ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠣᠴᠢᠵᠤ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠵᠤ ᠬᠥᠲᠥᠯᠥᠨ ᠵᠢᠯᠣᠭᠤᠳᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-10-13

ᠦᠪᠣᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
                          ᠦᠪᠦᠷ ᠵᠠᠰᠠᠭ ᠠᠯᠪᠠᠨ ᠲᠠᠷᠬᠠᠭ᠋ᠠᠭᠰᠠᠨ [2021] 97 ᠳ᠋ᠤᠭ᠋ᠠᠷ ᠲᠣᠭ᠋ᠠᠲᠤ


ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠣᠴᠢᠵᠤ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠵᠤ ᠬᠥᠲᠥᠯᠥᠨ ᠵᠢᠯᠣᠭᠤᠳᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠲᠡᠭᠡᠨ ᠵᠠᠰᠠᠬᠤ ᠤᠷᠤᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠪᠣᠯ ᠤᠯᠤᠰ᠎ᠤᠨ ᠬᠤᠪᠣᠷ ᠨᠠᠨᠳᠢᠨ ᠴᠢᠳᠠᠪᠤᠷᠢᠲᠠᠨ᠎ᠤ ᠡᠬᠢ ᠪᠠᠶᠠᠯᠢᠭ ᠪᠣᠯᠣᠨ᠎ᠠ᠂ ᠦᠨᠳᠦᠰᠦᠨ ᠱᠠᠲᠤ ᠪᠣᠯ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠰᠦᠨ ᠪᠤᠶ᠋ᠢᠵᠢᠵᠤ ᠴᠢᠳᠠᠪᠤᠷᠢᠲᠠᠨ ᠪᠣᠯᠬᠤ ᠵᠢᠨ ᠴᠢᠬᠤᠯᠠ ᠲᠠᠪᠴᠠᠩ ᠪᠣᠯᠣᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠵᠡᠷᠭᠡ ᠬᠦᠴᠦᠨ ᠵᠦ᠍ᠶ᠋ᠢᠯ᠎ᠤᠨ ᠨᠥᠯᠥᠭᠡ᠎ᠠᠴᠠ ᠪᠣᠯᠵᠣ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠤᠯᠲᠠ᠎ᠳᠤ ᠮᠠᠰᠢ ᠣᠯᠠᠨ ᠬᠦᠴᠢᠷᠳᠡᠯ ᠲᠤᠯᠭ᠋ᠠᠷᠠᠭᠰᠠᠨ ᠪᠠᠶ᠋ᠢᠨ᠎ᠠ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠳᠤ ᠣᠴᠢᠵᠤ ᠠᠵᠢᠯᠯᠠᠬᠤ ᠵᠢ ᠬᠥᠲᠥᠯᠥᠨ ᠵᠢᠯᠣᠭᠤᠳᠴᠤ ᠵᠣᠷᠢᠭᠵᠢᠭᠤᠯᠬᠤ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ (ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ ᠭᠡᠳᠡᠭ᠎ᠨᠢ ᠭᠤᠣᠯᠳᠠᠭᠤ ᠮᠠᠯᠵᠢᠬᠤ ᠬᠤᠰᠢᠭᠤ ᠰᠢᠶᠠᠨ᠂ ᠬᠥᠮᠦᠨ ᠠᠮᠠ᠎ᠪᠠᠷ ᠨᠡᠯᠢᠶᠡᠳ ᠴᠥᠭᠡᠨ ᠪᠠᠶ᠋ᠢᠬᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠂ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠪᠠ ᠦᠨᠳᠦᠰᠦᠲᠡᠨ᠎ᠤ 18 ᠰᠢᠶᠠᠩ᠎ᠢ ᠵᠢᠭ᠋ᠠᠵᠤ ᠪᠤᠶ)᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠴᠢᠳᠠᠪᠤᠷᠢᠲᠠᠨ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠵᠢᠨ ᠲᠤᠰᠠᠳᠠ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠤᠳᠤ ᠪᠠᠶ᠋ᠢᠭ᠎ᠠ ᠠᠵᠢᠯ ᠣᠯᠵᠤ ᠦᠢ᠍ᠯᠡᠰ ᠪᠣᠰᠬᠠᠬᠤ ᠵᠢ᠎ᠨᠢ ᠠᠬᠢᠭᠤᠯᠬᠤ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠣᠴᠢᠵᠤ ᠠᠵᠢᠯ ᠣᠯᠵᠤ ᠦᠢ᠍ᠯᠡᠰ ᠪᠣᠰᠬᠠᠬᠤ ᠵᠢ᠎ᠨᠢ ᠵᠣᠷᠢᠭᠵᠢᠭᠤᠯᠵᠤ ᠬᠥᠲᠥᠯᠥᠨ ᠵᠢᠯᠣᠭᠤᠳᠬᠤ᠎ᠪᠠᠷ ᠳᠣᠣᠷᠠᠬᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠪᠠ᠃
      ᠨᠢᠭᠡ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠳᠤ ᠣᠴᠢᠵᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ᠂ ᠰᠡᠯᠡᠭᠦᠴᠡᠨ ᠵᠤᠭ᠋ᠠᠯᠠᠬᠤ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ᠎ᠤ ᠵᠢᠭᠤᠯᠴᠢᠯᠠᠯ᠂ ᠲᠠᠷᠢᠶᠠᠯᠠᠬᠤ ᠮᠠᠯᠵᠢᠬᠤ ᠣᠷᠣᠨ᠎ᠤ ᠡᠯᠧᠺᠳ᠋ᠷᠤᠨ ᠬᠤᠳᠠᠯᠳᠤᠭ᠋ᠠᠨ᠎ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠵᠢᠨ ᠬᠤᠷᠰᠢᠭᠰᠠᠨ ᠠᠵᠤ ᠠᠬᠤᠶ ᠵᠡᠷᠭᠡ ᠠᠵᠢᠯ ᠦᠢ᠍ᠯᠡᠰ ᠡᠷᠭᠢᠯᠡᠪᠡᠯ᠂ ᠠᠵᠢᠯ ᠮᠡᠷᠭᠡᠵᠢᠯ᠎ᠤᠨ ᠪᠣᠯᠪᠠᠰᠤᠷᠠᠯ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠂ ᠦᠢ᠍ᠯᠡᠰ ᠪᠣᠰᠬᠠᠬᠤ ᠵᠢ᠎ᠨᠢ ᠲᠡᠳᠬᠦᠬᠦ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯ᠎ᠤᠨ ᠬᠢᠷᠢ ᠬᠡᠮ᠎ᠢ᠎ᠨᠢ ᠮᠠᠭ᠋ᠠᠳᠯᠠᠨ ᠲᠣᠭᠲᠠᠭ᠋ᠠᠵᠤ ᠰᠢᠯᠭ᠋ᠠᠷᠠᠭᠤᠯᠤᠨ ᠤᠷᠢᠬᠤ ᠵᠡᠷᠭᠡ ᠲᠥᠷᠥ ᠵᠢᠨ ᠪᠣᠳᠣᠯᠭ᠎ᠠ ᠵᠢ ᠤᠷᠢᠳ ᠵᠶ᠋ᠠᠷ ᠬᠦᠷᠲᠡᠭᠡᠬᠦ ᠬᠡᠷᠡᠭᠲᠡᠢ᠃
      ᠬᠤᠶᠠᠷ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠦᠨᠳᠦᠰᠦᠨ ᠱᠠᠲᠤᠨ᠎ᠤ ᠴᠢᠳᠠᠪᠤᠷᠢᠲᠠᠨ ᠵᠶ᠋ᠠᠷ ᠬᠥᠮᠦᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ 《ᠵᠠᠬᠢᠶᠠᠯᠠᠭ᠎ᠠ ᠵᠢᠨ ᠮᠠᠶᠢᠭ》 ᠵᠶ᠋ᠠᠷ ᠬᠥᠮᠦᠵᠢᠭᠦᠯᠬᠦ ᠲᠥᠯᠥᠪᠯᠡᠭᠡ ᠵᠢ ᠥᠪᠥᠷ ᠮᠣᠩᠭᠤᠯ ᠲᠡᠶ᠋ᠢᠰᠢ ᠢᠳᠡᠪᠬᠢᠲᠡᠢ᠎ᠪᠠᠷ ᠴᠢᠷᠮᠠᠶ᠋ᠢᠨ ᠬᠡᠯᠪᠠᠶ᠋ᠢᠯᠭᠡᠵᠦ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠨᠳᠦᠰᠦᠨ ᠱᠠᠲᠤᠨ᠎ᠳᠤ ᠬᠠᠨᠳᠤᠭᠤᠯᠤᠭᠰᠠᠨ ᠪᠠᠴᠢᠮ ᠬᠡᠷᠡᠭᠰᠡᠬᠦ ᠴᠢᠳᠠᠪᠤᠷᠢᠲᠠᠨ᠎ᠢ 《ᠵᠠᠬᠢᠶᠠᠯᠠᠭ᠎ᠠ ᠵᠢᠨ ᠮᠠᠶᠢᠭ》᠎ᠲᠠᠢ ᠬᠥᠮᠦᠵᠢᠭᠦᠯᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠢ᠃ ᠬᠠᠨᠳᠤᠯᠭ᠎ᠠ᠎ᠲᠠᠢ᠎ᠪᠠᠷ ᠣᠶᠤᠲᠠᠨ᠎ᠢ ᠠᠯᠪᠠᠨ᠎ᠤ ᠰᠦ᠍ᠶ᠋ᠢᠳᠬᠡᠯ ᠵᠶ᠋ᠠᠷ ᠬᠥᠮᠦᠵᠢᠭᠦᠯᠬᠦ ᠵᠢ ᠰᠠᠶ᠋ᠢᠲᠤᠷ ᠬᠢᠵᠦ᠂ ᠬᠥᠳᠡᠭᠡ ᠲᠣᠰᠬᠤᠨ᠎ᠤ ᠪᠠᠭᠰᠢ ᠵᠢᠨ ᠠᠯᠪᠠᠨ᠎ᠤ ᠰᠦ᠍ᠶ᠋ᠢᠳᠬᠡᠯ ᠵᠶ᠋ᠠᠷ ᠪᠠᠭᠰᠢ ᠨᠠᠷ᠎ᠢ ᠬᠠᠨᠳᠤᠯᠭ᠎ᠠ᠎ᠲᠠᠢ ᠬᠦᠮᠦᠵᠢᠭᠦᠯᠬᠦ ᠲᠥᠯᠥᠪᠯᠡᠭᠡ᠂ ᠵᠠᠬᠢᠶᠠᠯᠠᠭ᠎ᠠ᠎ᠲᠠᠢ ᠪᠥᠭᠡᠳ ᠬᠠᠨᠳᠤᠯᠭ᠎ᠠ᠎ᠲᠠᠢ᠎ᠪᠠᠷ ᠠᠨᠠᠭ᠋ᠠᠬᠤ ᠤᠬᠠᠭ᠋ᠠᠨ᠎ᠤ ᠣᠶᠤᠲᠠᠳ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠥᠮᠦᠵᠢᠭᠦᠯᠬᠦ ᠲᠥᠷᠥᠯ ᠵᠦ᠍ᠶ᠋ᠢᠯ ᠵᠡᠷᠭᠡ᠎ᠳᠤ ᠲᠦᠰᠢᠭᠯᠡᠨ᠂ ᠵᠢᠯ ᠪᠦᠷᠢ ᠬᠥᠳᠡᠭᠡ ᠲᠣᠰᠬᠤᠨ᠎ᠳᠤ ᠪᠠᠭᠰᠢ ᠵᠢᠨ ᠮᠡᠷᠭᠡᠵᠢᠯ᠎ᠤᠨ ᠣᠶᠤᠲᠠᠨ᠎ᠢ 400 - 800 ᠣᠷᠴᠢᠮ᠂ ᠠᠨᠠᠭ᠋ᠠᠬᠤ ᠤᠬᠠᠭ᠋ᠠᠨ᠎ᠤ ᠣᠶᠤᠲᠠᠨ᠎ᠢ 200 ᠣᠷᠴᠢᠮ ᠬᠥᠮᠦᠵᠢᠭᠦᠯᠵᠦ᠂ ᠣᠶᠤᠲᠠᠳ᠎ᠲᠤ ᠬᠠᠨᠳᠤᠯᠭ᠎ᠠ᠎ᠲᠠᠢ ᠠᠵᠢᠯ ᠣᠯᠭᠤᠬᠤ ᠲᠣᠬᠢᠷᠠᠭᠤᠯᠤᠯᠲᠠ ᠪᠠ ᠵᠥᠪᠯᠡᠯᠴᠡᠭᠡᠷ ᠭᠦᠢ᠍ᠴᠡᠳᠬᠡᠬᠦ ᠵᠢ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ᠎ᠪᠠᠨ ᠦᠨᠡᠨ ᠬᠦ᠌ ᠪᠠᠲᠤᠯᠠᠬᠤ ᠬᠡᠷᠡᠭᠲᠡᠢ᠃ ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭ᠋ᠠᠷ᠎ᠤᠨ ᠪᠣᠶ᠋ᠢᠳᠠ ᠪᠥᠭᠯᠡᠭᠦᠦ ᠭᠠᠵᠠᠷ ᠣᠷᠣᠨ᠎ᠠᠴᠠ ᠣᠶᠤᠲᠠᠨ ᠡᠯᠰᠡᠬᠦ ᠲᠤᠰᠬᠠᠢ ᠲᠥᠯᠥᠪᠯᠡᠭᠡ ᠵᠢ ᠬᠡᠷᠡᠭᠵᠢᠭᠦᠯᠵᠦ᠂ ᠪᠣᠳᠠᠲᠠᠢ ᠬᠡᠷᠡᠭᠴᠡᠭᠡ᠎ᠪᠠᠨ ᠦᠨᠳᠦᠰᠦᠯᠡᠨ ᠰᠤᠷᠤᠬ᠍ᠴᠢ ᠡᠯᠰᠡᠬᠦ ᠬᠡᠪᠴᠢᠶ᠎ᠡ ᠵᠢ ᠵᠣᠬᠢᠰᠲᠠᠢ᠎ᠪᠠᠷ ᠥᠷᠭᠡᠳᠬᠡᠬᠦ ᠬᠡᠷᠡᠭᠲᠡᠢ᠃ ᠠᠯᠪᠠᠨ᠎ᠤ ᠰᠦ᠍ᠶ᠋ᠢᠳᠬᠡᠯ᠎ᠤᠨ ᠪᠠᠭᠰᠢ ᠵᠢᠨ ᠮᠡᠷᠭᠡᠵᠢᠯ᠎ᠤᠨ ᠤᠶᠤᠲᠠᠳ᠂ ᠠᠨᠠᠭ᠋ᠠᠬᠤ ᠤᠬᠠᠭ᠋ᠠᠨ᠎ᠤ ᠣᠶᠤᠲᠠᠨ᠎ᠢ ᠬᠥᠮᠦᠵᠢᠭᠦᠯᠬᠦ ᠵᠠᠭᠪᠤᠷ ᠵᠶ᠋ᠠᠷ ᠯᠠᠪᠯᠠᠯᠲᠠ ᠪᠣᠯᠭ᠋ᠠᠵᠤ᠂ ᠲᠠᠷᠢᠶᠠᠯᠠᠩ᠎ᠳᠤ ᠬᠤᠯᠪᠣᠭᠳᠠᠬᠤ ᠲᠥᠷᠥᠯ᠎ᠤᠨ ᠠᠯᠪᠠᠨ᠎ᠤ ᠰᠦ᠍ᠶ᠋ᠢᠳᠬᠡᠯ ᠵᠶ᠋ᠠᠷ ᠣᠶᠤᠲᠠᠨ᠎ᠢ ᠬᠠᠨᠳᠤᠯᠭ᠎ᠠ᠎ᠲᠠᠢ ᠬᠥᠮᠦᠵᠢᠭᠦᠯᠬᠦ ᠵᠢ ᠰᠦᠪᠡᠭᠴᠢᠯᠡᠬᠦ ᠬᠡᠷᠡᠭᠲᠡᠢ᠃
      ᠭᠤᠷᠪᠠ᠂ ᠬᠤᠲᠠ ᠬᠥᠳᠡᠭᠡ ᠵᠢᠨ ᠨᠡᠶ᠋ᠢᠭᠡᠮ ᠲᠣᠭᠤᠷᠢᠭ ᠵᠡᠷᠭᠡ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠨᠡᠶ᠋ᠢᠭᠡᠮ᠎ᠤᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ ᠵᠢ ᠨᠡᠭᠡᠭᠡᠨ ᠲᠣᠬᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠰᠢᠨ᠎ᠡ᠎ᠪᠠᠷ ᠨᠡᠭᠡᠭᠡᠵᠦ ᠲᠣᠬᠢᠷᠠᠭᠤᠯᠤᠭᠰᠠᠨ ᠠᠵᠢᠯ᠎ᠤᠨ ᠪᠠᠶ᠋ᠢᠷᠢᠨ᠎ᠳᠤ 50 %᠎ᠠᠴᠠ ᠳᠣᠣᠷ᠎ᠠ ᠪᠠᠶ᠋ᠢᠯᠭ᠋ᠠᠬᠤ ᠦᠭᠡᠶ ᠬᠠᠷᠢᠴᠠᠯ ᠵᠶ᠋ᠠᠷ ᠠᠵᠢᠯ ᠣᠯᠤᠭ᠋ᠠᠳᠤᠶ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠬᠡᠷᠡᠭᠲᠡᠶ᠃
      ᠳᠥᠷᠪᠡ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ᠎ᠳᠤ ᠦᠢ᠍ᠯᠡᠴᠢᠯᠡᠵᠦ ᠬᠠᠪᠰᠤᠷᠤᠨ ᠲᠡᠳᠬᠦᠬᠦ ᠵᠢ ᠴᠢᠩᠭ᠋ᠠᠷᠠᠭᠤᠯᠬᠤ ᠬᠡᠷᠡᠭᠲᠡᠢ᠃ ᠰᠦᠯᠵᠢᠶᠡᠨ᠎ᠳᠠᠬᠢ ᠪᠠ ᠰᠦᠯᠵᠢᠶᠡᠨ ᠭᠠᠳᠠᠭᠤᠷᠬᠢ ᠵᠢ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠯᠡᠨ᠂ ᠠᠵᠢᠯ ᠣᠯᠭᠤᠬᠤ ᠮᠡᠳᠡᠭᠡ ᠵᠠᠩᠭᠢ ᠵᠢ ᠣᠯᠠᠨ ᠠᠷᠭ᠎ᠠ ᠵᠠᠮ ᠵᠶ᠋ᠠᠷ ᠴᠤᠭᠯᠠᠭᠤᠯᠤᠨ ᠨᠡᠶ᠋ᠢᠲᠡᠯᠡᠵᠦ᠂ ᠡᠯ᠎ᠡ ᠲᠥᠷᠥᠯ᠎ᠤᠨ ᠡᠯᠰᠡᠵᠦ ᠤᠷᠢᠬᠤ ᠠᠵᠢᠯᠯᠠᠭ᠎ᠠ ᠵᠢ ᠰᠠᠶ᠋ᠢᠲᠤᠷ ᠡᠷᠭᠢᠯᠡᠬᠦ ᠬᠡᠷᠡᠭᠲᠡᠢ᠃ ᠮᠡᠳᠡᠭᠡ ᠵᠠᠩᠭᠢ ᠴᠤᠭᠯᠠᠭᠤᠯᠬᠤ᠂ ᠪᠣᠯᠪᠠᠰᠤᠷᠠᠭᠤᠯᠬᠤ ᠵᠢ ᠵᠣᠯᠭ᠋ᠠᠭᠤᠯᠬᠤ᠂ ᠠᠵᠢᠯ ᠣᠯᠭᠤᠬᠤ ᠵᠢ ᠵᠣᠯᠭ᠋ᠠᠭᠤᠯᠬᠤ ᠪᠠ ᠮᠥᠷᠳᠡᠨ ᠦᠢ᠍ᠯᠡᠴᠢᠯᠡᠬᠦ 《ᠳᠥᠷᠪᠡ ᠵᠢ ᠨᠢᠭᠡ ᠴᠣᠭᠴᠠᠵᠢᠭᠤᠯᠬᠤ》 ᠦᠢ᠍ᠯᠡᠴᠢᠯᠡᠭᠡᠨ᠎ᠤ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠠᠵᠢᠯ ᠣᠯᠭᠤᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠨᠡᠮᠡᠭᠦᠷᠢ ᠵᠢ ᠲᠣᠭᠲᠠᠭ᠋ᠠᠯ ᠶᠣᠰᠣᠭ᠋ᠠᠷ ᠨᠠᠶ᠋ᠢᠳᠠᠪᠤᠷᠢᠵᠢᠭᠤᠯᠬᠤ ᠬᠡᠷᠡᠭᠲᠡᠢ᠃ ᠰᠤᠷᠭ᠋ᠠᠭᠤᠯᠢ᠎ᠠᠴᠠ᠎ᠪᠠᠨ ᠲᠡᠭᠦᠰᠴᠦ ᠰᠠᠯᠤᠭ᠋ᠠᠳ ᠠᠵᠢᠯ ᠣᠯᠤᠭ᠋ᠠᠳᠤᠶ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠴᠥᠮ ᠦᠨᠡᠨ ᠨᠡᠷ᠎ᠡ᠎ᠪᠠᠷ᠎ᠨᠢ ᠲᠡᠮᠳᠡᠭᠯᠡᠬᠦ ᠳᠦᠷᠢᠮᠲᠦ ᠬᠥᠳᠡᠯᠦᠩᠭᠦᠶ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠵᠤ᠂ 《ᠨᠢᠭᠡ᠎ᠳᠤ ᠨᠢᠭᠡ ᠵᠢ ᠲᠣᠬᠢᠷᠠᠭᠤᠯᠤᠨ》 ᠠᠵᠢᠯ ᠣᠯᠭᠤᠵᠤ ᠬᠠᠪᠰᠤᠷᠤᠨ ᠲᠡᠳᠬᠦᠬᠦ ᠵᠢ ᠥᠷᠨᠢᠭᠦᠯᠬᠦ ᠬᠡᠷᠡᠭᠲᠡᠢ᠃
      ᠲᠠᠪᠤ᠂ ᠦᠨᠳᠦᠰᠦᠨ ᠱᠠᠲᠤᠨ᠎ᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠨᠳᠤᠭᠤᠯᠤᠭᠰᠠᠨ ᠣᠯᠠᠨ ᠳᠡᠰ ᠳᠠᠪᠬᠤᠷᠭ᠎ᠠ᠎ᠲᠠᠢ᠂ ᠣᠯᠠᠨ ᠡᠰᠢᠵᠢᠭᠰᠡᠨ ᠬᠥᠮᠦᠵᠢᠯ ᠪᠣᠯᠪᠠᠰᠤᠷᠠᠯ ᠪᠠ ᠳᠠᠳᠤᠯᠭ᠎ᠠ ᠪᠣᠯᠪᠠᠰᠤᠷᠠᠯ᠎ᠤᠨ ᠲᠣᠭᠲᠠᠯᠴᠠᠭ᠎ᠠ ᠵᠢ ᠪᠦᠷᠢᠨᠰᠢᠭᠦᠯᠬᠦ ᠬᠡᠷᠡᠭᠲᠡᠶ᠃ ᠶᠡᠭᠡ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠬᠢᠴᠢᠶᠡᠯ᠎ᠤᠨ ᠲᠣᠬᠢᠷᠠᠭᠤᠯᠤᠯᠲᠠ᠎ᠪᠠᠨ ᠰᠢᠯᠢᠳᠡᠭᠵᠢᠭᠦᠯᠬᠦ ᠵᠢ ᠳᠠᠮᠵᠢᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠮᠡᠷᠭᠡᠵᠢᠯ᠎ᠤᠨ ᠠᠮᠢᠳᠤᠷᠠᠯ᠎ᠤᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠣᠯᠠᠨ ᠵᠠᠮ ᠮᠥᠷ ᠵᠶ᠋ᠠᠷ ᠵᠣᠬᠢᠶᠠᠨ ᠪᠠᠶ᠋ᠢᠭᠤᠯᠤᠨ ᠬᠥᠲᠥᠯᠥᠨ ᠵᠢᠯᠣᠭᠤᠳᠴᠤ ᠪᠠᠶ᠋ᠢᠭ᠋ᠠᠳ ᠦᠨᠳᠦᠰᠦᠨ ᠱᠠᠲᠤᠨ᠎ᠳᠤ ᠣᠴᠢᠭᠤᠯᠵᠤ ᠦᠢ᠍ᠯᠡᠳᠦᠯᠭᠡᠵᠢᠭᠦᠯᠦᠨ ᠪᠣᠯᠪᠠᠰᠤᠷᠠᠭᠤᠯᠵᠤ᠂ ᠠᠵᠢᠯ ᠣᠯᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠢ᠃
      ᠵᠢᠷᠭᠤᠭ᠎ᠠ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠳᠤ ᠣᠴᠢᠵᠤ ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠣᠰᠬᠠᠬᠤ ᠵᠢ ᠵᠣᠷᠢᠭᠵᠢᠭᠤᠯᠬᠤ ᠪᠠ ᠲᠡᠳᠬᠦᠬᠦ ᠬᠡᠷᠡᠭᠲᠡᠶ᠃ ᠣᠷᠣᠨ ᠨᠤᠲᠤᠭ᠎ᠤᠨ ᠣᠨᠴᠠᠯᠢᠭ᠎ᠲᠠᠢ ᠠᠵᠤ ᠦᠢ᠍ᠯᠡᠰ᠎ᠤᠨ ᠦᠢ᠍ᠯᠡᠰ ᠪᠣᠰᠬᠠᠬᠤ ᠲᠥᠷᠥᠯ ᠵᠦᠢ᠍ᠯ᠎ᠢ ᠡᠭᠦᠳᠦᠨ ᠡᠷᠭᠢᠯᠡᠪᠡᠯ᠂ ᠲᠤᠬᠠᠶ ᠵᠢᠨ ᠭᠠᠵᠠᠷ᠎ᠤᠨ ᠦᠢ᠍ᠯᠡᠰ ᠪᠣᠰᠬᠠᠬᠤ ᠬᠦᠷᠢᠶᠡᠯᠡᠩ ᠪᠠ ᠦᠢ᠍ᠯᠡᠰ ᠪᠣᠰᠬᠠᠬᠤ ᠨᠡᠪᠴᠢᠭᠦᠯᠦᠭᠦᠷ᠎ᠤᠨ ᠰᠠᠭᠤᠷᠢᠨ ᠭᠠᠵᠠᠷ᠎ᠲᠤ ᠤᠷᠢᠳ ᠵᠶ᠋ᠠᠷ ᠲᠣᠬᠢᠷᠠᠭᠤᠯᠤᠨ ᠣᠷᠤᠭᠤᠯᠵᠤ᠂ ᠲᠠᠯᠠᠪᠠᠶ ᠵᠢᠨ ᠲᠦᠷᠢᠶᠡᠰᠦ᠂ ᠤᠰᠤ ᠴᠠᠬᠢᠯᠭ᠋ᠠᠨ᠎ᠤ ᠰᠦᠢ᠍ᠳᠬᠡᠯ ᠵᠡᠷᠭᠡ ᠵᠢ᠎ᠨᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠤᠷᠢᠳ ᠵᠶ᠋ᠠᠷ ᠬᠦᠷᠲᠡᠭᠡᠬᠦ ᠬᠡᠷᠡᠭᠲᠡᠶ᠃
      ᠳᠣᠯᠤᠭ᠎ᠠ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠨᠤᠲᠤᠭ᠎ᠤᠨ ᠴᠢᠳᠠᠪᠤᠷᠢᠲᠠᠳ ᠣᠶᠤᠲᠠᠳ᠎ᠤᠨ ᠰᠤᠷᠤᠭᠴᠢ ᠵᠢᠨ ᠢᠷᠡᠯᠲᠡ ᠪᠣᠯᠬᠤ ᠭᠠᠵᠠᠷ᠎ᠲᠤ᠎ᠪᠠᠨ ᠲᠠᠷᠢᠶᠠᠴᠢᠨ ᠮᠠᠯᠴᠢᠳ᠎ᠤᠨ ᠬᠤᠷᠰᠢᠶ᠎ᠠ᠂ ᠬᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠶ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠡᠷᠭᠡ ᠰᠢᠨ᠎ᠡ᠎ᠪᠠᠷ ᠪᠣᠶ ᠪᠣᠯᠵᠤ ᠪᠠᠶ᠋ᠢᠭ᠎ᠠ ᠡᠵᠡᠩᠨᠡᠯᠲᠡ ᠵᠢᠨ ᠭᠤᠤᠯ ᠴᠣᠭᠴᠠ ᠵᠢ ᠡᠭᠦᠳᠦᠨ ᠪᠠᠶ᠋ᠢᠭᠤᠯᠵᠤ ᠳᠠᠭ᠋ᠠᠭᠤᠯᠤᠨ ᠡᠷᠭᠢᠯᠡᠬᠦ ᠵᠢ᠎ᠨᠢ ᠳᠡᠮᠵᠢᠬᠦ ᠬᠡᠷᠡᠭᠲᠡᠢ᠃ ᠠᠩᠬ᠎ᠠ ᠤᠳᠠᠭ᠎ᠠ ᠦᠢ᠍ᠯᠡᠰ ᠪᠣᠰᠬᠠᠵᠤ ᠪᠠᠶ᠋ᠢᠬᠤ ᠮᠥᠷᠲᠡᠭᠡᠨ 1 ᠵᠢᠯ ᠭᠠᠷᠤᠢ ᠬᠡᠪ᠎ᠤᠨ ᠪᠠᠶ᠋ᠢᠳᠠᠯ᠎ᠲᠠᠢ ᠡᠵᠡᠩᠨᠡᠭᠰᠡᠨ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠭᠰᠠᠳ᠎ᠢ ᠦᠢ᠍ᠯᠡᠰ ᠪᠣᠰᠬᠠᠭᠰᠠᠨ ᠨᠢᠭᠡ ᠤᠳᠠᠭ᠎ᠠ ᠵᠢᠨ ᠴᠢᠨᠠᠷᠲᠠᠶ ᠨᠡᠮᠡᠭᠦᠷᠢ ᠥᠭᠬᠦ ᠬᠡᠪᠴᠢᠶᠡᠨ᠎ᠳᠤ ᠣᠷᠣᠭᠤᠯᠵᠤ᠂ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠭᠰᠠᠳ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠬᠦᠷᠢᠶᠡᠯᠡᠩ ᠪᠠ ᠨᠡᠪᠴᠢᠭᠦᠯᠦᠭᠦᠷ᠎ᠤᠨ ᠰᠠᠭᠤᠷᠢᠨ ᠭᠠᠵᠠᠷ᠎ᠢ᠎ᠨᠢ 《ᠱᠠᠩᠨᠠᠬᠤ᠎ᠪᠠᠷ ᠨᠥᠬᠦᠪᠥᠷᠢᠯᠡᠬᠦ ᠵᠢ ᠣᠷᠣᠯᠠᠭᠤᠯᠬᠤ》 ᠪᠠᠯᠠ ᠮᠥᠩᠭᠦ᠎ᠪᠠᠷ ᠲᠡᠳᠬᠦᠬᠦ ᠬᠡᠪᠴᠢᠶᠡᠨ᠎ᠳᠤ ᠣᠷᠣᠭᠤᠯᠬᠤ ᠬᠡᠷᠡᠭᠲᠡᠶ᠃
      ᠨᠠᠢ᠍ᠮᠠ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠷᠢᠶᠠᠯᠠᠬᠤ ᠮᠠᠯᠵᠢᠬᠤ ᠣᠷᠣᠨ᠎ᠤ ᠪᠠᠭᠰᠢ ᠵᠢᠨ ᠣᠨᠴᠠ ᠠᠵᠢᠯ᠎ᠤᠨ ᠪᠠᠶ᠋ᠢᠷᠢ ᠵᠢᠨ ᠲᠥᠯᠥᠪᠯᠡᠭᠡ᠂ ᠰᠠᠶ᠋ᠢᠨ ᠳᠤᠷᠠᠴᠤᠳ᠎ᠤᠨ ᠪᠠᠷᠠᠭᠤᠨ ᠣᠷᠣᠨ᠎ᠳᠤ ᠦᠢ᠍ᠯᠡᠴᠢᠯᠡᠬᠦ ᠲᠥᠯᠥᠪᠯᠡᠭᠡ᠂ 《ᠭᠤᠷᠪᠠ ᠵᠢ ᠲᠤᠰᠠᠯᠠᠵᠤ ᠨᠢᠭᠡ ᠵᠢ ᠲᠡᠳᠬᠦᠬᠦ》᠂ ᠨᠡᠶ᠋ᠢᠭᠡᠮ ᠲᠣᠭᠤᠷᠢᠭ᠎ᠤᠨ ᠠᠷᠠᠳ᠎ᠤᠨ ᠠᠮᠢᠳᠤᠷᠠᠯ᠎ᠤᠨ ᠠᠵᠢᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠯᠥᠪᠯᠡᠭᠡ ᠵᠡᠷᠭᠡ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠷᠥᠯ ᠵᠦ᠍ᠶ᠋ᠢᠯ᠎ᠢ ᠭᠦᠨᠵᠡᠭᠡᠶ ᠬᠡᠷᠡᠭᠵᠢᠭᠦᠯᠵᠦ᠂ 《ᠭᠤᠷᠪᠠ ᠵᠢ ᠲᠤᠰᠠᠯᠠᠵᠤ ᠨᠢᠭᠡ ᠵᠢ ᠲᠡᠳᠬᠦᠬᠦ》᠂ ᠨᠡᠶ᠋ᠢᠭᠡᠮ ᠲᠣᠭᠤᠷᠢᠭ᠎ᠤᠨ ᠠᠷᠠᠳ᠎ᠤᠨ ᠠᠮᠢᠳᠤᠷᠠᠯ᠎ᠤᠨ ᠠᠵᠢᠯ ᠵᠶ᠋ᠠᠷ ᠵᠢᠯ ᠪᠦᠷᠢ 7500 ᠣᠷᠴᠢᠮ ᠤᠶᠤᠲᠠᠳ᠎ᠢ ᠡᠯᠰᠡᠵᠦ ᠦᠨᠳᠦᠰᠦᠨ ᠱᠠᠲᠤᠨ᠎ᠳᠤ ᠣᠴᠢᠭᠤᠯᠵᠤ ᠠᠵᠢᠯᠯᠠᠭᠤᠯᠬᠤ ᠬᠡᠷᠡᠭᠲᠡᠶ᠃
      ᠶᠢᠰᠦ᠂ ᠠᠵᠢᠯ ᠦᠢ᠍ᠯᠡᠰ᠎ᠤᠨ ᠨᠢᠭᠡᠴᠢ ᠵᠢᠨ ᠣᠷᠣᠨ ᠲᠤᠭ᠎ᠠ ᠵᠢᠨ ᠬᠡᠷᠡᠭᠯᠡᠯᠲᠡ ᠵᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠨᠢ ᠠᠵᠢᠯ᠎ᠤᠨ ᠪᠣᠳᠠᠲᠠᠢ᠎ᠪᠠᠨ ᠦᠨᠳᠦᠰᠦᠯᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠣᠷᠣᠨ ᠲᠤᠭ᠎ᠠ ᠵᠢᠨ 《ᠡᠷᠭᠢᠯᠳᠦᠭᠦᠯᠦᠨ ᠬᠡᠷᠡᠭᠯᠡᠬᠦ ᠬᠥᠮᠥᠷᠭᠡ》 ᠪᠠᠶ᠋ᠢᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ ᠵᠢᠴᠢ ᠲᠡᠭᠦᠨ᠎ᠠᠴᠠ ᠳᠣᠷᠣᠭᠰᠢᠬᠢ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠣᠷᠣᠨ ᠲᠤᠭ᠎ᠠ ᠵᠢ ᠭᠦᠢ᠍ᠴᠡᠳ ᠪᠠᠲᠤᠯᠠᠵᠤ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠴᠠᠭ ᠲᠤᠬᠠᠶ᠎ᠳᠤ᠎ᠨᠢ ᠡᠯᠰᠡᠨ ᠤᠷᠢᠵᠤ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠳᠤᠲᠠᠭᠳᠠᠵᠤ ᠪᠠᠶ᠋ᠢᠭ᠎ᠠ ᠠᠵᠢᠯ᠎ᠤᠨ ᠪᠠᠶ᠋ᠢᠷᠢᠨ᠎ᠳᠠᠬᠢ ᠠᠵᠢᠯᠲᠠᠨ ᠵᠶ᠋ᠠᠨ ᠨᠥᠬᠦᠪᠥᠷᠢᠯᠡᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠡᠶ᠋ᠢᠰᠢ ᠴᠢᠳᠠᠪᠤᠷᠢᠲᠠᠨ᠎ᠤ ᠰᠢᠯᠵᠢᠬᠦ ᠵᠢ᠎ᠨᠢ ᠨᠡᠩ ᠰᠠᠶ᠋ᠢᠲᠤᠷ ᠲᠠᠲᠠᠨ ᠣᠷᠤᠭᠤᠯᠬᠤ ᠬᠡᠷᠡᠭᠲᠡᠶ᠃
      ᠠᠷᠪᠠ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠡᠯᠰᠡᠵᠦ ᠤᠷᠢᠬᠤ ᠨᠥᠬᠦᠴᠡᠯ᠎ᠢ ᠵᠣᠬᠢᠰᠲᠠᠶ ᠲᠣᠬᠢᠷᠠᠭᠤᠯᠬᠤ ᠬᠡᠷᠡᠭᠲᠡᠶ᠃ ᠬᠠᠲᠠᠭᠤ ᠪᠡᠷᠬᠡᠰᠢᠶᠡᠯᠲᠡᠢ ᠬᠢᠯᠢ ᠬᠢᠵᠠᠭ᠋ᠠᠷ᠎ᠤᠨ ᠪᠣᠶ᠋ᠢᠳᠠ ᠪᠥᠭᠯᠡᠭᠦᠦ ᠭᠠᠵᠠᠷ ᠣᠷᠣᠨ᠎ᠤ ᠠᠵᠢᠯ ᠦᠢ᠍ᠯᠡᠰ᠎ᠤᠨ ᠨᠢᠭᠡᠴᠢ᠎ᠨᠢ ᠠᠵᠢᠯᠲᠠᠨ ᠡᠯᠰᠡᠵᠦ ᠤᠷᠢᠬᠤ᠎ᠳᠤ᠎ᠪᠠᠨ᠂ ᠨᠠᠰᠤ ᠵᠢ᠎ᠨᠢ ᠪᠦᠬᠦᠯᠢ 40 ᠨᠠᠰᠤᠨ᠎ᠠᠴᠠ ᠳᠣᠷᠣᠭᠰᠢ ᠪᠠᠶ᠋ᠢᠯᠭ᠋ᠠᠵᠤ ᠪᠣᠯᠣᠨ᠎ᠠ; ᠬᠠᠮᠢᠶᠠᠷᠤᠯᠲᠠ ᠵᠢᠨ ᠠᠵᠢᠯᠳᠡᠨ᠂ ᠠᠯᠪᠠᠨ᠎ᠤ ᠦᠢ᠍ᠯᠡᠴᠢᠯᠡᠭᠡ ᠵᠢᠵᠢᠭᠦᠷ᠎ᠤᠨ ᠪᠠᠶ᠋ᠢᠷᠢᠨ᠎ᠳᠠᠬᠢ ᠠᠵᠢᠯᠴᠢᠨ᠎ᠢ ᠡᠯᠰᠡᠵᠦ ᠤᠷᠢᠬᠤ᠎ᠳᠤ ᠲᠤᠰᠬᠠᠢ ᠮᠡᠷᠭᠡᠵᠢᠯ᠎ᠤᠨ ᠬᠢᠵᠠᠭ᠋ᠠᠷᠯᠠᠯ ᠭᠠᠷᠭ᠋ᠠᠭᠤ ᠦᠭᠡᠢ ᠪᠠᠶ᠋ᠢᠵᠤ ᠪᠣᠯᠣᠨ᠎ᠠ; ᠵᠣᠬᠢᠬᠤ ᠲᠤᠭ᠎ᠠ ᠬᠡᠮᠵᠢᠶᠡᠨ᠎ᠤ ᠠᠵᠢᠯ᠎ᠤᠨ ᠪᠠᠶ᠋ᠢᠷᠢ ᠭᠠᠷᠭ᠋ᠠᠵᠤ ᠪᠠᠶ᠋ᠢᠭ᠋ᠠᠳ ᠲᠤᠰ ᠬᠤᠰᠢᠭᠤ ᠰᠢᠶᠠᠨ ᠪᠤᠶᠤ ᠡᠷᠭᠢᠨ ᠲᠣᠭᠤᠷᠢᠨ᠎ᠤ ᠬᠤᠰᠢᠭᠤ ᠰᠢᠶᠠᠨ᠎ᠤ ᠡᠷᠦᠬᠡ ᠠᠮᠠ ᠵᠢᠨ ᠬᠠᠷᠢᠶ᠎ᠠ᠎ᠲᠠᠢ ᠬᠥᠮᠦᠰ (ᠪᠤᠶᠤ ᠰᠤᠷᠤᠭᠴᠢ)᠎ᠲᠤ ᠬᠠᠨᠳᠤᠭᠤᠯᠵᠤ ᠲᠤᠰᠬᠠᠶ᠋ᠢᠯᠠᠨ ᠡᠯᠰᠡᠵᠦ ᠤᠷᠢᠬᠤ ᠵᠢ᠎ᠨᠢ ᠵᠥᠪᠰᠢᠶᠡᠷᠡᠨ᠎ᠡ᠃
      ᠠᠷᠪᠠᠨ ᠨᠢᠭᠡ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠠᠵᠢᠯ ᠦᠢ᠍ᠯᠡᠰ᠎ᠤᠨ ᠨᠢᠭᠡᠴᠢ ᠵᠢᠨ ᠡᠯᠰᠡᠵᠦ ᠤᠷᠢᠬᠤ ᠠᠷᠭ᠎ᠠ ᠬᠡᠯᠪᠡᠷᠢ ᠵᠢ ᠰᠠᠶ᠋ᠢᠵᠢᠷᠠᠭᠤᠯᠬᠤ ᠬᠡᠷᠡᠭᠲᠡᠢ᠃ ᠰᠤᠮᠤ ᠰᠢᠶᠠᠩ ᠪᠠᠯᠭ᠋ᠠᠰᠤᠨ᠎ᠤ ᠠᠵᠢᠯ ᠦᠢ᠍ᠯᠡᠰ᠎ᠤᠨ ᠨᠢᠭᠡᠴᠢ᠎ᠳᠤ ᠵᠢᠩᠬᠢᠨᠢ ᠠᠩᠭᠢ ᠲᠡᠭᠦᠰᠦᠭᠰᠡᠨ᠎ᠠᠴᠠ ᠳᠡᠭᠡᠭᠰᠢᠬᠢ᠂ ᠬᠤᠰᠢᠭᠤ ᠰᠢᠶᠠᠨ᠎ᠤ ᠱᠠᠲᠤᠨ᠎ᠤ ᠠᠵᠢᠯ ᠦᠢ᠍ᠯᠡᠰ᠎ᠤᠨ ᠨᠢᠭᠡᠴᠢ᠎ᠳᠤ ᠳᠤᠮᠳᠠ ᠵᠡᠷᠭᠡ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ ᠪᠤᠶᠤ ᠮᠠᠭᠢᠰᠳ᠋ᠷ᠎ᠠᠴᠠ ᠳᠡᠭᠡᠭᠰᠢᠬᠢ ᠡᠷᠳᠡᠮ᠎ᠤᠨ ᠴᠣᠯᠠ᠎ᠲᠠᠢ ᠬᠥᠮᠦᠰ᠎ᠢ ᠡᠯᠰᠡᠵᠦ ᠤᠷᠢᠬᠤ ᠵᠢᠴᠢ ᠠᠵᠢᠯ ᠲᠥᠷᠥᠯ᠂ ᠠᠵᠢᠯ᠎ᠤᠨ ᠪᠠᠶ᠋ᠢᠷᠢ᠎ᠳᠤ ᠳᠤᠲᠠᠭᠳᠠᠵᠤ ᠪᠠᠶ᠋ᠢᠭ᠎ᠠ ᠪᠠᠴᠢᠮ ᠬᠡᠷᠡᠭᠰᠡᠬᠦ ᠲᠤᠰᠬᠠᠢ ᠮᠡᠷᠭᠡᠵᠢᠯ᠎ᠤᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠵᠦ ᠤᠷᠢᠬᠤ᠎ᠳᠤ᠂ ᠨᠡᠷ᠎ᠡ ᠮᠡᠳᠡᠭᠦᠯᠦᠭᠰᠡᠨ᠂ ᠲᠤᠰᠬᠠᠢ ᠮᠡᠷᠭᠡᠵᠢᠯ᠎ᠤᠨ ᠲᠠᠷᠬᠠᠯᠲᠠ ᠵᠡᠷᠭᠡ ᠪᠠᠶ᠋ᠢᠳᠠᠯ᠎ᠢ᠎ᠨᠢ ᠦᠨᠳᠦᠰᠦᠯᠡᠨ᠂ ᠰᠢᠯᠭ᠋ᠠᠬᠤ ᠬᠠᠷᠢᠴᠠᠯ᠎ᠢ᠎ᠨᠢ ᠵᠣᠬᠢᠰᠲᠠᠢ ᠪᠠᠭᠤᠷᠠᠭᠤᠯᠬᠤ ᠪᠤᠶᠤ ᠰᠢᠯᠭ᠋ᠠᠬᠤ ᠬᠠᠷᠢᠴᠠᠯ ᠭᠠᠷᠭ᠋ᠠᠬᠤ ᠥᠭᠡᠢ᠎ᠪᠠᠷ ᠬᠢᠷᠢ ᠪᠦᠲᠦᠮᠵᠢ ᠵᠢᠨ ᠬᠢᠷᠢ ᠲᠡᠩᠴᠡᠬᠦ ᠬᠤᠪᠢ ᠵᠢᠨ ᠪᠠᠷᠢᠮᠵᠢᠶ᠎ᠠ ᠵᠢ᠎ᠨᠢ ᠲᠣᠭᠲᠠᠭ᠋ᠠᠵᠤ ᠪᠣᠯᠣᠨ᠎ᠠ; ᠡᠰᠡᠬᠦᠯ᠎ᠡ ᠪᠣᠳᠠᠲᠠᠢ᠎ᠲᠠᠢ᠎ᠪᠠᠨ ᠤᠶᠠᠯᠳᠤᠭᠤᠯᠵᠤ᠂ ᠨᠢᠭᠤᠷᠲᠠᠨ ᠰᠢᠯᠭ᠋ᠠᠬᠤ᠂ ᠰᠢᠭᠤᠳ ᠰᠢᠯᠭ᠋ᠠᠨ ᠪᠠᠶ᠋ᠢᠴᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠡᠯᠰᠡᠨ ᠤᠷᠢᠵᠤ ᠪᠣᠯᠤᠨ᠎ᠠ᠃ ᠦᠨᠳᠦᠰᠦᠨ ᠱᠠᠲᠤᠨ᠎ᠳᠤ ᠦᠢ᠍ᠯᠡᠴᠢᠯᠡᠬᠦ ᠲᠥᠷᠥᠯ ᠵᠦ᠍ᠶ᠋ᠢᠯ᠎ᠤᠨ ᠠᠵᠢᠯᠲᠠᠨ᠎ᠢ ᠬᠠᠨᠳᠤᠯᠭ᠎ᠠ᠎ᠲᠠᠢ ᠡᠯᠰᠡᠵᠦ ᠤᠷᠢᠬᠤ ᠲᠤᠰᠬᠠᠢ ᠲᠠᠯᠠᠪᠠᠢ ᠵᠢᠨ ᠡᠯᠰᠡᠨ ᠤᠷᠢᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠢ᠃
      ᠠᠷᠪᠠᠨ ᠬᠤᠶᠠᠷ᠂ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ ᠰᠤᠮᠤ ᠰᠢᠶᠠᠩ ᠪᠠᠯᠭ᠋ᠠᠰᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠬᠤᠰᠢᠭᠤ ᠰᠢᠶᠠᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠵᠢᠩᠬᠢᠨᠢ ᠠᠩᠭᠢ ᠲᠡᠭᠦᠰᠦᠭᠰᠡᠨ᠎ᠠᠴᠠ ᠳᠡᠭᠡᠭᠰᠢᠬᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠡᠯᠰᠡᠵᠦ ᠤᠷᠢᠬᠤ᠂ ᠰᠤᠮᠤ ᠰᠢᠶᠠᠩ ᠪᠠᠯᠭ᠋ᠠᠰᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠠᠩᠭᠢ ᠲᠡᠭᠦᠰᠦᠭᠰᠡᠨ᠎ᠠᠴᠠ ᠳᠡᠭᠡᠭᠰᠢᠬᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠡᠯᠰᠡᠨ ᠤᠷᠢᠬᠤ᠎ᠳᠤ ᠰᠢᠭᠤᠳ ᠰᠢᠯᠭ᠋ᠠᠨ ᠪᠠᠶ᠋ᠢᠴᠠᠭ᠋ᠠᠬᠤ ᠠᠷᠭ᠎ᠠ ᠬᠡᠯᠪᠡᠷᠢ᠎ᠪᠠᠷ ᠳᠠᠮᠵᠢᠭᠤᠯᠤᠨ ᠢᠯᠡ᠎ᠪᠠᠷ ᠡᠯᠰᠡᠨ ᠤᠷᠢᠵᠤ ᠪᠣᠯᠣᠨ᠎ᠠ᠃
      ᠠᠷᠪᠠᠨ ᠭᠤᠷᠪᠠ᠂ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠨᠢ ᠤᠷᠢᠬᠤ》 ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ᠎ᠪᠠᠨ ᠠᠬᠢᠭᠤᠯᠬᠤ ᠬᠡᠷᠡᠭᠲᠡᠢ᠃ ᠠᠵᠢᠯ ᠶᠠᠪᠤᠳᠠᠯ ᠬᠠᠮᠢᠶᠠᠷᠬᠤ ᠡᠷᠬᠡ ᠠᠵᠢᠯᠲᠠᠨ᠎ᠤ ᠶᠠᠪᠤᠳᠠᠯ᠎ᠢ ᠬᠠᠮᠢᠶᠠᠷᠬᠤ ᠡᠷᠬᠡ ᠡᠳ᠋᠎ᠤᠨ ᠶᠠᠪᠤᠳᠠᠯ᠎ᠢ ᠬᠠᠮᠢᠶᠠᠷᠬᠤ ᠡᠷᠬᠡ ᠵᠢ ᠨᠢᠭᠡᠲᠦᠵᠢᠭᠦᠯᠦᠭᠰᠡᠨ ᠪᠠᠭᠰᠢ ᠨᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠢ ᠠᠯᠬᠤᠮ ᠠᠯᠬᠤᠮ ᠵᠶ᠋ᠠᠷ ᠨᠠᠶ᠋ᠢᠳᠠᠪᠤᠷᠢᠵᠢᠭᠤᠯᠵᠤ᠂ ᠬᠤᠰᠢᠭᠤ ᠰᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠨᠠᠷ᠎ᠤᠨ ᠡᠩᠨᠡᠭᠡ ᠵᠢ ᠨᠢᠭᠡᠳᠦᠯᠲᠡᠶ ᠲᠥᠯᠥᠪᠯᠡᠵᠦ ᠬᠠᠮᠢᠶᠠᠷᠬᠤ ᠬᠡᠷᠡᠭᠲᠡᠶ᠃ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠲᠤᠰᠬᠠᠶ ᠪᠠᠭᠰᠢ ᠵᠢ ᠡᠯᠰᠡᠵᠦ ᠤᠷᠢᠬᠤ᠎ᠳᠤ᠂ ᠡᠯᠰᠡᠨ ᠤᠷᠢᠬᠤ ᠲᠠᠰ ᠳᠠᠷᠠᠭ᠋ᠠᠯᠠᠯ᠎ᠢ ᠳᠥᠭᠦᠮᠴᠢᠯᠡᠵᠦ᠂ ᠰᠢᠭᠤᠳ ᠲᠤᠷᠰᠢᠨ ᠵᠢᠭ᠋ᠠᠬᠤ (ᠬᠢᠴᠢᠶᠡᠯ ᠣᠷᠣᠬᠤ)᠂ ᠪᠣᠳᠠᠲᠠᠶ ᠠᠵᠢᠯᠯᠠᠬᠤ ᠴᠢᠳᠠᠪᠤᠷᠢ ᠵᠢ᠎ᠨᠢ ᠰᠢᠯᠭ᠋ᠠᠨ ᠲᠤᠷᠰᠢᠬᠤ ᠵᠡᠷᠭᠡ ᠠᠷᠭ᠎ᠠ ᠬᠡᠯᠪᠡᠷᠢ᠎ᠪᠠᠷ ᠡᠯᠰᠡᠨ ᠤᠷᠢᠵᠤ ᠪᠣᠯᠤᠨ᠎ᠠ᠃
      ᠠᠷᠪᠠᠨ ᠳᠥᠷᠪᠡ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠠᠵᠢᠯ ᠣᠯᠤᠭᠰᠠᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠮᠡᠷᠭᠡᠵᠢᠯ᠎ᠤᠨ ᠬᠥᠭᠵᠢᠯᠲᠡ ᠵᠢᠨ ᠠᠷᠭ᠎ᠠ ᠵᠠᠮ᠎ᠢ ᠰᠠᠭ᠋ᠠᠳ ᠦᠭᠡᠶ ᠨᠡᠪᠲᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠱᠠᠲᠤᠨ᠎ᠤ ᠬᠠᠷᠢᠶ᠎ᠠ ᠪᠣᠯᠬᠤ ᠠᠵᠢᠯ ᠦᠢ᠍ᠯᠡᠰ᠎ᠤᠨ ᠨᠢᠭᠡᠴᠢ ᠵᠢᠨ ᠨᠡᠶ᠋ᠢᠭᠡᠮ᠎ᠳᠤ ᠬᠠᠨᠳᠤᠭᠤᠯᠤᠨ ᠢᠯᠡ᠎ᠪᠠᠷ ᠡᠯᠰᠡᠨ ᠤᠷᠢᠬᠤ ᠵᠢ ᠵᠥᠪᠰᠢᠶᠡᠷᠡᠭᠰᠡᠨ ᠪᠠᠶ᠋ᠢᠪᠠᠯ᠂ ᠵᠣᠬᠢᠬᠤ ᠲᠣᠭ᠋ᠠᠨ᠎ᠤ ᠠᠵᠢᠯ᠎ᠤᠨ ᠪᠠᠶ᠋ᠢᠷᠢ ᠭᠠᠷᠭ᠋ᠠᠵᠤ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ᠎ᠳᠤ ᠠᠵᠢᠯᠯᠠᠭᠰᠠᠨ ᠥᠩᠭᠡᠷᠡᠯᠲᠡ᠎ᠲᠠᠢ ᠠᠵᠢᠯᠲᠠᠨ᠎ᠢ ᠡᠯᠰᠡᠵᠦ ᠤᠷᠢᠬᠤ ᠬᠡᠷᠡᠭᠲᠡᠢ᠃
      ᠠᠷᠪᠠᠨ ᠲᠠᠪᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠠᠬᠢ ᠲᠤᠰᠬᠠᠶ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠪᠦᠬᠦᠯᠢ ᠡᠳᠦᠷ᠎ᠤᠨ ᠳᠦᠷᠢᠮᠲᠦ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠬᠤᠰᠢᠭᠤ ᠰᠢᠶᠠᠨ ᠵᠢᠴᠢ ᠲᠡᠭᠦᠨ᠎ᠠᠴᠠ ᠳᠣᠷᠣᠭᠰᠢᠬᠢ ᠦᠨᠳᠦᠰᠦᠨ ᠱᠠᠲᠤᠨ᠎ᠤ ᠨᠢᠭᠡᠴᠢ᠎ᠳᠤ ᠥᠪᠡᠷ᠎ᠤᠨ ᠰᠣᠷᠣᠭᠰᠠᠨ ᠲᠤᠰᠬᠠᠶ ᠮᠡᠷᠭᠡᠵᠢᠯ ᠪᠤᠶᠤ ᠠᠳᠠᠯᠢᠪᠲᠤᠷ ᠲᠤᠰᠬᠠᠶ ᠮᠡᠷᠭᠡᠵᠢᠯ᠎ᠤᠨ ᠲᠠᠯ᠎ᠠ ᠵᠢᠨ ᠠᠵᠢᠯ ᠬᠢᠵᠦ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠰᠢᠯᠭ᠋ᠠᠬᠤ ᠴᠢᠬᠤᠯᠠ᠎ᠲᠠᠢ ᠲᠤᠰᠬᠠᠶ ᠮᠡᠷᠭᠡᠵᠢᠯ᠎ᠢ᠎ᠨᠢ ᠭᠠᠷᠭ᠋ᠠᠪᠠᠯ᠂ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠪᠣᠯ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠵᠣᠬᠢᠬᠤ ᠮᠡᠷᠭᠡᠵᠢᠯ᠎ᠤᠨ ᠴᠣᠯᠠ᠎ᠪᠠᠷ ᠮᠠᠭ᠋ᠠᠳᠯᠠᠨ ᠲᠣᠭᠲᠠᠭ᠋ᠠᠬᠤ ᠵᠢ ᠰᠢᠭᠤᠳ ᠭᠤᠶᠤᠴᠢᠯᠠᠵᠤ ᠪᠣᠯᠤᠨ᠎ᠠ᠂ ᠮᠡᠷᠭᠡᠵᠢᠯ᠎ᠤᠨ ᠴᠣᠯᠠ ᠵᠢ᠎ᠨᠢ ᠬᠢᠨᠠᠨ ᠲᠣᠭᠲᠠᠭ᠋ᠠᠬᠤ ᠴᠢᠬᠤᠯᠠ ᠦᠭᠡᠶ᠂ ᠡᠭᠦᠨ᠎ᠳᠤ᠂ ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠠᠩᠭᠢ᠎ᠠᠴᠠ ᠲᠡᠭᠦᠰᠦᠭᠡᠳ ᠪᠦᠬᠦᠯᠢ 2 ᠵᠢᠯ ᠠᠵᠢᠯᠯᠠᠭᠰᠠᠨ ᠪᠠᠶ᠋ᠢᠪᠠᠯ ᠲᠤᠰᠠᠯᠠᠬᠤ ᠵᠡᠷᠭᠡ ᠵᠢᠨ ᠮᠡᠷᠭᠡᠵᠢᠯ᠎ᠤᠨ ᠴᠣᠯᠠ᠎ᠪᠠᠷ ᠮᠠᠭ᠋ᠠᠳᠯᠠᠨ ᠲᠣᠭᠲᠠᠭ᠋ᠠᠯᠭ᠋ᠠᠵᠤ ᠪᠣᠯᠣᠨ᠎ᠠ; ᠶᠡᠭᠡ ᠰᠤᠷᠭ᠋ᠠᠭᠤᠯᠢ ᠵᠢᠨ ᠵᠢᠩᠬᠢᠨᠢ ᠠᠩᠭᠢ᠎ᠠᠴᠠ ᠲᠡᠭᠦᠰᠦᠭᠰᠡᠨ ᠪᠣᠯ ᠲᠤᠰᠠᠯᠠᠬᠤ ᠵᠡᠷᠭᠡ ᠵᠢᠨ ᠮᠡᠷᠭᠡᠵᠢᠯ᠎ᠤᠨ ᠴᠣᠯᠠ ᠵᠢ᠎ᠨᠢ ᠰᠢᠭᠤᠳ ᠮᠠᠭ᠋ᠠᠳᠯᠠᠨ ᠲᠣᠭᠲᠠᠭ᠋ᠠᠵᠤ ᠪᠣᠯᠣᠨ᠎ᠠ; ᠠᠰᠫᠢᠷᠠᠨᠲ ᠵᠶ᠋ᠠᠷ ᠲᠡᠭᠦᠰᠦᠭᠡᠳ ᠪᠦᠬᠦᠯᠢ 1 ᠵᠢᠯ ᠠᠵᠢᠯᠯᠠᠭᠰᠠᠨ ᠪᠠᠶ᠋ᠢᠪᠠᠯ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠮᠠᠭ᠋ᠠᠳᠯᠠᠨ ᠲᠣᠭᠲᠠᠭ᠋ᠠᠵᠤ ᠪᠣᠯᠤᠨ᠎ᠠ; ᠳ᠋ᠣᠺᠲ᠋ᠣᠷᠠᠨᠲ ᠲᠡᠭᠦᠰᠦᠭᠰᠡᠨ ᠪᠣᠯ ᠰᠢᠭᠤᠳ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠮᠠᠭ᠋ᠠᠳᠯᠠᠨ ᠲᠣᠭᠲᠠᠭ᠋ᠠᠵᠤ ᠪᠣᠯᠤᠨ᠎ᠠ᠃ ᠰᠤᠮᠤ ᠰᠢᠶᠠᠩ ᠪᠠᠯᠭ᠋ᠠᠰᠤᠨ᠎ᠤ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠠᠵᠢᠯᠯᠠᠭ᠋ᠠᠳ ᠪᠦᠬᠦᠯᠢ 2 ᠵᠢᠯ ᠪᠣᠯᠤᠭᠰᠠᠨ ᠵᠢᠩᠬᠢᠨᠢ ᠠᠩᠭᠢ ᠲᠡᠭᠦᠰᠦᠭᠰᠡᠳ ᠪᠠ ᠪᠦᠬᠦᠯᠢ 4 ᠵᠢᠯ ᠪᠣᠯᠤᠭᠰᠠᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠪᠣᠯ᠂ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ᠎ᠳᠤ ᠰᠢᠭᠤᠳ ᠣᠷᠣᠯᠴᠠᠵᠤ ᠪᠣᠯᠤᠨ᠎ᠠ᠃
      ᠠᠷᠪᠠᠨ ᠵᠢᠷᠭᠤᠭ᠎ᠠ᠂ ᠦᠨᠳᠦᠰᠦᠨ ᠱᠠᠲᠤᠨ᠎ᠳᠤ ᠠᠵᠢᠯ ᠣᠯᠭᠤᠭᠰᠠᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠴᠠᠯᠢᠩ ᠣᠯᠭᠤᠮᠵᠢ ᠵᠢᠨ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ᠃ ᠬᠠᠲᠠᠭᠤ ᠪᠡᠷᠬᠡᠰᠢᠶᠡᠯᠲᠡᠢ ᠬᠢᠯᠢ ᠬᠢᠵᠠᠭ᠋ᠠᠷ᠎ᠤᠨ ᠪᠣᠶ᠋ᠢᠳᠠ ᠪᠥᠭᠯᠡᠭᠦᠦ ᠭᠠᠵᠠᠷ ᠣᠷᠣᠨ᠎ᠳᠤ ᠠᠵᠢᠯᠯᠠᠵᠤ ᠪᠠᠶ᠋ᠢᠭ᠎ᠠ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠠᠵᠢᠯ ᠦᠢ᠍ᠯᠡᠰ᠎ᠤᠨ ᠨᠢᠭᠡᠴᠢ ᠵᠢᠨ ᠵᠢᠩᠬᠢᠨᠢ ᠠᠵᠢᠯᠲᠠᠨ ᠵᠶ᠋ᠠᠷ ᠡᠯᠰᠡᠭᠳᠡᠵᠦ ᠤᠷᠢᠭᠳᠠᠭᠰᠠᠨ ᠪᠣᠯ ᠠᠵᠢᠯ᠎ᠢ᠎ᠨᠢ ᠤᠷᠢᠳᠴᠢᠯᠠᠨ ᠵᠢᠩᠬᠢᠨᠢᠴᠢᠯᠡᠵᠦ ᠴᠠᠯᠢᠩ᠎ᠤᠨ ᠳᠡᠰ᠎ᠢ᠎ᠨᠢ ᠲᠣᠭᠲᠠᠭ᠋ᠠᠨ ᠥᠭᠴᠦ ᠪᠣᠯᠣᠨ᠎ᠠ᠂ ᠠᠵᠢᠯ᠎ᠢ᠎ᠨᠢ ᠵᠢᠩᠬᠢᠨᠢᠴᠢᠯᠡᠵᠦ ᠴᠠᠯᠢᠩ᠎ᠤᠨ ᠳᠡᠰ᠎ᠢ᠎ᠨᠢ ᠲᠣᠭᠲᠠᠭ᠋ᠠᠬᠤ᠎ᠳᠤ ᠴᠠᠯᠢᠩ᠎ᠢ᠎ᠨᠢ ᠥᠨᠳᠥᠷ ᠳᠡᠰ᠎ᠲᠤ ᠲᠣᠭᠲᠠᠭ᠋ᠠᠨ᠎ᠠ᠃ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠷᠥᠯ ᠵᠦ᠍ᠶ᠋ᠢᠯ ᠵᠶ᠋ᠠᠷ ᠳᠠᠮᠵᠢᠭᠤᠯᠵᠤ ᠦᠨᠳᠦᠰᠦᠨ ᠱᠠᠲᠤᠨ᠎ᠳᠤ ᠰᠣᠩᠭᠤᠨ ᠲᠣᠮᠢᠯᠠᠭᠳᠠᠭᠰᠠᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠢ᠍ᠯᠡᠴᠢᠯᠡᠬᠦ ᠬᠤᠭᠤᠴᠠᠭ᠎ᠠ᠎ᠨᠢ ᠳᠠᠭᠤᠰᠴᠤ ᠠᠵᠢᠯ ᠦᠢ᠍ᠯᠡᠰ᠎ᠤᠨ ᠨᠢᠭᠡᠴᠢ᠎ᠳᠤ ᠡᠯᠰᠡᠭᠳᠡᠵᠦ ᠤᠷᠢᠭᠳᠠᠭᠰᠠᠨ ᠪᠠᠶ᠋ᠢᠪᠠᠯ᠂ ᠦᠢ᠍ᠯᠡᠴᠢᠯᠡᠬᠦ ᠬᠤᠭᠤᠴᠠᠭ᠋ᠠᠨ᠎ᠳᠠᠬᠢ ᠨᠠᠰᠤᠵᠢᠯ᠎ᠤᠨ ᠳᠠᠭ᠋ᠠᠳᠬᠠᠯ ᠲᠤᠰᠢᠶᠠᠭᠰᠠᠨ ᠵᠢᠯ ᠬᠤᠭᠤᠴᠠᠭ᠎ᠠ ᠵᠢ᠎ᠨᠢ ᠠᠵᠢᠯᠯᠠᠭᠰᠠᠨ ᠣᠨ ᠵᠢᠯ ᠵᠶ᠋ᠠᠷ ᠨᠡᠶ᠋ᠢᠯᠡᠭᠦᠯᠦᠨ ᠪᠤᠳᠤᠵᠤ ᠪᠣᠯᠤᠨ᠎ᠠ᠃ ᠬᠠᠲᠠᠭᠤ ᠪᠡᠷᠬᠡᠰᠢᠶᠡᠯᠲᠡᠢ ᠬᠢᠯᠢ ᠬᠢᠵᠠᠭ᠋ᠠᠷ᠎ᠤᠨ ᠪᠣᠶ᠋ᠢᠳᠠ ᠪᠥᠭᠯᠡᠭᠦᠦ ᠭᠠᠵᠠᠷ ᠣᠷᠣᠨ᠎ᠤ ᠨᠡᠮᠡᠯᠭᠡ ᠵᠢᠨ ᠨᠡᠮᠡᠭᠳᠡᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠬᠠᠲᠠᠭᠤ ᠪᠡᠷᠬᠡᠰᠢᠶᠡᠯᠲᠡᠢ ᠬᠢᠯᠢ ᠬᠢᠵᠠᠭ᠋ᠠᠷ᠎ᠤᠨ ᠪᠣᠶ᠋ᠢᠳᠠ ᠪᠥᠭᠯᠡᠭᠦᠦ ᠭᠠᠵᠠᠷ ᠣᠷᠣᠨ᠎ᠤ ᠨᠡᠮᠡᠯᠭᠡ ᠵᠢᠨ ᠪᠠᠷᠢᠮᠵᠢᠶ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ ᠬᠡᠷᠡᠭᠲᠡᠢ᠃ ᠰᠤᠮᠤ ᠰᠢᠶᠠᠩ ᠪᠠᠯᠭ᠋ᠠᠰᠤᠨ᠎ᠳᠠᠬᠢ ᠠᠵᠢᠯ᠎ᠤᠨ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠰᠤᠮᠤ ᠰᠢᠶᠠᠩ ᠪᠠᠯᠭ᠋ᠠᠰᠤᠨ᠎ᠳᠤ ᠠᠵᠢᠯᠯᠠᠵᠤ ᠪᠠᠶ᠋ᠢᠭ᠎ᠠ ᠠᠵᠢᠯ ᠦᠢ᠍ᠯᠡᠰ᠎ᠤᠨ ᠨᠢᠭᠡᠴᠢ ᠵᠢᠨ ᠵᠢᠩᠬᠢᠨᠢ ᠠᠵᠢᠯᠲᠠᠨ᠎ᠳᠤ ᠰᠤᠮᠤ ᠰᠢᠶᠠᠩ ᠪᠠᠯᠭ᠋ᠠᠰᠤᠨ᠎ᠤ ᠠᠵᠢᠯ᠎ᠤᠨ ᠨᠡᠮᠡᠭᠦᠷᠢ ᠣᠯᠭᠤᠬᠤ ᠵᠢᠨ ᠬᠠᠮᠲᠤ᠂ ᠰᠤᠮᠤ ᠰᠢᠶᠠᠩ ᠪᠠᠯᠭ᠋ᠠᠰᠤᠨ᠎ᠳᠤ ᠠᠵᠢᠯᠯᠠᠭᠰᠠᠨ ᠴᠠᠭ᠎ᠢ᠎ᠨᠢ ᠦᠨᠳᠦᠰᠦᠯᠡᠨ ᠬᠡᠪ᠎ᠤᠨ ᠶᠣᠰᠣᠭ᠋ᠠᠷ ᠨᠡᠮᠡᠭᠳᠡᠭᠦᠯᠬᠦ ᠬᠡᠷᠡᠭᠲᠡᠢ᠃ ᠨᠥᠬᠦᠴᠡᠯ᠎ᠲᠠᠢ ᠭᠠᠵᠠᠷ ᠣᠷᠣᠨ᠎ᠨᠢ ᠰᠤᠮᠤ ᠰᠢᠶᠠᠩ ᠪᠠᠯᠭ᠋ᠠᠰᠤᠨ᠎ᠤ ᠠᠵᠢᠯ᠎ᠤᠨ ᠨᠡᠮᠡᠭᠦᠷᠢ ᠡᠬᠢᠯᠡᠵᠦ ᠣᠯᠭᠤᠬᠤ ᠪᠠᠷᠢᠮᠵᠢᠶ᠎ᠠ᠎ᠪᠠᠨ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃
      ᠠᠷᠪᠠᠨ ᠳᠣᠯᠤᠭ᠎ᠠ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠳᠤ ᠦᠨᠳᠦᠰᠦ ᠬᠠᠳᠬᠤᠬᠤ ᠵᠢ ᠵᠣᠷᠢᠭᠵᠢᠭᠤᠯᠬᠤ ᠬᠡᠷᠡᠭᠲᠡᠢ᠃ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠤ ᠠᠵᠢᠯ ᠦᠢ᠍ᠯᠡᠰ᠎ᠤᠨ ᠨᠢᠭᠡᠴᠢ ᠵᠢᠨ ᠡᠯᠰᠡᠵᠦ ᠤᠷᠢᠬᠤ ᠨᠥᠬᠦᠴᠡᠯ ᠵᠶ᠋ᠠᠨ ᠠᠭᠤᠵᠢᠭᠤ ᠲᠠᠯᠪᠢᠬᠤ᠎ᠳᠤ ᠡᠯᠰᠡᠭᠳᠡᠨ ᠤᠷᠢᠭᠳᠠᠭᠰᠠᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠨᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠨᠠᠭ᠋ᠠᠲᠤ ᠵᠠᠬ᠎ᠠ᠎ᠳᠤ᠎ᠪᠠᠨ 3 - 5 ᠵᠢᠯ ᠠᠵᠢᠯᠯᠠᠬᠤ᠎ᠪᠠᠷ ᠪᠣᠯᠵᠣᠨ ᠲᠣᠭᠲᠠᠭᠰᠠᠨ ᠦᠢ᠍ᠯᠡᠴᠢᠯᠡᠬᠦ ᠬᠤᠭᠤᠴᠠᠭ᠎ᠠ᠎ᠳᠤ ᠬᠥᠷᠥᠭᠰᠡᠨ ᠪᠠᠶ᠋ᠢᠬᠤ ᠬᠡᠷᠡᠭᠲᠡᠶ᠃ ᠨᠠᠭ᠋ᠠᠲᠤ ᠵᠠᠬ᠎ᠠ ᠵᠢᠨ ᠦᠢ᠍ᠯᠡᠴᠢᠯᠡᠬᠦ ᠬᠤᠭᠤᠴᠠᠭ᠋ᠠᠨ᠎ᠳᠤ᠂ ᠪᠤᠰᠤᠳ ᠨᠢᠭᠡᠴᠢ᠎ᠨᠢ ᠵᠢᠭᠡᠯᠡᠵᠦ ᠬᠡᠷᠡᠭᠯᠡᠬᠦ᠂ ᠠᠵᠢᠯ ᠬᠠᠪᠰᠤᠷᠤᠭᠤᠯᠬᠤ ᠵᠡᠷᠭᠡ ᠠᠷᠭ᠎ᠠ ᠬᠡᠯᠪᠡᠷᠢ᠎ᠪᠠᠷ ᠲᠡᠳᠡᠨ᠎ᠢ ᠵᠢᠭᠡᠯᠡᠬᠦ ᠪᠤᠶᠤ ᠰᠢᠯᠵᠢᠭᠦᠯᠵᠤ ᠪᠣᠯᠬᠤ ᠦᠭᠡᠶ᠃
      ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠤᠤᠯ᠎ᠤᠨ 《ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠢᠯᠢ ᠬᠢᠵᠠᠭ᠋ᠠᠷ᠎ᠤᠨ ᠬᠤᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠬᠤᠰᠢᠭᠤ ᠰᠢᠶᠠᠨ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠣᠴᠢᠵᠤ ᠠᠵᠢᠯ ᠣᠯᠵᠤ ᠦᠢ᠍ᠯᠡᠰ ᠴᠣᠭᠴᠠᠯᠠᠬᠤ ᠵᠢ ᠵᠣᠷᠢᠭᠵᠢᠭᠤᠯᠵᠤ ᠬᠥᠲᠥᠯᠥᠨ ᠵᠢᠯᠤᠭᠤᠳᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 15 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠥᠬᠡᠶ ᠪᠣᠯᠭ᠋ᠠᠨ᠎ᠠ᠃
                                           2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ
                                             (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)


ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠤᠯ᠎ᠤᠨ ᠶᠡᠷᠦᠩᠬᠡᠢ ᠠᠩᠭᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠩᠭᠤ ᠬᠤᠷᠢᠶᠠᠨ᠎ᠤ ᠠᠯᠪᠠᠨ ᠲᠢᠩᠬᠢᠮ᠂ ᠤᠯᠤᠰ ᠲᠥᠷᠥ ᠵᠢᠨ ᠵᠦᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠤᠷᠢᠶ᠎ᠠ᠂ ᠪᠠᠶ᠋ᠢᠴᠠᠭ᠋ᠠᠬᠤ ᠬᠤᠷᠢᠶ᠎ᠠ᠃
ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃

          ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                                2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
 
            