ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2021] 33 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤ᠂ ᠰᠠᠯᠠᠭ᠎ᠠ ᠮᠥᠴᠢᠷ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠬᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤ᠂ ᠰᠠᠯᠠᠭ᠎ᠠ ᠮᠥᠴᠢᠷ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠬᠤ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
2021 ᠣᠨ᠎ᠤ 7 ᠳ᠋ᠤᠭ᠋ᠠᠷ ᠰᠠᠷ᠎ᠠ ᠵᠢᠨ 20᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤ᠂
ᠰᠠᠯᠠᠭ᠎ᠠ ᠮᠥᠴᠢᠷ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠠᠵᠤ ᠠᠬᠤᠶ᠋ᠢᠯᠠᠯ᠎ᠤᠨ
ᠲᠤᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠬᠤ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠲᠤᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠲᠤᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠨ᠂ ᠲᠤᠭ᠎ᠠ ᠪᠦᠷᠢᠳᠬᠡᠯ᠎ᠤᠨ ᠠᠵᠢᠯ᠎ᠤᠨ ᠰᠠᠭᠤᠷᠢ ᠵᠢ ᠪᠠᠬᠢᠵᠢᠭᠦᠯᠵᠦ᠂ ᠡᠬᠢᠨ᠎ᠤ ᠲᠤᠭ᠎ᠠ ᠪᠦᠷᠢᠳᠭᠡᠯ᠎ᠤᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠤᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠪᠠᠶ᠋ᠢᠭᠤᠯᠤᠯᠲᠠ ᠵᠢ ᠴᠢᠩᠭ᠋ᠠᠳᠬᠠᠬᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠳᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠤᠰ ᠠᠷᠭ᠎ᠠ ᠵᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠣᠯ᠄ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ; ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠲᠠᠢ ᠠᠵᠢᠯ ᠦᠢ᠍ᠯᠡᠰ᠎ᠤᠨ ᠨᠢᠭᠡᠴᠢ᠂ ᠡᠷᠬᠡ ᠣᠯᠭᠤᠬᠤ᠎ᠪᠠᠷ ᠳᠡᠮᠵᠢᠨ ᠵᠠᠰᠠᠭ᠎ᠤᠨ ᠣᠷᠳᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠡᠭᠦᠷᠭᠡ ᠴᠢᠳᠠᠪᠤᠷᠢ ᠵᠢ ᠣᠷᠣᠯᠠᠨ ᠭᠦᠢ᠍ᠴᠡᠳᠬᠡᠬᠦ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠤᠯᠪᠣᠭ᠋ᠠᠲᠤ ᠬᠤᠷᠠᠯ ᠪᠤᠶᠤ ᠠᠵᠢᠯ ᠲᠥᠷᠥᠯ᠎ᠤᠨ ᠨᠡᠶ᠋ᠢᠭᠡᠮᠯᠢᠭ ᠪᠣᠯᠤᠨ ᠪᠦᠯᠦᠭᠯᠡᠯ ᠺᠣᠮᠫᠠᠨᠢ ᠵᠢᠴᠢ ᠵᠣᠬᠢᠬᠤ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ᠎ᠲᠠᠢ ᠠᠷᠠᠳ᠎ᠤᠨ ᠪᠦᠯᠬᠦᠮ ᠵᠡᠷᠭᠡ ᠰᠠᠯᠠᠭ᠎ᠠ ᠮᠥᠴᠢᠷ; ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠲᠥᠷᠥ ᠵᠢᠨ ᠶᠠᠪᠤᠳᠠᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠪᠠᠶ᠋ᠢᠭᠤᠯᠤᠭᠰᠠᠨ ᠠᠵᠤ ᠦᠢ᠍ᠯᠡᠳᠪᠦᠷᠢ᠎ᠪᠠᠷ ᠭᠤᠣᠯᠯᠠᠭᠤᠯᠤᠭᠰᠠᠨ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠂ ᠬᠢᠯᠢ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠲᠣᠭᠤᠷᠢᠭ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠵᠡᠷᠭᠡ; ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠠᠰᠢᠭ ᠣᠯᠵᠠᠪᠤᠷᠢ ᠵᠢᠨ ᠴᠢᠨᠠᠷᠲᠠᠶ ᠠᠵᠢᠯᠯᠠᠭ᠎ᠠ ᠡᠷᠬᠢᠯᠡᠵᠣ ᠪᠠᠶ᠋ᠢᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠭ᠎ᠠ᠎ᠳᠤ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠬᠠᠤᠯᠢ ᠵᠢᠨ ᠡᠷᠬᠡᠲᠡᠨ᠎ᠤ ᠨᠢᠭᠡᠴᠢ ᠪᠠ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠢ ᠵᠢᠴᠢ ᠪᠤᠰᠤᠳ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠡᠷᠭᠡ᠃
ᠬᠤᠶᠠᠳᠤᠭ᠋ᠠᠷ ᠪᠦᠯᠦᠭ ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠯ ᠪᠠ ᠱᠠᠭ᠋ᠠᠷᠳᠠᠯᠭ᠎ᠠ
ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠠᠷᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠠᠵᠢᠯ᠎ᠤᠨ 《ᠲᠠᠪᠤ ᠵᠢ ᠵᠢᠷᠤᠮᠵᠢᠭᠤᠯᠵᠤ ᠳᠥᠷᠪᠡ ᠵᠢ ᠳᠡᠭᠡᠭᠰᠢᠯᠡᠭᠦᠯᠬᠦ》 (ᠲᠤᠭ᠎ᠠ ᠪᠦᠷᠢᠳᠬᠡᠯ᠎ᠤᠨ ᠠᠵᠢᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠳ᠋ᠠᠶ᠋ᠢᠲ᠋ᠠ ᠵᠢᠨ ᠪᠣᠢ ᠪᠣᠯᠬᠤ ᠴᠤᠪᠤᠷᠠᠯ᠎ᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠪᠣᠯᠪᠠᠰᠤᠷᠠᠯ᠎ᠤᠨ ᠬᠥᠮᠦᠵᠢᠯ᠎ᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠮᠡᠳᠡᠭᠡ ᠵᠠᠩᠭᠢ ᠨᠡᠶ᠋ᠢᠲᠡᠯᠡᠬᠦ ᠵᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠳ᠋ᠠᠶ᠋ᠢᠲ᠋ᠠ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠮᠡᠳᠡᠭᠡ ᠵᠠᠩᠭᠢ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ) ᠵᠢ ᠪᠡᠶᠡᠯᠡᠭᠦᠯᠬᠦ᠎ᠪᠠᠷ ᠬᠠᠷᠠᠯᠲᠠ᠎ᠪᠠᠨ ᠪᠣᠯᠭ᠋ᠠᠵᠣ᠂ ᠲᠤᠭ᠎ᠠ ᠪᠦᠷᠢᠳᠬᠡᠯ᠎ᠤᠨ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠢᠳᠡᠪᠬᠢᠲᠡᠶ ᠠᠬᠢᠭᠤᠯᠵᠤ᠂ ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠠᠵᠢᠯ᠎ᠤᠨ ᠴᠢᠳᠠᠪᠤᠷᠢ ᠪᠠ ᠬᠢᠷᠢ ᠲᠦᠪᠰᠢᠨ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃
ᠳᠥᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠤᠭᠤᠳ᠎ᠨᠢ ᠣᠳᠣᠬᠢᠴᠢᠯᠠᠭᠰᠠᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠡᠭᠦᠷᠭᠡ ᠴᠢᠳᠠᠪᠤᠷᠢ ᠲᠣᠰᠢᠶᠠᠯ ᠬᠠᠷᠢᠭᠤᠴᠠᠯᠭ᠎ᠠ᠎ᠪᠠᠨ ᠰᠢᠯᠢᠳᠡᠭᠵᠢᠭᠦᠯᠦᠨ᠂ ᠦᠢ᠍ᠯᠡᠴᠢᠯᠡᠭᠡᠨ᠎ᠤ ᠦᠢ᠍ᠯᠡᠰ᠂ ᠠᠵᠤ ᠦᠢ᠍ᠯᠡᠳᠪᠦᠷᠢ ᠵᠡᠷᠭᠡ ᠠᠵᠢᠯ᠎ᠤᠨ ᠰᠠᠭᠤᠷᠢ᠎ᠪᠠᠷ ᠪᠠᠭᠤᠷᠠᠶ ᠰᠢᠭ᠋ ᠦᠨᠳᠦᠰᠦᠨ ᠱᠠᠲᠤᠨ᠎ᠤ ᠲᠤᠰᠬᠠᠶ ᠲᠤᠭ᠎ᠠ ᠪᠦᠷᠢᠳᠬᠡᠯ᠎ᠤᠨ ᠠᠵᠢᠯᠲᠠᠨ᠎ᠤ ᠬᠦᠴᠦᠨ᠎ᠢ ᠭᠤᠤᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠶ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠭ᠎ᠠ ᠪᠦᠷᠢᠳᠬᠡᠯ᠎ᠤᠨ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠣᠨ᠎ᠤ ᠲᠥᠰᠦᠪ᠎ᠲᠤ᠎ᠪᠠᠨ ᠣᠷᠣᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠤᠨ ᠬᠡᠪ᠎ᠤᠨ ᠶᠣᠰᠣᠭ᠋ᠠᠷ ᠥᠷᠨᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ᠎ᠤ ᠳᠠᠪᠬᠤᠷ ᠬᠠᠮᠢᠶᠠᠷᠤᠯᠲᠠ ᠵᠢᠨ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠭᠤᠤᠯ ᠬᠠᠷᠢᠭᠤᠴᠠᠯᠭ᠋ᠠᠲᠠᠨ᠎ᠢ ᠲᠣᠮᠢᠯᠠᠵᠣ ᠪᠠᠭᠤᠯᠭ᠋ᠠᠬᠤ᠂ ᠰᠢᠯᠵᠢᠭᠦᠯᠬᠦ᠂ ᠵᠢᠱ᠌ᠢᠭᠳᠡᠭᠴᠢ ᠵᠢ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯ᠎ᠳᠤ ᠳᠡᠪᠰᠢᠭᠦᠯᠦᠨ ᠶᠠᠷᠢᠯᠴᠠᠵᠣ ᠲᠣᠭᠳᠠᠭ᠋ᠠᠬᠤ᠎ᠠᠴᠠ ᠡᠮᠦᠨ᠎ᠡ ᠳᠡᠭᠡᠳᠦ ᠱᠠᠲᠤᠨ᠎ᠤ ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠵᠥᠪᠰᠢᠶᠡᠷᠡᠯ᠎ᠢ ᠤᠯᠬᠤ ᠬᠡᠷᠡᠭᠲᠡᠶ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠤᠯᠤᠰ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ ᠪᠠ ᠵᠥᠪᠰᠢᠶᠡᠷᠡᠭᠦᠯᠦᠭᠰᠡᠨ ᠣᠷᠣᠨ ᠨᠤᠲᠤᠭ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠱᠠᠭ᠋ᠠᠷᠳᠠᠯᠭ᠎ᠠ ᠪᠠ 《ᠤᠷᠢᠳᠠᠪᠠᠷ ᠡᠬᠡ ᠳᠠᠩᠰᠠ ᠪᠠᠶ᠋ᠢᠭᠤᠯᠵᠤ ᠳᠠᠷᠠᠭ᠎ᠠ᠎ᠨᠢ ᠮᠡᠳᠡᠭᠦᠯᠣᠯᠳᠡ ᠵᠢᠨ ᠬᠦᠰᠦᠨᠦᠭᠲᠦ᠎ᠲᠠᠢ ᠪᠠᠶ᠋ᠢᠬᠤ》 ᠵᠠᠷᠴᠢᠮ᠎ᠢ ᠴᠢᠩᠭ᠎ᠠ ᠵᠢᠷᠤᠮᠯᠠᠨ᠂ ᠠᠵᠤ ᠠᠬᠤᠶ᠋ᠢᠯᠠᠯ᠎ᠢ ᠰᠢᠮᠳᠠᠭᠤᠯᠤᠨ ᠵᠢᠯᠣᠭᠤᠳᠴᠤ ᠪᠠᠶ᠋ᠢᠭ᠋ᠠᠳ ᠬᠠᠤᠯᠢ ᠲᠣᠭᠲᠠᠭ᠋ᠠᠯ ᠶᠣᠰᠣᠭ᠋ᠠᠷ ᠠᠩᠬᠠᠨ᠎ᠤ ᠲᠡᠮᠳᠡᠭᠯᠡᠯ᠎ᠢ ᠪᠠᠶ᠋ᠢᠭᠤᠯᠵᠤ᠂ ᠲᠤᠭ᠎ᠠ ᠪᠦᠷᠢᠳᠬᠡᠯ᠎ᠤᠨ ᠳᠠᠩᠰᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢᠨ ᠬᠠᠮᠲᠤ ᠲᠠᠭᠯᠠᠵᠣ ᠮᠡᠳᠡᠭᠦᠯᠭᠦ ᠶᠠᠰᠣ ᠴᠢᠨᠠᠷ᠎ᠢ ᠪᠠᠲᠤᠯᠠᠬᠤ ᠬᠡᠷᠡᠭᠲᠡᠶ᠃ ᠳᠠᠷᠤᠢ᠎ᠳᠤ᠎ᠨᠢ ᠮᠡᠳᠡᠭᠦᠯᠵᠦ ᠳᠠᠷᠤᠢ᠎ᠳᠤ᠎ᠨᠢ ᠬᠢᠨᠠᠬᠤ ᠵᠠᠷᠴᠢᠮ ᠶᠣᠰᠣᠭ᠋ᠠᠷ᠂ ᠪᠠᠶ᠋ᠢᠴᠠᠭ᠋ᠠᠭᠳᠠᠬᠤ ᠡᠲᠡᠭᠡᠳ᠎ᠤᠨ ᠠᠩᠬᠠᠨ᠎ᠤ ᠲᠤᠭ᠎ᠠ ᠪᠠᠷᠢᠮᠲᠠ ᠵᠢ ᠳᠠᠷᠤᠶ᠋ᠢᠬᠠᠨ ᠬᠦᠯᠢᠶᠡᠨ ᠠᠪᠴᠤ᠂ ᠲᠤᠭ᠎ᠠ ᠪᠠᠷᠢᠮᠳᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠣᠷᠴᠢᠨ ᠲᠣᠭᠤᠷᠢᠨ᠎ᠳᠤ ᠲᠤᠭ᠎ᠠ ᠪᠠᠷᠢᠮᠳᠠ ᠵᠢ ᠬᠢᠨᠠᠨ ᠬᠠᠷᠭᠤᠭᠤᠯᠵᠤ᠂ ᠵᠠᠰᠠᠪᠤᠷᠢ ᠣᠷᠣᠭᠤᠯᠤᠭᠰᠠᠨ ᠬᠠᠮᠢᠶ᠎ᠠ ᠪᠦᠬᠦᠢ ᠲᠡᠮᠳᠡᠭᠯᠡᠯ ᠵᠢᠴᠢ ᠲᠣᠳᠣᠷᠬᠠᠶ᠋ᠢᠯᠠᠯᠲᠠ᠎ᠪᠠᠨ ᠦᠯᠡᠳᠡᠭᠡᠭᠦ ᠬᠡᠷᠩᠳᠠᠢ᠃
ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠬᠡᠪᠰᠢᠭᠰᠡᠨ ᠪᠣᠯᠪᠠᠰᠤᠷᠠᠯ᠎ᠤᠨ ᠲᠣᠭᠲᠠᠴᠠ ᠵᠢ ᠪᠠᠶ᠋ᠢᠭᠤᠯᠤᠨ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠲᠥᠯᠥᠪᠯᠡᠭᠡ ᠲᠣᠭᠲᠠᠭ᠋ᠠᠵᠤ᠂ ᠣᠯᠠᠨ ᠵᠦᠢ᠍ᠯ᠎ᠤᠨ ᠬᠡᠯᠪᠡᠷᠢ᠎ᠪᠠᠷ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠰᠠᠯᠠᠭ᠎ᠠ ᠮᠥᠴᠢᠷ ᠵᠢᠴᠢ ᠪᠠᠶ᠋ᠢᠴᠠᠭ᠋ᠠᠭᠳᠠᠬᠤ ᠡᠲᠡᠭᠡᠳ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠮᠡᠳᠡᠯᠭᠡ ᠪᠠ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠪᠣᠯᠪᠠᠰᠤᠷᠠᠯ᠎ᠢ ᠴᠢᠩᠭ᠋ᠠᠳᠬᠠᠵᠤ᠂ 1 ᠣᠨ ᠵᠢᠯ᠎ᠤᠨ ᠳᠣᠲᠣᠷ᠎ᠠ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠲᠤᠭ᠎ᠠ ᠪᠦᠷᠢᠳᠬᠡᠯ᠎ᠤᠨ ᠠᠵᠢᠯᠲᠠᠨ᠎ᠤ ᠪᠣᠯᠪᠠᠰᠤᠷᠠᠯ᠎ᠢ ᠪᠦᠷᠢᠨ ᠪᠥᠷᠬᠦᠭᠦᠯᠬᠦ ᠵᠢ ᠪᠠᠲᠤᠯᠠᠬᠤ ᠬᠡᠷᠡᠭᠲᠡᠶ᠃
ᠰᠢᠨ᠎ᠡ᠎ᠪᠠᠷ ᠲᠣᠮᠢᠯᠠᠭᠰᠠᠨ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠨᠢ ᠣᠨ᠎ᠤ ᠳᠣᠲᠣᠷ᠎ᠠ ᠳᠡᠭᠡᠳᠦ ᠱᠠᠲᠤᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠭᠰᠠᠨ ᠲᠤᠰᠬᠠᠶ ᠰᠡᠳᠦᠪᠲᠦ ᠪᠣᠯᠪᠠᠰᠤᠷᠠᠯ᠎ᠳᠤ ᠣᠷᠣᠯᠴᠠᠬᠤ ᠬᠡᠷᠡᠭᠲᠡᠶ; ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠎ᠨᠢ ᠵᠢᠯ ᠪᠦᠷᠢ ᠨᠠᠭ᠋ᠠᠳᠣ ᠵᠠᠬ᠎ᠠ᠎ᠳᠤ᠎ᠪᠠᠨ 1 ᠤᠳᠠᠭ᠎ᠠ ᠳᠡᠭᠡᠳᠦ ᠱᠠᠲᠤᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠭᠰᠠᠨ ᠮᠡᠳᠡᠯᠭᠡ᠎ᠪᠠᠨ ᠰᠢᠨᠡᠳᠬᠡᠬᠦ ᠪᠣᠯᠪᠠᠰᠤᠷᠠᠯ᠎ᠳᠤ ᠣᠷᠣᠯᠴᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠳᠣᠯᠣᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ 《ᠤᠯᠤᠰ᠎ᠤᠨ ᠲᠤᠭ᠎ᠠ ᠪᠦᠷᠢᠳᠬᠡᠯ᠎ᠤᠨ ᠲᠣᠪᠴᠢᠶᠠᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ》 ᠪᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠳ᠋ᠠᠶ᠋ᠢᠲ᠋ᠠ᠎ᠳᠤ ᠲᠠᠶ᠋ᠢᠯᠤᠮᠵᠢ ᠬᠢᠬᠦ ᠠᠵᠢᠯ ᠵᠶ᠋ᠠᠨ ᠰᠠᠶ᠋ᠢᠲᠤᠷ ᠬᠢᠬᠦ ᠬᠡᠷᠡᠭᠲᠡᠶ᠃ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠡᠷᠬᠡ ᠮᠡᠳᠡᠯ ᠵᠶ᠋ᠠᠨ ᠦᠨᠳᠦᠰᠦᠯᠡᠨ᠂ ᠨᠢᠭᠤᠴᠠ᠎ᠳᠤ ᠦᠯᠦ ᠬᠤᠯᠪᠣᠭᠳᠠᠬᠤ ᠪᠦᠷᠢᠣᠡᠭᠡᠭᠰᠡᠨ ᠳ᠋ᠠᠶ᠋ᠢᠲ᠋ᠠ᠎ᠪᠠᠨ ᠴᠠᠭ ᠲᠤᠬᠠᠶ᠎ᠳᠤᠨᠢ ᠣᠨᠣᠪᠴᠢᠲᠠᠶ ᠨᠡᠶ᠋ᠢᠲᠡᠯᠡᠬᠦ ᠪᠠ ᠬᠠᠩᠭ᠋ᠠᠬᠤ ᠵᠢᠨ ᠬᠠᠮᠲᠤ᠂ ᠲᠤᠭ᠎ᠠ ᠪᠠᠷᠢᠮᠳᠠ ᠵᠢᠨ ᠢᠷᠡᠯᠲᠡ᠂ ᠪᠦᠷᠢᠣᠡᠭᠡᠭᠰᠡᠨ ᠠᠷᠭ᠎ᠠ᠂ ᠪᠦᠷᠢᠣᠡᠭᠡᠭᠰᠡᠨ ᠲᠦᠷᠣᠯᠵᠢᠯ᠂ ᠪᠦᠷᠢᠣᠡᠭᠡᠭᠰᠡᠨ ᠪᠠᠷᠢᠮᠵᠢᠶ᠎ᠠ᠂ ᠭᠦᠢ᠍ᠴᠡᠳᠭᠡᠯ ᠲᠣᠭ᠋ᠠᠨ᠎ᠤ ᠤᠬᠠᠭᠳᠠᠬᠤᠨ᠎ᠢ ᠨᠡᠶ᠋ᠢᠲᠡᠯᠡᠵᠦ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠪᠦᠷᠢᠣᠡᠭᠡᠭᠰᠡᠨ ᠳ᠋ᠠᠶ᠋ᠢᠲ᠋ᠠ ᠵᠢ ᠵᠥᠪ ᠵᠶ᠋ᠠᠷ ᠣᠶ᠋ᠢᠯᠠᠭ᠋ᠠᠬᠤ ᠪᠠ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠎ᠨᠢ ᠲᠤᠭ᠎ᠠ ᠪᠦᠷᠢᠳᠬᠡᠯ᠎ᠤᠨ ᠲᠤᠰᠬᠠᠶ ᠪᠤᠯᠤᠩ ᠭᠠᠷᠭ᠋ᠠᠵᠤ᠂ ᠲᠤᠰᠬᠠᠶ ᠪᠤᠯᠤᠩ᠎ᠤᠨ ᠮᠡᠳᠡᠭᠡ ᠵᠠᠩᠭᠢ᠎ᠪᠠᠨ ᠴᠠᠭ ᠲᠤᠬᠠᠶ᠎ᠳᠤᠨᠢ ᠰᠢᠨᠡᠳᠬᠡᠬᠦ ᠬᠡᠷᠡᠭᠲᠡᠶ᠃
ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠬᠤ ᠬᠡᠷᠡᠭᠲᠡᠶ᠃ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ᠎ᠳᠤ ᠤᠯᠤᠰ᠎ᠤᠨ ᠲᠤᠭ᠎ᠠ ᠪᠦᠷᠢᠳᠬᠡᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠬᠡᠯ᠎ᠤᠨ ᠲᠣᠪᠴᠢᠶᠠᠨ᠎ᠤ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠲᠤᠰᠬᠠᠶ ᠬᠥᠮᠦᠨ ᠵᠢᠭ᠋ᠠᠨ ᠲᠣᠭᠲᠠᠭ᠋ᠠᠵᠤ ᠡᠯ᠎ᠡ ᠲᠥᠷᠥᠯ᠎ᠤᠨ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠡᠮᠬᠢᠯᠡᠨ ᠲᠢᠭᠯᠡᠭᠦᠯᠵᠦ᠂ ᠨᠢᠭᠤᠴᠠ ᠵᠢᠨ ᠳᠡᠰ ᠲᠣᠭᠲᠠᠭ᠋ᠠᠨ᠂ ᠬᠠᠳᠠᠵᠣ ᠳᠡᠪᠲᠡᠷᠯᠡᠨ᠂ ᠴᠢᠬᠤᠯᠠ ᠪᠦᠬᠦᠢ ᠪᠡᠯᠡᠳᠬᠡᠮᠵᠢ ᠲᠣᠬᠢᠷᠠᠭᠤᠯᠵᠣ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠳᠤ ᠣᠯᠤᠭᠰᠠᠨ ᠪᠤᠶᠤ ᠪᠦᠷᠢᠯᠳᠣᠭ᠌ᠰᠡᠨ ᠪᠦᠬᠦ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠲᠣᠬᠢᠲᠠᠶ ᠬᠠᠳᠠᠭ᠋ᠠᠯᠠᠵᠤ᠂ ᠲᠤᠭ᠎ᠠ ᠪᠦᠷᠢᠳᠬᠡᠯ᠎ᠤᠨ ᠠᠵᠢᠯ᠎ᠢ ᠦᠨᠡᠨ ᠮᠥᠨ ᠵᠶ᠋ᠠᠷ᠎ᠨᠢ ᠲᠡᠮᠳᠡᠭᠯᠡᠵᠦ᠂ ᠪᠦᠬᠦ ᠲᠠᠯ᠎ᠠ᠎ᠪᠠᠷ ᠲᠤᠰᠬᠠᠬᠤ ᠬᠡᠷᠡᠭᠲᠡᠶ᠃
ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠳᠤ ᠣᠯᠤᠭᠰᠠᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ᠎ᠤᠨ ᠠᠩᠬᠠᠨ᠎ᠤ ᠮᠠᠲ᠋ᠧᠷᠢᠶᠠᠯ᠎ᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠩᠬᠠᠨ᠎ᠤ ᠲᠡᠮᠳᠡᠭᠯᠡᠯ ᠪᠠ ᠲᠤᠭ᠎ᠠ ᠪᠦᠷᠢᠳᠬᠡᠯ᠎ᠤᠨ ᠳᠠᠩᠰᠠ ᠪᠠᠶ᠋ᠢᠭᠤᠯᠵᠣ᠂ ᠨᠠᠭ᠋ᠠᠳᠣ ᠵᠠᠬ᠎ᠠ᠎ᠳᠤ᠎ᠪᠠᠨ 2 ᠵᠢᠯ ᠬᠠᠳᠠᠭ᠋ᠠᠯᠠᠬᠤ ᠬᠡᠷᠡᠭᠲᠡᠶ; ᠬᠤᠷᠢᠶᠠᠩᠭᠤᠶ᠋ᠢᠯᠠᠭᠰᠠᠨ ᠴᠢᠨᠠᠷᠲᠠᠶ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠨᠠᠭ᠋ᠠᠳᠣ ᠵᠠᠬ᠎ᠠ᠎ᠳᠤ᠎ᠪᠠᠨ 10 ᠵᠢᠯ ᠬᠠᠳᠠᠭ᠋ᠠᠯᠠᠵᠤ᠂ ᠴᠢᠬᠤᠯᠠ ᠪᠦᠬᠦᠢ ᠬᠤᠷᠢᠶᠠᠩᠭᠤᠶ᠋ᠢᠯᠠᠭᠰᠠᠨ ᠴᠢᠨᠠᠷᠲᠠᠶ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠡᠭᠦᠷᠢᠳᠡ ᠬᠠᠳᠠᠭ᠋ᠠᠯᠠᠬᠤ ᠬᠡᠷᠡᠭᠲᠡᠶ᠃ ᠡᠯᠧᠺᠳ᠋ᠷᠣᠨ ᠳ᠋ᠠᠶ᠋ᠢᠲ᠋ᠠ ᠵᠢᠨ ᠲᠧᠺᠰᠲ᠎ᠤᠨ ᠮᠠᠲ᠋ᠧᠷᠢᠶᠠᠯ᠎ᠤᠨ ᠪᠡᠯᠡᠳᠬᠡᠯ ᠰᠢᠰᠲ᠋ᠧᠮ᠎ᠢ ᠪᠠᠶ᠋ᠢᠭᠤᠯᠬᠤ ᠵᠢᠨ ᠬᠠᠮᠲᠤ᠂ ᠤᠷᠳᠤ ᠬᠤᠭᠤᠴᠠᠭ᠎ᠠ᠎ᠪᠠᠷ ᠬᠠᠳᠠᠭ᠋ᠠᠯᠠᠬᠤ ᠬᠡᠷᠡᠭᠲᠡᠢ᠃
ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠳ᠋ᠠᠶ᠋ᠢᠲ᠋ᠠ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠳ᠋ᠠᠶ᠋ᠢᠲ᠋ᠠ ᠵᠢᠨ ᠶᠠᠰᠣ ᠴᠢᠨᠠᠷ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠂ ᠳ᠋ᠠᠶ᠋ᠢᠲ᠋ᠠ᠎ᠳᠤ ᠦᠨᠡᠯᠡᠨ ᠵᠢᠱ᠌ᠢᠯᠲᠡ ᠪᠠ ᠵᠠᠳᠠᠯᠤᠯᠲᠠ ᠬᠢᠬᠦ᠎ᠪᠠᠨ ᠴᠢᠩᠭ᠋ᠠᠳᠬᠠᠵᠤ᠂ ᠲᠤᠭ᠎ᠠ ᠪᠠᠷᠢᠮᠳᠠ ᠵᠢᠨ ᠬᠤᠭᠤᠷᠣᠨᠳᠣᠬᠢ ᠬᠤᠯᠪᠣᠭᠳᠠᠯᠳᠣ ᠴᠢᠨᠠᠷ᠂ ᠢᠵᠢᠯᠰᠢᠭᠦ ᠴᠢᠨᠠᠷ ᠪᠣᠯᠤᠨ ᠯᠣᠭᠢᠭ ᠴᠢᠨᠠᠷ᠎ᠢ ᠣᠨᠣᠪᠴᠢᠲᠠᠶ ᠡᠵᠡᠮᠳᠡᠭᠦ ᠬᠡᠷᠡᠭᠲᠡᠶ᠃ ᠲᠤᠭ᠎ᠠ ᠪᠦᠷᠢᠳᠬᠡᠯ᠎ᠤᠨ ᠳᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠴᠢᠬᠤᠯᠠ ᠪᠦᠭᠦᠢ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢᠨ ᠶᠠᠰᠣ ᠴᠢᠨᠠᠷ᠎ᠲᠤ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠵᠦ᠂ ᠴᠢᠬᠤᠯᠠ ᠪᠦᠭᠦᠢ ᠳ᠋ᠠᠶ᠋ᠢᠲ᠋ᠠ ᠵᠢᠨ ᠬᠠᠨᠳᠤᠰᠢ ᠵᠢᠨ ᠴᠢᠨᠠᠷᠲᠠᠶ ᠠᠯᠳᠠᠭ᠎ᠠ ᠦᠭᠡᠶ᠂ ᠡᠯ᠎ᠡ ᠵᠦᠢ᠍ᠯ᠎ᠤᠨ ᠭᠦᠢ᠍ᠴᠡᠳᠭᠡᠯ ᠲᠤᠭ᠎ᠠ ᠵᠢᠨ ᠢᠵᠢᠯᠰᠢᠭᠦ ᠴᠢᠨᠠᠷ᠎ᠤᠨ ᠵᠣᠬᠢᠰᠲᠠᠶ ᠪᠠᠶ᠋ᠢᠬᠤ ᠵᠢ ᠦᠨᠡᠨ ᠬᠦ᠌ ᠪᠠᠳᠣᠯᠠᠬᠤ ᠬᠡᠷᠩᠳᠠᠢ᠃ ᠲᠤᠰᠬᠠᠶ ᠮᠡᠷᠭᠡᠵᠢᠯ ᠬᠤᠪᠢᠶᠠᠨ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ (ᠵᠢᠯ ᠪᠦᠷᠢ᠎ᠳᠤ ᠨᠠᠭ᠋ᠠᠳᠣ ᠵᠠᠬ᠎ᠠ᠎ᠳᠤ᠎ᠪᠠᠨ 2 ᠤᠳᠠᠭ᠎ᠠ) ᠵᠣᠬᠢᠬᠤ ᠲᠣᠭ᠋ᠠᠨ᠎ᠤ ᠪᠠᠶ᠋ᠢᠴᠠᠭ᠋ᠠᠭᠳᠠᠬᠤ ᠡᠲᠡᠭᠡᠳ᠎ᠢ ᠰᠣᠩᠭᠤᠨ ᠲᠤᠭ᠎ᠠ ᠪᠠᠷᠢᠮᠳᠠ ᠵᠢ᠎ᠨᠢ ᠬᠠᠷᠭᠤᠭᠤᠯᠤᠨ ᠪᠠᠶ᠋ᠢᠴᠠᠭ᠋ᠠᠬᠤ ᠪᠤᠶᠤ ᠬᠠᠤᠯᠢ ᠬᠡᠷᠡᠭᠵᠢᠭᠦᠯᠬᠦ ᠵᠢ ᠪᠠᠶ᠋ᠢᠴᠠᠭ᠋ᠠᠬᠤ ᠠᠵᠢᠯ ᠥᠷᠨᠢᠭᠦᠯᠦᠨ᠂ ᠲᠤᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠵᠢᠨ ᠰᠦᠪᠡᠭᠴᠢ ᠵᠢ ᠳᠣᠲᠣᠭ᠋ᠠᠳᠤ᠎ᠳᠤ᠎ᠪᠠᠨ ᠰᠢᠯᠵᠢᠭᠦᠯᠦᠨ ᠲᠤᠰᠢᠶᠠᠬᠤ ᠲᠣᠭᠲᠠᠴᠠ ᠵᠢ ᠪᠠᠶ᠋ᠢᠭᠤᠯᠬᠤ ᠬᠡᠷᠩᠳᠠᠢ᠃
ᠠᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠲᠠᠯ᠎ᠠ᠎ᠪᠠᠷ᠎ᠬᠢ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠬᠦᠨ᠎ᠤ ᠬᠠᠷᠢᠭᠤᠴᠠᠯᠭ᠎ᠠ ᠵᠢ᠎ᠨᠢ ᠲᠤᠲᠤᠷᠬᠠᠢ ᠲᠣᠭᠲᠠᠭ᠋ᠠᠬᠤ ᠬᠡᠷᠡᠭᠲᠡᠶ; ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠬᠠᠤᠯᠢ ᠬᠡᠷᠩᠵᠢᠭᠦᠯᠭᠦ᠎ᠳᠤ ᠬᠢᠨᠠᠯᠲᠠ ᠲᠠᠯᠪᠢᠬᠤ ᠴᠢᠳᠠᠪᠤᠷᠢ ᠪᠠ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠵᠢ ᠠᠬᠢᠭᠤᠯᠵᠤ᠂ ᠲᠤᠭ᠎ᠠ ᠪᠦᠷᠢᠳᠬᠡᠯ᠎ᠤᠨ ᠬᠠᠤᠯᠢ ᠬᠡᠷᠩᠵᠢᠭᠦᠯᠣᠯᠳᠡ᠎ᠳᠤ ᠬᠢᠨᠠᠯᠲᠠ ᠲᠠᠯᠪᠢᠬᠤ ᠬᠦᠴᠦᠨ᠎ᠢ ᠲᠡᠭᠦᠯᠳᠡᠷᠵᠢᠭᠦᠯᠭᠦ ᠬᠡᠷᠩᠳᠠᠢ᠃
ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠢ ᠬᠥᠮᠦᠵᠢᠭᠦᠯᠬᠦ᠎ᠪᠠᠨ ᠴᠢᠩᠭ᠋ᠠᠷᠠᠭᠤᠯᠵᠤ᠂ ᠲᠤᠭ᠎ᠠ ᠪᠦᠷᠢᠳᠬᠡᠯ᠎ᠤᠨ ᠠᠵᠢᠯᠲᠠᠨ᠎ᠤ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠬᠢᠷᠢ ᠬᠡᠮ᠎ᠤᠨ ᠰᠢᠯᠭ᠋ᠠᠯᠲᠠ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠤᠨ᠂ ᠬᠠᠤᠯᠢ ᠬᠡᠷᠡᠭᠵᠢᠭᠦᠯᠬᠦ ᠬᠢᠷᠢ ᠬᠡᠮ᠎ᠲᠠᠢ ᠬᠦᠮᠣᠨ ᠨᠠᠭ᠋ᠠᠳᠣ ᠵᠠᠬ᠎ᠠ᠎ᠳᠤ᠎ᠪᠠᠨ 2᠎ᠠᠴᠠ ᠢᠯᠡᠭᠦᠦ ᠪᠠᠶ᠋ᠢᠬᠤ ᠵᠢ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠠᠮᠢᠶ᠎ᠠ ᠪᠥᠬᠦᠶ ᠮᠡᠳᠡᠯᠭᠡ ᠵᠢ ᠲᠣᠰ ᠱᠠᠲᠤᠨ᠎ᠤ ᠨᠠᠮ᠎ᠤᠨ ᠰᠤᠷᠭ᠋ᠠᠭᠤᠯᠢ᠂ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ᠵᠡᠷᠭᠡ ᠤᠳᠤᠷᠢᠳᠬᠤ ᠺᠠᠳ᠋ᠷ᠎ᠤᠨ ᠬᠥᠮᠦᠵᠢᠯ ᠪᠣᠯᠪᠠᠰᠤᠷᠠᠯ᠎ᠳᠤ ᠵᠠᠪᠠᠯ ᠰᠤᠷᠬᠤ ᠬᠢᠴᠢᠶᠡᠯ᠎ᠳᠤ ᠣᠷᠣᠭᠤᠯᠬᠤ ᠵᠢ ᠢᠳᠡᠪᠬᠢᠲᠡᠶ ᠠᠬᠢᠭᠤᠯᠬᠤ ᠬᠡᠷᠡᠭᠲᠡᠶ᠃ ᠵᠢᠯ ᠪᠦᠷᠢ ᠤᠳᠤᠷᠢᠳᠬᠤ ᠺᠠᠳ᠋ᠷ᠂ ᠠᠯᠪᠠᠨ ᠲᠤᠰᠢᠶᠠᠯᠲᠠᠨ ᠪᠠ ᠲᠤᠭ᠎ᠠ ᠪᠦᠷᠢᠳᠭᠡᠯ᠎ᠤᠨ ᠪᠠᠶ᠋ᠢᠴᠠᠭ᠋ᠠᠭᠳᠠᠬᠤ ᠡᠲᠡᠭᠡᠳ ᠵᠡᠷᠭᠡ᠎ᠳᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ ᠬᠢᠬᠦ ᠠᠵᠢᠯ᠎ᠢ ᠥᠷᠨᠢᠭᠦᠯᠵᠦ᠂ ᠬᠠᠤᠯᠢ ᠶᠣᠰᠣᠭ᠋ᠠᠷ ᠲᠤᠭ᠎ᠠ ᠪᠦᠷᠢᠳᠬᠡᠯ᠎ᠤᠨ ᠠᠵᠢᠯ᠎ᠢ ᠬᠠᠮᠢᠶᠠᠷᠬᠤ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠤᠭ᠎ᠠ ᠪᠦᠷᠢᠳᠬᠡᠯ᠎ᠤᠨ ᠲᠦᠷᠢᠮ᠎ᠤᠨ ᠲᠤᠰ ᠵᠠᠰᠠᠭ ᠵᠠᠬᠢᠷᠭ᠋ᠠᠨ᠎ᠤ ᠣᠷᠣᠨ᠎ᠳᠤ ᠬᠡᠷᠡᠭᠵᠢᠭᠦᠯᠦᠭᠳᠡᠵᠦ ᠪᠠᠶ᠋ᠢᠭ᠎ᠠ ᠪᠠᠶ᠋ᠢᠳᠠᠯ᠎ᠢ ᠬᠢᠨᠠᠨ ᠪᠠᠶ᠋ᠢᠴᠠᠭ᠋ᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠭ᠎ᠠ ᠪᠦᠷᠢᠳᠬᠡᠯ᠎ᠤᠨ ᠠᠵᠢᠯ᠎ᠤᠨ ᠰᠠᠭᠤᠷᠢ ᠪᠦᠷᠢᠨ᠂ ᠡᠭᠦᠷᠭᠡ ᠬᠠᠷᠢᠭᠤᠴᠠᠯᠭ᠎ᠠ ᠲᠣᠳᠣᠷᠬᠠᠶ᠂ ᠲᠤᠭ᠎ᠠ ᠪᠠᠷᠢᠮᠳᠠ᠎ᠨᠢ ᠦᠨᠡᠨ ᠪᠣᠳᠠᠲᠠᠶ ᠪᠥᠭᠡᠳ ᠣᠨᠣᠪᠴᠢᠲᠠᠶ ᠪᠠᠶ᠋ᠢᠬᠤ ᠵᠢ ᠪᠠᠲᠤᠯᠠᠬᠤ ᠬᠡᠷᠡᠭᠲᠡᠶ᠃
ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠭᠦᠢ᠍ᠴᠡᠳ ᠠᠰᠢᠭᠯᠠᠨ᠂ ᠦᠨᠳᠦᠰᠦᠨ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢᠨ ᠬᠥᠮᠥᠷᠭᠡ ᠵᠢ ᠬᠠᠮᠠᠭ᠋ᠠᠯᠠᠨ ᠰᠢᠨᠡᠳᠬᠡᠬᠦ ᠠᠵᠢᠯ᠂ ᠢᠯᠠᠩᠭᠤᠶ᠎ᠠ 《ᠬᠡᠪᠴᠢᠶ᠎ᠡ᠎ᠠᠴᠠ ᠳᠡᠭᠡᠭᠰᠢᠬᠢ ᠠᠵᠤ ᠦᠢ᠍ᠯᠡᠳᠪᠦᠷᠢ᠂ ᠬᠢᠷᠢ ᠬᠡᠮ᠎ᠲᠠᠢ ᠪᠠᠷᠢᠯᠭ᠎ᠠ ᠵᠢᠨ ᠦᠢ᠍ᠯᠡᠰ ᠪᠠ ᠭᠡᠷ ᠪᠠᠶ᠋ᠢᠰᠢᠩ ᠭᠠᠵᠠᠷ ᠰᠢᠷᠣᠶ ᠵᠢᠨ ᠬᠦᠷᠦᠩᠭᠡ ᠵᠢ ᠨᠡᠭᠡᠭᠡᠨ ᠠᠰᠢᠭᠯᠠᠵᠤ ᠡᠵᠡᠩᠨᠡᠬᠦ ᠦᠢ᠍ᠯᠡᠰ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠵᠢᠵᠢᠭᠯᠡᠨ ᠬᠤᠳᠠᠯᠳᠤᠬᠤ ᠦᠢ᠍ᠯᠡᠰ ᠪᠠ ᠬᠤᠨᠤᠭ ᠪᠠᠭᠤᠳᠠᠯ ᠢᠳᠡᠭᠡᠨ ᠤᠮᠳᠠᠭ᠋ᠠᠨ᠎ᠤ ᠦᠢ᠍ᠯᠡᠰ᠂ ᠬᠡᠪᠴᠢᠶ᠎ᠡ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ》᠎ᠤᠨ ᠨᠢᠭᠡᠴᠢ ᠵᠢ ᠲᠤᠭ᠎ᠠ ᠪᠦᠷᠢᠳᠭᠡᠯ᠎ᠳᠤ ᠣᠷᠣᠭᠤᠯᠬᠤ ᠪᠠ ᠬᠥᠮᠥᠷᠭᠡ᠎ᠠᠴᠠ ᠭᠠᠷᠭ᠋ᠠᠬᠤ ᠠᠵᠢᠯ᠎ᠢ ᠰᠠᠶ᠋ᠢᠲᠤᠷ ᠬᠢᠵᠦ᠂ ᠴᠠᠭ ᠲᠤᠬᠠᠶ᠎ᠳᠤᠨᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠳᠡᠮᠵᠢᠭᠤᠯᠣᠨ ᠬᠦᠷᠭᠡᠬᠦ ᠵᠢᠨ ᠬᠠᠮᠲᠤ ᠪᠣᠳᠠᠲᠠᠶ ᠭᠠᠵᠠᠷ᠎ᠲᠤᠨᠢ ᠬᠢᠨᠠᠨ ᠪᠠᠶ᠋ᠢᠴᠠᠭ᠋ᠠᠬᠤ ᠬᠡᠷᠡᠭᠲᠡᠶ᠃
ᠪᠠᠶ᠋ᠢᠴᠠᠭ᠋ᠠᠭᠳᠠᠬᠤ ᠡᠲᠡᠭᠡᠳ᠎ᠤᠨ ᠬᠠᠮᠢᠶᠠᠷᠤᠯᠲᠠ᠎ᠪᠠᠨ ᠴᠢᠩᠭ᠋ᠠᠣᠡᠬᠠᠵᠣ᠂ ᠪᠠᠶ᠋ᠢᠴᠠᠭ᠋ᠠᠭᠳᠠᠬᠤ ᠡᠲᠡᠭᠡᠳ᠎ᠤᠨ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠪᠠᠨ ᠪᠠᠶ᠋ᠢᠭᠤᠯᠤᠨ ᠪᠦᠷᠢᠨᠰᠢᠭᠦᠯᠵᠦ ᠵᠢ ᠬᠢᠨᠠᠨ ᠵᠢᠯᠣᠭᠤᠳᠴᠤ᠂ ᠪᠠᠶ᠋ᠢᠴᠠᠭ᠋ᠠᠭᠳᠠᠬᠤ ᠡᠲᠡᠭᠡᠳ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠬᠤᠪᠢᠷᠠᠯᠲᠠ ᠵᠢᠨ ᠳᠠᠩᠰᠠ ᠪᠠᠶ᠋ᠢᠭᠤᠯᠤᠨ᠂ ᠲᠤᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠲᠤᠭ᠎ᠠ ᠪᠦᠷᠢᠳᠬᠡᠯ᠎ᠤᠨ ᠬᠢᠨᠠᠨ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠵᠦ᠂ ᠠᠩᠬᠠᠨ᠎ᠤ ᠲᠡᠮᠳᠡᠭᠯᠡᠯ ᠵᠢᠴᠢ ᠡᠯᠧᠺᠳ᠋ᠷᠣᠨ᠂ ᠴᠠᠭ᠋ᠠᠰᠤᠨ᠎ᠤ ᠲᠤᠭ᠎ᠠ ᠪᠦᠷᠢᠳᠬᠡᠯ᠎ᠤᠨ ᠳᠠᠩᠰᠠ᠎ᠪᠠᠨ ᠰᠠᠶ᠋ᠢᠲᠤᠷ ᠬᠢᠬᠦ ᠵᠢ᠎ᠨᠢ ᠵᠢᠭ᠋ᠠᠨ ᠵᠢᠯᠣᠭᠤᠣᠡᠬᠤ ᠬᠡᠷᠩᠳᠠᠢ᠃
ᠠᠷᠪᠠᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠭ᠎ᠠ ᠪᠦᠷᠢᠳᠬᠡᠯ᠎ᠤᠨ ᠮᠡᠳᠡᠭᠡ ᠵᠠᠩᠬᠢᠴᠢᠯᠠᠯᠳᠠ ᠵᠢᠨ ᠪᠠᠶ᠋ᠢᠭᠤᠯᠤᠯᠲᠠ ᠵᠢ ᠲᠤᠰ ᠭᠠᠵᠠᠷ ᠣᠷᠣᠨ᠎ᠤ᠎ᠪᠠᠨ ᠵᠠᠰᠠᠭ᠎ᠤᠨ ᠣᠷᠳᠣᠨ᠎ᠤ ᠮᠡᠳᠡᠭᠡ ᠵᠠᠩᠬᠢᠴᠢᠯᠠᠯᠳᠠ ᠵᠢᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠤᠶᠤ ᠡᠯᠧᠺᠳ᠋ᠷᠣᠨ ᠵᠠᠰᠠᠭ᠎ᠤᠨ ᠶᠠᠪᠤᠳᠠᠯ᠎ᠤᠨ ᠪᠦᠳᠣᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ᠎ᠪᠠᠨ ᠣᠷᠣᠭᠤᠯᠵᠤ᠂ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠢ ᠬᠠᠮᠤᠷᠤᠭᠰᠠᠨ ᠲᠤᠭ᠎ᠠ ᠪᠦᠷᠢᠳᠬᠡᠯ᠎ᠤᠨ ᠰᠦᠯᠵᠢᠶᠡᠨ᠎ᠤ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠨ᠂ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠲᠠᠭᠯᠠᠨ ᠮᠡᠳᠡᠭᠦᠯᠬᠦ ᠪᠦᠬᠦ ᠶᠠᠪᠤᠴᠠ ᠵᠢᠨ ᠡᠯᠧᠺᠳ᠋ᠷᠣᠨᠴᠢᠯᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠲᠤᠭ᠎ᠠ ᠪᠦᠷᠢᠳᠬᠡᠯ᠎ᠤᠨ ᠮᠡᠳᠡᠭᠡ ᠵᠠᠩᠭᠢᠴᠢᠯᠠᠬᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠰᠬᠠᠶ ᠲᠣᠰᠢᠶᠠᠯᠳᠣ ᠪᠠ ᠲᠤᠰᠢᠶᠠᠯ ᠬᠠᠪᠰᠣᠷᠭ᠋ᠠᠭᠰᠠᠨ ᠲᠤᠭ᠎ᠠ ᠪᠦᠷᠢᠳᠬᠡᠯ᠎ᠤᠨ ᠮᠡᠳᠡᠭᠡ ᠵᠠᠩᠬᠢᠴᠢᠯᠠᠯᠳᠠ ᠵᠢᠨ ᠪᠠᠶ᠋ᠢᠭᠤᠯᠤᠯᠲᠠ ᠵᠢᠨ ᠠᠵᠢᠯᠯᠠᠭᠤᠯᠵᠤ ᠬᠠᠮᠠᠭ᠋ᠠᠯᠠᠬᠤ ᠠᠵᠢᠯᠲᠠᠨ ᠵᠶ᠋ᠠᠨ ᠲᠣᠭᠲᠠᠭ᠋ᠠᠵᠤ᠂ ᠲᠤᠭ᠎ᠠ ᠪᠦᠷᠢᠳᠬᠡᠯ᠎ᠤᠨ ᠳᠥᠷᠪᠡᠨ ᠱᠠᠲᠤᠨ᠎ᠤ ᠲᠤᠰᠬᠠᠶ ᠰᠦᠯᠵᠢᠶ᠎ᠡ ᠵᠢᠨ ᠲᠣᠭᠲᠠᠭᠤᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ; ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠲᠣᠳᠣᠭ᠋ᠠᠳᠣ ᠵᠢᠨ ᠪᠠ ᠭᠠᠳᠠᠨᠠᠬᠢ ᠰᠦᠯᠵᠢᠶᠡᠨ᠎ᠤ ᠹᠢᠽᠢᠺ᠎ᠤᠨ ᠲᠤᠰᠠᠭ᠋ᠠᠷᠯᠠᠯᠢ ᠴᠢᠩᠭ᠎ᠠ ᠬᠡᠷᠡᠭᠵᠢᠭᠦᠯᠦᠨ᠂ ᠨᠢᠭᠡ ᠺᠣᠮᠫᠢᠦ᠋ᠲ᠋ᠧᠷ ᠵᠶ᠋ᠠᠨ ᠢᠨᠲ᠋ᠧᠷ ᠰᠦᠯᠵᠢᠶ᠎ᠡ ᠪᠠ ᠲᠤᠭ᠎ᠠ ᠪᠦᠷᠢᠳᠬᠡᠯ᠎ᠤᠨ ᠲᠤᠰᠬᠠᠶ ᠰᠦᠯᠵᠢᠶᠠᠨ᠎ᠳᠤ ᠰᠣᠯᠪᠢᠴᠠᠭᠤᠯᠤᠨ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
ᠭᠤᠷᠪᠠᠳᠤᠭ᠋ᠠᠷ ᠪᠦᠯᠦᠭ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠯ ᠪᠠ ᠱᠠᠭ᠋ᠠᠷᠳᠠᠯᠭ᠎ᠠ
ᠠᠷᠪᠠᠨ ᠭᠤᠷᠪᠠᠳᠤᠭ᠋ᠠᠷ ᠵᠦᠢ᠍ᠯ ᠵᠢᠷᠣᠮᠵᠢᠭᠤᠨ ᠨᠢᠭᠡᠳᠣᠯᠳᠠᠢ᠂ ᠠᠵᠢᠯ᠎ᠤᠨ ᠬᠤᠪᠢᠶᠠᠷᠢᠯᠠᠯ᠎ᠨᠢ ᠵᠦᠢ ᠵᠣᠬᠢᠰᠲᠠᠶ᠂ ᠬᠠᠮᠲᠤᠷᠠᠨ ᠠᠵᠢᠯᠯᠠᠵᠤ ᠬᠠᠮᠲᠤ᠎ᠪᠠᠷ ᠬᠦᠷᠲᠡᠬᠦ ᠵᠠᠷᠴᠢᠮ᠎ᠢ ᠪᠠᠷᠢᠮᠲᠠᠯᠠᠵᠤ᠂ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯ᠎ᠳᠤ 《ᠵᠢᠷᠭᠤᠭ᠎ᠠ ᠵᠢ ᠵᠢᠷᠤᠮᠵᠢᠭᠤᠯᠵᠤ ᠲᠠᠪᠤ ᠵᠢ ᠴᠢᠩᠭ᠋ᠠᠷᠠᠭᠤᠯᠬᠤ》 (ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠵᠢᠷᠤᠭ ᠲᠥᠯᠥᠪᠯᠡᠭᠡ ᠵᠢ ᠵᠢᠷᠤᠮᠵᠢᠭᠤᠯᠬᠤ᠂ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠎ᠪᠠᠨ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠢᠷᠤᠮᠵᠢᠭᠤᠯᠬᠤ᠂ ᠳ᠋ᠠᠶ᠋ᠢᠲ᠋ᠠ ᠵᠢᠨ ᠨᠡᠶ᠋ᠢᠲᠡᠯᠡᠬᠦ ᠠᠭᠤᠯᠭ᠎ᠠ ᠵᠢ ᠵᠢᠷᠤᠮᠵᠢᠭᠤᠯᠬᠤ᠂ ᠰᠠᠯᠠᠭ᠎ᠠ ᠮᠥᠴᠢᠷ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ ᠵᠢ ᠴᠢᠩᠭ᠋ᠠᠷᠠᠭᠤᠯᠬᠤ᠂ ᠨᠡᠷᠡᠰ᠎ᠤᠨ ᠵᠢᠭᠰᠠᠭ᠋ᠠᠯᠲᠠ ᠵᠢᠨ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠷᠠᠭᠤᠯᠬᠤ᠂ ᠲᠤᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠷᠠᠭᠤᠯᠬᠤ᠂ ᠶᠠᠰᠤ ᠴᠢᠨᠠᠷ᠎ᠢ ᠦᠨᠡᠯᠡᠨ ᠵᠢᠱ᠌ᠢᠵᠦ ᠰᠢᠯᠭ᠋ᠠᠨ ᠠᠪᠬᠤ ᠵᠢ ᠴᠢᠩᠭ᠋ᠠᠷᠠᠭᠤᠯᠬᠤ᠂ ᠮᠡᠳᠡᠭᠡ ᠵᠠᠩᠭᠢ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠬᠤ)᠎ᠪᠠᠷ ᠬᠠᠷᠠᠯᠲᠠ᠎ᠪᠠᠨ ᠪᠣᠯᠭ᠋ᠠᠵᠤ᠂ ᠳᠦᠷᠢᠮ ᠲᠣᠭᠲᠠᠭ᠋ᠠᠯ᠎ᠨᠢ ᠪᠦᠷᠢᠨ ᠲᠡᠭᠦᠯᠳᠡᠷ᠂ ᠠᠷᠭ᠎ᠠ ᠪᠠᠷᠢᠯ᠎ᠨᠢ ᠰᠢᠨᠵᠢᠯᠡᠬᠦ ᠤᠬᠠᠭ᠋ᠠᠨᠴᠢ᠂ ᠦᠢ᠍ᠯᠡ ᠠᠵᠢᠯᠯᠠᠭ᠎ᠠ᠎ᠨᠢ ᠴᠢᠩᠭ᠎ᠠ ᠨᠢᠮᠪᠠᠶ᠂ ᠶᠠᠪᠤᠴᠠ ᠵᠢ᠎ᠨᠢ ᠡᠵᠡᠮᠳᠡᠵᠦ ᠲᠠᠶ᠋ᠢᠯᠭᠦ᠂ ᠮᠡᠳᠡᠭᠡ ᠵᠠᠩᠬᠢᠴᠢᠯᠠᠯᠲᠠ ᠵᠢᠨ ᠬᠡᠮᠵᠢᠶ᠎ᠡ᠎ᠪᠠᠷ ᠨᠡᠯᠢᠶᠡᠳ ᠥᠨᠳᠥᠷ ᠪᠠᠶ᠋ᠢᠬᠤ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠮᠡᠳᠡᠭᠡ ᠵᠠᠩᠭᠢ ᠵᠢᠨ ᠲᠤᠯᠭ᠋ᠠᠭᠤᠷᠢᠯᠠᠯ ᠬᠠᠩᠭ᠋ᠠᠬᠤ ᠬᠡᠷᠩᠳᠠᠢ᠃
ᠠᠷᠪᠠᠨ ᠳᠥᠷᠪᠡᠳᠦᠭᠡᠷ ᠵᠦᠢ᠍ᠯ ᠰᠠᠯᠠᠭ᠎ᠠ ᠮᠥᠴᠢᠷ᠎ᠤᠳ᠎ᠨᠢ ᠲᠤᠭ᠎ᠠ ᠪᠦᠷᠢᠳᠬᠡᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠢ ᠡᠭᠦᠷᠭᠡᠯᠡᠬᠦ ᠪᠠᠶ᠋ᠢᠭᠤᠯᠤᠮᠵᠢ ᠪᠠ ᠠᠵᠢᠯᠲᠠᠨ ᠵᠶ᠋ᠠᠨ ᠲᠤᠳᠤᠷᠬᠠᠢ ᠲᠣᠭᠲᠠᠭ᠋ᠠᠵᠤ᠂ ᠲᠤᠭ᠎ᠠ ᠪᠦᠷᠢᠳᠬᠡᠯ᠎ᠤᠨ ᠡᠯ᠎ᠡ ᠭᠤᠭᠴᠤᠭ᠋ᠠᠨ᠎ᠤ ᠠᠵᠢᠯ᠎ᠢ ᠵᠢᠷᠤᠮᠵᠢᠭᠤᠯᠵᠤ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠣᠨ ᠦᠷᠨᠢᠭᠦᠯᠵᠣ᠂ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠵᠢᠨ ᠦᠨᠡᠨ ᠪᠣᠳᠠᠲᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ; ᠲᠤᠭ᠎ᠠ ᠪᠦᠷᠢᠳᠬᠡᠯ᠎ᠤᠨ ᠬᠠᠷᠢᠭᠤᠴᠠᠯᠭ᠋ᠠᠲᠠᠨ ᠪᠠ ᠨᠢᠭᠡᠴᠢ᠎ᠳᠠᠬᠢ ᠲᠤᠭ᠎ᠠ ᠪᠦᠷᠢᠳᠬᠡᠯ᠎ᠤᠨ ᠠᠵᠢᠯ᠎ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ ᠵᠶ᠋ᠠᠨ ᠲᠣᠳᠣᠷᠬᠠᠶ᠋ᠢᠯᠠᠵᠤ᠂ ᠲᠤᠭ᠎ᠠ ᠪᠦᠷᠢᠳᠬᠡᠯ᠎ᠤᠨ ᠠᠵᠢᠯᠲᠠᠨ᠎ᠢ ᠪᠦᠷᠢᠨ ᠴᠢᠩᠭ᠎ᠠ ᠲᠣᠬᠢᠷᠠᠭᠤᠯᠬᠤ ᠵᠢᠨ ᠬᠠᠮᠲᠤ ᠬᠠᠷᠢᠴᠠᠩᠭᠤᠶ ᠲᠣᠭᠲᠠᠭᠤᠨ ᠪᠠᠶ᠋ᠢᠯᠭ᠋ᠠᠬᠤ ᠵᠢ ᠪᠠᠳᠣᠯᠠᠵᠣ᠂ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠢᠭ᠋ᠠᠨ ᠵᠢᠯᠣᠭᠤᠳᠣᠯᠭ᠎ᠠ ᠵᠢ ᠬᠦᠯᠢᠶᠡᠵᠦ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠲᠤᠰ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠳᠤ ᠲᠣᠬᠢᠷᠠᠭᠤᠯᠤᠯᠲᠠ ᠬᠢᠭᠰᠡᠨ ᠬᠤᠪᠢᠷᠠᠯᠲᠠ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯ᠎ᠨᠢ ᠠᠵᠢᠯ᠎ᠤᠨ ᠡᠭᠦᠷᠭᠡ᠂ ᠲᠣᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠂ ᠶᠠᠰᠤ ᠴᠢᠨᠠᠷ᠎ᠤᠨ ᠱᠠᠭ᠋ᠠᠷᠳᠠᠯᠭ᠎ᠠ ᠪᠠ ᠠᠬᠢᠴᠠ ᠵᠢᠨ ᠲᠣᠬᠢᠷᠠᠭᠤᠯᠤᠯᠲᠠ᠎ᠪᠠᠷ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠪᠣᠯᠤᠨ ᠨᠤᠲᠠᠯᠠᠯᠲᠠ ᠵᠢ ᠬᠢᠨᠠᠮᠠᠭ᠋ᠠᠶ ᠥᠷᠨᠢᠭᠦᠯᠵᠦ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠡᠪᠴᠢᠶ᠎ᠡ ᠵᠢ ᠣᠨᠣᠪᠴᠢᠲᠠᠶ ᠲᠣᠭᠲᠠᠭ᠋ᠠᠨ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠭᠤᠯᠭ᠎ᠠ ᠵᠢ ᠵᠦᠶ ᠵᠣᠬᠢᠰᠲᠠᠶ ᠵᠢᠷᠤᠭᠯᠠᠨ ᠲᠥᠯᠥᠪᠯᠡᠵᠦ᠂ ᠲᠤᠭ᠎ᠠ ᠪᠦᠷᠢᠳᠬᠡᠯ᠎ᠤᠨ ᠪᠠᠷᠢᠮᠵᠢᠶ᠎ᠠ ᠪᠠ ᠲᠤᠭ᠎ᠠ ᠪᠦᠷᠢᠳᠬᠡᠯ᠎ᠤᠨ ᠵᠠᠷᠴᠢᠮ᠎ᠢ ᠴᠢᠩᠭ᠎ᠠ ᠬᠡᠷᠡᠭᠵᠢᠭᠦᠯᠵᠦ᠂ ᠭᠦᠢ᠍ᠴᠡᠳᠭᠡᠯ ᠲᠤᠭ᠎ᠠ ᠵᠢᠨ ᠨᠡᠷᠡᠶ᠋ᠢᠳᠦᠯ᠎ᠤᠨ ᠵᠢᠷᠤᠮᠵᠢᠭᠤᠨ ᠪᠥᠭᠡᠳ ᠨᠢᠭᠡᠳᠦᠯᠲᠡᠶ ᠪᠠᠶ᠋ᠢᠬᠤ᠂ ᠲᠠᠶ᠋ᠢᠯᠪᠤᠷᠢ᠎ᠨᠢ ᠳᠥᠭᠦᠮ ᠣᠶ᠋ᠢᠯᠠᠭ᠋ᠠᠮᠵᠢᠲᠠᠶ᠂ ᠪᠣᠳᠣᠬᠤ ᠠᠷᠭ᠎ᠠ᠎ᠨᠢ ᠰᠢᠨᠵᠢᠯᠡᠬᠦ ᠤᠬᠠᠭ᠋ᠠᠨᠴᠢ᠂ ᠪᠠᠶ᠋ᠢᠴᠠᠭ᠋ᠠᠯᠲᠠ ᠵᠢᠨ ᠬᠦᠰᠦᠨᠦᠭᠲᠦ ᠵᠢᠨ ᠬᠡᠯᠪᠡᠷᠢ ᠵᠢᠨ ᠪᠦᠲᠦᠴᠡ᠎ᠨᠢ ᠵᠦᠶ ᠵᠣᠬᠢᠰᠲᠠᠶ᠂ ᠲᠠᠭᠯᠠᠵᠣ ᠮᠡᠳᠡᠭᠦᠯᠬᠦ᠎ᠳᠤ ᠳᠥᠭᠦᠮ ᠪᠠᠶ᠋ᠢᠬᠤ ᠵᠢ ᠪᠠᠲᠤᠯᠠᠬᠤ ᠬᠡᠷᠡᠭᠲᠡᠶ; ᠰᠠᠯᠠᠭ᠎ᠠ ᠮᠥᠴᠢᠷ᠎ᠤᠨ ᠬᠠᠮᠢᠶᠠᠷᠤᠯᠲᠠ ᠵᠢ ᠡᠩ ᠲᠡᠷᠢᠭᠦᠨ᠎ᠳᠤ ᠬᠡᠷᠡᠭᠯᠡᠵᠦ ᠪᠦᠷᠢᠯᠳᠣᠭ᠌ᠰᠡᠨ ᠵᠠᠰᠠᠭ ᠵᠠᠬᠢᠷᠭ᠋ᠠᠨ᠎ᠤ ᠲᠡᠮᠳᠡᠭᠯᠡᠯ ᠵᠢᠴᠢ ᠡᠯ᠎ᠡ ᠲᠥᠷᠥᠯ᠎ᠤᠨ ᠲᠣᠮᠣ ᠳ᠋ᠠᠶ᠋ᠢᠲ᠋ᠠ ᠵᠡᠷᠭᠡ ᠪᠤᠰᠤᠳ ᠳ᠋ᠠᠶ᠋ᠢᠲ᠋ᠠ ᠵᠢᠨ ᠢᠷᠡᠯᠲᠡ᠎ᠳᠤ᠂ ᠥᠯᠢᠭᠡᠷ ᠠᠪᠴᠤ ᠪᠠᠶ᠋ᠢᠴᠠᠭ᠋ᠠᠯᠲᠠ ᠬᠢᠬᠦ᠂ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠬᠢᠬᠦ᠂ ᠨᠡᠶ᠋ᠢᠲᠡᠯᠢᠭ ᠪᠠᠶ᠋ᠢᠴᠠᠭ᠋ᠠᠯᠲᠠ ᠬᠢᠬᠦ᠎ᠨᠢ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠪᠡᠯ᠂ ᠪᠥᠬᠦ ᠲᠠᠯ᠎ᠠ ᠵᠢᠨ ᠪᠠᠶ᠋ᠢᠴᠠᠭ᠋ᠠᠯᠲᠠ ᠵᠢ ᠥᠷᠨᠢᠭᠦᠯᠬᠦ ᠥᠬᠡᠶ; ᠳ᠋ᠠᠶ᠋ᠢᠲ᠋ᠠ ᠵᠢ ᠦᠨᠡᠯᠡᠨ ᠵᠢᠱ᠌ᠢᠬᠦ ᠠᠷᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠳ᠋ᠠᠶ᠋ᠢᠲ᠋ᠠ ᠵᠢ ᠴᠤᠭᠯᠠᠭᠤᠯᠤᠨ ᠰᠢᠢ᠍ᠳᠪᠦᠷᠢᠯᠡᠬᠦ ᠲᠠᠪᠴᠠᠩ᠎ᠤᠨ ᠵᠢᠷᠤᠭ ᠲᠥᠯᠥᠪᠯᠡᠭᠡ᠎ᠨᠢ ᠤᠯᠤᠰ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠠᠷᠢᠮᠵᠢᠶ᠎ᠠ᠎ᠳᠤ ᠨᠡᠶ᠋ᠢᠴᠡᠬᠦ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠰᠠᠯᠠᠭ᠎ᠠ ᠮᠥᠴᠢᠷ᠎ᠤᠨ ᠦᠪᠠᠰᠣᠪᠡᠨ ᠲᠣᠭᠲᠠᠭ᠋ᠠᠭᠰᠠᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠨᠢ ᠰᠢᠯᠢᠳᠡᠭᠵᠢᠭᠦᠯᠦᠨ ᠴᠤᠮᠬᠠᠳᠬᠠᠵᠤ ᠥᠨᠳᠥᠷ ᠪᠦᠲᠦᠮᠵᠢᠲᠡᠶ ᠪᠠᠶ᠋ᠢᠬᠤ ᠵᠠᠷᠴᠢᠮ᠎ᠢ ᠬᠠᠷᠠᠭᠤᠯᠬᠤ ᠵᠢᠨ ᠬᠠᠮᠲᠤ᠂ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠨᠢ ᠵᠠᠰᠠᠭ᠎ᠤᠨ ᠣᠷᠳᠣᠨ᠎ᠤ ᠶᠡᠷᠦᠩᠬᠡᠶ᠋ᠢᠯᠡᠭᠰᠡᠨ ᠲᠤᠭ᠎ᠠ ᠪᠦᠷᠢᠳᠬᠡᠯ ᠬᠢᠭᠡᠳ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠬᠤᠪᠢᠶᠠᠷᠢᠯᠠᠯ᠎ᠤᠨ ᠵᠠᠷᠴᠢᠮ᠎ᠳᠤ ᠨᠡᠶ᠋ᠢᠴᠡᠬᠦ ᠮᠥᠷᠲᠡᠭᠡᠨ ᠲᠤᠰ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠪᠤᠶᠤ ᠲᠤᠬᠠᠶ᠋ᠢᠯᠠᠭᠰᠠᠨ ᠠᠵᠢᠯ᠎ᠯᠤᠭ᠎ᠠ ᠨᠢᠭᠡᠳᠦᠯᠲᠡᠶ ᠪᠠᠶ᠋ᠢᠵᠤ᠂ ᠭᠤᠣᠯ ᠠᠭᠤᠯᠭ᠎ᠠ᠎ᠨᠢ ᠤᠯᠤᠰ᠂ ᠪᠤᠰᠤᠳ ᠰᠠᠯᠠᠭ᠎ᠠ ᠮᠥᠴᠢᠷ ᠪᠤᠶᠤ ᠨᠢᠭᠡᠨᠲᠡ ᠵᠥᠪᠰᠢᠶᠡᠷᠡᠭᠰᠡᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠠᠭᠤᠯᠭ᠎ᠠ᠎ᠯᠤᠭ᠎ᠠ ᠳᠠᠪᠬᠤᠷᠳᠠᠵᠤ ᠪᠣᠯᠬᠤ ᠦᠭᠡᠶ᠃
ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠲᠣᠭᠲᠠᠭ᠋ᠠᠬᠤ᠎ᠳᠤ ᠲᠤᠰ ᠲᠥᠷᠥᠯ ᠵᠦᠢ᠍ᠯ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠷᠭ᠎ᠠ ᠵᠢ ᠵᠡᠷᠭᠡ᠎ᠳᠤ᠎ᠨᠢ ᠲᠣᠭᠲᠠᠭ᠋ᠠᠵᠤ᠂ ᠤᠯᠤᠰ᠎ᠤᠨ ᠲᠤᠭ᠎ᠠ ᠪᠦᠷᠢᠳᠬᠡᠯ᠎ᠤᠨ ᠪᠠᠷᠢᠮᠵᠢᠶ᠎ᠠ ᠵᠢ ᠬᠡᠷᠡᠭᠯᠡᠬᠦ ᠬᠡᠷᠡᠭᠲᠡᠶ; ᠤᠯᠤᠰ᠎ᠤᠨ ᠲᠤᠭ᠎ᠠ ᠪᠦᠷᠢᠳᠬᠡᠯ᠎ᠤᠨ ᠪᠠᠷᠢᠮᠵᠢᠶ᠎ᠠ ᠪᠠᠶ᠋ᠢᠬᠤ ᠦᠭᠡᠢ ᠪᠣᠯ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠪᠠᠷᠢᠮᠵᠢᠶ᠎ᠠ ᠵᠢ ᠬᠡᠷᠡᠭᠯᠡᠵᠦ ᠪᠣᠯᠤᠨ᠎ᠠ᠃ ᠲᠤᠭ᠎ᠠ ᠪᠦᠷᠢᠳᠬᠡᠯ᠎ᠤᠨ ᠪᠠᠷᠢᠮᠵᠢᠶ᠎ᠠ᠂ ᠲᠤᠭ᠎ᠠ ᠪᠦᠷᠢᠳᠬᠡᠯ᠎ᠤᠨ ᠲᠦᠷᠦᠯᠵᠢᠯ᠎ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ᠂ ᠬᠠᠮᠢᠶ᠎ᠠ ᠪᠦᠬᠦᠢ ᠳᠦᠷᠢᠮ ᠲᠣᠭᠲᠠᠭ᠋ᠠᠯ᠎ᠢ ᠦᠨᠳᠦᠰᠦᠯᠡᠨ ᠲᠣᠬᠢᠷᠠᠭᠤᠯᠤᠯᠲᠠ ᠬᠢᠬᠦ ᠵᠢᠨ ᠬᠠᠮᠲᠤ᠂ ᠲᠠᠶ᠋ᠢᠯᠪᠣᠷᠢᠯᠠᠨ ᠲᠣᠳᠣᠷᠬᠠᠢ᠍ᠯᠠᠬᠤ ᠬᠡᠷᠡᠭᠲᠡᠶ᠃
ᠬᠢᠨᠠᠨ ᠵᠥᠪᠰᠢᠶᠡᠷᠡᠭᠦᠯᠬᠦ ᠭᠠᠷᠳᠠᠮ ᠵᠶ᠋ᠠᠨ ᠭᠦᠢ᠍ᠴᠡᠳᠬᠡᠭᠰᠡᠨ ᠦᠭᠡᠢ ᠪᠤᠶᠤ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠤᠨ ᠠᠭᠤᠯᠭ᠎ᠠ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠣᠯᠵᠤ ᠮᠡᠳᠡᠪᠡᠯ ᠳᠠᠷᠦ᠋ᠢ᠍ᠬᠠᠨ ᠵᠠᠷᠯᠢᠭᠳᠠᠨ ᠵᠣᠭᠰᠣᠭ᠋ᠠᠬᠤ ᠵᠢᠨ ᠬᠠᠮᠲᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ》 ᠵᠢᠴᠢ ᠬᠡᠷᠡᠭᠵᠢᠭᠦᠯᠬᠦ ᠳᠦᠷᠢᠮ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠰᠢᠢ᠍ᠳᠪᠦᠷᠢᠯᠡᠬᠦ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠰᠠᠯᠠᠭ᠎ᠠ ᠮᠥᠴᠢᠷ᠎ᠨᠢ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠭ᠎ᠠ ᠪᠠᠷᠢᠮᠳᠠ ᠴᠤᠭᠯᠠᠭᠤᠯᠬᠤ᠂ ᠲᠤᠭ᠎ᠠ ᠪᠠᠷᠢᠮᠳᠠ ᠰᠢᠢ᠍ᠳᠪᠦᠷᠢᠯᠡᠬᠦ᠂ ᠶᠠᠰᠣ ᠴᠢᠨᠠᠷ᠎ᠢ ᠡᠵᠡᠮᠳᠡᠬᠦ ᠪᠠ ᠮᠡᠳᠡᠭᠡ ᠵᠠᠩᠭᠢ ᠨᠡᠶ᠋ᠢᠲᠡᠯᠡᠬᠦ ᠵᠡᠷᠭᠡ ᠠᠵᠢᠯ᠎ᠤᠨ ᠴᠤᠪᠤᠷᠠᠯ᠎ᠢ ᠴᠢᠩᠭ᠎ᠠ ᠵᠢᠷᠤᠮᠵᠢᠭᠤᠯᠤᠨ᠂ ᠪᠦᠷᠢᠣᠡᠭᠡᠨ ᠪᠠᠶ᠋ᠢᠴᠠᠭ᠋ᠠᠭᠳᠠᠬᠤ ᠡᠲᠡᠭᠡᠳ᠎ᠢ ᠲᠣᠭᠲᠠᠭ᠋ᠠᠵᠤ᠂ ᠲᠤᠭ᠎ᠠ ᠪᠠᠷᠢᠮᠳᠠ ᠴᠤᠭᠯᠠᠭᠤᠯᠵᠤ ᠰᠢᠢ᠍ᠳᠪᠦᠷᠢᠯᠡᠬᠦ ᠲᠠᠪᠴᠠᠩ᠎ᠤᠨ ᠰᠢᠯᠭ᠋ᠠᠨ ᠬᠤᠷᠢᠶᠠᠵᠤ ᠠᠪᠬᠤ ᠪᠠᠶ᠋ᠢᠷᠢᠯᠠᠭᠤᠯᠤᠯᠲᠠ ᠵᠢ ᠪᠡᠶᠡᠯᠡᠭᠦᠯᠦᠨ᠂ ᠪᠠᠶ᠋ᠢᠴᠠᠭ᠋ᠠᠭᠳᠠᠬᠤ ᠡᠲᠡᠭᠡᠳ᠎ᠢ ᠵᠢᠭ᠋ᠠᠨ ᠵᠢᠯᠣᠭᠤᠳᠴᠤ ᠪᠠᠶ᠋ᠢᠭ᠋ᠠᠳ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ》 ᠵᠢ ᠦᠨᠳᠦᠰᠦᠯᠡᠨ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ᠎ᠪᠠᠨ ᠪᠡᠶ᠎ᠡ᠎ᠪᠠᠨ ᠳᠠᠭ᠋ᠠᠭ᠋ᠠᠨ ᠵᠥᠪ ᠵᠶ᠋ᠠᠷ ᠲᠠᠭᠯᠠᠨ ᠮᠡᠳᠡᠭᠦᠯᠵᠦ᠂ ᠠᠩᠬᠠᠨ᠎ᠤ ᠲᠤᠭ᠎ᠠ ᠪᠠᠷᠢᠮᠲᠠ ᠵᠢ ᠴᠠᠭ ᠲᠤᠬᠠᠶ᠎ᠳᠤᠨᠢ ᠭᠥᠯᠢᠶᠡᠨ ᠠᠪᠬᠤ ᠪᠠ ᠬᠢᠨᠠᠨ ᠪᠠᠶ᠋ᠢᠴᠠᠭ᠋ᠠᠵᠤ᠂ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠬᠠᠷᠭᠤᠭᠤᠯᠤᠨ ᠪᠠᠶ᠋ᠢᠴᠠᠭ᠋ᠠᠬᠤ ᠵᠢ ᠥᠷᠨᠢᠭᠦᠯᠦᠨ᠎ᠡ᠃ ᠳᠡᠭᠡᠷ᠎ᠡ ᠨᠢᠭᠡ ᠱᠠᠲᠤᠨ᠎ᠤ ᠰᠠᠯᠠᠭ᠎ᠠ ᠮᠥᠴᠢᠷ᠎ᠨᠢ ᠳᠤᠤᠷ᠎ᠠ ᠨᠢᠭᠡ ᠱᠠᠲᠤᠨ᠎ᠤ ᠲᠤᠭ᠎ᠠ ᠪᠠᠷᠢᠮᠲᠠ᠎ᠳᠤ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠰᠠᠯᠠᠭ᠎ᠠ ᠮᠥᠴᠢᠷ᠎ᠨᠢ ᠲᠤᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ ᠪᠠ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠶ ᠮᠥᠷᠲᠡᠭᠡᠨ ᠵᠢᠯ ᠪᠦᠷᠢ ᠨᠠᠭ᠋ᠠᠳᠣ ᠵᠠᠬ᠎ᠠ᠎ᠳᠤ᠎ᠪᠠᠨ 1 ᠤᠳᠠᠭ᠎ᠠ ᠪᠣᠯᠪᠠᠰᠤᠷᠠᠯ ᠬᠢᠬᠦ ᠵᠢᠨ ᠬᠠᠮᠲᠤ᠂ ᠬᠡᠪᠰᠢᠵᠢᠭᠦᠯᠦᠭᠰᠡᠨ ᠲᠣᠭᠲᠠᠴᠠ ᠵᠢ ᠪᠣᠶ ᠪᠣᠯᠭ᠋ᠠᠬᠤ ᠬᠡᠷᠡᠭᠲᠡᠶ᠃ ᠪᠣᠯᠪᠠᠰᠤᠷᠠᠯ᠎ᠨᠢ ᠪᠦᠬᠦ ᠲᠠᠯ᠎ᠠ ᠵᠢᠨ ᠪᠦᠭᠡᠳ ᠰᠢᠰᠲ᠋ᠧᠮ᠎ᠲᠠᠢ ᠪᠠᠶ᠋ᠢᠵᠣ᠂ ᠬᠠᠨᠳᠤᠯᠭ᠋ᠠᠲᠤ ᠴᠢᠨᠠᠷ ᠪᠠ ᠠᠵᠢᠯᠯᠠᠭ᠋ᠠᠨ᠎ᠲᠤ ᠴᠢᠨᠠᠷ᠎ᠢ ᠳᠣᠪᠣᠶ᠋ᠢᠯᠭ᠋ᠠᠨ᠂ ᠲᠤᠭ᠎ᠠ ᠪᠦᠷᠢᠳᠭᠡᠯ᠎ᠤᠨ ᠠᠵᠢᠯᠲᠠᠨ᠎ᠤ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ᠎ᠢ ᠣᠨᠣᠪᠴᠢᠲᠠᠶ ᠣᠶ᠋ᠢᠯᠠᠭ᠋ᠠᠬᠤ ᠵᠢ ᠠᠬᠢᠭᠤᠯᠵᠤ᠂ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠵᠢᠨ ᠦᠨᠡᠨ ᠪᠣᠳᠠᠲᠤ ᠴᠢᠨᠠᠷ᠎ᠢ ᠪᠠᠳᠣᠯᠠᠬᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠨ᠂ ᠲᠤᠭ᠎ᠠ ᠪᠦᠷᠢᠳᠬᠡᠯ᠎ᠤᠨ ᠠᠵᠢᠯ᠎ᠢ ᠰᠠᠶ᠋ᠢᠲᠤᠷ ᠬᠢᠬᠦ ᠵᠢᠨ ᠴᠢᠳᠠᠪᠤᠷᠢ ᠪᠠ ᠬᠢᠷᠢ ᠲᠦᠪᠰᠢᠨ᠎ᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠰᠠᠯᠠᠭ᠎ᠠ ᠮᠥᠴᠢᠷ᠎ᠨᠢ ᠳ᠋ᠠᠶ᠋ᠢᠲ᠋ᠠ ᠨᠡᠶ᠋ᠢᠲᠡᠯᠡᠬᠦ ᠬᠤᠯᠪᠣᠭᠳᠠᠯ ᠪᠦᠬᠦᠢ ᠲᠣᠭᠲᠠᠭ᠋ᠠᠯ᠎ᠢ ᠬᠠᠤᠯᠢ ᠶᠣᠰᠣᠭ᠋ᠠᠷ ᠴᠢᠩᠭ᠎ᠠ ᠬᠡᠷᠡᠭᠵᠢᠭᠦᠯᠵᠦ᠂ ᠲᠤᠰ ᠰᠠᠯᠠᠭ᠎ᠠ ᠮᠥᠴᠢᠷ᠎ᠤᠨ ᠵᠶ᠋ᠠᠨ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢ ᠨᠡᠶ᠋ᠢᠲᠡᠯᠡᠬᠦ ᠵᠢᠨ ᠬᠠᠮᠲᠤ ᠪᠠᠰᠠ ᠳ᠋ᠠᠶ᠋ᠢᠲ᠋ᠠ ᠵᠢᠨ ᠢᠷᠡᠯᠲᠡ᠂ ᠪᠦᠷᠢᠣᠡᠭᠡᠭᠰᠡᠨ ᠠᠷᠭ᠎ᠠ᠂ ᠪᠦᠷᠢᠣᠡᠭᠡᠭᠰᠡᠨ ᠲᠦᠷᠦᠯᠵᠢᠯ᠂ ᠪᠦᠷᠢᠣᠡᠭᠡᠭᠰᠡᠨ ᠪᠠᠷᠢᠮᠵᠢᠶ᠎ᠠ᠂ ᠭᠦᠢ᠍ᠴᠡᠳᠭᠡᠯ ᠲᠤᠭ᠎ᠠ ᠵᠢᠨ ᠤᠬᠠᠭᠳᠠᠬᠤᠨ ᠵᠡᠷᠭᠡ ᠵᠢ ᠨᠡᠶ᠋ᠢᠲᠡᠯᠡᠵᠦ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢ ᠵᠥᠪ ᠵᠶ᠋ᠠᠷ ᠣᠶ᠋ᠢᠯᠠᠭ᠋ᠠᠨ ᠬᠡᠷᠡᠭᠯᠡᠬᠦ ᠵᠢ ᠪᠠᠲᠤᠯᠠᠬᠤ ᠬᠡᠷᠡᠭᠲᠡᠶ᠃
ᠬᠤᠷᠢᠳᠤᠭ᠋ᠠᠷ ᠵᠦᠢ᠍ᠯ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠣᠭᠲᠠᠭ᠋ᠠᠭᠰᠠᠨ 《ᠰᠠᠯᠠᠭ᠎ᠠ ᠮᠥᠴᠢᠷ᠎ᠤᠨ ᠶᠡᠷᠦᠩᠬᠡᠶ᠋ᠢᠯᠡᠭᠰᠡᠨ ᠲᠤᠭ᠎ᠠ ᠪᠦᠷᠢᠳᠬᠡᠯ᠎ᠤᠨ ᠮᠡᠳᠡᠭᠦᠯᠣᠯᠳᠡ ᠵᠢᠨ ᠬᠦᠰᠦᠨᠦᠭᠲᠦ ᠵᠢᠨ ᠳᠦᠷᠢᠮ》᠎ᠢ ᠴᠢᠩᠭ᠎ᠠ ᠬᠡᠷᠡᠭᠵᠢᠭᠦᠯᠬᠦ ᠵᠢᠨ ᠬᠠᠮᠲᠤ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ᠎ᠤᠨ ᠮᠡᠳᠡᠭᠦᠯᠣᠯᠳᠡ ᠵᠢᠨ ᠬᠦᠰᠦᠨᠦᠭᠲᠦ ᠪᠠ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠵᠦ᠂ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢᠨ ᠮᠡᠳᠡᠭᠡ ᠵᠠᠩᠭᠢ ᠵᠢ ᠡᠮᠬᠢᠯᠡᠨ ᠨᠡᠶ᠋ᠢᠯᠡᠭᠦᠯᠵᠦ ᠵᠢᠷᠤᠮᠵᠢᠭᠤᠯᠬᠤ ᠬᠡᠷᠡᠭᠲᠡᠶ; ᠲᠤᠰ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠯᠤᠭ᠎ᠠ ᠳ᠋ᠠᠶ᠋ᠢᠲ᠋ᠠ ᠵᠢᠨ ᠮᠡᠳᠡᠭᠡ ᠵᠠᠩᠭᠢ ᠵᠢ ᠵᠣᠯᠭ᠋ᠠᠭᠤᠯᠬᠤ᠎ᠪᠠᠨ ᠴᠢᠩᠭ᠋ᠠᠳᠬᠠᠵᠤ᠂ ᠬᠤᠶᠠᠷ ᠲᠠᠯ᠎ᠠ ᠵᠢᠨ ᠪᠤᠶᠤ ᠣᠯᠠᠨ ᠲᠠᠯ᠎ᠠ ᠵᠢᠨ ᠵᠥᠪᠯᠡᠯᠴᠡᠭᠡᠷ᠎ᠤᠨ ᠬᠡᠯᠪᠡᠷᠢ᠎ᠪᠠᠷ ᠳᠠᠮᠵᠢᠭᠤᠯᠤᠨ᠂ ᠳ᠋ᠠᠶ᠋ᠢᠲ᠋ᠠ ᠵᠢ ᠬᠠᠮᠲᠤ᠎ᠳᠤ᠎ᠪᠠᠨ ᠬᠦᠷᠲᠡᠬᠦ ᠠᠭᠤᠯᠭ᠎ᠠ᠂ ᠠᠷᠭ᠎ᠠ ᠮᠠᠶᠢᠭ᠂ ᠴᠠᠭ᠎ᠤᠨ ᠬᠢᠵᠠᠭ᠋ᠠᠷ᠂ ᠵᠠᠮ ᠮᠦᠷ ᠵᠢᠴᠢ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠲᠣᠳᠣᠷᠬᠠᠶ᠋ᠢᠯᠠᠵᠤ᠂ ᠰᠠᠯᠠᠭ᠎ᠠ ᠮᠦᠴᠢᠷ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠨᠡᠷᠡᠰ᠎ᠤᠨ ᠬᠥᠮᠥᠷᠭᠡ ᠵᠢᠨ ᠮᠡᠳᠡᠭᠡ ᠵᠠᠩᠭᠢ ᠵᠢᠴᠢ ᠳ᠋ᠠᠶ᠋ᠢᠲ᠋ᠠ ᠵᠢᠨ ᠲᠠᠯ᠎ᠠ᠎ᠳᠠᠬᠢ ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃
ᠬᠤᠷᠢᠨ ᠨᠢᠭᠡᠳᠦᠭᠡᠷ ᠵᠦᠢ᠍ᠯ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠴᠠᠭ ᠲᠤᠬᠠᠶ᠎ᠳᠤᠨᠢ ᠰᠠᠯᠠᠭ᠎ᠠ ᠮᠥᠴᠢᠷ᠎ᠢ ᠬᠠᠮᠵᠢᠨ ᠦᠨᠳᠦᠰᠦᠨ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢᠨ ᠬᠥᠮᠥᠷᠭᠡ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠣᠷᠣᠯᠠᠬᠤ ᠨᠣᠮᠧᠷ᠎ᠤᠨ ᠬᠥᠮᠥᠷᠭᠡ ᠵᠡᠷᠭᠡ ᠲᠤᠭ᠎ᠠ ᠪᠦᠷᠢᠳᠬᠡᠯ᠎ᠤᠨ ᠰᠠᠭᠤᠷᠢ ᠮᠡᠳᠡᠭᠡ ᠵᠠᠩᠭᠢ ᠵᠢᠨ ᠬᠥᠮᠥᠷᠭᠡ ᠵᠢ ᠰᠢᠨᠡᠳᠬᠡᠨ ᠬᠠᠮᠠᠭ᠋ᠠᠯᠠᠵᠤ᠂ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠰᠠᠭᠤᠷᠢ ᠵᠢ ᠪᠠᠬᠢᠵᠢᠭᠦᠯᠭᠦ ᠬᠡᠷᠡᠭᠲᠡᠶ᠃
ᠰᠠᠯᠠᠭ᠎ᠠ ᠮᠥᠴᠢᠷ᠎ᠤᠳ ᠨᠢᠭᠡᠴᠢ ᠵᠢᠨ ᠰᠠᠭᠤᠷᠢ ᠮᠡᠳᠡᠭᠡ ᠵᠠᠩᠭᠢ᠎ᠪᠠᠨ ᠨᠠᠷᠢᠯᠢᠭᠵᠢᠭᠤᠯᠣᠨ ᠥᠷᠭᠡᠳᠬᠡᠵᠦ᠂ ᠵᠠᠪᠡᠯ ᠱᠠᠭ᠋ᠠᠷᠳᠠᠭᠳᠠᠬᠤ ᠠᠵᠢᠯᠲᠠᠨ᠂ ᠵᠠᠷᠤᠳᠠᠯ᠂ ᠲᠥᠬᠦᠭᠡᠷᠦᠮᠵᠢ᠂ ᠰᠦᠯᠵᠢᠶ᠎ᠡ ᠪᠠ ᠪᠣᠯᠪᠠᠰᠤᠷᠠᠯ ᠵᠡᠷᠭᠡ ᠠᠵᠢᠯ᠎ᠤᠨ ᠨᠥᠬᠦᠴᠡᠯ᠎ᠢ ᠪᠠᠲᠤᠯᠠᠵᠤ᠂ ᠲᠤᠭ᠎ᠠ ᠪᠠᠷᠢᠮᠳᠠ ᠵᠢᠨ ᠡᠬᠢ ᠢᠷᠡᠯᠲᠡ ᠵᠢᠨ ᠶᠠᠰᠤ ᠴᠢᠨᠠᠷ᠎ᠤᠨ ᠰᠠᠭᠤᠷᠢ ᠵᠢ ᠪᠠᠬᠢᠵᠢᠭᠦᠯᠭᠦ ᠬᠡᠷᠡᠭᠲᠡᠶ᠃
ᠬᠤᠷᠢᠨ ᠬᠤᠶᠠᠳᠤᠭ᠋ᠠᠷ ᠵᠦᠢ᠍ᠯ ᠰᠠᠯᠠᠭ᠎ᠠ ᠮᠥᠴᠢᠷ᠎ᠤᠳ ᠲᠤᠭ᠎ᠠ ᠪᠦᠷᠢᠳᠬᠡᠯ᠎ᠳᠤ ᠬᠤᠳᠠᠯ ᠬᠠᠭᠤᠷᠮᠠᠭ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠲᠠᠯ᠎ᠠ᠎ᠳᠠᠬᠢ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠭᠡᠨ᠂ ᠲᠤᠭ᠎ᠠ ᠪᠦᠷᠢᠳᠬᠡᠯ᠎ᠳᠤ ᠬᠤᠳᠠᠯ ᠬᠠᠭᠤᠷᠮᠠᠭ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠦᠨ᠂ ᠲᠤᠰ ᠰᠢᠰᠲ᠋ᠧᠮ᠎ᠤᠨ ᠪᠠᠶ᠋ᠢᠩᠭᠤ ᠵᠢᠨ ᠴᠢᠨᠠᠷᠲᠠᠶ ᠲᠤᠭ᠎ᠠ ᠪᠦᠷᠢᠳᠬᠡᠯ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠳᠬᠠᠵᠤ᠂ ᠲᠤᠭ᠎ᠠ ᠪᠦᠷᠢᠳᠬᠡᠯ᠎ᠳᠤ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ᠃
ᠬᠤᠷᠢᠨ ᠭᠤᠷᠪᠠᠳᠤᠭ᠋ᠠᠷ ᠵᠦᠢ᠍ᠯ ᠰᠠᠯᠠᠭ᠎ᠠ ᠮᠥᠴᠢᠷ᠎ᠨᠢ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢᠨ ᠶᠠᠰᠤ ᠴᠢᠨᠠᠷ᠎ᠢ ᠦᠨᠡᠯᠡᠨ ᠵᠢᠱ᠌ᠢᠬᠦ ᠳᠦᠷᠢᠮ᠎ᠢ ᠪᠠᠶ᠋ᠢᠭᠤᠯᠵᠤ᠂ ᠳ᠋ᠠᠶ᠋ᠢᠲ᠋ᠠ ᠵᠢᠨ ᠶᠠᠰᠤ ᠴᠢᠨᠠᠷ᠎ᠢ ᠦᠨᠡᠯᠡᠨ ᠵᠢᠱ᠌ᠢᠬᠦ᠎ᠪᠠᠨ ᠲᠤᠭ᠎ᠠ ᠪᠠᠷᠢᠮᠳᠠ ᠮᠡᠳᠡᠭᠦᠯᠭᠦ ᠪᠠ ᠨᠡᠶ᠋ᠢᠲᠡᠯᠡᠬᠦ᠎ᠠᠴᠠ ᠡᠮᠦᠨᠡᠬᠢ ᠵᠠᠪᠠᠯ ᠥᠩᠭᠡᠷᠡᠭᠡᠬᠦ ᠳᠡᠰ ᠳᠠᠷᠠᠭ᠋ᠠᠯᠠᠯ ᠪᠣᠯᠭ᠋ᠠᠨ᠂ ᠦᠨᠡᠯᠡᠨ ᠵᠢᠱ᠌ᠢᠬᠦ ᠠᠵᠢᠯ᠎ᠨᠢ ᠵᠢᠷᠣᠮᠵᠢᠭᠤᠯᠣᠨ ᠨᠢᠭᠡᠳᠣᠯᠳᠠᠢ ᠪᠠᠶ᠋ᠢᠬᠤ ᠬᠡᠷᠡᠭᠲᠡᠶ᠃ ᠬᠠᠤᠯᠢ ᠶᠣᠰᠣᠭ᠋ᠠᠷ ᠪᠠᠶ᠋ᠢᠴᠠᠭ᠋ᠠᠭ᠋ᠠᠳ ᠣᠯᠤᠭᠰᠠᠨ ᠭᠤᠣᠯ ᠪᠣᠯᠬᠤ ᠲᠤᠭ᠎ᠠ ᠪᠦᠷᠢᠳᠬᠡᠯ᠎ᠤᠨ ᠭᠦᠢ᠍ᠴᠡᠳᠭᠡᠯ ᠲᠣᠭ᠋ᠠᠨ᠎ᠤ ᠳ᠋ᠠᠶ᠋ᠢᠲ᠋ᠠ᠎ᠳᠤ ᠰᠢᠨᠵᠢᠯᠡᠬᠦ ᠤᠬᠠᠭ᠋ᠠᠨᠴᠢ᠎ᠪᠠᠷ ᠪᠦᠷᠢᠳᠭᠡᠬᠦ ᠠᠷᠭ᠎ᠠ ᠪᠠ ᠪᠦᠲᠦᠮᠵᠢᠲᠡᠶ ᠵᠣᠬᠢᠶᠠᠨ ᠪᠠᠶ᠋ᠢᠭᠤᠯᠬᠤ ᠠᠷᠭ᠎ᠠ ᠮᠠᠶᠢᠭ ᠵᠶ᠋ᠠᠷ ᠶᠠᠰᠤ ᠴᠢᠨᠠᠷ᠎ᠢ᠎ᠨᠢ ᠦᠨᠡᠯᠡᠨ ᠵᠢᠱ᠌ᠢᠵᠦ᠂ ᠲᠤᠭ᠎ᠠ ᠪᠠᠷᠢᠮᠳᠠ ᠵᠢᠨ ᠬᠤᠭᠤᠷᠣᠨᠳᠣᠬᠢ ᠬᠤᠯᠪᠣᠭᠳᠠᠯᠳᠣ ᠴᠢᠨᠠᠷ᠂ ᠢᠵᠢᠯᠰᠢᠭᠦ ᠴᠢᠨᠠᠷ ᠪᠠ ᠯᠣᠭᠢᠭ ᠴᠢᠨᠠᠷ᠎ᠢ ᠣᠨᠣᠪᠴᠢᠲᠠᠶ ᠡᠵᠡᠮᠰᠢᠬᠦ ᠬᠡᠷᠡᠭᠲᠡᠶ᠃
ᠬᠤᠷᠢᠨ ᠳᠥᠷᠪᠡᠳᠦᠭᠡᠷ ᠵᠦᠢ᠍ᠯ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠮᠡᠳᠡᠭᠡ ᠵᠠᠩᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠤᠨ ᠪᠦᠬᠦ ᠶᠠᠪᠤᠴᠠ ᠵᠢ ᠡᠯᠧᠺᠳ᠋ᠷᠤᠨᠴᠢᠯᠠᠬᠤ ᠪᠠ ᠰᠦᠯᠵᠢᠶᠡᠵᠢᠭᠦᠯᠬᠦ ᠵᠢ ᠪᠡᠶᠡᠯᠡᠭᠦᠯᠦᠨ᠂ ᠲᠤᠭ᠎ᠠ ᠪᠦᠷᠢᠳᠬᠡᠯ᠎ᠤᠨ ᠦᠢ᠍ᠯᠡᠣᠡᠪᠣᠷᠢᠯᠡᠭᠦ ᠬᠦᠴᠣᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠰᠦᠯᠵᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠮᠡᠷᠭᠡᠵᠢᠯ᠎ᠤᠨ ᠠᠷᠭ᠎ᠠ ᠬᠡᠮᠵᠢᠶ᠎ᠡ ᠪᠠ ᠠᠵᠢᠯᠯᠠᠭᠤᠯᠤᠨ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠰᠦᠯᠵᠢᠶ᠎ᠡ ᠪᠠ ᠳ᠋ᠠᠶ᠋ᠢᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠳᠣᠯᠠᠬᠤ ᠬᠡᠷᠩᠳᠠᠢ᠃
ᠳᠥᠷᠪᠡᠳᠦᠭᠡᠷ ᠪᠦᠯᠦᠭ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠯ ᠪᠠ ᠱᠠᠭ᠋ᠠᠷᠳᠠᠯᠭ᠎ᠠ
ᠬᠤᠷᠢᠨ ᠲᠠᠪᠤᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯ᠎ᠨᠢ 《ᠭᠤᠷᠪᠠ ᠵᠢ ᠵᠢᠷᠤᠮᠵᠢᠭᠤᠯᠵᠤ ᠬᠤᠶᠠᠷ᠎ᠢ ᠳᠡᠭᠡᠭᠰᠢᠯᠡᠭᠦᠯᠬᠦ》 (ᠲᠤᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠡᠭᠦᠷᠭᠡ ᠴᠢᠳᠠᠪᠤᠷᠢ ᠲᠣᠰᠢᠶᠠᠯ ᠬᠠᠷᠢᠭᠤᠴᠠᠯᠭ᠎ᠠ ᠵᠢ ᠵᠢᠷᠤᠮᠵᠢᠭᠤᠯᠬᠤ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠴᠤᠪᠤᠷᠠᠯ᠎ᠢ ᠵᠢᠷᠤᠮᠵᠢᠭᠤᠯᠬᠤ᠂ ᠬᠠᠤᠯᠢ ᠶᠣᠰᠣᠭ᠋ᠠᠷ ᠲᠤᠭ᠎ᠠ ᠪᠦᠷᠢᠳᠬᠡᠯ ᠬᠢᠬᠦ ᠴᠢᠳᠠᠪᠤᠷᠢ᠎ᠪᠠᠨ ᠳᠡᠭᠡᠭᠰᠢᠯᠡᠭᠦᠯᠬᠦ᠂ ᠲᠤᠭ᠎ᠠ ᠪᠦᠷᠢᠳᠬᠡᠯ᠎ᠤᠨ ᠠᠵᠢᠯ᠎ᠤᠨ ᠰᠢᠯᠭ᠋ᠠᠨ ᠬᠢᠨᠠᠬᠤ ᠬᠦᠴᠦᠯᠡᠴᠡ᠎ᠪᠠᠨ ᠳᠡᠭᠡᠭᠰᠢᠯᠡᠭᠦᠯᠬᠦ)᠎ᠪᠠᠷ ᠬᠠᠷᠠᠯᠲᠠ᠎ᠪᠠᠨ ᠪᠣᠯᠭ᠋ᠠᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
ᠬᠤᠷᠢᠨ ᠵᠢᠷᠭᠤᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠨᠢ ᠲᠤᠭ᠎ᠠ ᠪᠦᠷᠢᠳᠬᠡᠯ᠎ᠤᠨ ᠠᠵᠢᠯ᠎ᠤᠨ ᠪᠠᠶ᠋ᠢᠭᠤᠯᠤᠮᠵᠢ ᠵᠢ ᠲᠣᠳᠣᠷᠬᠠᠶ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠤᠨ ᠬᠠᠷᠢᠭᠤᠴᠠᠯᠭ᠋ᠠᠲᠠᠨ᠎ᠢ ᠵᠢᠭ᠋ᠠᠨ ᠲᠣᠭᠲᠠᠭ᠋ᠠᠬᠤ ᠬᠡᠷᠡᠭᠲᠡᠶ᠃ ᠬᠦᠷᠢᠶᠡᠯᠡᠩ ᠲᠣᠭᠤᠷᠢᠭ᠎ᠲᠠᠬᠢ ᠲᠤᠭ᠎ᠠ ᠪᠦᠷᠢᠳᠬᠡᠯ᠎ᠤᠨ ᠠᠵᠢᠯ᠎ᠤᠨ ᠡᠭᠦᠷᠭᠡ ᠵᠢᠨ ᠬᠡᠮᠵᠢᠶ᠎ᠡ᠎ᠪᠠᠨ ᠦᠨᠳᠦᠰᠦᠯᠡᠨ᠂ ᠲᠤᠰᠬᠠᠶ ᠲᠣᠰᠢᠶᠠᠯᠳᠣ ᠪᠠ ᠲᠤᠰᠢᠶᠠᠯ ᠬᠠᠪᠰᠤᠷᠭ᠋ᠠᠭᠰᠠᠨ ᠲᠤᠭ᠎ᠠ ᠪᠦᠷᠢᠳᠬᠡᠯ᠎ᠤᠨ ᠠᠵᠢᠯᠲᠠᠨ ᠵᠶ᠋ᠠᠨ ᠵᠦᠢ ᠵᠣᠬᠢᠰᠲᠠᠶ ᠲᠣᠬᠢᠷᠠᠭᠤᠯᠬᠤ ᠵᠢᠨ ᠬᠠᠮᠲᠤ ᠬᠠᠷᠢᠴᠠᠩᠭᠤᠶ ᠲᠣᠭᠲᠠᠭᠤᠨ ᠪᠠᠶ᠋ᠢᠬᠤ ᠵᠢ ᠪᠠᠲᠤᠯᠠᠵᠤ᠂ ᠲᠤᠭ᠎ᠠ ᠪᠦᠷᠢᠳᠬᠡᠯ᠎ᠤᠨ ᠠᠵᠢᠯᠲᠠᠨ᠎ᠳᠤ ᠬᠤᠪᠢᠷᠠᠯᠲᠠ ᠭᠠᠷᠪᠠᠯ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠥᠪᠰᠢᠶᠡᠷᠡᠯ᠎ᠢ ᠣᠯᠬᠤ ᠵᠢᠨ ᠬᠠᠮᠲᠤ ᠠᠵᠢᠯ ᠵᠶ᠋ᠠᠨ ᠰᠠᠶ᠋ᠢᠲᠤᠷ ᠲᠤᠰᠢᠶᠠᠬᠤ ᠪᠠ ᠬᠦᠯᠢᠶᠡᠨ ᠠᠪᠬᠤ ᠬᠡᠷᠡᠭᠲᠡᠶ᠃ ᠲᠤᠭ᠎ᠠ ᠪᠦᠷᠢᠳᠬᠡᠯ᠎ᠤᠨ ᠠᠵᠢᠯ᠎ᠢ ᠬᠡᠪ᠎ᠤᠨ ᠶᠣᠰᠣᠭ᠋ᠠᠷ ᠥᠷᠨᠢᠭᠦᠯᠬᠦ ᠦᠨᠳᠦᠰᠦᠨ ᠨᠥᠬᠦᠴᠡᠯ᠎ᠢ᠎ᠨᠢ ᠪᠦᠷᠢᠯᠳᠦᠭᠦᠯᠬᠦ ᠵᠢ ᠪᠠᠲᠤᠯᠠᠵᠤ᠂ ᠪᠠᠶ᠋ᠢᠭᠤᠯᠤᠮᠵᠢ᠂ ᠠᠵᠢᠯᠲᠠᠨ᠂ ᠵᠠᠷᠤᠳᠠᠯ᠂ ᠲᠥᠬᠦᠭᠡᠷᠦᠮᠵᠢ᠂ ᠲᠤᠤᠷ ᠰᠦᠯᠵᠢᠶ᠎ᠡ ᠪᠠ ᠠᠵᠢᠯᠯᠠᠬᠤ ᠭᠠᠵᠠᠷ ᠲᠠᠯᠠᠪᠠᠢ ᠵᠡᠷᠭᠡ ᠵᠢᠷᠭᠤᠭ᠋ᠠᠨ ᠲᠠᠯ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
ᠬᠤᠷᠢᠨ ᠳᠣᠯᠣᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠨᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠢᠯᠣᠭᠤᠳᠣᠯᠭ᠎ᠠ ᠵᠢ ᠬᠦᠯᠢᠶᠡᠵᠦ᠂ ᠡᠯ᠎ᠡ ᠵᠦᠢ᠍ᠯ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠭᠦᠷᠭᠡ ᠵᠢ ᠪᠡᠶᠡᠯᠡᠭᠦᠯᠬᠦ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠵᠤ᠂ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠲᠠᠯ᠎ᠠ᠎ᠳᠠᠬᠢ ᠴᠢᠬᠤᠯᠠ ᠶᠡᠭᠡ ᠨᠡᠶ᠋ᠢᠳᠡᠮ ᠪᠠᠶ᠋ᠢᠴᠠᠭ᠋ᠠᠯᠲᠠ ᠵᠢᠴᠢ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ᠎ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠨᠢ ᠲᠤᠭ᠎ᠠ ᠪᠦᠷᠢᠳᠬᠡᠯ᠎ᠤᠨ ᠠᠵᠢᠯ᠎ᠤᠨ ᠲᠥᠯᠥᠪᠯᠡᠭᠡ᠂ ᠮᠡᠳᠡᠭᠦᠯᠣᠯᠳᠡ ᠵᠢᠨ ᠬᠦᠰᠦᠨᠦᠭᠲᠦ ᠵᠢᠨ ᠳᠦᠷᠢᠮ᠎ᠢ ᠬᠡᠷᠡᠭᠵᠢᠭᠦᠯᠵᠦ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠮᠳᠠᠭᠤᠯᠤᠨ ᠪᠠᠶ᠋ᠢᠴᠠᠭ᠋ᠠᠬᠤ ᠬᠡᠷᠡᠭᠲᠡᠶ᠃
ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠲᠤᠭ᠎ᠠ ᠪᠦᠷᠢᠳᠬᠡᠯ᠎ᠤᠨ ᠠᠵᠢᠯ᠎ᠢ ᠡᠭᠦᠷᠭᠡᠯᠡᠵᠦ ᠪᠦᠭᠦᠢ ᠪᠠᠶ᠋ᠢᠭᠤᠯᠤᠮᠵᠢ᠎ᠨᠢ ᠬᠦᠷᠢᠶᠡᠯᠡᠩ ᠲᠣᠭᠤᠷᠢᠭ᠎ᠤᠨ ᠦᠨᠳᠦᠰᠦᠨ ᠨᠢᠭᠡᠴᠢ ᠵᠢᠨ ᠨᠡᠷ᠎ᠡ ᠵᠢᠨ ᠵᠢᠭᠰᠠᠭ᠋ᠠᠯᠲᠠ ᠵᠢᠨ ᠬᠥᠮᠥᠷᠭᠡ ᠵᠢ ᠰᠢᠨᠡᠳᠬᠡᠨ ᠬᠠᠮᠠᠭ᠋ᠠᠯᠠᠬᠤ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ᠎ᠲᠠᠬᠢ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠦᠨᠳᠦᠰᠦᠨ ᠮᠡᠳᠡᠭᠡ ᠵᠠᠩᠭᠢ ᠵᠢ ᠤᠯᠠᠷᠢᠯ ᠵᠶ᠋ᠠᠷ ᠬᠥᠳᠡᠯᠦᠩᠭᠦᠶ ᠰᠢᠨᠡᠳᠬᠡᠬᠦ ᠬᠡᠷᠡᠭᠲᠡᠶ᠃ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠮᠡᠳᠡᠭᠡ ᠵᠠᠩᠭᠢᠴᠢᠯᠠᠬᠤ ᠪᠦᠳᠣᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠤᠨ ᠪᠦᠬᠦ ᠶᠠᠪᠤᠴᠠ ᠵᠢ ᠡᠯᠸᠺᠲᠷᠤᠨᠴᠢᠯᠠᠬᠤ᠂ ᠰᠦᠯᠵᠢᠶᠡᠵᠢᠭᠦᠯᠬᠦ ᠵᠢ ᠪᠡᠶᠡᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯᠲᠠᠨ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠤᠭᠰᠠᠨ ᠪᠣᠯᠪᠠᠰᠤᠷᠠᠯ᠎ᠳᠤ ᠢᠳᠡᠪᠬᠢᠲᠡᠶ ᠣᠷᠣᠯᠴᠠᠵᠤ᠂ ᠬᠦᠷᠢᠶᠡᠯᠡᠩ ᠲᠣᠭᠤᠷᠢᠭ᠎ᠲᠠᠬᠢ ᠠᠵᠤ ᠠᠬᠤᠶ᠋ᠢᠯᠠᠯ᠎ᠢ ᠵᠢᠯᠣᠭᠤᠳᠤᠨ ᠰᠢᠮᠳᠠᠭᠤᠯᠵᠤ ᠪᠠᠶ᠋ᠢᠭ᠋ᠠᠳ ᠲᠤᠭ᠎ᠠ ᠪᠦᠷᠢᠳᠬᠡᠯ᠎ᠤᠨ ᠠᠩᠬᠠᠨ᠎ᠤ ᠲᠡᠮᠳᠡᠭᠯᠡᠯ ᠪᠠ ᠴᠠᠭ᠋ᠠᠰᠤᠨ᠎ᠤ ᠪᠤᠶᠤ ᠡᠯᠸᠺᠲᠷᠤᠨ ᠲᠤᠭ᠎ᠠ ᠪᠦᠷᠢᠳᠬᠡᠯ᠎ᠤᠨ ᠡᠬᠡ ᠳᠠᠩᠰᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃
ᠬᠤᠷᠢᠨ ᠨᠠᠢ᠍ᠮᠠᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠲᠤᠭ᠎ᠠ ᠪᠦᠷᠢᠳᠬᠡᠯ᠎ᠤᠨ ᠠᠵᠢᠯ᠎ᠢ ᠳᠠᠭ᠋ᠠᠭ᠋ᠠᠨ ᠡᠭᠦᠷᠭᠡᠯᠡᠵᠣ ᠪᠦᠭᠦᠢ ᠪᠠᠶ᠋ᠢᠭᠤᠯᠤᠮᠵᠢ᠎ᠨᠢ ᠬᠦᠷᠢᠶᠡᠯᠡᠩ ᠲᠣᠭᠤᠷᠢᠭ᠎ᠲᠠᠬᠢ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠢᠨᠠᠮᠠᠭ᠋ᠠᠶ ᠬᠡᠷᠡᠭᠵᠢᠭᠦᠯᠬᠦ᠎ᠳᠤ ᠬᠢᠨᠠᠯᠲᠠ ᠲᠠᠯᠪᠢᠵᠤ᠂ ᠮᠡᠳᠡᠭᠦᠯᠭᠦ᠎ᠳᠤ ᠣᠳᠠᠭ᠋ᠠᠰᠢᠷᠠᠭᠰᠠᠨ ᠪᠠᠶ᠋ᠢᠴᠠᠭ᠋ᠠᠯᠲᠠ ᠵᠢᠨ ᠨᠢᠭᠡᠴᠢ ᠵᠢ ᠮᠡᠳᠡᠭᠦᠯᠬᠦ᠎ᠪᠠᠷ ᠱᠠᠭ᠋ᠠᠷᠳᠠᠬᠤ ᠬᠡᠷᠩᠳᠠᠢ; ᠣᠯᠠᠡᠳᠡ ᠣᠳᠠᠭ᠋ᠠᠰᠢᠷᠠᠭᠤᠯᠣᠨ ᠮᠡᠳᠡᠭᠦᠯᠭᠦ᠂ ᠮᠡᠳᠡᠭᠦᠯᠬᠦ ᠵᠢ ᠲᠡᠪᠴᠢᠭᠰᠡᠨ ᠵᠢᠴᠢ ᠦᠨᠡᠨ ᠪᠣᠳᠠᠲᠠᠶ ᠪᠢᠰᠢ ᠪᠤᠶᠤ ᠪᠦᠷᠢᠨ ᠭᠦᠢ᠍ᠴᠡᠳ ᠪᠤᠰᠤ ᠮᠠᠲ᠋ᠧᠷᠢᠶᠠᠯ ᠬᠠᠩᠭ᠋ᠠᠭᠰᠠᠨ ᠪᠠᠶ᠋ᠢᠴᠠᠭ᠋ᠠᠯᠲᠠ ᠵᠢᠨ ᠨᠢᠭᠡᠴᠢ᠎ᠳᠤ ᠰᠢᠭᠦᠮᠵᠢᠯᠡᠯ ᠦᠭᠴᠦ᠂ ᠬᠦᠮᠣᠵᠢᠯ ᠬᠦᠷᠳᠡᠭᠡᠭᠦ ᠵᠢᠨ ᠬᠠᠮᠲᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠬᠡᠷᠩᠳᠡᠢ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ᠂ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠮᠡᠳᠡᠭᠦᠯᠦᠨ ᠬᠠᠤᠯᠢ ᠶᠣᠰᠣᠭ᠋ᠠᠷ ᠬᠡᠷᠡᠭ ᠵᠶ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠳᠤᠷᠠᠳᠤᠨ ᠭᠠᠷᠭ᠋ᠠᠭᠰᠠᠨ ᠪᠠᠶ᠋ᠢᠴᠠᠭ᠋ᠠᠨ ᠯᠠᠪᠯᠠᠬᠤ ᠵᠦᠢ᠍ᠯᠡᠰ᠎ᠢ ᠲᠣᠭᠲᠠᠭᠰᠠᠨ ᠬᠤᠭᠤᠴᠠᠭ᠋ᠠᠨ᠎ᠳᠤ ᠬᠠᠷᠭᠤᠭᠤᠯᠤᠨ ᠪᠠᠶ᠋ᠢᠴᠠᠭ᠋ᠠᠵᠤ᠂ ᠬᠠᠷᠢᠭᠤ ᠥᠭᠬᠦ ᠬᠡᠷᠡᠭᠲᠡᠶ᠃
ᠬᠤᠷᠢ ᠶᠢᠰᠦᠳᠦᠭᠡᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠲᠤᠭ᠎ᠠ ᠪᠦᠷᠢᠳᠬᠡᠯ᠎ᠤᠨ ᠠᠵᠢᠯ᠎ᠢ ᠳᠠᠭ᠋ᠠᠭ᠋ᠠᠨ ᠡᠭᠦᠷᠭᠡᠯᠡᠵᠣ ᠪᠠᠶ᠋ᠢᠭ᠎ᠠ ᠪᠠᠶ᠋ᠢᠭᠤᠯᠤᠮᠵᠢ᠎ᠨᠢ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠶ᠋ᠢᠯᠡᠨ ᠵᠠᠯᠬᠠᠭ᠋ᠠᠬᠤ ᠬᠠᠷᠢᠭᠤᠴᠠᠯᠭ᠎ᠠ ᠵᠢᠨ ᠳᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠶᠠᠮᠠᠷᠪᠠ ᠠᠷᠭ᠎ᠠ ᠬᠡᠯᠪᠡᠷᠢ᠎ᠪᠠᠷ ᠬᠦᠷᠢᠶᠡᠯᠡᠩ ᠲᠣᠭᠤᠷᠢᠭ᠎ᠲᠠᠬᠢ ᠠᠵᠤ ᠠᠬᠤᠶ᠋ᠢᠯᠠᠯ᠎ᠢ ᠦᠨᠡᠨ ᠪᠣᠳᠠᠲᠠᠶ ᠪᠢᠰᠢ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠬᠠᠩᠭ᠋ᠠᠬᠤ᠎ᠪᠠᠷ ᠱᠠᠭ᠋ᠠᠷᠳᠠᠵᠤ ᠪᠣᠯᠬᠤ ᠦᠭᠡᠶ᠂ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠵᠢ ᠲᠣᠭᠲᠠᠭ᠋ᠠᠯ᠎ᠠᠴᠠ ᠵᠥᠷᠢᠴᠡᠨ ᠣᠷᠣᠯᠠᠨ ᠲᠠᠭᠯᠠᠵᠤ ᠣᠷᠣᠯᠠᠨ ᠮᠡᠳᠡᠭᠦᠯᠵᠦ ᠪᠣᠯᠬᠤ ᠦᠭᠡᠶ᠃ ᠬᠦᠷᠢᠶᠡᠯᠡᠩ ᠲᠣᠭᠤᠷᠢᠭ᠎ᠲᠠᠬᠢ ᠲᠤᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠲᠠᠯ᠎ᠠ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠭ᠎ᠠ ᠪᠦᠷᠢᠳᠬᠡᠯ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠮᠡᠳᠡᠭᠦᠯᠵᠦ᠂ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠤᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠲᠤᠭ᠎ᠠ ᠪᠦᠷᠢᠳᠬᠡᠯ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ ᠥᠷᠨᠢᠭᠦᠯᠬᠦ᠎ᠳᠤ ᠬᠠᠮᠵᠢᠬᠤ ᠬᠡᠷᠡᠭᠲᠡᠶ᠃
ᠭᠤᠴᠢᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠭ᠎ᠠ ᠪᠦᠷᠢᠳᠬᠡᠯ᠎ᠤᠨ ᠠᠵᠢᠯ᠎ᠢ ᠬᠦᠷᠢᠶᠡᠯᠡᠩ ᠲᠣᠭᠤᠷᠢᠭ᠎ᠤᠨ ᠠᠵᠢᠯ᠎ᠤᠨ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯ ᠥᠷᠨᠢᠭᠦᠯᠦᠭᠰᠡᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠯᠲᠠ ᠬᠢᠬᠦ ᠪᠠ ᠰᠢᠯᠭ᠋ᠠᠨ ᠬᠢᠨᠠᠬᠤ ᠬᠡᠷᠡᠭᠲᠡᠶ᠃ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ᠎ᠢ ᠬᠡᠷᠡᠭᠵᠢᠭᠦᠯᠦᠭᠰᠡᠨ᠂ ᠲᠤᠭ᠎ᠠ ᠪᠦᠷᠢᠳᠬᠡᠯ᠎ᠤᠨ ᠠᠷᠭ᠎ᠠ ᠪᠠᠷᠢᠯ᠎ᠢ ᠲᠡᠭᠦᠯᠳᠡᠷᠵᠢᠭᠦᠯᠦᠭᠰᠡᠨ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠭᠦᠷᠭᠡ᠎ᠪᠠᠨ ᠪᠡᠶᠡᠯᠡᠭᠦᠯᠦᠭᠰᠡᠨ ᠵᠡᠷᠭᠡ ᠲᠠᠯ᠎ᠠ᠎ᠪᠠᠷ ᠲᠣᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ᠎ᠢ ᠨᠡᠪᠲᠡᠷᠡᠭᠦᠯᠦᠨ ᠮᠡᠳᠡᠭᠡᠯᠡᠵᠦ ᠰᠠᠶ᠋ᠢᠰᠢᠶᠠᠬᠤ ᠬᠡᠷᠡᠭᠲᠡᠶ᠃ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠳᠤᠮᠳᠠ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ᠎ᠠᠴᠠ ᠵᠥᠷᠢᠴᠡᠭᠰᠡᠨ ᠵᠡᠷᠭᠡ ᠠᠰᠠᠭᠤᠳᠠᠯ ᠭᠠᠷᠭ᠋ᠠᠭᠰᠠᠨ ᠨᠢᠭᠡᠴᠢ ᠪᠠ ᠬᠤᠪᠢ ᠬᠥᠮᠦᠨ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
ᠲᠠᠪᠤᠳᠤᠭ᠋ᠠᠷ ᠪᠦᠯᠦᠭ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠯ ᠪᠠ ᠱᠠᠭ᠋ᠠᠷᠳᠠᠯᠭ᠎ᠠ
ᠭᠤᠴᠢᠨ ᠨᠢᠭᠡᠳᠦᠭᠡᠷ ᠵᠦᠢ᠍ᠯ ᠠᠵᠤ ᠠᠬᠤᠶ᠋ᠢᠯᠠᠯ᠎ᠤᠳ 《ᠭᠤᠷᠪᠠ ᠵᠢ ᠵᠢᠷᠤᠮᠵᠢᠭᠤᠯᠵᠤ ᠳᠥᠷᠪᠡ ᠵᠢ ᠴᠢᠩᠭ᠋ᠠᠷᠠᠭᠤᠯᠬᠤ》 (ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠪᠣᠯᠪᠠᠰᠤᠷᠠᠯ᠎ᠢ ᠵᠢᠷᠤᠮᠵᠢᠭᠤᠯᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠋ᠠᠷᠠᠭᠤᠯᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠷᠠᠭᠤᠯᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠷᠠᠭᠤᠯᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠱᠠᠩᠨᠠᠵᠤ ᠲᠣᠷᠭ᠋ᠠᠬᠤ ᠳᠦᠷᠢᠮ᠎ᠢ ᠴᠢᠩᠭ᠋ᠠᠷᠠᠭᠤᠯᠬᠤ)᠎ᠪᠠᠷ ᠬᠠᠷᠠᠯᠲᠠ᠎ᠪᠠᠨ ᠪᠣᠯᠭ᠋ᠠᠵᠤ᠂ ᠲᠤᠭ᠎ᠠ ᠪᠦᠷᠢᠳᠬᠡᠯ᠎ᠤᠨ ᠮᠡᠳᠡᠭᠦᠯᠣᠯᠳᠡ ᠵᠢᠨ ᠬᠦᠰᠦᠨᠦᠭᠲᠦ ᠵᠢᠨ ᠣᠨᠣᠪᠴᠢᠲᠤ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠪᠠᠲᠤᠯᠠᠬᠤ ᠬᠡᠷᠡᠭᠲᠡᠶ᠃
ᠭᠤᠴᠢᠨ ᠬᠤᠶᠠᠳᠤᠭ᠋ᠠᠷ ᠵᠦᠢ᠍ᠯ 《ᠬᠡᠪᠴᠢᠶ᠎ᠠ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠶ᠋ᠢᠯᠠᠯ᠂ ᠬᠢᠷᠢ ᠬᠡᠮ᠎ᠤᠨ ᠲᠠᠰ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠵᠢᠵᠢᠭᠯᠡᠨ ᠬᠤᠳᠠᠯᠳᠤᠬᠤ ᠪᠠ ᠬᠤᠨᠤᠭ ᠪᠠᠭᠤᠳᠠᠯ ᠬᠤᠭᠤᠯᠠ ᠢᠳᠡᠭᠡᠨ᠎ᠤ ᠠᠵᠤ ᠠᠬᠤᠶ᠋ᠢᠯᠠᠯ᠂ ᠤᠯᠤᠰ᠎ᠤᠨ ᠭᠤᠤᠯᠳᠠᠯᠭ᠎ᠠ᠎ᠲᠠᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ》 ᠵᠢᠴᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠨᠢᠭᠡᠴᠢ᠎ᠨᠢ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠪᠠᠶ᠋ᠢᠭᠤᠯᠬᠤ ᠪᠤᠶᠤ ᠲᠤᠭ᠎ᠠ ᠪᠦᠷᠢᠳᠬᠡᠯ᠎ᠤᠨ ᠠᠵᠢᠯ᠎ᠢ ᠬᠠᠷᠢᠭᠤᠴᠠᠬᠤ ᠰᠠᠯᠠᠭ᠎ᠠ ᠮᠥᠴᠢᠷ ᠵᠶ᠋ᠠᠨ ᠲᠣᠳᠣᠷᠬᠠᠶ᠋ᠢᠯᠠᠬᠤ ᠵᠢᠨ ᠬᠠᠮᠲᠤ᠂ ᠲᠤᠭ᠎ᠠ ᠪᠦᠷᠢᠳᠬᠡᠯ᠎ᠤᠨ ᠬᠠᠷᠢᠭᠤᠴᠠᠯᠭ᠋ᠠᠲᠠᠨ ᠵᠶ᠋ᠠᠨ ᠵᠢᠭ᠋ᠠᠨ ᠲᠣᠭᠲᠠᠭ᠋ᠠᠵᠤ᠂ ᠲᠤᠰᠬᠠᠶ ᠲᠣᠰᠢᠶᠠᠯᠳᠣ ᠪᠠ ᠲᠤᠰᠢᠶᠠᠯ ᠬᠠᠪᠰᠤᠷᠭ᠋ᠠᠭᠰᠠᠨ ᠲᠤᠭ᠎ᠠ ᠪᠦᠷᠢᠳᠬᠡᠯ᠎ᠤᠨ ᠠᠵᠢᠯᠲᠠᠨ ᠲᠣᠬᠢᠷᠠᠭᠤᠯᠬᠤ ᠬᠡᠷᠡᠭᠲᠡᠶ᠃ ᠪᠤᠰᠤᠳ ᠬᠡᠪᠴᠢᠶᠡᠨ᠎ᠤ ᠠᠵᠤ ᠠᠬᠤᠶ᠋ᠢᠯᠠᠯ᠎ᠨᠢ ᠦᠢ᠍ᠯᠡᠳᠪᠦᠷᠢᠯᠡᠯ ᠡᠵᠡᠩᠨᠡᠯᠲᠡ ᠵᠢᠨ ᠬᠡᠪᠴᠢᠶ᠎ᠡ᠎ᠪᠠᠨ ᠦᠨᠳᠦᠰᠦᠯᠡᠨ ᠲᠤᠰᠢᠶᠠᠯ ᠬᠠᠪᠰᠤᠷᠭ᠋ᠠᠭᠰᠠᠨ ᠲᠤᠭ᠎ᠠ ᠪᠦᠷᠢᠳᠬᠡᠯ᠎ᠤᠨ ᠠᠵᠢᠯᠲᠠᠨ ᠲᠣᠬᠢᠷᠠᠭᠤᠯᠬᠤ ᠵᠢᠨ ᠬᠠᠮᠲᠤ᠂ ᠲᠤᠭ᠎ᠠ ᠪᠦᠷᠢᠳᠬᠡᠯ᠎ᠤᠨ ᠬᠠᠷᠢᠭᠤᠴᠠᠯᠭ᠋ᠠᠲᠠᠨ᠎ᠢ ᠵᠢᠭ᠋ᠠᠨ ᠲᠣᠭᠲᠠᠭ᠋ᠠᠬᠤ ᠬᠡᠷᠡᠭᠲᠡᠶ᠃ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠬᠠᠷᠢᠭᠤᠴᠠᠯᠭ᠋ᠠᠲᠠᠨ ᠪᠠ ᠲᠤᠭ᠎ᠠ ᠪᠦᠷᠢᠳᠬᠡᠯ᠎ᠤᠨ ᠠᠵᠢᠯᠲᠠᠨ ᠴᠠᠭ ᠲᠤᠬᠠᠶ᠎ᠳᠤᠨᠢ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠡᠯᠧᠺᠳ᠋ᠷᠣᠨ ᠮᠡᠳᠡᠭᠡ ᠵᠠᠩᠭᠢ ᠵᠢᠨ ᠬᠥᠮᠥᠷᠭᠡ᠎ᠳᠤ ᠳᠠᠩᠰᠠᠯᠠᠨ ᠲᠡᠮᠲᠡᠭᠯᠡᠬᠦ ᠬᠡᠷᠡᠭᠲᠡᠶ᠃ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠲᠣᠬᠢᠷᠠᠭᠤᠯᠤᠯᠲᠠ ᠬᠢᠭᠰᠡᠨ ᠪᠤᠶᠤ ᠲᠤᠭ᠎ᠠ ᠪᠦᠷᠢᠳᠬᠡᠯ᠎ᠤᠨ ᠠᠵᠢᠯᠲᠠᠨ ᠬᠤᠪᠢᠷᠠᠯᠲᠠ ᠭᠠᠷᠪᠡᠯ᠂ ᠰᠠᠨᠠᠭ᠋ᠠᠴᠢᠯᠠᠭ᠎ᠠ᠎ᠠᠴᠠ᠎ᠪᠠᠨ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ (ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ)᠎ᠳᠤ ᠮᠡᠳᠡᠭᠦᠯᠦᠨ ᠳᠠᠩᠰᠠᠯᠠᠭᠤᠯᠬᠤ ᠵᠢᠨ ᠬᠠᠮᠲᠤ᠂ ᠲᠣᠭᠲᠠᠭ᠋ᠠᠯ ᠶᠣᠰᠣᠭ᠋ᠠᠷ ᠠᠵᠢᠯ ᠲᠤᠰᠢᠶᠠᠬᠤ ᠪᠠ ᠬᠦᠯᠢᠶᠡᠨ ᠠᠪᠬᠤ ᠭᠠᠷᠳᠠᠮ᠎ᠢ ᠭᠦᠢ᠍ᠴᠡᠳᠬᠡᠬᠦ ᠬᠡᠷᠡᠭᠲᠡᠶ᠃
ᠭᠤᠴᠢᠨ ᠭᠤᠷᠪᠠᠳᠤᠭ᠋ᠠᠷ ᠵᠦᠢ᠍ᠯ ᠠᠵᠤ ᠠᠬᠤᠶ᠋ᠢᠯᠠᠯ᠎ᠨᠢ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠮᠡᠳᠡᠭᠦᠯᠣᠯᠳᠡ ᠵᠢᠨ ᠬᠦᠰᠦᠨᠦᠭᠲᠦ ᠵᠢᠨ ᠳᠦᠷᠢᠮ ᠪᠠ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠮᠡᠳᠡᠭᠦᠯᠣᠯᠳᠡ ᠵᠢᠨ ᠬᠦᠰᠦᠨᠦᠭᠲᠦ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠵᠢᠯᠣᠭᠤᠳᠤᠯᠭ᠎ᠠ᠂ ᠠᠵᠢᠯ᠎ᠤᠨ ᠲᠣᠬᠢᠷᠠᠭᠤᠯᠤᠯᠲᠠ ᠵᠢ ᠬᠦᠯᠢᠶᠡᠵᠣ᠂ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠵᠢ ᠪᠡᠶ᠎ᠡ᠎ᠪᠠᠨ ᠳᠠᠭ᠋ᠠᠭ᠋ᠠᠵᠤ ᠣᠨᠣᠪᠴᠢᠲᠠᠶ ᠲᠠᠭᠯᠠᠨ ᠮᠡᠳᠡᠭᠦᠯᠬᠦ ᠬᠡᠷᠡᠭᠲᠡᠶ᠃ 《ᠤᠷᠢᠳᠠᠪᠠᠷ ᠡᠬᠡ ᠳᠠᠩᠰᠠ ᠪᠠᠶ᠋ᠢᠭᠤᠯᠵᠤ ᠳᠠᠷᠠᠭ᠎ᠠ᠎ᠨᠢ ᠮᠡᠳᠡᠭᠦᠯᠣᠯᠳᠡ ᠵᠢᠨ ᠬᠦᠰᠦᠨᠦᠭᠲᠦ᠎ᠲᠠᠢ ᠪᠠᠶ᠋ᠢᠬᠤ》 ᠵᠠᠷᠴᠢᠮ ᠶᠣᠰᠣᠭ᠋ᠠᠷ᠂ ᠦᠨᠡᠨ ᠪᠤᠳᠠᠳᠤ ᠠᠩᠬᠠᠨ᠎ᠤ ᠭᠡᠷᠡᠴᠢ ᠪᠠᠷᠢᠮᠲᠠ᠎ᠪᠠᠷ ᠦᠨᠳᠦᠰᠦᠯᠡᠯ ᠪᠣᠯᠭ᠋ᠠᠵᠤ᠂ ᠨᠢᠭᠡᠳᠦᠯᠲᠡᠶ ᠵᠢᠷᠤᠮᠵᠢᠭᠰᠠᠨ ᠲᠤᠭ᠎ᠠ ᠪᠦᠷᠢᠳᠬᠡᠯ᠎ᠤᠨ ᠡᠯᠧᠺᠳ᠋ᠷᠣᠨ ᠡᠬᠡ ᠳᠠᠩᠰᠠ ᠪᠠ ᠴᠠᠭ᠋ᠠᠰᠤᠨ ᠡᠬᠡ ᠳᠠᠩᠰᠠ ᠪᠠᠶ᠋ᠢᠭᠤᠯᠵᠤ᠂ ᠬᠠᠭᠤᠷᠮᠠᠭᠯᠠᠨ ᠵᠣᠬᠢᠶᠠᠬᠤ ᠪᠠ ᠥᠭᠡᠷᠡᠲᠡᠭᠦᠯᠵᠦ ᠪᠣᠯᠬᠤ ᠦᠭᠡᠶ᠃ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠢᠨᠠᠨ ᠬᠠᠷᠭᠤᠭᠤᠯᠬᠤ᠂ ᠭᠠᠷᠤᠨ ᠦᠰᠦᠭ ᠵᠢᠷᠤᠬᠤ᠂ ᠲᠤᠰᠢᠶᠠᠬᠤ ᠪᠠ ᠬᠦᠯᠢᠶᠡᠨ ᠠᠪᠬᠤ᠂ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠠᠩᠬᠠᠨ᠎ᠤ ᠮᠠᠲ᠋ᠧᠷᠢᠶᠠᠯ ᠵᠢᠴᠢ ᠡᠬᠡ ᠳᠠᠩᠰᠠ ᠵᠢ ᠬᠠᠳᠠᠭ᠋ᠠᠯᠠᠬᠤ ᠬᠤᠭᠤᠴᠠᠭ᠎ᠠ ᠬᠢᠵᠠᠭ᠋ᠠᠷ᠎ᠢ 2 ᠵᠢᠯ᠎ᠠᠴᠠ ᠲᠤᠲᠠᠭᠤ ᠪᠠᠶ᠋ᠢᠯᠭ᠋ᠠᠵᠣ ᠪᠣᠯᠬᠤ ᠦᠭᠡᠢ᠂ ᠬᠤᠷᠢᠶᠠᠩᠭᠤᠶ᠋ᠢᠯᠠᠭᠰᠠᠨ ᠴᠢᠨᠠᠷᠲᠠᠶ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠳᠠᠭ᠋ᠠᠯᠠᠬᠤ ᠬᠤᠭᠤᠴᠠᠭ᠎ᠠ ᠬᠢᠵᠠᠭ᠋ᠠᠷ᠎ᠢ 10 ᠵᠢᠯ᠎ᠠᠴᠠ ᠲᠤᠳᠠᠭᠤ ᠪᠠᠶ᠋ᠢᠯᠭ᠋ᠠᠵᠤ ᠪᠣᠯᠬᠤ ᠦᠭᠡᠢ᠂ ᠬᠦᠨᠳᠣ ᠴᠢᠬᠤᠯᠠ ᠬᠤᠷᠢᠶᠠᠩᠭᠤᠶ᠋ᠢᠯᠠᠭᠰᠠᠨ ᠴᠢᠨᠠᠷᠲᠠᠶ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠡᠭᠦᠷᠢᠳᠡ ᠬᠠᠳᠠᠭ᠋ᠠᠯᠠᠬᠤ ᠬᠡᠷᠡᠭᠲᠡᠶ᠃ ᠬᠠᠳᠠᠭ᠋ᠠᠯᠠᠬᠤ ᠬᠤᠭᠤᠴᠠᠭ᠋ᠠᠨ᠎ᠳᠤ ᠬᠦᠷᠦᠭᠡᠳᠦᠢ ᠲᠤᠭ᠎ᠠ ᠪᠦᠷᠢᠳᠬᠡᠯ᠎ᠤᠨ ᠠᠩᠬᠠᠨ᠎ᠤ ᠲᠡᠮᠳᠡᠭᠯᠡᠯ ᠪᠠ ᠲᠤᠭ᠎ᠠ ᠪᠦᠷᠢᠳᠬᠡᠯ᠎ᠤᠨ ᠡᠬᠡ ᠳᠠᠩᠰᠠ ᠵᠢ ᠤᠰᠠᠳᠬᠠᠵᠤ ᠪᠣᠯᠬᠤ ᠦᠭᠡᠶ᠃
ᠭᠤᠴᠢᠨ ᠳᠥᠷᠪᠡᠳᠦᠭᠡᠷ ᠵᠦᠢ᠍ᠯ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠨᠢ ᠠᠵᠢᠯ᠎ᠤᠨ ᠪᠠᠶ᠋ᠢᠷᠢᠨ᠎ᠳᠤ ᠭᠠᠷᠬᠤ᠎ᠠᠴᠠ ᠡᠮᠦᠨ᠎ᠡ ᠡᠷᠬᠡᠪᠰᠢ ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠪᠣᠯᠪᠠᠰᠤᠷᠠᠯ᠎ᠢ ᠬᠦᠷᠲᠡᠬᠦ ᠬᠡᠷᠡᠭᠲᠡᠶ᠃ ᠲᠤᠭ᠎ᠠ ᠪᠦᠷᠢᠳᠬᠡᠯ᠎ᠤᠨ ᠠᠵᠢᠯᠲᠠᠨ᠎ᠨᠢ ᠲᠤᠭ᠎ᠠ ᠪᠦᠷᠢᠳᠬᠡᠯ᠎ᠤᠨ ᠡᠭᠦᠷᠭᠡ ᠵᠢ ᠭᠦᠢ᠍ᠴᠡᠳᠬᠡᠬᠦ᠎ᠳᠤ ᠬᠡᠷᠡᠭᠰᠡᠬᠦ ᠲᠤᠰᠬᠠᠶ ᠮᠡᠷᠭᠡᠵᠢᠯ᠎ᠤᠨ ᠮᠡᠳᠡᠯᠭᠡ ᠪᠠᠶ᠋ᠢᠬᠤ ᠬᠡᠷᠩᠳᠠᠢ ᠮᠦᠷᠲᠡᠭᠡᠨ ᠰᠦᠯᠵᠢᠶ᠎ᠡ᠎ᠪᠠᠷ ᠰᠢᠭᠤᠳ ᠮᠡᠳᠡᠭᠦᠯᠬᠦ ᠲᠠᠪᠴᠠᠩ᠎ᠢ ᠪᠣᠯᠪᠠᠰᠤᠷᠠᠩᠭᠤᠶ ᠬᠡᠷᠩᠯᠡᠵᠣ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠵᠢ ᠮᠡᠳᠡᠭᠦᠯᠵᠣ ᠴᠢᠳᠠᠬᠤ ᠬᠡᠷᠡᠭᠲᠡᠶ᠃ ᠲᠤᠭ᠎ᠠ ᠪᠦᠷᠢᠳᠬᠡᠯ᠎ᠤᠨ ᠠᠵᠢᠯᠲᠠᠨ ᠡᠷᠬᠡᠪᠰᠢ ᠡᠯ᠎ᠡ ᠱᠠᠲᠤᠨ᠎ᠤ ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠭᠰᠠᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ (ᠵᠢᠯ ᠪᠦᠷᠢ ᠨᠠᠭ᠋ᠠᠳᠣ ᠵᠠᠬ᠎ᠠ᠎ᠳᠤ᠎ᠪᠠᠨ 1 ᠤᠳᠠᠭ᠎ᠠ)᠎ᠳᠤ ᠣᠷᠣᠯᠴᠠᠬᠤ ᠵᠢᠨ ᠬᠠᠮᠲᠤ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠠᠵᠢᠯᠲᠠᠨ᠎ᠳᠤ ᠦᠷᠭᠡᠳᠭᠡᠭᠰᠡᠨ ᠪᠣᠯᠪᠠᠰᠤᠷᠠᠯ ᠬᠢᠭᠦ ᠬᠡᠷᠡᠭᠲᠡᠶ᠃
ᠭᠤᠴᠢᠨ ᠲᠠᠪᠤᠳᠤᠭ᠋ᠠᠷ ᠵᠦᠢ᠍ᠯ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ ᠪᠣᠯ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠵᠢ ᠭᠦᠢ᠍ᠴᠡᠳᠬᠡᠬᠦ ᠨᠢᠭᠡᠳᠦᠭᠡᠷ ᠬᠠᠷᠢᠭᠤᠴᠠᠯᠭ᠋ᠠᠲᠠᠨ ᠪᠣᠯᠤᠨ᠎ᠠ᠂ ᠲᠤᠰ ᠠᠵᠤ ᠠᠬᠤᠶ᠋ᠢᠯᠠᠯ᠎ᠤᠨ ᠮᠡᠳᠡᠭᠦᠯᠣᠭ᠌ᠰᠡᠨ ᠲᠤᠭ᠎ᠠ ᠪᠦᠷᠢᠳᠬᠡᠯ᠎ᠤᠨ ᠳ᠋ᠠᠶ᠋ᠢᠲ᠋ᠠ ᠵᠢᠨ ᠶᠠᠰᠤ ᠴᠢᠨᠠᠷ᠎ᠤᠨ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠵᠦ᠂ ᠲᠤᠰ ᠨᠢᠭᠡᠴᠢ ᠵᠢᠨ ᠵᠶ᠋ᠠᠨ ᠲᠤᠭ᠎ᠠ ᠪᠦᠷᠢᠳᠬᠡᠯ᠎ᠤᠨ ᠠᠵᠢᠯᠲᠠᠨ᠎ᠢ ᠰᠢᠮᠳᠠᠭᠤᠯᠵᠤ ᠪᠠᠶ᠋ᠢᠭ᠋ᠠᠳ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠬᠠᠤᠯᠢ ᠲᠣᠭᠲᠠᠭ᠋ᠠᠯ ᠶᠣᠰᠣᠭ᠋ᠠᠷ᠂ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ᠎ᠳᠤᠨᠢ ᠬᠠᠩᠭ᠋ᠠᠬᠤ ᠪᠠ ᠮᠡᠳᠡᠭᠦᠯᠬᠦ ᠬᠡᠷᠡᠭᠲᠡᠶ; ᠲᠤᠰ ᠠᠵᠤ ᠠᠬᠤᠶ᠋ᠢᠯᠠᠯ ᠵᠶ᠋ᠠᠨ ᠵᠣᠬᠢᠶᠠᠨ ᠪᠠᠶ᠋ᠢᠭᠤᠯᠤᠨ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠤ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ᠂ ᠲᠤᠭ᠎ᠠ ᠪᠦᠷᠢᠳᠬᠡᠯ᠎ᠤᠨ ᠮᠡᠳᠡᠭᠦᠯᠣᠯᠳᠡ ᠵᠢᠨ ᠬᠦᠰᠦᠨᠦᠭᠲᠦ ᠵᠢ ᠮᠡᠳᠡᠭᠦᠯᠬᠦ᠂ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ᠂ ᠲᠤᠭ᠎ᠠ ᠪᠦᠷᠢᠳᠬᠡᠯ᠎ᠤᠨ ᠠᠵᠢᠯ᠎ᠢ ᠲᠤᠰᠢᠶᠠᠬᠤ ᠪᠠ ᠬᠦᠯᠢᠶᠡᠨ ᠠᠪᠬᠤ ᠵᠡᠷᠭᠡ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠲᠣᠭᠳᠠᠭ᠋ᠠᠵᠣ ᠨᠠᠶ᠋ᠢᠳᠠᠪᠤᠷᠢᠵᠢᠭᠤᠯᠬᠤ ᠵᠢᠨ ᠬᠠᠮᠲᠤ᠂ ᠰᠢᠮᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠥᠪᠡᠰᠦᠪᠡᠨ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠳᠤ ᠵᠠᠰᠠᠪᠤᠷᠢ ᠣᠷᠣᠭᠤᠯᠵᠤ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠭᠰᠠᠨ ᠪᠤᠶᠤ ᠲᠤᠭ᠎ᠠ ᠪᠦᠷᠢᠳᠬᠡᠯ᠎ᠤᠨ ᠠᠵᠢᠯᠲᠠᠨ᠎ᠢ ᠠᠯᠪᠠᠲᠠᠨ ᠵᠠᠷᠯᠢᠭᠳᠠᠬᠤ ᠪᠠ ᠰᠠᠨᠠᠭᠤᠯᠵᠤ ᠪᠠᠶ᠋ᠢᠭ᠋ᠠᠳ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠦᠭᠡᠷᠡᠳᠣᠭᠦᠯᠭᠦ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠨᠢ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠥᠭᠡᠷᠡᠲᠦᠭᠦᠯᠬᠦ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ᠎ᠳᠤ ᠣᠷᠣᠯᠴᠠᠭᠰᠠᠨ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃
ᠭᠤᠴᠢᠨ ᠵᠢᠷᠭᠤᠳᠤᠭ᠋ᠠᠷ ᠵᠦᠢ᠍ᠯ ᠠᠵᠤ ᠠᠬᠤᠶ᠋ᠢᠯᠠᠯ᠎ᠨᠢ ᠬᠠᠤᠯᠢ ᠶᠣᠰᠣᠭ᠋ᠠᠷ ᠲᠤᠭ᠎ᠠ ᠪᠦᠷᠢᠳᠬᠡᠯ᠎ᠤᠨ ᠠᠵᠢᠯ ᠬᠢᠬᠦ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠤᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠲᠤᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠬᠤ ᠠᠵᠢᠯ ᠥᠷᠨᠢᠭᠦᠯᠬᠦ᠎ᠳᠤ ᠢᠳᠡᠪᠬᠢᠲᠡᠶ ᠬᠠᠮᠵᠢᠵᠤ᠂ ᠵᠠᠰᠠᠭ᠎ᠤᠨ ᠣᠷᠳᠣᠨ᠎ᠤ ᠲᠤᠭ᠎ᠠ ᠪᠦᠷᠢᠳᠬᠡᠯ᠎ᠤᠨ ᠠᠵᠢᠯᠲᠠᠨ᠎ᠤ ᠬᠠᠤᠯᠢ ᠶᠣᠰᠣᠭ᠋ᠠᠷ ᠡᠷᠬᠡ ᠲᠤᠰᠢᠶᠠᠯ ᠵᠶ᠋ᠠᠨ ᠭᠦᠢ᠍ᠴᠡᠳᠭᠡᠬᠦ᠎ᠳᠤ ᠭᠠᠷ ᠳᠦᠷᠦᠨ ᠬᠠᠷᠰᠢᠯᠠᠵᠤ ᠪᠣᠯᠬᠤ ᠦᠭᠡᠶ᠃ ᠠᠵᠤ ᠠᠬᠤᠶ᠋ᠢᠯᠠᠯ᠎ᠨᠢ ᠦᠨᠡᠨ ᠪᠣᠳᠠᠲᠠᠶ ᠪᠢᠰᠢ᠂ ᠪᠦᠷᠢᠨ ᠭᠦᠢ᠍ᠴᠡᠳ ᠪᠣᠰᠣ ᠲᠤᠭ᠎ᠠ ᠪᠦᠷᠢᠳᠬᠡᠯ᠎ᠤᠨ ᠲᠤᠭ᠎ᠠ ᠪᠠᠷᠢᠮᠳᠠ ᠪᠠ ᠮᠠᠲ᠋ᠧᠷᠢᠶᠠᠯ ᠬᠠᠩᠭ᠋ᠠᠭᠰᠠᠨ ᠪᠠᠶ᠋ᠢᠪᠠᠯ᠂ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠢᠲᠡᠭᠡᠮᠵᠢᠲᠡᠶ ᠠᠵᠤ ᠠᠬᠤᠶ᠋ᠢᠯᠠᠯ ᠵᠶ᠋ᠠᠷ ᠮᠠᠭ᠋ᠠᠳᠯᠠᠨ ᠲᠣᠭᠲᠠᠭ᠋ᠠᠭᠳᠠᠭᠰᠠᠨ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠵᠤ᠂ ᠲᠤᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠪᠣᠯᠣᠭᠰᠠᠨ ᠪᠠᠶ᠋ᠢᠪᠡᠯ᠂ ᠬᠠᠤᠯᠢ ᠶᠣᠰᠣᠭ᠋ᠠᠷ ᠨᠡᠶ᠋ᠢᠲᠡ᠎ᠳᠤ ᠵᠠᠷᠯᠠᠬᠤ ᠵᠢᠨ ᠬᠠᠮᠲᠤ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠵᠦ᠂ ᠵᠣᠬᠢᠬᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠡᠭᠦᠷᠭᠡᠯᠡᠭᠦᠯᠭᠦ ᠬᠡᠷᠩᠳᠠᠢ᠃
ᠭᠤᠴᠢᠨ ᠳᠣᠯᠣᠳᠤᠭ᠋ᠠᠷ ᠵᠦᠢ᠍ᠯ ᠠᠵᠤ ᠠᠬᠤᠶ᠋ᠢᠯᠠᠯ᠎ᠨᠢ ᠲᠤᠭ᠎ᠠ ᠪᠦᠷᠢᠳᠬᠡᠯ᠎ᠤᠨ ᠠᠵᠢᠯ᠎ᠤᠨ ᠲᠣᠭᠲᠠᠴᠠ᠎ᠪᠠᠨ ᠪᠠᠶ᠋ᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ᠎ᠤᠨ ᠠᠵᠢᠯ᠎ᠢ ᠬᠡᠪ᠎ᠤᠨ ᠶᠣᠰᠣᠭ᠋ᠠᠷ ᠥᠷᠨᠢᠭᠦᠯᠬᠦ᠎ᠳᠤ ᠬᠡᠷᠡᠭᠰᠡᠬᠦ ᠵᠠᠷᠤᠳᠠᠯ᠂ ᠭᠠᠵᠠᠷ ᠲᠠᠯᠠᠪᠤᠷ᠂ ᠲᠥᠬᠦᠭᠡᠷᠦᠮᠵᠢ᠂ ᠲᠤᠤᠷ ᠰᠦᠯᠵᠢᠶ᠎ᠡ ᠵᠡᠷᠭᠡ ᠵᠢ ᠪᠠᠲᠤᠯᠠᠵᠤ᠂ ᠲᠤᠭ᠎ᠠ ᠪᠦᠷᠢᠳᠬᠡᠯ᠎ᠤᠨ ᠠᠵᠢᠯᠲᠠᠳ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠬᠤᠷᠠᠯᠳᠤᠭ᠋ᠠᠨ᠎ᠳᠤ ᠣᠷᠣᠯᠴᠠᠬᠤ᠂ ᠲᠤᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠬᠦᠷᠲᠡᠬᠦ ᠵᠢ ᠢᠳᠡᠪᠬᠢᠲᠡᠶ ᠳᠠᠮᠵᠢᠵᠤ᠂ ᠲᠤᠭ᠎ᠠ ᠪᠦᠷᠢᠳᠬᠡᠯ᠎ᠤᠨ ᠠᠵᠢᠯᠳᠡᠣᠨ᠎ᠤᠨ ᠬᠡᠪ ᠴᠢᠨᠠᠷ ᠵᠶ᠋ᠠᠨ ᠳᠡᠭᠡᠭᠰᠢᠯᠡᠭᠦᠯᠬᠦ᠎ᠳᠤ ᠨᠥᠬᠦᠴᠡᠯ ᠪᠦᠷᠢᠯᠳᠣᠭᠦᠯᠵᠣ ᠦᠭᠭᠦ ᠬᠡᠷᠡᠭᠲᠡᠶ᠃ ᠨᠥᠬᠦᠴᠡᠯ ᠪᠦᠷᠢᠳᠣᠭ᠌ᠰᠡᠨ ᠠᠵᠤ ᠠᠬᠤᠶ᠋ᠢᠯᠠᠯ᠎ᠤᠳ᠎ᠨᠢ ᠳᠣᠲᠣᠭ᠋ᠠᠳᠤ ᠵᠢᠨ ᠲᠤᠭ᠎ᠠ ᠪᠦᠷᠢᠳᠬᠡᠯ᠎ᠤᠨ ᠲᠣᠣᠷ ᠰᠦᠯᠵᠢᠶᠡᠨ᠎ᠤ ᠠᠦ᠋ᠲ᠋ᠤᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃
ᠭᠤᠴᠢᠨ ᠨᠠᠢ᠍ᠮᠠᠳᠤᠭ᠋ᠠᠷ ᠵᠦᠢ᠍ᠯ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠱᠠᠩᠨᠠᠵᠣ ᠲᠣᠷᠭ᠋ᠠᠬᠤ ᠳᠦᠷᠢᠮ᠎ᠢ ᠴᠢᠩᠭ᠋ᠠᠷᠠᠭᠤᠯᠬᠤ ᠬᠡᠷᠡᠭᠲᠡᠶ᠃ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠭᠰᠠᠨ ᠪᠠᠶ᠋ᠢᠭᠤᠯᠤᠯᠲᠠ᠎ᠨᠢ ᠬᠤᠶᠠᠷ ᠵᠢᠯ ᠳᠠᠷᠠᠭ᠋ᠠᠯᠠᠨ ᠬᠢᠷᠢ ᠲᠡᠩᠴᠡᠭᠰᠡᠨ ᠠᠵᠤ ᠠᠬᠤᠶ᠋ᠢᠯᠠᠯ᠎ᠢ ᠨᠡᠪᠲᠡᠷᠡᠭᠦᠯᠦᠨ ᠮᠡᠳᠡᠭᠡᠯᠡᠵᠦ ᠰᠠᠶ᠋ᠢᠰᠢᠶᠠᠬᠤ ᠬᠡᠷᠡᠭᠲᠡᠶ᠃ ᠳᠣᠣᠷᠠᠬᠢ ᠢᠯᠡᠷᠡᠯ᠎ᠠᠴᠠ ᠨᠢᠭᠡ᠎ᠨᠢ ᠪᠠᠶ᠋ᠢᠬᠤ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯᠲᠠᠨ᠎ᠢ ᠬᠥᠬᠢᠭᠦᠯᠦᠨ ᠰᠠᠢ᠍ᠰᠢᠶᠠᠬᠤ ᠪᠠ ᠱᠠᠩᠨᠠᠬᠤ ᠬᠡᠷᠡᠭᠲᠡᠶ᠄
(ᠨᠢᠭᠡ) ᠲᠣᠭᠳᠠᠭᠰᠠ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠭᠦᠷᠭᠡ ᠵᠢ ᠪᠡᠶᠡᠯᠡᠭᠦᠯᠵᠦ᠂ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠣᠨᠣᠪᠴᠢᠲᠤ ᠴᠢᠨᠠᠷ᠂ ᠴᠠᠭ ᠲᠤᠬᠠᠶ᠋ᠢᠲᠤ ᠴᠢᠨᠠᠷ᠎ᠢ ᠪᠠᠳᠣᠯᠠᠬᠤ ᠲᠠᠯ᠎ᠠ ᠵᠢᠨ ᠠᠵᠢᠯ᠎ᠤᠨ ᠦᠷ᠎ᠡ ᠪᠦᠳᠣᠮᠵᠢ ᠮᠡᠳᠡᠭᠳᠡᠮ᠎ᠡ ᠪᠠᠶ᠋ᠢᠬᠤ;
(ᠬᠤᠶᠠᠷ) ᠦᠨᠡᠨ᠎ᠠᠴᠠ ᠵᠥᠪ᠎ᠢ ᠡᠷᠢᠵᠣ᠂ ᠬᠠᠤᠯᠢ ᠶᠣᠰᠣᠭ᠋ᠠᠷ ᠲᠤᠭ᠎ᠠ ᠪᠦᠷᠢᠣᠡᠭᠡᠯ ᠬᠢᠭᠦ ᠵᠢ ᠪᠠᠷᠢᠮᠳᠠᠯᠠᠨ᠂ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠤᠭ᠎ᠠ ᠪᠦᠷᠢᠳᠬᠡᠯ᠎ᠤᠨ ᠳᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠲᠡᠮᠡᠴᠡᠯ ᠬᠢᠵᠣ ᠢᠯᠡᠷᠡᠯ ᠲᠣᠪᠤᠶ᠋ᠢᠮ᠎ᠠ ᠪᠠᠶ᠋ᠢᠬᠤ;
(ᠭᠤᠷᠪᠠ) ᠲᠤᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠲᠠᠯ᠎ᠠ᠎ᠪᠠᠷ ᠭᠠᠪᠢᠶ᠎ᠠ᠎ᠲᠠᠢ ᠪᠠᠶ᠋ᠢᠬᠤ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠲᠦᠷᠢᠮ
ᠭᠤᠴᠢ ᠶᠢᠰᠦᠳᠦᠭᠡᠷ ᠵᠦᠢ᠍ᠯ ᠲᠤᠰ ᠠᠷᠭ᠎ᠠ ᠵᠢ ᠳᠠᠷᠣᠮᠠᠯᠯᠠᠨ ᠶᠠᠪᠣᠭᠤᠯᠣᠭᠰᠠᠨ ᠡᠳᠦᠷ᠎ᠠᠴᠠ ᠡᠬᠢᠯᠡᠵᠣ ᠬᠡᠷᠡᠭᠵᠢᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2021 ᠣᠨ᠎ᠤ 7 ᠳ᠋ᠤᠭ᠋ᠠᠷ ᠰᠠᠷ᠎ᠠ ᠵᠢᠨ 20᠎ᠤ ᠡᠳᠦᠷ ᠲᠠᠷᠤᠮᠠᠯᠯᠠᠨ ᠲᠠᠷᠬᠠᠭ᠋ᠠᠪᠠ