ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠬᠠᠤᠯᠢ ᠴᠠᠭ᠋ᠠᠵᠠ ᠵᠢᠨ ᠶᠠᠮᠤᠨ᠎ᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ 《ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠨ ᠪᠤᠵᠠᠭ᠋ᠠᠢ᠌ᠷᠬᠠᠤ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ ᠬᠠᠤᠯᠢᠵᠢᠯ᠎ᠤᠨ ᠠᠷᠠᠯᠵᠢᠶ᠎ᠠ ᠡᠵᠡᠩᠨᠡᠬᠦ ᠣᠷᠴᠢᠨ᠎ᠢ ᠳᠠᠬᠢᠨ ᠰᠢᠯᠢᠳᠡᠭᠵᠢᠭᠦᠯᠬᠦ᠂ ᠬᠠᠤᠯᠢ ᠴᠠᠭ᠋ᠠᠵᠠ ᠵᠢᠨ ᠦᠢᠯᠡᠴᠢᠯᠡᠭᠡ ᠬᠠᠩᠭ᠋ᠠᠬᠤ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠳᠠᠬᠢᠨ ᠮᠣᠷᠳᠠᠬᠤ ᠵᠢ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠪᠠᠲᠤᠯᠠᠬᠤ᠎ᠳᠤ ᠪᠥᠬᠥ ᠬᠦᠴᠦᠨ ᠵᠶ᠋ᠡᠷ ᠦᠢ᠍ᠯᠡᠴᠢᠯᠡᠨ᠎ᠡ᠃
《ᠬᠡᠷᠡᠭᠵᠢᠭᠦᠯᠬᠦ ᠰᠠᠨᠠᠯ》᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠵᠤ᠂ ᠰᠠᠢ᠌ᠨ ᠰᠠᠢ᠌ᠬᠠᠨ ᠬᠠᠤᠯᠢᠵᠢᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠵᠤ᠂ ᠴᠢᠨᠠᠷ ᠰᠠᠢ᠌ᠲᠠᠶ ᠬᠠᠤᠯᠢ ᠴᠠᠭ᠋ᠠᠵᠠ ᠵᠢᠨ ᠦᠢᠯᠡᠴᠢᠯᠡᠭᠡ ᠬᠠᠩᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠡᠷᠡᠭᠦᠯ ᠵᠶ᠋ᠡᠷ ᠬᠥᠭᠵᠢᠬᠦ ᠵᠢ ᠪᠠᠲᠤᠯᠠᠨ ᠠᠬᠢᠭᠤᠯᠬᠤ 《17 ᠵᠦᠢᠯ᠎ᠤᠨ ᠠᠵᠢᠯ᠎ᠤᠨ ᠰᠠᠨᠠᠯ》᠎ᠢ ᠨᠡᠢ᠌ᠲᠡᠯᠡᠪᠡ᠄ 1 . ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠡᠭᠦᠯᠳᠡᠷᠵᠢᠭᠦᠯᠦᠨ᠎ᠡ; 2 . ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ᠎ᠳᠤ ᠠᠰᠢᠭ ᠥᠬᠡᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠥᠬᠥ ᠲᠠᠯ᠎ᠠ᠎ᠪᠠᠷ ᠢᠯᠭ᠋ᠠᠷᠠᠭᠤᠯᠤᠨ᠎ᠠ; 3 . ᠠᠵᠤ ᠠᠬᠤᠢ᠌ᠯᠠᠯ᠎ᠳᠤ ᠬᠣᠯᠪᠣᠭᠳᠠᠭᠰᠠᠨ ᠲᠥᠷᠥ ᠵᠢᠨ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠲᠡᠭᠦᠯᠳᠡᠷᠵᠢᠭᠦᠯᠦᠨ᠎ᠡ; 4 . ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ; 5 . ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠬᠤ᠎ᠳᠤ ᠬᠢᠨᠠᠯᠲᠠ ᠲᠠᠯᠪᠢᠬᠤ ᠡᠷᠴᠢᠮ᠎ᠢ ᠴᠢᠩᠭ᠋ᠠᠷᠠᠭᠤᠯᠤᠨ᠎ᠠ; 6 . ᠡᠷᠬᠡ ᠲᠡᠭᠰᠢ ᠲᠥᠪ ᠭᠣᠤᠯᠴᠢ᠎ᠪᠠᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠨ᠎ᠠ; 7 . ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠢᠷᠤᠮᠵᠢᠭᠤᠯᠤᠨ᠎ᠠ; 8 . ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ; 9 . ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠶᠡᠬᠡ᠎ᠪᠠᠷ ᠠᠬᠢᠭᠤᠯᠤᠨ᠎ᠠ; 10 . 《ᠦᠨᠡᠮᠯᠡᠯ᠎ᠢ ᠴᠥᠭᠡᠳᠬᠡᠵᠦ ᠠᠷᠠᠳ᠎ᠲᠤ ᠲᠥᠬᠥᠮ ᠦᠵᠡᠭᠦᠯᠬᠦ》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ; 11 . ᠣᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠲᠠᠪᠴᠠᠩ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠦᠢᠯᠡᠴᠢᠯᠡᠬᠦ ᠴᠢᠳᠠᠮᠵᠢ ᠵᠢ ᠪᠠᠳᠠᠷᠠᠭᠤᠯᠤᠨ᠎ᠠ; 12 . ᠬᠠᠤᠯᠢᠴᠢ ᠵᠢ ᠵᠣᠬᠢᠶᠠᠨ ᠪᠠᠢ᠌ᠭᠤᠯᠵᠤ ᠬᠥᠲᠥᠯᠥᠨ ᠵᠢᠯᠣᠭᠣᠳᠴᠤ ᠪᠠᠢ᠌ᠭ᠋ᠠᠳ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠢᠳᠡᠪᠬᠢᠲᠡᠶ ᠦᠢᠯᠡᠴᠢᠯᠡᠭᠦᠯᠦᠨ᠎ᠡ; 13 . ᠠᠯᠪᠠᠨ ᠭᠡᠷᠡᠴᠢᠯᠡᠭᠡ ᠵᠢᠨ ᠰᠢᠨ᠎ᠡ ᠵᠢ ᠡᠭᠦᠳᠬᠦ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠦᠢᠯᠡᠴᠢᠯᠡᠬᠦ ᠠᠵᠢᠯ᠎ᠢ ᠥᠷᠭᠡᠳᠬᠡᠨ᠎ᠡ; 14 . ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠤᠨ ᠲᠣᠭᠲᠠᠴᠠ ᠵᠢ ᠪᠠᠢ᠌ᠭᠤᠯᠤᠨ᠎ᠠ; 15 . ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠢᠷᠭᠡᠨ᠎ᠤ ᠪᠠ ᠬᠤᠳᠠᠯᠳᠤᠭ᠋ᠠᠨ᠎ᠤ ᠶᠠᠪᠤᠳᠠᠯ᠎ᠤᠨ ᠵᠢᠭᠤᠷᠠᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠠᠵᠢᠯ᠎ᠢ ᠠᠬᠢᠭᠤᠯᠤᠨ᠎ᠠ; 16 . ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠢᠳᠡᠪᠬᠢᠲᠡᠶ᠎ᠪᠠᠷ ᠰᠠᠢ᠌ᠲᠤᠷ ᠬᠢᠨ᠎ᠡ; 17 . ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ᠃
《ᠬᠡᠷᠡᠭᠵᠢᠭᠦᠯᠬᠦ ᠰᠠᠨᠠᠯ》᠎ᠳᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠬᠠᠤ ᠵᠢ ᠠᠬᠢᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠬᠠᠮᠢᠶ᠎ᠠ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭ᠋ᠠᠬᠤ ᠵᠢ ᠲᠦᠷᠭᠡᠳᠬᠡᠨ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢ ᠠᠬᠢᠭᠤᠯᠬᠤ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠨ᠎ᠠ; ᠵᠢᠷᠤᠮᠵᠢᠯ᠎ᠲᠠᠢ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ᠎ᠳᠤ ᠦᠨᠡᠨ ᠬᠦ᠌ ᠰᠠᠢ᠌ᠨ ᠰᠠᠢ᠌ᠬᠠᠨ ᠬᠠᠤᠯᠢᠵᠢᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠭᠦᠨ᠎ᠡ; ᠣᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠬᠡᠯᠪᠡᠷᠢ ᠵᠢᠨ ᠰᠢᠨ᠎ᠡ ᠵᠢ ᠡᠭᠦᠳᠴᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ᠎ᠳᠤ ᠴᠢᠨᠠᠷ ᠰᠠᠢ᠌ᠲᠠᠶ ᠥᠨᠳᠥᠷ ᠪᠦᠲᠦᠮᠵᠢᠲᠡᠶ ᠬᠠᠤᠯᠢ ᠴᠠᠭ᠋ᠠᠵᠠ ᠵᠢᠨ ᠦᠢᠯᠡᠴᠢᠯᠡᠭᠡ ᠵᠢ ᠬᠦᠴᠦᠯᠡᠨ ᠬᠠᠩᠭ᠋ᠠᠨ᠎ᠠ; ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠦᠢ᠍ᠯᠡᠴᠢᠯᠡᠬᠦ ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃