ᠎ᠠ ᠠᠯᠠᠱ᠌ᠠ ᠠᠢ᠌ᠮᠠᠭ᠎ᠲᠤ ᠬᠦᠷᠴᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠠᠮᠤ ᠪᠤᠳᠠᠭ᠋ᠠᠨ᠎ᠤ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠲᠥᠰᠦᠯ᠎ᠤᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠪᠡ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠠᠮᠤ ᠵᠢᠨ ᠬᠠᠮᠢᠶᠠᠷᠤᠯᠲᠠ ᠵᠢᠨ ᠠᠷᠭ᠎ᠠ》 ᠵᠢ 2006 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠠᠮᠤ ᠵᠢᠨ ᠬᠤᠳᠠᠯᠳᠤᠨ ᠠᠪᠴᠤ ᠨᠥᠭᠡᠴᠡᠯᠡᠬᠦ᠂ ᠡᠭᠡᠯᠵᠢᠯᠡᠭᠦᠯᠬᠦ ᠪᠠ ᠡᠳᠦᠷ ᠲᠤᠲᠤᠮ᠎ᠤᠨ ᠬᠠᠮᠢᠶᠠᠷᠤᠯᠲᠠ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃ ᠭᠡᠪᠡᠴᠦ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠲᠦᠷᠭᠡᠨ ᠬᠥᠭᠵᠢᠬᠦ ᠪᠠ ᠤᠯᠤᠰ᠎ᠤᠨ ᠨᠥᠭᠡᠴᠡ ᠠᠮᠤ ᠪᠤᠳᠠᠭ᠋ᠠᠨ᠎ᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠵᠢ ᠳᠠᠭ᠋ᠠᠯᠳᠤᠨ᠂ 《ᠠᠷᠭ᠎ᠠ》 ᠵᠢᠨ ᠬᠡᠰᠡᠭ ᠠᠭᠤᠯᠭ᠎ᠠ᠎ᠨᠢ ᠨᠢᠭᠡᠨᠲᠡ ᠳᠡᠭᠡᠳᠦ ᠪᠠᠢ᠌ᠷᠢ ᠵᠢᠨ ᠬᠠᠤᠯᠢ ᠵᠢᠨ ᠲᠣᠭᠲᠠᠭ᠋ᠠᠯ᠎ᠳᠤ ᠨᠡᠢ᠌ᠴᠡᠬᠦ ᠦᠭᠡᠶ ᠪᠣᠯᠤᠭᠰᠠᠨ ᠪᠠᠢ᠌ᠨ᠎ᠠ᠃ 2021 ᠣᠨ᠎ᠤ ᠡᠬᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠠᠮᠤ ᠵᠢᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠵᠢ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ᠎ᠢ ᠬᠢᠨᠠᠨ ᠵᠥᠪᠯᠡᠬᠦ ᠲᠥᠷᠥᠯ ᠵᠦᠢᠯ᠎ᠳᠤ ᠣᠷᠣᠭᠤᠯᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠠᠯᠠᠱ᠌ᠠ ᠠᠢ᠌ᠮᠠᠭ᠎ᠤᠨ ᠬᠠᠮᠢᠶ᠎ᠠ ᠪᠥᠬᠥᠶ ᠨᠢᠭᠡᠴᠢ ᠵᠢᠨ ᠲᠥᠯᠥᠭᠡᠯᠡᠭᠴᠢᠳ᠎ᠲᠠᠢ ᠣᠲᠣ ᠵᠢᠨ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠠᠮᠤ ᠵᠢᠨ ᠬᠠᠮᠢᠶᠠᠷᠤᠯᠲᠠ ᠵᠢᠨ ᠪᠠᠢ᠌ᠭᠤᠯᠤᠯ᠂ ᠳᠠᠭ᠋ᠠᠭ᠋ᠠᠨ ᠬᠠᠳᠠᠭ᠋ᠠᠯᠠᠬᠤ ᠠᠵᠤ ᠠᠬᠤᠢ᠌ᠯᠠᠯ᠎ᠤᠨ ᠬᠤᠳᠠᠯᠳᠤᠨ ᠠᠪᠴᠤ ᠨᠥᠭᠡᠴᠡᠯᠡᠬᠦ᠂ ᠡᠭᠡᠯᠵᠢᠯᠡᠭᠦᠯᠬᠦ᠂ ᠨᠥᠭᠡᠴᠡ ᠠᠮᠤ ᠵᠢ ᠬᠡᠷᠡᠭᠯᠡᠬᠦ ᠶᠠᠪᠤᠴᠠ᠎ᠳᠤ ᠣᠷᠣᠰᠢᠵᠤ ᠪᠠᠢ᠌ᠭ᠎ᠠ ᠠᠰᠠᠭᠤᠳᠠᠯ ᠵᠢᠴᠢ 《ᠳᠥᠷᠪᠡ ᠵᠢ ᠰᠠᠯᠭ᠋ᠠᠬᠤ》 ᠵᠢ ᠨᠠᠢ᠌ᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ 《ᠠᠷᠭ᠎ᠠ》 ᠵᠢ ᠬᠡᠷᠬᠢᠨ ᠲᠡᠭᠦᠯᠳᠡᠷᠵᠢᠭᠦᠯᠬᠦ ᠲᠤᠬᠠᠶ ᠪᠣᠳᠠᠲᠠᠶ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠳᠤᠷᠠᠳᠴᠠᠶ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠠᠯᠠᠱ᠌ᠠ ᠠᠢ᠌ᠮᠠᠭ᠎ᠲᠤ ᠬᠦᠷᠴᠦ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠮᠤ ᠪᠤᠳᠠᠭ᠎ᠠ ᠨᠥᠭᠡᠴᠡᠯᠡᠬᠦ ᠡᠭᠦᠷᠭᠡ ᠵᠢ ᠡᠭᠦᠷᠭᠡᠯᠡᠵᠦ ᠪᠠᠢ᠌ᠭ᠎ᠠ ᠪᠠᠷᠠᠭᠤᠨ ᠪᠡᠯ ᠪᠠᠯᠭ᠋ᠠᠰᠤ ᠵᠢᠨ ᠠᠮᠤ ᠪᠤᠳᠠᠭ᠋ᠠᠨ᠎ᠤ ᠬᠥᠮᠥᠷᠭᠡ᠎ᠳᠤ ᠬᠦᠷᠴᠦ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠵᠤ᠂ ᠲᠥᠪ᠎ᠤᠨ 《ᠪᠠᠢ᠌ᠭᠤᠯᠤᠮᠵᠢ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ ᠠᠮᠤ ᠪᠤᠳᠠᠭ᠎ᠠ ᠨᠥᠭᠡᠴᠡᠯᠡᠬᠦ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠰᠠᠨᠠᠯ᠎ᠤᠳ》᠎ᠲᠠᠢ ᠤᠶᠠᠯᠳᠤᠭᠤᠯᠤᠨ᠂ ᠮᠠᠨ᠎ᠤ ᠣᠷᠣᠨ᠎ᠤ ᠠᠮᠤ ᠪᠤᠳᠠᠭ᠎ᠠ ᠨᠥᠭᠡᠴᠡᠯᠡᠬᠦ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠠᠰᠠᠭᠤᠳᠠᠯ᠎ᠤᠨ ᠲᠤᠬᠠᠢ ᠳᠠᠭ᠋ᠠᠭ᠋ᠠᠨ ᠬᠠᠳᠠᠭ᠋ᠠᠯᠠᠬᠤ ᠠᠵᠤ ᠠᠬᠤᠢ᠌ᠯᠠᠯ᠎ᠤᠨ ᠰᠠᠨᠠᠯ᠎ᠢ ᠬᠤᠷᠢᠶᠠᠵᠠᠢ᠃
ᠲᠠᠷᠠᠭ᠋ᠠᠴᠢ ᠵᠢᠨ ᠠᠯᠬᠤᠮ᠎ᠳᠤ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠲᠣᠰ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ ᠬᠢᠵᠦ ᠴᠤᠭᠯᠠᠭᠤᠯᠤᠭᠰᠠᠨ ᠰᠠᠨᠠᠯ ᠪᠠ ᠰᠠᠨᠠᠭᠤᠯᠭ᠎ᠠ᠎ᠲᠠᠢ᠎ᠪᠠᠨ ᠤᠶᠠᠯᠳᠤᠭᠤᠯᠤᠨ᠂ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠢᠨ 《ᠣᠷᠣᠨ ᠨᠤᠲᠤᠭ᠎ᠤᠨ ᠨᠥᠭᠡᠴᠡ ᠠᠮᠤ ᠪᠤᠳᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ ᠣᠷᠣᠨ ᠪᠦᠰᠡ ᠵᠢᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠠᠷᠭ᠎ᠠ》᠎ᠳᠤ ᠠᠯᠢ ᠲᠦᠷᠭᠡᠨ ᠵᠶ᠋ᠡᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠠᠮᠤ ᠪᠤᠳᠠᠭ᠋ᠠᠨ᠎ᠤ ᠬᠠᠮᠢᠶᠠᠷᠤᠯᠲᠠ᠎ᠳᠤ ᠬᠦᠴᠦᠲᠡᠶ ᠬᠠᠤᠯᠢᠵᠢᠯ᠎ᠤᠨ ᠪᠠᠲᠤᠯᠠᠭ᠎ᠠ ᠬᠠᠩᠭ᠋ᠠᠬᠤ ᠪᠣᠯᠤᠨ᠎ᠠ᠃