《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠬᠤ ᠪᠠᠢ᠌ᠭᠤᠯᠤᠮᠵᠢ ᠵᠢᠨ ᠢᠲᠡᠭᠡᠮᠵᠢ ᠵᠢᠨ ᠲᠠᠰᠤᠨ ᠦᠨᠡᠯᠡᠨ ᠵᠢᠱ᠌ᠢᠯᠳᠡ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》 (ᠥᠪᠥᠷ ᠬᠠᠤᠯᠢ ᠮᠡᠳᠡᠭᠳᠡᠯ [2023] 7 ᠳ᠋ᠤᠭ᠋ᠠᠷ ᠲᠣᠭ᠋ᠠᠲᠤ) (ᠳᠣᠷᠣᠭᠰᠢ 《ᠨᠠᠷᠢᠨ ᠳᠦᠷᠢᠮ》 ᠭᠡᠵᠦ ᠲᠣᠪᠴᠢᠯᠠᠨᠠ) ᠵᠢᠴᠢ 《2024 ᠣᠨᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠬᠤ ᠪᠠᠢ᠌ᠭᠤᠯᠤᠮᠵᠢ ᠵᠢᠨ ᠢᠲᠡᠭᠡᠮᠵᠢ ᠵᠢᠨ ᠲᠠᠰᠢ ᠦᠨᠡᠯᠡᠨ ᠵᠢᠱ᠌ᠢᠬᠦ ᠠᠵᠢᠯᠢ ᠥᠷᠨᠢᠭᠦᠯᠬᠦ ᠲᠤᠬᠠᠢ ᠮᠡᠳᠡᠭᠳᠡᠯ》 (ᠥᠪᠥᠷ ᠬᠠᠤᠯᠢ ᠮᠡᠳᠡᠭᠳᠡᠯ [2024] 138 ᠳ᠋ᠤᠭ᠋ᠠᠷ ᠲᠣᠭ᠋ᠠᠲᠤ)ᠤᠨ ᠲᠣᠭᠲᠠᠭ᠋ᠠᠯᠢ ᠦᠨᠳᠦᠰᠦᠯᠡᠵᠦ᠂ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶᠠ ᠵᠢᠨ ᠠᠩᠬᠠ ᠰᠢᠯᠭ᠋ᠠᠷᠠᠭᠤᠯᠤᠯᠲᠠᠪᠠᠷ ᠳᠠᠮᠵᠢᠭ᠋ᠠᠳ᠂ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮ ᠶᠡᠷᠦᠩᠬᠡᠢ᠌ᠯᠡᠨ ᠦᠨᠡᠯᠡᠵᠦ᠂ ᠡᠯᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢᠨ ᠨᠠᠮᠤᠨ ᠪᠠᠢ᠌ᠭᠤᠯᠤᠯᠲᠠ ᠵᠢᠨ ᠠᠵᠢᠯ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠳᠦᠷᠢᠮᠵᠢᠯᠤᠨ ᠴᠢᠨᠠᠷᠢ ᠵᠢᠷᠤᠮᠯᠠᠬᠤ᠂ ᠲᠤᠬᠠᠢ᠌ᠯᠠᠭᠰᠠᠨ ᠠᠵᠢᠯᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭᠠ ᠪᠠᠲᠤ ᠵᠢ ᠵᠢᠷᠤᠮᠯᠠᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠢᠷᠤᠮ᠂ ᠪᠠᠷᠢᠮᠵᠢᠶᠠ ᠪᠠ ᠮᠡᠷᠭᠡᠵᠢᠯᠤᠨ ᠵᠢᠷᠤᠮᠵᠢᠯᠤᠨ ᠬᠡᠷᠡᠭᠵᠢᠭᠦᠯᠦᠯᠲᠡ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨᠤ ᠪᠠᠢ᠌ᠭᠤᠯᠭᠠ᠂ ᠠᠵᠢᠯ ᠲᠦᠷᠦᠯᠤᠨ ᠨᠡᠢ᠌ᠭᠡᠮᠯᠢᠭᠤᠨ ᠬᠠᠮᠢᠶᠠᠷᠤᠯᠲᠠ ᠬᠢᠨᠠᠯᠲᠠ ᠵᠢ ᠬᠦᠯᠢᠶᠡᠬᠦ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭᠠᠪᠠᠨ ᠭᠦᠢ᠍ᠴᠡᠳᠬᠡᠬᠦ᠂ ᠠᠵᠢᠯ ᠡᠷᠬᠢᠯᠡᠬᠦ ᠵᠢ ᠵᠠᠷᠯᠠᠨ ᠨᠡᠢ᠌ᠲᠡᠯᠡᠬᠦ ᠵᠡᠷᠭᠡᠳᠤ ᠶᠡᠷᠦᠩᠬᠡᠢ᠌ᠯᠡᠭᠰᠡᠨ ᠦᠨᠡᠯᠡᠯᠲᠡ ᠬᠢᠭᠰᠡᠨ ᠪᠥᠭᠡᠳ ᠨᠡᠢ᠌ᠭᠡᠮ ᠨᠡᠶ᠋ᠢᠲᠡᠳᠤ ᠵᠠᠷᠯᠠᠨ ᠨᠡᠢ᠌ᠲᠡᠯᠡᠭᠰᠡᠨᠤ ᠳᠠᠷᠠᠭᠠ ᠵᠡᠷᠭᠡ ᠳᠡᠰᠢᠨᠢ ᠲᠣᠭᠲᠠᠭ᠋ᠠᠪᠠ᠃ ᠡᠳᠦᠭᠡ ᠪᠥᠬᠥ ᠣᠷᠣᠨᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢᠨ 2024 ᠣᠨᠤ ᠦᠨᠡᠨᠴᠢ ᠢᠲᠡᠭᠡᠮᠵᠢ ᠵᠢᠨ ᠲᠠᠰᠢ ᠦᠨᠡᠯᠡᠨ ᠵᠢᠱ᠌ᠢᠭᠰᠡᠨ ᠦᠷᠡ ᠳ᠋ᠦᠩᠢ ᠳᠣᠣᠷᠠᠬᠢ ᠮᠡᠲᠦ ᠵᠠᠷᠯᠠᠶᠠ᠃
ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮ
2025 ᠣᠨᠤ 4 ᠰᠠᠷᠠ ᠵᠢᠨ 11ᠤ ᠡᠳᠦᠷ