ᠳᠤᠮᠳᠠᠳᠤ ᠤᠯᠤᠰ᠎ᠤᠨ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠲᠥᠪ᠎ᠤᠨ ᠡᠷᠬᠢᠯᠡᠭᠴᠢ ᠴᠧᠨ ᠸᠧᠶ ᠱᠧᠩ
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠭᠠᠬᠠᠶ ᠨᠢᠲᠤᠯᠬᠤ ᠬᠠᠮᠢᠶᠠᠷᠤᠯᠲᠠ ᠵᠢᠨ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠨᠢ ᠶᠡᠷᠦᠩᠬᠡᠶ ᠱᠦᠵᠢ ᠰᠢ ᠵᠢᠨ ᠫᠢᠩ᠎ᠤᠨ 《ᠳᠥᠷᠪᠡᠨ ᠬᠠᠮᠤᠭ᠎ᠤᠨ ᠴᠢᠩᠭ᠎ᠠ》 ᠪᠠ 《ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠴᠢᠩᠭ᠋ᠠᠳᠬᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠤᠷᠢᠳᠴᠢᠯᠠᠨ ᠰᠡᠷᠭᠡᠢ᠌ᠯᠡᠬᠦ᠎ᠪᠠᠷ ᠭᠣᠤᠯ ᠪᠣᠯᠭ᠋ᠠᠬᠤ᠂ ᠲᠦᠭᠰᠢᠭᠦᠷᠢ ᠵᠢ ᠬᠠᠮᠢᠶᠠᠷᠬᠤ᠂ ᠪᠥᠬᠥ ᠶᠠᠪᠤᠴᠠ ᠵᠢ ᠡᠵᠡᠮᠳᠡᠬᠦ᠂ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠵᠠᠰᠠᠬᠤ ᠢᠳᠡᠭᠡᠨ᠎ᠤ ᠠᠮᠤᠷ ᠲᠦᠪᠰᠢᠨ᠎ᠤ ᠠᠵᠢᠯ᠎ᠤᠨ ᠵᠠᠷᠴᠢᠮ᠎ᠢ ᠭᠦᠢᠴᠡᠳ ᠢᠯᠡᠷᠡᠭᠦᠯᠵᠦ᠂ ᠭᠠᠬᠠᠶ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ ᠪᠠ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠭᠣᠤᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠨ᠂ ᠭᠠᠬᠠᠶ ᠨᠢᠲᠤᠯᠬᠤ ᠭᠣᠭᠴᠣᠭ᠎ᠠ ᠵᠢᠨ ᠪᠥᠬᠥ ᠶᠠᠪᠤᠴᠠ ᠵᠢᠨ ᠬᠠᠮᠢᠶᠠᠷᠤᠯᠲᠠ ᠵᠢ ᠴᠢᠩᠳᠠᠯᠠᠪᠠ᠃ 《ᠲᠦᠷᠢᠮ》᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠢᠲᠤᠯᠬᠤ ᠭᠣᠭᠴᠣᠭ᠎ᠠ᠎ᠳᠤ ᠣᠷᠣᠰᠢᠵᠤ ᠪᠠᠢ᠌ᠭ᠎ᠠ ᠪᠣᠳᠠᠲᠠᠶ ᠠᠰᠠᠭᠤᠳᠠᠯ᠎ᠳᠤ ᠴᠢᠭᠯᠡᠭᠦᠯᠦᠨ᠂ ᠡᠯ᠎ᠡ ᠵᠦᠢᠯ᠎ᠤᠨ ᠬᠠᠮᠢᠶᠠᠷᠤᠯᠲᠠ ᠵᠢᠨ ᠲᠦᠷᠢᠮ ᠪᠠ ᠠᠷᠭ᠎ᠠ ᠬᠡᠮᠵᠢᠶ᠎ᠡ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠪᠠ ᠭᠠᠬᠠᠶ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬ᠋ᠢᠷᠢ ᠬᠡᠮᠵᠢᠶ᠎ᠠ ᠵᠢ ᠳᠡᠭᠡᠭᠰᠢᠯᠡᠭᠦᠯᠬᠦ᠎ᠳᠤ ᠴᠢᠩᠭ᠎ᠠ ᠬᠦᠴᠦᠲᠡᠶ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠪᠠ᠃
ᠨᠢᠭᠡ᠂ ᠲᠦᠷᠢᠮ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠪᠠ ᠶᠠᠰᠤ ᠴᠢᠨᠠᠷ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠡᠬᠢᠵᠢᠭᠦᠯᠦᠨ᠎ᠡ
ᠨᠢᠭᠡ᠎ᠳᠤ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠲᠠᠯ᠎ᠠ᠎ᠪᠠᠷ 《ᠲᠦᠷᠢᠮ》᠎ᠨᠢ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠤᠯᠢ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠠᠹᠷᠢᠺᠠ ᠲᠢᠪ᠎ᠤᠨ ᠭᠠᠬᠠᠶ ᠵᠢᠨ ᠬᠢᠵᠢᠭ ᠡᠭᠦᠰᠦᠭᠰᠡᠨ᠎ᠠᠴᠠ ᠨᠠᠭ᠋ᠠᠰᠢ᠂ ᠮᠠᠨ᠎ᠤ ᠤᠯᠤᠰ᠎ᠤᠨ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠢᠯᠡᠷᠡᠭᠰᠡᠨ ᠳᠤᠲᠠᠭᠳᠠᠯ ᠪᠠ ᠪᠠᠭᠤᠷᠠᠶ ᠭᠣᠭᠴᠣᠭ᠎ᠠ᠎ᠳᠤ ᠴᠢᠭᠯᠡᠭᠦᠯᠦᠨ᠂ ᠠᠯᠠᠵᠤ ᠨᠢᠲᠤᠯᠬᠤ ᠭᠣᠭᠴᠣᠭ᠎ᠠ᠎ᠳᠠᠬᠢ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠪᠡ᠃ 《ᠲᠦᠷᠢᠮ》᠎ᠳᠤ ᠠᠮᠢᠲᠠᠨ᠎ᠤ ᠬᠢᠵᠢᠭ᠎ᠤᠨ ᠪᠠᠢ᠌ᠳᠠᠯ ᠡᠭᠦᠰᠬᠦ ᠦᠶ᠎ᠡ᠎ᠳᠤ᠂ ᠭᠠᠬᠠᠶ ᠨᠢᠲᠤᠯᠬᠤ ᠲᠣᠭᠲᠠᠭᠰᠠᠨ ᠴᠡᠭ᠎ᠲᠦ ᠦᠢᠯᠡᠳᠪᠦᠷᠢ (ᠲᠠᠯᠠᠪᠠᠶ)᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ᠂ ᠠᠮᠢᠲᠠᠨ᠎ᠤ ᠬᠢᠵᠢᠭ ᠡᠪᠡᠳᠴᠢᠨ᠎ᠢ ᠰᠢᠯᠭ᠋ᠠᠨ ᠪᠠᠢ᠌ᠴᠠᠭ᠋ᠠᠵᠤ᠂ ᠠᠮᠢᠲᠠᠨ᠎ᠤ ᠬᠢᠵᠢᠭ᠎ᠤᠨ ᠪᠠᠢ᠌ᠳᠠᠯ᠎ᠢ ᠵᠢᠭᠰᠠᠭ᠋ᠠᠨ ᠪᠠᠢ᠌ᠴᠠᠭ᠋ᠠᠬᠤ ᠪᠠ ᠮᠡᠳᠡᠭᠦᠯᠬᠦ ᠠᠵᠢᠯ᠎ᠢ ᠰᠠᠢ᠌ᠲᠤᠷ ᠬᠢᠬᠦ ᠬᠡᠷᠡᠭᠲᠡᠶ᠃ ᠭᠠᠬᠠᠶ ᠲᠡᠭᠡᠭᠡᠪᠦᠷᠢᠯᠡᠬᠦ ᠲᠡᠷᠭᠡ ᠬᠥᠰᠬᠡ ᠵᠢᠨ ᠦᠨᠳᠦᠰᠦᠨ ᠪᠠᠢ᠌ᠳᠠᠯ᠎ᠢ ᠬᠠᠤᠯᠢ ᠶᠣᠰᠣᠭ᠋ᠠᠷ ᠪᠠᠢ᠌ᠴᠠᠭ᠋ᠠᠨ ᠰᠢᠯᠭ᠋ᠠᠵᠤ ᠲᠡᠮᠳᠡᠭᠯᠡᠬᠦ ᠵᠢᠨ ᠬᠠᠮᠲᠤ ᠠᠮᠢᠲᠠᠨ᠎ᠤ ᠬᠢᠵᠢᠭ ᠡᠪᠡᠳᠴᠢᠨ᠎ᠢ ᠪᠠᠢ᠌ᠴᠠᠭ᠋ᠠᠨ ᠬᠡᠮᠵᠢᠬᠦ ᠠᠵᠢᠯ᠎ᠢ ᠲᠣᠭᠲᠠᠭ᠋ᠠᠯ ᠶᠣᠰᠣᠭ᠋ᠠᠷ ᠥᠷᠨᠢᠭᠦᠯᠦᠭᠰᠡᠨ ᠦᠭᠡᠶ ᠠᠳᠠᠯᠢ ᠪᠤᠰᠤ ᠪᠠᠢ᠌ᠳᠠᠯ᠎ᠳᠤ ᠵᠣᠬᠢᠴᠠᠩᠭᠤᠶ ᠲᠣᠷᠭ᠋ᠠᠬᠤ ᠳᠦᠷᠢᠮ ᠲᠣᠭᠲᠠᠭ᠋ᠠᠭᠰᠠᠨ ᠪᠠᠢ᠌ᠨ᠎ᠠ᠃ ᠨᠢᠲᠤᠯᠬᠤ ᠭᠣᠭᠴᠣᠭ᠎ᠠ᠎ᠳᠠᠬᠢ ᠠᠮᠢᠲᠠᠨ᠎ᠤ ᠬᠢᠵᠢᠭ ᠡᠪᠡᠳᠴᠢᠨ᠎ᠤ ᠬᠢᠵᠢᠭ ᠪᠠᠢ᠌ᠴᠠᠭ᠋ᠠᠨ ᠬᠡᠮᠵᠢᠬᠦ ᠵᠢ ᠦᠨᠡᠨ ᠬᠦ᠌ ᠴᠢᠩᠭ᠋ᠠᠳᠬᠠᠬᠤ᠎ᠨᠢ ᠠᠮᠢᠲᠠᠨ᠎ᠤ ᠬᠢᠵᠢᠭ ᠡᠪᠡᠳᠴᠢᠨ᠎ᠤ ᠬᠠᠯᠳᠠᠪᠤᠷᠢᠯᠠᠬᠤ ᠵᠠᠮ᠎ᠢ ᠲᠠᠰᠤᠯᠬᠤ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠬᠣᠶᠠᠷ᠎ᠲᠤ ᠶᠠᠰᠤ ᠴᠢᠨᠠᠷ᠎ᠤᠨ ᠠᠮᠤᠷ ᠲᠦᠪᠰᠢᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ 《ᠳᠦᠷᠢᠮ》᠎ᠳᠤ ᠢᠳᠡᠭᠡᠨ᠎ᠤ ᠠᠮᠤᠷ ᠲᠦᠪᠰᠢᠨ᠎ᠤ ᠬᠠᠤᠯᠢᠯᠤᠭᠠ ᠵᠣᠯᠭ᠋ᠠᠯᠳᠤᠭᠤᠯᠬᠤ ᠵᠢ ᠴᠢᠩᠭ᠋ᠠᠷᠠᠭᠤᠯᠤᠨ᠂ ᠭᠠᠬᠠᠶ ᠨᠢᠲᠤᠯᠬᠤ ᠭᠣᠭᠴᠣᠭ᠎ᠠ ᠵᠢᠨ ᠪᠦᠬᠦ ᠶᠠᠪᠤᠴᠠ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠳᠠᠯᠠᠵᠤ᠂ ᠭᠠᠬᠠᠶ ᠵᠢ ᠦᠢ᠍ᠯᠡᠳᠪᠦᠷᠢ (ᠲᠠᠯᠠᠪᠠᠶ)᠎ᠳᠤ ᠣᠷᠣᠭᠤᠯᠬᠤ ᠵᠢᠨ ᠪᠠᠢ᠌ᠴᠠᠭ᠋ᠠᠨ ᠰᠢᠯᠭ᠋ᠠᠵᠤ ᠳᠠᠩᠰᠠᠯᠠᠨ ᠲᠡᠮᠳᠡᠭᠯᠡᠬᠦ ᠳᠦᠷᠢᠮ᠂ ᠮᠢᠬᠠᠨ᠎ᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠳᠦᠷᠢᠮ᠂ ᠭᠠᠬᠠᠶ ᠵᠢᠨ ᠪᠦᠲᠦᠭᠡᠭᠳᠡᠬᠦᠨ᠎ᠢ ᠦᠢ᠍ᠯᠡᠳᠪᠦᠷᠢ (ᠲᠠᠯᠠᠪᠠᠶ)᠎ᠠᠴᠠ ᠭᠠᠷᠭ᠋ᠠᠬᠤ ᠲᠡᠮᠳᠡᠭᠯᠡᠯ᠎ᠤᠨ ᠳᠦᠷᠢᠮ᠂ ᠠᠰᠠᠭᠤᠳᠠᠯ᠎ᠲᠠᠢ ᠭᠠᠬᠠᠶ ᠵᠢᠨ ᠪᠦᠲᠦᠭᠡᠭᠳᠡᠬᠦᠨ᠎ᠢ ᠮᠡᠳᠡᠭᠦᠯᠵᠦ ᠡᠭᠡᠭᠦᠯᠦᠨ ᠠᠪᠴᠢᠷᠠᠬᠤ ᠳᠦᠷᠢᠮ ᠪᠣᠯᠤᠨ ᠬᠢᠷᠢ ᠲᠡᠩᠴᠡᠬᠦ ᠦᠭᠡᠶ ᠭᠠᠬᠠᠶ ᠵᠢᠨ ᠪᠦᠲᠦᠭᠡᠭᠳᠡᠬᠦᠨ᠎ᠢ ᠬᠣᠣᠷ ᠥᠬᠡᠢ᠌ᠳᠡᠭᠦᠯᠦᠨ ᠰᠢᠢᠳᠪᠦᠷᠢᠯᠡᠬᠦ ᠳᠦᠷᠢᠮ ᠵᠡᠷᠭᠡ ᠵᠢ ᠭᠣᠣᠯᠴᠢᠯᠠᠨ ᠲᠡᠭᠦᠯᠳᠡᠷᠵᠢᠭᠦᠯᠦᠭᠰᠡᠨ᠎ᠤ ᠬᠠᠮᠲᠤ ᠨᠠᠢ᠌ᠳᠠᠵᠤ ᠨᠢᠲᠤᠯᠬᠤ ᠵᠢᠨ ᠬᠠᠮᠢᠶᠠᠷᠤᠯᠲᠠ ᠵᠢᠨ ᠲᠣᠭᠲᠠᠭ᠋ᠠᠯ᠎ᠢ ᠨᠡᠮᠡᠭᠳᠡᠭᠦᠯᠵᠦ᠂ ᠨᠠᠢ᠌ᠳᠠᠵᠤ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠣᠷᠬᠠᠢ᠌ᠯᠠᠨ᠂ ᠭᠠᠬᠠᠶ ᠨᠢᠲᠤᠯᠬᠤ ᠪᠦᠬᠦ ᠶᠠᠪᠤᠴᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠭᠠᠬᠠᠶ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
ᠬᠣᠶᠠᠷ᠂ ᠬᠠᠮᠢᠶᠠᠷᠤᠯᠲᠠ ᠵᠢᠨ ᠠᠷᠭ᠎ᠠ ᠪᠠᠷᠢᠯ ᠵᠶ᠋ᠠᠨ ᠴᠢᠩᠭ᠋ᠠᠷᠠᠭᠤᠯᠵᠤ᠂ ᠭᠠᠬᠠᠶ ᠨᠢᠲᠤᠯᠬᠤ ᠵᠠᠩᠭᠢᠯᠠᠭ᠎ᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ
ᠨᠢᠭᠡ᠎ᠳᠤ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠰᠢᠨᠵᠢᠬᠦ ᠲᠦᠷᠢᠮ᠎ᠢ ᠬᠡᠷᠡᠭᠵᠢᠭᠦᠯᠦᠨ᠎ᠡ᠃ 《ᠲᠦᠷᠢᠮ》᠎ᠳᠤ᠂ ᠤᠯᠤᠰ᠎ᠠᠴᠠ ᠭᠠᠬᠠᠶ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ ᠊ᠦ᠊ᠨ ᠲᠦᠭᠰᠢᠭᠦᠷᠢ ᠵᠢ ᠬᠢᠨᠠᠨ ᠬᠡᠮᠵᠢᠬᠦ ᠲᠦᠷᠢᠮ᠎ᠢ ᠬᠡᠷᠡᠭᠵᠢᠭᠦᠯᠵᠦ᠂ ᠲᠦᠭᠰᠢᠭᠦᠷᠢ ᠵᠢ ᠬᠢᠨᠠᠨ ᠬᠡᠮᠵᠢᠭᠰᠡᠨ ᠦᠷ᠎ᠡ ᠳ᠋ᠦᠩ᠎ᠢ ᠬᠡᠷᠡᠭᠯᠡᠨ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠬᠡᠷᠡᠭᠵᠢᠭᠦᠯᠦᠨ᠎ᠡ᠃ ᠭᠠᠬᠠᠶ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠬᠡᠮᠵᠢᠬᠦ ᠵᠢ ᠬᠡᠷᠡᠭᠵᠢᠭᠦᠯᠬᠦ᠎ᠨᠢ ᠬᠢᠨᠠᠯᠲᠠ ᠲᠠᠯᠪᠢᠵᠤ ᠰᠤᠭᠤᠴᠠᠨ ᠪᠠᠢ᠌ᠴᠠᠭ᠋ᠠᠬᠤᠯᠤᠭᠠ ᠠᠳᠠᠯᠢ ᠦᠭᠡᠶ᠂ ᠪᠠᠷᠢᠮᠵᠢᠶ᠎ᠠ ᠵᠢᠨ ᠨᠡᠢ᠌ᠴᠡᠬᠦ ᠴᠢᠨᠠᠷ᠎ᠢ ᠮᠠᠭ᠋ᠠᠳᠯᠠᠨ ᠲᠣᠭᠲᠠᠭ᠋ᠠᠬᠤ᠎ᠳᠤ ᠬᠠᠷᠢᠶᠠᠯᠠᠭᠳᠠᠬᠤ ᠦᠭᠡᠶ᠂ ᠬᠠᠷᠢᠨ ᠲᠦᠭᠰᠢᠭᠦᠷᠢ ᠵᠢ ᠪᠠᠢ᠌ᠴᠠᠭ᠋ᠠᠬᠤ ᠵᠢᠴᠢ ᠰᠡᠷᠡᠮᠵᠢᠯᠡᠭᠦᠯᠬᠦ᠎ᠳᠤ ᠰᠠᠭᠤᠷᠢᠯᠠᠭᠰᠠᠨ ᠨᠢᠭᠡᠨ ᠤᠷᠢᠳᠠᠴᠢ ᠴᠢᠨᠠᠷᠲᠠᠶ ᠠᠵᠢᠯ ᠪᠣᠯᠬᠤ ᠪᠥᠭᠡᠳ ᠲᠠᠷᠢᠶᠠᠯᠠᠩ ᠬᠥᠳᠡᠭᠡ ᠲᠣᠰᠬᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠢᠳᠡᠭᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ᠎ᠪᠠᠷ ᠭᠣᠣᠯ ᠪᠣᠯᠭ᠋ᠠᠬᠤ᠂ ᠲᠦᠭᠰᠢᠭᠦᠷᠢ ᠵᠢ ᠬᠠᠮᠢᠶᠠᠷᠬᠤ ᠵᠠᠷᠴᠢᠮ᠎ᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠮᠠᠶᠢᠭ ᠪᠣᠯᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠭᠰᠢᠭᠦᠷᠢ ᠵᠢ ᠬᠢᠨᠠᠨ ᠬᠡᠮᠵᠢᠭᠰᠡᠨ ᠦᠷ᠎ᠡ ᠳ᠋ᠦᠩ᠎ᠢ ᠦᠨᠳᠦᠰᠦᠯᠡᠨ᠂ ᠭᠠᠬᠠᠢ ᠨᠢᠲᠤᠯᠬᠤ ᠴᠡᠭ ᠲᠣᠭᠲᠠᠭ᠋ᠠᠭᠰᠠᠨ ᠦᠢ᠍ᠯᠡᠳᠪᠦᠷᠢ (ᠲᠠᠯᠠᠪᠠᠢ) ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠠᠢ᠌ᠳᠠᠯ᠎ᠳᠤ ᠬᠢᠨᠠᠯᠲᠠ ᠪᠠᠢ᠌ᠴᠠᠭ᠋ᠠᠯᠲᠠ ᠬᠢᠬᠦ᠎ᠨᠢ ᠪᠠᠰᠠ ᠬᠢᠨᠠᠯᠲᠠ ᠬᠠᠮᠢᠶᠠᠷᠤᠯᠲᠠ ᠵᠢᠨ ᠬᠠᠨᠳᠤᠯᠭ᠋ᠠᠲᠤ ᠴᠢᠨᠠᠷ ᠪᠠ ᠪᠦᠳᠤᠮᠵᠢᠳᠤ ᠴᠢᠨᠠᠷ᠎ᠢ ᠬᠦᠴᠦᠲᠡᠢ ᠳᠡᠭᠡᠭᠰᠢᠯᠡᠭᠦᠯᠬᠦ ᠪᠣᠯᠤᠨ᠎ᠠ᠃
ᠬᠣᠶᠠᠷ᠎ᠲᠤ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠣᠷᠣᠭᠤᠯᠤᠨ᠎ᠠ᠃ 《ᠲᠦᠷᠢᠮ》᠎ᠳᠤ᠂ ᠲᠠᠷᠢᠶᠠᠯᠠᠩ ᠬᠥᠳᠡᠭᠡ ᠲᠣᠰᠬᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠢ᠌ᠯᠠᠪᠠ᠃ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠪᠣᠯ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢᠯᠡᠴᠢᠯᠡᠭᠡᠨᠢ ᠰᠢᠯᠢᠳᠡᠭᠵᠢᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠬᠦ ᠵᠢᠨ ᠵᠠᠩᠭᠢᠯᠠᠭ᠎ᠠ ᠵᠢᠨ ᠭᠣᠭᠴᠣᠭ᠎ᠠ ᠪᠣᠯᠤᠨ᠎ᠠ᠂ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠡᠷᠬᠡ᠎ᠪᠠᠨ ᠠᠰᠢᠭᠯᠠᠵᠤ ᠬᠤᠪᠢ ᠵᠢᠨ ᠠᠰᠢᠭ ᠬᠥᠭᠡᠭᠡᠴᠡᠯᠳᠦᠬᠦ ᠵᠢ ᠪᠠᠭ᠋ᠠᠰᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠠᠷᠢᠶᠠᠯᠠᠩ ᠬᠥᠳᠡᠭᠡ ᠲᠣᠰᠬᠣᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ᠂ ᠲᠥᠪ ᠭᠣᠤᠯᠴᠢ᠂ ᠥᠨᠳᠥᠷ ᠦᠷ᠎ᠡ ᠪᠦᠲᠦᠮᠵᠢᠲᠡᠶ᠂ ᠢᠯᠡ ᠪᠠᠢ᠌ᠯᠭ᠋ᠠᠬᠤ ᠵᠠᠷᠴᠢᠮ ᠶᠣᠰᠣᠭ᠋ᠠᠷ᠂ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠵᠦᠢᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠡᠲᠡᠭᠡᠳ᠂ ᠲᠠᠰᠢᠷᠠᠮ ᠳᠠᠭ᠋ᠠᠤ ᠬᠠᠤᠯᠢ ᠬᠡᠷᠡᠭᠵᠢᠭᠦᠯᠵᠦ ᠪᠠᠢ᠌ᠴᠠᠭ᠋ᠠᠬᠤ ᠠᠵᠢᠯᠲᠠᠨ᠎ᠢ ᠰᠣᠩᠭᠣᠨ ᠲᠣᠮᠢᠯᠠᠬᠤ 《ᠬᠣᠤᠰ ᠲᠠᠰᠢᠷᠠᠮ ᠳᠠᠭ᠋ᠠᠤ》 ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ᠂ ᠭᠠᠬᠠᠶ ᠨᠢᠲᠤᠯᠬᠤ ᠦᠢᠯᠡᠳᠪᠦᠷᠢ (ᠲᠠᠯᠠᠪᠠᠶ)᠎ᠳᠤ ᠤᠷᠢᠳᠴᠢᠯᠠᠨ ᠥᠯᠥ ᠮᠡᠳᠡᠭᠳᠡᠬᠦ ᠣᠨᠴᠠ ᠲᠣᠭᠲᠠᠭᠰᠠᠨ ᠬᠢᠨᠠᠯᠲᠠ ᠪᠠᠢ᠌ᠴᠠᠭ᠋ᠠᠯᠲᠠ ᠵᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠨᠢᠲᠤᠯᠬᠤ ᠠᠵᠤ ᠠᠬᠤᠢ᠌ᠯᠠᠯ᠎ᠤᠨ ᠦᠢᠯᠡᠳᠪᠦᠷᠢᠯᠡᠯ᠎ᠤᠨ ᠦᠨᠡᠨ ᠪᠣᠳᠠᠲᠠᠶ ᠪᠠᠢ᠌ᠳᠠᠯ᠎ᠢ ᠡᠵᠡᠮᠰᠢᠨ᠂ ᠠᠵᠤ ᠠᠬᠤᠢ᠌ᠯᠠᠯ᠎ᠤᠨ ᠥᠪᠡᠷ᠎ᠢ᠎ᠪᠠᠨ ᠱᠠᠭ᠋ᠠᠷᠳᠠᠬᠤ ᠦᠵᠡᠯ ᠤᠬᠠᠮᠰᠠᠷ ᠪᠠ ᠬᠠᠤᠯᠢ ᠵᠢ ᠰᠠᠬᠢᠬᠤ ᠤᠬᠠᠮᠰᠠᠷᠲᠤ ᠴᠢᠨᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃
ᠭᠤᠷᠪᠠ᠎ᠳᠤ ᠢᠲᠡᠭᠡᠮᠵᠢ ᠵᠢᠨ ᠳᠠᠩᠰᠠ ᠡᠪᠬᠡᠮᠡᠯ᠎ᠢ ᠪᠠᠢ᠌ᠭᠤᠯᠤᠨ ᠪᠦᠷᠢᠨᠰᠢᠭᠦᠯᠦᠨ᠎ᠡ᠃ 《ᠲᠦᠷᠢᠮ》᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠲᠠᠷᠢᠶᠠᠯᠠᠩ ᠬᠥᠳᠡᠭᠡ ᠲᠣᠰᠬᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠠᠬᠠᠶ ᠨᠢᠲᠤᠯᠬᠤ ᠴᠡᠭ ᠲᠣᠭᠲᠠᠭ᠋ᠠᠭᠰᠠᠨ ᠦᠢᠯᠡᠳᠪᠦᠷᠢ (ᠲᠠᠯᠠᠪᠠᠶ) ᠵᠢᠨ ᠢᠲᠡᠭᠡᠮᠵᠢ ᠵᠢᠨ ᠲᠠᠩᠰᠠ ᠡᠪᠬᠡᠮᠡᠯ ᠪᠠᠢ᠌ᠭᠤᠯᠵᠤ᠂ ᠡᠳᠦᠷ ᠲᠤᠲᠤᠮ᠎ᠤᠨ ᠬᠢᠨᠠᠯᠲᠠ ᠪᠠᠢ᠌ᠴᠠᠭ᠋ᠠᠯᠲᠠ ᠵᠢᠨ ᠦᠷ᠎ᠡ ᠳ᠋ᠦᠩ᠂ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠭᠰᠡᠨ ᠵᠡᠷᠭᠡ ᠪᠠᠢ᠌ᠳᠠᠯ᠎ᠢ ᠲᠡᠮᠳᠡᠭᠯᠡᠬᠦ ᠵᠢᠨ ᠬᠠᠮᠲᠤ ᠬᠠᠤᠯᠢ ᠶᠣᠰᠣᠭ᠋ᠠᠷ ᠨᠡᠢ᠌ᠭᠡᠮ ᠨᠡᠢ᠌ᠲᠡ᠎ᠳᠤ ᠵᠠᠷᠯᠠᠨ ᠨᠡᠢ᠌ᠲᠡᠯᠡᠨ᠎ᠡ᠃ ᠠᠵᠤ ᠠᠬᠤᠢ᠌ᠯᠠᠯ᠎ᠤᠨ ᠢᠲᠡᠭᠡᠮᠵᠢ ᠵᠢᠨ ᠬᠢᠷᠢ ᠬᠡᠮᠵᠢᠶ᠎ᠡ ᠪᠣᠯ ᠠᠵᠢᠯ ᠲᠥᠷᠥᠯ᠎ᠤᠨ ᠡᠮᠬᠢ ᠳᠢᠭᠯᠢᠮ᠎ᠤᠨ ᠰᠠᠭᠤᠷᠢ ᠪᠣᠯᠤᠨ᠎ᠠ᠂ ᠭᠠᠬᠠᠶ ᠨᠢᠲᠤᠯᠬᠤ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠭᠠᠬᠠᠶ ᠨᠢᠲᠤᠯᠬᠤ ᠲᠣᠭᠲᠠᠭᠰᠠᠨ ᠦᠢᠯᠡᠳᠪᠦᠷᠢ (ᠲᠠᠯᠠᠪᠠᠶ) ᠵᠢᠨ ᠢᠲᠡᠭᠡᠮᠵᠢ ᠵᠢᠨ ᠳᠠᠩᠰᠠ ᠡᠪᠬᠡᠮᠡᠯ᠎ᠢ ᠪᠠᠢ᠌ᠭᠤᠯᠤᠨ᠂ ᠭᠠᠬᠠᠶ ᠨᠢᠲᠤᠯᠬᠤ ᠲᠣᠭᠲᠠᠭᠰᠠᠨ ᠦᠢᠯᠡᠳᠪᠦᠷᠢ (ᠲᠠᠯᠠᠪᠠᠶ) ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠭᠰᠡᠨ ᠵᠡᠷᠭᠡ ᠪᠠᠢ᠌ᠳᠠᠯ᠎ᠢ ᠨᠡᠢ᠌ᠭᠡᠮ᠎ᠳᠤ ᠢᠯᠡ ᠨᠡᠢ᠌ᠲᠡᠯᠡᠬᠦ᠎ᠪᠠᠷ ᠳᠠᠮᠵᠢᠭᠤᠯᠤᠨ᠂ ᠢᠲᠡᠭᠡᠮᠵᠢ᠎ᠲᠠᠢ ᠬᠥᠭᠵᠢᠭᠰᠡᠨ᠂ ᠢᠲᠡᠭᠡᠯ ᠠᠯᠳᠠᠭᠰᠠᠨ᠎ᠨᠢ ᠢᠴᠢᠭᠦᠷᠢᠲᠡᠶ ᠪᠤᠯᠬᠤ ᠠᠵᠢᠯ ᠲᠥᠷᠥᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠪᠣᠯ ᠲᠠᠷᠢᠶᠠᠯᠠᠩ ᠬᠥᠳᠡᠭᠡ ᠲᠣᠰᠬᠣᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠵᠢᠨ ᠴᠢᠬᠤᠯᠠ ᠠᠷᠭ᠎ᠠ ᠪᠠᠷᠢᠯ ᠪᠣᠯᠬᠤ ᠪᠥᠭᠡᠳ ᠮᠥᠨᠴᠦ ᠨᠢᠲᠤᠯᠬᠤ ᠠᠵᠢᠯ ᠲᠥᠷᠥᠯ᠎ᠤᠨ ᠪᠦᠲᠦᠴᠡ ᠵᠢ ᠳᠡᠭᠡᠭᠰᠢᠯᠡᠭᠦᠯᠬᠦ ᠪᠠ ᠰᠢᠯᠢᠳᠡᠭᠵᠢᠭᠦᠯᠬᠦ ᠵᠢ ᠠᠬᠢᠭᠤᠯᠬᠤ ᠪᠦᠲᠦᠮᠵᠢᠲᠡᠶ ᠠᠷᠭ᠎ᠠ ᠵᠠᠮ ᠪᠣᠯᠤᠨ᠎ᠠ᠃
ᠭᠤᠷᠪᠠ᠂ ᠰᠢᠢ᠍ᠳᠬᠡᠨ ᠲᠣᠷᠭ᠋ᠠᠬᠤ ᠡᠷᠴᠢᠮ ᠵᠶ᠋ᠡᠨ ᠨᠡᠮᠡᠭᠳᠡᠭᠦᠯᠵᠦ᠂ 《ᠬᠥᠮᠦᠨ᠎ᠳᠤ᠎ᠨᠢ ᠬᠦᠷᠲᠡᠯ᠎ᠡ ᠰᠢᠢ᠍ᠳᠬᠡᠬᠦ》 ᠵᠢ ᠨᠠᠢ᠌ᠳᠠᠪᠤᠷᠢᠵᠢᠭᠤᠯᠤᠨ᠎ᠠ
ᠨᠢᠭᠡ᠎ᠳᠤ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠪᠠ᠃ 《ᠳᠦᠷᠢᠮ》᠎ᠳᠤ ᠢᠳᠡᠭᠡᠨ᠎ᠤ ᠠᠮᠤᠷ ᠲᠦᠪᠰᠢᠨ᠎ᠤ 《ᠬᠠᠮᠤᠭ᠎ᠤᠨ ᠴᠢᠩᠭ᠎ᠠ ᠰᠢᠢ᠍ᠳᠬᠡᠨ ᠲᠣᠷᠭ᠋ᠠᠬᠤ》 ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠢᠳᠡᠭᠡᠨ᠎ᠤ ᠠᠮᠤᠷ ᠲᠦᠪᠰᠢᠨ᠎ᠤ ᠬᠠᠤᠯᠢ᠎ᠲᠠᠢ ᠬᠠᠷᠢᠴᠠᠭᠤᠯᠤᠨ᠂ ᠭᠠᠬᠠᠶ ᠨᠢᠲᠤᠯᠬᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ ᠲᠣᠭ᠎ᠠ ᠬᠡᠮᠵᠢᠶ᠎ᠡ ᠵᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠪᠡ᠃ 《ᠳᠦᠷᠢᠮ》᠎ᠳᠤ ᠭᠠᠬᠠᠶ ᠨᠢᠲᠤᠯᠬᠤ ᠲᠣᠭᠲᠠᠭᠰᠠᠨ ᠦᠢ᠍ᠯᠡᠳᠪᠦᠷᠢ (ᠲᠠᠯᠠᠪᠠᠶ) ᠮᠢᠬᠠᠨ᠎ᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ ᠵᠢ ᠳᠠᠮᠵᠢᠭᠰᠠᠨ ᠦᠭᠡᠶ ᠪᠤᠶᠤ ᠮᠢᠬᠠᠨ᠎ᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠶ ᠭᠠᠬᠠᠶ ᠵᠢᠨ ᠪᠦᠲᠦᠭᠡᠭᠳᠡᠬᠦᠨ᠎ᠤ ᠪᠠᠷᠠᠭ᠋ᠠᠨ᠎ᠤ ᠥᠷᠲᠡᠭ᠎ᠤᠨ ᠲᠣᠭ᠎ᠠ᠎ᠨᠢ 1 ᠲᠦᠮᠡᠨ ᠲᠥᠭᠥᠷᠢᠭ᠎ᠠᠴᠠ ᠳᠡᠭᠡᠭᠰᠢ ᠪᠠᠢ᠌ᠪᠠᠯ᠂ ᠬᠠᠮᠤᠭ᠎ᠤᠨ ᠥᠨᠳᠥᠷ᠎ᠲᠤ᠎ᠪᠠᠨ ᠪᠠᠷᠠᠭ᠋ᠠᠨ᠎ᠤ ᠥᠷᠲᠡᠭ᠎ᠤᠨ ᠲᠣᠭ᠎ᠠ ᠵᠢᠨ 30 ᠳᠠᠬᠢᠨ᠎ᠤ ᠵᠣᠭᠣᠰ ᠵᠶ᠋ᠠᠷ ᠲᠣᠷᠭ᠋ᠠᠵᠤ ᠪᠣᠯᠤᠨ᠎ᠠ ᠭᠡᠵᠦ ᠲᠣᠭᠲᠠᠭ᠋ᠠᠵᠠᠶ᠃ ᠡᠭᠦᠨ᠎ᠤ ᠬᠠᠮᠲᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠲᠣᠭᠲᠠᠴᠠ ᠵᠢ ᠴᠢᠩᠭ᠋ᠠᠷᠠᠭᠤᠯᠵᠤ᠂ ᠶᠠᠯᠠᠳᠤ ᠬᠦᠷᠦᠭᠰᠡᠨ ᠪᠣᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠶᠠᠷ᠎ᠲᠤ 《ᠬᠥᠮᠦᠨ᠎ᠳᠤ᠎ᠨᠢ ᠬᠦᠷᠲᠡᠯ᠎ᠡ ᠰᠢᠢ᠍ᠳᠬᠡᠯ ᠥᠭᠬᠦ》 ᠵᠢ ᠴᠢᠩᠭ᠋ᠠᠳᠬᠠᠪᠠ᠃ ᠭᠠᠬᠠᠶ ᠨᠢᠲᠤᠯᠬᠤ ᠲᠣᠭᠲᠠᠭᠰᠠᠨ ᠦᠢ᠍ᠯᠡᠳᠪᠦᠷᠢ (ᠲᠠᠯᠠᠪᠠᠶ) ᠵᠢᠨ ᠰᠢᠭᠤᠳ ᠬᠠᠷᠢᠭᠤᠴᠠᠵᠤ ᠪᠦᠬᠦᠢ ᠭᠣᠣᠯᠴᠢᠯᠠᠨ ᠬᠠᠮᠢᠶᠠᠷᠬᠤ ᠠᠵᠢᠯᠲᠠᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯ ᠦᠢ᠍ᠯᠡᠳᠬᠦᠨ᠎ᠤ ᠶᠠᠰᠤ ᠴᠢᠨᠠᠷ᠎ᠤᠨ ᠠᠶᠤᠯ ᠦᠭᠡᠶ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢᠨ ᠵᠠᠩᠭᠢᠯᠠᠭ᠎ᠠ ᠪᠣᠯᠤᠨ᠎ᠠ᠃ 《ᠬᠥᠮᠦᠨ᠎ᠳᠤ ᠰᠢᠢ᠍ᠳᠬᠡᠯ ᠥᠭᠬᠦ》 ᠵᠢ ᠬᠡᠷᠡᠭᠵᠢᠭᠦᠯᠬᠦ᠎ᠨᠢ ᠬᠠᠷᠢᠭᠤᠴᠠᠯᠭ᠎ᠠ᠎ᠲᠠᠢ ᠬᠥᠮᠦᠨ᠎ᠢ ᠤᠯᠠᠮ ᠨᠢᠭᠡ ᠠᠯᠬᠤᠮ ᠭᠡᠳᠡᠷᠬᠦ ᠰᠢᠬᠠᠮᠳᠠᠭᠤᠯᠵᠤ ᠥᠪᠡᠷ᠎ᠤᠨ ᠬᠠᠷᠢᠭᠤᠴᠠᠯᠭ᠎ᠠ ᠪᠠ ᠡᠭᠦᠷᠭᠡ᠎ᠪᠠᠨ ᠦᠨᠡᠨ ᠬᠦ᠌ ᠭᠦᠢ᠍ᠴᠡᠳᠬᠡᠭᠦᠯᠵᠦ ᠪᠣᠯᠤᠨ᠎ᠠ᠃ 《ᠳᠦᠷᠢᠮ》᠎ᠳᠤ ᠭᠠᠬᠠᠶ ᠨᠢᠲᠤᠯᠬᠤ ᠲᠣᠭᠲᠠᠭᠰᠠᠨ ᠦᠢ᠍ᠯᠡᠳᠪᠦᠷᠢ (ᠲᠠᠯᠠᠪᠠᠶ) ᠵᠢᠨ ᠭᠠᠬᠠᠶ ᠨᠢᠲᠤᠯᠬᠤ ᠲᠣᠭᠲᠠᠭᠰᠠᠨ ᠴᠡᠭ᠎ᠤᠨ ᠦᠨᠡᠮᠯᠡᠯ ᠪᠤᠶᠤ ᠭᠠᠬᠠᠶ ᠨᠢᠲᠤᠯᠬᠤ ᠲᠣᠭᠲᠠᠭᠰᠠᠨ ᠴᠡᠭ᠎ᠤᠨ ᠲᠡᠮᠳᠡᠭ ᠫᠠᠢ᠌ᠰᠠ ᠵᠢ ᠵᠢᠭᠡᠯᠡᠭᠦᠯᠬᠦ᠂ ᠰᠢᠯᠵᠢᠭᠦᠯᠦᠨ ᠥᠭᠬᠦ᠎ᠠᠴᠠ ᠪᠤᠰᠤᠳ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠴᠥᠮ ᠭᠠᠬᠠᠶ ᠨᠢᠲᠤᠯᠬᠤ ᠲᠣᠭᠲᠠᠭᠰᠠᠨ ᠦᠢ᠍ᠯᠡᠳᠪᠦᠷᠢ (ᠲᠠᠯᠠᠪᠠᠶ) ᠪᠠ ᠰᠢᠭᠤᠳ ᠬᠠᠷᠢᠭᠤᠴᠠᠵᠤ ᠪᠠᠢ᠌ᠭ᠎ᠠ ᠭᠣᠣᠯᠴᠢᠯᠠᠨ ᠬᠠᠮᠢᠶᠠᠷᠤᠭᠴᠢ᠂ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠵᠠᠰᠠᠭ ᠵᠠᠬᠢᠷᠭ᠋ᠠᠨ᠎ᠤ 《ᠳᠠᠪᠬᠤᠷ ᠰᠢᠢ᠍ᠳᠬᠡᠯ》᠎ᠢ ᠲᠤᠬᠢᠷᠠᠭᠤᠯᠪᠠ᠃ ᠭᠠᠬᠠᠶ ᠨᠢᠲᠤᠯᠬᠤ ᠲᠣᠭᠲᠠᠭᠰᠠᠨ ᠴᠡᠭ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠶ ᠪᠣᠯᠭ᠋ᠠᠭᠰᠠᠨ ᠭᠠᠬᠠᠶ ᠨᠢᠲᠤᠯᠬᠤ ᠲᠣᠭᠲᠠᠭᠰᠠᠨ ᠦᠢ᠍ᠯᠡᠳᠪᠦᠷᠢ (ᠲᠠᠯᠠᠪᠠᠶ) ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ (ᠬᠠᠷᠢᠭᠤᠴᠠᠯᠭ᠋ᠠᠲᠠᠨ)᠂ ᠰᠢᠭᠤᠳ ᠬᠠᠷᠢᠭᠤᠴᠠᠵᠤ ᠪᠠᠢ᠌ᠭ᠎ᠠ ᠭᠣᠣᠯᠴᠢᠯᠠᠨ ᠬᠠᠮᠢᠶᠠᠷᠬᠤ ᠠᠵᠢᠯᠲᠠᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠨᠢ 5 ᠵᠢᠯ᠎ᠤᠨ ᠳᠣᠲᠣᠷ᠎ᠠ ᠭᠠᠬᠠᠶ ᠨᠢᠲᠤᠯᠬᠤ ᠲᠣᠭᠲᠠᠭᠰᠠᠨ ᠴᠡᠭ᠎ᠤᠨ ᠦᠨᠡᠮᠯᠡᠯ ᠭᠤᠶᠤᠴᠢᠯᠠᠬᠤ ᠪᠤᠶᠤ ᠭᠠᠬᠠᠶ ᠨᠢᠲᠤᠯᠬᠤ ᠬᠠᠮᠢᠶᠠᠷᠤᠯᠲᠠ ᠵᠢᠨ ᠠᠵᠢᠯᠯᠠᠭ᠎ᠠ ᠬᠢᠵᠦ ᠪᠣᠯᠬᠤ ᠦᠭᠡᠶ᠂ ᠢᠳᠡᠭᠡᠨ᠎ᠤ ᠠᠮᠤᠷ ᠲᠦᠪᠰᠢᠨ᠎ᠤ ᠶᠠᠯ᠎ᠠ ᠬᠢᠭᠰᠡᠨ᠎ᠠᠴᠠ ᠪᠣᠯᠣᠭ᠋ᠠᠳ ᠬᠤᠭᠤᠴᠠᠭ᠎ᠠ᠎ᠲᠠᠢ ᠬᠣᠷᠢᠬᠤ᠎ᠠᠴᠠ ᠳᠡᠭᠡᠭᠰᠢ ᠡᠷᠡᠭᠦᠦ ᠰᠢᠢ᠍ᠳᠬᠡᠯ ᠵᠶ᠋ᠡᠷ ᠰᠢᠢ᠍ᠳᠬᠡᠭᠳᠡᠭᠰᠡᠨ ᠪᠣᠯ ᠨᠠᠰᠤᠨ ᠲᠤᠷᠰᠢ᠎ᠳᠤ᠎ᠪᠠᠨ ᠭᠠᠬᠠᠶ ᠨᠢᠲᠤᠯᠬᠤ ᠬᠠᠮᠢᠶᠠᠷᠤᠯᠲᠠ ᠵᠢᠨ ᠠᠵᠢᠯᠯᠠᠭ᠎ᠠ ᠬᠢᠵᠦ ᠪᠣᠯᠬᠤ ᠦᠭᠡᠶ᠃
《ᠲᠦᠷᠢᠮ》᠎ᠨᠢ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠤᠨ᠎ᠠ᠃ 《ᠳᠦᠷᠢᠮ》᠎ᠢ ᠨᠡᠢ᠌ᠲᠡᠯᠡᠨ ᠬᠡᠷᠡᠭᠵᠢᠭᠦᠯᠬᠦ ᠵᠢ ᠳᠠᠭ᠋ᠠᠯᠳᠤᠨ᠂ ᠡᠯ᠎ᠡ ᠱᠠᠲᠤᠨ᠎ᠤ ᠲᠠᠷᠢᠶᠠᠯᠠᠩ ᠬᠥᠳᠡᠭᠡ ᠲᠣᠰᠬᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠠᠬᠠᠶ ᠨᠢᠲᠤᠯᠬᠤ ᠠᠵᠤ ᠠᠬᠤᠢ᠌ᠯᠠᠯ ᠪᠣᠯᠤᠨ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠮᠲᠤ ᠵᠢᠨ ᠴᠢᠷᠮᠠᠢ᠌ᠯᠭ᠎ᠠ᠎ᠪᠠᠷ᠂ ᠭᠠᠬᠠᠶ ᠨᠢᠲᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢᠨ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭ᠋ᠠᠷᠠᠵᠤ᠂ ᠭᠠᠬᠠᠶ ᠨᠢᠲᠤᠯᠬᠤ ᠦᠢ᠍ᠯᠡᠳᠪᠦᠷᠢᠯᠡᠯ ᠡᠵᠡᠩᠨᠡᠯᠲᠡ ᠵᠢᠨ ᠦᠢ᠍ᠯᠡ ᠠᠵᠢᠯᠯᠠᠭ᠎ᠠ ᠤᠯᠠᠮ ᠨᠢᠭᠡ ᠠᠯᠬᠤᠮ ᠵᠢᠷᠤᠮᠵᠢᠵᠤ᠂ ᠭᠠᠬᠠᠶ ᠨᠢᠲᠤᠯᠬᠤ ᠠᠵᠢᠯ ᠲᠥᠷᠥᠯ᠎ᠤᠨ ᠬᠠᠮᠢᠶᠠᠷᠤᠯᠲᠠ ᠤᠯᠠᠮ ᠨᠢᠭᠡ ᠠᠯᠬᠤᠮ ᠲᠡᠭᠦᠯᠳᠡᠷᠵᠢᠨ ᠳᠡᠭᠡᠭᠰᠢᠯᠡᠵᠦ᠂ ᠭᠠᠬᠠᠶ ᠨᠢᠲᠤᠯᠬᠤ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠬᠦ ᠪᠣᠯᠤᠨ᠎ᠠ᠃