ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ ᠵᠢ ᠬᠡᠷᠡᠭᠵᠢᠭᠦᠯᠬᠦ ᠲᠦᠷᠢᠮ》᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2021-04-22

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢ᠌ᠳ ᠯᠢ ᠺᠸ ᠴᠢᠶᠠᠩ ᠲᠦᠷᠦᠭᠦᠬᠡᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ ᠵᠢ ᠬᠡᠷᠡᠭᠵᠢᠭᠦᠯᠬᠦ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2020 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
     《ᠲᠦᠷᠢᠮ》᠎ᠳᠤ ᠲᠥᠰᠦᠪ᠎ᠤᠨ ᠬᠠᠤᠯᠢ ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠨᠠᠷᠢᠯᠢᠬ᠍ᠵᠢᠭᠤᠯᠵᠤ᠂ ᠣᠢ᠌ᠷ᠎ᠠ ᠵᠢᠨ ᠵᠢᠯ᠎ᠤᠨ ᠲᠤᠷᠰᠢᠬᠢ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠪᠠ ᠲᠥᠰᠦᠪ᠎ᠤᠨ ᠬᠠᠮᠢᠶᠠᠷᠤᠯᠲᠠ ᠵᠢᠨ ᠦᠢᠯᠡᠳᠦᠯᠭᠡ ᠵᠢᠨ ᠦᠷ᠎ᠡ ᠪᠦᠲᠦᠭᠡᠯ᠎ᠢ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠲᠣᠭᠲᠠᠪᠤᠷᠢᠵᠢᠭᠤᠯᠵᠤ᠂ ᠣᠯᠠᠨ ᠨᠡᠢ᠌ᠲᠡ ᠵᠢᠨ ᠡᠳ᠋᠎ᠤᠨ ᠵᠠᠰᠠᠭ᠎ᠤᠨ ᠪᠠᠯᠠ ᠮᠥᠩᠭᠥ ᠵᠢ ᠠᠷᠪᠢᠯᠠᠨ ᠬᠡᠷᠡᠭᠯᠡᠵᠦ ᠠᠷᠠᠳ᠎ᠢ ᠪᠠᠶᠠᠵᠢᠭᠤᠯᠬᠤ ᠵᠢ ᠦᠨᠡᠨ ᠬᠦ᠌ ᠪᠠᠲᠤᠯᠠᠪᠠ᠃ 《ᠲᠦᠷᠢᠮ》᠎ᠨᠢ ᠨᠡᠢ᠌ᠲᠡ 8 ᠪᠦᠯᠦᠭ 97 ᠵᠦᠢᠯ ᠵᠶ᠋ᠡᠷ ᠪᠦᠷᠢᠯᠳᠦᠵᠦ᠂ ᠲᠥᠰᠦᠪ᠎ᠤᠨ ᠣᠷᠣᠯᠭ᠎ᠠ ᠵᠠᠷᠤᠯᠭ᠎ᠠ ᠵᠢᠨ ᠬᠡᠪᠴᠢᠶ᠎ᠡ᠂ ᠲᠥᠰᠦᠪ᠎ᠢ ᠢᠯᠡ ᠪᠣᠯᠭ᠋ᠠᠬᠤ᠂ ᠰᠢᠯᠵᠢᠭᠦᠯᠦᠨ ᠥᠭᠬᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠡᠷᠭᠡ ᠵᠦᠢᠯᠡᠰ᠎ᠲᠤ ᠵᠣᠬᠢᠴᠠᠩᠭᠤᠶ ᠲᠣᠭᠲᠠᠭ᠋ᠠᠯ ᠭᠠᠷᠭ᠋ᠠᠵᠠᠶ᠂ ᠭᠣᠤᠯ ᠠᠭᠤᠯᠭ᠎ᠠ᠎ᠳᠤ᠄
      ᠨᠢᠭᠡ᠎ᠳᠤ ᠲᠥᠰᠦᠪ᠎ᠤᠨ ᠣᠷᠣᠯᠭ᠎ᠠ ᠵᠠᠷᠤᠯᠭ᠎ᠠ ᠵᠢᠨ ᠬᠡᠪᠴᠢᠶ᠎ᠡ ᠵᠢ ᠲᠤᠳᠤᠷᠬᠠᠢ᠌ᠯᠠᠪᠠ᠃ ᠡᠯ᠎ᠡ ᠰᠠᠯᠠᠭ᠎ᠠ ᠮᠥᠴᠢᠷ᠎ᠤᠨ ᠲᠥᠰᠦᠪ᠎ᠲᠤ ᠡᠩ᠎ᠤᠨ ᠤᠯᠠᠨ ᠨᠡᠢ᠌ᠲᠡ ᠵᠢᠨ ᠲᠥᠰᠦᠪ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠬᠦᠷᠦᠨᠭᠭᠡ ᠵᠢᠨ ᠡᠵᠡᠩᠨᠡᠯᠲᠡ ᠵᠢᠨ ᠲᠥᠰᠦᠪ᠎ᠢ ᠲᠤᠰ ᠰᠠᠯᠠᠭ᠎ᠠ ᠮᠥᠴᠢᠷ ᠵᠢᠴᠢ ᠲᠡᠭᠦᠨ᠎ᠤ ᠬᠠᠷᠢᠶ᠎ᠠ ᠡᠯ᠎ᠡ ᠨᠢᠭᠡᠴᠢ᠎ᠳᠤ ᠲᠤᠬᠢᠷᠠᠭᠤᠯᠤᠨ ᠥᠭᠭᠦᠭᠰᠡᠨ ᠪᠤᠢ ᠪᠦᠬᠦᠢ ᠲᠥᠰᠦᠪ᠎ᠤᠨ ᠪᠡᠯᠡ ᠮᠥᠩᠭᠥ ᠵᠢ ᠲᠤᠰᠬᠠᠬᠤ ᠬᠡᠷᠡᠭᠲᠡᠢ ᠭᠡᠵᠦ ᠲᠣᠭᠲᠠᠭ᠋ᠠᠪᠠ᠃ ᠡᠯ᠎ᠡ ᠰᠠᠯᠠᠭ᠎ᠠ ᠮᠥᠴᠢᠷ᠎ᠤᠨ ᠲᠥᠰᠦᠪ᠎ᠤᠨ ᠵᠣᠭᠣᠰ ᠰᠢᠯᠵᠢᠭᠦᠯᠦᠨ ᠥᠭᠬᠦ ᠣᠷᠣᠯᠭ᠎ᠠ ᠪᠠ ᠵᠠᠷᠤᠯᠭ᠎ᠠ ᠵᠢ ᠰᠠᠯᠠᠭ᠎ᠠ ᠮᠥᠴᠢᠷ᠎ᠤᠨ ᠲᠥᠰᠦᠪ᠎ᠲᠤ ᠠᠰ᠎ᠲᠤ᠎ᠨᠢ ᠲᠤᠰᠬᠠᠬᠤ ᠬᠡᠷᠡᠭᠲᠡᠢ᠃
      ᠬᠣᠶᠠᠷ᠎ᠲᠤ ᠲᠥᠰᠦᠪ᠎ᠢ ᠢᠯᠡ ᠪᠣᠯᠭ᠋ᠠᠬᠤ ᠱᠠᠭ᠋ᠠᠷᠳᠠᠯᠭ᠎ᠠ ᠵᠢ ᠴᠢᠩᠭ᠋ᠠᠳᠬᠠᠪᠠ᠃ ᠡᠩ᠎ᠤᠨ ᠴᠢᠨᠠᠷᠲᠠᠢ ᠰᠢᠯᠵᠢᠭᠦᠯᠦᠨ ᠥᠭᠬᠦ ᠵᠢ ᠨᠡᠢ᠌ᠭᠡᠮ᠎ᠳᠤ ᠢᠯᠡ ᠪᠣᠯᠭ᠋ᠠᠬᠤ ᠵᠢ ᠭᠠᠵᠠᠷ ᠣᠷᠣᠨ᠎ᠳᠤ ᠬᠦᠷᠲᠡᠯ᠎ᠡ ᠨᠠᠷᠢᠯᠢᠬ᠍ᠵᠢᠭᠤᠯᠵᠤ᠂ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠭᠠᠵᠠᠷ ᠣᠷᠣᠨ ᠪᠠ ᠵᠦᠢ᠍ᠯᠡᠰ᠎ᠲᠤ ᠬᠦᠷᠲᠡᠯ᠎ᠡ ᠨᠠᠷᠢᠯᠢᠬ᠍ᠵᠢᠭᠤᠯᠬᠤ ᠬᠡᠷᠡᠭᠲᠡᠢ ᠭᠡᠵᠦ ᠲᠣᠭᠲᠠᠭ᠋ᠠᠪᠠ᠃ ᠵᠠᠰᠠᠭ᠎ᠤᠨ ᠣᠷᠳᠣᠨ᠎ᠤ ᠥᠷᠢ ᠥᠭᠴᠡᠭᠡ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠡᠳ᠋᠎ᠤᠨ ᠵᠠᠰᠠᠭ᠎ᠤᠨ ᠲᠤᠰᠬᠠᠶ ᠡᠷᠦᠬᠡ ᠵᠢᠨ ᠪᠠᠯᠠ ᠮᠥᠩᠭᠥ ᠵᠡᠷᠭᠡ ᠪᠠᠢ᠌ᠳᠠᠯ᠎ᠢ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠨᠡᠢ᠌ᠭᠡᠮ᠎ᠳᠤ ᠢᠯᠡ ᠪᠣᠯᠭ᠋ᠠᠨ᠎ᠠ᠃ ᠰᠠᠯᠠᠭ᠎ᠠ ᠮᠥᠴᠢᠷ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠳᠤ ᠦᠨᠳᠦᠰᠦᠨ ᠵᠠᠷᠤᠯᠭ᠎ᠠ ᠪᠠ ᠵᠦᠢ᠍ᠯᠡᠰ᠎ᠤᠨ ᠵᠠᠷᠤᠯᠭ᠎ᠠ ᠵᠢ ᠢᠯᠡ ᠪᠣᠯᠭ᠋ᠠᠬᠤ ᠬᠡᠷᠡᠭᠲᠡᠢ᠃
      ᠭᠤᠷᠪᠠ᠎ᠳᠤ ᠰᠢᠯᠵᠢᠭᠦᠯᠦᠨ ᠥᠭᠬᠦ ᠲᠦᠷᠢᠮ᠎ᠢ ᠲᠡᠭᠦᠯᠳᠡᠷᠵᠢᠭᠦᠯᠪᠡ᠃ ᠡᠩ᠎ᠤᠨ ᠴᠢᠨᠠᠷᠲᠠᠶ ᠰᠢᠯᠵᠢᠭᠦᠯᠦᠨ ᠥᠭᠬᠦ ᠬᠡᠪᠴᠢᠶᠡᠨ᠎ᠳᠤ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠡᠳ᠋᠎ᠤᠨ ᠬᠦᠴᠦᠨ᠎ᠤ ᠨᠥᠬᠥᠪᠥᠷᠢ ᠥᠭᠬᠦ ᠵᠡᠷᠭᠡ ᠵᠢ ᠪᠠᠭᠲᠠᠭ᠋ᠠᠨ᠎ᠠ ᠭᠡᠵᠦ ᠲᠣᠳᠣᠷᠬᠠᠢ᠌ᠯᠠᠪᠠ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠪᠠ ᠪᠤᠴᠠᠭ᠋ᠠᠵᠤ ᠭᠠᠷᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠲᠤᠭᠲᠠᠭ᠋ᠠᠪᠠ᠃
      ᠲᠦᠷᠪᠡ᠎ᠳᠤ ᠲᠥᠰᠦᠪ᠎ᠤᠨ ᠲᠥᠰᠦᠯ᠎ᠢ ᠨᠠᠢ᠌ᠷᠠᠭᠤᠯᠤᠨ ᠵᠣᠬᠢᠶᠠᠬᠤ ᠴᠠᠭ᠎ᠢ ᠲᠣᠳᠣᠷᠬᠠᠢ ᠪᠣᠯᠭ᠋ᠠᠪᠠ᠃ ᠡᠳ᠋᠎ᠤᠨ ᠵᠠᠰᠠᠭ᠎ᠤᠨ ᠶᠠᠮᠤᠨ ᠵᠢᠯ ᠪᠦᠷᠢ ᠵᠢᠨ 6 ᠰᠠᠷ᠎ᠠ ᠵᠢᠨ 15᠎ᠤ ᠡᠳᠦᠷ᠎ᠠᠴᠠ ᠡᠮᠦᠨ᠎ᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠵᠢᠯ ᠪᠦᠷᠢ ᠵᠢᠨ 6 ᠰᠠᠷ᠎ᠠ ᠵᠢᠨ 30᠎ᠤ ᠡᠳᠦᠷ᠎ᠠᠴᠠ ᠡᠮᠦᠨ᠎ᠡ ᠳᠠᠷᠠᠭ᠎ᠠ ᠨᠢᠭᠡ ᠵᠢᠯ᠎ᠤᠨ ᠲᠥᠰᠦᠪ᠎ᠤᠨ ᠲᠥᠰᠦᠯ᠎ᠢ ᠨᠠᠢ᠌ᠷᠠᠭᠤᠯᠤᠨ ᠵᠣᠬᠢᠶᠠᠬᠤ ᠪᠣᠳᠠᠲᠠᠶ ᠵᠦᠢ᠍ᠯᠡᠰ᠎ᠢ ᠪᠠᠢ᠌ᠷᠢᠯᠠᠭᠤᠯᠬᠤ ᠬᠡᠷᠡᠭᠲᠡᠢ ᠭᠡᠵᠦ ᠲᠤᠭᠲᠠᠭ᠋ᠠᠪᠠ᠃
      ᠲᠠᠪᠤ᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭᠴᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭᠴᠡᠭᠡᠨ᠎ᠤ ᠦᠯᠡᠳᠡᠪᠦᠷᠢ ᠲᠣᠭ᠎ᠠ᠎ᠳᠤ ᠬᠢᠵᠠᠭ᠋ᠠᠷ ᠲᠣᠭ᠋ᠠᠨ᠎ᠤ ᠬᠠᠮᠢᠶᠠᠷᠤᠯᠲᠠ ᠶᠠᠪᠤᠭᠤᠯᠬᠤ ᠵᠢ ᠲᠣᠳᠣᠷᠬᠠᠢ᠌ᠯᠠᠵᠤ᠂ ᠡᠯ᠎ᠡ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠤ ᠥᠭᠴᠡᠭᠡᠨ᠎ᠤ ᠬᠢᠵᠠᠭ᠋ᠠᠷ ᠲᠣᠭ᠎ᠠ ᠵᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠲᠡᠭᠦᠨ᠎ᠤ ᠪᠠᠢ᠌ᠩᠭᠤ ᠵᠢᠨ ᠬᠣᠷᠢᠶᠠᠨ᠎ᠤ ᠵᠥᠪᠰᠢᠶᠡᠷᠡᠭᠰᠡᠨ ᠶᠡᠷᠦᠩᠬᠡᠢ ᠬᠢᠵᠠᠭ᠋ᠠᠷ ᠲᠣᠭ᠋ᠠᠨ᠎ᠤ ᠳᠣᠲᠣᠷ᠎ᠠ ᠲᠦᠷᠦ ᠵᠢᠨ ᠶᠠᠪᠤᠳᠠᠯ᠎ᠤᠨ ᠬᠣᠷᠢᠢ᠎ᠠ᠎ᠪᠠᠷ ᠵᠥᠪᠰᠢᠶᠡᠷᠡᠭᠦᠯᠦᠨ᠎ᠡ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠦᠭᠰᠢᠭᠦᠷᠢ ᠵᠢ ᠦᠨᠡᠯᠡᠨ ᠵᠢᠱ᠌ᠢᠬᠦ ᠭᠦᠢᠴᠡᠳᠬᠡᠯ ᠲᠣᠭ᠎ᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠥᠷᠢ ᠥᠭᠴᠡᠭᠡ ᠵᠢᠨ ᠲᠦᠭᠰᠢᠭᠦᠷᠢ ᠶᠡᠬᠡᠲᠡᠶ ᠭᠠᠵᠠᠷ ᠣᠷᠣᠨ᠎ᠳᠤ ᠤᠷᠢᠳᠴᠢᠯᠠᠨ ᠰᠡᠷᠡᠮᠵᠢᠯᠡᠭᠦᠯᠬᠦ ᠵᠢ ᠳᠤᠷᠠᠳᠬᠤ ᠵᠢᠨ ᠬᠠᠮᠲᠤ᠂ ᠥᠷᠢ ᠥᠭᠴᠡᠭᠡ ᠵᠢᠨ ᠲᠦᠭᠰᠢᠭᠦᠷᠢ ᠵᠢ ᠠᠷᠢᠯᠭ᠋ᠠᠬᠤ᠎ᠳᠤ ᠬᠢᠨᠠᠯᠲᠠ ᠲᠠᠯᠪᠢᠬᠤ ᠬᠡᠷᠡᠭᠲᠡᠶ᠃
      ᠵᠢᠷᠭᠤᠭ᠎ᠠ᠎ᠳᠤ ᠡᠳ᠋᠎ᠤᠨ ᠵᠠᠰᠠᠭ᠎ᠤᠨ ᠲᠤᠰᠬᠠᠶ ᠲᠠᠩᠰᠠᠨ ᠡᠷᠦᠬᠡ ᠵᠢ ᠵᠢᠷᠤᠮᠵᠢᠭᠤᠯᠪᠠ᠃ ᠡᠳ᠋᠎ᠤᠨ ᠵᠠᠰᠠᠭ᠎ᠤᠨ ᠲᠤᠰᠬᠠᠶ ᠡᠷᠦᠬᠡ ᠵᠢ ᠲᠣᠳᠣᠷᠬᠠᠶ ᠭᠠᠷᠭ᠋ᠠᠬᠤ ᠪᠠ ᠬᠤᠪᠢᠷᠠᠭᠤᠯᠬᠤ ᠵᠢ ᠡᠳ᠋᠎ᠤᠨ ᠵᠠᠰᠠᠭ᠎ᠤᠨ ᠶᠠᠮᠤᠨ᠎ᠠᠴᠠ ᠬᠢᠨᠠᠨ ᠵᠥᠪᠰᠢᠶᠡᠷᠡᠵᠦ᠂ ᠡᠳ᠋᠎ᠤᠨ ᠵᠠᠰᠠᠭ᠎ᠤᠨ ᠲᠤᠰᠬᠠᠶ ᠡᠷᠦᠬᠡ ᠵᠢᠨ ᠪᠠᠯᠠ ᠮᠥᠩᠭᠥ ᠵᠢ ᠲᠣᠰ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠬᠠᠮᠢᠶᠠᠷᠴᠤ᠂ ᠨᠢᠭᠡᠳᠦᠯᠲᠡᠶ ᠨᠢᠭᠲᠠᠯᠠᠨ ᠪᠤᠳᠤᠬᠤ ᠲᠣᠭ᠋ᠠᠴᠠᠭ᠎ᠠ᠎ᠳᠤ ᠣᠷᠣᠭᠤᠯᠬᠤ ᠵᠢᠨ ᠬᠠᠮᠲᠤ᠂ ᠲᠥᠰᠦᠪ᠎ᠢ ᠭᠦᠢᠴᠡᠳᠬᠡᠭᠰᠡᠨ ᠪᠠᠢ᠌ᠳᠠᠯ᠂ ᠲᠥᠰᠦᠪ᠎ᠤᠨ ᠭᠦᠢᠴᠡᠳᠬᠡᠯ ᠪᠠ ᠵᠠᠰᠠᠭ᠎ᠤᠨ ᠣᠷᠳᠣᠨ᠎ᠤ ᠶᠡᠷᠦᠩᠬᠡᠢ᠌ᠯᠡᠭᠰᠡᠨ ᠡᠳ᠋᠎ᠤᠨ ᠶᠠᠪᠤᠳᠠᠯ᠎ᠤᠨ ᠮᠡᠳᠡᠭᠦᠯᠦᠯᠲᠡ᠎ᠳᠤ ᠲᠤᠰᠠᠭ᠋ᠠᠷ ᠲᠤᠰᠬᠠᠨ᠎ᠠ᠃
      ᠡᠭᠦᠨ᠎ᠠᠴᠠ ᠭᠠᠳᠠᠨ᠎ᠠ᠂ 《ᠲᠦᠷᠢᠮ》᠎ᠳᠤ ᠪᠠᠰᠠ ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠡᠵᠡᠩᠨᠡᠯᠲᠡ ᠵᠢᠨ ᠲᠥᠰᠦᠪ᠂ ᠨᠡᠢ᠌ᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠤᠨ ᠬᠣᠯᠪᠣᠭᠳᠠᠯ ᠪᠥᠬᠥᠶ ᠵᠦᠢᠯᠡᠰ᠂ ᠳᠠᠪᠠᠭᠤᠯᠤᠨ ᠬᠤᠷᠢᠶᠠᠭᠰᠠᠨ ᠪᠠ ᠳᠤᠲᠠᠭᠤ ᠬᠤᠷᠢᠶᠠᠭᠰᠠᠨ᠎ᠢ ᠰᠢᠢᠳᠪᠦᠷᠢᠯᠡᠬᠦ᠂ ᠡᠳ᠋᠎ᠤᠨ ᠵᠠᠰᠠᠭ ᠪᠠ ᠬᠢᠨᠠᠨ ᠪᠤᠳᠤᠯᠲᠠ ᠵᠢᠨ ᠬᠢᠨᠠᠯᠲᠠ ᠵᠢ ᠴᠢᠩᠭ᠋ᠠᠳᠬᠠᠬᠤ᠂ ᠵᠠᠰᠠᠭ᠎ᠤᠨ ᠣᠷᠳᠣᠨ᠎ᠤ ᠶᠡᠷᠦᠩᠬᠡᠢ᠌ᠯᠡᠭᠰᠡᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠬᠡᠪᠴᠢᠶ᠎ᠡ ᠵᠡᠷᠭᠡ᠎ᠳᠤ ᠲᠣᠭᠲᠠᠭ᠋ᠠᠯ ᠭᠠᠷᠭ᠋ᠠᠵᠠᠶ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠬᠠᠮᠢᠶᠠᠷᠤᠯᠲᠠ ᠵᠢᠨ ᠠᠷᠭ᠎ᠠ (ᠡᠬᠡ ᠨᠤᠤᠷᠠᠭ)》 ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠢ᠌ᠯᠤᠮᠵᠢ
《ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠨ ᠪᠤᠵᠠᠭ᠋ᠠᠢ᠌ᠷᠬᠠᠤ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠢ᠌ᠯᠤᠮᠵᠢ
ᠠᠷᠠᠳ᠎ᠤᠨ ᠶᠠᠪᠤᠳᠠᠯ᠎ᠤᠨ ᠶᠠᠮᠤᠨ 《ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠪᠠᠯᠠ ᠣᠷᠣᠭᠤᠯᠤᠯᠲᠠ ᠵᠢᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠶ ᠬᠠᠷᠢᠭᠤᠯᠲᠠ ᠥᠭᠪᠡ
ᠲᠥᠷᠥ ᠵᠢᠨ ᠶᠠᠪᠤᠳᠠᠯ᠎ᠤᠨ ᠬᠣᠷᠢᠶ᠎ᠠ ᠭᠡᠷᠡᠴᠢ ᠦᠨᠡᠮᠯᠡᠯ᠎ᠢ ᠰᠠᠯᠭ᠋ᠠᠬᠤ ᠥᠭᠡᠷᠡᠴᠢᠯᠡᠯᠲᠡ ᠵᠢ ᠪᠥᠬᠥ ᠤᠯᠤᠰ᠎ᠲᠤ ᠳᠡᠯᠭᠡᠷᠡᠭᠦᠯᠬᠦ ᠲᠤᠬᠠᠶ ᠲᠠᠢ᠌ᠯᠤᠮᠵᠢ ᠬᠢᠪᠠ
《ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠠᠷᠭ᠎ᠠ (ᠰᠠᠨᠠᠯ ᠬᠤᠷᠢᠶᠠᠬᠤ ᠨᠣᠤᠷᠠᠭ)》 ᠵᠢᠨ ᠲᠤᠬᠠᠶ ᠲᠣᠳᠣᠷᠬᠠᠢ᠌ᠯᠠᠯᠲᠠ
 
            