ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ 《ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ ᠠᠷᠠᠳ ᠢᠷᠭᠡᠳ᠎ᠤᠨ ᠬᠠᠤᠯᠢᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠶ᠎ᠡ》 ᠭᠡᠬᠦ ᠬᠠᠤᠯᠢᠵᠢᠯ᠎ᠤᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠡᠯᠰᠡᠨ ᠰᠢᠯᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-02-28

ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂  ᠬᠠᠤᠯᠢ ᠴᠠᠭ᠋ᠠᠵᠠ ᠵᠢᠨ ᠲᠣᠪᠴᠢᠶ᠎ᠠ᠂  ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠡ᠎ᠳᠤ᠄

      ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂  ᠨᠡᠢ᠌ᠭᠡᠮ ᠵᠢᠷᠤᠮ᠎ᠤᠨ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂  ᠠᠷᠠᠳ ᠢᠷᠭᠡᠳ᠎ᠤᠨ  ᠬᠠᠤᠯᠢᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂  ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠢ ᠴᠡᠴᠡᠭᠯᠡᠭᠦᠯᠦᠨ  ᠬᠥᠭᠵᠢᠭᠦᠯᠬᠦ ᠵᠢᠨ ᠲᠥᠯᠥᠭᠡ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ 2025 ᠣᠨ᠎ᠤ 3  ᠰᠠᠷ᠎ᠠ ᠎ᠠᠴᠠ 7  ᠰᠠᠷ᠎ᠠ ᠪᠣᠯᠲᠠᠯ᠎ᠠ  ᠬᠠᠤᠯᠢᠵᠢᠯ᠎ᠤᠨ ᠰᠢᠯᠢᠳᠡᠭ  ᠤᠳᠬ᠎ᠠ ᠤᠷᠠᠯᠢᠭ᠎ᠤᠨ ᠪᠦᠲᠦᠭᠡᠯ᠎ᠢ ᠡᠯᠰᠡᠨ ᠰᠢᠯᠭ᠋ᠠᠷᠠᠭᠤᠯᠬᠤ ᠠᠵᠢᠯᠯᠠᠭ᠎ᠠ  ᠥᠷᠨᠢᠭᠦᠯᠬᠦ᠎ᠪᠠᠷ ᠪᠣᠶ᠂  ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄

      ᠨᠢᠭᠡ᠂  ᠠᠵᠢᠯᠯᠠᠭ᠎ᠠ ᠵᠢᠨ ᠭᠣᠣᠯ ᠰᠡᠳᠦᠪ

      ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ ᠠᠷᠠᠳ ᠢᠷᠭᠡᠳ᠎ᠤᠨ ᠬᠠᠤᠯᠢᠵᠢᠯ᠎ᠤᠨ  ᠬᠡᠪ ᠪᠣᠯᠪᠠᠰᠤᠷᠠᠯ᠎ᠢ  ᠳᠡᠭᠡᠭᠰᠢᠯᠡᠭᠦᠯᠦᠶ᠎ᠡ 

      ᠬᠣᠶᠠᠷ᠂  ᠡᠯᠰᠡᠬᠦ ᠡᠲᠡᠭᠡᠳ

      ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂  ᠬᠠᠤᠯᠢ ᠴᠠᠭ᠋ᠠᠵᠠ ᠵᠢᠨ ᠲᠣᠪᠴᠢᠶ᠎ᠠ᠂  ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠡ ᠪᠠ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠂  ᠵᠠᠭᠤᠴᠢᠯᠠᠭᠤᠷ᠎ᠤᠨ ᠠᠵᠢᠯᠲᠠᠨ᠃ 

      ᠭᠤᠷᠪᠠ᠂  ᠠᠵᠢᠯᠯᠠᠭ᠋ᠠᠨ᠎ᠤ ᠴᠠᠭ

      ᠡᠯᠰᠡᠬᠦ ᠴᠠᠭ᠄ ᠲᠣᠰ ᠡᠳᠦᠷ᠎ᠠᠴᠠ ᠡᠬᠢᠯᠡᠨ 2025 ᠣᠨ᠎ᠤ 5 ᠰᠠᠷ᠎ᠠ ᠵᠢᠨ 30᠎ᠤ ᠡᠳᠦᠷ ᠪᠣᠯᠲᠠᠯ᠎ᠠ

      ᠪᠦᠲᠦᠭᠡᠯ ᠎ᠢ ᠵᠣᠬᠢᠶᠠᠨ ᠪᠦᠲᠦᠭᠡᠭᠰᠡᠨ ᠴᠠᠭ᠄ 2024 ᠣᠨ᠎ᠤ 8 ᠰᠠᠷ᠎ᠠ  ᠵᠢᠨ 1᠎ᠤ ᠡᠳᠦᠷ (8 ᠰᠠᠷ᠎ᠠ ᠵᠢᠨ 1᠎ᠤ ᠡᠳᠦᠷ᠎ᠢ ᠪᠠᠭᠲᠠᠭ᠋ᠠᠨ᠎ᠠ) ᠎ᠠᠴᠠ ᠰᠡᠭᠦᠯᠡᠷ ᠵᠣᠬᠢᠶᠠᠨ ᠪᠦᠲᠦᠭᠡᠭᠰᠡᠨ ᠪᠦᠲᠦᠭᠡᠯ

      ᠰᠢᠯᠭ᠋ᠠᠷᠠᠭᠤᠯᠬᠤ ᠴᠠᠭ᠄ 2025 ᠣᠨ᠎ᠤ 6 ᠰᠠᠷ᠎ᠠ

      ᠱᠠᠩᠨᠠᠯ ᠣᠯᠭᠣᠬᠤ ᠴᠠᠭ᠄ 2025 ᠣᠨ᠎ᠤ 7 ᠰᠠᠷ᠎ᠠ

      ᠳᠥᠷᠪᠡ᠂  ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠱᠠᠭ᠋ᠠᠷᠳᠠᠯᠭ᠎ᠠ

      (ᠨᠢᠭᠡ)  ᠪᠦᠲᠦᠭᠡᠯ᠎ᠤᠨ ᠠᠭᠤᠯᠭ᠎ᠠ

      ᠨᠢᠭᠡ᠎ᠳᠤ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ  ᠤᠬᠠᠭᠤᠯᠬᠤ ᠬᠡᠷᠡᠭᠲᠡᠢ;  ᠬᠣᠶᠠᠷ᠎ᠲᠤ ᠦᠨᠳᠦᠰᠦᠨ ᠬᠠᠤᠯᠢ᠂  ᠢᠷᠭᠡᠨ᠎ᠤ ᠬᠠᠤᠯᠢ ᠵᠢᠨ ᠪᠢᠴᠢᠭ᠂  ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠢᠴᠢ ᠤᠯᠤᠰ᠎ᠤᠨ ᠠᠮᠤᠷ ᠲᠦᠪᠰᠢᠨ᠂  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ  ᠤᠬᠠᠭᠤᠯᠬᠤ ᠬᠡᠷᠡᠭᠲᠡᠢ; ᠭᠤᠷᠪᠠ᠎ᠳᠤ  ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠢᠯᠢᠳᠡᠭᠵᠢᠭᠦᠯᠬᠦ ᠵᠢ  ᠤᠬᠠᠭᠤᠯᠬᠤ ᠬᠡᠷᠡᠭᠲᠡᠢ; ᠳᠥᠷᠪᠡ᠎ᠳᠤ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠷᠢᠭᠤᠴᠠᠯᠭ᠎ᠠ ᠵᠢᠨ ᠳᠦᠷᠢᠮ᠎ᠤᠨ ᠲᠣᠭᠣᠷᠢᠨ᠎ᠳᠤ ᠨᠠᠢ᠌ᠳᠠᠪᠤᠷᠢᠵᠢᠭᠤᠯᠵᠤ᠂  ᠡᠯ᠎ᠡ ᠠᠵᠢᠯ ᠲᠥᠷᠥᠯ᠂  ᠡᠯ᠎ᠡ ᠬᠦᠷᠢᠶᠡᠨ᠎ᠤ ᠲᠤᠬᠠᠢ᠌ᠯᠠᠭᠰᠠᠨ ᠠᠵᠢᠯ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ  ᠤᠬᠠᠭᠤᠯᠬᠤ ᠬᠡᠷᠡᠭᠲᠡᠢ; ᠲᠠᠪᠤ᠎ᠳᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ  ᠤᠬᠠᠭᠤᠯᠬᠤ ᠬᠡᠷᠡᠭᠲᠡᠢ; ᠵᠢᠷᠭᠤᠭ᠎ᠠ᠎ᠳᠤ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠪᠠ ᠵᠣᠬᠢᠶᠠᠨ ᠪᠠᠢ᠌ᠭᠤᠯᠤᠯᠲᠠ᠎ᠲᠠᠢ ᠶᠠᠯᠠᠲᠤ ᠠᠵᠢᠯᠯᠠᠭ᠎ᠠ ᠵᠢ ᠡᠰᠡᠷᠭᠦᠴᠡᠬᠦ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ  ᠤᠬᠠᠭᠤᠯᠬᠤ ᠬᠡᠷᠡᠭᠲᠡᠢ;  ᠲᠤᠯᠤᠭ᠎ᠠ᠎ᠳᠤ  ᠤᠳᠤᠷᠢᠳᠬᠤ ᠺᠠᠳ᠋ᠷ᠂ ᠵᠠᠯᠠᠭᠤᠴᠤᠳ ᠪᠠᠭ᠋ᠠᠴᠤᠳ᠂  ᠮᠠᠯᠴᠢᠨ ᠲᠠᠷᠢᠶᠠᠴᠢᠨ᠂  ᠨᠠᠰᠤᠲᠠᠢ᠌ᠴᠤᠳ᠂  ᠰᠦᠯᠵᠢᠶᠡᠨ᠎ᠤ ᠠᠷᠠᠳ᠂  ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠬᠥᠮᠥᠰ᠎ᠤᠨ ᠮᠡᠳᠡᠪᠡᠯ ᠵᠣᠬᠢᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠬᠡᠷᠡᠭᠲᠡᠢ; ᠨᠠᠢ᠍ᠮᠠ᠎ᠳᠤ  ᠨᠡᠢ᠌ᠭᠡᠮ ᠵᠢᠷᠤᠮ᠎ᠤᠨ ᠬᠠᠤᠯᠢᠵᠢᠯ᠎ᠤᠨ ᠰᠣᠶᠣᠯ᠎ᠤᠨ ᠪᠠᠢ᠌ᠭᠤᠯᠤᠯᠲᠠ ᠵᠢᠨ ᠦᠷ᠎ᠡ ᠪᠦᠲᠦᠮᠵᠢ᠂  ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ᠎ᠤᠨ ᠬᠠᠤᠯᠢ ᠴᠠᠭ᠋ᠠᠵᠠ ᠵᠢ ᠲᠦᠭᠡᠮᠡᠯᠵᠢᠭᠦᠯᠦᠭᠰᠡᠨ ᠵᠡᠷᠭᠡ ᠪᠠᠢ᠌ᠳᠠᠯ᠎ᠢ  ᠤᠬᠠᠭᠤᠯᠬᠤ ᠬᠡᠷᠡᠭᠲᠡᠢ᠃ 

      (ᠬᠣᠶᠠᠷ)  ᠪᠦᠲᠦᠭᠡᠯ᠎ᠤᠨ  ᠲᠥᠷᠥᠯ  ᠵᠦᠢ᠍ᠯ ᠬᠢᠭᠡᠳ ᠬᠡᠪ ᠵᠠᠭᠪᠤᠷ᠎ᠤᠨ ᠱᠠᠭ᠋ᠠᠷᠳᠠᠯᠭ᠎ᠠ

      1.  ᠸᠢᠳᠢᠤ᠋ ᠵᠢᠨ ᠲᠥᠷᠥᠯ

      ᠭᠤᠷᠪᠠᠨ ᠪᠢᠴᠢᠯ ᠲᠥᠷᠥᠯ᠄ ᠪᠢᠴᠢᠯ ᠺᠢᠨᠣ᠋ (15 ᠮᠢᠨᠦ᠋ᠲ᠎ᠤᠨ ᠳᠣᠲᠣᠷ᠎ᠠ);

      ᠪᠢᠴᠢᠯ  ᠸᠢᠳᠢᠤ᠋ (5 ᠮᠢᠨᠦ᠋ᠲ᠎ᠤᠨ ᠳᠣᠲᠣᠷ᠎ᠠ);

      ᠪᠢᠴᠢᠯ ᠺᠠᠷᠲ᠋ᠣᠨ (5 ᠮᠢᠨᠦ᠋ᠲ᠎ᠤᠨ ᠳᠣᠲᠣᠷ᠎ᠠ);

      ᠳᠠᠭᠤᠤ ᠬᠥᠭᠵᠢᠮ᠎ᠤᠨ MV ᠲᠥᠷᠥᠯ᠄  ᠠᠩᠬᠠᠨ᠎ᠤ ᠪᠦᠲᠦᠭᠡᠯ ᠳᠠᠭᠤᠤ ᠬᠥᠭᠵᠢᠮ᠎ᠤᠨ ᠸᠢᠳᠢᠤ᠋ ᠪᠦᠲᠦᠭᠡᠯ (5 ᠮᠢᠨᠦ᠋ᠲ᠎ᠤᠨ ᠳᠣᠲᠣᠷ᠎ᠠ);

      AI ᠺᠠᠷᠲ᠋ᠣᠨ ᠵᠢᠷᠤᠭ᠎ᠤᠨ ᠲᠥᠷᠥᠯ᠄ AI ᠦᠢ᠍ᠯᠡᠳᠬᠦ ᠪᠠᠭ᠋ᠠᠵᠢ᠎ᠪᠠᠷ ᠦᠢ᠍ᠯᠡᠳᠦᠭᠰᠡᠨ ᠺᠠᠷᠲ᠋ᠣᠨ ᠪᠦᠲᠦᠭᠡᠯ (3 ᠮᠢᠨᠦ᠋ᠲ᠎ᠤᠨ ᠳᠣᠲᠣᠷ᠎ᠠ) ᠎ᠨᠢ ᠡᠷᠬᠡᠪᠰᠢ AI ᠪᠦᠲᠦᠭᠡᠯ᠎ᠳᠤ ᠲᠠᠢ᠌ᠯᠪᠤᠷᠢ ᠬᠢᠬᠦ ᠬᠡᠷᠡᠭᠲᠡᠢ᠂  ᠪᠤᠰᠤᠳ ᠬᠡᠪᠯᠡᠯ᠎ᠤᠨ ᠡᠷᠬᠡ ᠵᠢᠨ ᠳᠦᠷᠢ ᠲᠥᠷᠬᠦ᠎ᠪᠠᠷ ᠥᠭᠡᠷᠡᠴᠢᠯᠡᠨ ᠨᠠᠢ᠌ᠷᠠᠭᠤᠯᠵᠤ ᠪᠣᠯᠬᠤ ᠦᠭᠡᠢ;

      ᠸᠢᠳᠢᠤ᠋  ᠵᠠᠭᠪᠤᠷ᠎ᠤᠨ ᠱᠠᠭ᠋ᠠᠷᠳᠠᠯᠭ᠎ᠠ᠄ MP4 ᠪᠤᠶᠤ MOV᠂  ᠢᠯᠭ᠋ᠠᠮᠵᠢ᠎ᠨᠢ 1920×1080 (ᠥᠨᠳᠥᠷ ᠲᠣᠳᠣ) ᠪᠣᠯᠣᠨ᠎ᠠ᠃ 

      2. ᠵᠢᠷᠤᠭ᠎ᠤᠨ ᠲᠥᠷᠥᠯ

      ᠭᠡᠷᠡᠯ ᠵᠢᠷᠤᠭ᠎ᠤᠨ ᠪᠦᠲᠦᠭᠡᠯ᠄ ᠪᠣᠳᠠᠲᠤ ᠲᠡᠮᠳᠡᠭᠯᠡᠯ᠎ᠤᠨ ᠭᠡᠷᠡᠯ ᠵᠢᠷᠤᠭ᠂  ᠤᠷᠠᠯᠢᠭ᠎ᠤᠨ ᠭᠡᠷᠡᠯ ᠵᠢᠷᠤᠭ; 

      ᠱᠣᠭ ᠵᠢᠷᠤᠭ᠎ᠤᠨ ᠪᠦᠲᠦᠭᠡᠯ᠄ ᠲᠠᠩ ᠬᠠᠭᠤᠳᠠᠰᠤᠲᠤ ᠱᠣᠭ ᠵᠢᠷᠤᠭ᠂  ᠣᠯᠠᠨ ᠬᠠᠭᠤᠳᠠᠰᠤᠲᠤ ᠱᠣᠭ ᠵᠢᠷᠤᠭ (ᠰᠢᠷᠢᠰ);

      ᠪᠤᠰᠤᠳ ᠭᠡᠷᠡᠯ ᠵᠢᠷᠤᠭ᠎ᠤᠨ ᠪᠦᠲᠦᠭᠡᠯ᠄ ᠵᠠᠷᠯᠠᠯ᠂  ᠤᠷᠲᠤ ᠵᠢᠷᠤᠭ ᠵᠡᠷᠭᠡ᠃ 

      ᠪᠦᠲᠦᠭᠡᠯ᠎ᠤᠨ ᠪᠢᠴᠢᠭ ᠮᠠᠲ᠋ᠧᠷᠢᠶᠠᠯ᠎ᠤᠨ ᠶᠡᠬᠡ ᠪᠠᠭ᠎ᠠ᠎ᠨᠢ 1M ᠎ᠠᠴᠠ ᠳᠡᠭᠡᠭᠰᠢ᠂  ᠵᠢᠷᠤᠭ᠎ᠤᠨ ᠴᠢᠨᠠᠷ᠎ᠨᠢ ᠲᠣᠳᠣ᠃ 

      3.  ᠦᠰᠦᠭ ᠪᠢᠴᠢᠭ᠎ᠤᠨ ᠲᠦᠷᠦᠯ

      ᠺᠢᠨᠣ᠋ ᠲᠧᠯᠸᠢᠰ ᠵᠦᠴᠦᠭᠡ ᠵᠢᠨ ᠵᠦᠴᠦᠭᠡ᠄ ᠣᠬᠣᠷ ᠺᠢᠨᠣ᠋ ᠵᠢᠨ ᠵᠦᠴᠦᠭᠡ ᠵᠢᠨ ᠳᠡᠪᠲᠡᠷ᠂  ᠤᠷᠳᠦ ᠺᠢᠨᠣ᠋ ᠵᠢᠨ ᠲᠣᠢ᠌ᠮᠣ ᠲᠥᠯᠥᠪ᠂ 6000  ᠦᠰᠦᠭ᠎ᠤᠨ ᠳᠣᠲᠣᠷ᠎ᠠ; 

      ᠰᠢᠯᠦᠭ᠄ 2000 ᠦᠰᠦᠭ᠎ᠤᠨ ᠳᠣᠲᠣᠷ᠎ᠠ᠃ 

      (ᠭᠤᠷᠪᠠ)  ᠤᠷᠤᠯᠳᠤᠭ᠋ᠠᠨ᠎ᠳᠤ ᠣᠷᠣᠯᠴᠠᠬᠤ ᠱᠠᠭ᠋ᠠᠷᠳᠠᠯᠭ᠎ᠠ

      1. ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂  ᠵᠥᠪ ᠤᠯᠤᠰ ᠲᠦᠷᠦ ᠵᠢᠨ ᠴᠢᠭᠯᠡᠯ᠂  ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂  ᠦᠷᠳᠡᠭ᠎ᠤᠨ ᠬᠠᠨᠳᠤᠯᠭ᠎ᠠ ᠵᠢ ᠪᠠᠷᠢᠮᠲᠠᠯᠠᠬᠤ ᠬᠡᠷᠡᠭᠲᠡᠢ᠃  ᠠᠵᠢᠯᠯᠠᠭ᠎ᠠ  ᠵᠢᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂  ᠤᠷᠠᠯᠢᠭ᠎ᠤᠨ ᠨᠥᠯᠥᠭᠡᠯᠡᠬᠦ ᠬᠦᠴᠦᠨ  ᠵᠶ᠋ᠡᠷ ᠨᠡᠯᠢᠶᠡᠳ ᠴᠢᠩᠭ᠎ᠠ ᠪᠠᠢ᠌ᠵᠤ᠂  ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠳᠠᠮᠵᠢᠭᠤᠯᠭ᠎ᠠ᠎ᠳᠤ  ᠵᠣᠬᠢᠴᠠᠬᠤ ᠬᠡᠷᠡᠭᠲᠡᠢ᠃ 

      2. ᠤᠯᠤᠰ᠎ᠤᠨ ᠨᠢᠭᠤᠴᠠ᠎ᠳᠤ ᠬᠣᠯᠪᠣᠭᠳᠠᠬᠤ ᠦᠭᠡᠢ᠂  ᠱᠠᠯᠢᠭ ᠵᠠᠪᠬᠠᠢ᠂  ᠬᠦᠴᠦᠷᠬᠡᠭᠯᠡᠯ᠂  ᠹᠧᠣᠳᠠᠯ᠎ᠤᠨ ᠮᠤᠬᠤᠷ ᠪᠢᠰᠢᠷᠡᠯ᠂  ᠠᠷᠠᠰᠤᠲᠠᠨ ᠬᠢᠭᠡᠳ ᠱᠠᠰᠢᠨ ᠰᠤᠷᠲᠠᠬᠤᠨ᠎ᠤ ᠭᠠᠳᠠᠭᠤᠷᠴᠢᠯᠠᠯ ᠵᠡᠷᠭᠡ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠠᠭᠤᠯᠭ᠎ᠠ ᠵᠢ ᠪᠠᠭᠲᠠᠭ᠋ᠠᠬᠤ ᠦᠭᠡᠢ᠃ 

      3. ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠨᠢ ᠡᠷᠬᠡᠪᠰᠢ ᠠᠩᠬᠠᠨ᠎ᠤ ᠪᠦᠲᠦᠭᠡᠯ ᠪᠠᠢ᠌ᠬᠤ ᠬᠡᠷᠡᠭᠲᠡᠢ᠂  ᠪᠤᠰᠤᠳ᠎ᠤᠨ ᠪᠦᠲᠦᠭᠡᠯ᠎ᠢ ᠬᠠᠭᠤᠯᠵᠤ᠂  ᠬᠤᠯᠠᠭ᠋ᠠᠢ᠌ᠯᠠᠨ ᠬᠡᠷᠡᠭᠯᠡᠵᠦ ᠪᠣᠯᠬᠤ ᠦᠭᠡᠢ᠂  ᠪᠤᠰᠤᠳ ᠬᠥᠮᠥᠨ ᠪᠤᠶᠤ ᠪᠠᠢ᠌ᠭᠤᠯᠤᠮᠵᠢ ᠵᠢᠨ ᠮᠡᠳᠡᠯᠭᠡ ᠵᠢᠨ ᠪᠦᠲᠦᠭᠡᠭᠳᠡᠬᠦᠨ᠎ᠤ  ᠥᠮᠴᠢᠯᠡᠯ᠎ᠤᠨ ᠡᠷᠬᠡ᠎ᠳᠤ ᠬᠠᠯᠳᠠᠵᠤ ᠪᠣᠯᠬᠤ ᠦᠭᠡᠢ᠃  ᠵᠢᠱ᠌ᠢᠶᠡᠯᠡᠪᠡᠯ ᠪᠦᠲᠦᠭᠡᠯ᠎ᠤᠨ  ᠳᠠᠭᠤᠤ ᠬᠥᠭᠵᠢᠮ᠂  ᠵᠢᠷᠤᠭ ᠳᠦᠷᠰᠦ ᠵᠡᠷᠭᠡ᠎ᠳᠤ ᠠᠩᠬᠠᠨ᠎ᠤ   ᠪᠦᠲᠦᠭᠡᠯ᠎ᠤᠨ ᠪᠤᠰᠤ ᠠᠭᠤᠯᠭ᠎ᠠ᠎ᠲᠠᠢ ᠪᠠᠢ᠌ᠪᠠᠯ᠂  ᠡᠷᠬᠡᠪᠰᠢ ᠹᠢᠯᠢᠮ᠎ᠤᠨ ᠲᠡᠭᠦᠰᠬᠡᠯ᠎ᠤᠨ ᠥᠰᠥᠭ᠎ᠤᠨ ᠬᠥᠰᠢᠭᠡᠨ᠎ᠳᠤ ᠢᠷᠡᠯᠲᠡ ᠵᠢ᠎ᠨᠢ ᠲᠣᠳᠣᠷᠬᠠᠢ᠌ᠯᠠᠬᠤ ᠬᠡᠷᠡᠭᠲᠡᠢ᠃  ᠭᠡᠷᠡᠯ ᠵᠢᠷᠤᠭ᠎ᠤᠨ ᠪᠦᠲᠦᠭᠡᠯ᠎ᠢ ᠬᠡᠷᠪᠡ ᠰᠡᠭᠦᠯᠴᠢ ᠵᠢᠨ ᠬᠤᠭᠤᠴᠠᠭ᠋ᠠᠨ᠎ᠤ ᠰᠢᠢ᠍ᠳᠪᠦᠷᠢᠯᠡᠯᠲᠡ ᠬᠢᠬᠦ᠎ᠳᠤ ᠬᠦᠷᠪᠡᠯ᠂  ᠡᠷᠬᠡᠪᠰᠢ ᠠᠩᠬᠠᠨ᠎ᠤ ᠵᠢᠷᠤᠭ ᠳᠦᠷᠰᠦ ᠵᠢ ᠬᠠᠮᠲᠤ᠎ᠳᠤᠨᠢ ᠲᠤᠰᠢᠶᠠᠬᠤ ᠬᠡᠷᠡᠭᠲᠡᠢ᠃ 

      4. ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠨᠢ ᠡᠷᠬᠡᠪᠰᠢ ᠡᠯᠰᠡᠨ ᠴᠤᠭᠯᠠᠭᠤᠯᠬᠤ ᠲᠦᠷᠦᠯ ᠬᠡᠯᠪᠡᠷᠢ ᠵᠢᠴᠢ ᠬᠡᠪ ᠵᠠᠭᠪᠤᠷ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ 

      ᠲᠠᠪᠤ᠂  ᠱᠠᠩᠨᠠᠯ᠎ᠤᠨ ᠵᠦᠢ᠍ᠯ᠎ᠤᠨ ᠪᠠᠢ᠌ᠷᠢᠯᠠᠭᠤᠯᠤᠯᠲᠠ ᠬᠢᠭᠡᠳ ᠰᠢᠯᠭ᠋ᠠᠷᠠᠭᠤᠯᠬᠤ ᠠᠷᠭ᠎ᠠ  ᠬᠡᠯᠪᠡᠷᠢ 

      ᠲᠣᠰ ᠤᠳᠠᠭ᠋ᠠᠨ᠎ᠤ ᠠᠵᠢᠯᠯᠠᠭ᠎ᠠ ᠵᠢᠨ ᠱᠠᠩᠨᠠᠯ᠎ᠤᠨ ᠵᠦᠢ᠍ᠯ᠎ᠳᠤ᠄  ᠸᠢᠳᠢᠤ᠋ ᠵᠢᠨ ᠲᠥᠷᠥᠯ᠂  ᠬᠡᠷᠡᠯ ᠵᠢᠷᠤᠭ᠎ᠤᠨ  ᠲᠥᠷᠥᠯ᠂  ᠥᠰᠥᠭ ᠪᠢᠴᠢᠭ᠎ᠤᠨ ᠲᠥᠷᠥᠯ᠎ᠳᠤ ᠲᠣᠰ ᠲᠣᠰ ᠨᠢᠭᠡᠳᠦᠭᠡᠷ᠂  ᠬᠣᠶᠠᠳᠤᠭ᠋ᠠᠷ᠂  ᠭᠤᠷᠪᠠᠳᠤᠭ᠋ᠠᠷ ᠳᠡᠰ᠎ᠤᠨ ᠱᠠᠩᠨᠠᠯ᠂  ᠰᠢᠯᠢᠳᠡᠭ ᠱᠠᠩᠨᠠᠯ  ᠲᠣᠬᠢᠷᠠᠭᠤᠯᠤᠨ᠎ᠠ; ᠣᠷᠣᠯᠴᠠᠭᠰᠠᠨ ᠨᠢᠭᠡᠴᠡ᠎ᠳᠤ  ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ  ᠲᠣᠬᠢᠷᠠᠭᠤᠯᠤᠨ᠎ᠠ᠃ 

      ᠵᠣᠬᠢᠶᠠᠨ ᠪᠠᠶ᠋ᠢᠭᠤᠯᠬᠤ ᠺᠣᠮᠢᠰ᠎ᠤᠨ ᠠᠩᠬᠠᠨ᠎ᠤ ᠰᠢᠯᠭ᠋ᠠᠷᠠᠭᠤᠯᠤᠯᠲᠠ᠎ᠪᠠᠷ ᠳᠡᠮᠵᠢᠨ᠂  ᠲᠤᠰᠬᠠᠢ ᠮᠡᠷᠭᠡᠵᠢᠯᠲᠡᠨ ᠎ᠢ ᠤᠷᠢᠵᠤ ᠡᠴᠦᠰ᠎ᠤᠨ ᠰᠢᠯᠭ᠋ᠠᠷᠠᠭᠤᠯᠤᠯᠲᠠ᠎ᠳᠤ ᠣᠷᠣᠯᠴᠠᠭᠤᠯᠵᠤ᠂  ᠱᠠᠩᠨᠠᠯ ᠭᠥᠷᠳᠡᠭᠰᠡᠨ ᠪᠦᠲᠦᠭᠡᠯ ᠎ᠢ ᠰᠣᠩᠭᠣᠵᠤ ᠭᠠᠷᠭ᠋ᠠᠨ᠎ᠠ᠃ 

      ᠱᠠᠩᠨᠠᠯ ᠭᠥᠷᠳᠡᠭᠰᠡᠨ ᠪᠦᠲᠦᠭᠡᠯ ᠎ᠢ 2025 ᠣᠨ᠎ᠤ 7 ᠰᠠᠷ᠎ᠠ᠎ᠳᠤ  ᠨᠡᠢ᠌ᠲᠡᠯᠡᠨ᠎ᠡ᠃ 

      ᠵᠢᠷᠭᠤᠭ᠎ᠠ᠂  ᠮᠡᠳᠡᠭᠦᠯᠦᠨ ᠬᠦᠷᠭᠡᠬᠦ ᠴᠤᠪᠤᠷᠠᠯ

      (ᠨᠢᠭᠡ)  ᠡᠯ᠎ᠡ ᠨᠢᠭᠡᠴᠡ  ᠰᠢᠯᠢᠨ ᠰᠣᠩᠭᠣᠵᠤ ᠮᠡᠳᠡᠭᠦᠯᠦᠨ ᠬᠦᠷᠭᠡᠬᠦ ᠬᠠᠤᠯᠢᠵᠢᠯ᠎ᠤᠨ ᠰᠣᠳᠣᠨ ᠤᠳᠬ᠎ᠠ ᠤᠷᠠᠯᠢᠭ᠎ᠤᠨ ᠪᠦᠲᠦᠭᠡᠯ ᠎ᠨᠢ᠂  ᠲᠥᠷᠥᠯ ᠪᠦᠷᠢ ᠵᠢᠨ ᠮᠡᠳᠡᠭᠦᠯᠦᠨ ᠬᠦᠷᠭᠡᠭᠰᠡᠨ ᠪᠦᠲᠦᠭᠡᠯ᠎ᠢ 2 ᠬᠤᠪᠢ ᠎ᠠᠴᠠ ᠬᠡᠲᠦᠷᠡᠭᠦᠯᠵᠦ ᠪᠣᠯᠬᠤ ᠦᠭᠡᠢ᠂  ᠡᠯ᠎ᠡ ᠨᠢᠭᠡᠴᠡ ᠵᠢᠨ ᠶᠡᠷᠦᠩᠬᠡᠢ ᠮᠡᠳᠡᠭᠦᠯᠦᠨ ᠬᠦᠷᠭᠡᠭᠰᠡᠨ ᠪᠦᠲᠦᠭᠡᠯ᠎ᠢ 6

ᠬᠤᠪᠢ᠎ᠠᠴᠠ ᠬᠡᠲᠦᠷᠡᠭᠦᠯᠵᠦ ᠪᠣᠯᠬᠤ ᠦᠭᠡᠢ᠃ 

      (ᠬᠣᠶᠠᠷ)  ᠪᠣᠶ ᠪᠦᠬᠦᠢ ᠮᠡᠳᠡᠭᠦᠯᠦᠭᠰᠡᠨ ᠪᠦᠲᠦᠭᠡᠯ᠎ᠢ 《ᠪᠦᠲᠦᠭᠡᠯ᠎ᠤᠨ ᠲᠥᠷᠥᠯ ᠬᠡᠯᠪᠡᠷᠢ + ᠪᠦᠲᠦᠭᠡᠯ᠎ᠤᠨ ᠭᠠᠷᠴᠠᠭ + ᠮᠡᠳᠡᠭᠦᠯᠦᠨ ᠬᠦᠷᠭᠡᠬᠦ ᠭᠠᠵᠠᠷ ᠣᠷᠣᠨ (ᠨᠢᠭᠡᠴᠡ)》᠎ᠤ ᠵᠠᠭᠪᠤᠷ ᠵᠶ᠋ᠠᠷ ᠨᠢᠭᠡᠳᠦᠯᠲᠡᠢ ᠨᠡᠷᠡᠢ᠌ᠳᠦᠨ᠎ᠡ᠂  ᠵᠢᠱ᠌ᠢᠶᠡᠯᠡᠪᠡᠯ 《ᠬᠡᠷᠡᠯ ᠵᠢᠷᠤᠭ + 〈ᠤᠭ ᠰᠠᠨᠠᠭ᠎ᠠ〉 + ᠬᠥᠬᠡᠬᠣᠲᠠ (ᠬᠠᠤᠯᠢ ᠴᠠᠭ᠋ᠠᠵᠠ ᠵᠢᠨ ᠲᠣᠪᠴᠢᠶ᠎ᠠ)》᠃ 

      (ᠭᠤᠷᠪᠠ)  ᠪᠣᠶ ᠪᠦᠬᠦᠢ ᠨᠡᠷ᠎ᠡ ᠮᠡᠳᠡᠭᠦᠯᠦᠭᠰᠡᠨ ᠪᠦᠲᠦᠭᠡᠯ᠎ᠳᠤ ᠡᠷᠬᠡᠪᠰᠢ ᠨᠡᠷ᠎ᠡ ᠮᠡᠳᠡᠭᠦᠯᠬᠦ  ᠬᠦᠰᠦᠨᠦᠭᠲᠦ (ᠠᠩᠬᠠᠨ᠎ᠤ ᠪᠦᠲᠦᠭᠡᠯᠴᠢ ᠵᠢᠨ ᠭᠠᠷ᠎ᠤᠨ ᠥᠰᠥᠭ ᠵᠢᠷᠤᠭᠰᠠᠨ ᠰᠢᠷᠪᠢᠯᠲᠡ ᠵᠢᠨ ᠮᠠᠲ᠋ᠧᠷᠢᠶᠠᠯ)᠎ᠢ ᠲᠠᠭᠯᠠᠨ ᠪᠢᠴᠢᠵᠦ ᠪᠦᠲᠦᠭᠡᠯ᠎ᠲᠠᠢ᠎ᠪᠠᠨ ᠬᠠᠮᠲᠤ᠎ᠳᠤᠨᠢ  ᠢᠮᠧᠯ᠎ᠳᠤ ᠬᠦᠷᠭᠡᠬᠦ ᠪᠤᠶᠤ ᠪᠠᠢ ᠳ᠋ᠦ᠋ ᠡᠭᠦᠯᠡᠨ ᠲᠠᠪᠠᠭ (ᠡᠭᠦᠯᠡᠨ ᠲᠠᠪᠠᠭ᠎ᠤᠨ ᠴᠥᠷᠬᠡᠯᠡᠭᠡ ᠵᠢ  ᠢᠮᠧᠯ᠎ᠳᠤ ᠬᠦᠷᠭᠡᠨ᠎ᠡ)᠎ᠲᠤ ᠳᠠᠮᠵᠢᠭᠤᠯᠵᠤ᠂  ᠨᠡᠷ᠎ᠡ ᠮᠡᠳᠡᠭᠦᠯᠬᠦ ᠬᠦᠰᠦᠨᠦᠭᠲᠦ ᠵᠢ ᠳᠠᠭ᠋ᠠᠯᠳᠤᠭᠤᠯᠤᠯ᠎ᠳᠤ ᠦᠵᠡ᠃ 

      (ᠳᠥᠷᠪᠡ)  ᠡᠬᠡ ᠪᠢᠴᠢᠭ ᠶᠠᠪᠤᠭᠤᠯᠬᠤ ᠠᠷᠭ᠎ᠠ  ᠬᠡᠯᠪᠡᠷᠢ᠄

      1. ᠪᠢᠴᠢᠭ ᠮᠠᠲ᠋ᠧᠷᠢᠶᠠᠯ ᠵᠶ᠋ᠠᠷ ᠨᠡᠯᠢᠶᠡᠳ ᠶᠡᠬᠡ ᠪᠦᠲᠦᠭᠡᠯ ᠎ᠢ ᠤᠷᠢᠳ ᠵᠶ᠋ᠠᠷ ᠪᠠᠢ ᠳ᠋ᠦ᠋ ᠡᠭᠦᠯᠡᠨ ᠲᠠᠪᠠᠭ᠎ᠲᠤ ᠳᠠᠮᠵᠢᠭᠤᠯᠤᠨ᠎ᠠ (ᠳᠣᠣᠷᠠᠬᠢ  ᠢᠮᠧᠯ᠎ᠳᠤ ᠢᠯᠡᠭᠡᠨ᠎ᠡ) 

      2. ᠡᠬᠡ ᠪᠢᠴᠢᠭ ᠢᠯᠡᠭᠡᠬᠦ  ᠢᠮᠧᠯ᠄ nmgsftpf@163.com

      ᠬᠠᠷᠢᠯᠴᠠᠬᠤ᠎ᠪᠠᠷ ᠮᠡᠳᠡᠭᠦᠯᠦᠭᠰᠡᠨ ᠬᠥᠮᠥᠨ᠄ ᠲᠠᠨ ᠴᠠᠩ 15354855688

      ᠳᠠᠭ᠋ᠠᠯᠳᠤᠭᠤᠯᠤᠯ᠄ 1. ᠬᠠᠤᠯᠢᠵᠢᠯ᠎ᠤᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠡᠯᠰᠡᠵᠦ ᠰᠢᠯᠭ᠋ᠠᠷᠠᠭᠤᠯᠬᠤ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ᠃  

      2. ᠬᠠᠤᠯᠢᠵᠢᠯ᠎ᠤᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠡᠯᠰᠡᠨ ᠰᠢᠯᠭ᠋ᠠᠷᠠᠭᠤᠯᠬᠤ ᠠᠵᠢᠯᠯᠠᠭ᠎ᠠ ᠵᠢᠨ ᠬᠤᠷᠢᠶᠠᠩᠭᠤᠢ ᠬᠦᠰᠦᠨᠦᠭᠲᠦ᠃  

 

                                 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ

                                  ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠤᠬᠠᠭᠤᠯᠬᠤ ᠬᠡᠯᠲᠡᠰ

                                 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 

                                 ᠬᠠᠤᠯᠢ ᠴᠠᠭ᠋ᠠᠵᠠ ᠵᠢᠨ ᠲᠢᠩᠬᠢᠮ 

                                             2025 ᠣᠨ᠎ᠤ 2 ᠰᠠᠷ᠎ᠠ ᠵᠢᠨ 26᠎ᠤ  ᠡᠳᠦᠷ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            