ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 2025 ᠣᠨ᠎ᠤ 《1+1》 ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯᠯᠠᠭ᠎ᠠ (ᠳᠣᠷᠣᠭᠰᠢ 《1+1》 ᠠᠵᠢᠯᠯᠠᠭ᠎ᠠ ᠭᠡᠵᠦ ᠲᠣᠪᠴᠢᠯᠠᠨ᠎ᠠ) ᠵᠢ ᠰᠠᠢ᠌ᠲᠤᠷ ᠬᠢᠵᠦ᠂ ᠬᠠᠤᠯᠢᠴᠢ ᠵᠢᠨ ᠡᠬᠢ ᠪᠠᠶᠠᠯᠢᠭ ᠬᠦᠷᠦᠯᠴᠡᠬᠦ ᠦᠭᠡᠢ ᠭᠠᠵᠠᠷ ᠣᠷᠣᠨ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠲᠣᠮᠢᠯᠠᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠲᠤᠬᠠᠢ ᠵᠢᠨ ᠭᠠᠵᠠᠷ᠎ᠤᠨ ᠬᠦᠴᠢᠷᠳᠡᠯᠲᠡᠢ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠬᠢ ᠪᠠᠶᠠᠯᠢᠭ᠎ᠤᠨ ᠠᠳᠠᠯᠢ ᠲᠡᠭᠰᠢ ᠬᠥᠭᠵᠢᠯᠲᠡ ᠵᠢ ᠠᠬᠢᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ ᠬᠠᠤᠯᠢ ᠴᠠᠭ᠋ᠠᠵᠠ ᠵᠢᠨ ᠦᠢ᠍ᠯᠡᠴᠢᠯᠡᠭᠡ ᠪᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠬᠤ ᠵᠢᠨ ᠲᠥᠯᠥᠭᠡ᠂ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠲᠢᠩᠬᠢᠮ᠎ᠤᠨ 《2025 ᠣᠨ᠎ᠤ 〈1+1〉 ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠮᠠᠨ᠎ᠤ ᠣᠷᠣᠨ᠎ᠤ 《1+1》 ᠠᠵᠢᠯᠯᠠᠭ᠎ᠠ ᠵᠢᠨ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠡᠯᠰᠡᠬᠦ ᠲᠥᠯᠥᠪᠯᠡᠭᠡ
ᠮᠠᠨ᠎ᠤ ᠣᠷᠣᠨ᠎ᠤ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ 3 ᠬᠥᠮᠥᠨ᠂ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠪᠤᠶᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ 11 ᠬᠥᠮᠥᠨ ᠡᠯᠰᠡᠬᠦ᠎ᠪᠠᠷ ᠲᠥᠯᠥᠪᠯᠡᠵᠦ ᠪᠣᠶ᠃ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠪᠦᠬᠦ ᠣᠷᠣᠨ᠎ᠠᠴᠠ ᠡᠯᠰᠡᠵᠦ ᠠᠪᠤᠨ᠎ᠠ᠃ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠬᠥᠬᠡᠬᠣᠲᠠ ᠵᠢᠨ ᠲᠣᠭᠲᠠᠬᠤ ᠰᠢᠶᠠᠨ᠂ ᠪᠤᠭᠤᠲᠤ ᠬᠤᠳᠠ ᠵᠢᠨ ᠰᠢᠭᠤᠢ᠌ᠲᠤ ᠲᠣᠭᠣᠷᠢᠭ᠂ ᠪᠤᠭᠤᠲᠤ ᠬᠤᠳᠠ ᠵᠢᠨ ᠪᠠᠶᠠᠨ᠋ᠣ᠋ᠪᠣᠭ᠎ᠠ ᠠᠭᠤᠷᠬᠠᠢ ᠵᠢᠨ ᠲᠣᠭᠣᠷᠢᠭ᠂ ᠪᠤᠭᠤᠲᠤ ᠬᠤᠳᠠ ᠵᠢᠨ ᠭᠦᠶᠠᠩ ᠰᠢᠶᠠᠨ᠂ ᠬᠥᠯᠥᠨ ᠪᠤᠢ᠍ᠢ᠍ᠷ ᠬᠤᠳᠠ ᠵᠢᠨ ᠭᠡᠭᠡᠨ ᠭᠣᠣᠯ ᠬᠤᠳᠠ᠂ ᠬᠥᠯᠥᠨ ᠪᠤᠢ᠍ᠢ᠍ᠷ ᠬᠤᠳᠠ ᠵᠢᠨ ᠰᠢᠨ᠎ᠡ ᠪᠠᠷᠭᠤ ᠪᠠᠷᠠᠭᠤᠨ ᠬᠣᠰᠢᠭᠤ᠂ ᠰᠢᠯᠢ ᠵᠢᠨ ᠭᠣᠣᠯ ᠠᠢ᠌ᠮᠠᠭ᠎ᠤᠨ ᠰᠥᠨᠢᠳ ᠪᠠᠷᠠᠭᠤᠨ ᠬᠣᠰᠢᠭᠤ᠂ ᠰᠢᠯᠢ ᠵᠢᠨ ᠭᠣᠣᠯ ᠠᠢ᠌ᠮᠠᠭ᠎ᠤᠨ ᠬᠥᠪᠡᠭᠡᠲᠦ ᠰᠢᠷ᠎ᠠ ᠬᠣᠰᠢᠭᠤ᠂ ᠪᠠᠶᠠᠨᠨᠠᠭᠤᠷ ᠬᠤᠳᠠ ᠵᠢᠨ ᠤᠷᠠᠳ᠎ᠤᠨ ᠳᠤᠮᠳᠠᠳᠤ ᠬᠣᠰᠢᠭᠤ᠂ ᠪᠠᠶᠠᠨᠨᠠᠭᠤᠷ ᠬᠤᠳᠠ ᠵᠢᠨ ᠤᠷᠠᠳ᠎ᠤᠨ ᠬᠣᠢ᠌ᠲᠤ ᠬᠣᠰᠢᠭᠤ᠂ ᠠᠯᠠᠱ᠌ᠠ ᠠᠢ᠌ᠮᠠᠭ᠎ᠤᠨ ᠡᠵᠡᠨ᠎ᠡ ᠬᠤᠰᠢᠭᠤ ᠵᠡᠷᠭᠡ 11 ᠭᠠᠵᠠᠷ ᠣᠷᠣᠨ᠎ᠠᠴᠠ ᠡᠯᠰᠡᠨ᠎ᠡ᠃
ᠬᠣᠶᠠᠷ᠂ ᠡᠯᠰᠡᠬᠦ ᠨᠥᠬᠥᠴᠡᠯ
(ᠨᠢᠭᠡ) ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠂ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠨᠢ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠮᠠᠨ᠎ᠤ ᠤᠯᠤᠰ᠎ᠤᠨ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠵᠢ ᠬᠦᠷᠢᠶᠡᠯᠡᠵᠦ᠂ ᠤᠯᠤᠰ ᠲᠦᠷᠦ ᠵᠢ ᠡᠷᠬᠢᠮᠯᠡᠵᠦ᠂ ᠪᠡᠶ᠎ᠡ᠎ᠪᠠᠨ ᠱᠠᠭ᠋ᠠᠷᠳᠠᠬᠤ ᠵᠢ ᠴᠢᠬᠤᠯᠠᠴᠢᠯᠠᠵᠤ᠂ ᠨᠡᠶ᠋ᠢᠲᠡ ᠵᠢᠨ ᠠᠰᠠᠷᠠᠮᠵᠢ᠎ᠳᠤ ᠬᠠᠯᠠᠭᠤᠨ ᠰᠡᠳᠬᠢᠯᠭᠡ᠎ᠲᠠᠢ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠲᠠᠢ ᠪᠠᠢ᠌ᠬᠤ ᠬᠡᠷᠡᠭᠲᠡᠢ᠃
(ᠬᠣᠶᠠᠷ) ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠪᠠᠰᠠ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
1. ᠬᠠᠤᠯᠢᠴᠢ ᠵᠢᠨ ᠠᠵᠢᠯ ᠡᠷᠬᠢᠯᠡᠬᠦ ᠦᠨᠡᠮᠯᠡᠯ ᠣᠯᠣᠭᠰᠠᠨ ᠪᠥᠭᠡᠳ ᠲᠠᠪᠤᠨ ᠵᠢᠯ᠎ᠠᠴᠠ ᠳᠡᠭᠡᠭᠰᠢ ᠠᠵᠢᠯ ᠡᠷᠬᠢᠯᠡᠵᠦ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠪᠡᠶ᠎ᠡ᠎ᠪᠠᠨ ᠳᠠᠭ᠋ᠠᠭ᠋ᠠᠵᠤ ᠰᠢᠢ᠍ᠳᠪᠦᠷᠢᠯᠡᠬᠦ ᠲᠤᠷᠰᠢᠯᠭ᠎ᠠ ᠪᠠ ᠴᠢᠳᠠᠪᠤᠷᠢ᠎ᠲᠠᠢ ᠪᠠᠢ᠌ᠬᠤ ᠬᠡᠷᠡᠭᠲᠡᠢ;
2. ᠠᠵᠢᠯ ᠦᠢ᠍ᠯᠡᠰ ᠵᠶ᠋ᠡᠨ ᠳᠡᠭᠡᠳᠦᠯᠡᠵᠦ᠂ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠬᠠᠷᠢᠯᠴᠠᠬᠤ᠎ᠳᠠᠭᠠᠨ ᠴᠢᠳᠠᠮᠠᠭ᠋ᠠᠢ᠂ ᠮᠥᠷᠭᠥᠯᠳᠦᠭᠡᠨ ᠪᠠ ᠵᠢᠭᠤᠷᠠᠯᠳᠤᠭ᠋ᠠᠨ᠎ᠳᠤ ᠵᠣᠬᠢᠰᠲᠠᠢ ᠬᠠᠨᠳᠤᠬᠤ ᠬᠡᠷᠡᠭᠲᠡᠢ;
3. ᠠᠷᠢᠬᠢᠨ᠎ᠳᠤ ᠰᠢᠨᠤᠬᠤ᠂ ᠵᠣᠭᠣᠰ ᠨᠠᠭ᠋ᠠᠳᠬᠤ ᠵᠡᠷᠭᠡ ᠮᠠᠭᠤ ᠳᠠᠳᠬᠠᠯ ᠦᠭᠡᠢ᠂ ᠵᠠᠰᠠᠭ ᠵᠠᠬᠢᠷᠭ᠋ᠠᠨ᠎ᠤ ᠰᠢᠢ᠍ᠳᠬᠡᠯ ᠪᠤᠶᠤ ᠠᠵᠢᠯ ᠲᠥᠷᠥᠯ᠎ᠤᠨ ᠰᠢᠢ᠍ᠳᠬᠡᠯ ᠵᠡᠷᠭᠡ ᠮᠠᠭᠤ ᠲᠡᠮᠳᠡᠭᠯᠡᠯ ᠦᠭᠡᠢ ᠪᠠᠢ᠌ᠬᠤ ᠬᠡᠷᠡᠭᠲᠡᠢ;
4. ᠪᠡᠶ᠎ᠡ ᠮᠠᠬᠠᠪᠤᠳ ᠡᠷᠡᠭᠦᠯ ᠴᠢᠭᠢᠷᠠᠭ᠂ ᠨᠠᠰᠤ᠎ᠨᠢ 26—55 ᠨᠠᠰᠤᠨ᠎ᠤ ᠬᠣᠭᠣᠷᠣᠨᠳᠤ ᠪᠠᠢ᠌ᠬᠤ ᠬᠡᠷᠡᠭᠲᠡᠢ᠃
(ᠭᠤᠷᠪᠠ) ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠪᠠᠰᠠ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
1. ᠪᠡᠶ᠎ᠡ ᠮᠠᠬᠠᠪᠤᠳ ᠡᠷᠡᠭᠦᠯ ᠴᠢᠭᠢᠷᠠᠭ;
2. ᠬᠠᠤᠯᠢ ᠵᠢᠨ ᠤᠬᠠᠭ᠋ᠠᠨ᠎ᠤ ᠲᠤᠰᠬᠠᠢ ᠮᠡᠷᠭᠡᠵᠢᠯ᠎ᠤᠨ ᠵᠢᠩᠬᠢᠨᠢ ᠠᠩᠭᠢ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ᠂ ᠥᠩᠭᠡᠷᠡᠭᠰᠡᠨ ᠬᠤᠭᠤᠴᠠᠭ᠋ᠠᠨ᠎ᠤ ᠣᠶᠤᠲᠠᠨ ᠰᠤᠷᠭ᠋ᠠᠭᠤᠯᠢ ᠲᠡᠭᠦᠰᠦᠭᠡᠳ ᠭᠤᠷᠪᠠᠨ ᠵᠢᠯ᠎ᠤᠨ ᠳᠣᠲᠣᠷ᠎ᠠ ᠪᠠᠢ᠌ᠬᠤ ᠬᠡᠷᠡᠭᠲᠡᠢ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠤ ᠠᠵᠢᠯᠯᠠᠭᠰᠠᠨ ᠲᠤᠷᠰᠢᠯᠭ᠎ᠠ᠎ᠲᠠᠢ ᠪᠠᠢ᠌ᠬᠤ ᠬᠡᠷᠡᠭᠲᠡᠢ;
3. ᠮᠠᠭᠤ ᠲᠡᠮᠳᠡᠭᠯᠡᠯ ᠦᠭᠡᠢ ᠪᠠᠢ᠌ᠬᠤ ᠬᠡᠷᠡᠭᠲᠡᠢ;
ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠣᠯᠴᠠᠵᠤ ᠥᠩᠭᠡᠷᠡᠭᠰᠡᠨ ᠪᠤᠶᠤ ᠬᠠᠮᠢᠶ᠎ᠠ ᠪᠦᠬᠦᠢ ᠬᠥᠬᠢᠭᠦᠯᠦᠯ ᠭᠥᠷᠳᠡᠭᠰᠡᠨ ᠰᠢᠯᠢᠳᠡᠭ ᠰᠣᠷᠣᠭᠴᠢ ᠵᠢ ᠤᠷᠢᠳᠠᠪᠠᠷ ᠪᠣᠳᠣᠯᠬᠢᠯᠠᠨ᠎ᠠ᠃
(ᠳᠥᠷᠪᠡ) ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠰᠠᠢ᠌ᠨ ᠳᠤᠷ᠎ᠠ ᠵᠢᠨ ᠠᠵᠢᠯᠯᠠᠭᠴᠢ᠎ᠨᠢ ᠪᠠᠰᠠ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
1. ᠲᠥᠷᠥᠯ ᠵᠦᠢ᠍ᠯ᠎ᠢ ᠬᠡᠷᠡᠭᠵᠢᠭᠦᠯᠬᠦ ᠭᠠᠵᠠᠷ᠎ᠲᠤ ᠬᠠᠷᠢᠶᠠᠯᠠᠭᠳᠠᠬᠤ ᠲᠤᠰᠬᠠᠢ ᠲᠤᠰᠢᠶᠠᠯᠲᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠠᠵᠢᠯ ᠡᠷᠭᠢᠯᠡᠬᠦ ᠦᠨᠡᠮᠯᠡᠯ᠎ᠲᠠᠢ᠂ ᠠᠵᠢᠯ ᠡᠷᠭᠢᠯᠡᠬᠦ ᠢᠯᠡᠷᠡᠯ ᠵᠶ᠋ᠡᠷ ᠰᠠᠢ᠌ᠨ᠂ ᠵᠠᠰᠠᠭ ᠵᠠᠬᠢᠷᠭ᠋ᠠᠨ᠎ᠤ ᠰᠢᠢ᠍ᠳᠬᠡᠯ ᠪᠤᠶᠤ ᠠᠵᠢᠯ ᠲᠥᠷᠥᠯ᠎ᠤᠨ ᠰᠢᠢ᠍ᠳᠬᠡᠯ ᠵᠡᠷᠭᠡ ᠮᠠᠭᠤ ᠲᠡᠮᠳᠡᠭᠯᠡᠯ ᠦᠭᠡᠢ ᠪᠠᠢ᠌ᠬᠤ ᠬᠡᠷᠡᠭᠲᠡᠢ;
2. ᠪᠡᠶ᠎ᠡ ᠮᠠᠬᠠᠪᠤᠳ ᠡᠷᠡᠭᠦᠯ ᠴᠢᠭᠢᠷᠠᠭ᠂ ᠨᠠᠰᠤ᠎ᠨᠢ 35 ᠨᠠᠰᠤᠨ᠎ᠠᠴᠠ ᠳᠣᠭᠣᠭᠰᠢ ᠪᠠᠢ᠌ᠬᠤ ᠬᠡᠷᠡᠭᠲᠡᠢ᠃
ᠭᠤᠷᠪᠠ᠂ ᠰᠠᠢ᠌ᠨ ᠳᠤᠷ᠎ᠠ ᠵᠢᠨ ᠠᠵᠢᠯᠯᠠᠭᠴᠢ ᠵᠢᠨ ᠬᠥᠯᠥᠰᠥ ᠣᠯᠭᠣᠮᠵᠢ
(ᠨᠢᠭᠡ) ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ
1. ᠲᠥᠪᠡᠳ᠂ ᠭᠠᠨᠰᠤ᠂ ᠬᠥᠬᠡᠨᠠᠭᠤᠷ᠂ ᠰᠢᠨᠵᠢᠶᠠᠩ ᠵᠡᠷᠭᠡ ᠭᠠᠵᠠᠷ᠎ᠲᠤ ᠦᠢ᠍ᠯᠡᠴᠢᠯᠡᠬᠦ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠳᠤ ᠰᠠᠷ᠎ᠠ᠎ᠳᠤ ᠬᠥᠮᠥᠨ ᠨᠢᠭᠡᠪᠦᠷᠢ᠎ᠳᠤ 3800 ᠲᠥᠭᠥᠷᠢᠭ᠎ᠤᠨ ᠠᠵᠢᠯ᠎ᠤᠨ ᠵᠠᠷᠤᠳᠠᠯ᠂ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠮᠡᠳᠡᠭᠡ ᠬᠣᠯᠪᠣᠭ᠎ᠠ ᠪᠠ ᠪᠢᠴᠢᠭ ᠳᠠᠷᠤᠮᠠᠯᠯᠠᠯ᠎ᠤᠨ ᠵᠠᠷᠤᠳᠠᠯ᠎ᠤᠨ ᠨᠥᠬᠥᠪᠦᠷᠢ ᠥᠭᠭᠦᠨ᠎ᠡ᠃ ᠥᠪᠥᠷ ᠮᠣᠩᠭᠣᠯ᠂ ᠬᠠᠷᠠᠮᠥ᠋ᠷᠡᠨ᠂ ᠬᠤᠨᠠᠨ᠂ ᠭᠤᠸᠠᠩᠰᠢ᠂ ᠬᠠᠢ᠌ᠨᠠᠨ᠂ ᠰᠸᠴᠤᠸᠠᠨ᠂ ᠭᠦᠢ᠍ᠵᠧᠦ᠂ ᠶᠦᠨᠨᠠᠨ᠂ ᠱᠠᠨᠰᠢ᠂ ᠨᠢᠩᠰᠢᠶᠠ ᠵᠡᠷᠭᠡ ᠭᠠᠵᠠᠷ᠎ᠲᠤ ᠦᠢ᠍ᠯᠡᠴᠢᠯᠡᠬᠦ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠳᠤ ᠰᠠᠷ᠎ᠠ ᠪᠦᠷᠢ ᠵᠢᠨ ᠠᠵᠢᠯ᠎ᠤᠨ ᠵᠠᠷᠤᠳᠠᠯ᠂ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠮᠡᠳᠡᠭᠡ ᠬᠣᠯᠪᠣᠭ᠎ᠠ ᠪᠠ ᠪᠢᠴᠢᠭ ᠳᠠᠷᠤᠮᠠᠯᠯᠠᠯ᠎ᠤᠨ ᠵᠠᠷᠤᠳᠠᠯ᠎ᠳᠤ ᠬᠥᠮᠥᠨ ᠪᠦᠷᠢ᠎ᠳᠤ 3300 ᠲᠥᠭᠥᠷᠢᠭ᠎ᠤᠨ ᠨᠥᠬᠥᠪᠦᠷᠢ ᠥᠭᠭᠦᠨ᠎ᠡ᠃
2. ᠲᠥᠪᠡᠳ᠎ᠲᠤ ᠦᠢ᠍ᠯᠡᠴᠢᠯᠡᠬᠦ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠥᠨᠳᠥᠷᠯᠢᠭ᠎ᠤᠨ ᠨᠥᠬᠥᠪᠦᠷᠢ ᠵᠢ ᠬᠥᠮᠥᠨ ᠪᠦᠷᠢ᠎ᠳᠤ ᠵᠢᠯ᠎ᠳᠤ 20000 ᠲᠥᠭᠥᠷᠢᠭ ᠪᠣᠯᠭ᠋ᠠᠨ (ᠭᠠᠢ᠌ᠯᠢ ᠲᠤᠰᠢᠶᠠᠬᠤ᠎ᠠᠴᠠ ᠡᠮᠦᠨ᠎ᠡ) ᠨᠡᠮᠡᠭᠳᠡᠭᠦᠯᠦᠨ᠎ᠡ; ᠭᠠᠨᠰᠤ᠂ ᠬᠥᠬᠡᠨᠠᠭᠤᠷ᠂ ᠰᠢᠨᠵᠢᠶᠠᠩ᠎ᠳᠤ ᠦᠢ᠍ᠯᠡᠴᠢᠯᠡᠬᠦ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠲᠤᠰᠠᠯᠠᠮᠵᠢ ᠵᠢᠨ ᠨᠥᠬᠥᠪᠦᠷᠢ ᠵᠢ ᠬᠥᠮᠥᠨ ᠪᠦᠷᠢ ᠵᠢᠯ᠎ᠳᠤ 15000 ᠲᠥᠭᠥᠷᠢᠭ ᠪᠣᠯᠭ᠋ᠠᠨ (ᠭᠠᠢ᠌ᠯᠢ ᠲᠤᠰᠢᠶᠠᠬᠤ᠎ᠠᠴᠠ ᠡᠮᠦᠨ᠎ᠡ) ᠨᠡᠮᠡᠭᠳᠡᠭᠦᠯᠦᠨ᠎ᠡ᠃
3. ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠠᠴᠠ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠳᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠵᠢᠴᠢ ᠬᠦᠨᠳᠦ ᠡᠪᠡᠳᠴᠢᠨ᠎ᠤ ᠳᠠᠭ᠋ᠠᠳᠬᠠᠯ᠎ᠢ ᠬᠤᠳᠠᠯᠳᠤᠨ ᠠᠪᠴᠤ ᠥᠭᠭᠦᠨ᠎ᠡ᠃
4. ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠦᠢ᠍ᠯᠡᠴᠢᠯᠡᠬᠦ ᠬᠤᠭᠤᠴᠠᠭ᠋ᠠᠨ᠎ᠳᠤ ᠠᠵᠢᠯ ᠡᠷᠬᠢᠯᠡᠬᠦ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠠᠴᠠ ᠲᠣᠮᠢᠯᠠᠭᠰᠠᠨ ᠦᠢ᠍ᠯᠡᠴᠢᠯᠡᠭᠡᠨ᠎ᠤ ᠭᠠᠵᠠᠷ ᠬᠦᠷᠬᠦ ᠨᠠᠰᠢ ᠴᠠᠰᠢ ᠶᠠᠪᠤᠬᠤ ᠵᠠᠮ᠎ᠤᠨ ᠰᠦᠢ᠍ᠳᠬᠡᠯ᠎ᠢ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠠᠴᠠ ᠬᠠᠷᠢᠭᠤᠴᠠᠨ ᠳᠠᠩᠰᠠᠨ᠎ᠠᠴᠠ ᠲᠠᠶ᠋ᠢᠯᠤᠨ᠎ᠠ᠃
5. ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠤᠭᠤᠴᠠᠭ᠋ᠠᠨ᠎ᠳᠤ ᠬᠠᠤᠯᠢᠴᠢ ᠵᠢᠨ ᠨᠡᠢ᠌ᠭᠡᠮᠯᠢᠭ᠎ᠲᠤ ᠰᠦᠢ᠍ᠳᠬᠡᠯ ᠲᠤᠰᠢᠶᠠᠬᠤ ᠦᠭᠡᠢ᠃ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠨᠢᠭᠡ ᠵᠢᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ ᠳᠠᠭᠤᠰᠤᠭᠰᠠᠨ᠎ᠤ ᠲᠠᠷᠠᠭ᠎ᠠ᠂ ᠬᠠᠤᠯᠢᠴᠢ ᠵᠢᠨ ᠨᠡᠢ᠌ᠭᠡᠮᠯᠢᠭ ᠲᠡᠭᠡᠨ ᠭᠤᠷᠪᠠᠨ ᠵᠢᠯ ᠰᠦᠢ᠍ᠳᠬᠡᠯ ᠲᠤᠰᠢᠶᠠᠬᠤ ᠦᠭᠡᠢ ᠬᠠᠷᠠᠭ᠋ᠠᠯᠵᠠᠯ᠎ᠢ ᠬᠦᠷᠲᠡᠨ᠎ᠡ᠃ ᠦᠷᠭᠦᠯᠵᠢᠯᠡᠨ ᠬᠣᠶᠠᠷ ᠵᠢᠯ᠎ᠠᠴᠠ ᠳᠡᠭᠡᠭᠰᠢ (ᠬᠣᠶᠠᠷ ᠵᠢᠯ ᠪᠠᠭᠲᠠᠨ᠎ᠠ) ᠦᠢ᠍ᠯᠡᠴᠢᠯᠡᠭᠰᠡᠨ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠰᠠᠢ᠌ᠨ ᠳᠤᠷ᠎ᠠ ᠵᠢᠨ ᠦᠢ᠍ᠯᠡᠴᠢᠯᠡᠭᠡ᠎ᠪᠠᠨ ᠳᠠᠭᠤᠰᠬᠠᠭᠰᠠᠨ᠎ᠤ ᠲᠠᠷᠠᠭ᠎ᠠ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠨᠡᠮᠡᠭᠳᠡᠭᠦᠯᠦᠭᠰᠡᠨ ᠵᠢᠯ ᠬᠤᠭᠤᠴᠠᠭ᠎ᠠ᠎ᠪᠠᠷ ᠬᠠᠤᠯᠢᠴᠢ ᠵᠢᠨ ᠨᠡᠢ᠌ᠭᠡᠮᠯᠢᠭ᠎ᠲᠡᠭᠡᠨ ᠰᠦᠢ᠍ᠳᠬᠡᠯ ᠲᠤᠰᠢᠶᠠᠬᠤ ᠦᠭᠡᠢ ᠬᠠᠷᠠᠭ᠋ᠠᠯᠵᠠᠯ᠎ᠢ ᠦᠷᠭᠦᠯᠵᠢᠯᠡᠨ ᠬᠦᠷᠲᠡᠵᠦ ᠪᠣᠯᠣᠨ᠎ᠠ᠃
6. ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠨᠥᠬᠥᠪᠦᠷᠢ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠨᠢᠭᠡᠪᠦᠷᠢ᠎ᠳᠤ ᠳᠠᠬᠢᠨ ᠬᠥᠮᠥᠨ ᠪᠦᠷᠢ᠎ᠳᠤ ᠵᠢᠯ ᠪᠦᠷᠢ 3 ᠲᠦᠮᠡᠨ ᠲᠥᠭᠥᠷᠢᠭ᠎ᠤᠨ ᠨᠥᠬᠥᠪᠦᠷᠢ ᠣᠯᠭᠣᠨ᠎ᠠ᠃ ᠡᠭᠦᠨ᠎ᠤ ᠬᠠᠮᠲᠤ ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠬᠠᠤᠯᠢᠴᠢ ᠵᠢᠨ ᠨᠡᠢ᠌ᠭᠡᠮᠯᠢᠭ᠎ᠨᠢ ᠪᠠᠰᠠ ᠪᠠᠢ᠌ᠳᠠᠯ᠎ᠢ᠎ᠨᠢ ᠦᠵᠡᠵᠦ ᠪᠠᠢ᠌ᠭ᠋ᠠᠳ ᠵᠣᠬᠢᠬᠤ ᠨᠥᠬᠥᠪᠦᠷᠢ ᠪᠤᠶᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠣᠯᠭᠣᠵᠤ ᠪᠣᠯᠣᠨ᠎ᠠ᠃
(ᠬᠣᠶᠠᠷ) ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ
1. ᠲᠥᠪᠡᠳ᠂ ᠭᠠᠨᠰᠤ᠂ ᠬᠥᠬᠡᠨᠠᠭᠤᠷ᠂ ᠰᠢᠨᠵᠢᠶᠠᠩ ᠵᠡᠷᠭᠡ ᠭᠠᠵᠠᠷ᠎ᠲᠤ ᠦᠢ᠍ᠯᠡᠴᠢᠯᠡᠬᠦ ᠰᠠᠢ᠌ᠨ ᠳᠤᠷ᠎ᠠ ᠵᠢᠨ ᠠᠵᠢᠯᠯᠠᠭᠴᠢ᠎ᠳᠤ ᠦᠢ᠍ᠯᠡᠴᠢᠯᠡᠭᠡᠨ᠎ᠤ ᠵᠠᠷᠤᠳᠠᠯ ᠬᠥᠮᠥᠨ ᠪᠦᠷᠢ᠎ᠳᠤ ᠰᠠᠷ᠎ᠠ᠎ᠳᠤ 2300 ᠲᠥᠭᠥᠷᠢᠭ᠎ᠤᠨ ᠨᠥᠬᠥᠪᠦᠷᠢ ᠥᠭᠭᠦᠨ᠎ᠡ᠃ ᠥᠪᠥᠷ ᠮᠣᠩᠭᠣᠯ᠂ ᠬᠠᠷᠠᠮᠥ᠋ᠷᠡᠨ᠂ ᠬᠤᠨᠠᠨ᠂ ᠭᠤᠸᠠᠩᠰᠢ᠂ ᠬᠠᠢ᠌ᠨᠠᠨ᠂ ᠰᠸᠴᠤᠸᠠᠨ᠂ ᠭᠦᠢ᠍ᠵᠧᠦ᠂ ᠶᠦᠨᠨᠠᠨ᠂ ᠱᠠᠨᠰᠢ᠂ ᠨᠢᠩᠰᠢᠶᠠ ᠵᠡᠷᠭᠡ ᠭᠠᠵᠠᠷ᠎ᠲᠤ ᠦᠢ᠍ᠯᠡᠴᠢᠯᠡᠬᠦ ᠰᠠᠢ᠌ᠨ ᠳᠤᠷ᠎ᠠ ᠵᠢᠨ ᠠᠵᠢᠯᠯᠠᠭᠴᠢ᠎ᠳᠤ ᠦᠢ᠍ᠯᠡᠴᠢᠯᠡᠭᠡᠨ᠎ᠤ ᠰᠦᠢ᠍ᠳᠬᠡᠯ᠎ᠤᠨ ᠨᠥᠬᠥᠪᠦᠷᠢ ᠬᠥᠮᠥᠨ ᠪᠦᠷᠢ᠎ᠳᠤ ᠰᠠᠷ᠎ᠠ᠎ᠳᠤ 2000 ᠲᠥᠭᠥᠷᠢᠭ ᠪᠣᠯᠣᠨ᠎ᠠ᠃
2. ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠠᠴᠠ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠳᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠬᠤᠳᠠᠯᠳᠤᠨ ᠠᠪᠴᠤ ᠥᠭᠭᠦᠨ᠎ᠡ᠃
3. ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠪᠠᠢ᠌ᠭ᠎ᠠ ᠭᠠᠵᠠᠷ᠎ᠲᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯ ᠲᠦᠷᠦᠯ᠎ᠤᠨ ᠨᠡᠢ᠌ᠭᠡᠮᠯᠢᠭ ᠪᠠᠢ᠌ᠪᠠᠯ᠂ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠬᠠᠤᠯᠢᠴᠢ ᠵᠢᠨ ᠨᠡᠢ᠌ᠭᠡᠮᠯᠢᠭ᠎ᠲᠡᠭᠡᠨ ᠰᠦᠢ᠍ᠳᠬᠡᠯ ᠲᠤᠰᠢᠶᠠᠬᠤ ᠦᠭᠡᠢ᠎ᠪᠠᠷ ᠯᠠᠪᠯᠠᠯᠲᠠ ᠪᠣᠯᠭ᠋ᠠᠨ᠎ᠠ᠃
ᠳᠥᠷᠪᠡ᠂ ᠡᠯᠰᠡᠬᠦ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ
(ᠨᠢᠭᠡ) ᠨᠡᠷ᠎ᠡ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠬᠤ᠃ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠨᠢ ᠰᠠᠭᠤᠭ᠎ᠠ ᠠᠢ᠌ᠮᠠᠭ ᠬᠣᠲᠠ ᠪᠤᠶᠤ ᠬᠣᠰᠢᠭᠤ ᠰᠢᠶᠠᠨ (ᠲᠣᠭᠣᠷᠢᠭ)᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠤᠯᠢᠴᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠷ᠎ᠡ ᠮᠡᠳᠡᠭᠦᠯᠵᠦ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ ᠨᠢ ᠰᠠᠭᠤᠭ᠎ᠠ ᠠᠢ᠌ᠮᠠᠭ ᠬᠣᠲᠠ ᠪᠤᠶᠤ ᠬᠣᠰᠢᠭᠤ ᠰᠢᠶᠠᠨ (ᠲᠣᠭᠣᠷᠢᠭ)᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠠᠷᠠᠳ ᠲᠦᠮᠡᠨ᠎ᠤ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠰᠠᠯᠠᠭ᠎ᠠ ᠮᠥᠴᠢᠷ᠎ᠲᠤ ᠨᠡᠷ᠎ᠡ ᠮᠡᠳᠡᠭᠦᠯᠵᠦ᠂ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠰᠠᠭᠤᠭ᠎ᠠ ᠭᠠᠵᠠᠷ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠨᠡᠷ᠎ᠡ ᠮᠡᠳᠡᠭᠦᠯᠦᠨ᠎ᠡ᠃ ᠨᠡᠷ᠎ᠡ ᠮᠡᠳᠡᠭᠦᠯᠬᠦ ᠬᠦᠰᠦᠨᠦᠭᠲᠦ (ᠳᠠᠭ᠋ᠠᠯᠳᠤᠭᠤᠯᠤᠯ 1᠂ 2᠂ 3 ᠵᠢ ᠦᠵᠡ) ᠵᠢ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠠᠴᠠ ᠭᠠᠷᠤᠨ ᠥᠰᠥᠭ ᠵᠢᠷᠤᠬᠤ ᠵᠢᠨ ᠬᠠᠮᠲᠤ ᠲᠠᠮᠠᠭ᠎ᠠ᠎ᠪᠠᠨ ᠳᠠᠷᠤᠭᠰᠠᠨ᠎ᠤ ᠳᠠᠷᠠᠭ᠎ᠠ᠂ ᠪᠡᠶ᠎ᠡ ᠵᠢᠨ ᠦᠨᠡᠮᠯᠡᠯ᠂ ᠠᠵᠢᠯ ᠡᠷᠭᠢᠯᠡᠬᠦ ᠦᠨᠡᠮᠯᠡᠯ᠂ ᠨᠡᠢ᠌ᠭᠡᠮ᠎ᠤᠨ ᠳᠠᠭ᠋ᠠᠳᠬᠠᠯ᠎ᠤᠨ ᠲᠤᠰᠢᠶᠠᠭᠰᠠᠨ ᠭᠡᠷᠡᠴᠢ ᠪᠤᠶᠤ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠭᠡᠷᠡᠴᠢ ᠪᠠᠷᠢᠮᠲᠠ ᠵᠢᠨ ᠬᠠᠭᠤᠯᠪᠤᠷᠢ (ᠨᠢᠭᠡ ᠬᠡᠯᠪᠡᠷᠢ ᠵᠢᠨ ᠭᠤᠷᠪᠠᠨ ᠬᠤᠪᠢ)᠎ᠲᠠᠢ ᠬᠠᠮᠲᠤᠳᠤᠨᠢ 6 ᠰᠠᠷ᠎ᠠ ᠵᠢᠨ 13᠎ᠤ ᠡᠳᠦᠷ᠎ᠠᠴᠠ ᠡᠮᠦᠨ᠎ᠡ ᠨᠢᠭᠡᠳᠦᠯᠲᠡᠢ ᠮᠡᠳᠡᠭᠦᠯᠦᠨ ᠬᠦᠷᠭᠡᠨ᠎ᠡ᠃ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠎ᠲᠤ ᠮᠡᠳᠡᠭᠦᠯᠦᠨ ᠬᠦᠷᠭᠡᠵᠦ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠎ᠲᠤ ᠮᠡᠳᠡᠭᠦᠯᠦᠨ ᠬᠦᠷᠭᠡᠵᠦ᠂ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠲᠤ ᠮᠡᠳᠡᠭᠦᠯᠦᠨ ᠬᠦᠷᠭᠡᠨ᠎ᠡ᠃
(ᠬᠣᠶᠠᠷ) ᠰᠠᠢ᠌ᠨ ᠳᠤᠷ᠎ᠠ ᠵᠢᠨ ᠠᠵᠢᠯᠯᠠᠭᠴᠢ ᠵᠢᠨ ᠨᠡᠷᠡᠰ᠎ᠢ ᠬᠢᠨᠠᠨ ᠬᠠᠷᠭᠤᠭᠤᠯᠵᠤ ᠨᠤᠲᠠᠯᠠᠬᠤ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ ᠠᠴᠠ ᠵᠣᠬᠢᠶᠠᠨ ᠪᠠᠢ᠌ᠭᠤᠯᠤᠨ᠂ ᠡᠯ᠎ᠡ ᠠᠢ᠌ᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠰᠠᠢ᠌ᠨ ᠳᠤᠷ᠎ᠠ ᠵᠢᠨ ᠠᠵᠢᠯᠯᠠᠭᠴᠢ᠎ᠳᠤ ᠠᠩᠬ᠎ᠠ ᠠᠯᠬᠤᠮ᠎ᠤᠨ ᠬᠢᠨᠠᠨ ᠬᠠᠷᠭᠤᠭᠤᠯᠤᠯᠲᠠ ᠬᠢᠬᠦ ᠵᠢᠨ ᠬᠠᠮᠲᠤ ᠰᠠᠢ᠌ᠨ ᠳᠤᠷ᠎ᠠ ᠵᠢᠨ ᠠᠵᠢᠯᠯᠠᠭᠴᠢ ᠵᠢᠨ ᠨᠡᠷᠡᠰ᠎ᠢ ᠨᠤᠲᠠᠯᠠᠨ ᠲᠣᠭᠲᠠᠭ᠋ᠠᠵᠤ᠂ 6 ᠰᠠᠷ᠎ᠠ ᠵᠢᠨ 17᠎ᠤ ᠡᠳᠦᠷ᠎ᠠᠴᠠ ᠡᠮᠦᠨ᠎ᠡ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠲᠤ ᠮᠡᠳᠡᠭᠦᠯᠦᠨ ᠬᠦᠷᠭᠡᠨ᠎ᠡ᠃
(ᠭᠤᠷᠪᠠ) ᠪᠡᠶ᠎ᠡ ᠵᠢᠨ ᠪᠠᠢ᠌ᠴᠠᠭ᠋ᠠᠯᠲᠠ ᠬᠢᠬᠦ ᠪᠠ ᠬᠡᠯᠡᠯᠴᠡᠭᠡᠷ ᠲᠣᠭᠲᠠᠭ᠋ᠠᠬᠤ᠃ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠢᠨᠠᠨ ᠬᠠᠷᠭᠤᠭᠤᠯᠵᠤ ᠨᠤᠲᠠᠯᠠᠭᠰᠠᠨ ᠰᠠᠢ᠌ᠨ ᠳᠤᠷ᠎ᠠ ᠵᠢᠨ ᠠᠵᠢᠯᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ ᠵᠣᠬᠢᠶᠠᠨ ᠪᠠᠢ᠌ᠭᠤᠯᠵᠤ ᠪᠡᠶ᠎ᠡ ᠵᠢᠨ ᠪᠠᠢ᠌ᠴᠠᠭ᠋ᠠᠯᠲᠠ ᠬᠢᠨ᠎ᠡ (ᠪᠡᠶ᠎ᠡ ᠵᠢᠨ ᠪᠠᠢ᠌ᠴᠠᠭ᠋ᠠᠯᠲᠠ ᠵᠢᠨ ᠪᠠᠷᠢᠮᠵᠢᠶ᠎ᠠ ᠵᠢ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠠᠯᠪᠠᠨ ᠰᠦᠯᠵᠢᠶ᠎ᠡ᠎ᠳᠤ ᠦᠵᠡᠭᠡᠷᠡᠢ) ᠪᠡᠶ᠎ᠡ ᠵᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠯᠦᠭᠡ 《ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠤᠨ ᠪᠢᠴᠢᠭ》᠎ᠢ ᠲᠣᠭᠲᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ 7 ᠰᠠᠷ᠎ᠠ ᠵᠢᠨ 15᠎ᠤ ᠡᠳᠦᠷ᠎ᠠᠴᠠ ᠡᠮᠦᠨ᠎ᠡ᠂ ᠰᠠᠢ᠌ᠨ ᠳᠤᠷ᠎ᠠ ᠵᠢᠨ ᠠᠵᠢᠯᠯᠠᠭᠴᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠤᠨ ᠪᠢᠴᠢᠭ ᠪᠠ ᠪᠡᠶ᠎ᠡ ᠵᠢᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠲᠤ ᠰᠢᠤᠳᠠᠨ ᠵᠶ᠋ᠠᠷ ᠢᠯᠡᠭᠡᠨ᠎ᠡ᠃
(ᠳᠥᠷᠪᠡ) ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠣᠮᠢᠯᠠᠨ ᠠᠵᠢᠯ᠎ᠤᠨ ᠪᠠᠢ᠌ᠷᠢ᠎ᠳᠤ ᠭᠠᠷᠭ᠋ᠠᠬᠤ᠃ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠵᠣᠬᠢᠶᠠᠨ ᠪᠠᠢ᠌ᠭᠤᠯᠵᠤ ᠪᠣᠯᠪᠠᠰᠤᠷᠠᠯ᠎ᠳᠤ ᠣᠷᠣᠯᠴᠠᠭᠤᠯᠬᠤ ᠵᠢᠨ ᠬᠠᠮᠲᠤ ᠰᠠᠢ᠌ᠨ ᠳᠤᠷ᠎ᠠ ᠵᠢᠨ ᠠᠵᠢᠯᠯᠠᠭᠴᠢ᠎ᠳᠤ 《ᠲᠣᠮᠢᠯᠠᠬᠤ ᠮᠡᠳᠡᠭᠳᠡᠯ》᠎ᠢ ᠲᠠᠷᠬᠠᠭ᠋ᠠᠨ ᠥᠭᠭᠦᠨ᠎ᠡ᠃
ᠲᠠᠪᠤ᠂ ᠰᠠᠢ᠌ᠨ ᠳᠤᠷ᠎ᠠ ᠵᠢᠨ ᠠᠵᠢᠯᠯᠠᠭᠴᠢ ᠵᠢ ᠲᠣᠮᠢᠯᠠᠬᠤ
(ᠨᠢᠭᠡ) ᠡᠯ᠎ᠡ ᠲᠥᠷᠥᠯ ᠵᠦᠢ᠍ᠯ᠎ᠢ ᠬᠡᠷᠡᠭᠵᠢᠭᠦᠯᠬᠦ ᠭᠠᠵᠠᠷ᠎ᠤᠨ ᠬᠡᠷᠡᠭᠴᠡᠭᠡ ᠱᠠᠭ᠋ᠠᠷᠳᠠᠯᠭ᠎ᠠ ᠪᠠ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠬᠦᠰᠡᠯ ᠰᠠᠨᠠᠭ᠎ᠠ ᠵᠢ ᠦᠨᠳᠦᠰᠦᠯᠡᠨ᠂ ᠡᠷᠬᠡ ᠲᠡᠭᠰᠢ ᠰᠠᠢ᠌ᠨ ᠳᠤᠷ᠎ᠠ ᠵᠢᠨ᠂ ᠬᠣᠶᠠᠷ ᠲᠠᠯ᠎ᠠ᠎ᠪᠠᠷ ᠵᠶ᠋ᠠᠨ ᠰᠣᠩᠭᠣᠭᠰᠠᠨ ᠰᠠᠭᠤᠷᠢᠨ ᠳᠡᠭᠡᠷ᠎ᠡ᠂ ᠰᠠᠢ᠌ᠨ ᠳᠤᠷ᠎ᠠ ᠵᠢᠨ ᠠᠵᠢᠯᠯᠠᠭᠴᠢ ᠵᠢᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠪᠠ ᠠᠵᠢᠯ᠎ᠤᠨ ᠪᠠᠢ᠌ᠷᠢ᠎ᠳᠤ ᠭᠠᠷᠬᠤ ᠴᠠᠭ᠎ᠢ ᠲᠣᠬᠢᠷᠠᠭᠤᠯᠤᠨ ᠲᠣᠭᠲᠠᠭ᠋ᠠᠨ᠎ᠠ᠃
(ᠬᠣᠶᠠᠷ) ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠲᠤᠰ ᠮᠤᠵᠢ (ᠣᠷᠣᠨ᠂ ᠬᠤᠳᠠ) ᠵᠢᠨ ᠳᠣᠲᠣᠷ᠎ᠠ᠎ᠪᠠᠨ ᠦᠢ᠍ᠯᠡᠴᠢᠯᠡᠵᠦ ᠪᠣᠯᠬᠤ ᠦᠭᠡᠢ᠃ ᠨᠢᠭᠡ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠲᠣᠮᠢᠯᠠᠬᠤ ᠪᠦᠷᠢ ᠵᠣᠬᠢᠴᠠᠩᠭᠤᠢ᠎ᠪᠠᠷ ᠨᠢᠭᠡ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠪᠤᠶᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠲᠣᠮᠢᠯᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠬᠠᠮᠲᠤ᠎ᠪᠠᠷ ᠥᠷᠨᠢᠭᠦᠯᠦᠨ᠎ᠡ᠃
(ᠭᠤᠷᠪᠠ) ᠡᠯ᠎ᠡ ᠠᠢ᠌ᠮᠠᠭ ᠬᠤᠳᠠ ᠰᠠᠢ᠌ᠨ ᠳᠤᠷ᠎ᠠ ᠵᠢᠨ ᠠᠵᠢᠯᠯᠠᠭᠴᠢ ᠵᠢ ᠢᠳᠡᠪᠬᠢᠲᠡᠢ᠎ᠪᠠᠷ ᠰᠢᠯᠢᠨ ᠰᠣᠩᠭᠣᠵᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠳᠤ ᠣᠷᠣᠯᠴᠠᠭᠤᠯᠬᠤ ᠬᠡᠷᠡᠭᠲᠡᠢ᠃ ᠵᠠᠷᠴᠢᠮ ᠳᠡᠭᠡᠷ᠎ᠡ᠎ᠪᠠᠨ ᠠᠢ᠌ᠮᠠᠭ ᠬᠣᠲᠠ ᠨᠢᠭᠡᠪᠦᠷᠢ ᠵᠢ 1—2 ᠨᠡᠷᠡᠰ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠮᠡᠳᠡᠭᠦᠯᠦᠨ ᠬᠦᠷᠭᠡᠵᠦ᠂ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠰᠣᠩᠭᠣᠨ ᠳᠡᠪᠰᠢᠭᠦᠯᠦᠭᠡᠳ ᠠᠮᠵᠢᠯᠲᠠ ᠣᠯᠣᠭᠰᠠᠨ ᠠᠢ᠌ᠮᠠᠭ ᠬᠣᠲᠠ ᠵᠢ ᠵᠢᠯ᠎ᠤᠨ ᠡᠴᠦᠰ᠎ᠤᠨ ᠬᠠᠤᠯᠢᠴᠢ ᠵᠢᠨ ᠠᠵᠢᠯ᠎ᠤᠨ ᠬᠢᠨᠠᠨ ᠰᠢᠯᠭ᠋ᠠᠯᠲᠠ᠎ᠳᠤ ᠬᠤᠪᠢ ᠨᠡᠮᠡᠬᠦ ᠵᠦᠢ᠍ᠯ ᠪᠣᠯᠭ᠋ᠠᠨ ᠪᠣᠳᠣᠯᠬᠢᠯᠠᠨ᠎ᠠ᠃
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
(ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠯᠰᠡᠬᠦ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠢ᠃ ᠡᠯ᠎ᠡ ᠠᠢ᠌ᠮᠠᠭ ᠬᠣᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠲᠥᠷᠥᠯ ᠵᠦᠢ᠍ᠯ᠎ᠤᠨ ᠤᠷᠤᠭᠰᠢᠲᠠᠢ ᠶᠠᠪᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠢ᠃ ᠡᠯᠰᠡᠬᠦ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠵᠤ᠂ ᠥᠨᠳᠥᠷ ᠬᠡᠪ ᠪᠣᠯᠪᠠᠰᠤᠷᠠᠯ᠎ᠲᠠᠢ᠂ ᠥᠨᠳᠥᠷ ᠬᠢᠷᠢ ᠲᠦᠪᠰᠢᠨ᠎ᠲᠠᠢ ᠪᠠ ᠥᠨᠳᠥᠷ ᠬᠡᠪ ᠪᠣᠯᠪᠠᠰᠤᠷᠠᠯ᠎ᠲᠠᠢ ᠰᠠᠢ᠌ᠨ ᠳᠤᠷ᠎ᠠ ᠵᠢᠨ ᠠᠵᠢᠯᠯᠠᠭᠴᠢ ᠵᠢ ᠰᠢᠯᠢᠨ ᠰᠣᠩᠭᠣᠵᠤ 《1+1》 ᠵᠢᠨ ᠠᠵᠢᠯᠯᠠᠭ᠎ᠠ᠎ᠳᠤ ᠣᠷᠣᠯᠴᠠᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠰᠠᠢ᠌ᠨ ᠳᠤᠷ᠎ᠠ ᠵᠢᠨ ᠠᠵᠢᠯᠯᠠᠭᠴᠢ ᠵᠢ ᠰᠢᠯᠢᠨ ᠰᠣᠩᠭᠣᠬᠤ᠎ᠳᠠᠭᠠᠨ ᠠᠵᠢᠯ ᠡᠷᠬᠢᠯᠡᠭᠰᠡᠨ ᠨᠠᠮᠲᠠᠷ᠂ ᠶᠡᠷᠦᠳᠡ ᠵᠢᠨ ᠢᠯᠡᠷᠡᠯ᠂ ᠠᠵᠢᠯ᠎ᠤᠨ ᠴᠢᠳᠠᠪᠤᠷᠢ᠂ ᠬᠠᠮᠲᠤ ᠠᠵᠢᠯᠯᠠᠭᠴᠢ ᠵᠢᠨ ᠦᠨᠡᠯᠡᠯᠲᠡ᠂ ᠠᠵᠢᠯ᠎ᠤᠨ ᠴᠢᠯᠦᠭᠡᠨ᠎ᠤ ᠳᠤᠷ᠎ᠠ ᠰᠣᠨᠢᠷᠬᠠᠯ᠂ ᠠᠵᠤ ᠠᠬᠤᠢ ᠵᠢᠨ ᠨᠥᠬᠥᠴᠡᠯ ᠵᠡᠷᠭᠡ ᠯᠠᠪᠯᠠᠯᠲᠠ ᠵᠢᠨ ᠭᠦᠢ᠍ᠴᠡᠳᠬᠡᠬᠦ ᠲᠣᠭ᠎ᠠ ᠵᠢ ᠨᠡᠮᠡᠭᠳᠡᠭᠦᠯᠵᠦ᠂ ᠨᠡᠷ᠎ᠡ ᠮᠡᠳᠡᠭᠦᠯᠦᠭᠴᠢ ᠵᠢᠨ ᠶᠡᠷᠦᠩᠬᠡᠢ ᠬᠡᠪ ᠴᠢᠨᠠᠷ᠎ᠢ ᠰᠢᠯᠭ᠋ᠠᠨ ᠦᠨᠡᠯᠡᠬᠦ ᠵᠢ ᠴᠢᠩᠭ᠋ᠠᠳᠬᠠᠬᠤ ᠬᠡᠷᠡᠭᠲᠡᠢ᠃
(ᠬᠣᠶᠠᠷ) ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠪᠠ ᠪᠡᠶ᠎ᠡ ᠵᠢᠨ ᠪᠠᠢ᠌ᠴᠠᠭ᠋ᠠᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠪᠠ ᠪᠡᠶ᠎ᠡ ᠵᠢᠨ ᠪᠠᠢ᠌ᠴᠠᠭ᠋ᠠᠯᠲᠠ ᠬᠢᠬᠦ ᠪᠣᠯ ᠡᠯᠰᠡᠬᠦ ᠠᠵᠢᠯ᠎ᠤᠨ ᠴᠢᠬᠤᠯᠠ ᠭᠣᠭᠴᠣᠭ᠎ᠠ ᠮᠥᠨ᠂ ᠲᠡᠷᠡ᠎ᠨᠢ 《1+1》 ᠵᠢᠨ ᠠᠵᠢᠯᠯᠠᠭ᠎ᠠ ᠵᠢᠨ ᠯᠠᠪᠳᠠᠭᠤᠨ ᠵᠶ᠋ᠠᠷ ᠠᠬᠢᠭᠤᠯᠬᠤ ᠪᠠ ᠠᠵᠢᠯ᠎ᠤᠨ ᠦᠷ᠎ᠡ ᠪᠦᠲᠦᠮᠵᠢ᠎ᠲᠠᠢ ᠬᠣᠯᠪᠣᠭᠳᠠᠵᠤ ᠪᠠᠢ᠌ᠳᠠᠭ᠃ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ᠂ ᠰᠠᠢ᠌ᠨ ᠳᠤᠷ᠎ᠠ ᠵᠢᠨ ᠠᠵᠢᠯᠯᠠᠭᠴᠢ ᠵᠢ ᠵᠣᠬᠢᠶᠠᠨ ᠪᠠᠢ᠌ᠭᠤᠯᠤᠨ ᠵᠢᠭ᠋ᠠᠨ ᠲᠣᠭᠲᠠᠭ᠋ᠠᠭᠰᠠᠨ ᠡᠮᠨᠡᠯᠭᠡ ᠵᠢᠨ ᠬᠣᠷᠢᠶ᠎ᠠ᠎ᠳᠤ ᠪᠡᠶ᠎ᠡ ᠵᠢᠨ ᠪᠠᠢ᠌ᠴᠠᠭ᠋ᠠᠯᠲᠠ ᠵᠢ ᠲᠥᠪᠯᠡᠷᠡᠭᠦᠯᠦᠨ ᠬᠢᠯᠭᠡᠵᠦ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠎ᠠᠴᠠ ᠵᠠᠢ᠌ᠯᠠᠰᠬᠢᠬᠦ ᠬᠡᠷᠡᠭᠲᠡᠢ᠃
(ᠭᠤᠷᠪᠠ) ᠲᠥᠷᠥᠯ ᠵᠦᠢ᠍ᠯ᠎ᠤᠨ ᠰᠠᠬᠢᠯᠭ᠎ᠠ ᠪᠠᠲᠤ ᠵᠢ ᠴᠢᠩᠳᠠᠯᠠᠵᠤ᠂ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠵᠦ ᠰᠠᠬᠢᠯᠭ᠎ᠠ ᠪᠠᠲᠤ᠎ᠠᠴᠠ ᠵᠥᠷᠢᠴᠡᠭᠰᠡᠨ ᠰᠠᠢ᠌ᠨ
ᠳᠤᠷ᠎ᠠ ᠵᠢᠨ ᠠᠵᠢᠯᠯᠠᠭᠴᠢ ᠵᠢ ᠰᠢᠭᠦᠮᠵᠢᠯᠡᠨ ᠰᠤᠷᠭ᠋ᠠᠬᠤ ᠪᠠ ᠵᠠᠷᠯᠠᠨ ᠮᠡᠳᠡᠭᠳᠡᠵᠦ ᠪᠤᠴᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠢ ᠵᠥᠷᠢᠴᠡᠭᠰᠡᠳ᠎ᠢ ᠴᠠᠭ
ᠲᠤᠬᠠᠢᠳᠤᠨᠢ ᠰᠢᠭᠦᠮᠵᠢᠯᠡᠨ ᠰᠤᠷᠭ᠋ᠠᠵᠤ᠂ ᠵᠠᠷᠯᠢᠭᠳᠠᠨ ᠵᠠᠯᠠᠷᠠᠭᠤᠯᠤᠭᠤᠯᠬᠤ ᠬᠡᠷᠡᠭᠲᠡᠢ᠃ ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠭᠰᠡᠳ᠎ᠢ ᠴᠢᠩᠭ᠎ᠠ ᠰᠢᠢ᠍ᠳᠬᠡᠵᠦ᠂ 《1+1》 ᠠᠵᠢᠯᠯᠠᠭ᠎ᠠ ᠵᠢᠨ ᠰᠠᠢ᠌ᠨ ᠰᠠᠢ᠌ᠬᠠᠨ ᠨᠡᠢ᠌ᠭᠡᠮ᠎ᠤᠨ ᠳᠦᠷᠢ ᠲᠥᠷᠬᠦ ᠵᠢ ᠬᠠᠮᠠᠭ᠋ᠠᠯᠠᠬᠤ ᠬᠡᠷᠡᠭᠲᠡᠢ᠃
(ᠳᠥᠷᠪᠡ) ᠣᠯᠠᠨ ᠵᠦᠢ᠍ᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ ᠣᠷᠳᠣ ᠬᠤᠭᠤᠴᠠᠭ᠋ᠠᠨ᠎ᠤ ᠪᠦᠲᠦᠮᠵᠢᠲᠡᠶ ᠤᠬᠠᠭᠤᠯᠭ᠎ᠠ ᠪᠠ ᠲᠥᠪᠯᠡᠷᠡᠩᠭᠦᠢ ᠤᠬᠠᠭᠤᠯᠭ᠎ᠠ ᠵᠢ ᠥᠷᠨᠢᠭᠦᠯᠬᠦ ᠬᠡᠷᠡᠭᠲᠡᠢ᠃ 《1+1》 ᠠᠵᠢᠯᠯᠠᠭ᠎ᠠ ᠵᠢᠨ ᠨᠡᠢ᠌ᠲᠡᠯᠢᠭ ᠬᠥᠮᠥᠨ ᠪᠠ ᠦᠢ᠍ᠯᠡ ᠠᠵᠢᠯᠯᠠᠭ᠎ᠠ ᠵᠢ ᠦᠷᠭᠦᠯᠵᠢᠯᠡᠨ ᠠᠭᠤᠳᠠᠯᠵᠤ᠂ ᠥᠷᠭᠡᠨ ᠵᠶ᠋ᠡᠷ ᠤᠬᠠᠭᠤᠯᠵᠤ᠂ 《1+1》 ᠠᠵᠢᠯᠯᠠᠭ᠎ᠠ ᠵᠢᠨ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠨᠡᠢ᠌ᠭᠡᠮ ᠳᠠᠶᠠᠭ᠋ᠠᠷ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠠᠩᠬᠠᠷᠤᠨ ᠳᠡᠮᠵᠢᠬᠦ ᠵᠢ ᠬᠥᠲᠥᠯᠥᠨ ᠵᠢᠯᠣᠭᠣᠳᠬᠤ ᠬᠡᠷᠡᠭᠲᠡᠢ᠃
ᠬᠠᠷᠢᠯᠴᠠᠬᠤ ᠬᠥᠮᠥᠨ᠄
1. ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ ᠯᠢᠦ ᠢ ᠱᠦ᠍ 0471—5301258
2. ᠬᠠᠤᠯᠢ ᠴᠠᠭ᠋ᠠᠵᠠ ᠵᠢᠨ ᠲᠢᠩᠬᠢᠮ᠎ᠤᠨ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ ᠯᠢ ᠴᠤᠤ ᠬᠤᠶ 0471—5301228
3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ ᠵᠣᠣ ᠯᠦᠩ 0471—5301471
ᠰᠢᠤᠳᠠᠨ ᠵᠶ᠋ᠠᠷ ᠢᠯᠡᠭᠡᠬᠦ ᠬᠠᠶᠢᠭ᠄
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ (ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠢᠯᠡᠭᠡᠬᠦ ᠬᠠᠶᠢᠭ)
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ (ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠢᠯᠡᠭᠡᠬᠦ ᠬᠠᠶᠢᠭ)
3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ (ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠢᠯᠡᠭᠡᠬᠦ ᠬᠠᠶᠢᠭ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
2025 ᠣᠨ᠎ᠤ 6 ᠰᠠᠷ᠎ᠠ ᠵᠢᠨ 9᠎ᠤ ᠡᠳᠦᠷ