ᠳᠤᠮᠳᠠᠳᠤ ᠤᠯᠤᠰ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠤᠳᠤᠯᠭ᠋ᠠᠨ᠎ᠤ ᠨᠡᠢ᠌ᠭᠡᠮᠯᠢᠭ᠎ᠤᠨ ᠳᠡᠳ᠋ ᠳᠠᠷᠤᠭ᠎ᠠ ᠸᠠᠩ ᠪᠦ᠋ᠦ ᠲᠢᠩ
ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠷᠠᠳ ᠣᠯᠠᠨ᠎ᠤ ᠪᠠᠭ᠋ᠠᠵᠢ ᠬᠡᠷᠡᠭᠰᠡᠯ᠎ᠤᠨ ᠠᠮᠤᠷ ᠲᠦᠪᠰᠢᠨ ᠪᠦᠲᠦᠮᠵᠢᠲᠡᠶ ᠪᠠᠢ᠌ᠬᠤ ᠵᠢ ᠳᠡᠭᠡᠳᠦ ᠬᠡᠮᠵᠢᠶ᠎ᠡ᠎ᠪᠠᠷ ᠠᠩᠬᠠᠷᠴᠤ ᠪᠠᠢ᠌ᠨ᠎ᠠ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ》 (ᠳᠣᠷᠣᠭᠰᠢ ᠰᠢᠨ᠎ᠡ 《ᠲᠦᠷᠢᠮ》 ᠭᠡᠵᠦ ᠲᠣᠪᠴᠢᠯᠠᠨ᠎ᠠ)᠎ᠨᠢ ᠡᠮ᠎ᠤᠨ ᠵᠦᠢᠯ᠎ᠤᠨ ᠠᠮᠤᠷ ᠲᠦᠪᠰᠢᠨ᠎ᠤ 《ᠳᠥᠷᠪᠡᠨ ᠬᠠᠮᠤᠭ᠎ᠤᠨ ᠴᠢᠩᠭ᠎ᠠ》 ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ᠂ ᠳᠠᠩᠰᠠ ᠡᠪᠬᠡᠮᠡᠯ ᠭᠠᠷᠭ᠋ᠠᠭᠰᠠᠨ ᠬᠦᠮᠦᠨ᠂ ᠦᠢᠯᠡᠳᠪᠦᠷᠢᠯᠡᠯ ᠡᠵᠡᠩᠨᠡᠯᠲᠡ ᠵᠢᠨ ᠠᠵᠤ ᠠᠬᠤᠢ᠌ᠯᠠᠯ ᠪᠣᠯᠤᠨ ᠬᠡᠷᠡᠭᠯᠡᠬᠦ ᠨᠢᠭᠡᠴᠢ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠬᠤ ᠵᠢᠨ ᠬᠠᠮᠲᠤ᠂ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ ᠨᠠᠷᠢᠯᠢᠬ᠍ᠵᠢᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ ᠡᠷᠴᠢᠮ᠎ᠢ ᠴᠢᠩᠭ᠋ᠠᠷᠠᠭᠤᠯᠵᠤ᠂ ᠰᠢᠢ᠍ᠳᠬᠡᠨ ᠲᠣᠷᠭ᠋ᠠᠬᠤ ᠵᠢ ᠬᠠᠷᠢᠭᠤᠴᠠᠯᠭ᠋ᠠᠲᠠᠨ᠎ᠳᠤ ᠬᠦᠷᠲᠡᠯ᠎ᠡ ᠨᠠᠢ᠌ᠳᠠᠪᠤᠷᠢᠵᠢᠭᠤᠯᠪᠠ᠃
ᠨᠢᠭᠡ᠂ ᠰᠢᠢ᠍ᠳᠬᠡᠨ ᠲᠣᠷᠭ᠋ᠠᠬᠤ ᠵᠢ ᠬᠥᠮᠦᠨ᠎ᠳᠤ᠎ᠨᠢ ᠬᠦᠷᠲᠡᠯ᠎ᠡ ᠨᠠᠢ᠌ᠳᠠᠪᠤᠷᠢᠵᠢᠭᠤᠯᠵᠤ᠂ ᠬᠠᠷᠢᠭᠤᠴᠠᠯᠭ᠎ᠠ᠎ᠲᠠᠢ ᠬᠥᠮᠦᠰ᠎ᠤᠨ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠴᠢᠩᠭ᠋ᠠᠷᠠᠭᠤᠯᠬᠤ ᠬᠡᠷᠡᠭᠲᠡᠶ
ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ 《ᠬᠥᠮᠦᠨ᠎ᠳᠤ᠎ᠨᠢ ᠬᠦᠷᠲᠡᠯ᠎ᠡ ᠲᠣᠷᠭ᠋ᠠᠬᠤ》 ᠲᠣᠭᠲᠠᠭ᠋ᠠᠯ᠎ᠢ ᠨᠠᠢ᠌ᠳᠠᠪᠤᠷᠢᠵᠢᠭᠤᠯᠬᠤ ᠪᠣᠯ ᠡᠮ᠎ᠤᠨ ᠵᠦᠢᠯ᠎ᠤᠨ ᠠᠮᠤᠷ ᠲᠦᠪᠰᠢᠨ᠎ᠤ 《ᠳᠥᠷᠪᠡᠨ ᠬᠠᠮᠤᠭ᠎ᠤᠨ ᠴᠢᠩᠭ᠎ᠠ》 ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ᠂ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠬᠤ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠨᠡ᠎ᠨᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠤᠷᠢᠳᠴᠢᠯᠠᠨ ᠰᠡᠷᠭᠡᠢ᠌ᠯᠡᠬᠦ᠂ ᠡᠵᠡᠮᠳᠡᠬᠦ ᠪᠠ ᠵᠠᠯᠬᠠᠭ᠋ᠠᠨ ᠰᠢᠢ᠍ᠳᠬᠡᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠬᠡ ᠰᠦᠷ᠎ᠢ ᠴᠢᠩᠭ᠋ᠠᠷᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠰᠢᠨ᠎ᠡ 《ᠳᠦᠷᠢᠮ》᠎ᠨᠢ 《ᠳᠥᠷᠪᠡᠨ ᠬᠠᠮᠤᠭ᠎ᠤᠨ ᠴᠢᠩᠭ᠎ᠠ》 ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠥᠮᠦᠨ᠎ᠳᠤ᠎ᠨᠢ ᠬᠦᠷᠲᠡᠯ᠎ᠡ ᠲᠣᠷᠭ᠋ᠠᠬᠤ》 ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠬᠠᠤᠯᠢ᠎ᠠᠴᠠ ᠵᠥᠷᠢᠴᠡᠭᠰᠡᠨ ᠨᠢᠭᠡᠴᠢ ᠵᠢ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠵᠢᠨ ᠬᠠᠮᠲᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠣᠣᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠢ᠌ᠭ᠎ᠠ ᠭᠣᠣᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠵᠦ ᠪᠦᠬᠦᠢ ᠬᠥᠮᠦᠰ᠎ᠢ ᠬᠠᠮᠲᠤᠳᠤᠨᠢ ᠰᠢᠢ᠍ᠳᠬᠡᠨ ᠲᠣᠷᠭ᠋ᠠᠨ᠎ᠠ᠃ ᠲᠣᠷᠭ᠋ᠠᠬᠤ ᠠᠷᠭ᠎ᠠ ᠮᠠᠶᠢᠭ᠎ᠲᠤ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠦᠭᠰᠡᠨ ᠬᠤᠭᠤᠴᠠᠭ᠋ᠠᠨ᠎ᠳᠠᠬᠢ ᠲᠣᠰ ᠨᠢᠭᠡᠴᠢ ᠵᠢᠨ ᠣᠯᠤᠭᠰᠠᠨ ᠣᠷᠣᠯᠭ᠎ᠠ ᠵᠢ ᠬᠣᠷᠢᠶᠠᠨ ᠠᠪᠴᠤ᠂ ᠬᠠᠮᠤᠭ᠎ᠤᠨ ᠥᠨᠳᠥᠷ᠎ᠲᠤ᠎ᠪᠠᠨ 3 ᠳᠠᠬᠢᠨ ᠵᠶ᠋ᠠᠷ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠵᠦ᠂ ᠲᠡᠭᠦᠨ᠎ᠤ 5 ᠵᠢᠯ᠎ᠠᠴᠠ ᠨᠠᠰᠤᠨ ᠲᠤᠷᠰᠢᠳᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
ᠡᠭᠦᠨ᠎ᠤ ᠬᠠᠮᠲᠤ ᠠᠵᠤ ᠠᠬᠤᠢ᠌ᠯᠠᠯ ᠪᠠ ᠠᠵᠤ ᠠᠬᠤᠢ᠌ᠯᠠᠯ᠎ᠤᠨ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠰ᠎ᠲᠤ ᠴᠢᠭᠯᠡᠭᠦᠯᠦᠭᠰᠡᠨ 《ᠬᠣᠶᠠᠷ᠎ᠢ ᠲᠣᠷᠭ᠋ᠠᠬᠤ ᠲᠦᠷᠢᠮ》᠎ᠢ ᠬᠡᠷᠡᠭᠵᠢᠭᠦᠯᠵᠦ᠂ ᠠᠵᠤ ᠠᠬᠤᠢ᠌ᠯᠠᠯ ᠵᠢᠴᠢ ᠲᠡᠭᠦᠨ᠎ᠤ ᠠᠵᠢᠯᠯᠠᠵᠤ ᠪᠠᠢ᠌ᠭ᠎ᠠ ᠬᠥᠮᠦᠰ᠎ᠤᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠨᠡᠩ ᠲᠣᠳᠣᠷᠬᠠᠢ ᠪᠣᠯᠭ᠋ᠠᠬᠤ ᠵᠢᠨ ᠤᠯᠠᠮ᠎ᠠᠴᠠ ᠠᠵᠤ ᠠᠬᠤᠢ᠌ᠯᠠᠯ᠎ᠤᠨ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠰ᠎ᠤᠨ ᠥᠪᠡᠷ᠎ᠤᠨ ᠬᠠᠤᠯᠢ ᠴᠠᠭ᠋ᠠᠵᠠ ᠵᠢᠨ ᠡᠭᠦᠷᠭᠡ᠎ᠪᠠᠨ ᠦᠨᠡᠨ ᠬᠦ᠌ ᠭᠦᠢ᠍ᠴᠡᠳᠬᠡᠬᠦ ᠵᠢ ᠭᠡᠳᠡᠷᠬᠦ ᠰᠢᠬᠠᠮᠳᠠᠭᠤᠯᠵᠤ᠂ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢᠨ ᠤᠬᠠᠮᠰᠠᠷ ᠪᠠ ᠬᠠᠤᠯᠢ᠎ᠪᠠᠷ ᠵᠠᠰᠠᠬᠤ ᠤᠬᠠᠮᠰᠠᠷ᠎ᠢ᠎ᠨᠢ ᠴᠢᠩᠭ᠋ᠠᠷᠠᠭᠤᠯᠤᠨ᠎ᠠ᠃
ᠬᠣᠶᠠᠷ᠂ ᠰᠢᠢ᠍ᠳᠬᠡᠨ ᠲᠣᠷᠭ᠋ᠠᠬᠤ ᠡᠷᠴᠢᠮ ᠵᠶ᠋ᠡᠨ ᠨᠡᠮᠡᠭᠳᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠥᠪᠡᠷ᠎ᠤᠨ ᠥᠷᠲᠡᠭ᠎ᠢ ᠳᠡᠭᠡᠭᠰᠢᠯᠡᠭᠦᠯᠬᠦ ᠬᠡᠷᠡᠭᠲᠡᠶ
ᠰᠢᠨ᠎ᠡ 《ᠲᠦᠷᠢᠮ》᠎ᠳᠤ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠵᠣᠭᠣᠰ ᠵᠶ᠋ᠠᠷ ᠲᠣᠷᠭ᠋ᠠᠬᠤ ᠲᠣᠭ᠎ᠠ ᠵᠢ ᠶᠡᠬᠡ᠎ᠪᠠᠷ ᠳᠡᠭᠡᠭᠰᠢᠯᠡᠭᠦᠯᠪᠡ᠃ ᠵᠢᠱ᠌ᠢᠶᠡᠯᠡᠪᠡᠯ ᠳᠠᠩᠰᠠᠯᠠᠭᠤᠯᠤᠭᠰᠠᠨ ᠦᠭᠡᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢ᠍ᠯᠡᠳᠪᠦᠷᠢᠯᠡᠭᠰᠡᠨ᠂ ᠡᠵᠡᠩᠨᠡᠭᠰᠡᠨ ᠪᠠ ᠵᠥᠪᠰᠢᠶᠡᠷᠡᠭᠦᠯᠦᠭᠰᠡᠨ ᠦᠭᠡᠢ᠎ᠪᠠᠷ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢ᠍ᠯᠡᠳᠪᠦᠷᠢᠯᠡᠬᠦ᠂ ᠡᠵᠡᠩᠨᠡᠬᠦ ᠠᠵᠢᠯᠯᠠᠭ᠎ᠠ ᠬᠢᠭᠰᠡᠨ ᠵᠡᠷᠭᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠷᠭ᠋ᠠᠬᠤ ᠵᠣᠭᠣᠰ᠎ᠤᠨ ᠲᠣᠭ᠎ᠠ ᠵᠢ ᠤᠤᠯ᠎ᠤᠨ ᠲᠣᠭᠲᠠᠭ᠋ᠠᠭᠰᠠᠨ ᠪᠠᠷᠠᠭ᠋ᠠᠨ᠎ᠤ ᠦᠷᠳᠡᠭ᠎ᠤᠨ ᠵᠣᠭᠣᠰ᠎ᠤᠨ ᠲᠣᠭ᠎ᠠ ᠵᠢᠨ 10 ᠲᠠᠬᠢᠨ᠎ᠠᠴᠠ 20 ᠲᠠᠬᠢᠨ ᠪᠠᠢ᠌ᠭᠰᠠᠨ᠎ᠢ 15 ᠲᠠᠬᠢᠨ᠎ᠠᠴᠠ 30 ᠲᠠᠬᠢᠨ ᠪᠣᠯᠲᠠᠯ᠎ᠠ ᠳᠡᠭᠡᠭᠰᠢᠯᠡᠭᠦᠯᠦᠨ᠎ᠡ; ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠪᠥᠭᠡᠳ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢ᠌ᠪᠠᠯ᠂ ᠲᠣᠷᠭ᠋ᠠᠬᠤ ᠵᠣᠭᠣᠰ᠎ᠤᠨ ᠲᠣᠭ᠎ᠠ ᠵᠢ ᠤᠤᠯ᠎ᠤᠨ ᠲᠣᠭᠲᠠᠭ᠋ᠠᠭᠰᠠᠨ 1 ᠲᠦᠮᠡᠨ ᠲᠥᠭᠥᠷᠢᠭ᠎ᠠᠴᠠ ᠳᠣᠭᠣᠭᠰᠢ ᠪᠠᠢ᠌ᠭᠰᠠᠨ᠎ᠠᠴᠠ᠎ᠨᠢ ᠪᠠᠷᠠᠭ᠋ᠠᠨ᠎ᠤ ᠦᠷᠳᠡᠭ᠎ᠤᠨ ᠵᠣᠭᠣᠰ᠎ᠤᠨ ᠲᠣᠭ᠎ᠠ ᠵᠢᠨ 5 ᠲᠠᠬᠢᠨ᠎ᠠᠴᠠ 20 ᠲᠠᠬᠢᠨ ᠪᠣᠯᠲᠠᠯ᠎ᠠ ᠳᠡᠭᠡᠭᠰᠢᠯᠡᠭᠦᠯᠦᠨ᠎ᠡ; ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠥᠬᠡᠶ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ᠂ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠥᠬᠡᠶ᠂ ᠬᠤᠭᠤᠴᠠᠭ᠎ᠠ᠎ᠨᠢ ᠬᠡᠲᠦᠷᠡᠭᠰᠡᠨ᠂ ᠬᠦᠴᠦᠨ ᠥᠬᠡᠶ ᠪᠣᠯᠤᠭᠰᠠᠨ᠂ ᠰᠢᠭᠰᠢᠭᠳᠡᠭᠦᠯᠦᠭᠰᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠡᠵᠡᠩᠨᠡᠬᠦ ᠪᠠ ᠬᠡᠷᠡᠭᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠨ ᠲᠣᠷᠭ᠋ᠠᠭᠤᠯᠢ ᠵᠢᠨ ᠵᠣᠭᠣᠰ᠎ᠤᠨ ᠲᠣᠭ᠎ᠠ ᠵᠢ ᠤᠤᠯ᠎ᠤᠨ ᠲᠣᠭᠲᠠᠭ᠋ᠠᠭᠰᠠᠨ ᠪᠠᠷᠠᠭ᠋ᠠᠨ᠎ᠤ ᠥᠷᠲᠡᠭ᠎ᠤᠨ ᠵᠣᠭᠣᠰ᠎ᠤᠨ ᠲᠣᠭ᠎ᠠ ᠵᠢᠨ 10 ᠳᠠᠬᠢᠨ᠎ᠠᠴᠠ 20 ᠳᠠᠬᠢᠨ ᠪᠣᠯᠲᠠᠯ᠎ᠠ ᠳᠡᠭᠡᠭᠰᠢᠯᠡᠭᠦᠯᠦᠨ᠎ᠡ᠃
ᠰᠢᠢ᠍ᠳᠬᠡᠨ ᠲᠤᠷᠠᠭ᠋ᠠᠬᠤ ᠡᠷᠴᠢᠮ ᠵᠶ᠋ᠡᠨ ᠨᠡᠮᠡᠭᠳᠡᠭᠦᠯᠵᠦ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠰᠤᠳᠤᠯᠤᠨ ᠦᠢ᠍ᠯᠡᠳᠬᠦ᠂ ᠦᠢ᠍ᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠡᠯ᠎ᠡ ᠭᠣᠭᠴᠣᠭ᠎ᠠ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠦᠵᠡᠭᠦᠯᠬᠦ ᠰᠦᠷᠳᠡᠭᠦᠯᠬᠦ ᠦᠢ᠍ᠯᠡᠳᠦᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠡᠷᠡᠭᠦᠯ ᠣᠷᠴᠢᠨ ᠨᠥᠬᠥᠴᠡᠯ ᠪᠠ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭ᠋ᠠᠯᠠᠵᠤ᠂ ᠠᠷᠠᠳ ᠤᠯᠠᠨ᠎ᠤ ᠪᠠᠭ᠋ᠠᠵᠢ ᠬᠡᠷᠡᠭᠰᠡᠯ ᠬᠡᠷᠡᠭᠯᠡᠬᠦ ᠠᠮᠤᠷ ᠲᠦᠪᠰᠢᠨ᠎ᠳᠤ ᠪᠦᠲᠦᠮᠵᠢᠲᠡᠢ ᠪᠠᠲᠤᠯᠠᠭ᠎ᠠ ᠦᠭᠭᠦᠨ᠎ᠡ᠃
ᠭᠤᠷᠪᠠ᠂ ᠬᠠᠤᠯᠢ ᠵᠥᠷᠢᠴᠡᠭᠰᠡᠨ ᠬᠦᠨᠳᠦ ᠨᠣᠴᠢᠲᠠᠢ ᠠᠵᠢᠯᠯᠠᠭ᠎ᠠ ᠵᠢ ᠴᠢᠩᠭ᠎ᠠ ᠰᠢᠢ᠍ᠳᠬᠡᠵᠦ᠂ ᠬᠦᠴᠦᠲᠡᠢ ᠰᠦᠷᠳᠡᠭᠦᠯᠬᠦ ᠦᠢ᠍ᠯᠡᠳᠦᠯ᠎ᠢ ᠪᠦᠷᠢᠯᠳᠦᠭᠦᠯᠦᠨ᠎ᠡ
ᠰᠢᠨ᠎ᠡ 《ᠲᠦᠷᠢᠮ》᠎ᠳᠤ ᠬᠠᠤᠯᠢ ᠵᠢ ᠵᠥᠷᠢᠴᠡᠭᠰᠡᠨ ᠦᠢᠯᠡ ᠪᠠᠢ᠌ᠳᠠᠯ᠎ᠢ᠎ᠨᠢ ᠦᠵᠡᠵᠦ ᠪᠠᠢ᠌ᠭ᠋ᠠᠳ᠂ ᠠᠵᠢᠯ ᠲᠥᠷᠥᠯ ᠪᠠ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠰᠢᠢ᠍ᠳᠬᠡᠯ᠎ᠤᠨ ᠡᠷᠴᠢᠮ᠎ᠢ ᠪᠥᠬᠥ ᠲᠠᠯ᠎ᠠ᠎ᠪᠠᠷ ᠴᠢᠩᠭ᠋ᠠᠷᠠᠭᠤᠯᠵᠤ᠂ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠵᠢᠨ ᠦᠢᠯᠡ ᠪᠠᠢ᠌ᠳᠠᠯ᠎ᠨᠢ ᠬᠦᠨᠳᠦ ᠨᠣᠴᠢᠲᠠᠶ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠢ᠌ᠳᠠᠯ᠎ᠳᠤ᠂ ᠵᠠᠷᠯᠢᠭᠳᠠᠵᠤ ᠪᠠᠢ᠌ᠭ᠋ᠠᠳ ᠦᠢᠯᠡᠳᠪᠦᠷᠢᠯᠡᠯ ᠠᠵᠢᠯ᠎ᠢ᠎ᠨᠢ ᠵᠣᠭᠰᠣᠭ᠋ᠠᠬᠤ ᠴᠢᠨᠠᠭᠰᠢᠯᠠᠪᠠᠯ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠥᠬᠡᠶ ᠪᠣᠯᠭ᠋ᠠᠬᠤ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠭᠤᠶᠤᠴᠢᠯᠠᠬᠤ ᠵᠢ ᠬᠢᠵᠠᠭ᠋ᠠᠷᠯᠠᠬᠤ᠂ ᠵᠣᠬᠢᠬᠤ ᠬᠤᠭᠤᠴᠠᠭ᠋ᠠᠨ᠎ᠤ ᠳᠣᠲᠣᠷ᠎ᠠ ᠬᠣᠯᠪᠣᠭᠳᠠᠯ ᠪᠥᠬᠥᠶ ᠠᠵᠢᠯᠯᠠᠭ᠎ᠠ ᠬᠢᠬᠦ ᠵᠢ ᠴᠠᠭ᠋ᠠᠵᠠᠯᠠᠬᠤ ᠵᠡᠷᠭᠡ ᠰᠢᠢ᠍ᠳᠬᠡᠬᠦ ᠠᠷᠭ᠎ᠠ ᠬᠡᠮᠵᠢᠶ᠎ᠡ ᠵᠢ ᠲᠣᠭᠲᠠᠭ᠋ᠠᠭᠰᠠᠨ ᠪᠥᠭᠡᠳ ᠬᠢᠷᠢ ᠬᠡᠮ᠎ᠤᠨ ᠰᠢᠢ᠍ᠳᠬᠡᠯ᠎ᠤᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃ ᠵᠢᠱ᠌ᠢᠶᠡᠯᠡᠪᠡᠯ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠰᠠᠨ ᠦᠨᠡᠮᠯᠡᠯ ᠣᠯᠤᠭ᠋ᠠᠳᠤᠶ ᠬᠣᠶᠠᠳᠤᠭ᠋ᠠᠷ ᠲᠥᠷᠥᠯ᠂ ᠭᠤᠷᠪᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢᠯᠡᠳᠪᠦᠷᠢᠯᠡᠬᠦ᠂ ᠵᠥᠪᠰᠢᠶᠡᠷᠡᠯ ᠥᠬᠡᠶ᠎ᠪᠠᠷ ᠬᠣᠶᠠᠳᠤᠭ᠋ᠠᠷ ᠲᠥᠷᠥᠯ᠂ ᠭᠤᠷᠪᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢᠯᠡᠳᠪᠦᠷᠢᠯᠡᠬᠦ ᠠᠵᠢᠯᠯᠠᠭ᠎ᠠ ᠬᠢᠬᠦ᠂ ᠵᠥᠪᠰᠢᠶᠡᠷᠡᠯ ᠥᠬᠡᠶ᠎ᠪᠠᠷ ᠭᠤᠷᠪᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠡᠵᠡᠩᠨᠡᠬᠦ ᠠᠵᠢᠯᠯᠠᠭ᠎ᠠ ᠬᠢᠬᠦ ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠤᠤᠯ᠎ᠤᠨ ᠲᠣᠭᠲᠠᠭ᠋ᠠᠭᠰᠠᠨ 5 ᠵᠢᠯ᠎ᠤᠨ ᠳᠣᠲᠣᠷ᠎ᠠ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠵᠢᠴᠢ ᠠᠵᠤ ᠠᠬᠤᠢ᠌ᠯᠠᠯ᠎ᠤᠨ ᠳᠤᠷᠠᠳᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠵᠥᠪᠰᠢᠶᠡᠷᠡᠭᠦᠯᠬᠦ ᠭᠤᠶᠤᠴᠢᠯᠠᠯ᠎ᠢ ᠭᠥᠯᠢᠶᠡᠨ ᠠᠪᠴᠤ ᠰᠢᠢᠳᠪᠦᠷᠢᠯᠡᠬᠦ ᠥᠬᠡᠶ ᠪᠠᠢ᠌ᠭᠰᠠᠨ᠎ᠠᠴᠠ 10 ᠵᠢᠯ ᠪᠣᠯᠲᠠᠯ᠎ᠠ ᠤᠷᠲᠤᠳᠬᠠᠵᠤ᠂ ᠬᠠᠮᠢᠶ᠎ᠠ ᠪᠥᠬᠥᠶ ᠬᠠᠷᠢᠭᠤᠴᠠᠯᠭ᠎ᠠ᠎ᠲᠠᠢ ᠬᠥᠮᠦᠨ᠎ᠤ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠬᠦ ᠵᠢ ᠨᠠᠰᠤᠨ ᠲᠤᠷᠰᠢᠳᠠ ᠴᠠᠭ᠋ᠠᠵᠠᠯᠠᠨ᠎ᠠ; ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠤᠶᠤ ᠪᠤᠰᠤᠳ ᠮᠡᠬᠡᠯᠡᠬᠦ ᠠᠷᠭ᠎ᠠ ᠪᠠᠷᠢᠯ᠎ᠢ ᠬᠡᠷᠡᠭᠯᠡᠨ ᠡᠮᠴᠢᠯᠡᠭᠡᠨ᠎ᠤ ᠪᠠᠭ᠋ᠠᠵᠢ ᠬᠡᠷᠡᠭᠰᠡᠯ ᠳᠠᠩᠰᠠᠯᠠᠭᠤᠯᠤᠭᠰᠠᠨ ᠦᠨᠡᠮᠯᠡᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠦᠢᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ ᠵᠡᠷᠭᠡ ᠵᠥᠪᠰᠢᠶᠡᠷᠡᠯ᠎ᠤᠨ ᠦᠨᠡᠮᠯᠡᠯ᠎ᠢ ᠣᠯᠤᠭᠰᠠᠨ ᠪᠠᠢ᠌ᠪᠠᠯ᠂ ᠤᠤᠯ᠎ᠤᠨ ᠲᠣᠭᠲᠠᠭ᠋ᠠᠭᠰᠠᠨ 5 ᠵᠢᠯ᠎ᠤᠨ ᠳᠣᠲᠣᠷ᠎ᠠ ᠬᠠᠮᠢᠶ᠎ᠠ ᠪᠥᠬᠥᠶ ᠬᠠᠷᠢᠭᠤᠴᠠᠯᠭ᠋ᠠᠲᠠᠨ ᠵᠢᠴᠢ ᠠᠵᠤ ᠠᠬᠤᠢ᠌ᠯᠠᠯ᠎ᠤᠨ ᠳᠤᠷᠠᠳᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ ᠦᠢᠯᠡᠳᠪᠦᠷᠢᠯᠡᠬᠦ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢᠳᠪᠦᠷᠢᠯᠡᠬᠦ ᠥᠬᠡᠶ ᠪᠠᠢ᠌ᠭᠰᠠᠨ᠎ᠠᠴᠠ 10 ᠵᠢᠯ ᠪᠣᠯᠲᠠᠯ᠎ᠠ ᠤᠷᠲᠤᠳᠬᠠᠵᠤ᠂ ᠬᠠᠮᠢᠶ᠎ᠠ ᠪᠥᠬᠥᠶ ᠬᠠᠷᠢᠭᠤᠴᠠᠯᠭ᠎ᠠ᠎ᠲᠠᠢ ᠬᠥᠮᠦᠰ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ ᠦᠢᠯᠡᠳᠪᠦᠷᠢᠯᠡᠬᠦ ᠡᠵᠡᠩᠨᠡᠯᠲᠡ ᠵᠢᠨ ᠠᠵᠢᠯᠯᠠᠭ᠎ᠠ ᠬᠢᠬᠦ ᠵᠢ ᠨᠠᠰᠤᠨ ᠲᠤᠷᠰᠢᠳᠠ᠎ᠨᠢ ᠴᠠᠭ᠋ᠠᠵᠠᠯᠠᠨ᠎ᠠ; ᠳᠠᠩᠰᠠᠯᠠᠭᠤᠯᠬᠤ ᠦᠶ᠎ᠡ᠎ᠳᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠥᠭᠡᠳ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠰᠢᠭᠤᠳ ᠬᠠᠷᠢᠭᠤᠴᠠᠯᠭ᠎ᠠ᠎ᠲᠠᠢ ᠬᠥᠮᠦᠨ᠎ᠢ ᠤᠤᠯ᠎ᠤᠨ ᠲᠣᠭᠲᠠᠭ᠋ᠠᠭᠰᠠᠨ 5 ᠵᠢᠯ᠎ᠤᠨ ᠳᠣᠲᠣᠷ᠎ᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠦᠢ᠍ᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠵᠦ ᠪᠤᠯᠬᠤ ᠦᠭᠡᠢ ᠪᠠᠢ᠌ᠭᠰᠠᠨ᠎ᠠᠴᠠ 10 ᠵᠢᠯ ᠪᠣᠯᠲᠠᠯ᠎ᠠ ᠤᠷᠲᠤᠳᠬᠠᠪᠠ᠃
ᠡᠭᠦᠨ᠎ᠠᠴᠠ ᠭᠠᠳᠠᠨ᠎ᠠ᠂ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠲᠣᠭᠲᠠᠭ᠋ᠠᠯ᠎ᠢ ᠭᠦᠢᠴᠡᠳᠬᠡᠬᠦ ᠵᠢ ᠲᠡᠪᠴᠢᠭᠰᠡᠨ ᠬᠢᠯᠢ ᠵᠢᠨ ᠭᠠᠳᠠᠨᠠᠬᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ᠂ ᠳᠠᠩᠰᠠ ᠡᠪᠬᠡᠮᠡᠯ ᠭᠠᠷᠭ᠋ᠠᠭᠰᠠᠨ ᠬᠦᠮᠦᠨ᠎ᠳᠤ ᠰᠢᠨ᠎ᠡ 《ᠲᠦᠷᠢᠮ》᠎ᠳᠤ 10 ᠵᠢᠯ᠎ᠤᠨ ᠳᠣᠲᠣᠷ᠎ᠠ ᠲᠡᠭᠦᠨ᠎ᠤ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠭᠠᠳᠠᠭ᠋ᠠᠳᠤ᠎ᠠᠴᠠ ᠣᠷᠣᠭᠤᠯᠬᠤ ᠵᠢ ᠴᠠᠭ᠋ᠠᠵᠠᠯᠠᠬᠤ ᠰᠢᠢ᠍ᠳᠬᠡᠯ ᠥᠭᠬᠦ ᠠᠷᠭ᠎ᠠ ᠬᠡᠮᠵᠢᠶ᠎ᠡ ᠵᠢ ᠨᠡᠮᠡᠪᠡ᠃
ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠠᠵᠤ ᠠᠬᠤᠢ᠌ᠯᠠᠯ᠎ᠳᠤ ᠠᠵᠢᠯ ᠲᠥᠷᠥᠯ ᠪᠠ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠨᠢ᠂ ᠠᠵᠤ ᠠᠬᠤᠢ᠌ᠯᠠᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ 《ᠬᠣᠷᠢᠭ᠎ᠠ ᠱᠤᠭᠤᠮ》᠎ᠢ ᠰᠠᠬᠢᠬᠤ ᠵᠢ ᠠᠬᠢᠭᠤᠯᠵᠤ᠂ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠠᠵᠤ ᠠᠬᠤᠢ᠌ᠯᠠᠯ᠎ᠢ ᠬᠦᠴᠦᠲᠡᠶ ᠰᠦᠷᠳᠡᠭᠦᠯᠬᠦ ᠪᠠᠢ᠌ᠳᠠᠯ᠎ᠢ ᠪᠦᠷᠢᠯᠳᠦᠭᠦᠯᠦᠨ᠂ ᠥᠨᠳᠥᠷ ᠳᠠᠷᠤᠯᠲᠠᠲᠤ ᠪᠠᠢ᠌ᠳᠠᠯ᠎ᠢ ᠪᠠᠲᠤᠯᠠᠵᠤ᠂ ᠬᠠᠤᠯᠢ ᠲᠣᠭᠲᠠᠭ᠋ᠠᠯ᠎ᠤᠨ 《ᠬᠣᠷᠢᠭ᠎ᠠ ᠱᠤᠭᠤᠮ》᠎ᠢ ᠬᠥᠨᠳᠡᠭᠰᠡᠨ ᠠᠵᠤ ᠠᠬᠤᠢ᠌ᠯᠠᠯ᠎ᠢ ᠣᠷᠣᠰᠢᠨ ᠲᠣᠭᠲᠠᠨᠢᠬᠤ ᠵᠢᠨ ᠠᠷᠭ᠎ᠠ ᠥᠬᠡᠶ ᠪᠣᠯᠭ᠋ᠠᠵᠤ᠂ ᠠᠵᠤ ᠠᠬᠤᠢ᠌ᠯᠠᠯ᠎ᠤᠨ ᠡᠷᠡᠭᠦᠯ ᠪᠥᠭᠡᠳ ᠲᠣᠭᠲᠠᠭ᠋ᠠᠯ᠎ᠳᠤ ᠨᠡᠢ᠌ᠴᠡᠭᠰᠡᠨ ᠬᠥᠭᠵᠢᠯᠲᠡ ᠵᠢ ᠠᠬᠢᠭᠤᠯᠬᠤ᠎ᠳᠤ ᠠᠰᠢᠭᠲᠠᠶ ᠶᠤᠮ᠃
ᠳᠥᠷᠪᠡ᠂ ᠬᠠᠮᠵᠢᠯᠴᠠᠨ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ
ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠡᠯ᠎ᠡ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢᠨ ᠬᠣᠯᠪᠣᠭᠳᠠᠬᠤ ᠰᠠᠯᠠᠭ᠎ᠠ ᠮᠥᠴᠢᠷ ᠣᠯᠠᠨ᠂ ᠬᠦᠷᠢᠶ᠎ᠡ ᠬᠡᠪᠴᠢᠶ᠎ᠡ ᠥᠷᠭᠡᠨ ᠪᠠᠢ᠌ᠳᠠᠭ᠂ ᠰᠢᠨ᠎ᠡ 《ᠲᠦᠷᠢᠮ》᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠲᠠᠢ ᠬᠣᠯᠪᠣᠭᠳᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠭᠡᠵᠦ ᠲᠣᠳᠣᠷᠬᠠᠢ᠌ᠯᠠᠵᠤ᠂ ᠡᠷᠡᠭᠦᠯ ᠬᠠᠮᠠᠭ᠋ᠠᠯᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠬᠢᠯᠢ᠎ᠪᠠᠷ ᠭᠠᠷᠴᠤ ᠣᠷᠣᠬᠤ ᠵᠢ ᠰᠢᠯᠭ᠋ᠠᠨ ᠪᠠᠢ᠌ᠴᠠᠭ᠋ᠠᠬᠤ ᠬᠢᠵᠢᠭ ᠪᠠᠢ᠌ᠴᠠᠭ᠋ᠠᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠰᠢᠨ᠎ᠡ 《ᠲᠦᠷᠢᠮ》᠎ᠢ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠨ᠎ᠡ ᠭᠡᠵᠦ ᠲᠣᠭᠲᠠᠭ᠋ᠠᠵᠠᠶ᠃ ᠵᠢᠱ᠌ᠢᠶᠡᠯᠡᠪᠡᠯ ᠡᠷᠡᠭᠦᠯ ᠬᠠᠮᠠᠭ᠋ᠠᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠦᠪᠰᠢᠶᠡᠷᠡᠯ ᠦᠭᠡᠢ᠎ᠪᠠᠷ ᠡᠮᠴᠢᠯᠡᠭᠡᠨ᠎ᠳᠤ ᠬᠡᠷᠡᠭᠯᠡᠬᠦ ᠲᠣᠮᠣ ᠬᠡᠯᠪᠡᠷᠢ ᠵᠢᠨ ᠲᠥᠬᠥᠭᠡᠷᠦᠮᠵᠢ ᠵᠢ ᠳᠤᠷ᠎ᠠ᠎ᠪᠠᠷ ᠵᠶ᠋ᠠᠨ ᠲᠣᠬᠢᠷᠠᠭᠤᠯᠤᠨ ᠬᠡᠷᠡᠭᠯᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠨ᠎ᠡ; ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠮᠢᠶ᠎ᠠ ᠪᠥᠬᠥᠶ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭ᠋ᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠵᠶ᠋ᠡᠷ ᠪᠦᠷᠢᠯᠳᠦᠭᠰᠡᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠨ᠎ᠡ; ᠬᠢᠯᠢ᠎ᠪᠠᠷ ᠣᠷᠣᠭᠤᠯᠵᠤ ᠭᠠᠷᠭ᠋ᠠᠬᠤ ᠵᠢᠨ ᠰᠢᠯᠭ᠋ᠠᠨ ᠪᠠᠢ᠌ᠴᠠᠭ᠋ᠠᠬᠤ ᠬᠢᠵᠢᠭ ᠪᠠᠢ᠌ᠴᠠᠭ᠋ᠠᠬᠤ ᠪᠠᠢ᠌ᠭᠤᠯᠤᠮᠵᠢ᠎ᠨᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠢ ᠰᠢᠯᠭ᠋ᠠᠨ ᠪᠠᠢ᠌ᠴᠠᠭ᠋ᠠᠬᠤ ᠬᠠᠮᠢᠶ᠎ᠠ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠭᠠᠳᠠᠭ᠋ᠠᠳᠤ᠎ᠠᠴᠠ ᠣᠷᠣᠭᠤᠯᠤᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠨ᠎ᠡ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠰᠢᠨ᠎ᠡ 《ᠲᠦᠷᠢᠮ》᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠵᠠᠷ ᠮᠡᠳᠡᠭᠡ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠨ᠎ᠡ᠃ ᠡᠨᠡ᠎ᠨᠢ ᠰᠠᠯᠠᠭ᠎ᠠ ᠮᠥᠴᠢᠷ ᠬᠠᠮᠵᠢᠯᠴᠠᠬᠤ᠂ ᠬᠠᠮᠲᠤᠷᠠᠨ ᠵᠠᠯᠬᠠᠭ᠋ᠠᠨ ᠰᠢᠢ᠍ᠳᠬᠡᠬᠦ᠂ ᠬᠠᠮᠲᠤ᠎ᠪᠠᠷ ᠵᠠᠰᠠᠬᠤ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠪᠥᠭᠡᠳ ᠡᠷᠡᠭᠦᠯ ᠵᠶ᠋ᠡᠷ ᠬᠥᠭᠵᠢᠬᠦ ᠵᠢ ᠬᠠᠮᠲᠤ᠎ᠪᠠᠷ ᠠᠬᠢᠭᠤᠯᠤᠭᠰᠠᠨ ᠰᠠᠢ᠌ᠨ ᠰᠠᠢ᠌ᠬᠠᠨ ᠪᠠᠢ᠌ᠷᠢᠰᠢᠯ᠎ᠢ ᠪᠣᠶ ᠪᠣᠯᠭ᠋ᠠᠬᠤ᠎ᠳᠤ ᠬᠠᠤᠯᠢ ᠲᠣᠭᠲᠠᠭ᠋ᠠᠯ᠎ᠤᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃
ᠰᠢᠨ᠎ᠡ 《ᠲᠦᠷᠢᠮ》᠎ᠨᠢ 《ᠳᠥᠷᠪᠡᠨ ᠬᠠᠮᠤᠭ᠎ᠤᠨ ᠴᠢᠩᠭ᠎ᠠ》 ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠤᠯᠤᠰ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠦᠢᠯᠡᠳᠪᠦᠷᠢᠯᠡᠯ ᠡᠵᠡᠩᠨᠡᠯᠲᠡ ᠵᠢᠨ ᠡᠮᠬᠢ ᠵᠢᠷᠤᠮ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠦᠢᠯᠡᠳᠦᠯ ᠦᠵᠡᠭᠦᠯᠬᠦ᠎ᠨᠢ ᠯᠠᠪᠲᠠᠶ ᠶᠤᠮ᠃