2020 ᠣᠨ᠎ᠤ 3 ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠦᠳᠡᠯᠦᠯᠲᠡ ᠵᠢᠨ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢᠨ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ᠂ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶᠠᠨ ᠳᠡᠳ᠋ ᠳᠠᠷᠤᠭ᠎ᠠ (ᠠᠵᠢᠯ ᠡᠷᠭᠢᠯᠡᠬᠦ) ᠵᠣᠷᠢᠭᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠰᠣᠨᠢᠨ ᠮᠡᠳᠡᠭᠡᠨ᠎ᠤ ᠵᠠᠭᠤᠴᠢᠯᠠᠭᠤᠷ ᠵᠢᠴᠢ ᠥᠪᠡᠷᠲᠡᠭᠡᠨ ᠵᠠᠰᠠᠬᠤ ᠣᠷᠣᠨ᠎ᠤ ᠭᠣᠤᠯ ᠪᠣᠯᠬᠤ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠬᠤᠷᠠᠯ᠎ᠳᠤ ᠣᠷᠣᠯᠴᠠᠨ ᠰᠤᠷᠪᠤᠯᠵᠢᠯᠠᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ》 ᠵᠢ 2020 ᠣᠨ᠎ᠤ 1 ᠰᠠᠷ᠎ᠠ ᠵᠢᠨ 21᠎ᠤ ᠡᠳᠦᠷ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ 2 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 245 ᠳ᠋ᠤᠭ᠋ᠠᠷ ᠲᠤᠭ᠋ᠠᠲᠤ᠎ᠪᠠᠷ ᠨᠡᠶ᠋ᠢᠲᠡᠯᠡᠵᠦ᠂ 2020 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠬᠠᠮᠢᠶᠠᠷᠤᠯᠲᠠ ᠵᠢᠨ ᠠᠷᠭ᠎ᠠ》᠎ᠨᠢ ᠨᠡᠶ᠋ᠢᠲᠡ ᠳᠣᠯᠣᠭ᠋ᠠᠨ ᠪᠦᠯᠦᠭ ᠭᠤᠴᠢᠨ ᠳᠥᠷᠪᠡᠨ ᠵᠦᠢ᠍ᠯ ᠪᠠᠶ᠋ᠢᠵᠤ᠂ ᠶᠡᠷᠦᠩᠬᠡᠶ ᠳᠦᠷᠢᠮ᠂ ᠲᠥᠯᠥᠪᠵᠢᠭᠦᠯᠭᠡ ᠬᠢᠭᠡᠳ ᠪᠦᠲᠦᠭᠡᠨ ᠪᠠᠶ᠋ᠢᠭᠤᠯᠤᠯᠲᠠ᠂ ᠮᠡᠳᠡᠭᠡ ᠵᠠᠩᠭᠢ ᠨᠡᠶ᠋ᠢᠲᠡᠯᠡᠬᠦ ᠪᠠ ᠰᠢᠢ᠍ᠳᠪᠦᠷᠢᠯᠡᠬᠦ᠂ ᠤᠬᠠᠭᠤᠯᠭ᠎ᠠ ᠬᠥᠮᠦᠵᠢᠯ ᠪᠠ ᠰᠣᠷᠢᠯᠲᠠ᠂ ᠪᠡᠯᠡᠳᠬᠡᠮᠵᠢ ᠪᠠ ᠠᠵᠢᠭᠯᠠᠨ ᠰᠢᠨᠵᠢᠬᠦ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠪᠠ ᠳᠠᠭ᠋ᠠᠯᠳᠤᠭᠤᠯᠤᠯ ᠳᠦᠷᠢᠮ ᠭᠡᠵᠦ ᠬᠤᠪᠢᠶᠠᠨ᠎ᠠ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠬᠤ ᠵᠢᠨ ᠴᠢᠬᠤᠯᠠ ᠴᠢᠨᠠᠷ᠂ ᠲᠣᠭᠲᠠᠭ᠋ᠠᠭᠰᠠᠨ ᠶᠠᠪᠤᠴᠠ ᠵᠢᠴᠢ ᠬᠠᠤᠯᠢ ᠲᠣᠭᠲᠠᠭ᠋ᠠᠬᠤ ᠣᠨᠴᠠᠯᠢᠭ ᠵᠡᠷᠭᠡ ᠠᠭᠤᠯᠭ᠎ᠠ ᠵᠢ ᠭᠣᠤᠯᠳᠠᠯᠭ᠎ᠠ᠎ᠲᠠᠢ ᠲᠠᠨᠢᠯᠴᠠᠭᠤᠯᠪᠠ᠃ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠳᠡᠳ᠋ ᠳᠠᠷᠤᠭ᠎ᠠ ᠵᠣᠷᠢᠭᠲᠤ 《ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ᠂ ᠭᠣᠤᠯ ᠠᠭᠤᠯᠭ᠎ᠠ ᠵᠢᠴᠢ ᠭᠠᠵᠠᠷ ᠬᠥᠳᠡᠯᠦᠯᠲᠡ ᠵᠢ ᠤᠷᠢᠳᠴᠢᠯᠠᠨ ᠰᠡᠷᠡᠮᠵᠢᠯᠡᠭᠦᠯᠬᠦ᠎ᠨᠢ ᠭᠠᠮᠰᠢᠭ᠎ᠢ ᠪᠠᠭ᠋ᠠᠰᠬᠠᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢ ᠬᠡᠷᠬᠢᠨ ᠪᠠᠲᠤᠯᠠᠬᠤ ᠲᠤᠬᠠᠶ ᠲᠠᠨᠢᠯᠴᠠᠭᠤᠯᠪᠠ᠃ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠠᠰᠠᠭᠤᠯᠲᠠ᠎ᠳᠤ ᠲᠤᠰ ᠲᠤᠰ ᠬᠠᠷᠢᠭᠤᠯᠲᠠ ᠥᠭᠪᠡ᠃
《ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠨ ᠬᠡᠷᠡᠭᠵᠢᠭᠦᠯᠬᠦ ᠪᠣᠯ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠪᠠ ᠭᠠᠮᠰᠢᠭ᠎ᠠᠴᠠ ᠠᠪᠤᠷᠠᠬᠤ ᠲᠣᠭᠲᠠᠴᠠ ᠪᠠᠢ᠌ᠭᠤᠯᠤᠯ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠠᠷᠭ᠎ᠠ ᠪᠠᠷᠢᠯ ᠮᠦᠨ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠪᠠᠶ᠋ᠢᠭᠤᠯᠤᠯ ᠲᠣᠭᠲᠠᠴᠠ ᠵᠢ ᠠᠩᠬ᠎ᠠ ᠠᠯᠬᠤᠮ ᠪᠠᠢ᠌ᠭᠤᠯᠬᠤ ᠪᠠ ᠭᠠᠵᠠᠷ ᠬᠥᠳᠡᠯᠦᠯᠲᠡ ᠵᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠬᠠᠤᠯᠢ ᠲᠣᠭᠲᠠᠭ᠋ᠠᠯ ᠳᠦᠷᠢᠮ᠎ᠤᠨ ᠰᠢᠰᠲ᠋ᠧᠮᠵᠢ ᠵᠢ ᠲᠡᠭᠦᠯᠳᠡᠷᠵᠢᠭᠦᠯᠬᠦ ᠵᠢ ᠲᠦᠯᠬᠢᠨ ᠠᠬᠢᠭᠤᠯᠬᠤ ᠴᠢᠬᠤᠯᠠ ᠳᠦᠷᠢᠮ᠎ᠤᠨ ᠦᠷ᠎ᠡ ᠪᠦᠲᠦᠭᠡᠯ ᠮᠦᠨ᠂ ᠰᠢᠨ᠎ᠡ ᠴᠠᠭ ᠦᠶ᠎ᠡ ᠵᠢᠨ ᠭᠠᠵᠠᠷ ᠬᠥᠳᠡᠯᠦᠯᠲᠡ ᠵᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠦᠢ᠍ᠯᠡᠰ᠎ᠤᠨ ᠬᠦᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ http://sft.nmg.gov.cn/preview/site1/doc/202/24/76519.shtml