ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ ᠵᠢ ᠪᠠᠢ᠌ᠩᠭᠤᠵᠢᠭᠤᠯᠬᠤ ᠠᠵᠢᠯ᠎ᠤᠨ ᠳᠦᠷᠢᠮ
ᠨᠡᠶ᠋ᠢᠲᠡᠯᠡᠭᠰᠡᠨ ᠴᠠᠭ᠄ 2023-05-11

      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠂ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠂ ᠮᠠᠯᠵᠢᠬᠤ ᠲᠠᠷᠢᠶᠠᠯᠠᠬᠤ ᠣᠷᠣᠨ᠎ᠤ ᠬᠠᠤᠯᠢ ᠴᠠᠭ᠋ᠠᠵᠠ ᠵᠢᠨ ᠡᠬᠢ ᠪᠠᠶᠠᠯᠢᠭ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠵᠦ ᠂ ᠬᠠᠤᠯᠢᠴᠢ ᠵᠢᠨ ᠡᠩᠨᠡᠭᠡ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠢ ᠠᠬᠢᠭᠤᠯᠬᠤ ᠳᠤᠮᠳᠠᠬᠢ ᠡᠭᠦᠷᠭᠡ ᠴᠢᠳᠠᠪᠬᠢ ᠵᠢᠨ  ᠦᠢ᠍ᠯᠡᠳᠦᠯ ᠪᠣᠯᠣᠨ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠂ 《  ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ  ᠤᠷᠤᠭᠤᠯᠬᠤ 》  ᠠᠵᠢᠯᠯᠠᠭ᠎ᠠ ᠵᠢ ᠥᠷᠨᠢᠭᠦᠯᠦᠭᠰᠡᠨ ᠦᠷ᠎ᠡ ᠪᠦᠲᠦᠮᠵᠢ ᠵᠢ ᠪᠡᠬᠢᠵᠢᠭᠦᠯᠬᠦ ᠵᠢᠨ ᠲᠥᠯᠥᠭᠡ ᠂ 《  ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ 》  ᠠᠵᠢᠯᠯᠠᠭ᠎ᠠ ᠵᠢᠨ ᠪᠠᠢ᠌ᠩᠭᠤᠵᠢᠭᠰᠠᠨ ᠠᠵᠢᠯ᠎ᠤᠨ ᠳᠦᠷᠢᠮ᠎ᠢ ᠪᠠᠶ᠋ᠢᠭᠤᠯᠬᠤ᠎ᠪᠠᠷ ᠲᠣᠭᠲᠠᠪᠠ ᠃

      ᠨᠢᠭᠡᠳᠦᠭᠡᠷ ᠪᠦᠯᠦᠭ   ᠶᠡᠷᠦᠩᠬᠡᠢ ᠳᠦᠷᠢᠮ

      ᠨᠢᠭᠡᠳᠦᠭᠡᠷ ᠵᠦᠢ᠍ᠯ 《ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ ᠭᠡᠳᠡᠭ᠎ᠨᠢ ᠬᠣᠲᠠ ᠬᠥᠳᠡᠭᠡ ᠵᠢᠨ ᠬᠠᠤᠯᠢ ᠴᠠᠭ᠋ᠠᠵᠠ ᠵᠢᠨ ᠡᠬᠢ ᠪᠠᠶᠠᠯᠢᠭ ᠲᠡᠩᠴᠡᠭᠦᠷᠢ ᠦᠭᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠳᠠ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠎ᠠᠴᠠ ᠮᠠᠯᠵᠢᠬᠤ ᠲᠠᠷᠢᠶᠠᠯᠠᠬᠤ ᠣᠷᠣᠨ᠎ᠳᠤ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ ᠬᠠᠩᠭ᠋ᠠᠵᠤ᠂ ᠬᠠᠤᠯᠢᠴᠢ ᠵᠢᠨ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠳᠤ ᠣᠷᠣᠯᠴᠠᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠨ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠶᠠᠰᠤ ᠴᠢᠨᠠᠷ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠵᠢᠭ᠋ᠠᠵᠤ ᠪᠣᠶ᠃

      ᠬᠣᠶᠠᠳᠤᠭ᠋ᠠᠷ  ᠵᠦᠢ᠍ᠯ  《  ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ ᠵᠢᠨ ᠬᠠᠷᠠᠯᠲᠠ ᠪᠣᠯ ᠪᠥᠬᠥ ᠬᠠᠤᠯᠢᠴᠢ ᠵᠢ ᠳᠠᠶ᠋ᠢᠴᠢᠯᠠᠨ ᠣᠷᠣᠯᠴᠠᠭᠤᠯᠬᠤ᠎ᠪᠠᠷ ᠳᠠᠮᠵᠢᠭᠤᠯᠤᠨ᠂ ᠭᠠᠴᠠᠭ᠎ᠠ (ᠲᠣᠰᠬᠣᠨ) ᠵᠢᠨ  ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠪᠦᠷᠢᠨ ᠪᠦᠷᠬᠦᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠵᠢᠷ ᠠᠯᠲᠠᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠨ᠎ᠠ᠃

      ᠭᠤᠷᠪᠠᠳᠤᠭ᠋ᠠᠷ ᠵᠦᠢ᠍ᠯ   ᠠᠵᠢᠯ᠎ᠤᠨ ᠰᠡᠳᠬᠢᠮᠵᠢ ᠵᠢᠨ ᠰᠢᠨ᠎ᠡ ᠵᠢ ᠡᠭᠦᠳᠬᠦ᠂ ᠠᠵᠢᠯ᠎ᠤᠨ ᠲᠣᠭᠲᠠᠴᠠ ᠵᠢ ᠪᠦᠷᠢᠨᠰᠢᠭᠦᠯᠬᠦ᠂ ᠱᠠᠩᠨᠠᠵᠤ ᠲᠣᠷᠭ᠋ᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠲᠡᠷᠢᠭᠦᠨ᠎ᠤ ᠲᠤᠷᠰᠢᠯᠭ᠎ᠠ ᠵᠢ ᠲᠣᠭᠲᠠᠪᠤᠷᠢᠵᠢᠭᠤᠯᠤᠨ᠂ ᠬᠠᠤᠯᠢᠴᠢ ᠵᠢᠨ ᠮᠠᠯᠴᠢᠨ ᠲᠠᠷᠢᠶᠠᠴᠢᠨ᠎ᠳᠤ ᠦᠢ᠍ᠯᠡᠴᠢᠯᠡᠬᠦ ᠠᠵᠢᠯ᠎ᠤᠨ ᠶᠠᠰᠤ ᠴᠢᠨᠠᠷ᠎ᠢ  ᠢᠯᠡᠳᠲᠡ ᠳᠡᠭᠡᠭᠰᠢᠯᠡᠭᠦᠯᠵᠦ᠂ ᠬᠠᠤᠯᠢᠴᠢ ᠵᠢᠨ ᠠᠵᠢᠯ ᠮᠡᠷᠭᠡᠵᠢᠯ᠎ᠤᠨ ᠨᠡᠢ᠌ᠭᠡᠮ᠎ᠤᠨ ᠮᠡᠳᠡᠷᠡᠮᠵᠢ ᠵᠢᠨ ᠬᠡᠮᠵᠢᠶ᠎ᠡ᠂ ᠬᠠᠨᠤᠮᠵᠢ ᠵᠢᠨ ᠬᠡᠮᠵᠢᠶ᠎ᠡ᠂ ᠢᠷᠠᠭᠤ ᠠᠯᠳᠠᠷ᠎ᠤᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠬᠠᠤᠯᠢ᠎ᠪᠠᠷ ᠵᠠᠰᠠᠬᠤ ᠵᠢᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ  ᠦᠨᠡᠨ ᠬᠦ᠌  ᠨᠡᠮᠡᠭᠳᠡᠭᠦᠯᠦᠨ᠎ᠡ᠃

ᠳᠥᠷᠪᠡᠳᠦᠭᠡᠷ  ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠪᠠᠢ᠌ᠭᠤᠯᠤᠭᠰᠠᠨ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠤ ᠠᠵᠢᠯ ᠡᠷᠬᠢᠯᠡᠵᠦ ᠪᠠᠢ᠌ᠭ᠎ᠠ ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠬᠠᠤᠯᠢᠴᠢ᠎ᠳᠤ  ᠳᠤᠬᠢᠷᠠᠨ᠎ᠠ ᠃

      ᠬᠣᠶᠠᠳᠤᠭ᠋ᠠᠷ ᠪᠦᠯᠦᠭ    ᠠᠵᠢᠯ᠎ᠤᠨ ᠠᠭᠤᠯᠭ᠎ᠠ

      ᠲᠠᠪᠤᠳᠤᠭ᠋ᠠᠷ ᠵᠦᠢ᠍ᠯ   ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠬᠠᠪᠰᠤᠷᠤᠨ ᠲᠡᠳᠬᠦᠬᠦ ᠭᠠᠴᠠᠭ᠎ᠠ (ᠲᠣᠰᠬᠣᠨ) ᠵᠢᠨ  ᠮᠠᠯᠴᠢᠨ ᠲᠠᠷᠢᠶᠠᠴᠢᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠲᠤᠯᠭ᠋ᠠᠷᠠᠭᠰᠠᠨ ᠬᠠᠤᠯᠢ ᠴᠠᠭ᠋ᠠᠵᠠ ᠵᠢᠨ ᠠᠰᠠᠭᠤᠳᠠᠯ᠎ᠳᠤ ᠴᠠᠭ ᠲᠤᠬᠠᠢ᠎ᠳᠤ ᠎ᠨᠢ ᠬᠠᠷᠢᠭᠤᠯᠲᠠ ᠥᠭᠴᠦ᠂ ᠲᠤᠰᠬᠠᠢ ᠮᠡᠷᠭᠡᠵᠢᠯ᠎ᠤᠨ ᠬᠠᠤᠯᠢ ᠴᠠᠭ᠋ᠠᠵᠠ ᠵᠢᠨ ᠰᠠᠨᠠᠯ᠎ᠢ ᠬᠠᠩᠭ᠋ᠠᠬᠤ ᠬᠡᠷᠡᠭᠲᠡᠢ᠃

      ᠵᠢᠷᠭᠤᠳᠤᠭ᠋ᠠᠷ ᠵᠦᠢ᠍ᠯ   ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠣᠷᠣᠨ ᠪᠦᠰᠡ  ᠵᠢᠴᠢ  ᠴᠠᠭ   ᠬᠤᠭᠤᠴᠠᠭ᠋ᠠᠨ ᠎ᠳᠤ  《ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠳᠡᠯᠭᠡᠭᠡ ᠮᠠᠢ᠌ᠮᠠᠢ》 ᠭᠠᠷᠭ᠋ᠠᠵᠤ᠂ ᠭᠠᠵᠠᠷ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠭᠠᠵᠠᠷ ᠰᠢᠷᠣᠢ ᠵᠢᠨ ᠡᠷᠬᠡ ᠵᠢᠨ ᠬᠠᠷᠢᠶᠠᠯᠠᠯ᠂ ᠣᠷᠣᠭ ᠭᠡᠷ ᠪᠦᠯᠢ᠂ ᠰᠤᠷᠭ᠋ᠠᠭᠤᠯᠢ᠎ᠳᠤ  ᠤᠷᠤᠬᠤ  ᠡᠮᠨᠡᠭᠦᠯᠬᠦ ᠵᠡᠷᠭᠡ ᠭᠠᠴᠠᠭ᠎ᠠ (ᠲᠣᠰᠬᠣᠨ) ᠵᠢ ᠵᠠᠰᠠᠬᠤ ᠭᠣᠣᠯᠳᠠᠯᠭ᠎ᠠ᠎ᠲᠠᠢ ᠭᠣᠭᠴᠣᠭ᠎ᠠ ᠵᠢᠨ ᠲᠣᠭᠣᠷᠢᠨ᠎ᠳᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠠᠭ᠋ᠠᠨ ᠳᠠᠪᠲᠠᠮᠵᠢ ᠵᠢ ᠵᠣᠬᠢᠶᠠᠨ ᠪᠠᠢ᠌ᠭᠤᠯᠤᠨ ᠦᠵᠡᠭᠦᠯᠵᠦ᠂ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠦᠨ᠎ᠡ᠃

      ᠳᠣᠯᠣᠳᠤᠭ᠋ᠠᠷ ᠵᠦᠢ᠍ᠯ    ᠲᠦᠪᠡᠭ  ᠪᠤᠳᠤᠯᠢᠶᠠᠨᠲᠠᠢ ᠵᠥᠷᠢᠴᠡᠯ ᠵᠢᠭᠤᠷᠠᠯᠳᠤᠭ᠋ᠠᠨ᠎ᠢ ᠠᠷᠢᠯᠭ᠋ᠠᠬᠤ᠎ᠳᠤ ᠣᠷᠣᠯᠴᠠᠵᠤ ᠂ ᠬᠠᠤᠯᠢ ᠴᠠᠭ᠋ᠠᠵᠠ ᠵᠢ ᠲᠠᠢ᠌ᠯᠪᠤᠷᠢᠯᠠᠨ ᠶᠣᠰᠣ ᠤᠴᠢᠷ᠎ᠢ ᠵᠠᠳᠠᠯᠬᠤ ᠵᠢ ᠰᠠᠢ᠌ᠲᠤᠷ ᠬᠢᠵᠦ ᠂ ᠲᠤᠬᠠᠢ ᠵᠢᠨ ᠬᠥᠮᠥᠨ᠎ᠤ ᠬᠠᠤᠯᠢ ᠲᠣᠭᠲᠠᠭ᠋ᠠᠯ ᠶᠣᠰᠣᠭ᠋ᠠᠷ ᠭᠣᠮᠣᠳᠠᠯ ᠱᠠᠭ᠋ᠠᠷᠳᠠᠯᠭ᠎ᠠ᠎ᠪᠠᠨ ᠢᠯᠡᠳᠬᠡᠬᠦ ᠵᠢ ᠬᠥᠲᠥᠯᠥᠨ ᠵᠢᠯᠤᠭᠣᠳᠴᠤ ᠂ ᠲᠤᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠣᠶᠤᠨᠴᠢ᠎ᠪᠠᠷ ᠬᠠᠮᠠᠭ᠋ᠠᠯᠠᠵᠤ ᠂ ᠰᠣᠷᠪᠤᠯᠵᠢᠯᠠᠭ᠎ᠠ ᠬᠢᠬᠦ ᠵᠢ ᠵᠣᠭᠰᠣᠭ᠋ᠠᠵᠤ ᠵᠢᠭᠤᠷᠠᠯᠳᠤᠭ᠋ᠠᠨ᠎ᠢ ᠵᠣᠭᠰᠤᠭ᠋ᠠᠬᠤ ᠵᠢ ᠠᠬᠢᠭᠤᠯᠤᠨ᠎ᠠ ᠃

      ᠨᠠᠢ᠍ᠮᠠᠳᠤᠭ᠋ᠠᠷ ᠵᠦᠢ᠍ᠯ   ᠭᠠᠴᠠᠭ᠎ᠠ (ᠲᠣᠰᠬᠣᠨ) ᠵᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠭᠠᠵᠠᠷ ᠰᠢᠷᠣᠢ ᠲᠠᠲᠠᠪᠤᠷᠢᠯᠠᠨ ᠬᠡᠷᠡᠭᠯᠡᠬᠦ ᠨᠥᠬᠥᠪᠦᠷᠢ ᠥᠭᠴᠦ ᠲᠥᠪᠬᠢᠨᠡᠭᠦᠯᠬᠦ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ  ᠬᠢᠬᠦ  ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠨ  ᠠᠵᠤ ᠠᠬᠤᠢ ᠵᠢᠨ ᠭᠡᠷ᠎ᠡ ᠲᠣᠭᠲᠠᠬᠤ ᠪᠠ ᠪᠤᠰᠤᠳ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠢᠳᠡᠪᠬᠢᠲᠡᠢ᠎ᠪᠠᠷ   ᠬᠠᠤᠯᠢ ᠴᠠᠭ᠋ᠠᠵᠠ ᠵᠢᠨ ᠰᠠᠨᠠᠯ ᠬᠠᠩᠭ᠋ᠠᠬᠤ ᠬᠡᠷᠡᠭᠲᠡᠢ᠃

      ᠶᠢᠰᠦᠳᠦᠭᠡᠷ ᠵᠦᠢ᠍ᠯ   ᠬᠥᠳᠡᠭᠡ ᠲᠣᠰᠬᠣᠨ᠎ᠤ ᠵᠥᠪᠯᠡᠯ᠎ᠢ ᠬᠠᠮᠵᠢᠨ ᠭᠠᠴᠠᠭ᠋ᠠᠨ᠎ᠤ ᠲᠣᠭᠲᠠᠭ᠋ᠠᠯ ᠠᠷᠠᠳ᠎ᠤᠨ ᠭᠡᠷ᠎ᠡ ᠪᠠ ᠪᠤᠰᠤᠳ ᠬᠠᠮᠢᠶᠠᠷᠤᠯᠲᠠ ᠵᠢᠨ ᠲᠣᠭᠲᠠᠭ᠋ᠠᠯ᠎ᠢ ᠲᠤᠭᠤᠷᠪᠢᠵᠤ ᠂ ᠬᠢᠨᠠᠨ ᠬᠠᠷᠭᠤᠭᠤᠯᠵᠤ ᠂ ᠵᠠᠰᠠᠪᠤᠷᠢ ᠣᠷᠣᠭᠤᠯᠤᠨ᠎ᠠ ;  ᠬᠥᠳᠡᠭᠡ ᠲᠣᠰᠬᠣᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠬᠠᠤᠯᠢ ᠴᠠᠭ᠋ᠠᠵᠠ ᠵᠢᠨ ᠮᠡᠳᠡᠯᠭᠡ᠎ᠪᠠᠷ ᠲᠣᠰᠬᠣᠨ᠎ᠤ  ᠬᠥᠳᠡᠭᠡ ᠲᠣᠰᠬᠣᠨ᠎ᠤ ᠬᠤᠭᠤᠴᠠᠭ᠎ᠠ ᠰᠣᠯᠢᠬᠤ ᠰᠣᠩᠭᠣᠭᠤᠯᠢ᠎ᠳᠤ ᠦᠢ᠍ᠯᠡᠴᠢᠯᠡᠵᠦ ᠂ ᠬᠤᠭᠤᠴᠠᠭ᠎ᠠ ᠰᠣᠯᠢᠬᠤ ᠰᠣᠩᠭᠣᠭᠤᠯᠢ ᠵᠢᠨ ᠳᠤᠮᠳᠠᠬᠢ ᠬᠠᠤᠯᠢ ᠴᠠᠭ᠋ᠠᠵᠠ ᠵᠢᠨ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠨ᠎ᠡ ᠃

      ᠠᠷᠪᠠᠳᠤᠭ᠋ᠠᠷ ᠵᠦᠢ᠍ᠯ   ᠮᠠᠯᠵᠢᠬᠤ ᠲᠠᠷᠢᠶᠠᠯᠠᠬᠤ ᠣᠷᠣᠨ᠎ᠤ ᠠᠷᠠᠳ ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠬᠠᠤᠯᠢ ᠴᠠᠭ᠋ᠠᠵᠠ ᠵᠢᠨ ᠯᠠᠪᠯᠠᠭ᠎ᠠ ᠬᠠᠩᠭ᠋ᠠᠵᠤ᠂ 《ᠬᠠᠤᠯᠢ᠎ᠪᠠᠷ ᠵᠠᠰᠠᠬᠤ ᠪᠡᠶ᠎ᠡ ᠵᠢᠨ ᠪᠠᠢ᠌ᠴᠠᠭ᠋ᠠᠯᠲᠠ》 ᠵᠢ ᠥᠷᠨᠢᠭᠦᠯᠦᠨ᠂ ᠺᠣᠮᠫᠠᠨᠢ ᠵᠢᠨ ᠬᠠᠤᠯᠢ ᠶᠣᠰᠣᠭ᠋ᠠᠷ ᠡᠵᠡᠩᠨᠡᠬᠦ ᠪᠠ ᠵᠢᠷᠤᠮᠵᠢᠭᠤᠯᠤᠨ ᠵᠠᠰᠠᠬᠤ ᠲᠠᠯ᠎ᠠ᠎ᠪᠠᠷ  ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠨ᠎ᠡ ;  ᠬᠢᠮᠤᠷᠠᠯ᠎ᠢ ᠰᠢᠢ᠍ᠳᠪᠦᠷᠢᠯᠡᠬᠦ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠪᠡᠯᠡᠳᠬᠡᠯ ᠲᠥᠰᠥᠯ᠎ᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠪᠠ ᠪᠣᠯᠪᠠᠰᠤᠷᠠᠭᠤᠯᠬᠤ ᠠᠵᠢᠯᠯᠠᠭ᠎ᠠ ᠵᠢ ᠥᠷᠨᠢᠭᠦᠯᠦᠨ᠎ᠡ᠃

      ᠠᠷᠪᠠᠨ ᠨᠢᠭᠡᠳᠦᠭᠡᠷ ᠵᠦᠢ᠍ᠯ   ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠥᠬᠥᠴᠡᠯ᠎ᠳᠤ ᠨᠡᠢ᠌ᠴᠡᠬᠦ ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠨ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠲᠤᠰᠠᠯᠠᠮᠵᠢ ᠵᠢ ᠭᠤᠶᠤᠴᠢᠯᠠᠨ᠎ᠠ᠃

      ᠭᠤᠷᠪᠠᠳᠤᠭ᠋ᠠᠷ ᠪᠦᠯᠦᠭ   ᠦᠢ᠍ᠯᠡᠴᠢᠯᠡᠭᠡᠨ᠎ᠤ ᠠᠷᠭ᠎ᠠ ᠮᠠᠶᠢᠭ

      ᠠᠷᠪᠠᠨ ᠬᠣᠶᠠᠳᠤᠭ᠋ᠠᠷ ᠵᠦᠢ᠍ᠯ   ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠨᠢᠭᠡᠳᠦᠯᠲᠡᠢ ᠲᠥᠯᠥᠪᠵᠢᠭᠦᠯᠦᠨ ᠵᠢᠯᠤᠭᠣᠳᠬᠤ ᠵᠢ ᠬᠦᠯᠢᠶᠡᠵᠦ ᠂ ᠦᠢ᠍ᠯᠡᠴᠢᠯᠡᠬᠦ ᠡᠲᠡᠭᠡᠳ᠎ᠲᠠᠢ ᠰᠠᠨᠠᠭ᠋ᠠᠴᠢᠯᠠᠭ᠎ᠠ᠎ᠠᠴᠠ᠎ᠪᠠᠨ ᠠᠵᠢᠯ᠎ᠤᠨ ᠬᠠᠷᠢᠯᠴᠠᠭ᠎ᠠ ᠪᠠᠢ᠌ᠭᠤᠯᠵᠤ ᠂ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠭ᠋ᠠᠵᠤ ᠂ ᠦᠢ᠍ᠯᠡᠴᠢᠯᠡᠭᠡᠨ᠎ᠤ ᠠᠭᠤᠯᠭ᠎ᠠ ᠂ ᠠᠷᠭ᠎ᠠ ᠮᠠᠶᠢᠭ ᠂ ᠠᠵᠢᠯ᠎ᠤᠨ ᠨᠥᠬᠥᠴᠡᠯ ᠵᠡᠷᠭᠡ ᠵᠢ ᠪᠣᠯᠵᠣᠨ ᠲᠣᠭᠲᠠᠵᠤ ᠂ ᠦᠢ᠍ᠯᠡᠴᠢᠯᠡᠭᠡᠨ᠎ᠤ ᠶᠠᠪᠤᠴᠠ ᠵᠢ ᠵᠢᠷᠤᠮᠵᠢᠭᠤᠯᠵᠤ ᠂ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠨ᠎ᠠ ᠃ 

      ᠠᠷᠪᠠᠨ ᠭᠤᠷᠪᠠᠳᠤᠭ᠋ᠠᠷ ᠵᠦᠢ᠍ᠯ   ᠨᠠᠮ᠎ᠤᠨ ᠪᠠᠢ᠌ᠭᠤᠯᠤᠯᠲᠠ ᠵᠢ ᠬᠠᠮᠲᠤᠷᠠᠨ ᠪᠠᠢ᠌ᠭᠤᠯᠵᠤ ᠬᠠᠮᠲᠤᠪᠠᠷ ᠪᠠᠶ᠋ᠢᠭᠤᠯᠬᠤ ᠬᠡᠯᠪᠡᠷᠢ᠎ᠪᠠᠷ ᠳᠠᠮᠵᠢᠭᠤᠯᠤᠨ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠬᠢᠭᠡᠳ ᠭᠠᠴᠠᠭ᠎ᠠ (ᠲᠣᠰᠬᠣᠨ) ᠵᠢᠨ ᠵᠥᠪᠯᠡᠯ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠨᠠᠮ᠎ᠤᠨ ᠡᠭᠦᠷ ᠬᠢᠭᠡᠳ ᠭᠠᠴᠠᠭ᠎ᠠ (ᠲᠣᠰᠬᠣᠨ) ᠵᠢᠨ ᠨᠠᠮ᠎ᠤᠨ ᠡᠭᠦᠷ᠎ᠤᠨ 《ᠬᠣᠣᠰ  ᠬᠤᠯᠪᠤᠭ᠋ᠠᠯᠠᠯ 》᠎ᠤᠨ ᠠᠵᠢᠯᠯᠠᠭ᠎ᠠ ᠵᠢ ᠥᠷᠨᠢᠭᠦᠯᠵᠦ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠨᠠᠮ᠎ᠤᠨ ᠭᠡᠰᠢᠭᠦᠨ ᠬᠠᠤᠯᠢᠴᠢ ᠵᠢᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠣᠭᠣᠷᠣᠨᠳᠣᠬᠢ ᠬᠠᠮᠲᠤᠷᠠᠯᠴᠠᠭ᠎ᠠ ᠵᠢ ᠴᠢᠩᠭ᠋ᠠᠷᠠᠭᠤᠯᠤᠨ᠎ᠠ᠃

      ᠠᠷᠪᠠᠨ ᠳᠥᠷᠪᠡᠳᠦᠭᠡᠷ ᠵᠦᠢ᠍ᠯ   ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠰᠦᠯᠵᠢᠶ᠎ᠡ᠂ ᠳ᠋ᠢᠶᠠᠩᠬᠤᠸᠠ ᠵᠡᠷᠭᠡ ᠣᠯᠠᠨ ᠲᠠᠯ᠎ᠠ ᠵᠢᠨ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠬᠡᠷᠡᠭᠯᠡᠨ᠂ ᠬᠠᠤᠯᠢᠴᠢ ᠵᠢᠨ ᠡᠬᠢ ᠪᠠᠶᠠᠯᠢᠭ ᠬᠦᠷᠦᠯᠴᠡᠬᠦ ᠦᠭᠡᠢ᠂ ᠲᠤᠬᠠᠢ ᠵᠢᠨ ᠭᠠᠵᠠᠷ᠎ᠲᠤ ᠎ᠨᠢ ᠬᠠᠤᠯᠢ ᠴᠠᠭ᠋ᠠᠵᠠ ᠵᠢᠨ ᠦᠢ᠍ᠯᠡᠴᠢᠯᠡᠭᠡ ᠥᠷᠨᠢᠭᠦᠯᠬᠦ ᠥᠪᠡᠷ᠎ᠤᠨ ᠥᠷᠲᠡᠭ ᠥᠨᠳᠥᠷ ᠵᠡᠷᠭᠡ ᠠᠰᠠᠭᠤᠳᠠᠯ᠎ᠢ ᠰᠢᠢ᠍ᠳᠪᠦᠷᠢᠯᠡᠵᠦ᠂ ᠮᠠᠯᠴᠢᠨ ᠲᠠᠷᠢᠶᠠᠴᠢᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠳᠥᠭᠥᠮ ᠳᠥᠲᠡ ᠲᠦᠷᠭᠡᠨ ᠬᠠᠩᠭ᠋ᠠᠬᠤ ᠬᠡᠷᠡᠭᠲᠡᠢ᠃

      ᠠᠷᠪᠠᠨ ᠲᠠᠪᠤᠳᠤᠭ᠋ᠠᠷ ᠵᠦᠢ᠍ᠯ   ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠵᠢᠯ ᠪᠦᠷᠢ ᠬᠠᠪᠰᠤᠷᠤᠨ ᠲᠡᠳᠬᠦᠬᠦ ᠵᠢ ᠭᠥᠯᠢᠶᠡᠨ ᠠᠪᠤᠭᠰᠠᠨ ᠭᠠᠴᠠᠭ᠎ᠠ (ᠲᠣᠰᠬᠣᠨ)᠎ᠳᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠪᠣᠳᠠᠲᠠᠢ ᠭᠠᠵᠠᠷ᠎ᠲᠤᠨᠢ ᠥᠷᠨᠢᠭᠦᠯᠬᠦ ᠬᠡᠷᠡᠭᠲᠡᠢ᠃  ᠠᠳᠠᠭ᠎ᠲᠠᠭᠠᠨ 4 ᠲᠠᠯᠠᠪᠤᠷ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠯᠠᠪᠯᠠᠯᠭ᠎ᠠ ᠵᠢ ᠲᠥᠪᠯᠡᠷᠡᠭᠦᠯᠦᠨ ᠡᠷᠭᠢᠯᠡᠨ᠎ᠡ;  ᠬᠥᠳᠡᠭᠡ ᠲᠣᠰᠬᠣᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ ᠵᠶ᠋ᠠᠷ ᠭᠣᠣᠯᠯᠠᠭᠤᠯᠤᠭᠰᠠᠨ ᠲᠦᠪᠡᠭ ᠪᠤᠳᠤᠯᠢᠶᠠᠨᠲᠠᠢ ᠵᠥᠷᠢᠴᠡᠯ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠎ᠳᠤ 3 ᠤᠳᠠᠭ᠎ᠠ  ᠤᠷᠤᠯᠴᠠᠨ᠎ᠠ ;  ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠭᠰᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ 1 ᠬᠡᠷᠡᠭ᠎ᠢ   ᠰᠢᠢ᠍ᠳᠪᠦᠷᠢᠯᠡᠨ᠎ᠡ ; 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠤᠯᠢᠵᠢᠯ᠎ᠤᠨ ᠬᠢᠴᠢᠶᠡᠯ᠎ᠤᠨ ᠲᠠᠩᠬᠢᠮ》᠎ᠢ ᠨᠠᠭ᠋ᠠᠲᠤ ᠵᠠᠬ᠎ᠠ᠎ᠳᠠᠭᠠᠨ 4 ᠲᠠᠯᠠᠪᠤᠷ ᠨᠡᠭᠡᠭᠡᠨ ᠡᠷᠭᠢᠯᠡᠨ᠎ᠡ;  ᠬᠥᠳᠡᠭᠡ ᠲᠣᠰᠬᠣᠨ᠎ᠤ ᠬᠤᠭᠤᠴᠠᠭ᠎ᠠ ᠰᠣᠯᠢᠬᠤ ᠰᠣᠩᠭᠣᠭᠤᠯᠢ᠎ᠳᠤ

ᠦᠢ᠍ᠯᠡᠴᠢᠯᠡᠨ᠎ᠡ ᠃

      ᠳᠥᠷᠪᠡᠳᠦᠭᠡᠷ ᠪᠦᠯᠦᠭ   ᠵᠣᠬᠢᠶᠠᠨ ᠪᠠᠢ᠌ᠭᠤᠯᠵᠤ ᠵᠣᠬᠢᠴᠠᠭᠤᠯᠬᠤ

      ᠠᠷᠪᠠᠨ ᠵᠢᠷᠭᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ  ᠬᠠᠤᠯᠢ ᠴᠠᠭ᠋ᠠᠵᠠ ᠵᠢᠨ ᠲᠢᠩᠬᠢᠮ᠎ᠨᠢ ᠪᠥᠬᠥ ᠣᠷᠣᠨ᠎ᠤ  ᠠᠵᠢᠯᠯᠠᠭ᠎ᠠ ᠵᠢ ᠨᠢᠭᠡᠳᠦᠯᠲᠡᠢ ᠲᠣᠬᠢᠷᠠᠭᠤᠯᠤᠨ ᠪᠠᠢ᠌ᠷᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠎ᠤ  ᠬᠠᠤᠯᠢᠴᠢ ᠵᠢᠨ ᠠᠵᠢᠯ ᠲᠥᠷᠥᠯ᠎ᠤᠨ  ᠨᠠᠮ᠎ᠤᠨ  ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ  ᠬᠠᠤᠯᠢᠴᠢ ᠵᠢᠨ ᠨᠡᠢ᠌ᠭᠡᠮᠯᠢᠭ᠎ᠤᠨ  ᠠᠵᠢᠯ ᠵᠶ᠋ᠠᠨ ᠥᠷᠨᠢᠭᠦᠯᠬᠦ ᠵᠢ ᠵᠢᠯᠣᠭᠣᠳᠤᠨ᠎ᠠ ᠃ 《ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠬᠠᠤᠯᠢ ᠴᠠᠭ᠋ᠠᠵᠠ ᠵᠢᠨ ᠡᠬᠢ ᠪᠠᠶᠠᠯᠢᠭ᠎ᠢ ᠬᠥᠳᠡᠯᠦᠩᠭᠦᠢ᠎ᠪᠠᠷ ᠲᠣᠬᠢᠷᠠᠭᠤᠯᠬᠤ ᠲᠠᠪᠴᠠᠩ᠎ᠢ ᠪᠠᠢ᠌ᠭᠤᠯᠵᠤ᠂ ᠬᠠᠤᠯᠢ ᠴᠠᠭ᠋ᠠᠵᠠ ᠵᠢᠨ ᠡᠬᠢ ᠪᠠᠶᠠᠯᠢᠭ ᠵᠶ᠋ᠠᠷ ᠡᠯᠪᠡᠭ ᠠᠢ᠌ᠮᠠᠭ ᠬᠣᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠴᠠᠭ᠋ᠠᠵᠠ ᠵᠢᠨ ᠡᠬᠢ ᠪᠠᠶᠠᠯᠢᠭ ᠵᠶ᠋ᠠᠷ ᠳᠤᠲᠠᠮᠠᠭ ᠠᠢ᠌ᠮᠠᠭ ᠬᠣᠲᠠ᠎ᠯᠤᠭ᠎ᠠ ᠬᠠᠪᠰᠤᠷᠤᠨ ᠲᠡᠳᠬᠦᠬᠦ ᠬᠠᠷᠢᠴᠠᠭ᠎ᠠ ᠪᠠᠢ᠌ᠭᠤᠯᠵᠤ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠵᠢ ᠬᠥᠳᠡᠯᠦᠩᠭᠦᠢ᠎ᠪᠠᠷ ᠲᠣᠬᠢᠷᠠᠭᠤᠯᠤᠨ ᠭᠠᠵᠠᠷ ᠣᠷᠣᠨ ᠠᠯᠤᠰᠯᠠᠨ ᠠᠵᠢᠯᠯᠠᠭ᠎ᠠ ᠥᠷᠨᠢᠭᠦᠯᠦᠨ᠎ᠡ᠃

      ᠠᠷᠪᠠᠨ ᠳᠣᠯᠣᠳᠤᠭ᠋ᠠᠷ ᠵᠦᠢ᠍ᠯ   ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠬᠠᠤᠯᠢᠴᠢ ᠵᠢᠨ ᠨᠡᠢ᠌ᠭᠡᠮᠯᠢᠭ᠎ᠠᠴᠠ ᠲᠣᠰ ᠭᠠᠵᠠᠷ ᠣᠷᠣᠨ᠎ᠤ᠎ᠪᠠᠨ 《ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠬᠦ ᠵᠢ ᠨᠢᠭᠡᠳᠦᠯᠲᠡᠢ ᠲᠥᠯᠥᠪᠯᠡᠨ ᠵᠣᠬᠢᠶᠠᠨ ᠪᠠᠢ᠌ᠭᠤᠯᠵᠤ᠂ ᠠᠵᠢᠯᠯᠠᠭ᠎ᠠ ᠵᠢᠨ ᠲᠥᠰᠥᠯ ᠲᠣᠭᠲᠠᠭ᠋ᠠᠨ᠂ ᠠᠵᠢᠯ᠎ᠤᠨ ᠡᠭᠦᠷᠭᠡ᠎ᠪᠠᠨ ᠨᠠᠷᠢᠯᠢᠭᠵᠢᠭᠤᠯᠵᠤ᠂ ᠠᠵᠢᠯᠯᠠᠭ᠎ᠠ ᠥᠷᠨᠢᠭᠦᠯᠦᠭᠰᠡᠨ ᠪᠠᠢ᠌ᠳᠠᠯ᠎ᠢ ᠮᠥᠷᠳᠡᠵᠦ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠪᠠᠷᠢᠮᠵᠢᠶᠠᠵᠢᠭᠰᠠᠨ᠂ ᠵᠢᠷᠤᠮᠵᠢᠭᠰᠠᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠬᠤ ᠵᠢ ᠵᠢᠯᠣᠭᠣᠳᠤᠨ᠎ᠠ᠃

      ᠠᠷᠪᠠᠨ ᠨᠠᠢ᠍ᠮᠠᠳᠤᠭ᠋ᠠᠷ ᠵᠦᠢ᠍ᠯ   ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠤᠯᠢ ᠴᠠᠭ᠋ᠠᠵᠠ ᠵᠢᠨ ᠲᠣᠪᠴᠢᠶ᠎ᠠ᠎ᠨᠢ ᠬᠠᠤᠯᠢ ᠴᠠᠭ᠋ᠠᠵᠠ ᠵᠢᠨ ᠭᠠᠵᠠᠷ᠎ᠢ ᠵᠢᠯᠣᠭᠣᠳᠤᠨ ᠲᠣᠰ ᠭᠠᠵᠠᠷ ᠣᠷᠣᠨ᠎ᠤ 《ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ ᠥᠷᠨᠢᠭᠦᠯᠬᠦ ᠴᠢᠬᠤᠯᠠᠲᠠᠢ ᠭᠠᠴᠠᠭ᠎ᠠ (ᠲᠣᠰᠬᠣᠨ) ᠵᠢᠨ ᠨᠡᠷᠡᠰ᠎ᠢ ᠬᠤᠷᠢᠶᠠᠩᠭᠤᠢ᠌ᠯᠠᠵᠤ᠂ ᠬᠠᠪᠰᠤᠷᠤᠨ ᠲᠡᠳᠬᠦᠬᠦ ᠴᠢᠬᠤᠯᠠᠲᠠᠢ ᠭᠠᠴᠠᠭ᠎ᠠ (ᠲᠣᠰᠬᠣᠨ) ᠵᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠤ ᠬᠤᠪᠢᠶᠠᠷᠢᠯᠠᠨ ᠲᠣᠮᠢᠯᠠᠬᠤ ᠬᠡᠷᠡᠭᠲᠡᠢ᠃  ᠬᠠᠤᠯᠢ ᠴᠠᠭ᠋ᠠᠵᠠ ᠵᠢᠨ ᠭᠠᠵᠠᠷ᠎ᠨᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠠᠢ ᠬᠠᠮᠵᠢᠯᠴᠠᠨ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠬᠦᠳᠡᠯᠭᠡᠭᠡᠨ ᠦᠷᠨᠢᠭᠦᠯᠬᠦ ᠬᠡᠷᠡᠭᠲᠡᠢ᠃

      ᠲᠠᠪᠤᠳᠤᠭ᠋ᠠᠷ ᠪᠦᠯᠦᠭ   ᠬᠢᠨᠠᠯᠲᠠ ᠲᠠᠯᠪᠢᠵᠤ ᠬᠢᠨᠠᠨ ᠰᠢᠯᠭ᠋ᠠᠬᠤ

      ᠠᠷᠪᠠ ᠶᠢᠰᠦᠳᠦᠭᠡᠷ ᠵᠦᠢ᠍ᠯ   ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠠᠴᠠ ᠬᠠᠤᠯᠢᠴᠢ ᠵᠢ ᠵᠣᠬᠢᠶᠠᠨ ᠪᠠᠢ᠌ᠭᠤᠯᠵᠤ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ᠎ᠳᠤ ᠣᠷᠣᠯᠴᠠᠬᠤ᠎ᠳᠠᠭᠠᠨ ᠲᠠᠨᠭ᠌ᠰᠠ ᠡᠪᠬᠡᠮᠡᠯ᠎ᠢ ᠡᠮᠬᠢᠯᠡᠨ ᠲᠢᠭᠯᠡᠬᠦ ᠠᠵᠢᠯ᠎ᠢ ᠰᠠᠢ᠌ᠲᠤᠷ ᠬᠢᠬᠦ ᠴᠢᠬᠤᠯᠠᠲᠠᠢ ᠂ ᠡᠭᠦᠨ᠎ᠳᠤ ᠄ ᠠᠵᠢᠯᠯᠠᠭ᠎ᠠ ᠵᠢᠨ ᠴᠠᠭ ᠂ ᠠᠵᠢᠯᠯᠠᠭ᠎ᠠ ᠵᠢᠨ ᠭᠣᠣᠯ ᠰᠡᠳᠦᠪ ᠂ ᠠᠵᠢᠯᠯᠠᠭ᠎ᠠ ᠵᠢᠨ ᠠᠭᠤᠯᠭ᠎ᠠ ᠂ ᠣᠷᠣᠯᠴᠠᠭᠰᠠᠳ ᠂ ᠭᠠᠷ᠎ᠤᠨ ᠦᠰᠦᠭ ᠵᠢᠷᠤᠭᠰᠠᠨ ᠬᠦᠰᠦᠨᠦᠭᠲᠦ ᠂ ᠬᠤᠷᠠᠯ᠎ᠤᠨ ᠮᠡᠳᠡᠭᠳᠡᠯ ᠂ ᠰᠤᠷᠤᠯᠴᠠᠯᠭ᠎ᠠ ᠵᠢᠨ ᠮᠠᠲ᠋ᠧᠷᠢᠶᠠᠯ ᠂ ᠵᠠᠯᠭ᠋ᠠᠮᠵᠢ ᠳ᠋ᠦᠩᠨᠡᠯᠲᠡ ᠵᠡᠷᠭᠡ ᠦᠰᠦᠭ ᠪᠢᠴᠢᠭ ᠂ ᠭᠡᠷᠡᠯ ᠵᠢᠷᠤᠭ ᠂ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠤᠨ ᠲᠠᠨᠭ᠌ᠰᠠ ᠡᠪᠬᠡᠮᠡᠯ ᠪᠠᠭᠲᠠᠨ᠎ᠠ ᠃

      ᠬᠣᠷᠢᠳᠤᠭ᠋ᠠᠷ ᠵᠦᠢ᠍ᠯ   ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠂ ᠬᠠᠤᠯᠢᠴᠢ ᠵᠢᠨ ᠨᠡᠢ᠌ᠭᠡᠮᠯᠢᠭ᠎ᠠᠴᠠ ᠬᠠᠤᠯᠢᠴᠢ ᠵᠢᠨ ᠠᠵᠢᠯ ᠡᠷᠬᠢᠯᠡᠬᠦ ᠣᠨ᠎ᠤ ᠬᠢᠨᠠᠨ ᠰᠢᠯᠭ᠋ᠠᠯᠲᠠ ᠪᠠ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠣᠨ᠎ᠤ ᠪᠠᠢ᠌ᠴᠠᠭ᠋ᠠᠯᠲᠠ ᠬᠢᠨᠠᠨ ᠰᠢᠯᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠬᠦ᠎ᠳᠡᠭᠡᠨ ᠂ 《  ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ 》 ᠠᠵᠢᠯᠯᠠᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠳᠠᠯ᠎ᠢ ᠬᠢᠨᠠᠨ  ᠰᠢᠯᠭ᠋ᠠᠬᠤ  ᠴᠢᠬᠤᠯᠠ ᠠᠭᠤᠯᠭ᠎ᠠ ᠪᠣᠯᠭ᠋ᠠᠨ᠎ᠠ ᠃  ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠪᠠ ᠬᠠᠤᠯᠢᠴᠢ ᠵᠢᠨ ᠨᠡᠢ᠌ᠭᠡᠮᠯᠢᠭ᠎ᠤᠨ ᠦᠨᠡᠯᠡᠯᠲᠡ ᠂ ᠦᠢ᠍ᠯᠡᠴᠢᠯᠡᠬᠦ ᠡᠲᠡᠭᠡᠳ᠎ᠤᠨ ᠦᠨᠡᠯᠡᠯᠲᠡ ᠂ ᠨᠡᠢ᠌ᠭᠡᠮ ᠨᠡᠶ᠋ᠢᠲᠡ ᠵᠢᠨ ᠦᠨᠡᠯᠡᠯᠲᠡ ᠂ ᠦᠢ᠍ᠯᠡᠴᠢᠯᠡᠭᠡᠨ᠎ᠤ ᠪᠡᠶᠡᠴᠢ ᠴᠣᠭᠴᠠ ᠵᠢᠨ ᠥᠪᠡᠷ᠎ᠤᠨ ᠦᠨᠡᠯᠡᠯᠲᠡ ᠵᠢ ᠤᠶᠠᠯᠳᠤᠭᠤᠯᠤᠭᠰᠠᠨ  ᠨᠡᠶ᠋ᠢᠲᠡ ᠵᠢᠨ  ᠠᠰᠠᠷᠠᠮᠵᠢ ᠵᠢᠨ ᠬᠠᠤᠯᠢ ᠴᠠᠭ᠋ᠠᠵᠠ ᠵᠢᠨ  ᠦᠢ᠍ᠯᠡᠴᠢᠯᠡᠭᠡ ᠵᠢᠨ ᠦᠨᠡᠯᠡᠯᠲᠡ ᠵᠢᠨ ᠲᠣᠭᠲᠠᠴᠠ ᠵᠢ ᠲᠡᠭᠦᠯᠳᠡᠷᠵᠢᠭᠦᠯᠵᠦ ᠂ ᠦᠨᠡᠯᠡᠯᠲᠡ ᠵᠢᠨ ᠦᠷ᠎ᠡ ᠳ᠋ᠦᠩ᠎ᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠂ ᠬᠠᠤᠯᠢᠴᠢ ᠵᠢᠨ ᠲᠡᠷᠢᠭᠦᠨ᠎ᠤ᠎ᠬᠢ ᠵᠢ ᠰᠢᠯᠭ᠋ᠠᠷᠠᠭᠤᠯᠵᠤ ᠰᠢᠯᠢᠳᠡᠭ᠎ᠢ ᠰᠢᠯᠭ᠋ᠠᠷᠠᠭᠤᠯᠬᠤ᠎ᠲᠠᠢ ᠬᠣᠯᠪᠣᠭᠳᠠᠭᠤᠯᠤᠨ᠎ᠠ ᠃

      ᠬᠣᠷᠢᠨ ᠨᠢᠭᠡᠳᠦᠭᠡᠷ ᠵᠦᠢ᠍ᠯ  《ᠲᠦᠮᠡᠨ  ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ ᠵᠢ ᠵᠢᠯ᠎ᠤᠨ ᠡᠴᠦᠰ᠎ᠤᠨ ᠬᠠᠤᠯᠢᠴᠢ ᠵᠢᠨ ᠠᠵᠢᠯ᠎ᠤᠨ ᠬᠢᠨᠠᠨ ᠰᠢᠯᠭ᠋ᠠᠬᠤ ᠭᠣᠣᠯᠳᠠᠯᠭ᠎ᠠ᠎ᠲᠠᠢ ᠠᠭᠤᠯᠭ᠎ᠠ ᠪᠣᠯᠭ᠋ᠠᠵᠤ᠂ ᠠᠵᠢᠯ᠎ᠨᠢ ᠲᠣᠪᠣᠢ᠌ᠮ᠎ᠠ᠂ ᠠᠵᠢᠯᠯᠠᠭ᠎ᠠ ᠵᠢ ᠵᠣᠬᠢᠶᠠᠨ  ᠪᠠᠢ᠌ᠭᠤᠯᠤᠭᠰᠠᠨ ᠎ᠨᠢ ᠬᠦᠴᠦᠲᠡᠢ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ  ᠵᠢ  ᠬᠢᠨᠠᠨ  ᠰᠢᠯᠭ᠋ᠠᠬᠤ᠎ᠳᠠᠭᠠᠨ ᠤᠷᠢᠳᠠᠪᠠᠷ ᠪᠣᠳᠣᠯᠬᠢᠯᠠᠵᠤ᠂ ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠨᠢ ᠪᠠᠰᠠ ᠠᠵᠢᠯ᠎ᠨᠢ ᠲᠣᠪᠣᠢ᠌ᠮ᠎ᠠ᠂ ᠠᠵᠢᠯᠯᠠᠭ᠎ᠠ ᠵᠢ ᠵᠣᠬᠢᠶᠠᠨ  ᠪᠠᠢ᠌ᠭᠤᠯᠤᠭᠰᠠᠨ ᠎ᠨᠢ ᠬᠦᠴᠦᠲᠡᠢ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢ  ᠬᠢᠨᠠᠨ ᠰᠢᠯᠭ᠋ᠠᠬᠤ᠎ᠳᠠᠭᠠᠨ ᠤᠷᠢᠳᠠᠪᠠᠷ ᠪᠣᠳᠣᠯᠬᠢᠯᠠᠬᠤ ᠬᠡᠷᠡᠭᠲᠡᠢ᠃

      ᠬᠣᠷᠢᠨ ᠬᠣᠶᠠᠳᠤᠭ᠋ᠠᠷ ᠵᠦᠢ᠍ᠯ   ᠡᠯ᠎ᠡ ᠱᠠᠲᠤᠨ᠎ᠤ  ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ   ᠪᠠᠢ᠌ᠭᠤᠯᠭ᠎ᠠ  ᠪᠣᠯᠣᠨ ᠬᠠᠤᠯᠢᠴᠢ ᠵᠢᠨ ᠨᠡᠢ᠌ᠭᠡᠮᠯᠢᠭ᠎ᠨᠢ ᠴᠠᠭ᠎ᠲᠤ ᠎ᠨᠢ ᠲᠣᠬᠢᠷᠠᠭᠤᠯᠤᠨ  ᠱᠠᠯᠠᠪᠳᠠᠭᠤᠯᠤᠨ  ᠪᠠᠢ᠌ᠴᠠᠭ᠋ᠠᠬᠤ ᠳᠤᠭᠤᠢ᠌ᠯᠠᠩ ᠪᠠᠢ᠌ᠭᠤᠯᠵᠤ ᠡᠯ᠎ᠡ ᠭᠠᠵᠠᠷ᠎ᠤᠨ  ᠠᠵᠢᠯᠯᠠᠭ᠎ᠠ ᠥᠷᠨᠢᠭᠦᠯᠦᠭᠰᠡᠨ ᠪᠠᠢ᠌ᠳᠠᠯ᠎ᠳᠤ  ᠲᠤᠬᠠᠢ ᠵᠢᠨ ᠭᠠᠵᠠᠷ᠎ᠲᠤ ᠎ᠨᠢ  ᠪᠠᠢ᠌ᠴᠠᠭ᠋ᠠᠯᠲᠠ ᠬᠢᠵᠦ ᠂ ᠰᠦᠯᠵᠢᠶ᠎ᠡ᠎ᠪᠠᠷ ᠰᠢᠮᠳᠠᠭᠤᠯᠤᠨ ᠪᠠᠢ᠌ᠴᠠᠭ᠋ᠠᠬᠤ ᠬᠡᠷᠡᠭᠲᠡᠢ ᠃  ᠱᠠᠯᠠᠪᠳᠠᠭᠤᠯᠤᠨ  ᠪᠠᠢ᠌ᠴᠠᠭ᠋ᠠᠭᠰᠠᠨ ᠦᠷ᠎ᠡ ᠳ᠋ᠦᠩ᠎ᠲᠠᠢ ᠤᠶᠠᠯᠳᠤᠭᠤᠯᠤᠨ᠂ ᠠᠵᠢᠯ᠎ᠤᠨ ᠲᠣᠭᠲᠠᠴᠠ ᠲᠡᠭᠦᠯᠳᠡᠷ ᠪᠤᠰᠤ᠂ ᠠᠵᠢᠯᠯᠠᠭ᠎ᠠ ᠵᠢ ᠭᠦᠨᠵᠡᠭᠡᠢ ᠥᠷᠨᠢᠭᠦᠯᠦᠭᠰᠡᠨ ᠦᠭᠡᠢ᠂ ᠮᠡᠳᠡᠭᠡ ᠵᠠᠩᠭᠢ ᠵᠢ ᠴᠠᠭ ᠲᠤᠬᠠᠢ᠎ᠳᠤ ᠎ᠨᠢ ᠳᠠᠮᠵᠢᠭᠤᠯᠤᠭᠰᠠᠨ ᠦᠭᠡᠢ᠂ ᠤᠬᠠᠭᠤᠯᠭ᠎ᠠ ᠵᠢᠨ ᠳᠠᠪᠲᠠᠮᠵᠢ᠎ᠪᠠᠷ ᠨᠡᠯᠢᠶᠡᠳ ᠳᠣᠣᠷ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠪᠠ ᠬᠠᠤᠯᠢᠴᠢ ᠵᠢᠨ ᠨᠡᠢ᠌ᠭᠡᠮᠯᠢᠭ᠎ᠢ  ᠢᠯᠡ᠎ᠪᠠᠷ ᠵᠠᠷᠯᠠᠨ ᠮᠡᠳᠡᠭᠳᠡᠨ᠎ᠡ᠃  ᠦᠢ᠍ᠯᠡᠳᠦᠯ ᠵᠶ᠋ᠡᠨ ᠪᠠᠳᠠᠷᠠᠭᠤᠯᠤᠭᠰᠠᠨ ᠵᠶ᠋ᠠᠷ ᠬᠦᠷᠦᠯᠴᠡᠬᠦ ᠦᠭᠡᠢ ᠂ ᠠᠵᠢᠯᠯᠠᠭ᠎ᠠ᠎ᠪᠠᠨ ᠢᠳᠡᠪᠬᠢᠲᠡᠢ ᠥᠷᠨᠢᠭᠦᠯᠦᠭᠰᠡᠨ ᠦᠭᠡᠢ ᠂ ᠲᠣᠭᠲᠠᠭ᠋ᠠᠭᠰᠠᠨ ᠠᠵᠢᠯᠯᠠᠭ᠎ᠠ᠎ᠪᠠᠨ ᠪᠡᠶᠡᠯᠡᠭᠦᠯᠦᠭᠰᠡᠨ ᠦᠭᠡᠢ ᠬᠠᠤᠯᠢᠴᠢ ᠵᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠠᠴᠠ ᠪᠣᠯᠵᠣᠨ ᠶᠠᠷᠢᠯᠴᠠᠬᠤ ᠪᠠ ᠠᠵᠢᠯ᠎ᠤᠨ ᠮᠡᠳᠡᠭᠡᠯᠡᠯ ᠥᠭᠭᠦᠨ᠎ᠡ ᠃

      ᠬᠣᠷᠢᠨ ᠭᠤᠷᠪᠠᠳᠤᠭ᠋ᠠᠷ ᠵᠦᠢ᠍ᠯ   ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠂ ᠬᠠᠤᠯᠢᠴᠢ ᠵᠢᠨ ᠨᠡᠢ᠌ᠭᠡᠮᠯᠢᠭ᠎ᠨᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠪᠠ ᠬᠠᠤᠯᠢᠴᠢ ᠵᠢᠨ 《  ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ 》 ᠠᠵᠢᠯᠯᠠᠭ᠎ᠠ ᠵᠢᠨ ᠲᠤᠬᠠᠢ ᠵᠠᠬᠢᠳᠠᠯ ᠰᠣᠷᠪᠤᠯᠵᠢᠯᠠᠭ᠎ᠠ ᠵᠢᠨ ᠵᠠᠭ᠋ᠠᠯᠳᠤᠯᠭ᠎ᠠ ᠵᠢ ᠬᠦᠯᠢᠶᠡᠨ ᠠᠪᠬᠤ᠎ᠳᠠᠭᠠᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠂ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢᠴᠢ ᠰᠦᠢ᠍ᠳᠬᠡᠯ ᠬᠤᠷᠢᠶᠠᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢᠨ ᠰᠢᠨᠵᠢ ᠴᠢᠨᠠᠷ᠎ᠢ ᠢᠯᠭ᠋ᠠᠬᠤ ᠵᠢ ᠠᠩᠬᠠᠷᠴᠤ ᠂  ᠵᠠᠬᠢᠳᠠᠯ ᠰᠣᠷᠪᠤᠯᠵᠢᠯᠠᠭ᠎ᠠ ᠵᠢᠨ ᠵᠠᠭ᠋ᠠᠯᠳᠤᠯᠭ᠎ᠠ ᠵᠢ ᠲᠣᠬᠢᠲᠠᠢ ᠰᠢᠢ᠍ᠳᠪᠦᠷᠢᠯᠡᠬᠦ ᠬᠡᠷᠡᠭᠲᠡᠢ ᠃

      ᠵᠢᠷᠭᠤᠳᠤᠭ᠋ᠠᠷ ᠪᠦᠯᠦᠭ   ᠠᠵᠢᠯ᠎ᠤᠨ ᠪᠠᠲᠤᠯᠠᠭ᠎ᠠ

      ᠬᠣᠷᠢᠨ ᠳᠥᠷᠪᠡᠳᠦᠭᠡᠷ ᠵᠦᠢ᠍ᠯ   ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ   ᠪᠠᠢ᠌ᠭᠤᠯᠭ᠎ᠠ  ᠪᠠ ᠬᠠᠤᠯᠢᠴᠢ ᠵᠢᠨ ᠨᠡᠢ᠌ᠭᠡᠮᠯᠢᠭ᠎ᠨᠢ ᠪᠥᠬᠥ ᠣᠷᠣᠨ᠎ᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠵᠢᠨ ᠠᠵᠢᠯᠯᠠᠭ᠎ᠠ ᠥᠷᠨᠢᠭᠦᠯᠬᠦ᠎ᠳᠤ ᠴᠢᠬᠤᠯᠠ ᠪᠦᠬᠦᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠵᠠᠷᠤᠳᠠᠯ᠎ᠤᠨ ᠪᠠᠲᠤᠯᠠᠭ᠎ᠠ ᠬᠠᠩᠭ᠋ᠠᠨ᠎ᠠ᠃

      ᠬᠣᠷᠢᠨ ᠲᠠᠪᠤᠳᠤᠭ᠋ᠠᠷ ᠵᠦᠢ᠍ᠯ  《  ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ 》 ᠠᠵᠢᠯᠯᠠᠭ᠎ᠠ ᠵᠢᠨ ᠲᠡᠷᠢᠭᠦᠨ᠎ᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠪᠠ ᠬᠠᠤᠯᠢᠴᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠥᠬᠢᠭᠦᠯᠦᠨ ᠱᠠᠩᠨᠠᠨ᠎ᠠ ᠃  ᠦᠨᠡᠯᠡᠨ ᠲᠣᠭᠲᠠᠭ᠋ᠠᠭᠰᠠᠨ ᠲᠡᠷᠢᠭᠦᠨ᠎ᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠪᠠ ᠬᠠᠤᠯᠢᠴᠢ ᠵᠢ ᠰᠢᠯᠢᠳᠡᠭ᠎ᠢ ᠰᠢᠯᠭ᠋ᠠᠷᠠᠭᠤᠯᠤᠨ ᠲᠡᠷᠢᠭᠦᠨ᠎ᠢ ᠰᠢᠯᠭ᠋ᠠᠷᠠᠭᠤᠯᠬᠤ ᠡᠯ᠎ᠡ ᠲᠦᠷᠦᠯ᠎ᠤᠨ ᠠᠵᠢᠯᠯᠠᠭ᠎ᠠ᠎ᠳᠤ ᠣᠷᠣᠯᠴᠠᠭᠤᠯᠬᠤ᠎ᠪᠠᠷ ᠤᠷᠢᠳᠠᠪᠠᠷ ᠲᠠᠨᠢᠯᠴᠠᠭᠤᠯᠵᠤ ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠰᠣᠯᠢᠯᠴᠠᠭ᠎ᠠ ᠪᠣᠯᠪᠠᠰᠤᠷᠠᠯ᠎ᠤᠨ ᠲᠣᠬᠢᠶᠠᠯ᠎ᠢ ᠬᠠᠩᠭ᠋ᠠᠨ᠎ᠠ;  ᠡᠩ ᠲᠡᠷᠢᠭᠦᠨ᠎ᠳᠤ ᠨᠠᠮ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠵᠢᠴᠢ ᠨᠠᠮ ᠵᠠᠰᠠᠭ᠎ᠤᠨ ᠪᠠᠢ᠌ᠭᠤᠯᠭ᠎ᠠ ᠪᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ  ᠨᠡᠢ᠌ᠭᠡᠮᠯᠢᠭ᠎ᠤᠨ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠂ ᠵᠠᠷᠤᠳᠠᠯ᠎ᠤᠨ ᠨᠥᠬᠥᠪᠦᠷᠢ ᠣᠯᠭᠣᠬᠤ ᠬᠡᠯᠪᠡᠷᠢ᠎ᠪᠠᠷ ᠱᠠᠩᠨᠠᠨ ᠬᠥᠬᠢᠭᠦᠯᠦᠨ᠎ᠡ ᠃

      ᠬᠣᠷᠢᠨ ᠵᠢᠷᠭᠤᠳᠤᠭ᠋ᠠᠷ ᠵᠦᠢ᠍ᠯ   ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠂ ᠬᠠᠤᠯᠢᠴᠢ ᠵᠢᠴᠢ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠪᠡᠯᠡ ᠮᠥᠩᠭᠥ ᠂ ᠡᠳ᠋ ᠪᠣᠳᠠᠰ ᠵᠡᠷᠭᠡ ᠵᠢᠨ ᠲᠤᠰᠠᠯᠠᠮᠵᠢ ᠪᠠ ᠳᠡᠮᠵᠢᠯᠭᠡ ᠬᠠᠩᠭ᠋ᠠᠬᠤ ᠵᠢ ᠵᠣᠷᠢᠭᠵᠢᠭᠤᠯᠤᠨ᠎ᠠ ᠃  ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠵᠢᠨ ᠪᠤᠰᠤᠳ ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ᠎ᠯᠤᠭ᠎ᠠ ᠮᠠᠯᠵᠢᠬᠤ ᠲᠠᠷᠢᠶᠠᠯᠠᠬᠤ ᠣᠷᠣᠨ᠎ᠳᠤ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠲᠤᠷᠠᠯᠴᠠᠭ᠎ᠠ  ᠪᠠᠢ᠌ᠭᠤᠯᠬᠤ ᠵᠢ ᠤᠷᠢᠶᠠᠯᠠᠨ᠎ᠠ᠃

      ᠬᠣᠷᠢᠨ ᠳᠣᠯᠣᠳᠤᠭ᠋ᠠᠷ ᠵᠦᠢ᠍ᠯ   ᠰᠢᠨ᠎ᠡ ᠵᠠᠭᠤᠴᠢᠯᠠᠭᠤᠷ ᠪᠣᠯᠣᠨ ᠤᠯᠠᠮᠵᠢᠯᠠᠯᠲᠤ ᠵᠠᠭᠤᠴᠢᠯᠠᠭᠤᠷ᠎ᠢ  ᠢᠳᠡᠪᠬᠢᠲᠡᠢ᠎ᠪᠠᠷ ᠠᠰᠢᠭᠯᠠᠨ ᠂ ᠪᠥᠬᠥ ᠲᠠᠯ᠎ᠠ ᠵᠢᠨ ᠂ ᠤᠯᠠᠨ ᠲᠡᠰ ᠳᠠᠪᠬᠤᠷᠭ᠎ᠠ ᠂ ᠤᠯᠠᠨ ᠲᠠᠪᠴᠠᠩ᠎ᠤᠨ  ᠤᠬᠠᠭᠤᠯᠭ᠎ᠠ ᠬᠢᠵᠦ ᠂ ᠠᠵᠢᠯᠯᠠᠭ᠎ᠠ ᠵᠢᠨ ᠮᠡᠳᠡᠭᠡ ᠵᠠᠩᠭᠢ᠎ᠪᠠᠨ ᠴᠠᠭ ᠲᠤᠬᠠᠢ᠎ᠳᠤ ᠎ᠨᠢ ᠮᠡᠳᠡᠭᠦᠯᠦᠨ ᠬᠦᠷᠭᠡᠬᠦ ᠬᠡᠷᠡᠭᠲᠡᠢ ᠃  ᠶᠠᠷᠢᠯᠴᠠᠬᠤ ᠬᠤᠷᠠᠯ᠂ ᠲᠠᠢ᠌ᠯᠤᠮᠵᠢ᠂ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ᠎ᠪᠠᠷ ᠠᠵᠢᠯᠯᠠᠭ᠎ᠠ ᠥᠷᠨᠢᠭᠦᠯᠬᠦ᠎ᠪᠠᠷ ᠨᠡᠯᠢᠶᠡᠳ ᠰᠠᠢ᠌ᠨ ᠠᠢ᠌ᠮᠠᠭ ᠬᠣᠲᠠ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠲᠥᠯᠥᠭᠡᠯᠡᠭᠴᠢ ᠵᠢ ᠤᠷᠢᠵᠤ ᠠᠵᠢᠯ᠎ᠤᠨ ᠲᠤᠷᠰᠢᠯᠭ᠎ᠠ ᠵᠢ᠎ᠨᠢ ᠰᠣᠯᠢᠯᠴᠠᠭᠤᠯᠤᠨ᠎ᠠ᠃

      ᠳᠣᠯᠣᠳᠤᠭ᠋ᠠᠷ ᠪᠦᠯᠦᠭ   ᠳᠠᠭ᠋ᠠᠯᠳᠤᠭᠤᠯᠤᠭᠰᠠᠨ ᠳᠦᠷᠢᠮ

      ᠬᠣᠷᠢᠨ ᠨᠠᠢ᠍ᠮᠠᠳᠤᠭ᠋ᠠᠷ ᠵᠦᠢ᠍ᠯ   ᠲᠣᠰ ᠳᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃

      ᠤᠤᠯ ᠵᠣᠬᠢᠶᠠᠯ ᠎ᠢ  ᠪᠠᠭᠤᠯᠭ᠋ᠠᠬᠤ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠦᠮᠡᠨ ᠬᠠᠤᠯᠢᠴᠢ  ᠵᠢ ᠬᠥᠳᠡᠭᠡ ᠲᠣᠰᠬᠣᠨ᠎ᠳᠤ ᠣᠷᠣᠭᠤᠯᠬᠤ》 ᠠᠵᠢᠯᠯᠠᠭ᠎ᠠ  ᠵᠢ ᠪᠠᠢ᠌ᠩᠭᠤᠵᠢᠭᠤᠯᠬᠤ ᠠᠵᠢᠯ᠎ᠤᠨ ᠳᠦᠷᠢᠮ

      ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠄  ᠵᠢᠷᠤᠭᠲᠤ ᠲᠠᠢ᠌ᠯᠤᠮᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ〉  ᠠᠵᠢᠯᠯᠠᠭ᠎ᠠ ᠵᠢ ᠪᠠᠢ᠌ᠩᠭᠤᠵᠢᠭᠤᠯᠬᠤ ᠠᠵᠢᠯ᠎ᠤᠨ ᠳᠦᠷᠢᠮ 》

 

 

 

 

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            