ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠲᠣᠭᠲᠠᠴᠠ ᠵᠢ ᠲᠡᠭᠦᠯᠳᠡᠷᠵᠢᠭᠦᠯᠵᠦ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ——ᠬᠠᠤᠯᠢᠴᠢ ᠵᠢᠨ ᠠᠵᠢᠯ᠎ᠤᠨ ᠭᠠᠵᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠺᠣᠮᠫᠠᠨᠢ ᠵᠢᠨ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢ ᠢᠳᠡᠪᠬᠢᠲᠡᠶ ᠲᠣᠭᠲᠠᠭ᠋ᠠᠵᠤ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2021-04-22

      ᠠᠯᠪᠠᠨ ᠲᠤᠰᠢᠶᠠᠯᠲᠤ ᠺᠣᠮᠫᠠᠨᠢ ᠵᠢᠨ ᠬᠠᠤᠯᠢᠴᠢ ᠵᠢᠨ ᠠᠵᠢᠯ᠎ᠤᠨ ᠭᠦᠨᠵᠡᠭᠡᠶ ᠥᠷᠨᠢᠯᠲᠡ ᠵᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ ᠵᠢᠨ ᠬᠠᠤᠯᠢᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ ᠵᠢᠨ ᠬᠠᠤᠯᠢᠴᠢ ᠵᠢᠨ ᠡᠭᠦᠷᠭᠡ ᠴᠢᠳᠠᠪᠤᠷᠢ ᠵᠢᠨ ᠦᠢᠯᠡᠳᠦᠯ᠎ᠢ ᠪᠠᠳᠠᠷᠠᠭᠤᠯᠬᠤ ᠵᠢᠨ ᠲᠥᠯᠥᠭᠡ᠂ ᠬᠠᠤᠯᠢ ᠴᠠᠭ᠋ᠠᠵᠠ ᠵᠢᠨ ᠲᠢᠩᠬᠢᠮ ᠣᠢ᠌ᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠺᠣᠮᠫᠠᠨᠢ ᠵᠢᠨ ᠬᠠᠤᠯᠢᠴᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ ᠵᠢᠨ ᠬᠠᠤᠯᠢᠴᠢ ᠵᠢᠨ ᠲᠤᠰᠢᠶᠠᠯ ᠡᠭᠦᠷᠭᠡᠯᠡᠬᠦ ᠨᠥᠬᠥᠴᠡᠯ᠂ ᠵᠢᠷᠤᠮ᠂ ᠠᠵᠢᠯ ᠮᠡᠷᠭᠡᠵᠢᠯ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠃ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠡᠩᠨᠡᠭᠡᠨ᠎ᠤ ᠪᠠᠢ᠌ᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠴᠤ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠪᠦᠬᠦᠯᠢ ᠴᠣᠭᠴᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠪᠡ᠃
      ᠣᠢ᠌ᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠡᠩᠨᠡᠭᠡ ᠲᠦᠷᠭᠡᠨ ᠬᠥᠭᠵᠢᠪᠡ᠃ ᠣᠳᠣᠬᠠᠨ ᠪᠣᠯᠲᠠᠯ᠎ᠠ᠂ ᠪᠥᠬᠥ ᠣᠷᠣᠨ᠎ᠳᠤ ᠨᠡᠢ᠌ᠲᠡ 770 ᠠᠯᠪᠠᠨ ᠲᠤᠰᠢᠶᠠᠯᠲᠤ ᠬᠠᠤᠯᠢᠴᠢ᠂ 91 ᠺᠣᠮᠫᠠᠨᠢ ᠵᠢᠨ ᠬᠠᠤᠯᠢᠴᠢ ᠪᠣᠶ᠃ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠵᠢᠨ ᠬᠠᠤᠯᠢᠴᠢ ᠵᠢᠨ ᠡᠩᠨᠡᠭᠡ ᠦᠳᠲᠡᠷ ᠲᠦᠷᠭᠡᠨ ᠪᠤᠵᠠᠭ᠋ᠠᠢ᠌ᠷᠠᠵᠤ᠂ ᠮᠠᠨ᠎ᠤ ᠣᠷᠣᠨ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠪᠠ ᠠᠵᠤ ᠠᠬᠤᠢ᠌ᠯᠠᠯ᠎ᠤᠨ ᠬᠠᠤᠯᠢ ᠲᠣᠭᠲᠠᠭ᠋ᠠᠯ ᠶᠣᠰᠣᠭ᠋ᠠᠷ ᠡᠵᠡᠩᠨᠡᠬᠦ᠎ᠳᠤ ᠨᠥᠬᠥᠴᠡᠯ ᠬᠠᠩᠭ᠋ᠠᠪᠠ᠃
      ᠲᠣᠰ ᠠᠷᠭ᠎ᠠ ᠵᠢ ᠲᠣᠭᠲᠠᠭ᠋ᠠᠭᠰᠠᠨ᠎ᠨᠢ ᠭᠣᠤᠯᠳᠠᠭᠤ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠡᠷᠬᠡ ᠡᠭᠦᠷᠭᠡ᠂ ᠬᠠᠷᠢᠭᠤᠴᠠᠯᠭ᠎ᠠ ᠲᠤᠰᠢᠶᠠᠯ ᠬᠠᠷᠢᠭᠤᠴᠠᠯᠭ᠎ᠠ᠂ ᠡᠭᠦᠷᠭᠡ ᠴᠢᠳᠠᠪᠤᠷᠢ ᠵᠢᠨ ᠦᠢᠯᠡᠳᠦᠯ᠎ᠢ ᠨᠠᠷᠢᠯᠢᠬ᠍ᠵᠢᠭᠤᠯᠤᠨ ᠲᠣᠭᠲᠠᠭ᠋ᠠᠵᠤ᠂ ᠡᠷᠬᠡ ᠡᠭᠦᠷᠭᠡ ᠵᠢᠨ ᠲᠠᠯ᠎ᠠ᠎ᠪᠠᠷ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ᠎ᠲᠠᠢ ᠠᠭᠤᠯᠵᠠᠬᠤ᠂ ᠡᠪᠬᠡᠮᠡᠯ ᠦᠵᠡᠬᠦ᠂ ᠥᠮᠥᠭᠯᠡᠬᠦ ᠬᠠᠤᠯᠢᠴᠢ ᠵᠢᠨ ᠠᠵᠢᠯ ᠡᠷᠭᠢᠯᠡᠬᠦ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠤ ᠬᠣᠯᠪᠣᠭᠳᠠᠬᠤ ᠮᠡᠳᠡᠭᠡ ᠵᠠᠩᠭᠢ᠂ ᠪᠢᠴᠢᠭ ᠮᠠᠲ᠋ᠧᠷᠢᠶᠠᠯ᠂ ᠮᠠᠲ᠋ᠧᠷᠢᠶᠠᠯ ᠵᠢᠴᠢ ᠪᠤᠰᠤᠳ ᠡᠷᠬᠡᠪᠰᠢ ᠱᠠᠭ᠋ᠠᠷᠳᠠᠭᠳᠠᠬᠤ ᠠᠵᠢᠯ᠎ᠤᠨ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠶ ᠪᠣᠯᠭ᠋ᠠᠪᠠ᠃ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠠᠵᠢᠯ ᠡᠷᠭᠢᠯᠡᠬᠦ ᠵᠢ ᠬᠢᠨᠠᠨ ᠬᠠᠮᠢᠶᠠᠷᠬᠤ ᠲᠣᠭᠲᠠᠴᠠ ᠵᠢ ᠴᠢᠩᠭ᠎ᠠ ᠵᠢᠷᠤᠮᠵᠢᠭᠤᠯᠵᠤ᠂ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠪᠠᠢ᠌ᠭᠤᠯᠤᠮᠵᠢ᠎ᠳᠤ ᠲᠤᠰᠢᠶᠠᠯ ᠬᠠᠪᠰᠤᠷᠭ᠋ᠠᠬᠤ ᠵᠢᠴᠢ ᠬᠠᠤᠯᠢ ᠴᠠᠭ᠋ᠠᠵᠠ ᠵᠢᠨ ᠦᠢᠯᠡᠴᠢᠯᠡᠭᠡ ᠬᠢᠬᠦ ᠵᠡᠷᠭᠡ ᠠᠵᠢᠯ᠎ᠢ ᠬᠢᠵᠦ ᠪᠣᠯᠬᠤ ᠥᠬᠡᠶ᠃ ᠡᠭᠦᠷᠭᠡ ᠴᠢᠳᠠᠪᠤᠷᠢ ᠵᠢᠨ ᠦᠢ᠍ᠯᠡᠳᠦᠯ᠎ᠤᠨ ᠲᠠᠯ᠎ᠠ᠎ᠪᠠᠷ᠂ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠬᠠᠤᠯᠢ ᠶᠣᠰᠣᠭ᠋ᠠᠷ ᠲᠥᠷᠥ ᠪᠠᠷᠢᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠬᠠᠤᠯᠢ ᠶᠣᠰᠣᠭ᠋ᠠᠷ ᠡᠵᠡᠩᠨᠡᠬᠦ᠂ ᠬᠠᠤᠯᠢ ᠶᠣᠰᠣᠭ᠋ᠠᠷ ᠬᠠᠮᠢᠶᠠᠷᠬᠤ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ᠃ ᠠᠯᠪᠠᠨ ᠲᠤᠰᠢᠶᠠᠯᠲᠤ ᠬᠠᠤᠯᠢᠴᠢ ᠪᠣᠯᠤᠨ ᠺᠣᠮᠫᠠᠨᠢ ᠵᠢᠨ ᠬᠠᠤᠯᠢᠴᠢ ᠵᠢᠨ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢᠳᠪᠦᠷᠢᠯᠡᠬᠦ᠂ ᠵᠥᠷᠢᠴᠡᠯ ᠵᠢᠭᠤᠷᠠᠯᠳᠤᠭ᠋ᠠᠨ᠎ᠢ ᠠᠷᠢᠯᠭ᠋ᠠᠬᠤ ᠪᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠬᠦ᠎ᠳᠤ ᠣᠷᠣᠯᠴᠠᠬᠤ ᠡᠭᠦᠷᠭᠡ ᠴᠢᠳᠠᠪᠤᠷᠢ ᠵᠢᠨ ᠦᠢᠯᠡᠳᠦᠯ᠎ᠢ ᠳᠡᠭᠡᠭᠰᠢᠯᠡᠭᠦᠯᠦᠨ᠎ᠡ᠃ ᠡᠨᠡ ᠬᠣᠶᠠᠷ ᠠᠷᠭ᠎ᠠ᠎ᠨᠢ ᠬᠣᠶᠠᠷ ᠠᠯᠪᠠᠨ ᠬᠠᠤᠯᠢᠴᠢ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠢ᠌ᠭᠡᠮᠯᠢᠭ᠎ᠤᠨ ᠭᠡᠰᠢᠭᠦᠨ ᠪᠣᠯᠬᠤ ᠵᠢᠴᠢ ᠡᠳ᠋ᠯᠡᠬᠦ ᠡᠷᠬᠡ ᠪᠠ ᠭᠦᠢᠴᠡᠳᠬᠡᠬᠦ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠠᠤᠯᠢ ᠴᠠᠭ᠋ᠠᠵᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠭᠣᠶᠣᠯᠠᠯ᠎ᠤᠨ ᠡᠳ᠋᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ》᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ ᠵᠢ ᠬᠡᠷᠡᠭᠵᠢᠭᠦᠯᠬᠦ ᠲᠦᠷᠢᠮ》᠎ᠢ ᠨᠡᠢ᠌ᠲᠡᠯᠡᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠬᠠᠮᠢᠶᠠᠷᠤᠯᠲᠠ ᠵᠢᠨ ᠠᠷᠭ᠎ᠠ (ᠡᠬᠡ ᠨᠤᠤᠷᠠᠭ)》 ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠢ᠌ᠯᠤᠮᠵᠢ
《ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠨ ᠪᠤᠵᠠᠭ᠋ᠠᠢ᠌ᠷᠬᠠᠤ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠠᠢ᠌ᠯᠤᠮᠵᠢ
ᠠᠷᠠᠳ᠎ᠤᠨ ᠶᠠᠪᠤᠳᠠᠯ᠎ᠤᠨ ᠶᠠᠮᠤᠨ 《ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠪᠠᠯᠠ ᠣᠷᠣᠭᠤᠯᠤᠯᠲᠠ ᠵᠢᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠶ ᠬᠠᠷᠢᠭᠤᠯᠲᠠ ᠥᠭᠪᠡ
 
            