《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠬᠠᠤᠯᠢ》 ᠵᠢ ᠡᠨᠡ ᠵᠢᠯ᠎ᠤᠨ 7 ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠬᠦ ᠪᠤᠯᠤᠨ᠎ᠠ᠂ ᠡᠨᠡ ᠪᠣᠯ ᠮᠠᠨ᠎ᠤ ᠤᠯᠤᠰ᠎ᠤᠨ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠠᠵᠢᠯ᠎ᠤᠨ ᠪᠡᠯᠭᠡ ᠲᠡᠮᠳᠡᠭ᠎ᠤᠨ ᠠᠴᠢ ᠬᠤᠯᠪᠤᠭᠳᠠᠯ᠎ᠲᠠᠢ ᠶᠡᠬᠡ ᠶᠠᠪᠤᠳᠠᠯ ᠮᠥᠨ᠃ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠬᠠᠤᠯᠢ ᠵᠢ ᠬᠢᠨᠠᠮᠠᠭ᠋ᠠᠶ ᠰᠤᠷᠤᠯᠴᠠᠬᠤ᠂ ᠣᠨᠣᠪᠴᠢᠲᠠᠶ ᠣᠶ᠋ᠢᠯᠠᠭ᠋ᠠᠬᠤ᠂ ᠪᠦᠬᠦ ᠲᠠᠯ᠎ᠠ᠎ᠪᠠᠷ ᠬᠡᠷᠡᠭᠵᠢᠭᠦᠯᠬᠦ ᠵᠢ ᠪᠠᠲᠤᠯᠠᠵᠤ᠂ ᠥᠪᠥᠷ ᠮᠣᠩᠭᠣᠯ᠎ᠤᠨ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠢ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠳᠦᠷᠢᠮ᠎ᠢ ᠭᠦᠨᠵᠡᠭᠡᠶ ᠣᠶ᠋ᠢᠯᠠᠭ᠋ᠠᠭᠤᠯᠵᠤ᠂ ᠨᠡᠶ᠋ᠢᠭᠡᠮ ᠲᠤᠭᠤᠷᠢᠭ᠎ᠤᠨ ᠵᠠᠯᠠᠷᠠᠭᠤᠯᠬᠤ ᠠᠵᠢᠯ᠎ᠢ ᠪᠦᠬᠦ ᠨᠡᠶ᠋ᠢᠭᠡᠮ ᠵᠶ᠋ᠠᠷ ᠵᠶ᠋ᠠᠨ ᠤᠢ᠌ᠯᠠᠭ᠋ᠠᠨ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ᠂ ᠢᠯᠠᠩᠭᠤᠶ᠎ᠠ ᠬᠢᠯᠢ ᠬᠢᠵᠠᠭ᠋ᠠᠷ᠎ᠤᠨ ᠮᠠᠯᠵᠢᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ ᠣᠯᠠᠨ ᠲᠦᠮᠡᠨ᠎ᠤ ᠬᠠᠤᠯᠢ ᠲᠦᠭᠡᠮᠡᠯᠵᠢᠭᠦᠯᠬᠦ ᠬᠠᠤᠯᠢ ᠬᠡᠷᠡᠭᠵᠢᠭᠦᠯᠬᠦ ᠪᠣᠳᠠᠲᠤ ᠬᠡᠷᠡᠭᠴᠡᠭᠡ ᠵᠢ ᠬᠠᠩᠭ᠋ᠠᠬᠤ ᠵᠢᠨ ᠲᠦᠯᠦᠭᠡ᠂ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ᠎ᠨᠢ ᠬᠢᠯᠢ ᠬᠢᠵᠠᠭ᠋ᠠᠷ᠎ᠤᠨ ᠴᠥᠭᠡᠨ ᠲᠣᠭ᠋ᠠᠲᠤ ᠦᠨᠳᠦᠰᠦᠲᠡᠨ ᠲᠦᠪᠯᠡᠷᠡᠨ ᠰᠠᠭᠤᠭ᠎ᠠ ᠣᠷᠣᠨ᠎ᠤ ᠨᠢᠭᠡᠳᠦᠭᠡᠷ ᠹᠷᠣᠨᠲ᠎ᠲᠠᠬᠢ ᠨᠡᠶ᠋ᠢᠭᠡᠮ ᠲᠤᠭᠤᠷᠢᠭ᠎ᠤᠨ ᠵᠠᠯᠠᠷᠠᠭᠤᠯᠬᠤ ᠠᠵᠢᠯ᠎ᠤᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ ᠲᠤᠭᠤᠷᠢᠭ᠎ᠤᠨ ᠵᠠᠯᠠᠷᠠᠭᠤᠯᠬᠤ ᠬᠠᠤᠯᠢ (ᠮᠣᠩᠭᠣᠯ ᠬᠡᠯᠡᠨ᠎ᠤ ᠬᠡᠪᠯᠡᠯ)》 ᠵᠢ ᠲᠠᠷᠬᠠᠭ᠋ᠠᠵᠤ᠂ ᠪᠦᠬᠦ ᠣᠷᠣᠨ᠎ᠤ ᠡᠯ᠎ᠡ ᠱᠠᠲᠤᠨ᠎ᠤ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠪᠠᠶ᠋ᠢᠭᠤᠯᠤᠮᠵᠢ ᠵᠢᠨ ᠨᠡᠶ᠋ᠢᠭᠡᠮ ᠲᠤᠭᠤᠷᠢᠭ᠎ᠤᠨ ᠵᠠᠯᠠᠷᠠᠭᠤᠯᠬᠤ ᠬᠠᠤᠯᠢ ᠵᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠤᠨ ᠬᠡᠷᠡᠭᠵᠢᠭᠦᠯᠬᠦ᠎ᠳᠤ ᠯᠠᠪᠯᠠᠯᠲᠠ ᠬᠠᠩᠭ᠋ᠠᠬᠤ ᠪᠤᠯᠤᠨ᠎ᠠ᠃
ᠣᠳᠣᠬᠠᠨ᠎ᠳᠤ ᠥᠪᠥᠷ ᠮᠣᠩᠭᠣᠯ᠎ᠤᠨ ᠪᠦᠬᠦ ᠣᠷᠣᠨ᠎ᠤ ᠶᠡᠷᠦᠩᠬᠡᠶ ᠬᠥᠮᠦᠨ ᠠᠮᠠ 2529 ᠲᠦᠮᠡ ᠪᠤᠢ᠂ ᠡᠭᠦᠨ᠎ᠳᠤ ᠮᠣᠩᠭᠣᠯ ᠦᠨᠳᠦᠰᠦᠲᠡᠨ᠎ᠤ ᠬᠥᠮᠦᠨ ᠠᠮᠠ 443 ᠲᠦᠮᠡ ᠪᠠᠶ᠋ᠢᠵᠤ᠂ ᠪᠦᠬᠦ ᠣᠷᠣᠨ᠎ᠤ ᠪᠦᠬᠦ ᠬᠥᠮᠦᠨ ᠠᠮᠠ ᠵᠢᠨ 17% ᠵᠢ ᠡᠵᠡᠯᠡᠵᠦ ᠪᠠᠶ᠋ᠢᠨ᠎ᠠ᠃ ᠳᠠᠭᠤᠷ᠂ ᠡᠸᠡᠩᠬᠢ᠂ ᠣᠷᠴᠣᠨ ᠵᠡᠷᠭᠡ ᠴᠥᠭᠡᠨ ᠲᠣᠭ᠋ᠠᠲᠤ ᠦᠨᠳᠦᠰᠦᠲᠡᠨ ᠴᠦ᠍ ᠮᠣᠩᠭᠣᠯ ᠬᠡᠯᠡ ᠵᠢ ᠨᠡᠶ᠋ᠢᠳᠡᠮ ᠬᠡᠷᠡᠭᠯᠡᠵᠦ ᠪᠠᠢ᠌ᠨ᠎ᠠ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠬᠠᠤᠯᠢ (ᠮᠤᠩᠭᠤᠯ ᠬᠡᠯᠡᠨ᠎ᠤ ᠬᠡᠪᠯᠡᠯ)》 ᠵᠢ ᠲᠠᠷᠬᠠᠭ᠋ᠠᠬᠤ᠎ᠨᠢ ᠥᠷᠭᠡᠨ ᠣᠯᠠᠨ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠤ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠠᠵᠢᠯ᠎ᠢ ᠣᠶ᠋ᠢᠯᠠᠭ᠋ᠠᠬᠤ ᠨᠣᠷᠮ᠎ᠠ ᠵᠢ ᠳᠡᠭᠡᠭᠰᠢᠯᠡᠭᠦᠯᠬᠦ᠎ᠳᠤ ᠠᠰᠢᠭᠲᠠᠶ ᠪᠠᠢ᠌ᠵᠤ᠂ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠬᠠᠤᠯᠢ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠥᠭᠡᠳ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠬᠠᠤᠯᠢ ᠵᠢᠨ ᠮᠣᠩᠭᠣᠯ ᠬᠡᠯᠡᠨ᠎ᠤ ᠣᠷᠴᠢᠭᠤᠯᠭ᠎ᠠ ᠵᠢᠨ ᠬᠣᠭᠣᠰᠣᠨ᠎ᠢ ᠨᠥᠬᠥᠪᠥᠷᠢᠯᠡᠪᠡ᠃