ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠤᠯᠢ ᠴᠠᠭ᠋ᠠᠵᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠭᠣᠶᠣᠯᠠᠯ᠎ᠤᠨ ᠡᠳ᠋᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ》᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2021-04-22

     2020 ᠣᠨ᠎ᠤ 6 ᠰᠠᠷ᠎ᠠ ᠵᠢᠨ 16᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢ᠌ᠳ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ 727 ᠳ᠋ᠤᠭ᠋ᠠᠷ ᠲᠣᠭ᠋ᠠᠲᠤ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠭᠣᠶᠣᠯᠠᠯ᠎ᠤᠨ ᠡᠳ᠋᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ 《(ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠪᠡ᠃ 《ᠲᠦᠷᠢᠮ》᠎ᠢ 2021 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂ ᠬᠠᠤᠯᠢ ᠴᠠᠭ᠋ᠠᠵᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠲᠦᠷᠢᠮ》᠎ᠤᠨ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠠᠰᠠᠭᠤᠯᠲᠠ᠄ 《ᠲᠦᠷᠢᠮ》᠎ᠢ ᠲᠣᠭᠲᠠᠭ᠋ᠠᠭᠰᠠᠨ ᠠᠬᠤᠶ ᠪᠠᠢ᠌ᠳᠠᠯ᠎ᠢ ᠲᠥᠬᠥᠮ ᠵᠶ᠋ᠡᠷ ᠲᠠᠨᠢᠯᠴᠠᠭᠤᠯᠤᠭ᠋ᠠᠳ ᠥᠭᠭᠦᠨ᠎ᠡ ᠤᠤ᠃
      ᠬᠠᠷᠢᠭᠤᠯᠲᠠ᠄ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠦᠢᠯᠡᠳᠬᠦᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ᠂ ᠡᠷᠬᠡᠪᠰᠢ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠠᠰᠢᠭ᠎ᠢ ᠤᠷᠢᠳ ᠵᠶ᠋ᠠᠷ ᠪᠣᠳᠣᠯᠬᠢᠯᠠᠬᠤ ᠵᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠵᠤ᠂ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠠᠰᠢᠭ᠎ᠤᠨ ᠬᠤᠪᠢᠰᠤᠯᠲᠠ᠂ ᠬᠥᠳᠡᠯᠭᠡᠬᠦ ᠬᠦᠴᠦᠨ᠎ᠤ ᠬᠤᠪᠢᠰᠤᠯᠲᠠ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠶᠡᠷᠦᠩᠬᠡᠶ ᠰᠠᠢ᠌ᠳ ᠯᠢ ᠺᠸ ᠴᠢᠶᠠᠩ ᠴᠢᠬᠤᠯᠠᠴᠢᠯᠠᠭᠰᠠᠨ᠎ᠨᠢ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠶᠠᠰᠤ ᠴᠢᠨᠠᠷ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠣᠯᠠᠨ ᠲᠦᠮᠡᠨ᠎ᠤ ᠡᠷᠡᠭᠦᠯ ᠮᠡᠨᠳᠦ ᠠᠮᠤᠷ ᠲᠦᠪᠰᠢᠨ ᠪᠠ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ ᠭᠡᠪᠡ᠃
      ᠭᠣᠶᠣᠯᠠᠯ᠎ᠤᠨ ᠡᠳ᠋ ᠪᠣᠯ ᠬᠥᠮᠦᠰ᠎ᠤᠨ ᠭᠤᠸ᠎ᠠ ᠰᠠᠢ᠌ᠬᠠᠨ᠎ᠤ ᠬᠡᠷᠡᠭᠴᠡᠭᠡ ᠵᠢ ᠬᠠᠩᠭ᠋ᠠᠬᠤ ᠬᠡᠷᠡᠭᠯᠡᠭᠡᠨ᠎ᠤ ᠵᠦᠢᠯ ᠮᠥᠨ᠂ ᠲᠡᠷᠡ᠎ᠨᠢ ᠬᠥᠮᠦᠨ᠎ᠤ ᠪᠡᠶ᠎ᠡ᠎ᠳᠤ ᠰᠢᠭᠤᠳ ᠦᠢᠯᠡᠳᠦᠯ ᠦᠵᠡᠭᠦᠯᠵᠦ᠂ ᠲᠡᠭᠦᠨ᠎ᠤ ᠶᠠᠰᠤ ᠴᠢᠨᠠᠷ᠎ᠨᠢ ᠠᠷᠠᠳ ᠣᠯᠠᠨ᠎ᠤ ᠡᠷᠡᠭᠦᠯ ᠮᠡᠨᠳᠦ᠎ᠳᠤ ᠬᠣᠯᠪᠣᠭᠳᠠᠵᠤ ᠪᠠᠢ᠌ᠳᠠᠭ᠃ ᠣᠢ᠌ᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠭᠣᠶᠣᠯᠠᠯ᠎ᠤᠨ ᠡᠳ᠋᠎ᠤᠨ ᠠᠵᠤ ᠦᠢᠯᠡᠰ ᠦᠳᠲᠡᠷ ᠲᠦᠷᠭᠡᠨ ᠬᠥᠭᠵᠢᠭᠰᠡᠨ ᠪᠣᠯᠪᠠᠴᠤ ᠪᠠᠰᠠ ᠠᠵᠢᠯ ᠲᠥᠷᠥᠯ᠎ᠤᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ ᠳᠣᠤᠷ᠎ᠠ᠂ ᠰᠢᠨ᠎ᠡ ᠵᠢ ᠡᠭᠦᠳᠬᠦ ᠴᠢᠳᠠᠪᠤᠷᠢ ᠬᠦᠷᠦᠯᠴᠡᠬᠦ ᠥᠬᠡᠶ᠂ ᠨᠠᠷᠠᠲᠤ ᠲᠡᠮᠳᠡᠭᠲᠦ ᠵᠢ ᠮᠡᠳᠡᠷᠡᠬᠦ ᠬᠡᠮᠵᠢᠶ᠎ᠡ ᠳᠣᠤᠷ᠎ᠠ᠂ ᠬᠠᠤᠯᠢ ᠪᠤᠰᠤ᠎ᠪᠠᠷ ᠨᠡᠮᠡᠯᠲᠡ ᠬᠢᠬᠦ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃ 《ᠭᠣᠶᠣᠯᠠᠯ᠎ᠤᠨ ᠡᠳ᠋᠎ᠤᠨ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠲᠦᠷᠢᠮ》᠎ᠢ ᠬᠡᠷᠡᠭᠵᠢᠭᠦᠯᠦᠭᠰᠡᠨ 30 ᠵᠢᠯ᠎ᠤᠨ ᠲᠤᠷᠰᠢ᠂ ᠭᠣᠶᠣᠯᠠᠯ᠎ᠤᠨ ᠡᠳ᠋᠎ᠤᠨ ᠠᠵᠤ ᠦᠢᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠂ ᠭᠣᠶᠣᠯᠠᠯ᠎ᠤᠨ ᠡᠳ᠋᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ᠂ ᠭᠡᠪᠡᠴᠦ ᠨᠢᠭᠡᠨᠲᠡ ᠠᠵᠤ ᠦᠢᠯᠡᠰ᠎ᠤᠨ ᠬᠥᠭᠵᠢᠯᠲᠡ ᠪᠠ ᠬᠢᠨᠠᠯᠲᠠ ᠬᠠᠮᠢᠶᠠᠷᠤᠯᠲᠠ ᠵᠢᠨ ᠦᠢᠯᠡᠳᠦᠯᠭᠡ ᠵᠢᠨ ᠬᠡᠷᠡᠭᠴᠡᠭᠡ᠎ᠳᠤ ᠵᠣᠬᠢᠴᠠᠬᠤ ᠵᠢᠨ ᠠᠷᠭ᠎ᠠ ᠥᠬᠡᠶ ᠪᠣᠯᠵᠠᠶ᠄ ᠨᠢᠭᠡ᠎ᠳᠤ ᠬᠠᠤᠯᠢ ᠲᠣᠭᠲᠠᠭ᠋ᠠᠬᠤ ᠣᠢ᠌ᠯᠠᠭ᠋ᠠᠭᠳᠠᠬᠤᠨ᠎ᠤ ᠲᠠᠯ᠎ᠠ᠎ᠪᠠᠷ ᠤᠷᠢᠳᠴᠢᠯᠠᠨ ᠬᠢᠨᠠᠨ ᠵᠥᠪᠰᠢᠶᠡᠷᠡᠬᠦ ᠪᠠ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠵᠢ ᠴᠢᠬᠤᠯᠠᠴᠢᠯᠠᠵᠤ᠂ ᠠᠵᠤ ᠠᠬᠤᠢ᠌ᠯᠠᠯ᠎ᠤᠨ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠳᠣᠪᠣᠢ᠌ᠯᠭ᠋ᠠᠬᠤ ᠪᠠ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠴᠢᠳᠠᠭᠰᠠᠨ ᠥᠬᠡᠶ; ᠬᠣᠶᠠᠷ᠎ᠲᠤ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠯᠪᠡᠷᠢ ᠨᠡᠯᠢᠶᠡᠳ ᠪᠦᠳᠦᠭᠦᠯᠢᠭ ᠪᠠᠢ᠌ᠵᠤ᠂ ᠠᠶᠤᠯ ᠲᠦᠭᠰᠢᠭᠦᠷᠢ ᠵᠢᠨ ᠬᠠᠮᠢᠶᠠᠷᠤᠯᠲᠠ᠂ ᠣᠨᠣᠴᠠᠲᠠᠢ ᠬᠠᠮᠢᠶᠠᠷᠤᠯᠲᠠ᠂ ᠪᠦᠬᠦ ᠶᠠᠪᠤᠴᠠ ᠵᠢᠨ ᠬᠠᠮᠢᠶᠠᠷᠤᠯᠲᠠ ᠵᠢᠨ ᠣᠢ᠌ᠯᠠᠭ᠋ᠠᠭᠳᠠᠬᠤᠨ᠎ᠢ ᠢᠯᠡᠷᠡᠭᠦᠯᠦᠭᠰᠡᠨ ᠦᠭᠡᠢ; ᠭᠤᠷᠪᠠ᠎ᠳᠤ ᠬᠠᠤᠯᠢ ᠵᠢᠨ ᠬᠠᠷᠢᠭᠤᠴᠠᠯᠭ᠎ᠠ ᠬᠥᠩᠭᠡᠪᠲᠦᠷ ᠪᠠᠢ᠌ᠨ᠎ᠠ᠃ ᠡᠢ᠌ᠮᠦ᠎ᠠᠴᠠ᠂ 《ᠭᠣᠶᠣᠯᠠᠯ᠎ᠤᠨ ᠡᠳ᠋᠎ᠤᠨ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠲᠦᠷᠢᠮ》᠎ᠳᠤ ᠪᠥᠬᠥ ᠲᠠᠯ᠎ᠠ᠎ᠪᠠᠷ ᠵᠠᠰᠠᠪᠤᠷᠢ ᠣᠷᠣᠭᠤᠯᠵᠤ᠂ ᠰᠢᠨ᠎ᠡ 《ᠭᠣᠶᠣᠯᠠᠯ᠎ᠤᠨ ᠡᠳ᠋᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ》᠎ᠢ ᠲᠣᠭᠲᠠᠭ᠋ᠠᠬᠤ ᠴᠢᠬᠤᠯᠠᠲᠠᠶ ᠪᠠᠢ᠌ᠨ᠎ᠠ᠃
      ᠠᠰᠠᠭᠤᠯᠲᠠ᠄ 《ᠲᠦᠷᠢᠮ》᠎ᠢ ᠲᠣᠭᠲᠠᠭ᠋ᠠᠭᠰᠠᠨ ᠶᠠᠪᠤᠴᠠ ᠵᠢ ᠲᠥᠬᠥᠮ ᠵᠶ᠋ᠡᠷ ᠲᠠᠨᠢᠯᠴᠠᠭᠤᠯᠤᠭ᠋ᠠᠳ ᠥᠭᠭᠦᠨ᠎ᠡ ᠤᠤ᠃
      ᠬᠠᠷᠢᠭᠤᠯᠲᠠ᠄ ᠤᠤᠯ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠤᠯᠢ ᠲᠦᠷᠢᠮ᠎ᠤᠨ ᠠᠯᠪᠠᠨ ᠬᠡᠷ᠂ ᠬᠠᠤᠯᠢ ᠴᠠᠭ᠋ᠠᠵᠠ ᠵᠢᠨ ᠶᠠᠮᠤᠨ ᠤᠷᠢᠳ ᠬᠣᠵᠢᠳ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠ ᠬᠡᠰᠡᠭ ᠠᠵᠤ ᠠᠬᠤᠢ᠌ᠯᠠᠯ᠂ ᠠᠵᠢᠯ ᠲᠥᠷᠥᠯ᠎ᠤᠨ ᠨᠡᠢ᠌ᠭᠡᠮᠯᠢᠭ᠎ᠤᠨ ᠰᠠᠨᠠᠯ᠎ᠢ ᠬᠣᠶᠠᠷ ᠤᠳᠠᠭ᠎ᠠ ᠬᠤᠷᠢᠶᠠᠭᠰᠠᠨ ᠪᠥᠭᠡᠳ ᠨᠡᠢ᠌ᠭᠡᠮ ᠨᠡᠢ᠌ᠲᠡ᠎ᠠᠴᠠ ᠢᠯᠡ᠎ᠪᠠᠷ ᠰᠠᠨᠠᠯ ᠬᠤᠷᠢᠶᠠᠪᠠ; ᠤᠯᠠᠨ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ ᠠᠵᠤ ᠠᠬᠤᠢ᠌ᠯᠠᠯ᠂ ᠠᠵᠢᠯ ᠲᠦᠷᠦᠯ᠎ᠤᠨ ᠨᠡᠢ᠌ᠭᠡᠮᠯᠢᠭ᠎ᠤᠨ ᠰᠠᠨᠠᠯ᠎ᠢ ᠰᠣᠨᠣᠰᠪᠠ; ᠱᠠᠩᠬᠠᠶ᠂ ᠵᠧᠵᠢᠶᠠᠩ᠎ᠳᠤ ᠬᠦᠷᠴᠦ ᠲᠤᠬᠠᠶ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠤᠯᠲᠠ ᠬᠢᠪᠡ᠃ ᠡᠨᠡ ᠬᠦ᠌ ᠰᠠᠭᠤᠷᠢᠨ ᠳᠡᠭᠡᠷ᠎ᠡ᠂ ᠬᠠᠤᠯᠢ ᠴᠠᠭ᠋ᠠᠵᠠ ᠵᠢᠨ ᠶᠠᠮᠤᠨ᠎ᠠᠴᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠬᠦᠷᠭᠡᠵᠦ ᠬᠢᠨᠠᠭᠤᠯᠬᠤ ᠨᠣᠤᠷᠠᠭ᠎ᠢ ᠳᠠᠬᠢᠨ ᠳᠠᠪᠲᠠᠨ ᠰᠤᠳᠤᠯᠵᠤ ᠵᠠᠰᠠᠪᠤᠷᠢ ᠣᠷᠣᠭᠤᠯᠤᠭ᠋ᠠᠳ᠂ 《ᠭᠣᠶᠣᠯᠠᠯ᠎ᠤᠨ ᠡᠳ᠋᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ (ᠲᠥᠰᠦᠯ)》᠎ᠢ ᠪᠦᠷᠢᠯᠳᠦᠭᠦᠯᠵᠡᠶ᠃ 2020 ᠣᠨ᠎ᠤ 1 ᠰᠠᠷ᠎ᠠ ᠵᠢᠨ 3᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠠᠴᠠ ᠲᠥᠰᠦᠯ᠎ᠢ ᠬᠢᠨᠠᠨ ᠵᠥᠪᠯᠡᠵᠦ ᠪᠠᠲᠤᠯᠠᠭ᠋ᠠᠳ᠂ 2020 ᠣᠨ᠎ᠤ 6 ᠰᠠᠷ᠎ᠠ ᠵᠢᠨ 16᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠲᠦᠷᠢᠮ》᠎ᠢ ᠵᠢᠩᠬᠢᠨᠢ᠎ᠪᠠᠷ ᠨᠡᠢ᠌ᠲᠡᠯᠡᠪᠡ᠃
      ᠠᠰᠠᠭᠤᠯᠲᠠ᠄ 《ᠲᠦᠷᠢᠮ》᠎ᠤᠨ ᠶᠡᠷᠦᠩᠬᠡᠶ ᠰᠡᠳᠬᠢᠮᠵᠢ᠎ᠨᠢ ᠶᠠᠭᠤ ᠪᠣᠶ?
      ᠬᠠᠷᠢᠭᠤᠯᠲᠠ᠄ 《ᠲᠦᠷᠢᠮ》᠎ᠨᠢ ᠶᠡᠷᠦᠩᠬᠡᠶ ᠰᠡᠳᠬᠢᠮᠵᠢ ᠵᠢᠨ ᠲᠠᠯ᠎ᠠ᠎ᠪᠠᠷ ᠭᠣᠤᠯᠳᠠᠭᠤ ᠳᠣᠤᠷᠠᠬᠢ ᠬᠡᠳᠦᠨ ᠲᠠᠯ᠎ᠠ ᠵᠢ ᠡᠵᠡᠮᠳᠡᠪᠡ᠄ ᠨᠢᠭᠡ᠎ᠳᠤ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠢᠯ ᠲᠥᠷᠥᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ; ᠬᠣᠶᠠᠷ᠎ᠲᠤ᠂ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠦᠢᠯᠡᠳᠪᠦᠷᠢᠯᠡᠯ ᠡᠵᠡᠩᠨᠡᠯᠲᠡ ᠵᠢᠨ ᠪᠥᠬᠥ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠶᠠᠰᠤ ᠴᠢᠨᠠᠷ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ; ᠭᠤᠷᠪᠠ᠎ᠳᠤ ᠲᠦᠭᠰᠢᠭᠦᠷᠢ ᠵᠢᠨ ᠬᠠᠮᠢᠶᠠᠷᠤᠯᠲᠠ ᠵᠢᠨ ᠵᠠᠷᠴᠢᠮ ᠶᠣᠰᠣᠭ᠋ᠠᠷ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠬᠢᠨᠠᠨ ᠬᠠᠮᠢᠶᠠᠷᠴᠤ᠂ ᠥᠨᠳᠥᠷ ᠦᠷ᠎ᠡ ᠪᠦᠲᠦᠮᠵᠢᠲᠡᠶ ᠬᠢᠨᠠᠨ ᠬᠠᠮᠢᠶᠠᠷᠬᠤ ᠰᠢᠰᠲ᠋ᠧᠮᠵᠢ ᠵᠢ ᠪᠠᠢ᠌ᠭᠤᠯᠵᠤ᠂ ᠬᠢᠨᠠᠨ ᠬᠠᠮᠢᠶᠠᠷᠬᠤ ᠠᠵᠢᠯᠯᠠᠭ᠎ᠠ ᠵᠢ ᠵᠢᠷᠤᠮᠵᠢᠭᠤᠯᠤᠨ᠎ᠠ; ᠳᠥᠷᠪᠡ᠎ᠳᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠬᠦ ᠡᠷᠴᠢᠮ ᠵᠶ᠋ᠡᠨ ᠨᠡᠮᠡᠭᠳᠡᠭᠦᠯᠵᠦ᠂ ᠬᠠᠤᠯᠢ᠎ᠠᠴᠠ ᠵᠥᠷᠢᠴᠡᠭᠰᠡᠳ᠎ᠢ ᠬᠦᠨᠳᠦ᠎ᠪᠠᠷ ᠰᠢᠢ᠍ᠳᠬᠡᠵᠦ᠂ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠳ᠎ᠢ ᠵᠠᠬ᠎ᠠ ᠳᠡᠯᠭᠡᠭᠦᠷ᠎ᠠᠴᠠ ᠬᠥᠭᠡᠭᠡᠨ ᠭᠠᠷᠭ᠋ᠠᠵᠤ᠂ ᠬᠠᠤᠯᠢ ᠵᠢ ᠰᠠᠬᠢᠭᠰᠠᠳ᠎ᠲᠤ ᠬᠥᠭᠵᠢᠯᠲᠡ ᠵᠢᠨ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠶ᠃
      ᠠᠰᠠᠭᠤᠯᠲᠠ᠄ 《ᠲᠦᠷᠢᠮ》᠎ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠠᠵᠤ ᠦᠢᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
      ᠬᠠᠷᠢᠭᠤᠯᠲᠠ᠄ 《ᠲᠠᠯᠪᠢᠬᠤ ᠬᠠᠮᠢᠶᠠᠷᠬᠤ ᠦᠢᠯᠡᠴᠢᠯᠡᠬᠦ》 ᠦᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠤᠷᠴᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠬᠦᠭᠵᠢᠯᠲᠡ ᠵᠢ ᠠᠬᠢᠭᠤᠯᠬᠤ ᠪᠤᠯ 《ᠳᠦᠷᠢᠮ》᠎ᠢ ᠲᠤᠭᠲᠠᠭ᠋ᠠᠬᠤ ᠨᠢᠭᠡ ᠴᠢᠬᠤᠯᠠ ᠬᠠᠷᠠᠯᠲᠠ ᠪᠤᠯᠤᠨ᠎ᠠ᠃ ᠡᠭᠦᠨ᠎ᠤ ᠲᠤᠯᠠᠳᠠ᠂ 《ᠲᠦᠷᠢᠮ》᠎ᠳᠤ ᠭᠣᠤᠯᠳᠠᠭᠤ ᠳᠣᠤᠷᠠᠬᠢ ᠲᠦᠷᠢᠮ᠎ᠢ ᠲᠡᠭᠦᠯᠳᠡᠷᠵᠢᠭᠦᠯᠪᠡ᠄ ᠨᠢᠭᠡ᠎ᠳᠤ᠂ ᠲᠦᠭᠰᠢᠭᠦᠷᠢ ᠵᠢᠨ ᠬᠡᠮᠵᠢᠶ᠎ᠡ ᠵᠢ ᠦᠨᠳᠦᠰᠦᠯᠡᠨ ᠭᠣᠶᠣᠯᠠᠯ᠎ᠤᠨ ᠡᠳ᠋᠎ᠢ ᠣᠨᠴᠠᠭ᠋ᠠᠶ ᠭᠣᠶᠣᠯᠠᠯ᠎ᠤᠨ ᠡᠳ᠋ ᠪᠠ ᠡᠩ᠎ᠤᠨ ᠭᠣᠶᠣᠯᠠᠯ᠎ᠤᠨ ᠡᠳ᠋ ᠭᠡᠵᠦ ᠬᠤᠪᠢᠶᠠᠵᠤ᠂ ᠭᠣᠶᠣᠯᠠᠯ᠎ᠤᠨ ᠡᠳ᠋᠎ᠤᠨ ᠰᠢᠨ᠎ᠡ ᠲᠦᠭᠦᠬᠡᠶ ᠮᠠᠲ᠋ᠧᠷᠢᠶᠠᠯ᠎ᠢ ᠨᠡᠯᠢᠶᠡᠳ ᠶᠡᠬᠡ ᠲᠦᠭᠰᠢᠭᠦᠷᠢ᠎ᠲᠠᠢ ᠰᠢᠨ᠎ᠡ ᠲᠦᠭᠦᠬᠡᠶ ᠮᠠᠲ᠋ᠧᠷᠢᠶᠠᠯ ᠪᠠ ᠪᠤᠰᠤᠳ ᠰᠢᠨ᠎ᠡ ᠲᠦᠭᠦᠬᠡᠶ ᠮᠠᠲ᠋ᠧᠷᠢᠶᠠᠯ ᠭᠡᠵᠦ ᠬᠤᠪᠢᠶᠠᠵᠤ᠂ ᠲᠣᠰ ᠲᠣᠰ ᠳᠠᠩᠰᠠᠯᠠᠬᠤ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢ ᠬᠡᠷᠡᠭᠵᠢᠭᠦᠯᠵᠦ᠂ ᠦᠢᠯᠡᠳᠬᠦᠨ ᠪᠠ ᠲᠦᠭᠦᠬᠡᠶ ᠮᠠᠲ᠋ᠧᠷᠢᠶᠠᠯ᠎ᠳᠤ ᠨᠠᠩ ᠰᠢᠨᠵᠢᠯᠡᠬᠦ ᠤᠬᠠᠭ᠋ᠠᠨᠴᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠬᠣᠶᠠᠷ᠎ᠲᠤ ᠳᠠᠩᠰᠠᠯᠠᠬᠤ᠂ ᠳᠠᠩᠰᠠᠯᠠᠬᠤ ᠶᠠᠪᠤᠴᠠ ᠵᠢ ᠳᠥᠭᠥᠮᠴᠢᠯᠡᠵᠦ᠂ ᠦᠢᠯᠡᠴᠢᠯᠡᠭᠡ ᠵᠢ ᠰᠢᠯᠢᠳᠡᠭᠵᠢᠭᠦᠯᠦᠨ᠎ᠡ᠃ ᠭᠣᠶᠣᠯᠠᠯ᠎ᠤᠨ ᠡᠳ᠋᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠳᠠᠩᠰᠠᠯᠠᠬᠤ ᠪᠠ ᠪᠦᠷᠢᠳᠬᠡᠨ ᠳᠠᠩᠰᠠᠯᠠᠬᠤ ᠵᠢ ᠭᠦᠢᠴᠡᠳᠬᠡᠬᠦ᠎ᠳᠤ ᠲᠥᠬᠥᠮ ᠦᠵᠡᠭᠦᠯᠦᠨ᠎ᠡ; ᠳᠠᠩᠰᠠᠯᠠᠬᠤ᠂ ᠪᠦᠷᠢᠳᠬᠡᠨ ᠳᠠᠩᠰᠠᠯᠠᠬᠤ ᠮᠠᠲ᠋ᠧᠷᠢᠶᠠᠯ᠎ᠤᠨ ᠱᠠᠭ᠋ᠠᠷᠳᠠᠯᠭ᠎ᠠ᠂ ᠭᠦᠢᠴᠡᠳᠬᠡᠬᠦ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠢᠯᠡ ᠲᠣᠳᠣ ᠵᠢᠨ ᠬᠡᠮᠵᠢᠶ᠎ᠡ ᠪᠠ ᠵᠢᠱ᠌ᠢᠵᠦ ᠪᠣᠯᠬᠤᠢ᠌ᠴᠠ ᠴᠢᠨᠠᠷ᠎ᠢ ᠳᠡᠭᠡᠭᠰᠢᠯᠡᠭᠦᠯᠦᠨ᠎ᠡ; ᠳᠠᠩᠰᠠᠯᠠᠭᠤᠯᠬᠤ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠲᠠᠪᠴᠠᠩ ᠵᠶ᠋ᠠᠷ ᠳᠡᠮᠵᠢᠨ ᠳᠠᠩᠰᠠᠯᠠᠭᠤᠯᠬᠤ ᠮᠠᠲ᠋ᠧᠷᠢᠶᠠᠯ ᠵᠶ᠋ᠠᠨ ᠲᠤᠰᠢᠶᠠᠭᠰᠠᠨ᠎ᠤ ᠳᠠᠷᠠᠭ᠎ᠠ ᠳᠠᠷᠤᠶ ᠳᠠᠩᠰᠠᠯᠠᠭᠤᠯᠬᠤ ᠵᠢ ᠪᠡᠶᠡᠯᠡᠭᠦᠯᠵᠦ᠂ ᠦᠢᠯᠡᠳᠦᠯᠭᠡ ᠵᠢᠨ ᠳᠤᠮᠳᠠ ᠬᠡᠯᠪᠡᠷᠢ ᠵᠢ᠎ᠨᠢ ᠥᠭᠡᠷᠡᠲᠦᠭᠦᠯᠦᠨ ᠬᠢᠨᠠᠨ ᠵᠥᠪᠰᠢᠶᠡᠷᠡᠭᠦᠯᠬᠦ᠎ᠠᠴᠠ ᠵᠠᠢ᠌ᠯᠠᠰᠬᠢᠬᠦ ᠬᠡᠷᠡᠭᠲᠡᠶ ᠭᠡᠵᠦ ᠲᠣᠭᠲᠠᠭ᠋ᠠᠪᠠ᠃ ᠭᠤᠷᠪᠠ᠎ᠳᠤ ᠵᠠᠰᠠᠯ ᠴᠢᠮᠡᠭᠯᠡᠯ᠎ᠤᠨ ᠡᠳ᠋᠎ᠤᠨ ᠰᠤᠳᠤᠯᠭ᠋ᠠᠨ᠂ ᠰᠢᠨ᠎ᠡ ᠡᠭᠦᠳᠦᠯᠲᠡ ᠵᠢ ᠵᠣᠷᠢᠭᠵᠢᠭᠤᠯᠤᠨ ᠲᠡᠮᠵᠢᠵᠤ᠂ ᠨᠢᠭᠡᠴᠢ ᠪᠠ ᠬᠤᠪᠢ ᠬᠥᠮᠦᠨ᠎ᠤ ᠰᠤᠳᠤᠯᠭ᠋ᠠᠨ ᠥᠷᠨᠢᠭᠦᠯᠬᠦ᠂ ᠰᠢᠨ᠎ᠡ ᠵᠢ ᠡᠭᠦᠳᠬᠦ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠬᠠᠮᠲᠤ ᠮᠠᠨ᠎ᠤ ᠤᠯᠤᠰ᠎ᠤᠨ ᠤᠯᠠᠮᠵᠢᠯᠠᠯᠲᠤ ᠳᠠᠪᠠᠭᠤᠯᠢᠭ ᠵᠦᠢ᠍ᠯᠡᠰ ᠪᠠ ᠤᠨᠴᠠᠯᠢᠭᠲᠤ ᠤᠷᠭᠤᠮᠠᠯ᠎ᠤᠨ ᠡᠬᠢ ᠪᠠᠶᠠᠯᠢᠭ᠎ᠢ ᠰᠤᠳᠤᠯᠤᠨ ᠨᠡᠭᠡᠭᠡᠬᠦ ᠵᠢ ᠵᠣᠷᠢᠭᠵᠢᠭᠤᠯᠤᠨ ᠳᠡᠮᠵᠢᠬᠦ ᠵᠢ ᠴᠢᠬᠤᠯᠠᠴᠢᠯᠠᠪᠠ᠃
      ᠠᠰᠠᠭᠤᠯᠲᠠ᠄ 《ᠲᠦᠷᠢᠮ》᠎ᠳᠤ ᠭᠣᠶᠣᠯᠠᠯ᠎ᠤᠨ ᠡᠳ᠋᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
      ᠬᠠᠷᠢᠭᠤᠯᠲᠠ᠄ ᠭᠤᠶᠤᠯᠠᠯ᠎ᠤᠨ ᠡᠳ᠋᠎ᠤᠨ ᠠᠮᠤᠷ ᠲᠦᠪᠰᠢᠨ᠎ᠤ ᠲᠦᠭᠰᠢᠭᠦᠷᠢ ᠵᠢᠨ ᠬᠡᠮᠵᠢᠶ᠎ᠡ ᠨᠡᠢ᠌ᠳᠡᠮ ᠳᠤᠤᠷ᠎ᠠ᠂ ᠭᠡᠪᠡᠴᠦ ᠰᠢᠭᠤᠳ ᠬᠦᠮᠦᠨ᠎ᠤ ᠪᠡᠶ᠎ᠡ᠎ᠳᠤ ᠬᠡᠷᠡᠭᠯᠡᠵᠦ᠂ ᠠᠷᠠᠳ ᠤᠯᠠᠨ᠎ᠤ ᠪᠡᠶ᠎ᠡ ᠵᠢᠨ ᠡᠷᠡᠭᠦᠯ ᠮᠡᠨᠳᠦ᠎ᠲᠠᠢ ᠬᠤᠯᠪᠤᠭᠳᠠᠵᠤ᠂ ᠠᠮᠤᠷ ᠲᠦᠪᠰᠢᠨ᠎ᠤ ᠠᠰᠠᠭᠤᠳᠠᠯ᠎ᠢ ᠤᠮᠳᠤᠭ᠋ᠠᠢ᠌ᠯᠠᠵᠤ ᠪᠤᠯᠬᠤ ᠦᠭᠡᠢ᠃ ᠭᠣᠶᠣᠯᠠᠯ᠎ᠤᠨ ᠡᠳ᠋᠎ᠤᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠥᠯᠥᠭᠡ᠂ 《ᠲᠦᠷᠢᠮ》᠎ᠳᠤ ᠳᠣᠤᠷᠠᠬᠢ ᠲᠦᠷᠢᠮ᠎ᠢ ᠬᠦᠴᠦᠯᠡᠨ ᠲᠡᠭᠦᠯᠳᠡᠷᠵᠢᠭᠦᠯᠪᠡ᠄ ᠨᠢᠭᠡ᠎ᠳᠤ ᠠᠵᠤ ᠠᠬᠤᠢ᠌ᠯᠠᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠪᠠ᠃ ᠳᠠᠩᠰᠠᠯᠠᠭᠤᠯᠤᠭᠰᠠᠨ ᠬᠥᠮᠦᠨ᠂ ᠪᠦᠷᠢᠳᠬᠡᠨ ᠳᠠᠩᠰᠠᠯᠠᠭᠤᠯᠤᠭᠰᠠᠨ ᠬᠥᠮᠦᠨ ᠭᠣᠶᠣᠯᠠᠯ᠎ᠤᠨ ᠡᠳ᠋᠎ᠤᠨ ᠶᠠᠰᠤ ᠴᠢᠨᠠᠷ᠎ᠤᠨ ᠠᠮᠤᠷ ᠲᠦᠪᠰᠢᠨ ᠪᠠ ᠦᠢᠯᠡᠳᠦᠯ ᠴᠢᠳᠠᠮᠵᠢ ᠵᠢ ᠬᠠᠷᠢᠭᠤᠴᠠᠬᠤ ᠵᠢ ᠲᠤᠳᠤᠷᠬᠠᠢ᠌ᠯᠠᠪᠠ᠃ ᠬᠣᠶᠠᠷ᠎ᠲᠤ᠂ ᠳᠠᠩᠰᠠᠯᠠᠭᠤᠯᠤᠭᠰᠠᠨ ᠬᠥᠮᠦᠨ᠂ ᠪᠦᠷᠢᠳᠬᠡᠨ ᠳᠠᠩᠰᠠᠯᠠᠭᠤᠯᠤᠭᠰᠠᠨ ᠬᠥᠮᠦᠨ᠎ᠢ ᠭᠣᠶᠣᠯᠠᠯ᠎ᠤᠨ ᠡᠳ᠋ ᠪᠠ ᠰᠢᠨ᠎ᠡ ᠲᠦᠭᠦᠬᠡᠶ ᠮᠠᠲ᠋ᠧᠷᠢᠶᠠᠯ᠎ᠳᠤ ᠠᠮᠤᠷ ᠲᠦᠪᠰᠢᠨ᠎ᠤ ᠦᠨᠡᠯᠡᠯᠲᠡ ᠬᠢᠬᠦ ᠵᠢ ᠱᠠᠭ᠋ᠠᠷᠳᠠᠪᠠ᠃ ᠭᠤᠷᠪᠠ᠎ᠳᠤ ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠠᠵᠤ ᠠᠬᠤᠢ᠌ᠯᠠᠯ᠎ᠢ ᠭᠣᠶᠣᠯᠠᠯ᠎ᠤᠨ ᠡᠳ᠋᠎ᠤᠨ ᠦᠢᠯᠡᠳᠪᠦᠷᠢᠯᠡᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠵᠢᠷᠤᠮᠵᠢᠯ ᠶᠣᠰᠣᠭ᠋ᠠᠷ ᠦᠢᠯᠡᠳᠪᠦᠷᠢᠯᠡᠯ ᠵᠶ᠋ᠡᠨ ᠵᠣᠬᠢᠶᠠᠨ ᠪᠠᠢ᠌ᠭᠤᠯᠬᠤ ᠵᠢ ᠱᠠᠭ᠋ᠠᠷᠳᠠᠪᠠ; ᠲᠦᠭᠦᠬᠡᠶ ᠮᠠᠲ᠋ᠧᠷᠢᠶᠠᠯ ᠪᠠ ᠪᠣᠭᠣᠳᠠᠯᠯᠠᠬᠤ ᠮᠠᠲ᠋ᠧᠷᠢᠶᠠᠯ᠎ᠢ ᠬᠡᠷᠡᠭᠯᠡᠬᠦ᠂ ᠪᠠᠷᠠᠭ᠎ᠠ ᠣᠷᠣᠭᠤᠯᠬᠤ ᠵᠢ ᠪᠠᠢ᠌ᠴᠠᠭ᠋ᠠᠨ ᠰᠢᠯᠭ᠋ᠠᠬᠤ ᠪᠠ ᠦᠢᠯᠡᠳᠪᠦᠷᠢ᠎ᠠᠴᠠ ᠭᠠᠷᠭ᠋ᠠᠬᠤ ᠵᠢᠨ ᠪᠠᠢ᠌ᠴᠠᠭ᠋ᠠᠨ ᠰᠢᠯᠭ᠋ᠠᠬᠤ᠂ ᠦᠢᠯᠡᠳᠬᠦᠨ᠎ᠢ ᠲᠠᠯᠪᠢᠵᠤ ᠶᠠᠪᠤᠭᠤᠯᠬᠤ᠂ ᠬᠠᠳᠠᠭ᠋ᠠᠯᠠᠵᠤ ᠲᠡᠭᠡᠭᠡᠪᠦᠷᠢᠯᠡᠬᠦ ᠵᠡᠷᠭᠡ ᠦᠢᠯᠡᠳᠪᠦᠷᠢᠯᠡᠯ ᠡᠵᠡᠩᠨᠡᠯᠲᠡ ᠵᠢᠨ ᠵᠠᠩᠭᠢᠯᠠᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠨᠠᠷᠢᠯᠢᠭᠵᠢᠭᠤᠯᠬᠤ ᠨᠠᠷᠢᠯᠢᠭᠵᠢᠭᠤᠯᠪᠠ; ᠭᠤᠶᠤᠯᠠᠯ᠎ᠤᠨ ᠡᠳ᠋᠎ᠤᠨ ᠱᠣᠰᠢᠭ᠎ᠠ ᠪᠠ ᠵᠠᠷ ᠮᠡᠳᠡᠭᠡ ᠵᠢᠨ ᠤᠬᠠᠭᠤᠯᠭ᠎ᠠ ᠵᠢ ᠵᠢᠷᠤᠮᠵᠢᠭᠤᠯᠪᠠ᠃ ᠳᠥᠷᠪᠡ᠎ᠳᠤ ᠭᠣᠶᠣᠯᠠᠯ᠎ᠤᠨ ᠡᠳ᠋᠎ᠢ ᠵᠠᠬ᠎ᠠ ᠳᠡᠯᠭᠡᠭᠦᠷ᠎ᠲᠤ ᠭᠠᠷᠭ᠋ᠠᠭᠰᠠᠨ᠎ᠤ ᠳᠠᠷᠠᠭ᠋ᠠᠬᠢ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠪᠠ᠃ ᠳᠠᠩᠰᠠᠯᠠᠭᠤᠯᠤᠭᠰᠠᠨ ᠬᠥᠮᠦᠨ᠂ ᠪᠦᠷᠢᠳᠬᠡᠨ ᠳᠠᠩᠰᠠᠯᠠᠭᠤᠯᠤᠭᠰᠠᠨ ᠬᠥᠮᠦᠨ᠎ᠢ ᠮᠠᠭᠤ ᠲᠤᠰᠬᠠᠯ᠎ᠤᠨ ᠬᠢᠨᠠᠨ ᠬᠡᠮᠵᠢᠯᠲᠡ ᠥᠷᠨᠢᠭᠦᠯᠵᠦ᠂ ᠴᠠᠭ ᠲᠤᠬᠠᠶ᠎ᠳᠤ᠎ᠨᠢ ᠦᠨᠡᠯᠡᠬᠦ ᠵᠢᠨ ᠬᠠᠮᠲᠤ ᠮᠡᠳᠡᠭᠦᠯᠬᠦ ᠬᠡᠷᠡᠭᠲᠡᠶ ᠭᠡᠵᠦ ᠱᠠᠭ᠋ᠠᠷᠳᠠᠪᠠ; ᠣᠷᠣᠰᠢᠵᠤ ᠪᠠᠢ᠌ᠭ᠎ᠠ ᠠᠰᠠᠭᠤᠳᠠᠯ᠂ ᠬᠥᠮᠦᠨ᠎ᠤ ᠪᠡᠶ᠎ᠡ ᠵᠢᠨ ᠡᠷᠡᠭᠦᠯ ᠮᠡᠨᠳᠦ ᠵᠢ ᠬᠣᠬᠢᠷᠠᠭᠤᠯᠵᠤ ᠮᠡᠳᠡᠬᠦ ᠭᠣᠶᠣᠯᠠᠯ᠎ᠤᠨ ᠡᠳ᠋᠎ᠢ ᠴᠠᠭ ᠲᠤᠬᠠᠶ᠎ᠳᠤ᠎ᠨᠢ ᠡᠭᠡᠭᠦᠯᠦᠨ ᠠᠪᠴᠢᠷᠠᠨ᠎ᠠ; ᠭᠤᠶᠤᠯᠠᠯ᠎ᠤᠨ ᠡᠳ᠋ ᠪᠣᠯᠤᠨ ᠲᠦᠭᠦᠬᠡᠶ ᠮᠠᠲᠸᠷᠢᠶᠠᠯ᠎ᠤᠨ ᠠᠶᠤᠯ ᠦᠭᠡᠶ ᠵᠢ ᠳᠠᠬᠢᠨ ᠦᠨᠡᠯᠡᠨ ᠵᠢᠱ᠌ᠢᠬᠦ ᠳᠦᠷᠢᠮ᠎ᠢ ᠬᠡᠷᠡᠭᠵᠢᠭᠦᠯᠪᠡ᠃
      ᠠᠰᠠᠭᠤᠯᠲᠠ᠄ 《ᠲᠦᠷᠢᠮ》᠎ᠨᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠎ᠳᠤ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
      ᠬᠠᠷᠢᠭᠤᠯᠲᠠ᠄ ᠤᠳᠤ ᠵᠢᠨ ᠬᠡᠷᠡᠭᠵᠢᠭᠦᠯᠵᠦ ᠪᠠᠢ᠌ᠭ᠎ᠠ 《ᠭᠤᠶᠤᠯᠠᠯ᠎ᠤᠨ ᠡᠳ᠋᠎ᠤᠨ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠳᠦᠷᠢᠮ》 ᠵᠢ 1989 ᠤᠨ᠎ᠳᠤ ᠲᠤᠭᠲᠠᠭ᠋ᠠᠪᠠ᠃ ᠬᠤᠯᠪᠤᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠨᠢ ᠪᠦᠳᠦᠭᠦᠯᠢᠭ ᠪᠠᠢ᠌ᠵᠤ᠂ ᠲᠦᠭᠰᠢᠭᠦᠷᠢ ᠵᠢᠨ ᠬᠠᠮᠢᠶᠠᠷᠤᠯᠲᠠ᠂ ᠤᠨᠤᠪᠴᠢᠲᠠᠢ ᠬᠠᠮᠢᠶᠠᠷᠤᠯᠲᠠ᠂ ᠪᠦᠬᠦ ᠶᠠᠪᠤᠴᠠ ᠵᠢᠨ ᠬᠠᠮᠢᠶᠠᠷᠤᠯᠲᠠ ᠵᠢᠨ ᠤᠨᠤᠯᠵᠢᠬᠤᠨ᠎ᠢ ᠢᠯᠡᠷᠡᠭᠦᠯᠵᠦ ᠴᠢᠳᠠᠭᠰᠠᠨ ᠦᠭᠡᠢ᠃ 《ᠲᠦᠷᠢᠮ》᠎ᠨᠢ ᠳᠣᠤᠷᠠᠬᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠪᠦᠲᠦᠮᠵᠢᠲᠦ ᠴᠢᠨᠠᠷ᠂ ᠵᠢᠷᠤᠮᠵᠢᠯ᠎ᠤᠨ ᠴᠢᠨᠠᠷ᠎ᠢ ᠬᠦᠴᠦᠯᠡᠨ ᠳᠡᠭᠡᠭᠰᠢᠯᠡᠭᠦᠯᠪᠡ᠄ ᠨᠢᠭᠡ᠎ᠳᠤ ᠭᠣᠶᠣᠯᠠᠯ᠎ᠤᠨ ᠡᠳ᠋᠎ᠤᠨ ᠲᠦᠭᠰᠢᠭᠦᠷᠢ ᠵᠢ ᠬᠢᠨᠠᠨ ᠬᠡᠮᠵᠢᠬᠦ ᠪᠠ ᠦᠨᠡᠯᠡᠬᠦ ᠲᠦᠷᠢᠮ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠢᠨᠠᠨ ᠬᠠᠮᠢᠶᠠᠷᠬᠤ᠎ᠳᠤ ᠦᠨᠳᠦᠰᠦᠯᠡᠯ ᠬᠠᠩᠭ᠋ᠠᠪᠠ᠃ ᠬᠣᠶᠠᠷ᠎ᠲᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠬᠡᠮᠵᠢᠢ᠎ᠡ ᠪᠠ ᠵᠢᠷᠤᠮ᠎ᠢ ᠵᠢᠷᠤᠮᠵᠢᠭᠤᠯᠪᠠ᠃ ᠭᠤᠷᠪᠠ᠎ᠳᠤ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ᠎ᠢ ᠪᠠᠶᠠᠯᠢᠭᠵᠢᠭᠤᠯᠵᠤ᠂ ᠥᠯᠢᠭᠡᠷ ᠠᠪᠴᠤ ᠰᠢᠯᠭ᠋ᠠᠨ ᠪᠠᠢ᠌ᠴᠠᠭ᠋ᠠᠬᠤ᠂ ᠬᠠᠷᠢᠭᠤᠴᠠᠯᠭ᠎ᠠ ᠵᠢ ᠪᠣᠯᠵᠣᠨ ᠶᠠᠷᠢᠯᠴᠠᠬᠤ᠂ ᠪᠠᠴᠢᠮ ᠬᠢᠵᠠᠭ᠋ᠠᠷᠯᠠᠬᠤ᠂ ᠢᠯᠡᠴᠢᠯᠡᠨ ᠮᠡᠳᠡᠭᠦᠯᠦᠭᠰᠡᠳ᠎ᠢ ᠱᠠᠩᠨᠠᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠡᠷᠬᠡ ᠣᠯᠭᠣᠵᠤ ᠨᠥᠬᠥᠪᠥᠷᠢᠯᠡᠨ ᠰᠢᠯᠭ᠋ᠠᠨ ᠪᠠᠢ᠌ᠴᠠᠭ᠋ᠠᠬᠤ ᠲᠥᠷᠥᠯ ᠵᠦᠢᠯ ᠪᠠ ᠰᠢᠯᠭ᠋ᠠᠨ ᠪᠠᠢ᠌ᠴᠠᠭ᠋ᠠᠬᠤ ᠠᠷᠭ᠎ᠠ ᠵᠢ ᠨᠦᠬᠦᠪᠦᠷᠢᠯᠡᠨ ᠲᠤᠭᠲᠠᠭ᠋ᠠᠯᠭ᠋ᠠᠪᠠ᠃ ᠳᠥᠷᠪᠡ᠎ᠳᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠢᠲᠡᠭᠡᠮᠵᠢ ᠵᠢᠨ ᠵᠠᠯᠬᠠᠭ᠋ᠠᠨ ᠴᠡᠭᠡᠷᠯᠡᠭᠦᠯᠬᠦ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠨᠡᠢ᠌ᠲᠡᠯᠡᠨ᠂ ᠢᠲᠡᠭᠡᠮᠵᠢ ᠵᠢᠨ ᠲᠠᠩᠰᠠ ᠡᠪᠬᠡᠮᠡᠯ ᠪᠠᠢ᠌ᠭᠤᠯᠵᠤ᠂ ᠬᠦᠨᠳᠦ ᠨᠣᠴᠢᠲᠠᠶ ᠡᠷᠡᠭᠦᠯ ᠪᠤᠰᠤ ᠢᠲᠡᠭᠡᠮᠵᠢ ᠵᠢᠨ ᠲᠡᠮᠳᠡᠭᠯᠡᠯ᠎ᠲᠠᠢ ᠦᠢᠯᠡᠳᠪᠦᠷᠢᠯᠡᠨ ᠡᠵᠡᠩᠨᠡᠭᠴᠢᠳ᠎ᠲᠤ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠪᠡ᠃
      ᠠᠰᠠᠭᠤᠯᠲᠠ᠄ 《ᠲᠦᠷᠢᠮ》᠎ᠨᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠶᠠᠮᠠᠷ ᠶᠠᠮᠠᠷ ᠲᠡᠭᠦᠯᠳᠡᠷᠵᠢᠭᠦᠯᠦᠯᠲᠡ ᠬᠢᠭᠰᠡᠨ ᠪᠣᠶ?
      ᠬᠠᠷᠢᠭᠤᠯᠲᠠ᠄ ᠣᠳᠣ ᠵᠢᠨ ᠬᠡᠷᠡᠭᠵᠢᠭᠦᠯᠵᠦ ᠪᠠᠢ᠌ᠭ᠎ᠠ 《ᠭᠤᠶᠤᠯᠠᠯ᠎ᠤᠨ ᠡᠳ᠋᠎ᠤᠨ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠳᠦᠷᠢᠮ》᠎ᠳᠤ ᠲᠣᠭᠲᠠᠭ᠋ᠠᠭᠰᠠᠨ ᠬᠠᠤᠯᠢ ᠵᠢᠨ ᠬᠠᠷᠢᠭᠤᠴᠠᠯᠭ᠎ᠠ᠎ᠨᠢ ᠨᠡᠯᠢᠶᠡᠳ ᠬᠥᠩᠭᠡᠨ ᠪᠠᠢ᠌ᠳᠠᠭ᠃ ᠣᠢ᠌ᠷ᠎ᠠ ᠵᠢᠨ ᠵᠢᠯ᠎ᠳᠤ᠂ ᠮᠠᠨ᠎ᠤ ᠤᠯᠤᠰ᠎ᠤᠨ ᠭᠣᠶᠣᠯᠠᠯ᠎ᠤᠨ ᠡᠳ᠋᠎ᠤᠨ ᠠᠵᠤ ᠦᠢᠯᠡᠰ ᠳᠡᠭᠡᠳᠦ ᠬᠤᠷᠳᠤᠴᠠ᠎ᠪᠠᠷ ᠬᠥᠭᠵᠢᠬᠦ ᠵᠢᠨ ᠬᠠᠮᠲᠤ᠂ ᠬᠠᠤᠯᠢ ᠪᠤᠰᠤ᠎ᠪᠠᠷ ᠶᠠᠭᠤᠮ᠎ᠠ ᠨᠡᠮᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠵᠡᠭᠳᠡᠯ ᠨᠡᠯᠢᠶᠡᠳ ᠲᠣᠪᠣᠢ᠌ᠮ᠎ᠠ ᠪᠠᠢ᠌ᠨ᠎ᠠ᠃ ᠣᠯᠠᠨ ᠨᠡᠢ᠌ᠲᠡ ᠵᠢᠨ ᠡᠷᠡᠭᠦᠯ ᠮᠡᠨᠳᠦ ᠵᠢ ᠪᠠᠲᠤᠯᠠᠬᠤ ᠵᠢᠨ ᠲᠥᠯᠥᠭᠡ᠂ ᠬᠠᠤᠯᠢ ᠵᠢ ᠰᠠᠬᠢᠭᠰᠠᠳ᠎ᠲᠤ ᠵᠠᠬ᠎ᠠ ᠳᠡᠯᠭᠡᠭᠦᠷ᠎ᠤᠨ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ᠂ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠴᠢᠬᠤᠯᠠᠲᠠᠶ ᠪᠠᠢ᠌ᠨ᠎ᠠ᠃ 《ᠲᠦᠷᠢᠮ》᠎ᠳᠤ ᠨᠢᠭᠡ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠪᠠᠢ᠌ᠳᠠᠯ᠎ᠢ ᠨᠠᠷᠢᠯᠢᠬ᠍ᠵᠢᠭᠤᠯᠵᠤ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠢ᠌ᠳᠠᠯ᠂ ᠬᠣᠣᠷ ᠬᠥᠨᠥᠭᠡᠯ᠎ᠤᠨ ᠬᠡᠮᠵᠢᠶ᠎ᠡ ᠵᠢ ᠦᠨᠳᠦᠰᠦᠯᠡᠨ᠂ ᠴᠢᠩᠭ᠎ᠠ ᠬᠠᠤᠯᠢ ᠵᠢᠨ ᠬᠠᠷᠢᠭᠤᠴᠠᠯᠭ᠎ᠠ ᠲᠣᠭᠲᠠᠭ᠋ᠠᠵᠤ᠂ ᠤᠰᠤᠯ᠎ᠲᠠᠢ ᠪᠠᠢ᠌ᠪᠠᠯ ᠵᠠᠪᠠᠯ ᠰᠢᠢ᠍ᠳᠬᠡᠯ ᠥᠭᠴᠦ᠂ ᠤᠰᠤᠯ᠎ᠲᠠᠢ ᠪᠠᠢ᠌ᠪᠠᠯ ᠵᠠᠪᠠᠯ ᠰᠢᠢ᠍ᠳᠬᠡᠯ ᠥᠭᠬᠦ ᠬᠡᠷᠡᠭᠲᠡᠢ᠃ ᠬᠣᠶᠠᠷ᠎ᠲᠤ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠤᠷᠢᠶᠠᠨ ᠠᠪᠬᠤ᠂ ᠵᠣᠭᠣᠰ ᠵᠶ᠋ᠠᠷ ᠲᠣᠷᠭ᠋ᠠᠬᠤ᠂ ᠦᠢ᠍ᠯᠡᠳᠪᠦᠷᠢᠯᠡᠯ ᠠᠵᠢᠯ᠎ᠢ ᠵᠠᠷᠯᠢᠭᠳᠠᠨ ᠵᠣᠭᠰᠣᠭ᠋ᠠᠬᠤ᠂ ᠵᠥᠪᠰᠢᠶᠡᠷᠡᠯ᠎ᠤᠨ ᠦᠨᠡᠮᠯᠡᠯ᠎ᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ᠂ ᠵᠠᠬ᠎ᠠ ᠳᠡᠯᠭᠡᠭᠦᠷ ᠪᠠ ᠠᠵᠢᠯ ᠲᠦᠷᠦᠯ᠎ᠳᠤ ᠣᠷᠣᠬᠤ ᠵᠢ ᠴᠠᠭ᠋ᠠᠵᠠᠯᠠᠬᠤ ᠵᠡᠷᠭᠡ ᠰᠢᠢ᠍ᠳᠬᠡᠬᠦ ᠠᠷᠭ᠎ᠠ ᠬᠡᠮᠵᠢᠶ᠎ᠡ ᠵᠢ ᠶᠡᠷᠦᠩᠬᠡᠢ᠌ᠯᠡᠨ ᠬᠡᠷᠡᠭᠯᠡᠵᠦ᠂ ᠲᠣᠷᠭ᠋ᠠᠬᠤ ᠵᠣᠭᠣᠰ᠎ᠤᠨ ᠲᠣᠭ᠎ᠠ ᠵᠢ ᠶᠡᠬᠡ᠎ᠪᠠᠷ ᠳᠡᠭᠡᠭᠰᠢᠯᠡᠭᠦᠯᠦᠨ᠎ᠡ᠃ ᠭᠤᠷᠪᠠ᠎ᠳᠤ 《ᠬᠥᠮᠦᠨ᠎ᠳᠤ ᠬᠦᠷᠲᠡᠯ᠎ᠡ ᠰᠢᠢ᠍ᠳᠬᠡᠬᠦ》 ᠲᠣᠭᠲᠠᠭ᠋ᠠᠯ᠎ᠢ ᠨᠡᠮᠡᠵᠦ᠂ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠣᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠭᠣᠶᠣᠯᠠᠯ᠎ᠤᠨ ᠡᠳ᠋᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠬᠦ ᠵᠢ ᠵᠣᠬᠢᠬᠤ ᠬᠤᠭᠤᠴᠠᠭ᠋ᠠᠨ᠎ᠳᠤ ᠴᠢᠨᠠᠭᠰᠢᠯᠠᠪᠠᠯ ᠨᠠᠰᠤᠨ ᠲᠤᠷᠰᠢᠳᠠ ᠴᠠᠭ᠋ᠠᠵᠠᠯᠠᠨ᠎ᠠ᠃
      ᠠᠰᠠᠭᠤᠯᠲᠠ᠄ ᠭᠣᠶᠣᠯᠠᠯ᠎ᠤᠨ ᠡᠳ᠋᠎ᠤᠨ ᠦᠢᠯᠡᠳᠦᠯ᠎ᠢ ᠳᠤᠷ᠎ᠠ᠎ᠪᠠᠷ ᠵᠶ᠋ᠠᠨ ᠶᠡᠬᠡᠰᠬᠡᠭᠰᠡᠨ ᠪᠠᠢ᠌ᠳᠠᠯ᠎ᠳᠤ᠂ 《ᠲᠦᠷᠢᠮ》᠎ᠳᠤ ᠶᠠᠮᠠᠷ ᠶᠠᠮᠠᠷ ᠵᠢᠷᠤᠮᠵᠢᠯ ᠲᠣᠭᠲᠠᠭ᠋ᠠᠭᠰᠠᠨ ᠪᠣᠶ?
      ᠬᠠᠷᠢᠭᠤᠯᠲᠠ᠄ ᠡᠨᠡ ᠬᠦ᠌ ᠠᠰᠠᠭᠤᠳᠠᠯ᠎ᠢ ᠵᠠᠰᠠᠬᠤ ᠵᠢᠨ ᠲᠥᠯᠥᠭᠡ᠂ 《ᠲᠦᠷᠢᠮ》᠎ᠳᠤ ᠭᠣᠶᠣᠯᠠᠯ᠎ᠤᠨ ᠡᠳ᠋᠎ᠤᠨ ᠦᠢᠯᠡᠳᠦᠯ ᠴᠢᠳᠠᠮᠵᠢ ᠵᠢ ᠢᠯᠡᠷᠬᠡᠢ᠌ᠯᠡᠬᠦ᠎ᠳᠤ᠎ᠪᠠᠨ᠂ ᠠᠵᠤ ᠠᠬᠤᠢ᠌ᠯᠠᠯ᠎ᠤᠨ ᠥᠪᠡᠷ᠎ᠢ᠎ᠪᠠᠨ ᠱᠠᠭ᠋ᠠᠷᠳᠠᠬᠤ ᠪᠠ ᠨᠡᠢ᠌ᠭᠡᠮ᠎ᠤᠨ ᠬᠢᠨᠠᠯᠲᠠ᠎ᠪᠠᠷ ᠭᠣᠤᠯ ᠪᠣᠯᠭ᠋ᠠᠬᠤ ᠵᠢᠨ ᠬᠠᠮᠲᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠠᠮᠢᠶᠠᠷᠤᠯᠲᠠ ᠵᠢᠨ ᠵᠠᠭᠪᠤᠷ᠎ᠢ ᠲᠣᠭᠲᠠᠭ᠋ᠠᠪᠠ᠃ ᠨᠢᠭᠡ᠎ᠳᠤ ᠭᠣᠶᠣᠯᠠᠯ᠎ᠤᠨ ᠡᠳ᠋᠎ᠤᠨ ᠳᠠᠩᠰᠠᠯᠠᠭᠤᠯᠤᠭᠴᠢ ᠪᠤᠶᠤ ᠪᠦᠷᠢᠳᠬᠡᠨ ᠳᠠᠩᠰᠠᠯᠠᠭᠤᠯᠤᠭᠴᠢ᠎ᠨᠢ ᠭᠣᠶᠣᠯᠠᠯ᠎ᠤᠨ ᠡᠳ᠋᠎ᠤᠨ ᠦᠢᠯᠡᠳᠦᠯ᠎ᠢ ᠬᠠᠷᠢᠭᠤᠴᠠᠨ᠎ᠠ ᠭᠡᠵᠦ ᠲᠣᠭᠲᠠᠭ᠋ᠠᠵᠠᠶ᠃ ᠬᠣᠶᠠᠷ᠎ᠲᠤ ᠭᠤᠶᠤᠯᠠᠯ᠎ᠤᠨ ᠡᠳ᠋᠎ᠤᠨ ᠦᠢ᠍ᠯᠡᠳᠦᠯ ᠴᠢᠳᠠᠮᠵᠢ ᠵᠢ ᠭᠦᠢ᠍ᠴᠡᠳ ᠰᠢᠨᠵᠢᠯᠡᠬᠦ ᠤᠬᠠᠭ᠋ᠠᠨᠴᠢ ᠦᠨᠳᠦᠰᠦᠯᠡᠯ᠎ᠲᠠᠢ ᠭᠡᠵᠦ ᠵᠠᠷᠯᠠᠬᠤ ᠵᠢᠨ ᠬᠠᠮᠲᠤ ᠲᠣᠪᠴᠢᠯᠠᠯ᠎ᠢ ᠢᠯᠡ ᠪᠣᠯᠭ᠋ᠠᠵᠤ᠂ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ ᠭᠡᠵᠦ ᠲᠣᠭᠲᠠᠭ᠋ᠠᠵᠠᠢ᠃ ᠭᠤᠷᠪᠠ᠎ᠳᠤ᠂ ᠭᠤᠶᠤᠯᠠᠯ᠎ᠤᠨ ᠡᠳ᠋᠎ᠤᠨ ᠱᠣᠰᠢᠭ᠎ᠠ ᠳᠡᠭᠡᠷ᠎ᠡ ᠡᠮᠴᠢᠯᠡᠭᠡᠨ᠎ᠤ ᠦᠢ᠍ᠯᠡᠳᠦᠯ᠎ᠲᠠᠢ ᠵᠢ ᠢᠯᠡ ᠪᠤᠶᠤ ᠳᠠᠯᠳᠠ᠎ᠪᠠᠷ ᠢᠯᠡᠳᠬᠡᠬᠦ ᠵᠢ ᠴᠠᠭ᠋ᠠᠵᠠᠯᠠᠵᠤ᠂ ᠬᠤᠳᠠᠯ ᠬᠠᠭᠤᠷᠮᠠᠭ ᠪᠤᠶᠤ ᠬᠥᠮᠦᠨ᠎ᠢ ᠡᠨᠳᠡᠭᠦᠷᠡᠭᠦᠯᠬᠦ ᠠᠭᠤᠯᠭ᠎ᠠ ᠬᠠᠳᠠᠬᠤ ᠵᠢ ᠴᠠᠭ᠋ᠠᠵᠠᠯᠠᠵᠤ᠂ ᠭᠤᠶᠤᠯᠠᠯ᠎ᠤᠨ ᠡᠳ᠋᠎ᠤᠨ ᠵᠠᠷ᠎ᠨᠢ ᠬᠤᠳᠠᠯ ᠬᠠᠭᠤᠷᠮᠠᠭ ᠪᠤᠶᠤ ᠬᠥᠮᠦᠨ᠎ᠢ ᠡᠨᠳᠡᠭᠦᠷᠡᠭᠦᠯᠬᠦ ᠠᠭᠤᠯᠭ᠎ᠠ᠎ᠪᠠᠷ ᠬᠡᠷᠡᠭᠯᠡᠭᠴᠢᠳ᠎ᠢ ᠮᠡᠬᠡᠯᠡᠵᠦ᠂ ᠪᠤᠷᠤᠭᠤ ᠲᠡᠢ᠌ᠰᠢ ᠬᠥᠲᠥᠯᠵᠦ ᠪᠣᠯᠬᠤ ᠦᠭᠡᠶ᠃ ᠲᠦᠷᠪᠡ᠎ᠳᠤ ᠬᠠᠤᠯᠢ ᠵᠢᠨ ᠬᠠᠷᠢᠭᠤᠴᠠᠯᠭ᠎ᠠ ᠵᠢᠨ ᠪᠦᠯᠦᠭ᠎ᠲᠤ ᠵᠣᠬᠢᠴᠠᠩᠭᠤᠢ ᠰᠢᠢ᠍ᠳᠬᠡᠬᠦ ᠲᠦᠷᠢᠮ᠎ᠢ ᠲᠣᠭᠲᠠᠭ᠋ᠠᠪᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ ᠵᠢ ᠬᠡᠷᠡᠭᠵᠢᠭᠦᠯᠬᠦ ᠲᠦᠷᠢᠮ》᠎ᠢ ᠨᠡᠢ᠌ᠲᠡᠯᠡᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠬᠠᠮᠢᠶᠠᠷᠤᠯᠲᠠ ᠵᠢᠨ ᠠᠷᠭ᠎ᠠ (ᠡᠬᠡ ᠨᠤᠤᠷᠠᠭ)》 ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠢ᠌ᠯᠤᠮᠵᠢ
《ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠨ ᠪᠤᠵᠠᠭ᠋ᠠᠢ᠌ᠷᠬᠠᠤ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠢ᠌ᠯᠤᠮᠵᠢ
ᠠᠷᠠᠳ᠎ᠤᠨ ᠶᠠᠪᠤᠳᠠᠯ᠎ᠤᠨ ᠶᠠᠮᠤᠨ 《ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠪᠠᠯᠠ ᠣᠷᠣᠭᠤᠯᠤᠯᠲᠠ ᠵᠢᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠶ ᠬᠠᠷᠢᠭᠤᠯᠲᠠ ᠥᠭᠪᠡ
ᠲᠥᠷᠥ ᠵᠢᠨ ᠶᠠᠪᠤᠳᠠᠯ᠎ᠤᠨ ᠬᠣᠷᠢᠶ᠎ᠠ ᠭᠡᠷᠡᠴᠢ ᠦᠨᠡᠮᠯᠡᠯ᠎ᠢ ᠰᠠᠯᠭ᠋ᠠᠬᠤ ᠥᠭᠡᠷᠡᠴᠢᠯᠡᠯᠲᠡ ᠵᠢ ᠪᠥᠬᠥ ᠤᠯᠤᠰ᠎ᠲᠤ ᠳᠡᠯᠭᠡᠷᠡᠭᠦᠯᠬᠦ ᠲᠤᠬᠠᠶ ᠲᠠᠢ᠌ᠯᠤᠮᠵᠢ ᠬᠢᠪᠠ
 
            