ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠤᠬᠠᠶ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ
ᠨᠡᠶ᠋ᠢᠲᠡᠯᠡᠭᠰᠡᠨ ᠴᠠᠭ᠄ 2021-11-20

     2021 ᠣᠨ᠎ᠤ 7 ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢᠨ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠢᠨ ᠮᠠᠨ ᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠣᠪᠴᠢᠶ᠎ᠠ ᠵᠢᠨ ᠳᠡᠳ᠋ ᠳᠠᠷᠤᠭ᠎ᠠ ᠬᠤᠤ ᠮᠧᠩ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠭᠣᠤᠯ ᠪᠣᠯᠬᠤ ᠰᠣᠨᠢᠨ ᠮᠡᠳᠡᠭᠡᠨ᠎ᠤ ᠵᠠᠭᠤᠴᠢᠯᠠᠭᠤᠷ ᠬᠤᠷᠠᠯ᠎ᠳᠤ ᠣᠷᠣᠯᠴᠠᠵᠤ ᠰᠤᠷᠪᠤᠯᠵᠢᠯᠠᠪᠠ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ 2021 ᠣᠨ᠎ᠤ 5 ᠰᠠᠷ᠎ᠠ ᠵᠢᠨ 12᠎ᠤᠨ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 8 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 249 ᠳ᠋ᠦ᠍ᠭᠡᠷ ᠵᠠᠷᠯᠢᠭ ᠵᠶ᠋ᠠᠷ ᠨᠡᠢ᠌ᠲᠡᠯᠡᠵᠦ᠂ 2020 ᠣᠨ᠎ᠤ 8 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠬᠠᠮᠢᠶᠠᠷᠤᠯᠲᠠ ᠵᠢᠨ ᠠᠷᠭ᠎ᠠ》᠎ᠨᠢ ᠨᠡᠢ᠌ᠲᠡ ᠬᠣᠷᠢᠨ ᠨᠠᠢᠮᠠᠨ ᠵᠦᠢᠯ ᠪᠠᠢ᠌ᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠬᠦ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠵᠠᠶ; ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠲᠠᠯᠪᠢᠬᠤ ᠲᠣᠭᠲᠠᠴᠠ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠲᠤᠳᠤᠷᠬᠠᠢ᠌ᠯᠠᠵᠠᠢ; ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠬᠤ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠪᠠ᠃
      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠬᠤ ᠴᠢᠬᠤᠯᠠ ᠴᠢᠨᠠᠷ᠂ ᠲᠣᠭᠲᠠᠭ᠋ᠠᠬᠤ ᠶᠠᠪᠤᠴᠠ ᠵᠢᠴᠢ ᠬᠠᠤᠯᠢ ᠲᠣᠭᠲᠠᠭ᠋ᠠᠬᠤ ᠣᠨᠴᠠᠯᠢᠭ ᠵᠡᠷᠭᠡ ᠠᠭᠤᠯᠭ᠎ᠠ ᠵᠢ ᠭᠣᠤᠯᠳᠠᠯᠭ᠎ᠠ᠎ᠲᠠᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠳᠠᠷᠤᠭ᠎ᠠ ᠵᠢᠨ ᠮᠠᠨ ᠢ 《ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠭᠰᠡᠨ ᠠᠬᠤᠶ ᠪᠠᠢ᠌ᠳᠠᠯ᠂ ᠭᠣᠤᠯ ᠠᠭᠤᠯᠭ᠎ᠠ ᠵᠢᠴᠢ ᠠᠷᠭ᠎ᠠ ᠵᠢ ᠤᠬᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠬᠡᠷᠬᠢᠨ ᠰᠠᠢ᠌ᠲᠤᠷ ᠬᠢᠬᠦ ᠲᠤᠬᠠᠶ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠬᠤᠤ ᠮᠸᠩ ᠵᠡᠷᠭᠡ ᠬᠥᠮᠦᠰ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            