ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠳᠤ᠄
ᠤᠳᠤ ᠳᠤᠭᠳᠠᠮᠠᠯ ᠬᠥᠷᠥᠩᠭᠡ ᠵᠢᠨ ᠠᠯᠪᠠᠨ ᠭᠡᠷᠡᠴᠢᠯᠡᠭᠡ ᠵᠢᠨ ᠵᠦᠢ᠍ᠯᠡᠰ ᠲᠤ ᠬᠤᠯᠪᠤᠭᠳᠠᠬᠤ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠠᠵᠢᠯ ᠡᠷᠬᠢᠯᠡᠬᠦ ᠣᠷᠣᠨ ᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠳᠣᠣᠷᠠᠬᠢ ᠮᠡᠲᠦ ᠮᠡᠳᠡᠭᠳᠡᠶ᠎ᠡ ᠃
1. ᠳᠤᠭᠳᠠᠮᠠᠯ ᠬᠥᠷᠥᠩᠭᠡ ᠵᠢᠨ ᠵᠢᠭᠡᠯᠡᠯᠭᠡ ᠵᠢᠨ ᠭᠡᠷ᠎ᠡ ( ᠭᠠᠭᠴᠠ ᠲᠠᠯ᠎ᠠ ᠵᠢᠨ ᠭᠡᠷ ᠪᠠᠢ᠌ᠰᠢᠩ ᠂ ᠭᠠᠷ ᠳᠠᠮᠵᠢᠭᠰᠠᠨ ᠭᠡᠷ ᠪᠠᠢ᠌ᠰᠢᠩ᠎ᠤᠨ ᠪᠠᠷᠢᠴᠠᠭ᠋ᠠᠲᠤ ᠵᠢᠭᠡᠯᠡᠯᠭᠡ ᠵᠢᠨ ᠵᠣᠭᠣᠰ ᠪᠠᠭᠲᠠᠨ᠎ᠠ ) ᠵᠢᠨ ᠠᠯᠪᠠᠨ ᠭᠡᠷᠡᠴᠢᠯᠡᠭᠡ ᠵᠢ ᠳᠤᠭᠳᠠᠮᠠᠯ ᠬᠥᠷᠥᠩᠭᠡ ᠵᠢᠨ ᠪᠠᠢ᠌ᠭ᠎ᠠ ᠭᠠᠵᠠᠷ᠎ᠤᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠎ᠠᠴᠠ ᠬᠦᠯᠢᠶᠡᠨ ᠠᠪᠴᠤ ᠰᠢᠢ᠍ᠳᠪᠦᠷᠢᠯᠡᠨ᠎ᠡ ᠃
2. ᠳᠤᠭᠳᠠᠮᠠᠯ ᠬᠥᠷᠥᠩᠭᠡ᠎ᠳᠤ ᠬᠣᠯᠪᠣᠭᠳᠠᠭᠰᠠᠨ ᠪᠡᠷᠢᠴᠠᠭ᠋ᠠᠨ᠎ᠤ ᠭᠡᠷ᠎ᠡ ᠵᠢ ᠳᠠᠭ᠋ᠠᠯᠲᠠ ᠭᠡᠷ᠎ᠡ ᠵᠢᠨ ᠠᠯᠪᠠᠨ ᠭᠡᠷᠡᠴᠢᠯᠡᠭᠡ ᠵᠢᠨ ᠵᠦᠢ᠍ᠯᠡᠰ ᠪᠣᠯᠭ᠋ᠠᠵᠤ ᠂ ᠳᠤᠭᠳᠠᠮᠠᠯ ᠬᠥᠷᠥᠩᠭᠡ ᠵᠢᠨ ᠪᠠᠢ᠌ᠭ᠎ᠠ ᠭᠠᠵᠠᠷ᠎ᠤᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠎ᠠᠴᠠ ᠬᠦᠯᠢᠶᠡᠨ ᠠᠪᠴᠤ ᠰᠢᠢ᠍ᠳᠪᠦᠷᠢᠯᠡᠨ᠎ᠡ ᠃ ᠭᠡᠪᠡᠴᠦ ᠪᠡᠷᠢᠴᠠᠭ᠋ᠠᠨ᠎ᠤ ᠭᠡᠷ᠎ᠡ᠎ᠳᠤ ᠪᠣᠯᠵᠣᠨ ᠲᠣᠭᠲᠠᠭ᠋ᠠᠭᠰᠠᠨ ᠳᠤᠭᠳᠠᠮᠠᠯ ᠬᠥᠷᠥᠩᠭᠡ᠎ᠨᠢ ᠤᠯᠠᠨ ᠭᠠᠵᠠᠷ᠎ᠲᠤ ᠬᠣᠯᠪᠣᠭᠳᠠᠭᠰᠠᠨ ᠪᠠᠢ᠌ᠪᠠᠯ ᠂ ᠲᠤᠬᠠᠢ ᠵᠢᠨ ᠬᠥᠮᠥᠨ᠎ᠤ ᠣᠷᠣᠨ ᠰᠠᠭᠤᠴᠠ ᠵᠢᠨ ᠪᠠᠢ᠌ᠭ᠎ᠠ ᠭᠠᠵᠠᠷ ᠪᠤᠶᠤ ᠶᠠᠮᠠᠷᠪᠠ ᠨᠢᠭᠡᠨ ᠳᠤᠭᠳᠠᠮᠠᠯ ᠬᠥᠷᠥᠩᠭᠡ ᠵᠢᠨ ᠪᠠᠢ᠌ᠭ᠎ᠠ ᠭᠠᠵᠠᠷ᠎ᠤᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠎ᠠᠴᠠ ᠬᠠᠮᠲᠤᠳᠤᠨᠢ ᠬᠦᠯᠢᠶᠡᠨ ᠠᠪᠴᠤ ᠰᠢᠢ᠍ᠳᠪᠦᠷᠢᠯᠡᠵᠦ ᠪᠣᠯᠣᠨ᠎ᠠ ᠃
3. 2 ᠳ᠋ᠤᠭ᠋ᠠᠷ ᠵᠦᠢ᠍ᠯ᠎ᠳᠤ ᠲᠣᠭᠲᠠᠭ᠋ᠠᠭᠰᠠᠨ ᠠᠯᠪᠠᠨ ᠭᠡᠷᠡᠴᠢᠯᠡᠭᠡ ᠵᠢᠨ ᠵᠦᠢ᠍ᠯᠡᠰ᠎ᠲᠤ ᠲᠤᠬᠠᠢ ᠵᠢᠨ ᠭᠠᠵᠠᠷ᠎ᠤᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠎ᠨᠢ ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠦᠭᠡᠢ ᠪᠠᠢ᠌ᠪᠠᠯ᠂ ᠳᠤᠭᠳᠠᠮᠠᠯ ᠬᠥᠷᠥᠩᠭᠡ ᠵᠢᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ (ᠬᠣᠲᠠ ᠲᠣᠭᠣᠷᠢᠭ)᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠪᠠᠷ ᠵᠥᠪᠰᠢᠶᠡᠷᠡᠭᠦᠯᠦᠭᠡᠳ᠂ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠮᠡᠳᠡᠭᠦᠯᠵᠦ ᠵᠥᠪᠰᠢᠶᠡᠷᠡᠭᠦᠯᠦᠭᠡᠳ᠂ ᠪᠤᠰᠤᠳ ᠠᠢ᠌ᠮᠠᠭ ᠬᠣᠲᠠ ᠵᠢᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠎ᠪᠠᠷ ᠭᠥᠯᠢᠶᠡᠨ ᠠᠪᠴᠤ ᠰᠢᠢ᠍ᠳᠪᠦᠷᠢᠯᠡᠭᠦᠯᠬᠦ᠎ᠪᠠᠷ ᠲᠣᠭᠲᠠᠭ᠋ᠠᠵᠤ ᠪᠣᠯᠣᠨ᠎ᠠ᠃
4. ᠳᠤᠭᠳᠠᠮᠠᠯ ᠬᠥᠷᠥᠩᠭᠡ ᠵᠢᠨ ᠨᠠᠶ᠋ᠢᠳᠠᠯᠭ᠎ᠠ᠂ ᠢᠯᠡᠷᠬᠡᠢ᠌ᠯᠡᠯᠲᠡ ᠂ ᠪᠡᠯᠡᠭᠯᠡᠬᠦ ᠂ ᠭᠡᠷᠢᠶᠡᠰᠦᠯᠡᠬᠦ ᠂ ᠬᠠᠮᠠᠭ᠋ᠠᠯᠠᠨ ᠬᠠᠳᠠᠭ᠋ᠠᠯᠠᠬᠤ ᠭᠡᠷᠡᠴᠢ ᠪᠠᠷᠢᠮᠲᠠ᠎ᠳᠤ ᠬᠣᠯᠪᠣᠭᠳᠠᠬᠤ ᠠᠯᠪᠠᠨ ᠭᠡᠷᠡᠴᠢᠯᠡᠭᠡ ᠵᠢᠨ ᠵᠦᠢ᠍ᠯᠡᠰ᠎ᠢ ᠪᠦᠬᠦ ᠣᠷᠣᠨ᠎ᠤ ᠬᠡᠪᠴᠢᠶᠡᠨ᠎ᠳᠠᠬᠢ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠴᠥᠮ ᠬᠦᠯᠢᠶᠡᠨ ᠠᠪᠴᠤ ᠰᠢᠢ᠍ᠳᠪᠦᠷᠢᠯᠡᠵᠦ ᠪᠣᠯᠣᠨ᠎ᠠ ᠃
5. ᠲᠤᠰ ᠮᠡᠳᠡᠭᠳᠡᠯ᠎ᠳᠤ ᠬᠡᠯᠡᠵᠦ ᠪᠠᠢ᠌ᠭ᠎ᠠ ᠳᠤᠭᠳᠠᠮᠠᠯ ᠬᠥᠷᠥᠩᠭᠡ ᠵᠢᠨ ᠪᠠᠢ᠌ᠭ᠎ᠠ ᠭᠠᠵᠠᠷ᠎ᠤᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠭᠡᠳᠡᠭ᠎ᠨᠢ ᠳᠤᠭᠳᠠᠮᠠᠯ ᠬᠥᠷᠥᠩᠭᠡ ᠵᠢᠨ ᠪᠠᠢ᠌ᠭ᠎ᠠ ᠠᠢ᠌ᠮᠠᠭ ᠬᠤᠳᠠ ᠵᠢᠨ ᠬᠡᠪᠴᠢᠶᠡᠨ᠎ᠳᠠᠬᠢ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢ ᠵᠢᠭ᠋ᠠᠵᠤ ᠪᠠᠢ᠌ᠨ᠎ᠠ ᠃
ᠪᠥᠬᠥ ᠣᠷᠣᠨ᠎ᠤ ᠡᠯ᠎ᠡ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠎ᠨᠤᠭᠤᠳ 《ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠠᠵᠢᠯ ᠡᠷᠭᠢᠯᠡᠬᠦ ᠣᠷᠣᠨ᠎ᠳᠤ ᠳᠠᠬᠢᠨ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ ᠭᠡᠷ᠎ᠤᠨ ᠮᠡᠳᠡᠭᠳᠡᠯ》 (ᠥᠪᠥᠷ ᠬᠠᠤᠯᠢ ᠴᠠᠭ᠋ᠠᠵᠠ ᠠᠯᠪᠠᠨ ᠲᠠᠷᠬᠠᠭ᠋ᠠᠭᠰᠠᠨ [2018] 24 ᠳ᠋ᠦ᠍ᠭᠡᠷ ᠲᠣᠭ᠋ᠠᠲᠤ)᠂ 《ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠠᠵᠢᠯ ᠡᠷᠭᠢᠯᠡᠬᠦ ᠣᠷᠣᠨ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠮᠡᠳᠡᠭᠳᠡᠯ》 (ᠥᠪᠥᠷ ᠬᠠᠤᠯᠢ ᠴᠠᠭ᠋ᠠᠵᠠ ᠮᠡᠳᠡᠭᠳᠡᠯ [2021] 180 ᠳ᠋ᠤᠭ᠋ᠠᠷ ᠲᠣᠭ᠋ᠠᠲᠤ) ᠵᠢᠴᠢ ᠲᠣᠰ ᠮᠡᠳᠡᠭᠳᠡᠯ᠎ᠤᠨ ᠲᠣᠭᠲᠠᠭ᠋ᠠᠯ ᠶᠣᠰᠣᠭ᠋ᠠᠷ ᠠᠵᠢᠯ ᠡᠷᠭᠢᠯᠡᠬᠦ ᠬᠡᠷᠡᠭᠲᠡᠢ᠃ ᠠᠯᠪᠠᠨ ᠭᠡᠷᠡᠴᠢᠯᠡᠭᠡ ᠵᠢᠨ ᠵᠦᠢ᠍ᠯᠡᠰ᠎ᠢ ᠲᠣᠭᠲᠠᠭ᠋ᠠᠯ᠎ᠢ ᠵᠥᠷᠢᠴᠡᠨ ᠣᠷᠣᠨ ᠪᠦᠰᠡ ᠠᠯᠤᠰᠯᠠᠨ ᠬᠦᠯᠢᠶᠡᠨ ᠠᠪᠴᠤ ᠰᠢᠢ᠍ᠳᠪᠦᠷᠢᠯᠡᠵᠦ ᠪᠣᠯᠬᠤ ᠦᠭᠡᠢ ᠃ ᠡᠯ᠎ᠡ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠠᠵᠢᠯ ᠡᠷᠭᠢᠯᠡᠬᠦ ᠣᠷᠣᠨ ᠠᠯᠤᠰᠯᠠᠨ ᠠᠯᠪᠠᠨ ᠭᠡᠷᠡᠴᠢᠯᠡᠭᠡ ᠵᠢᠨ ᠲᠤᠬᠠᠢ᠌ᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠢᠯᠡᠷᠡᠭᠦᠯᠦᠭᠰᠡᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠠᠴᠠ ᠵᠥᠷᠢᠴᠡᠭᠰᠡᠨ ᠪᠠᠢ᠌ᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃ ᠡᠯ᠎ᠡ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠪᠤᠰᠤᠳ ᠠᠢ᠌ᠮᠠᠭ ᠬᠣᠲᠠ ᠵᠢᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠲᠣᠰ ᠭᠠᠵᠠᠷ ᠣᠷᠣᠨ᠎ᠳᠤ ᠬᠠᠮᠢᠶ᠎ᠠ ᠪᠦᠬᠦᠢ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢ᠌ᠬᠤ ᠵᠢ ᠣᠯᠵᠤ ᠮᠡᠳᠡᠪᠡᠯ᠂ ᠪᠠᠢ᠌ᠴᠠᠭ᠋ᠠᠯᠲᠠ ᠬᠢᠬᠦ ᠵᠢᠨ ᠬᠠᠮᠲᠤ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠦᠨ᠎ᠡ᠃
ᠲᠤᠰ ᠮᠡᠳᠡᠭᠳᠡᠯ᠎ᠢ 2023 ᠣᠨ᠎ᠤ 7 ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
2023 ᠣᠨ᠎ᠤ 7 ᠰᠠᠷ᠎ᠠ ᠵᠢᠨ 13᠎ᠤ ᠡᠳᠦᠷ
ᠪᠢᠴᠢᠭ ᠮᠠᠲ᠋ᠧᠷᠢᠶᠠᠯ᠎ᠤᠨ ᠲᠠᠢ᠌ᠯᠤᠮᠵᠢ᠄ ᠵᠢᠷᠤᠭᠲᠤ ᠲᠠᠢ᠌ᠯᠤᠮᠵᠢ 《 ᠳᠤᠭᠳᠠᠮᠠᠯ ᠬᠥᠷᠥᠩᠭᠡ ᠵᠢᠨ ᠠᠯᠪᠠᠨ ᠭᠡᠷᠡᠴᠢᠯᠡᠭᠡ ᠵᠢᠨ ᠵᠦᠢ᠍ᠯᠡᠰ᠎ᠲᠤ ᠬᠣᠯᠪᠣᠭᠳᠠᠭᠰᠠᠨ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠠᠵᠢᠯ ᠡᠷᠭᠢᠯᠡᠬᠦ ᠣᠷᠣᠨ᠎ᠤ ᠠᠰᠠᠭᠤᠳᠠᠯ᠎ᠤᠨ ᠲᠤᠬᠠᠢ ᠮᠡᠳᠡᠭᠳᠡᠯ》᠎ᠤᠨ ᠲᠠᠢ᠌ᠯᠤᠮᠵᠢ