ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2024-04-28

      ᠨᠢᠭᠡᠳᠦᠭᠡᠷ ᠪᠦᠯᠦᠭ   ᠶᠡᠷᠦᠩᠬᠡᠢ ᠳᠦᠷᠢᠮ

      ᠨᠢᠭᠡᠳᠦᠭᠡᠷ  ᠵᠦᠢ᠍ᠯ   ᠮᠠᠨ᠎ᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠠᠯᠪᠠᠨ ᠲᠤᠰᠢᠶᠠᠯᠲᠤ ᠬᠠᠤᠯᠢᠴᠢ ᠵᠢᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠳᠤᠮᠳᠠᠬᠢ ᠡᠭᠦᠷᠭᠡ ᠴᠢᠳᠠᠪᠬᠢ ᠵᠢ  ᠪᠠᠳᠠᠷᠠᠭᠤᠯᠬᠤ ᠵᠢᠨ ᠲᠦᠯᠦᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢᠴᠢ ᠵᠢᠨ ᠬᠠᠤᠯᠢ》 ᠪᠣᠯᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠵᠢᠨ ᠬᠠᠤᠯᠢᠴᠢ ᠵᠢᠨ ᠳᠦᠷᠢᠮ᠎ᠢ ᠬᠡᠷᠡᠭᠵᠢᠭᠦᠯᠬᠦ ᠲᠤᠬᠠᠢ ᠰᠠᠨᠠᠯ》᠂ ᠬᠠᠤᠯᠢ ᠴᠠᠭ᠋ᠠᠵᠠ ᠵᠢᠨ ᠶᠠᠮᠤᠨ᠎ᠤ 《ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠵᠢᠨ ᠬᠠᠤᠯᠢᠴᠢ ᠵᠢᠨ ᠳᠦᠷᠢᠮ ᠎ᠤᠨ  ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂  ᠲᠤᠰ ᠠᠷᠭ᠎ᠠ ᠵᠢ ᠲᠣᠭᠲᠠᠭ᠋ᠠᠪᠠ᠃

      ᠬᠣᠶᠠᠳᠤᠭ᠋ᠠᠷ  ᠵᠦᠢ᠍ᠯ   ᠲᠣᠰ ᠠᠷᠭ᠎ᠠ᠎ᠳᠤ ᠬᠡᠯᠡᠵᠦ ᠪᠠᠢ᠌ᠭ᠎ᠠ ᠠᠯᠪᠠᠨ ᠲᠤᠰᠢᠶᠠᠯᠲᠤ ᠬᠠᠤᠯᠢᠴᠢ ᠭᠡᠳᠡᠭ᠎ᠨᠢ ᠨᠠᠮ ᠵᠠᠰᠠᠭ᠎ᠤᠨ ᠪᠠᠢ᠌ᠭᠤᠯᠤᠯᠭ᠎ᠠ ᠪᠤᠶᠤ ᠠᠷᠠᠳ᠎ᠤᠨ ᠪᠦᠯᠬᠦᠮ᠎ᠳᠤ ᠲᠤᠰᠢᠶᠠᠯ ᠡᠭᠦᠷᠭᠡᠯᠡᠵᠦ ᠪᠠᠢ᠌ᠭ᠎ᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠤᠯᠭ᠎ᠠ᠎ᠠᠴᠠ  ᠣᠯᠭᠣᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠢ ᠬᠠᠤᠯᠢ ᠶᠣᠰᠣᠭ᠋ᠠᠷ ᠣᠯᠣᠭᠰᠠᠨ᠂ ᠲᠣᠰ ᠨᠢᠭᠡᠴᠡ᠎ᠳᠤ ᠬᠠᠤᠯᠢ ᠴᠠᠭ᠋ᠠᠵᠠ ᠵᠢᠨ ᠠᠵᠢᠯ᠎ᠢ  ᠡᠷᠬᠢᠯᠡᠵᠦ  ᠪᠠᠢ᠌ᠭ᠎ᠠ ᠠᠯᠪᠠᠨ ᠲᠤᠰᠢᠶᠠᠯᠲᠠᠨ᠎ᠢ ᠵᠢᠭ᠋ᠠᠵᠤ ᠪᠣᠶ᠃

      ᠭᠤᠷᠪᠠᠳᠤᠭ᠋ᠠᠷ  ᠵᠦᠢ᠍ᠯ   ᠠᠯᠪᠠᠨ ᠲᠤᠰᠢᠶᠠᠯᠲᠤ ᠬᠠᠤᠯᠢᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠵᠢ ᠬᠦᠷᠢᠶᠡᠯᠡᠵᠦ᠂ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠱ᠌ᠢᠶᠡᠴᠢ᠎ᠪᠠᠷ ᠵᠢᠷᠤᠮᠯᠠᠵᠤ᠂ ᠡᠭᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ ᠪᠠᠢ᠌ᠵᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠢ᠌ᠨ ᠭᠦᠢ᠍ᠴᠡᠳᠬᠡᠵᠦ᠂ ᠬᠠᠤᠯᠢᠴᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠵᠢ ᠬᠢᠴᠢᠶᠡᠩᠭᠦᠢ᠌ᠯᠡᠨ ᠰᠠᠬᠢᠵᠤ᠂ ᠬᠠᠤᠯᠢ ᠴᠠᠭ᠋ᠠᠵᠠ ᠵᠢᠨ ᠵᠥᠪ ᠬᠡᠷᠡᠭᠵᠢᠭᠦᠯᠦᠭᠳᠡᠬᠦ ᠵᠢ ᠬᠠᠮᠠᠭ᠋ᠠᠯᠠᠵᠤ᠂ ᠨᠡᠢ᠌ᠭᠡᠮ᠎ᠤᠨ ᠲᠥᠪ ᠭᠣᠣᠯᠴᠢ ᠪᠠ ᠰᠢᠳᠤᠷᠭᠤ ᠶᠣᠰᠣ ᠵᠢ ᠬᠠᠮᠠᠭ᠋ᠠᠯᠠᠬᠤ

ᠬᠡᠷᠡᠭᠲᠡᠢ᠃

      ᠳᠥᠷᠪᠡᠳᠦᠭᠡᠷ  ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ ᠦᠨᠡᠮᠯᠡᠯ ᠪᠣᠯ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠶᠣᠰᠣᠭ᠋ᠠᠷ ᠠᠵᠢᠯ ᠡᠷᠬᠢᠯᠡᠬᠦ ᠵᠥᠪᠰᠢᠶᠡᠷᠡᠯ ᠣᠯᠣᠭᠰᠠᠨ ᠬᠦᠴᠦᠨ ᠪᠦᠬᠦᠢ ᠭᠡᠷᠡᠴᠢ ᠲᠡᠮᠳᠡᠭ  ᠮᠥᠨ᠃ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠳᠤ ᠠᠯᠪᠠᠨ ᠲᠤᠰᠢᠶᠠᠯᠲᠤ ᠬᠠᠤᠯᠢᠴᠢ ᠵᠢᠨ ᠣᠪᠣᠭ ᠨᠡᠷ᠎ᠡ᠂ ᠠᠵᠢᠯᠯᠠᠵᠤ ᠪᠠᠢ᠌ᠭ᠎ᠠ ᠨᠢᠭᠡᠴᠡ᠂ ᠦᠨᠡᠮᠯᠡᠯ᠎ᠤᠨ ᠳ᠋ᠤᠭ᠋ᠠᠷ ᠵᠡᠷᠭᠡ ᠵᠦᠢ᠍ᠯᠡᠰ᠎ᠢ ᠲᠡᠮᠳᠡᠭᠯᠡᠬᠦ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠮᠠᠭ᠎ᠠ ᠵᠢ ᠳᠠᠷᠤᠭᠰᠠᠨ ᠪᠠᠢ᠌ᠬᠤ ᠬᠡᠷᠡᠭᠲᠡᠢ᠃

      ᠲᠠᠪᠤᠳᠤᠭ᠋ᠠᠷ  ᠵᠦᠢ᠍ᠯ   ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠠᠯᠪᠠᠨ ᠲᠤᠰᠢᠶᠠᠯᠲᠤ ᠬᠠᠤᠯᠢᠴᠢ ᠵᠢᠨ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ᠎ᠳᠤ ᠬᠢᠨᠠᠯᠲᠠ ᠲᠠᠯᠪᠢᠵᠤ ᠵᠢᠭ᠋ᠠᠨ ᠵᠢᠯᠣᠭᠣᠳᠤᠨ᠎ᠠ᠃

      ᠠᠯᠪᠠᠨ ᠲᠤᠰᠢᠶᠠᠯᠲᠤ ᠬᠠᠤᠯᠢᠴᠢ ᠵᠢᠨ ᠪᠠᠢ᠌ᠭ᠎ᠠ ᠨᠢᠭᠡᠴᠡ ᠎ᠨᠢ ᠠᠯᠪᠠᠨ ᠲᠤᠰᠢᠶᠠᠯᠲᠤ ᠬᠠᠤᠯᠢᠴᠢ᠎ᠳᠤ ᠡᠳᠦᠷ ᠲᠤᠳᠤᠮ᠎ᠤᠨ ᠬᠠᠮᠢᠶᠠᠷᠤᠯᠲᠠ ᠵᠢ  ᠬᠡᠷᠡᠭᠵᠢᠭᠦᠯᠦᠨ᠎ᠡ᠃

      ᠬᠠᠤᠯᠢᠴᠢ ᠵᠢᠨ  ᠨᠡᠢ᠌ᠭᠡᠮᠯᠢᠭ᠎ᠠᠴᠠ ᠠᠯᠪᠠᠨ ᠲᠤᠰᠢᠶᠠᠯᠲᠤ ᠬᠠᠤᠯᠢᠴᠢ᠎ᠳᠤ ᠠᠵᠢᠯ ᠲᠦᠷᠦᠯ᠎ᠤᠨ  ᠬᠠᠮᠢᠶᠠᠷᠤᠯᠲᠠ ᠵᠢ ᠬᠡᠷᠡᠭᠵᠢᠭᠦᠯᠦᠨ᠎ᠡ᠃

      ᠬᠣᠶᠠᠳᠤᠭ᠋ᠠᠷ ᠪᠦᠯᠦᠭ   ᠲᠤᠰᠢᠶᠠᠯ ᠡᠭᠦᠷᠭᠡᠯᠡᠬᠦ ᠨᠥᠬᠥᠴᠡᠯ ᠪᠠ ᠵᠢᠷᠤᠮ

      ᠵᠢᠷᠭᠤᠳᠤᠭ᠋ᠠᠷ  ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ ᠦᠨᠡᠮᠯᠡᠯ᠎ᠢ  ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ᠄

      (ᠨᠢᠭᠡ) ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠳᠡᠭ;

      (ᠬᠣᠶᠠᠷ) ᠬᠠᠤᠯᠢ ᠴᠠᠭ᠋ᠠᠵᠠ ᠵᠢᠨ ᠲᠤᠬᠠᠢ᠌ᠯᠠᠭᠰᠠᠨ ᠠᠵᠢᠯ᠎ᠤᠨ ᠬᠢᠷᠢ ᠬᠡᠮ ᠪᠤᠶᠤ ᠬᠠᠤᠯᠢᠴᠢ ᠵᠢᠨ ᠬᠢᠷᠢ ᠬᠡᠮ᠎ᠢ ᠬᠠᠤᠯᠢ ᠶᠣᠰᠣᠭ᠋ᠠᠷ ᠣᠯᠣᠭᠰᠠᠨ;

      (ᠭᠤᠷᠪᠠ) ᠠᠯᠪᠠᠨ ᠲᠤᠰᠢᠶᠠᠯᠲᠠᠨ᠎ᠤ ᠬᠢᠷᠢ ᠬᠡᠮ᠎ᠲᠠᠢ;

      (ᠳᠥᠷᠪᠡ)  ᠬᠠᠤᠯᠢ ᠴᠠᠭ᠋ᠠᠵᠠ ᠵᠢᠨ ᠠᠵᠢᠯ᠎ᠢ ᠬᠣᠶᠠᠷ ᠵᠢᠯ᠎ᠠᠴᠠ ᠳᠡᠭᠡᠭᠰᠢ ᠬᠢᠭᠰᠡᠨ ᠪᠤᠶᠤ ᠰᠢᠭᠦᠬᠦ ᠲᠤᠰᠢᠶᠠᠯᠲᠠᠨ᠂ ᠪᠠᠢ᠌ᠴᠠᠭ᠋ᠠᠬᠤ ᠲᠤᠰᠢᠶᠠᠯᠲᠠᠨ᠂ ᠬᠠᠤᠯᠢᠴᠢ ᠵᠢᠨ ᠲᠤᠰᠢᠶᠠᠯ᠎ᠢ ᠨᠢᠭᠡ ᠵᠢᠯ᠎ᠠᠴᠠ ᠳᠡᠭᠡᠭᠰᠢ ᠡᠭᠦᠷᠭᠡᠯᠡᠵᠦ ᠥᠩᠭᠡᠷᠡᠭᠰᠡᠨ;

      (ᠲᠠᠪᠤ)  ᠵᠠᠩ ᠰᠤᠷᠲᠠᠯ᠎ᠨᠢ ᠰᠠᠢ᠌ᠨ;

      (ᠵᠢᠷᠭᠤᠭ᠎ᠠ) ᠪᠠᠢ᠌ᠭ᠎ᠠ  ᠨᠢᠭᠡᠴᠡ ᠎ᠨᠢ ᠲᠡᠭᠦᠨ᠎ᠤ ᠠᠯᠪᠠᠨ ᠲᠤᠰᠢᠶᠠᠯᠲᠤ ᠬᠠᠤᠯᠢᠴᠢ ᠪᠣᠯᠬᠤ ᠵᠢ

ᠵᠥᠪᠰᠢᠶᠡᠷᠡᠭᠰᠡᠨ᠃

      ᠳᠣᠯᠣᠳᠤᠭ᠋ᠠᠷ  ᠵᠦᠢ᠍ᠯ   ᠭᠤᠶᠤᠴᠢᠯᠠᠭᠴᠢ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠬᠤ ᠦᠭᠡᠢ᠄

      (ᠨᠢᠭᠡ) ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠦᠭᠡᠢ ᠪᠤᠶᠤ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠵᠢ᠎ᠨᠢ ᠬᠢᠵᠠᠭ᠋ᠠᠷᠯᠠᠭᠰᠠᠨ;

      (ᠬᠣᠶᠠᠷ) ᠬᠠᠤᠯᠢᠴᠢ᠂ ᠠᠯᠪᠠᠨ ᠭᠡᠷᠡᠴᠢᠯᠡᠭᠴᠢ ᠵᠢᠨ ᠠᠵᠢᠯ ᠡᠷᠬᠢᠯᠡᠬᠦ ᠦᠨᠡᠮᠯᠡᠯ ᠵᠶ᠋ᠡᠨ ᠬᠤᠷᠢᠶᠠᠭᠳᠠᠵᠤ ᠬᠦᠴᠦᠨ ᠦᠭᠡᠢ ᠪᠣᠯᠭ᠋ᠠᠭᠳᠠᠭᠰᠠᠨ;

      (ᠭᠤᠷᠪᠠ) ᠶᠠᠯ᠎ᠠ ᠬᠢᠭᠰᠡᠨ ᠰᠡᠵᠢᠭᠯᠡᠯᠲᠡᠢ ᠪᠠᠢ᠌ᠵᠤ᠂ ᠬᠠᠤᠯᠢ ᠴᠠᠭ᠋ᠠᠵᠠ ᠵᠢᠨ  ᠶᠠᠪᠤᠴᠠ ᠎ᠨᠢ ᠬᠠᠷᠠᠬᠠᠨ ᠳᠠᠭᠤᠰᠤᠭ᠋ᠠᠳᠤᠢ᠂ ᠡᠰᠡᠬᠦᠯ᠎ᠡ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠰᠡᠵᠢᠭᠯᠡᠯᠲᠡᠢ ᠪᠠᠢ᠌ᠵᠤ᠂ ᠶᠠᠭ ᠬᠢᠨᠠᠨ ᠪᠠᠢ᠌ᠴᠠᠭ᠋ᠠᠯᠲᠠ ᠵᠢ ᠬᠦᠯᠢᠶᠡᠵᠦ ᠪᠠᠢ᠌ᠬᠤ;

      (ᠳᠥᠷᠪᠡ) ᠳᠡᠭᠡᠷ᠎ᠡ ᠨᠢᠭᠡ ᠵᠢᠯ᠎ᠤᠨ ᠠᠯᠪᠠᠲᠠᠨ᠎ᠤ ᠣᠨ᠎ᠤ ᠬᠢᠨᠠᠨ ᠰᠢᠯᠭ᠋ᠠᠯᠲᠠ ᠵᠢᠨ ᠦᠷ᠎ᠡ ᠳ᠋ᠦᠩ᠎ᠨᠢ ᠲᠤᠰᠢᠶᠠᠯ᠎ᠳᠠᠭᠠᠨ ᠲᠡᠩᠴᠡᠬᠦ ᠦᠭᠡᠢ ᠭᠡᠵᠦ ᠲᠣᠭᠲᠠᠭ᠋ᠠᠭᠳᠠᠭᠰᠠᠨ;

      (ᠲᠠᠪᠤ) ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ ᠵᠶ᠋ᠠᠷ  ᠵᠢᠭᠰᠠᠭ᠋ᠠᠭᠳᠠᠭᠰᠠᠨ᠃

      ᠨᠠᠢ᠍ᠮᠠᠳᠤᠭ᠋ᠠᠷ  ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠬᠤ᠎ᠪᠠᠷ ᠭᠤᠶᠤᠴᠢᠯᠠᠬᠤ᠎ᠳᠤ ᠭᠤᠶᠤᠴᠢᠯᠠᠭᠴᠢ ᠵᠢᠨ ᠪᠠᠢ᠌ᠭ᠎ᠠ  ᠪᠠᠢ᠌ᠭᠤᠯᠭ᠎ᠠ  ᠨᠢᠭᠡᠴᠡ᠎ᠠᠴᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠄

      (ᠨᠢᠭᠡ) ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠤᠶᠤ ᠬᠠᠤᠯᠢᠴᠢ ᠵᠢᠨ ᠬᠢᠷᠢ ᠬᠡᠮ᠎ᠤᠨ ᠦᠨᠡᠮᠯᠡᠯ;

      (ᠬᠣᠶᠠᠷ) ᠭᠤᠶᠤᠴᠢᠯᠠᠭᠴᠢ ᠵᠢᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠪᠠ ᠠᠯᠪᠠᠨ ᠲᠤᠰᠢᠶᠠᠯᠲᠠᠨ᠎ᠤ ᠪᠡᠶ᠎ᠡ ᠵᠢᠨ ᠦᠨᠡᠮᠯᠡᠯ;

      (ᠭᠤᠷᠪᠠ) ᠭᠤᠶᠤᠴᠢᠯᠠᠭᠴᠢ ᠥᠪᠡᠷ ᠵᠶ᠋ᠡᠨ ᠲᠠᠭᠯᠠᠵᠤ  ᠪᠠᠢ᠌ᠭᠤᠯᠭ᠎ᠠ  ᠨᠢᠭᠡᠴᠡ᠎ᠪᠠᠷ ᠵᠶ᠋ᠡᠨ ᠵᠥᠪᠰᠢᠶᠡᠷᠡᠭᠦᠯᠦᠭᠰᠡᠨ ᠪᠥᠭᠡᠳ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠭᠤᠶᠤᠴᠢᠯᠠᠯ᠎ᠤᠨ ᠬᠦᠰᠦᠨᠦᠭᠲᠦ;

      (ᠳᠥᠷᠪᠡ) ᠭᠤᠶᠤᠴᠢᠯᠠᠭᠴᠢ ᠵᠢᠨ ᠲᠣᠰ ᠠᠷᠭ᠎ᠠ ᠵᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠠᠵᠢᠯ᠎ᠤᠨ ᠥᠩᠭᠡᠷᠡᠯᠲᠡ᠂ ᠠᠵᠢᠯ ᠡᠷᠭᠢᠯᠡᠭᠰᠡᠨ ᠥᠩᠭᠡᠷᠡᠯᠲᠡ ᠵᠢᠨ ᠭᠡᠷᠡᠴᠢᠯᠡᠯ᠃

      ᠶᠢᠰᠦᠳᠦᠭᠡᠷ  ᠵᠦᠢ᠍ᠯ   ᠰᠢᠭᠤᠳ ᠬᠠᠮᠢᠶᠠᠷᠤᠯᠲᠠ ᠵᠢᠨ ᠪᠠᠢ᠌ᠭᠤᠯᠤᠯ᠎ᠢ ᠬᠡᠷᠡᠭᠵᠢᠭᠦᠯᠵᠦ ᠪᠠᠢ᠌ᠭ᠎ᠠ ᠲᠥᠪ᠎ᠤᠨ ᠨᠠᠮ ᠵᠠᠰᠠᠭ᠎ᠤᠨ ᠪᠠᠢ᠌ᠭᠤᠯᠤᠯᠭ᠎ᠠ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠰᠢᠭᠤᠳ ᠬᠠᠷᠢᠶ᠎ᠠ ᠬᠠᠮᠢᠶᠠᠷᠤᠯᠲᠠ ᠵᠢᠨ ᠨᠢᠭᠡᠴᠡ ᠪᠣᠯᠣᠨ ᠲᠣᠮᠢᠯᠠᠨ ᠰᠠᠭᠤᠯᠭ᠋ᠠᠭᠰᠠᠨ ᠨᠢᠭᠡᠴᠡ ᠵᠢᠨ ᠠᠯᠪᠠᠨ ᠲᠤᠰᠢᠶᠠᠯᠲᠠᠨ ᠠᠯᠪᠠᠨ ᠲᠤᠰᠢᠶᠠᠯᠲᠤ ᠬᠠᠤᠯᠢᠴᠢ ᠪᠣᠯᠬᠤ᠎ᠪᠠᠷ ᠭᠤᠶᠤᠴᠢᠯᠠᠬᠤ᠎ᠳᠤ᠂ ᠪᠠᠢ᠌ᠭ᠎ᠠ ᠪᠠᠢ᠌ᠭᠤᠯᠭ᠎ᠠ ᠨᠢᠭᠡᠴᠡ᠎ᠪᠠᠷ ᠵᠶ᠋ᠡᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠭᠤᠶᠤᠴᠢᠯᠠᠯ ᠭᠠᠷᠭ᠋ᠠᠨ᠎ᠠ᠃

      ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠪᠠᠢ᠌ᠭᠤᠯᠤᠯᠭ᠎ᠠ ᠪᠠ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠠᠨ ᠠᠯᠪᠠᠨ ᠲᠤᠰᠢᠶᠠᠯᠲᠤ ᠬᠠᠤᠯᠢᠴᠢ ᠪᠣᠯᠬᠤ᠎ᠪᠠᠷ ᠭᠤᠶᠤᠴᠢᠯᠠᠪᠠᠯ᠂ ᠪᠠᠢ᠌ᠭ᠎ᠠ ᠪᠠᠢ᠌ᠭᠤᠯᠭ᠎ᠠ ᠨᠢᠭᠡᠴᠡ᠎ᠪᠠᠷ ᠵᠶ᠋ᠡᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠭᠤᠶᠤᠴᠢᠯᠠᠯ ᠭᠠᠷᠭ᠋ᠠᠨ᠎ᠠ᠃

      ᠠᠢ᠌ᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ  ᠱᠠᠲᠤᠨ᠎ᠤ  ᠨᠠᠮ ᠵᠠᠰᠠᠭ᠎ᠤᠨ ᠪᠠᠢ᠌ᠭᠤᠯᠤᠯᠭ᠎ᠠ ᠪᠠ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠠᠨ ᠠᠯᠪᠠᠨ ᠲᠤᠰᠢᠶᠠᠯᠲᠤ ᠬᠠᠤᠯᠢᠴᠢ ᠪᠣᠯᠬᠤ᠎ᠪᠠᠷ ᠭᠤᠶᠤᠴᠢᠯᠠᠬᠤ᠎ᠳᠤ᠂ ᠪᠠᠢ᠌ᠭ᠎ᠠ ᠪᠠᠢ᠌ᠭᠤᠯᠭ᠎ᠠ ᠨᠢᠭᠡᠴᠡ᠎ᠪᠠᠷ ᠵᠶ᠋ᠠᠨ  ᠬᠢᠨᠠᠨ ᠬᠠᠷᠭᠤᠭᠤᠯᠵᠤ ᠵᠦᠪᠰᠢᠶᠡᠷᠡᠭᠦᠯᠦᠭᠰᠡᠨ᠎ᠤ ᠳᠠᠷᠠᠭ᠎ᠠ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠤᠯᠭ᠎ᠠ ᠎ᠳᠤ   ᠭᠤᠶᠤᠴᠢᠯᠠᠯ ᠭᠠᠷᠭ᠋ᠠᠨ᠎ᠠ᠃

      ᠠᠷᠪᠠᠳᠤᠭ᠋ᠠᠷ  ᠵᠦᠢ᠍ᠯ   ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠣᠯᠣᠭᠰᠠᠨ ᠠᠯᠪᠠᠨ ᠲᠤᠰᠢᠶᠠᠯᠲᠤ ᠬᠠᠤᠯᠢᠴᠢ ᠵᠢᠨ ᠭᠤᠶᠤᠴᠢᠯᠠᠯ᠂ ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠠᠢ᠌ᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠮᠡᠳᠡᠭᠦᠯᠵᠦ ᠬᠢᠨᠠᠨ ᠪᠠᠢ᠌ᠴᠠᠭ᠋ᠠᠯᠭ᠋ᠠᠨ᠎ᠠ᠃

      ᠭᠤᠶᠤᠴᠢᠯᠠᠭᠰᠠᠨ  ᠮᠠᠲᠸᠷᠢᠶᠠᠯ ᠎ᠨᠢ ᠪᠦᠷᠢᠨ ᠪᠤᠰᠤ ᠪᠠᠢ᠌ᠪᠠᠯ᠂ ᠠᠢ᠌ᠮᠠᠭ ᠬᠤᠳᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ  ᠪᠠᠢ᠌ᠭᠤᠯᠤᠯᠭ᠎ᠠ᠎ᠨᠤᠭᠤᠳ ᠨᠥᠬᠥᠪᠦᠷᠢᠯᠡᠨ ᠵᠠᠯᠠᠷᠠᠭᠤᠯᠬᠤ ᠴᠢᠬᠤᠯᠠ᠎ᠲᠠᠢ ᠪᠥᠬᠥ ᠠᠭᠤᠯᠭ᠎ᠠ ᠵᠢ ᠨᠢᠭᠡ ᠤᠳᠠᠭ᠎ᠠ ᠵᠢᠨ ᠴᠢᠨᠠᠷᠲᠠᠢ᠎ᠪᠠᠷ ᠮᠡᠳᠡᠭᠳᠡᠬᠦ ᠬᠡᠷᠡᠭᠲᠡᠢ᠃

      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠢᠨᠠᠨ ᠪᠠᠢ᠌ᠴᠠᠭ᠋ᠠᠯᠲᠠ᠎ᠪᠠᠷ ᠳᠡᠮᠵᠢᠨ᠂ ᠭᠤᠶᠤᠴᠢᠯᠠᠭᠴᠢ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠢ᠌ᠴᠡᠵᠦ᠂ ᠭᠤᠶᠤᠴᠢᠯᠠᠭᠰᠠᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠭᠤᠶᠤᠴᠢᠯᠠᠭᠴᠢ᠎ᠳᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠨ᠎ᠠ; ᠭᠤᠶᠤᠴᠢᠯᠠᠭᠴᠢ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠢ᠌ᠴᠡᠬᠦ ᠦᠭᠡᠢ ᠪᠤᠶᠤ ᠭᠤᠶᠤᠴᠢᠯᠠᠬᠤ ᠮᠠᠲ᠋ᠧᠷᠢᠶᠠᠯ ᠵᠶ᠋ᠠᠨ ᠨᠥᠬᠥᠪᠦᠷᠢᠯᠡᠨ ᠵᠠᠯᠠᠷᠠᠭᠤᠯᠤᠭᠰᠠᠨ ᠪᠠᠢ᠌ᠲᠠᠯ᠎ᠠ ᠮᠥᠨ ᠯᠡ ᠪᠦᠷᠢᠨ ᠭᠦᠢ᠍ᠴᠡᠳ ᠦᠭᠡᠢ ᠪᠠᠢ᠌ᠪᠠᠯ᠂ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠬᠤ ᠦᠭᠡᠢ ᠪᠥᠭᠡᠳ ᠭᠤᠶᠤᠴᠢᠯᠠᠭᠴᠢ ᠵᠢᠴᠢ ᠲᠡᠭᠦᠨ᠎ᠤ ᠪᠠᠢ᠌ᠭ᠎ᠠ  ᠪᠠᠢ᠌ᠭᠤᠯᠭ᠎ᠠ  ᠨᠢᠭᠡᠴᠡ᠎ᠳᠤ ᠤᠴᠢᠷ ᠰᠢᠯᠲᠠᠭ᠋ᠠᠨ ᠎ᠢ᠎ᠨᠢ ᠲᠣᠳᠣᠷᠬᠠᠢ᠌ᠯᠠᠵᠤ ᠥᠭᠭᠦᠨ᠎ᠡ᠃

      ᠠᠷᠪᠠᠨ ᠨᠢᠭᠡᠳᠦᠭᠡᠷ  ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ ᠪᠠᠢ᠌ᠭ᠎ᠠ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠢ᠌ᠭᠡᠮᠯᠢᠭ᠎ᠨᠢ ᠵᠢᠯ ᠪᠦᠷᠢ ᠲᠤᠰ ᠬᠠᠷᠢᠶ᠎ᠠ ᠣᠷᠣᠨ᠎ᠤ᠎ᠪᠠᠨ ᠬᠡᠪᠴᠢᠶᠡᠨ᠎ᠳᠠᠬᠢ ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠪᠠ ᠦᠷᠭᠦᠯᠵᠢᠯᠡᠯ ᠰᠤᠷᠭ᠋ᠠᠨ ᠬᠥᠮᠦᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠢ᠃

      ᠠᠷᠪᠠᠨ ᠬᠣᠶᠠᠳᠤᠭ᠋ᠠᠷ  ᠵᠦᠢ᠍ᠯ   ᠠᠯᠪᠠᠨ  ᠲᠤᠰᠢᠶᠠᠯᠲᠤ ᠬᠠᠤᠯᠢᠴᠢ᠎ᠳᠤ  ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠤᠤᠯ᠎ᠤᠨ ᠦᠨᠡᠮᠯᠡᠯ ᠣᠯᠭᠣᠭᠰᠠᠨ ᠪᠠᠢ᠌ᠭᠤᠯᠭ᠎ᠠ᠎ᠠᠴᠠ ᠲᠡᠭᠦᠨ᠎ᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠢ ᠬᠣᠷᠢᠶᠠᠨ ᠠᠪᠴᠤ᠂ ᠬᠦᠴᠦᠨ ᠦᠭᠡᠢ ᠪᠣᠯᠭ᠋ᠠᠨ᠎ᠠ᠄

      (ᠨᠢᠭᠡ) ᠲᠤᠰ ᠬᠥᠮᠥᠨ᠎ᠨᠢ ᠦᠷᠭᠦᠯᠵᠢᠯᠡᠨ ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ᠎ᠢ ᠡᠭᠦᠷᠭᠡᠯᠡᠬᠦ ᠳᠤᠷ᠎ᠠ ᠦᠭᠡᠢ᠂ ᠪᠠᠢ᠌ᠭ᠎ᠠ  ᠪᠠᠢ᠌ᠭᠤᠯᠭ᠎ᠠ ᠨᠢᠭᠡᠴᠡ᠎ᠪᠠᠷ ᠵᠶ᠋ᠡᠨ ᠵᠥᠪᠰᠢᠶᠡᠷᠡᠭᠦᠯᠦᠭᠰᠡᠨ᠎ᠤ ᠲᠠᠷᠠᠭ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠬᠦᠴᠦᠨ ᠦᠭᠡᠢ ᠪᠣᠯᠭ᠋ᠠᠬᠤ᠎ᠪᠠᠷ ᠭᠤᠶᠤᠴᠢᠯᠠᠭᠰᠠᠨ;

      (ᠬᠣᠶᠠᠷ)  ᠪᠠᠢ᠌ᠭ᠎ᠠ ᠪᠠᠢ᠌ᠭᠤᠯᠭ᠎ᠠ ᠨᠢᠭᠡᠴᠡ ᠎ᠨᠢ ᠲᠡᠭᠦᠨ᠎ᠤ ᠦᠷᠭᠦᠯᠵᠢᠯᠡᠨ ᠠᠯᠪᠠᠨ ᠲᠤᠰᠢᠶᠠᠯᠲᠤ ᠬᠠᠤᠯᠢᠴᠢ ᠪᠣᠯᠬᠤ ᠵᠢ ᠵᠥᠪᠰᠢᠶᠡᠷᠡᠬᠦ ᠦᠭᠡᠢ ᠪᠠᠢ᠌ᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠬᠦᠴᠦᠨ ᠦᠭᠡᠢ ᠪᠣᠯᠭ᠋ᠠᠬᠤ᠎ᠪᠠᠷ ᠭᠤᠶᠤᠴᠢᠯᠠᠭᠰᠠᠨ;

      (ᠭᠤᠷᠪᠠ)  ᠲᠤᠰᠢᠶᠠᠯ᠎ᠠᠴᠠ᠎ᠪᠠᠨ ᠪᠠᠭᠤᠬᠤ᠂  ᠰᠢᠯᠵᠢᠭᠦᠯᠵᠦ ᠲᠣᠮᠢᠯᠠᠬᠤ᠂ ᠲᠤᠰᠢᠶᠠᠯ᠎ᠳᠤ ᠰᠢᠯᠵᠢᠬᠦ᠂ ᠨᠠᠰᠤᠨ᠎ᠤ ᠠᠮᠠᠷᠠᠯᠲᠠ ᠠᠪᠬᠤ ᠪᠤᠶᠤ ᠠᠵᠢᠯ᠎ᠠᠴᠠ᠎ᠨᠢ ᠵᠣᠭᠰᠤᠭ᠋ᠠᠬᠤ᠂ ᠠᠵᠢᠯ᠎ᠠᠴᠠ᠎ᠨᠢ ᠬᠥᠭᠡᠭᠡᠬᠦ ᠵᠡᠷᠭᠡ ᠰᠢᠯᠲᠠᠭ᠋ᠠᠨ᠎ᠠᠴᠠ ᠪᠣᠯᠵᠤ ᠠᠯᠪᠠᠨ ᠲᠤᠰᠢᠶᠠᠯᠳᠤ  ᠬᠠᠤᠯᠢᠴᠢ ᠪᠣᠯᠬᠤ ᠨᠥᠬᠥᠴᠡᠯ᠎ᠢ ᠪᠦᠷᠢᠯᠳᠦᠭᠦᠯᠬᠦ᠎ᠪᠠᠨ ᠪᠣᠯᠢᠭᠰᠠᠨ;

      (ᠳᠥᠷᠪᠡ)  ᠠᠯᠪᠠᠨ ᠲᠤᠰᠢᠶᠠᠯᠲᠤ ᠬᠠᠤᠯᠢᠴᠢ ᠵᠢᠨ ᠣᠨ᠎ᠤ ᠬᠢᠨᠠᠨ ᠰᠢᠯᠭ᠋ᠠᠯᠲᠠ᠎ᠳᠤ ᠵᠠᠯᠭ᠋ᠠᠭ᠋ᠠᠪᠠᠷ ᠬᠣᠶᠠᠷ ᠤᠳᠠᠭ᠎ᠠ ᠲᠤᠰᠢᠶᠠᠯ᠎ᠳᠠᠭᠠᠨ ᠦᠯᠦ  ᠲᠣᠬᠢᠷᠠᠬᠤ ᠭᠡᠵᠦ ᠦᠨᠡᠯᠡᠭᠳᠡᠭᠰᠡᠨ;

      (ᠲᠠᠪᠤ) ᠮᠡᠬᠡᠯᠡᠬᠦ᠂ ᠨᠢᠭᠤᠨ ᠳᠠᠯᠳᠠᠯᠠᠬᠤ᠂ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ ᠵᠡᠷᠭᠡ ᠲᠥᠪ ᠪᠤᠰᠤ ᠠᠷᠭ᠎ᠠ ᠪᠠᠷᠢᠯ ᠵᠶ᠋ᠠᠷ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠣᠭᠰᠠᠨ;

      (ᠵᠢᠷᠭᠤᠭ᠎ᠠ) ᠲᠥᠯᠥᠪᠦᠷᠢ᠎ᠲᠠᠢ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠬᠢᠭᠰᠡᠨ᠂ ᠡᠰᠡᠬᠦᠯ᠎ᠡ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠢᠴᠢ ᠪᠤᠰᠤᠳ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠲᠤᠰᠢᠶᠠᠯ ᠬᠠᠪᠰᠤᠷᠭ᠋ᠠᠨ ᠬᠠᠷᠢᠭᠤᠴᠠᠭᠰᠠᠨ;

      (ᠲᠤᠯᠤᠭ᠎ᠠ) ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ᠎ᠢ ᠦᠷᠭᠦᠯᠵᠢᠯᠡᠨ ᠡᠭᠦᠷᠭᠡᠯᠡᠵᠦ ᠦᠯᠦ ᠪᠣᠯᠬᠤ ᠪᠤᠰᠤᠳ ᠪᠠᠢ᠌ᠳᠠᠯ᠎ᠤᠳ᠃

      ᠠᠯᠪᠠᠨ ᠲᠤᠰᠢᠶᠠᠯᠲᠤ ᠬᠠᠤᠯᠢᠴᠢ᠎ᠳᠤ ᠳᠡᠭᠡᠷ᠎ᠡ ᠳᠤᠷᠠᠳᠤᠭᠰᠠᠨ ᠲᠣᠭᠲᠠᠭ᠋ᠠᠯ᠎ᠤᠨ ᠪᠠᠢ᠌ᠳᠠᠯ ᠭᠠᠷᠪᠠᠯ᠂ ᠪᠠᠢ᠌ᠭ᠎ᠠ ᠨᠢᠭᠡᠴᠡ᠎ᠨᠢ ᠲᠡᠭᠦᠨ᠎ᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ᠎ᠢ ᠴᠠᠭ ᠲᠤᠬᠠᠢ᠎ᠳᠤᠨᠢ ᠬᠣᠷᠢᠶᠠᠨ ᠠᠪᠬᠤ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠬᠦᠴᠦᠨ ᠦᠭᠡᠢ ᠪᠣᠯᠭ᠋ᠠᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠢ᠃

      ᠠᠷᠪᠠᠨ ᠭᠤᠷᠪᠠᠳᠤᠭ᠋ᠠᠷ ᠵᠦᠢ᠍ᠯ   ᠠᠯᠪᠠᠨ ᠲᠤᠰᠢᠶᠠᠯᠲᠤ ᠬᠠᠤᠯᠢᠴᠢ ᠵᠢᠨ ᠲᠤᠰᠢᠶᠠᠯ᠎ᠢ ᠡᠭᠦᠷᠭᠡᠯᠡᠭᠡᠳ ᠪᠦᠬᠦᠯᠢ ᠭᠤᠷᠪᠠᠨ ᠵᠢᠯ ᠪᠣᠯᠤᠭᠰᠠᠨ ᠪᠥᠭᠡᠳ ᠬᠠᠮᠤᠭ ᠰᠡᠭᠦᠯᠴᠢ ᠵᠢᠨ ᠨᠢᠭᠡ ᠤᠳᠠᠭ᠋ᠠᠨ᠎ᠤ ᠠᠯᠪᠠᠨ ᠲᠤᠰᠢᠶᠠᠯᠲᠤ ᠬᠠᠤᠯᠢᠴᠢ ᠵᠢᠨ  ᠣᠨ᠎ᠤ ᠬᠢᠨᠠᠨ ᠰᠢᠯᠭ᠋ᠠᠯᠲᠠ᠎ᠳᠤ ᠲᠤᠰᠢᠶᠠᠯ᠎ᠳᠠᠭᠠᠨ ᠲᠣᠬᠢᠷᠠᠭᠰᠠᠨ ᠬᠥᠮᠥᠰ ᠵᠶ᠋ᠡᠷ ᠲᠣᠭᠲᠠᠭ᠋ᠠᠭᠳᠠᠭᠰᠠᠨ ᠪᠠᠢ᠌ᠪᠠᠯ᠂ ᠤᠤᠯ ᠨᠢᠭᠡᠴᠡ᠎ᠠᠴᠠ᠎ᠪᠠᠨ ᠰᠠᠯᠤᠭᠰᠠᠨ᠎ᠤ ᠳᠠᠷᠠᠭ᠎ᠠ ᠬᠠᠤᠯᠢᠴᠢ ᠵᠢᠨ ᠠᠵᠢᠯ ᠡᠷᠭᠢᠯᠡᠬᠦ᠎ᠪᠠᠷ ᠭᠤᠶᠤᠴᠢᠯᠠᠭᠰᠠᠨ ᠪᠠᠢ᠌ᠪᠠᠯ᠂ ᠬᠠᠤᠯᠢᠴᠢ ᠵᠢᠨ ᠨᠡᠢ᠌ᠭᠡᠮᠯᠢᠭ᠎ᠤᠨ ᠬᠢᠨᠠᠨ ᠰᠢᠯᠭ᠋ᠠᠯᠲᠠ᠎ᠪᠠᠷ ᠳᠡᠮᠵᠢᠨ ᠬᠢᠷᠢ ᠲᠡᠩᠴᠡᠭᠰᠡᠨ᠎ᠤ ᠳᠠᠷᠠᠭ᠎ᠠ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠬᠠᠤᠯᠢᠴᠢ ᠵᠢᠨ ᠠᠵᠢᠯ ᠡᠷᠭᠢᠯᠡᠬᠦ ᠦᠨᠡᠮᠯᠡᠯ ᠤᠯᠭᠤᠬᠤ ᠎ᠪᠠᠷ ᠰᠢᠭᠤᠳ ᠭᠤᠶᠤᠴᠢᠯᠠᠵᠤ  ᠪᠣᠯᠣᠨ᠎ᠠ᠂ ᠲᠡᠭᠦᠨ᠎ᠤ ᠠᠯᠪᠠᠨ  ᠲᠤᠰᠢᠶᠠᠯᠲᠤ ᠬᠠᠤᠯᠢᠴᠢ ᠵᠢᠨ ᠲᠤᠰᠢᠶᠠᠯ ᠡᠭᠦᠷᠭᠡᠯᠡᠭᠰᠡᠨ ᠥᠩᠭᠡᠷᠡᠯᠲᠡ ᠵᠢ ᠨᠡᠢ᠌ᠭᠡᠮ᠎ᠤᠨ ᠬᠠᠤᠯᠢᠴᠢ ᠵᠢᠨ ᠠᠵᠢᠯ ᠡᠷᠭᠢᠯᠡᠭᠰᠡᠨ ᠵᠢᠯ ᠬᠤᠭᠤᠴᠠᠭ᠎ᠠ᠎ᠳᠤ ᠪᠤᠳᠤᠵᠤ ᠣᠷᠣᠭᠤᠯᠤᠨ᠎ᠠ᠃

      ᠠᠷᠪᠠᠨ ᠳᠥᠷᠪᠡᠳᠦᠭᠡᠷ  ᠵᠦᠢ᠍ᠯ   ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠳᠦᠷᠢᠮ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠤᠰᠢᠶᠠᠯ᠎ᠢ ᠡᠭᠦᠷᠭᠡᠯᠡᠭᠰᠡᠨ ᠪᠣᠯᠪᠠᠴᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠪᠤᠶᠤ ᠬᠠᠤᠯᠢᠴᠢ ᠵᠢᠨ ᠬᠢᠷᠢ ᠬᠡᠮ᠎ᠢ ᠬᠠᠤᠯᠢ ᠶᠣᠰᠣᠭ᠋ᠠᠷ ᠣᠯᠣᠭ᠋ᠠᠳᠤᠢ ᠬᠥᠮᠥᠰ ᠳᠣᠣᠷ᠎ᠠ ᠵᠢᠭᠰᠠᠭ᠋ᠠᠭᠰᠠᠨ ᠨᠥᠬᠥᠴᠡᠯ᠎ᠢ ᠬᠠᠮᠲᠤ᠎ᠳᠤᠨᠢ ᠪᠦᠷᠢᠯᠳᠦᠭᠦᠯᠦᠭᠰᠡᠨ ᠪᠠᠢ᠌ᠪᠠᠯ᠂ ᠬᠠᠤᠯᠢ ᠴᠠᠭ᠋ᠠᠵᠠ ᠵᠢᠨ ᠶᠠᠮᠤᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠪᠡᠯ (ᠬᠠᠤᠯᠢ ᠴᠠᠭ᠋ᠠᠵᠠ ᠵᠢᠨ ᠶᠠᠮᠤᠨ᠎ᠤ ᠬᠢᠨᠠᠨ ᠰᠢᠯᠭ᠋ᠠᠬᠤ ᠨᠠᠷᠢᠨ ᠳᠦᠷᠢᠮ᠎ᠢ ᠨᠡᠢ᠌ᠲᠡᠯᠡᠭᠰᠡᠨ᠎ᠤ ᠲᠠᠷᠠᠭ᠎ᠠ ᠮᠡᠳᠡᠭᠦᠯᠵᠦ ᠪᠣᠯᠣᠨ᠎ᠠ)᠂ ᠲᠡᠭᠦᠨ᠎ᠳᠤ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠭᠣᠵᠤ ᠪᠣᠯᠣᠨ᠎ᠠ᠄

      (ᠨᠢᠭᠡ) ᠨᠠᠮ ᠵᠠᠰᠠᠭ᠎ᠤᠨ ᠪᠠᠢ᠌ᠭᠤᠯᠭ᠎ᠠ᠂ ᠠᠷᠠᠳ᠎ᠤᠨ ᠪᠦᠯᠬᠦᠮ᠎ᠳᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠤᠰᠢᠶᠠᠯ᠎ᠢ ᠪᠦᠬᠦᠯᠢ ᠠᠷᠪᠠᠨ ᠲᠠᠪᠤᠨ ᠵᠢᠯ ᠡᠭᠦᠷᠭᠡᠯᠡᠭᠰᠡᠨ;

      (ᠬᠣᠶᠠᠷ) ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠦᠷᠦᠯ᠎ᠤᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ ᠪᠥᠭᠡᠳ ᠪᠠᠴᠸᠯᠸᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ ᠣᠯᠣᠭᠰᠠᠨ᠂ ᠡᠰᠡᠬᠦᠯ᠎ᠡ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠦᠷᠦᠯ᠎ᠤᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠪᠥᠭᠡᠳ ᠬᠠᠤᠯᠢ ᠴᠠᠭ᠋ᠠᠵᠠ ᠵᠢᠨ ᠮᠠᠰᠲ᠋ᠧᠷ᠂ ᠬᠠᠤᠯᠢ ᠵᠢᠨ ᠤᠬᠠᠭ᠋ᠠᠨ᠎ᠤ ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ ᠣᠯᠣᠭᠰᠠᠨ ᠪᠤᠶᠤ ᠪᠤᠰᠤᠳ ᠵᠣᠬᠢᠴᠠᠩᠭᠤᠢ ᠡᠷᠳᠡᠮ᠎ᠤᠨ ᠴᠣᠯᠠ ᠣᠯᠣᠭᠰᠠᠨ;

      (ᠭᠤᠷᠪᠠ)  ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠤᠶᠤ ᠠᠳᠠᠯᠢ ᠲᠡᠰ᠎ᠤᠨ ᠲᠤᠰᠬᠠᠢ ᠮᠡᠷᠭᠡᠵᠢᠯ᠎ᠤᠨ ᠬᠢᠷᠢ ᠬᠡᠮᠵᠢᠶ᠎ᠡ᠎ᠲᠠᠢ ᠪᠠᠢ᠌ᠬᠤ᠃

      ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠠᠯᠪᠠᠨ ᠲᠤᠰᠢᠶᠠᠯᠲᠤ ᠬᠠᠤᠯᠢᠴᠢ ᠵᠢᠨ ᠦᠨᠡᠮᠯᠡᠯ ᠣᠯᠣᠭᠰᠠᠨ ᠠᠵᠢᠯᠲᠠᠨ ᠤᠤᠯ᠎ᠤᠨ  ᠪᠠᠢ᠌ᠭᠤᠯᠭ᠎ᠠ ᠨᠢᠭᠡᠴᠡ᠎ᠠᠴᠠ᠎ᠪᠠᠨ ᠰᠠᠯᠤᠭᠰᠠᠨ᠎ᠤ ᠲᠠᠷᠠᠭ᠎ᠠ ᠨᠡᠢ᠌ᠭᠡᠮ᠎ᠤᠨ ᠬᠠᠤᠯᠢᠴᠢ ᠵᠢᠨ ᠠᠵᠢᠯ ᠡᠷᠬᠢᠯᠡᠬᠦ᠎ᠪᠠᠷ ᠭᠤᠶᠤᠴᠢᠯᠠᠬᠤ᠎ᠳᠤ ᠬᠦᠷᠪᠡᠯ᠂ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃

      ᠭᠤᠷᠪᠠᠳᠤᠭ᠋ᠠᠷ ᠪᠦᠯᠦᠭ    ᠭᠣᠣᠯ ᠡᠭᠦᠷᠭᠡ  ᠬᠠᠷᠢᠭᠤᠴᠠᠯᠭ᠎ᠠ

      ᠠᠷᠪᠠᠨ ᠲᠠᠪᠤᠳᠤᠭ᠋ᠠᠷ ᠵᠦᠢ᠍ᠯ   ᠠᠯᠪᠠᠨ  ᠲᠤᠰᠢᠶᠠᠯᠲᠤ ᠬᠠᠤᠯᠢᠴᠢ  ᠪᠠᠢ᠌ᠭ᠎ᠠ ᠪᠠᠢ᠌ᠭᠤᠯᠭ᠎ᠠ ᠨᠢᠭᠡᠴᠡ ᠵᠢᠨ ᠵᠶ᠋ᠡᠨ ᠨᠠᠶ᠋ᠢᠳᠠᠯᠭ᠎ᠠ ᠪᠤᠶᠤ ᠲᠣᠮᠢᠯᠠᠯᠲᠠ᠎ᠪᠠᠷ ᠳᠣᠣᠷ᠎ᠠ ᠵᠢᠭᠰᠠᠭ᠋ᠠᠭᠰᠠᠨ ᠬᠠᠤᠯᠢ ᠴᠠᠭ᠋ᠠᠵᠠ ᠵᠢᠨ ᠠᠵᠢᠯ᠎ᠢ ᠡᠷᠬᠢᠯᠡᠵᠦ ᠪᠣᠯᠣᠨ᠎ᠠ᠄

      (ᠨᠢᠭᠡ)  ᠪᠠᠢ᠌ᠭ᠎ᠠ ᠪᠠᠢ᠌ᠭᠤᠯᠭ᠎ᠠ ᠨᠢᠭᠡᠴᠡ ᠵᠢᠨ ᠵᠶ᠋ᠡᠨ ᠴᠢᠬᠤᠯᠠ ᠶᠡᠬᠡ ᠵᠦᠢ᠍ᠯᠡᠰ᠎ᠢ ᠶᠠᠷᠢᠯᠴᠠᠨ ᠲᠣᠭᠲᠠᠭ᠋ᠠᠬᠤ᠎ᠳᠤ ᠬᠠᠤᠯᠢ ᠴᠠᠭ᠋ᠠᠵᠠ ᠵᠢᠨ ᠰᠠᠨᠠᠯ ᠬᠠᠩᠭ᠋ᠠᠬᠤ;

      (ᠬᠣᠶᠠᠷ) ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠲᠥᠰᠥᠯ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠥᠰᠥᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠦᠷᠭᠡᠵᠦ ᠬᠢᠨᠠᠭᠤᠯᠬᠤ ᠨᠣᠣᠷᠠᠭ᠎ᠢ ᠲᠤᠭᠤᠷᠪᠢᠬᠤ᠂ ᠨᠤᠲᠠᠯᠠᠬᠤ᠎ᠳᠤ ᠣᠷᠣᠯᠴᠠᠨ᠎ᠠ;

      (ᠭᠤᠷᠪᠠ) ᠬᠠᠮᠲᠤᠷᠠᠯᠴᠠᠭ᠋ᠠᠨ᠎ᠤ ᠵᠦᠢ᠍ᠯᠡᠰ᠎ᠤᠨ ᠵᠥᠪᠳᠡᠯᠴᠡᠭᠡ᠂ ᠭᠠᠳᠠᠭᠰᠢ ᠳᠠᠭ᠋ᠠᠭ᠋ᠠᠴᠢᠯᠠᠯᠲᠠ ᠵᠠᠷᠯᠠᠬᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠬᠡᠷᠡᠭ ᠶᠠᠪᠤᠳᠠᠯ᠎ᠳᠤ ᠣᠷᠣᠯᠴᠠᠵᠤ᠂ ᠴᠢᠬᠤᠯᠠ ᠬᠠᠤᠯᠢ ᠴᠠᠭ᠋ᠠᠵᠠ ᠵᠢᠨ ᠪᠢᠴᠢᠭ ᠬᠠᠷ᠎ᠠ ᠪᠤᠶᠤ ᠭᠡᠷ᠎ᠡ᠂ ᠬᠡᠯᠡᠯᠴᠡᠭᠡᠷ᠎ᠢ ᠲᠤᠭᠤᠷᠪᠢᠬᠤ᠂ ᠵᠠᠰᠠᠯᠳᠠ ᠤᠷᠤᠭᠤᠯᠬᠤ᠂ ᠬᠢᠨᠠᠨ ᠬᠠᠷᠭᠤᠭᠤᠯᠬᠤ ᠎ᠳᠤ ᠤᠷᠤᠯᠴᠠᠨ᠎ᠠ;

      (ᠳᠥᠷᠪᠡ) ᠵᠠᠬᠢᠳᠠᠯ ᠰᠣᠷᠪᠤᠯᠵᠢᠯᠠᠭ᠎ᠠ ᠵᠢ ᠬᠦᠯᠢᠶᠡᠨ ᠠᠪᠬᠤ᠂ ᠵᠥᠷᠢᠴᠡᠯ᠎ᠢ ᠡᠶᠡᠳᠡᠭᠦᠯᠦᠨ ᠰᠢᠢ᠍ᠳᠪᠦᠷᠢᠯᠡᠬᠦ᠂ ᠬᠠᠤᠯᠢ ᠴᠠᠭ᠋ᠠᠵᠠ᠎ᠳᠤ ᠬᠣᠯᠪᠣᠭᠳᠠᠭᠰᠠᠨ ᠵᠠᠷᠭᠤ᠎ᠳᠤ ᠬᠣᠯᠪᠣᠭᠳᠠᠭᠰᠠᠨ ᠬᠡᠷᠡᠭ᠎ᠢ ᠠᠷᠢᠯᠭ᠋ᠠᠬᠤ᠂ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠂ ᠤᠯᠤᠰ᠎ᠤᠨ ᠲᠥᠯᠥᠪᠦᠷᠢ ᠥᠭᠬᠦ ᠵᠡᠷᠭᠡ ᠠᠵᠢᠯ᠎ᠳᠤ ᠤᠷᠤᠯᠴᠠᠨ᠎ᠠ;

      (ᠲᠠᠪᠤ)  ᠵᠠᠰᠠᠭ ᠵᠠᠬᠢᠷᠭ᠋ᠠᠨ᠎ᠤ ᠰᠢᠳᠬᠡᠯ᠎ᠢ ᠬᠢᠨᠠᠨ ᠬᠠᠷᠭᠤᠭᠤᠯᠬᠤ᠂ ᠵᠠᠰᠠᠭ ᠵᠠᠬᠢᠷᠭ᠋ᠠᠨ᠎ᠤ ᠲᠡᠰᠦᠯᠦᠯᠳᠠ ᠬᠢᠬᠦ᠂ ᠵᠠᠰᠠᠭ ᠵᠠᠬᠢᠷᠭ᠋ᠠᠨ ᠵᠶ᠋ᠠᠷ ᠲᠡᠬᠢᠠ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠢᠬᠦ ᠵᠡᠷᠭᠡ ᠠᠵᠢᠯ᠎ᠳᠤ ᠣᠷᠣᠯᠴᠠᠨ᠎ᠠ;

      (ᠵᠢᠷᠭᠤᠭ᠎ᠠ) 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ  ᠥᠷᠨᠢᠭᠦᠯᠦᠨ᠎ᠡ;

      (ᠲᠤᠯᠦᠭ᠎ᠠ)  ᠢᠷᠭᠡᠨ᠎ᠤ ᠬᠡᠷᠡᠭ᠎ᠤᠨ ᠵᠠᠷᠭᠤᠯᠳᠤᠬᠤ ᠪᠠ ᠡᠶᠡᠳᠡᠭᠦᠯᠬᠦ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠨ᠎ᠡ;

      (ᠨᠠᠢ᠍ᠮᠠ)  ᠪᠠᠢ᠌ᠭ᠎ᠠ ᠪᠠᠢ᠌ᠭᠤᠯᠭ᠎ᠠ ᠨᠢᠭᠡᠴᠡ ᠵᠢᠨ ᠨᠠᠢ᠌ᠳᠠᠭᠰᠠᠨ ᠪᠤᠶᠤ ᠵᠢᠭ᠋ᠠᠨ ᠲᠣᠮᠢᠯᠠᠭᠰᠠᠨ ᠪᠤᠰᠤᠳ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠃

      ᠠᠷᠪᠠᠨ ᠵᠢᠷᠭᠤᠳᠤᠭ᠋ᠠᠷ ᠵᠦᠢ᠍ᠯ   ᠠᠯᠪᠠᠨ  ᠲᠤᠰᠢᠶᠠᠯᠲᠤ ᠬᠠᠤᠯᠢᠴᠢ ᠠᠭᠤᠯᠵᠠᠬᠤ᠂ ᠡᠪᠬᠡᠮᠡᠯ ᠦᠵᠡᠬᠦ᠂ ᠪᠠᠢ᠌ᠴᠠᠭ᠋ᠠᠵᠤ ᠭᠡᠷᠡᠴᠢ ᠠᠪᠬᠤ ᠪᠠ ᠠᠰᠠᠭᠤᠯᠲᠠ ᠲᠠᠯᠪᠢᠬᠤ᠂ ᠲᠤᠯᠭ᠋ᠠᠨ ᠭᠡᠷᠡᠴᠢᠯᠡᠬᠦ᠂ ᠮᠠᠷᠭᠤᠯᠳᠤᠬᠤ᠂ ᠥᠮᠥᠭᠯᠡᠬᠦ ᠵᠡᠷᠭᠡ ᠡᠷᠬᠡ ᠵᠢ ᠬᠠᠤᠯᠢ ᠶᠣᠰᠣᠭ᠋ᠠᠷ ᠡᠳ᠋ᠯᠡᠨ᠎ᠡ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠲᠠᠢ ᠬᠣᠯᠪᠣᠭᠳᠠᠬᠤ ᠮᠡᠳᠡᠭᠡ ᠵᠠᠩᠭᠢ᠂ ᠪᠢᠴᠢᠭ ᠮᠠᠲ᠋ᠧᠷᠢᠶᠠᠯ᠂ ᠮᠠᠲ᠋ᠧᠷᠢᠶᠠᠯ ᠪᠠ ᠪᠤᠰᠤᠳ ᠴᠢᠬᠤᠯᠠ ᠪᠦᠬᠦᠢ ᠠᠵᠢᠯ᠎ᠤᠨ ᠡᠷᠬᠡ ᠲᠤᠰᠢᠶᠠᠯ᠂ ᠨᠥᠬᠥᠴᠡᠯ᠎ᠢ ᠣᠯᠬᠤ ᠡᠷᠬᠡ᠎ᠲᠠᠢ᠃

      ᠠᠯᠪᠠᠨ ᠲᠤᠰᠢᠶᠠᠯᠲᠤ ᠬᠠᠤᠯᠢᠴᠢ  ᠪᠠᠢ᠌ᠭ᠎ᠠ ᠪᠠᠢ᠌ᠭᠤᠯᠭ᠎ᠠ ᠨᠢᠭᠡᠴᠡ ᠵᠢᠨ ᠵᠶ᠋ᠡᠨ ᠬᠠᠮᠢᠶᠠᠷᠤᠯᠲᠠ᠂ ᠬᠢᠨᠠᠯᠲᠠ ᠵᠢ ᠬᠦᠯᠢᠶᠡᠵᠦ᠂ ᠨᠠᠶ᠋ᠢᠳᠠᠯᠭ᠎ᠠ ᠪᠤᠶᠤ ᠲᠣᠮᠢᠯᠠᠯᠲᠠ ᠵᠢ ᠦᠨᠳᠦᠰᠦᠯᠡᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠭᠦᠢ᠍ᠴᠡᠳᠬᠡᠬᠦ ᠬᠡᠷᠡᠭᠲᠡᠢ᠂ ᠲᠥᠯᠥᠪᠦᠷᠢ᠎ᠲᠠᠢ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠢᠵᠦ ᠪᠣᠯᠬᠤ ᠦᠭᠡᠢ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠲᠤᠰᠢᠶᠠᠯ ᠬᠠᠪᠰᠤᠷᠭ᠋ᠠᠨ ᠬᠠᠷᠢᠭᠤᠴᠠᠵᠤ ᠪᠣᠯᠬᠤ ᠦᠭᠡᠢ᠃

      ᠠᠯᠪᠠᠨ  ᠲᠤᠰᠢᠶᠠᠯᠲᠤ ᠬᠠᠤᠯᠢᠴᠢ ᠬᠠᠤᠯᠢᠴᠢ ᠵᠢᠨ ᠬᠤᠪᠢ᠎ᠪᠠᠷ ᠠᠵᠢᠯᠯᠠᠵᠤ  ᠪᠠᠢ᠌ᠭ᠎ᠠ ᠪᠠᠢ᠌ᠭᠤᠯᠭ᠎ᠠ ᠨᠢᠭᠡᠴᠡ᠎ᠠᠴᠠ᠎ᠪᠠᠨ ᠭᠠᠳᠠᠨᠠᠬᠢ ᠵᠠᠷᠭᠤ ᠵᠢᠨ ᠪᠤᠶᠤ ᠵᠠᠷᠭᠤ ᠵᠢᠨ ᠪᠤᠰᠤ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠭᠦᠢ᠍ᠴᠡᠳᠬᠡᠵᠦ ᠪᠣᠯᠬᠤ ᠦᠭᠡᠢ᠃

      ᠠᠷᠪᠠᠨ ᠳᠣᠯᠣᠳᠤᠭ᠋ᠠᠷ ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠰᠢᠢ᠍ᠳᠪᠦᠷᠢᠲᠦ ᠪᠣᠳᠣᠯᠭ᠎ᠠ ᠵᠢᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠯᠪᠠᠨ ᠲᠤᠰᠢᠶᠠᠯᠲᠤ ᠬᠠᠤᠯᠢᠴᠢ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ ᠶᠠᠪᠤᠴᠠ᠎ᠳᠤ᠂ ᠬᠠᠤᠯᠢ ᠴᠠᠭ᠋ᠠᠵᠠ ᠵᠢᠨ ᠰᠠᠨᠠᠯ ᠳᠤᠷᠠᠳᠬᠤ ᠵᠢ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠴᠢᠬᠤᠯᠠ ᠵᠢᠷᠤᠮ ᠪᠣᠯᠭ᠋ᠠᠬᠤ ᠬᠡᠷᠡᠭᠲᠡᠢ᠃

      ᠠᠯᠪᠠᠨ ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ ᠎ᠨᠢ ᠴᠢᠬᠤᠯᠠ ᠶᠡᠬᠡ ᠤᠴᠢᠷ ᠶᠠᠪᠤᠳᠠᠯ᠎ᠢ ᠶᠠᠷᠢᠯᠴᠠᠵᠤ ᠲᠣᠭᠲᠠᠭ᠋ᠠᠬᠤ᠎ᠠᠴᠠ᠎ᠪᠠᠨ ᠡᠮᠦᠨ᠎ᠡ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠬᠡᠷᠡᠭᠲᠡᠢ᠃ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠶᠣᠰᠣᠲᠠᠢ ᠪᠠᠢ᠌ᠲᠠᠯ᠎ᠠ ᠰᠣᠨᠣᠰᠤᠭᠰᠠᠨ ᠦᠭᠡᠢ ᠵᠦᠢ᠍ᠯᠡᠰ᠂ ᠡᠰᠡᠬᠦᠯ᠎ᠡ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ᠎ᠳᠤ ᠨᠡᠢ᠌ᠴᠡᠬᠦ ᠦᠭᠡᠢ ᠭᠡᠵᠦ ᠦᠵᠡᠭᠰᠡᠨ ᠵᠦᠢ᠍ᠯᠡᠰ᠎ᠢ ᠶᠠᠷᠢᠯᠴᠠᠭᠤᠯᠬᠤ᠎ᠪᠠᠷ ᠳᠡᠪᠰᠢᠭᠦᠯᠦᠨ ᠲᠤᠰᠢᠶᠠᠵᠤ ᠲᠣᠭᠲᠠᠭ᠋ᠠᠯ ᠭᠠᠷᠭ᠋ᠠᠭᠤᠯᠵᠤ ᠪᠣᠯᠬᠤ ᠦᠭᠡᠢ᠃

      ᠠᠯᠪᠠᠨ ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠲᠥᠰᠥᠯ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠥᠰᠥᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠦᠷᠭᠡᠵᠦ ᠬᠢᠨᠠᠭᠤᠯᠬᠤ ᠨᠣᠣᠷᠠᠭ᠎ᠢ ᠲᠤᠭᠤᠷᠪᠢᠨ ᠪᠢᠴᠢᠬᠦ᠂ ᠨᠤᠲᠠᠯᠠᠬᠤ᠎ᠳᠠᠭᠠᠨ ᠠᠯᠪᠠᠨ ᠲᠤᠰᠢᠶᠠᠯᠲᠤ ᠬᠠᠤᠯᠢᠴᠢ ᠵᠢ ᠣᠷᠣᠯᠴᠠᠭᠤᠯᠬᠤ᠎ᠪᠠᠷ ᠲᠣᠬᠢᠷᠠᠭᠤᠯᠬᠤ ᠪᠤᠶᠤ ᠲᠡᠭᠦᠨ᠎ᠤ ᠬᠠᠤᠯᠢ ᠴᠠᠭ᠋ᠠᠵᠠ ᠵᠢᠨ ᠰᠠᠨᠠᠯ᠎ᠢ ᠰᠣᠨᠣᠰᠬᠤ ᠬᠡᠷᠡᠭᠲᠡᠢ᠃

      ᠠᠷᠪᠠᠨ ᠨᠠᠢ᠍ᠮᠠᠳᠤᠭ᠋ᠠᠷ ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ ᠎ᠨᠢ ᠠᠯᠪᠠᠨ ᠲᠤᠰᠢᠶᠠᠯᠲᠤ ᠬᠠᠤᠯᠢᠴᠢ ᠵᠢᠨ ᠴᠢᠬᠤᠯᠠ ᠬᠤᠷᠠᠯᠳᠤᠭ᠋ᠠᠨ᠎ᠳᠤ ᠰᠤᠯᠠ ᠣᠷᠣᠯᠴᠠᠬᠤ᠂ ᠪᠢᠴᠢᠭ ᠮᠠᠲ᠋ᠧᠷᠢᠶᠠᠯ ᠪᠠᠢ᠌ᠴᠠᠭ᠋ᠠᠨ ᠦᠵᠡᠬᠦ᠂ ᠬᠠᠤᠯᠢ ᠴᠠᠭ᠋ᠠᠵᠠ ᠵᠢᠨ ᠰᠠᠨᠠᠯ ᠭᠠᠷᠭ᠋ᠠᠬᠤ᠂ ᠬᠣᠯᠪᠣᠭᠳᠠᠯ ᠪᠦᠬᠦᠢ ᠪᠢᠴᠢᠭ ᠬᠠᠷ᠎ᠠ ᠵᠢ ᠬᠢᠨᠠᠨ ᠭᠠᠷ᠎ᠤᠨ ᠦᠰᠦᠭ ᠵᠢᠷᠤᠬᠤ ᠠᠵᠢᠯ᠎ᠤᠨ ᠶᠠᠪᠤᠴᠠ ᠪᠠ ᠳᠦᠷᠢᠮ᠎ᠤᠨ ᠲᠣᠬᠢᠷᠠᠭᠤᠯᠤᠯᠲᠠ ᠵᠢ ᠲᠡᠭᠦᠯᠳᠡᠷᠵᠢᠭᠦᠯᠵᠦ᠂ ᠴᠢᠬᠤᠯᠠ ᠪᠦᠬᠦᠢ ᠠᠵᠢᠯᠯᠠᠬᠤ ᠨᠥᠬᠥᠴᠡᠯ ᠪᠠ ᠵᠠᠷᠤᠳᠠᠯ᠎ᠤᠨ ᠳᠡᠮᠵᠢᠯᠭᠡ ᠬᠠᠩᠭ᠋ᠠᠵᠤ᠂ ᠠᠯᠪᠠᠨ ᠲᠤᠰᠢᠶᠠᠯᠲᠤ ᠬᠠᠤᠯᠢᠴᠢ ᠵᠢᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠬᠤ ᠬᠡᠷᠡᠭᠲᠡᠢ᠃

      ᠠᠷᠪᠠ ᠶᠢᠰᠦᠳᠦᠭᠡᠷ ᠵᠦᠢ᠍ᠯ   ᠠᠯᠪᠠᠨ  ᠲᠤᠰᠢᠶᠠᠯᠲᠤ ᠬᠠᠤᠯᠢᠴᠢ᠎ᠨᠢ ᠬᠠᠤᠯᠢᠴᠢ ᠵᠢᠨ ᠨᠡᠢ᠌ᠭᠡᠮᠯᠢᠭ᠎ᠲᠤ ᠣᠷᠣᠵᠤ᠂ ᠭᠡᠰᠢᠭᠦᠨ᠎ᠤ ᠡᠷᠬᠡ ᠵᠢ ᠡᠳ᠋ᠯᠡᠵᠦ᠂ ᠭᠡᠰᠢᠭᠦᠨ᠎ᠤ ᠡᠭᠦᠷᠭᠡ ᠵᠢ ᠭᠦᠢ᠍ᠴᠡᠳᠬᠡᠬᠦ ᠬᠡᠷᠡᠭᠲᠡᠢ᠃

      ᠲᠥᠪ᠎ᠤᠨ ᠨᠠᠮ ᠵᠠᠰᠠᠭ᠎ᠤᠨ ᠪᠠᠢ᠌ᠭᠤᠯᠭ᠎ᠠ ᠪᠠ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠤ ᠬᠠᠤᠯᠢᠴᠢ ᠪᠦᠬᠦ ᠤᠯᠤᠰ᠎ᠤᠨ ᠬᠠᠤᠯᠢᠴᠢ ᠵᠢᠨ ᠨᠡᠢ᠌ᠭᠡᠮᠯᠢᠭ᠎ᠲᠤ ᠣᠷᠣᠯᠴᠠᠨ᠎ᠠ᠃

      ᠥᠪᠡᠷᠲᠡᠭᠡᠨ ᠵᠠᠰᠠᠬᠤ ᠣᠷᠣᠨ᠎ᠤ ᠲᠠᠰ ᠵᠢᠴᠢ ᠲᠡᠭᠦᠨ᠎ᠠᠴᠠ ᠳᠣᠷᠣᠭᠰᠢᠬᠢ  ᠱᠠᠲᠤᠨ᠎ᠤ  ᠨᠠᠮ ᠵᠠᠰᠠᠭ᠎ᠤᠨ ᠪᠠᠢ᠌ᠭᠤᠯᠤᠯᠭ᠎ᠠ ᠪᠠ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠤ ᠬᠠᠤᠯᠢᠴᠢ᠂ ᠲᠥᠪ᠎ᠤᠨ ᠨᠠᠮ ᠵᠠᠰᠠᠭ᠎ᠤᠨ ᠪᠠᠢ᠌ᠭᠤᠯᠤᠯᠭ᠎ᠠ ᠪᠠ ᠠᠷᠠᠳ᠎ᠤᠨ ᠪᠦᠯᠬᠦᠮ᠎ᠤᠨ ᠣᠷᠣᠨ ᠨᠤᠲᠤᠭ᠎ᠲᠠᠬᠢ ᠡᠯ᠎ᠡ ᠱᠠᠲᠤᠨ᠎ᠤ ᠰᠢᠭᠤᠳ ᠬᠠᠷᠢᠶ᠎ᠠ ᠬᠠᠮᠢᠶᠠᠷᠤᠯᠲᠠ ᠵᠢᠨ  ᠨᠢᠭᠡᠴᠡ ᠪᠠ ᠲᠣᠮᠢᠯᠠᠨ ᠰᠠᠭᠤᠯᠭ᠋ᠠᠭᠰᠠᠨ ᠨᠢᠭᠡᠴᠡ ᠵᠢᠨ ᠠᠯᠪᠠᠨ ᠲᠤᠰᠢᠶᠠᠯᠲᠤ ᠬᠠᠤᠯᠢᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠢ᠌ᠭᠡᠮᠯᠢᠭ᠎ᠲᠤ ᠣᠷᠣᠭᠤᠯᠵᠤ᠂ ᠠᠢ᠌ᠮᠠᠭ ᠬᠣᠲᠠ᠎ᠠᠴᠠ ᠳᠣᠷᠣᠭᠰᠢᠬᠢ ᠨᠠᠮ ᠵᠠᠰᠠᠭ᠎ᠤᠨ ᠪᠠᠢ᠌ᠭᠤᠯᠤᠯᠭ᠎ᠠ ᠪᠠ ᠠᠷᠠᠳ᠎ᠤᠨ ᠪᠦᠯᠬᠦᠮ᠎ᠤᠨ ᠠᠯᠪᠠᠨ ᠲᠤᠰᠢᠶᠠᠯᠲᠤ ᠬᠠᠤᠯᠢᠴᠢ ᠵᠢ ᠠᠢ᠌ᠮᠠᠭ ᠬᠣᠲᠠ ᠵᠢᠨ ᠬᠠᠤᠯᠢᠴᠢ ᠵᠢᠨ ᠨᠡᠢ᠌ᠭᠡᠮᠯᠢᠭ᠎ᠲᠤ ᠣᠷᠣᠭᠤᠯᠤᠨ᠎ᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠢ᠌ᠭᠡᠮᠯᠢᠭ᠎ᠤᠨ ᠭᠡᠰᠢᠭᠦᠨ  ᠮᠥᠨ᠃ ᠠᠯᠪᠠᠨ ᠲᠤᠰᠢᠶᠠᠯᠲᠤ ᠬᠠᠤᠯᠢᠴᠢ ᠵᠢᠨ ᠬᠤᠷᠠᠯ᠎ᠤᠨ ᠰᠦᠢ᠍ᠳᠬᠡᠯ᠎ᠢ ᠠᠵᠢᠯᠯᠠᠵᠤ  ᠪᠠᠢ᠌ᠭ᠎ᠠ ᠪᠠᠢ᠌ᠭᠤᠯᠭ᠎ᠠ ᠨᠢᠭᠡᠴᠡ᠎ᠠᠴᠠ ᠡᠭᠦᠷᠭᠡᠯᠡᠨ᠎ᠡ᠃

      ᠳᠥᠷᠪᠡᠳᠦᠭᠡᠷ ᠪᠦᠯᠦᠭ    ᠬᠢᠨᠠᠯᠲᠠ ᠲᠠᠯᠪᠢᠬᠤ ᠪᠠ ᠬᠠᠮᠢᠶᠠᠷᠬᠤ

      ᠬᠣᠷᠢᠳᠤᠭ᠋ᠠᠷ ᠵᠦᠢ᠍ᠯ   ᠨᠠᠮ ᠵᠠᠰᠠᠭ᠎ᠤᠨ ᠪᠠᠢ᠌ᠭᠤᠯᠭ᠎ᠠ ᠪᠠ ᠠᠷᠠᠳ᠎ᠤᠨ ᠪᠦᠯᠬᠦᠮ ᠲᠤᠰ  ᠪᠠᠢ᠌ᠭᠤᠯᠭ᠎ᠠ ᠨᠢᠭᠡᠴᠡ ᠵᠢᠨ ᠵᠶ᠋ᠡᠨ ᠠᠯᠪᠠᠨ ᠲᠤᠰᠢᠶᠠᠯᠲᠤ ᠬᠠᠤᠯᠢᠴᠢ ᠵᠢ ᠰᠢᠯᠢᠨ ᠰᠣᠩᠭᠣᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ᠃

      ᠬᠣᠷᠢᠨ ᠨᠢᠭᠡᠳᠦᠭᠡᠷ ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ ᠵᠢᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠠᠵᠢᠯ᠎ᠤᠨ ᠡᠭᠦᠷᠭᠡ ᠴᠢᠳᠠᠪᠤᠷᠢ ᠵᠢ ᠡᠭᠦᠷᠭᠡᠯᠡᠵᠦ ᠪᠠᠢ᠌ᠭ᠎ᠠ ᠰᠠᠯᠠᠭ᠎ᠠ ᠮᠥᠴᠢᠷ᠎ᠨᠢ ᠲᠤᠰ  ᠪᠠᠢ᠌ᠭᠤᠯᠭ᠎ᠠ ᠨᠢᠭᠡᠴᠡ ᠵᠢᠨ ᠵᠶ᠋ᠡᠨ ᠠᠯᠪᠠᠨ ᠲᠤᠰᠢᠶᠠᠯᠲᠤ ᠬᠠᠤᠯᠢᠴᠢ ᠵᠢᠨ ᠡᠳᠦᠷ ᠲᠤᠳᠤᠮ᠎ᠤᠨ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢ ᠬᠠᠷᠢᠭᠤᠴᠠᠵᠤ᠂ ᠬᠡᠷᠡᠭᠴᠡᠭᠡ᠎ᠪᠠᠨ ᠦᠨᠳᠦᠰᠦᠯᠡᠨ ᠲᠤᠰ ᠪᠠᠢ᠌ᠭᠤᠯᠭ᠎ᠠ  ᠨᠢᠭᠡᠴᠡ ᠵᠢᠨ ᠵᠶ᠋ᠡᠨ ᠠᠯᠪᠠᠨ ᠲᠤᠰᠢᠶᠠᠯᠲᠤ ᠬᠠᠤᠯᠢᠴᠢ ᠵᠢ ᠨᠢᠭᠡᠳᠦᠯᠲᠡᠢ ᠲᠥᠯᠥᠪᠯᠡᠨ ᠰᠢᠯᠵᠢᠭᠦᠯᠦᠨ ᠲᠣᠬᠢᠷᠠᠭᠤᠯᠬᠤ ᠪᠠ ᠬᠡᠷᠡᠭᠯᠡᠵᠦ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠵᠢᠭ᠋ᠠᠨ ᠲᠣᠮᠢᠯᠠᠬᠤ᠂ ᠳᠠᠭ᠋ᠠᠭ᠋ᠠᠨ ᠭᠦᠢ᠍ᠴᠡᠳᠬᠡᠬᠦ᠂ ᠬᠠᠷᠢᠭᠤ ᠲᠤᠰᠬᠠᠬᠤ᠂ ᠰᠢᠪᠠᠳᠠᠨ ᠰᠢᠢ᠍ᠳᠪᠦᠷᠢᠯᠡᠭᠦᠯᠬᠦ ᠵᠡᠷᠭᠡ ᠠᠵᠢᠯ᠎ᠤᠨ ᠶᠠᠪᠤᠴᠠ ᠵᠢ ᠲᠣᠭᠲᠠᠭ᠋ᠠᠨ ᠲᠡᠭᠦᠯᠳᠡᠷᠵᠢᠭᠦᠯᠦᠨ᠎ᠡ᠃

      ᠨᠠᠮ ᠵᠠᠰᠠᠭ᠎ᠤᠨ ᠪᠠᠢ᠌ᠭᠤᠯᠭ᠎ᠠ ᠪᠠ ᠠᠷᠠᠳ᠎ᠤᠨ ᠪᠦᠯᠬᠦᠮ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠲᠤᠰ ᠰᠢᠰᠲ᠋ᠧᠮ᠎ᠤᠨ ᠵᠶ᠋ᠡᠨ ᠠᠯᠪᠠᠨ ᠲᠤᠰᠢᠶᠠᠯᠲᠤ ᠬᠠᠤᠯᠢᠴᠢ ᠵᠢᠨ ᠠᠵᠢᠯ᠎ᠤᠨ ᠨᠢᠭᠡᠳᠦᠯᠲᠡᠢ ᠵᠢᠯᠣᠭᠣᠳᠤᠯᠭ᠎ᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠷᠢᠶ᠎ᠠ  ᠪᠠᠢ᠌ᠭᠤᠯᠭ᠎ᠠ  ᠨᠢᠭᠡᠴᠡ᠎ᠨᠦᠭᠦᠳ᠎ᠤᠨ ᠵᠶ᠋ᠡᠨ ᠬᠣᠭᠣᠷᠣᠨᠳᠤ ᠠᠯᠪᠠᠨ ᠲᠤᠰᠢᠶᠠᠯᠲᠤ ᠬᠠᠤᠯᠢᠴᠢ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠵᠦ ᠪᠣᠯᠣᠨ᠎ᠠ᠃

      ᠠᠯᠪᠠᠨ ᠲᠤᠰᠢᠶᠠᠯᠲᠤ ᠬᠠᠤᠯᠢᠴᠢ᠎ᠨᠢ ᠬᠠᠤᠯᠢᠴᠢ ᠵᠢᠨ ᠬᠤᠪᠢ᠎ᠪᠠᠷ  ᠪᠠᠢ᠌ᠭ᠎ᠠ ᠪᠠᠢ᠌ᠭᠤᠯᠭ᠎ᠠ ᠨᠢᠭᠡᠴᠡ᠎ᠪᠠᠨ ᠲᠥᠯᠥᠭᠡᠯᠡᠨ ᠵᠠᠷᠭᠤᠯᠳᠤᠬᠤ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠠᠵᠢᠯ᠎ᠢ ᠬᠢᠬᠦ ᠦᠶ᠎ᠡ᠎ᠳᠤ᠂ ᠰᠢᠯᠵᠢᠭᠦᠯᠦᠨ ᠲᠣᠬᠢᠷᠠᠭᠤᠯᠬᠤ ᠪᠠ ᠬᠡᠷᠡᠭᠯᠡᠵᠦ ᠪᠠᠢ᠌ᠭ᠎ᠠ ᠪᠠᠢ᠌ᠭᠤᠯᠭ᠎ᠠ  ᠨᠢᠭᠡᠴᠡ ᠎ᠨᠢ ᠬᠡᠷᠡᠭᠴᠡᠭᠡ᠎ᠪᠠᠨ ᠦᠨᠳᠦᠰᠦᠯᠡᠨ ᠲᠡᠭᠦᠨ᠎ᠳᠤ ᠨᠠᠶ᠋ᠢᠳᠠᠯᠭ᠎ᠠ ᠵᠢᠨ ᠠᠯᠪᠠᠨ ᠪᠢᠴᠢᠭ ᠭᠠᠷᠭ᠋ᠠᠵᠤ ᠥᠭᠬᠦ ᠬᠡᠷᠡᠭᠲᠡᠢ᠃

      ᠬᠣᠷᠢᠨ ᠬᠣᠶᠠᠳᠤᠭ᠋ᠠᠷ ᠵᠦᠢ᠍ᠯ   ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠠᠯᠪᠠᠨ ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ᠎ᠲᠠᠢ ᠬᠠᠮᠲᠤᠷᠠᠨ ᠠᠯᠪᠠᠨ ᠲᠤᠰᠢᠶᠠᠯᠲᠤ ᠬᠠᠤᠯᠢᠴᠢ ᠵᠢᠨ ᠲᠠᠨᠭ᠌ᠰᠠ ᠡᠪᠬᠡᠮᠡᠯ ᠪᠠᠢ᠌ᠭᠤᠯᠵᠤ᠂ ᠠᠯᠪᠠᠨ ᠲᠤᠰᠢᠶᠠᠯᠲᠤ ᠬᠠᠤᠯᠢᠴᠢ ᠵᠢᠨ ᠣᠨ᠎ᠤ ᠬᠢᠨᠠᠨ ᠰᠢᠯᠭ᠋ᠠᠯᠲᠠ᠂ ᠬᠥᠬᠢᠭᠦᠯᠦᠨ ᠱᠠᠩᠨᠠᠬᠤ᠂ ᠲᠣᠷᠭ᠋ᠠᠵᠤ ᠵᠠᠯᠬᠠᠭ᠋ᠠᠨ ᠴᠡᠭᠡᠷᠯᠡᠭᠦᠯᠬᠦ᠂ ᠪᠣᠯᠪᠠᠰᠤᠷᠠᠯ᠎ᠳᠤ ᠣᠷᠣᠯᠴᠠᠭᠰᠠᠨ ᠵᠡᠷᠭᠡ ᠪᠠᠢ᠌ᠳᠠᠯ᠎ᠢ ᠲᠠᠨᠭ᠌ᠰᠠ ᠡᠪᠬᠡᠮᠡᠯ᠎ᠳᠤ ᠲᠡᠮᠳᠡᠭᠯᠡᠨ ᠣᠷᠣᠭᠤᠯᠬᠤ ᠬᠡᠷᠡᠭᠲᠡᠢ᠃

      ᠬᠣᠷᠢᠨ ᠭᠤᠷᠪᠠᠳᠤᠭ᠋ᠠᠷ ᠵᠦᠢ᠍ᠯ   ᠠᠯᠪᠠᠨ ᠲᠤᠰᠢᠶᠠᠯᠲᠤ ᠬᠠᠤᠯᠢᠴᠢ ᠵᠢᠨ ᠪᠠᠢ᠌ᠭ᠎ᠠ ᠨᠢᠭᠡᠴᠡ᠎ᠨᠢ ᠲᠤᠰ ᠨᠢᠭᠡᠴᠡ ᠵᠢᠨ ᠵᠶ᠋ᠡᠨ ᠠᠯᠪᠠᠨ ᠲᠤᠰᠢᠶᠠᠯᠲᠤ ᠬᠠᠤᠯᠢᠴᠢ᠎ᠳᠤ ᠣᠨ᠎ᠤ ᠬᠢᠨᠠᠨ ᠰᠢᠯᠭ᠋ᠠᠯᠲᠠ ᠬᠢᠵᠦ᠂ ᠲᠡᠭᠦᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠢ ᠵᠢᠷᠤᠮᠯᠠᠨ ᠰᠠᠬᠢᠭᠰᠠᠨ᠂ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠠᠵᠢᠯ᠎ᠢ ᠬᠢᠭᠰᠡᠨ ᠲᠣᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠲᠠᠯ᠎ᠠ ᠵᠢᠨ ᠪᠠᠢ᠌ᠳᠠᠯ᠎ᠢ ᠭᠣᠣᠯᠳᠠᠯᠭ᠎ᠠ᠎ᠲᠠᠢ᠎ᠪᠠᠷ ᠬᠢᠨᠠᠨ ᠰᠢᠯᠭ᠋ᠠᠵᠤ᠂ ᠲᠤᠰᠢᠶᠠᠯ᠎ᠳᠠᠭᠠᠨ ᠲᠣᠬᠢᠷᠠᠭᠰᠠᠨ᠂ ᠦᠨᠳᠦᠰᠦᠨ᠎ᠳᠡᠭᠡᠨ ᠲᠤᠰᠢᠶᠠᠯ᠎ᠳᠠᠭᠠᠨ ᠲᠡᠩᠴᠡᠭᠰᠡᠨ ᠪᠤᠶᠤ ᠲᠤᠰᠢᠶᠠᠯ᠎ᠳᠠᠭᠠᠨ ᠥᠯᠥ ᠲᠡᠩᠴᠡᠭᠰᠡᠨ ᠪᠠᠢ᠌ᠳᠠᠯ᠎ᠢ ᠬᠢᠨᠠᠨ ᠰᠢᠯᠭ᠋ᠠᠬᠤ ᠵᠡᠷᠭᠡ ᠤᠳᠠᠭ᠎ᠠ ᠵᠢᠨ ᠰᠠᠨᠠᠯ᠎ᠢ ᠳᠤᠷᠠᠳᠬᠤ ᠵᠢᠨ ᠬᠠᠮᠲᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃

      ᠬᠣᠷᠢᠨ ᠳᠥᠷᠪᠡᠳᠦᠭᠡᠷ ᠵᠦᠢ᠍ᠯ   ᠠᠯᠪᠠᠨ  ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠢ᠌ᠭᠡᠮᠯᠢᠭ᠎ᠨᠢ ᠠᠯᠪᠠᠨ ᠲᠤᠰᠢᠶᠠᠯᠲᠤ ᠬᠠᠤᠯᠢᠴᠢ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠳᠦᠷᠢᠮ᠎ᠢ ᠪᠠᠢ᠌ᠭᠤᠯᠵᠤ᠂ ᠠᠯᠪᠠᠨ ᠲᠤᠰᠢᠶᠠᠯᠲᠤ ᠬᠠᠤᠯᠢᠴᠢ ᠵᠢᠨ ᠪᠣᠯᠪᠠᠰᠤᠷᠠᠭᠤᠯᠤᠯ᠎ᠤᠨ ᠲᠥᠯᠥᠪᠯᠡᠭᠡ ᠲᠣᠭᠲᠠᠭ᠋ᠠᠵᠤ᠂ ᠠᠯᠪᠠᠨ ᠲᠤᠰᠢᠶᠠᠯᠲᠤ ᠬᠠᠤᠯᠢᠴᠢ᠎ᠳᠤ ᠲᠦᠷᠦ ᠵᠢᠨ ᠪᠣᠳᠣᠯᠭ᠎ᠠ ᠵᠢᠨ ᠤᠨᠤᠯ᠎ᠤᠨ ᠪᠣᠯᠪᠠᠰᠤᠷᠠᠭᠤᠯᠤᠯ ᠪᠠ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠥᠷᠨᠢᠭᠦᠯᠬᠦ ᠬᠡᠷᠡᠭᠲᠡᠢ᠃

      ᠬᠣᠷᠢᠨ ᠲᠠᠪᠤᠳᠤᠭ᠋ᠠᠷ ᠵᠦᠢ᠍ᠯ    ᠠᠯᠪᠠᠨ  ᠲᠤᠰᠢᠶᠠᠯᠲᠤ ᠬᠠᠤᠯᠢᠴᠢ ᠵᠢᠨ  ᠪᠠᠢ᠌ᠭ᠎ᠠ ᠪᠠᠢ᠌ᠭᠤᠯᠭ᠎ᠠ ᠨᠢᠭᠡᠴᠡ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠬᠠᠤᠯᠢᠴᠢ ᠵᠢᠨ ᠨᠡᠢ᠌ᠭᠡᠮᠯᠢᠭ᠎ᠨᠢ ᠠᠯᠪᠠᠨ ᠲᠤᠰᠢᠶᠠᠯᠲᠤ ᠬᠠᠤᠯᠢᠴᠢ ᠵᠢ ᠬᠥᠬᠢᠭᠦᠯᠦᠨ ᠱᠠᠩᠨᠠᠬᠤ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠢᠴᠢᠶᠡᠨ ᠴᠢᠷᠮᠠᠢ᠌ᠵᠤ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠢᠯᠡᠷᠡᠯ᠎ᠨᠢ ᠰᠢᠯᠢᠳᠡᠭ᠂ ᠬᠤᠪᠢ ᠨᠡᠮᠡᠷᠢ᠎ᠨᠢ ᠲᠣᠪᠣᠢ᠌ᠮ᠎ᠠ ᠠᠯᠪᠠᠨ ᠲᠤᠰᠢᠶᠠᠯᠲᠤ ᠬᠠᠤᠯᠢᠴᠢ ᠵᠢ ᠬᠥᠬᠢᠭᠦᠯᠦᠨ ᠰᠠᠢ᠌ᠰᠢᠶᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ᠂ ᠲᠡᠷᠢᠭᠦᠨ᠎ᠤ᠎ᠬᠢ ᠵᠢ ᠰᠢᠯᠭ᠋ᠠᠷᠠᠭᠤᠯᠵᠤ ᠰᠢᠯᠢᠳᠡᠭ᠎ᠢ ᠰᠢᠯᠭ᠋ᠠᠷᠠᠭᠤᠯᠬᠤ᠂ ᠴᠢᠳᠠᠪᠤᠷᠢᠲᠠᠨ᠎ᠢ ᠲᠠᠨᠢᠯᠴᠠᠭᠤᠯᠬᠤ᠂ ᠺᠠᠳ᠋ᠷ᠎ᠢ ᠰᠢᠯᠢᠨ ᠰᠣᠩᠭᠣᠬᠤ ᠵᠡᠷᠭᠡ ᠲᠠᠯ᠎ᠠ᠎ᠪᠠᠷ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃

      ᠲᠠᠪᠤᠳᠤᠭ᠋ᠠᠷ ᠪᠦᠯᠦᠭ    ᠳᠠᠭ᠋ᠠᠯᠳᠤᠭᠤᠯᠤᠭᠰᠠᠨ  ᠳᠦᠷᠢᠮ

      ᠬᠣᠷᠢᠨ ᠵᠢᠷᠭᠤᠳᠤᠭ᠋ᠠᠷ ᠵᠦᠢ᠍ᠯ   ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠠᠵᠢᠯ ᠦᠢ᠍ᠯᠡᠰ᠎ᠤᠨ  ᠪᠠᠢ᠌ᠭᠤᠯᠭ᠎ᠠ  ᠨᠢᠭᠡᠴᠡ᠂ ᠨᠡᠢ᠌ᠭᠡᠮ᠎ᠤᠨ ᠪᠦᠯᠬᠦᠮ ᠵᠢᠴᠢ ᠪᠤᠰᠤᠳ ᠵᠣᠬᠢᠶᠠᠨ ᠪᠠᠢ᠌ᠭᠤᠯᠤᠯᠲᠠ᠎ᠨᠤᠭᠤᠳ ᠲᠤᠰ ᠠᠷᠭ᠎ᠠ᠎ᠪᠠᠷ ᠯᠠᠪᠯᠠᠯᠲᠠ ᠪᠣᠯᠭ᠋ᠠᠵᠤ ᠠᠯᠪᠠᠨ ᠲᠤᠰᠢᠶᠠᠯᠲᠤ ᠬᠠᠤᠯᠢᠴᠢ ᠭᠠᠷᠭ᠋ᠠᠵᠤ ᠪᠣᠯᠣᠨ᠎ᠠ᠃

      ᠬᠣᠷᠢᠨ ᠳᠣᠯᠣᠳᠤᠭ᠋ᠠᠷ ᠵᠦᠢ᠍ᠯ   ᠲᠣᠰ ᠬᠡᠷᠡᠭᠵᠢᠭᠦᠯᠬᠦ ᠠᠷᠭ᠎ᠠ ᠵᠢ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃ 

      ᠬᠣᠷᠢᠨ ᠨᠠᠢ᠍ᠮᠠᠳᠤᠭ᠋ᠠᠷ ᠵᠦᠢ᠍ᠯ    ᠲᠣᠰ ᠠᠷᠭ᠎ᠠ ᠵᠢ 2019 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ᠃ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠲᠤᠬᠠᠢ  ᠬᠡᠷᠡᠭᠵᠢᠭᠦᠯᠬᠦ ᠠᠷᠭ᠎ᠠ》 ᠵᠢ ᠳᠠᠭ᠋ᠠᠤ᠎ᠳᠤᠨᠢ ᠬᠦᠴᠦᠨ ᠦᠭᠡᠢ ᠪᠤᠯᠭ᠋ᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠥᠩᠭᠡᠷᠡᠭᠰᠡᠨ᠎ᠳᠤ ᠳᠠᠷᠤᠮᠠᠯᠯᠠᠨ ᠲᠠᠷᠬᠠᠭ᠋ᠠᠭᠰᠠᠨ ᠬᠣᠯᠪᠣᠭᠳᠠᠯ ᠪᠦᠬᠦᠢ ᠠᠯᠪᠠᠨ ᠲᠤᠰᠢᠶᠠᠯᠲᠤ ᠬᠠᠤᠯᠢᠴᠢ ᠵᠢᠨ ᠲᠣᠭᠲᠠᠭ᠋ᠠᠯ᠎ᠨᠢ ᠲᠣᠰ ᠠᠷᠭ᠎ᠠ᠎ᠲᠠᠢ ᠨᠢᠭᠡᠳᠦᠯ ᠦᠭᠡᠢ ᠪᠠᠢ᠌ᠪᠠᠯ᠂ ᠲᠣᠰ ᠠᠷᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            