ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2024 ᠣᠨ᠎ᠤ ᠪᠥᠬᠥ ᠣᠷᠣᠨ᠎ᠤ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠴᠢ ᠬᠠᠷᠢᠭᠤᠴᠠᠯᠭ᠋ᠠᠲᠠᠨ᠂ ᠠᠯᠪᠠᠨ ᠭᠡᠷᠡᠴᠢᠯᠡᠭᠴᠢ ᠵᠢ ᠬᠢᠨᠠᠨ ᠰᠢᠯᠭ᠋ᠠᠭᠰᠠᠨ ᠪᠠᠢ᠌ᠳᠠᠯ᠎ᠤᠨ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2025-04-17

      ᠬᠠᠤᠯᠢ ᠴᠠᠭ᠋ᠠᠵᠠ ᠵᠢᠨ ᠶᠠᠮᠤᠨ᠎ᠤ 《ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠣᠨ᠎ᠤ ᠬᠢᠨᠠᠨ ᠰᠢᠯᠭ᠋ᠠᠬᠤ ᠠᠷᠭ᠎ᠠ》 (ᠵᠤᠷᠭ᠋ᠠᠨ  ᠲᠠᠷᠬᠠᠭ᠋ᠠᠭᠰᠠᠨ ᠮᠡᠳᠡᠭᠳᠡᠯ [2007] 67 ᠳ᠋ᠤᠭ᠋ᠠᠷ ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠴᠢ ᠵᠢᠨ ᠠᠵᠢᠯ ᠡᠷᠭᠢᠯᠡᠬᠦ ᠣᠨ᠎ᠤ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠣᠨ᠎ᠤ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》  ᠪᠠ 《ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠣᠨ᠎ᠤ ᠰᠢᠯᠭ᠋ᠠᠨ ᠬᠢᠨᠠᠬᠤ ᠵᠡᠷᠭᠡ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》  ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂  ᠪᠥᠬᠥ ᠣᠷᠣᠨ᠎ᠤ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠴᠢ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ 2024 ᠣᠨ᠎ᠤ ᠰᠢᠯᠭ᠋ᠠᠨ ᠬᠢᠨᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠪᠡ᠃ ᠡᠳᠦᠭᠡ ᠬᠢᠨᠠᠨ ᠰᠢᠯᠭ᠋ᠠᠯᠲᠠ᠎ᠳᠤ ᠣᠷᠣᠯᠴᠠᠭᠰᠠᠨ 95 ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ (ᠡᠭᠦᠨ᠎ᠳᠤ ᠰᠢᠯᠢᠳᠡᠭ᠎ᠨᠢ 19᠂  ᠬᠢᠷᠢ ᠲᠡᠩᠴᠡᠭᠰᠡᠨ᠎ᠨᠢ 76)᠂ 92 ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ (ᠡᠭᠦᠨ᠎ᠳᠤ ᠰᠢᠯᠢᠳᠡᠭ᠎ᠨᠢ 18᠂  ᠬᠢᠷᠢ ᠲᠡᠩᠴᠡᠭᠰᠡᠨ᠎ᠨᠢ 72᠂  ᠬᠢᠷᠢ ᠲᠡᠩᠴᠡᠭᠰᠡᠨ ᠦᠭᠡᠢ᠎ᠨᠢ 2)᠂ 508 ᠠᠯᠪᠠᠨ ᠭᠡᠷᠡᠴᠢᠯᠡᠭᠴᠢ (ᠡᠭᠦᠨ᠎ᠳᠤ ᠰᠢᠯᠢᠳᠡᠭ᠎ᠨᠢ 101᠂  ᠬᠢᠷᠢ ᠲᠡᠩᠴᠡᠭᠰᠡᠨ᠎ᠨᠢ 403᠂  ᠬᠢᠷᠢ ᠲᠡᠩᠴᠡᠭᠰᠡᠨ ᠦᠭᠡᠢ᠎ᠨᠢ 4) ᠵᠢᠨ ᠬᠢᠨᠠᠨ ᠰᠢᠯᠭ᠋ᠠᠭᠰᠠᠨ ᠦᠷ᠎ᠡ ᠳ᠋ᠦᠩ᠎ᠢ ᠵᠠᠷᠯᠠᠨ ᠮᠡᠳᠡᠭᠳᠡᠶ᠎ᠡ᠃  ᠰᠢᠯᠭ᠋ᠠᠨ ᠬᠢᠨᠠᠬᠤ ᠵᠡᠷᠭᠡ ᠳᠡᠰ᠎ᠨᠢ ᠰᠢᠯᠢᠳᠡᠭ᠂  ᠦᠨᠳᠦᠰᠦᠨ᠎ᠳᠡᠭᠡᠨ ᠬᠢᠷᠢ ᠲᠡᠩᠴᠡᠭᠰᠡᠨ ᠪᠤᠶᠤ ᠬᠢᠷᠢ ᠲᠡᠩᠴᠡᠭᠰᠡᠨ ᠦᠭᠡᠢ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠢᠴᠢ ᠬᠠᠷᠢᠭᠤᠴᠠᠯᠭ᠋ᠠᠲᠠᠨ᠎ᠠᠴᠠ ᠵᠠᠷᠯᠠᠯ᠎ᠳᠤ ᠲᠣᠳᠣᠷᠬᠠᠢ᠌ᠯᠠᠯᠲᠠ ᠬᠢᠵᠦ᠂  ᠰᠢᠯᠭ᠋ᠠᠨ ᠬᠢᠨᠠᠬᠤ ᠵᠡᠷᠭᠡ ᠳᠡᠰ᠎ᠨᠢ ᠬᠢᠷᠢ ᠲᠡᠩᠴᠡᠭᠰᠡᠨ᠎ᠳᠤ ᠲᠣᠳᠣᠷᠬᠠᠢ᠌ᠯᠠᠯᠲᠠ ᠬᠢᠭᠰᠡᠨ ᠦᠭᠡᠢ᠃ 


                   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                        2025 ᠣᠨ᠎ᠤ 4 ᠰᠠᠷ᠎ᠠ ᠵᠢᠨ 8᠎ᠤ  ᠡᠳᠦᠷ 

      

      ᠳᠠᠭ᠋ᠠᠯᠳᠤᠭᠤᠯᠤᠯ᠄ ᠬᠢᠨᠠᠨ ᠰᠢᠯᠭ᠋ᠠᠭᠰᠠᠨ ᠪᠠᠢ᠌ᠳᠠᠯ

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            