ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠠᠷᠭ᠎ᠠ (ᠰᠠᠨᠠᠯ ᠬᠤᠷᠢᠶᠠᠬᠤ ᠨᠣᠤᠷᠠᠭ)》 ᠵᠢᠨ ᠲᠤᠬᠠᠶ ᠲᠣᠳᠣᠷᠬᠠᠢ᠌ᠯᠠᠯᠲᠠ
ᠨᠡᠶ᠋ᠢᠲᠡᠯᠡᠭᠰᠡᠨ ᠴᠠᠭ᠄ 2021-05-10

      ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠴᠢᠩᠳᠠᠯᠠᠬᠤ ᠵᠢᠨ ᠲᠥᠯᠥᠭᠡ᠂ 《ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ》 ᠵᠡᠷᠭᠡ ᠲᠣᠭᠲᠠᠭ᠋ᠠᠯ᠎ᠢ ᠦᠨᠳᠦᠰᠦᠯᠡᠨ᠂ ᠬᠠᠤᠯᠢ ᠴᠠᠭ᠋ᠠᠵᠠ ᠵᠢᠨ ᠶᠠᠮᠤᠨ᠎ᠠᠴᠠ 《ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠠᠷᠭ᠎ᠠ (ᠰᠠᠨᠠᠯ ᠬᠤᠷᠢᠶᠠᠬᠤ ᠨᠣᠤᠷᠠᠭ)》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠤᠭᠤᠷᠪᠢᠨ ᠪᠢᠴᠢᠪᠡ  ᠃ ᠪᠣᠳᠠᠲᠠᠢ ᠠᠭᠤᠯᠭ᠎ᠠ᠎ᠨᠢ ᠳᠣᠣᠷᠠᠬᠢ ᠮᠡᠲᠦ᠄
      ᠨᠢᠭᠡ᠂ 《ᠠᠷᠭ᠎ᠠ》 ᠵᠢ ᠲᠤᠭᠤᠷᠪᠢᠭᠰᠠᠨ ᠠᠬᠤᠶ ᠪᠠᠢ᠌ᠳᠠᠯ
     2015 ᠣᠨ᠎ᠤ 9 ᠰᠠᠷ᠎ᠠ ᠵᠢᠨ 30᠎ᠤ ᠡᠳᠦᠷ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠲᠦᠷᠢᠮ᠎ᠢ ᠲᠡᠭᠦᠯᠳᠡᠷᠵᠢᠭᠦᠯᠬᠦ ᠲᠤᠬᠠᠶ ᠰᠠᠨᠠᠯ》 ᠪᠠ 2017 ᠣᠨ᠎ᠤ 9 ᠰᠠᠷ᠎ᠠ ᠵᠢᠨ 1᠎ᠤ ᠡᠳᠦᠷ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢ ᠶᠢᠰᠦᠳᠦᠭᠡᠷ ᠬᠤᠷᠠᠯᠳᠤᠭ᠋ᠠᠨ᠎ᠠᠴᠠ ᠬᠢᠨᠠᠨ ᠶᠠᠷᠢᠯᠴᠠᠵᠤ ᠪᠠᠲᠤᠯᠠᠭᠰᠠᠨ 《〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠵᠢᠨ ᠲᠤᠰᠢᠶᠠᠯᠲᠠᠨ᠎ᠤ ᠬᠠᠤᠯᠢ〉 ᠵᠡᠷᠭᠡ ᠨᠠᠢᠮᠠᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠪᠡᠯ᠂ 2018 ᠣᠨ᠎ᠠᠴᠠ ᠡᠬᠢᠯᠡᠨ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠲᠦᠷᠢᠮ᠎ᠢ ᠵᠢᠩᠬᠢᠨᠢ᠎ᠪᠠᠷ ᠬᠡᠷᠡᠭᠵᠢᠭᠦᠯᠦᠨ᠎ᠡ᠃ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠰᠢᠯᠭ᠋ᠠᠯᠲᠠ ᠵᠢᠨ ᠰᠤᠷᠲᠠᠯ ᠰᠠᠬᠢᠯᠭ᠎ᠠ ᠪᠠᠲᠤ ᠵᠢ ᠴᠢᠩᠳᠠᠯᠠᠨ᠂ ᠰᠢᠯᠭ᠋ᠠᠯᠲᠠ ᠵᠢᠨ ᠡᠷᠬᠡ ᠲᠡᠭᠰᠢ᠂ ᠲᠥᠪ ᠭᠣᠤᠯᠴᠢ ᠪᠠᠢ᠌ᠬᠤ ᠵᠢ ᠦᠨᠡᠨ ᠬᠦ᠌ ᠪᠠᠲᠤᠯᠠᠵᠤ᠂ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠰᠢᠯᠢᠨ ᠰᠣᠩᠭᠣᠬᠤ ᠰᠢᠨᠵᠢᠯᠡᠬᠦ ᠤᠬᠠᠭ᠋ᠠᠨᠴᠢ ᠴᠢᠨᠠᠷ ᠪᠠ ᠣᠯᠠᠨ ᠨᠡᠢ᠌ᠲᠡ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ ᠵᠢᠨ ᠲᠥᠯᠥᠭᠡ᠂ ᠬᠠᠤᠯᠢ ᠴᠠᠭ᠋ᠠᠵᠠ ᠵᠢᠨ ᠶᠠᠮᠤᠨ 2018 ᠣᠨ᠎ᠤ ᠡᠬᠢ᠎ᠪᠠᠷ 《ᠠᠷᠭ᠎ᠠ》 ᠵᠢ ᠰᠤᠳᠤᠯᠤᠨ ᠲᠣᠭᠲᠠᠭ᠋ᠠᠬᠤ ᠠᠵᠢᠯ᠎ᠢ ᠭᠠᠷᠳᠠᠵᠤ᠂ ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠭᠰᠡᠨ ᠠᠵᠢᠯ᠎ᠤᠨ ᠲᠤᠷᠰᠢᠯᠭ᠎ᠠ ᠵᠢ ᠳ᠋ᠦᠩᠨᠡᠬᠦ ᠪᠠ ᠤᠯᠤᠰ᠎ᠤᠨ ᠰᠤᠷᠭ᠋ᠠᠨ ᠬᠥᠮᠦᠵᠢᠯ᠎ᠤᠨ ᠲᠥᠷᠥᠯ ᠵᠢᠴᠢ ᠬᠣᠯᠪᠣᠭᠳᠠᠯ ᠪᠥᠬᠥᠶ ᠬᠢᠷᠢ ᠬᠡᠮ᠎ᠤᠨ ᠲᠥᠷᠥᠯ᠎ᠤᠨ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠭᠰᠡᠨ ᠠᠰᠢᠭᠲᠠᠶ ᠠᠷᠭ᠎ᠠ ᠬᠢᠳᠡᠯ ᠵᠶ᠋ᠡᠷ ᠲᠣᠯᠢ ᠪᠣᠯᠭ᠋ᠠᠭᠰᠠᠨ ᠰᠠᠭᠤᠷᠢᠨ ᠳᠡᠭᠡᠷ᠎ᠡ᠂ 《ᠠᠷᠭ᠎ᠠ》 ᠵᠢᠨ ᠰᠠᠨᠠᠯ ᠬᠤᠷᠢᠶᠠᠬᠤ ᠨᠣᠤᠷᠠᠭ᠎ᠢ ᠰᠤᠳᠤᠯᠤᠨ ᠲᠤᠭᠤᠷᠪᠢᠪᠠ᠃
      ᠬᠣᠶᠠᠷ᠂ 《ᠠᠷᠭ᠎ᠠ》 ᠵᠢᠨ ᠭᠣᠤᠯ ᠠᠭᠤᠯᠭ᠎ᠠ
     《ᠠᠷᠭ᠎ᠠ》᠎ᠨᠢ ᠨᠡᠢ᠌ᠲᠡ 5 ᠪᠦᠯᠦᠭ 31 ᠵᠦᠢᠯ ᠵᠶ᠋ᠡᠷ ᠪᠦᠷᠢᠯᠳᠦᠵᠦ᠂ ᠭᠣᠤᠯᠳᠠᠭᠤ ᠳᠣᠤᠷᠠᠬᠢ ᠠᠭᠤᠯᠭ᠎ᠠ ᠵᠢ ᠲᠣᠭᠲᠠᠭ᠋ᠠᠪᠠ᠄
     (ᠨᠢᠭᠡ) ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠵᠦ ᠬᠡᠮ ᠬᠢᠭᠰᠡᠨ ᠦᠢᠯᠡ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠡᠷᠴᠢᠮ᠎ᠢ ᠴᠢᠩᠭ᠋ᠠᠷᠠᠭᠤᠯᠤᠨ᠎ᠠ᠃ ᠰᠢᠯᠭ᠋ᠠᠯᠲᠠ ᠵᠢ ᠬᠠᠤᠯᠢ ᠶᠣᠰᠣᠭ᠋ᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠰᠢᠯᠭ᠋ᠠᠯᠲᠠ ᠵᠢᠨ ᠰᠤᠷᠲᠠᠯ ᠪᠠ ᠰᠠᠬᠢᠯᠭ᠎ᠠ ᠪᠠᠲᠤ ᠵᠢ ᠤᠯᠠᠮ ᠨᠢᠭᠡ ᠠᠯᠬᠤᠮ ᠲᠥᠪ ᠴᠢᠩᠭ᠎ᠠ ᠪᠣᠯᠭ᠋ᠠᠬᠤ ᠵᠢᠨ ᠲᠥᠯᠥᠭᠡ᠂ ᠨᠡᠷ᠎ᠡ ᠮᠡᠳᠡᠭᠦᠯᠬᠦ᠂ ᠰᠢᠯᠭ᠋ᠠᠬᠤ ᠵᠡᠷᠭᠡ ᠭᠣᠭᠴᠣᠭ᠎ᠠ᠎ᠠᠴᠠ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠪᠠᠷ ᠥᠨᠳᠥᠷ ᠬᠡᠪ ᠴᠢᠨᠠᠷ ᠪᠥᠬᠥᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠬᠦᠷᠭᠡᠨ ᠨᠥᠭᠡᠴᠡᠯᠡᠬᠦ ᠪᠣᠭᠣᠮᠲᠠ᠂ ᠰᠢᠯᠭ᠋ᠠᠯᠲᠠ ᠵᠢᠨ ᠪᠣᠭᠣᠮᠲᠠ ᠵᠢ ᠰᠠᠢ᠌ᠲᠤᠷ ᠠᠳᠬᠤᠵᠤ᠂ 《ᠠᠷᠭ᠎ᠠ》᠎ᠳᠤ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠵᠦ ᠬᠡᠮ ᠬᠢᠭᠰᠡᠨ ᠦᠢᠯᠡ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠵᠠᠰᠠᠭ ᠵᠠᠬᠢᠷᠭ᠋ᠠᠨ᠎ᠤ ᠰᠢᠢ᠍ᠳᠬᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠪᠠ ᠡᠷᠡᠭᠦᠦ ᠵᠢᠨ ᠰᠢᠢ᠍ᠳᠬᠡᠯ᠎ᠢ ᠪᠦᠲᠦᠮᠵᠢᠲᠡᠶ ᠵᠣᠯᠭ᠋ᠠᠯᠳᠤᠭᠤᠯᠬᠤ ᠵᠢ ᠪᠡᠶᠡᠯᠡᠭᠦᠯᠪᠡ᠃ ᠨᠢᠭᠡ᠎ᠳᠤ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ᠎ᠠᠴᠠ ᠡᠮᠦᠨ᠎ᠡ ᠨᠡᠷ᠎ᠡ ᠮᠡᠳᠡᠭᠦᠯᠬᠦ ᠱᠠᠲᠤᠨ᠎ᠳᠤ ᠬᠦᠷᠲᠡᠯ᠎ᠡ᠂ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭ᠋ᠠᠬᠤ ᠪᠤᠶᠤ ᠬᠡᠭᠡᠯᠢ ᠬᠠᠬᠤᠤᠯᠢ ᠲᠦᠯᠬᠢᠬᠦ᠂ ᠰᠦᠷᠳᠡᠭᠦᠯᠬᠦ ᠵᠡᠷᠭᠡ ᠵᠦᠶ ᠪᠤᠰᠤ ᠠᠷᠭ᠎ᠠ ᠪᠠᠷᠢᠯ ᠵᠶ᠋ᠠᠷ ᠳᠠᠮᠵᠢᠭᠤᠯᠤᠨ ᠨᠡᠷ᠎ᠡ ᠮᠡᠳᠡᠭᠦᠯᠬᠦ ᠬᠢᠷᠢ ᠬᠡᠮ ᠣᠯᠤᠭᠰᠠᠨ ᠪᠠᠢ᠌ᠪᠠᠯ᠂ ᠨᠡᠷ᠎ᠡ ᠮᠡᠳᠡᠭᠦᠯᠦᠭᠰᠡᠨ᠎ᠨᠢ ᠬᠦᠴᠦᠨ ᠥᠬᠡᠶ ᠪᠣᠯᠬᠤ ᠵᠢ ᠨᠤᠲᠠᠯᠠᠬᠤ᠎ᠪᠠᠷ ᠪᠠᠷᠠᠬᠤ ᠥᠬᠡᠶ᠂ ᠬᠠᠮᠲᠤ᠎ᠳᠤ᠎ᠨᠢ ᠬᠣᠶᠠᠷ ᠵᠢᠯ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠥᠬᠡᠶ ᠭᠡᠰᠡᠨ ᠰᠢᠢᠳᠪᠦᠷᠢᠯᠡᠯᠲᠡ ᠥᠭᠭᠦᠨ᠎ᠡ᠃ ᠬᠣᠶᠠᠷ᠎ᠲᠤ ᠡᠩ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠪᠠ ᠰᠢᠯᠭ᠋ᠠᠯᠲᠠ᠎ᠳᠤ ᠬᠡᠮ ᠬᠢᠬᠦ ᠦᠢᠯᠡ ᠠᠵᠢᠯᠯᠠᠭ᠎ᠠ ᠵᠢ ᠢᠯᠭ᠋ᠠᠵᠤ᠂ ᠰᠠᠬᠢᠯᠭ᠎ᠠ ᠪᠠᠲᠤ ᠵᠢ ᠵᠥᠷᠢᠴᠡᠭᠰᠡᠨ᠎ᠢ ᠰᠢᠢᠳᠪᠦᠷᠢᠯᠡᠵᠦ ᠮᠠᠭ᠋ᠠᠳᠯᠠᠨ ᠲᠣᠭᠲᠠᠭ᠋ᠠᠬᠤ ᠲᠣᠳᠣᠷᠬᠠᠶ ᠴᠢᠨᠠᠷ᠎ᠢ ᠨᠡᠮᠡᠭᠳᠡᠭᠦᠯᠬᠦ ᠵᠢᠨ ᠬᠠᠮᠲᠤ᠂ ᠦᠢᠯᠡ ᠪᠠᠢ᠌ᠳᠠᠯ᠎ᠤᠨ ᠬᠦᠨᠳᠦ ᠬᠥᠩᠭᠡᠨ᠎ᠢ ᠦᠨᠳᠦᠰᠦᠯᠡᠨ ᠲᠣᠰ ᠲᠣᠰ ᠠᠳᠠᠯᠢ ᠪᠤᠰᠤ ᠬᠡᠮᠵᠢᠶ᠎ᠡ᠎ᠪᠠᠷ ᠰᠢᠢᠳᠪᠦᠷᠢᠯᠡᠵᠦ᠂ ᠰᠢᠯᠭ᠋ᠠᠯᠲᠠ ᠵᠢ ᠴᠢᠩᠭ᠎ᠠ ᠵᠠᠰᠠᠬᠤ ᠪᠠ ᠰᠢᠢᠳᠪᠦᠷᠢᠯᠡᠯᠲᠡ᠎ᠨᠢ ᠬᠠᠷᠢᠴᠠᠯ᠎ᠳᠤ ᠨᠡᠢ᠌ᠴᠡᠬᠦ ᠵᠠᠷᠴᠢᠮ᠎ᠢ ᠵᠣᠬᠢᠴᠠᠭᠤᠯᠤᠨ ᠨᠢᠭᠡᠳᠬᠡᠬᠦ ᠵᠢ ᠴᠢᠷᠮᠠᠢ᠌ᠨ ᠪᠡᠶᠡᠯᠡᠭᠦᠯᠦᠨ᠎ᠡ᠃ ᠭᠤᠷᠪᠠ᠎ᠳᠤ ᠰᠢᠯᠭ᠋ᠠᠯᠲᠠ᠎ᠳᠤ ᠬᠠᠤᠯᠢ ᠵᠥᠷᠢᠴᠡᠨ ᠬᠡᠮ ᠬᠢᠭᠰᠡᠨ ᠦᠢᠯᠡ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠬᠡᠨ᠎ᠡ᠃ 《ᠡᠷᠡᠭᠦᠦ ᠵᠢᠨ ᠬᠠᠤᠯᠢ᠎ᠳᠤ ᠵᠠᠰᠠᠪᠤᠷᠢ ᠣᠷᠣᠭᠤᠯᠤᠭᠰᠠᠨ ᠲᠥᠰᠦᠯ (ᠶᠢᠰᠦ)》᠎ᠤᠨ ᠰᠢᠯᠭ᠋ᠠᠯᠲᠠ ᠵᠢᠨ ᠵᠣᠬᠢᠶᠠᠨ ᠪᠠᠢ᠌ᠭᠤᠯᠤᠯᠲᠠ᠎ᠳᠤ ᠬᠡᠮ ᠬᠢᠭᠰᠡᠨ ᠶᠠᠯ᠎ᠠ ᠵᠢᠴᠢ 《ᠡᠷᠡᠭᠦᠦ ᠵᠢᠨ ᠬᠠᠤᠯᠢ》 ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠲᠠᠪᠤᠨ ᠲᠥᠷᠥᠯ᠎ᠤᠨ ᠶᠠᠯ᠎ᠠ ᠪᠣᠯᠵᠣ ᠪᠦᠷᠢᠯᠳᠦᠭᠰᠡᠨ ᠵᠶ᠋ᠡᠷ ᠰᠡᠵᠢᠭᠯᠡᠭᠳᠡᠭᠰᠡᠨ ᠬᠦᠨᠳᠦ ᠨᠣᠴᠢᠲᠠᠶ ᠬᠡᠮ ᠬᠢᠭᠰᠡᠨ ᠦᠢᠯᠡ ᠠᠵᠢᠯᠯᠠᠭ᠎ᠠ ᠵᠢ ᠮᠤᠵᠢ ᠵᠢᠨ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠲᠡᠭᠦᠨ᠎ᠳᠤ ᠪᠣᠶ ᠪᠥᠬᠥᠶ ᠲᠠᠯᠠᠪᠤᠷ ᠤᠳᠠᠭ᠋ᠠᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢ ᠬᠦᠴᠦᠨ ᠥᠬᠡᠶ ᠪᠣᠯᠭ᠋ᠠᠬᠤ᠎ᠪᠠᠷ ᠲᠣᠭᠲᠠᠭ᠋ᠠᠵᠤ᠂ ᠨᠠᠰᠤᠨ ᠲᠤᠷᠰᠢᠳᠠ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭ᠋ᠠᠪᠠ᠃
     (ᠬᠣᠶᠠᠷ) ᠰᠢᠯᠭ᠋ᠠᠯᠲᠠ ᠵᠢᠨ ᠠᠵᠢᠯᠲᠠᠨ᠎ᠤ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠵᠢ ᠴᠢᠩᠭ᠋ᠠᠳᠬᠠᠨ᠎ᠠ᠃ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠲᠤᠬᠠᠢ᠌ᠯᠠᠭᠰᠠᠨ ᠠᠵᠢᠯ᠎ᠳᠤ᠎ᠪᠠᠨ ᠴᠠᠭ᠋ᠠᠷᠠᠭᠰᠠᠨ᠂ ᠬᠠᠷᠢᠭᠤᠴᠠᠯᠭ᠎ᠠ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠴᠢᠩᠭ᠎ᠠ ᠨᠢᠭᠡᠨ ᠰᠠᠯᠠᠭ᠎ᠠ ᠰᠢᠯᠭ᠋ᠠᠯᠲᠠ ᠵᠢᠨ ᠠᠵᠢᠯ᠎ᠤᠨ ᠡᠩᠨᠡᠭᠡ ᠵᠢ ᠪᠠᠢ᠌ᠭᠤᠯᠬᠤ ᠵᠢᠨ ᠲᠤᠰᠠᠳᠠ᠂ 《ᠠᠷᠭ᠎ᠠ》᠎ᠳᠤ ᠰᠢᠯᠭ᠋ᠠᠯᠲᠠ ᠵᠢᠨ ᠠᠵᠢᠯᠲᠠᠨ᠎ᠤ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠢᠵᠠᠭ᠋ᠠᠷᠯᠠᠨ ᠬᠠᠮᠢᠶᠠᠷᠬᠤ ᠵᠢ ᠴᠢᠩᠭ᠋ᠠᠳᠬᠠᠪᠠ᠃ ᠨᠢᠭᠡ᠎ᠳᠤ ᠰᠢᠯᠭ᠋ᠠᠯᠲᠠ ᠵᠢᠨ ᠠᠵᠢᠯᠲᠠᠨ᠎ᠤ ᠰᠢᠯᠭ᠋ᠠᠯᠲᠠ᠎ᠳᠤ ᠨᠡᠷ᠎ᠡ ᠮᠡᠳᠡᠭᠦᠯᠬᠦ᠂ ᠰᠡᠳᠦᠪ ᠭᠠᠷᠭ᠋ᠠᠬᠤ᠂ ᠰᠢᠯᠭ᠋ᠠᠯᠲᠠ ᠬᠢᠨᠠᠬᠤ᠂ ᠰᠢᠯᠭ᠋ᠠᠯᠲᠠ ᠵᠢᠨ ᠬᠠᠭᠤᠳᠠᠰᠤ (ᠡᠯᠧᠺᠲᠷᠣᠨ ᠰᠢᠯᠭ᠋ᠠᠯᠲᠠ ᠵᠢᠨ ᠬᠠᠭᠤᠳᠠᠰᠤ) ᠵᠢ ᠲᠡᠭᠡᠭᠡᠪᠦᠷᠢᠯᠡᠨ ᠬᠦᠷᠭᠡᠬᠦ (ᠢᠯᠡᠭᠡᠬᠦ) ᠬᠠᠳᠠᠭ᠋ᠠᠯᠠᠬᠤ ᠵᠢᠴᠢ ᠪᠤᠴᠠᠭ᠋ᠠᠨ ᠬᠦᠷᠭᠡᠬᠦ᠂ ᠰᠢᠯᠭ᠋ᠠᠯᠲᠠ ᠦᠵᠡᠬᠦ ᠵᠡᠷᠭᠡ ᠰᠢᠯᠭ᠋ᠠᠯᠲᠠ ᠵᠢᠨ ᠬᠠᠮᠢᠶᠠᠷᠤᠯᠲᠠ ᠵᠢᠨ ᠭᠣᠤᠯᠳᠠᠯᠭ᠎ᠠ᠎ᠲᠠᠢ ᠭᠣᠭᠴᠣᠭ᠎ᠠ᠎ᠳᠠᠬᠢ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ᠎ᠳᠤ ᠲᠣᠭᠲᠠᠭ᠋ᠠᠯ ᠭᠠᠷᠭ᠋ᠠᠨ᠎ᠠ᠃ ᠬᠣᠶᠠᠷ᠎ᠲᠤ ᠰᠢᠯᠭ᠋ᠠᠯᠲᠠ ᠵᠢᠨ ᠠᠵᠢᠯᠲᠠᠨ᠎ᠤ ᠲᠤᠰᠢᠶᠠᠯ ᠬᠠᠪᠰᠤᠷᠭ᠋ᠠᠬᠤ ᠦᠢᠯᠡ ᠠᠵᠢᠯᠯᠠᠭ᠎ᠠ ᠵᠢ ᠬᠢᠵᠠᠭ᠋ᠠᠷᠯᠠᠵᠤ ᠬᠢᠨᠠᠨ ᠬᠠᠮᠢᠶᠠᠷᠬᠤ᠎ᠪᠠᠨ ᠴᠢᠩᠭ᠋ᠠᠳᠬᠠᠨ᠎ᠠ᠃ ᠰᠡᠳᠦᠪ ᠭᠠᠷᠭ᠋ᠠᠬᠤ ᠬᠠᠮᠢᠶᠠᠷᠤᠯᠲᠠ ᠵᠡᠷᠭᠡ ᠰᠢᠯᠭ᠋ᠠᠯᠲᠠ ᠵᠢᠨ ᠠᠵᠢᠯᠲᠠᠨ᠎ᠤ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠨᠡᠢ᠌ᠭᠡᠮ᠎ᠤᠨ ᠪᠣᠯᠪᠠᠰᠤᠷᠠᠭᠤᠯᠤᠯ᠎ᠤᠨ ᠪᠠᠢ᠌ᠭᠤᠯᠤᠮᠵᠢ᠎ᠳᠤ ᠲᠤᠰᠢᠶᠠᠯ ᠬᠠᠪᠰᠤᠷᠭ᠋ᠠᠨ ᠬᠥᠯᠥᠰᠥ ᠣᠯᠭᠣᠮᠵᠢ ᠠᠪᠬᠤ᠎ᠳᠤ ᠭᠦᠷᠪᠡᠯ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠲᠡᠭᠦᠨ᠎ᠤ ᠰᠢᠯᠭ᠋ᠠᠯᠲᠠ ᠵᠢᠨ ᠠᠵᠢᠯ᠎ᠢ ᠦᠷᠭᠦᠯᠵᠢᠯᠡᠨ ᠬᠢᠬᠦ ᠵᠢ᠎ᠨᠢ ᠵᠣᠭᠰᠣᠭ᠋ᠠᠬᠤ ᠵᠢᠨ ᠬᠠᠮᠲᠤ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ ᠵᠣᠬᠢᠴᠠᠩᠭᠤᠶ ᠰᠢᠢᠳᠪᠦᠷᠢᠯᠡᠯᠲᠡ ᠥᠭᠬᠦ ᠪᠤᠶᠤ ᠬᠣᠯᠪᠣᠭᠳᠠᠯ ᠪᠥᠬᠥᠶ ᠨᠢᠭᠡᠴᠢ᠎ᠳᠤ ᠵᠣᠬᠢᠴᠠᠩᠭᠤᠶ ᠰᠢᠢᠳᠪᠦᠷᠢᠯᠡᠯᠲᠡ ᠥᠭᠬᠦ ᠵᠢ ᠰᠠᠨᠠᠭᠤᠯᠤᠨ᠎ᠠ᠃ ᠭᠤᠷᠪᠠ᠎ᠳᠤ ᠰᠢᠯᠭ᠋ᠠᠯᠲᠠ ᠵᠢᠨ ᠬᠠᠷᠢᠭᠤᠴᠠᠯᠭ᠎ᠠ ᠵᠢᠨ ᠬᠦᠨᠳᠦ ᠶᠡᠬᠡ ᠡᠨᠳᠡᠯ ᠭᠠᠷᠤᠭᠰᠠᠨ ᠪᠤᠶᠤ ᠶᠡᠬᠡ ᠬᠡᠪᠴᠢᠶ᠎ᠡ᠎ᠪᠠᠷ ᠬᠡᠮ ᠦᠢᠯᠡᠳᠦᠭᠰᠡᠨ ᠪᠠᠢ᠌ᠳᠠᠯ ᠭᠠᠷᠤᠭᠰᠠᠨ ᠵᠡᠷᠭᠡ ᠰᠠᠬᠢᠯᠭ᠎ᠠ ᠪᠠᠲᠤ ᠵᠢ ᠬᠦᠨᠳᠦ ᠨᠣᠴᠢᠲᠠᠶ ᠵᠥᠷᠢᠴᠡᠭᠰᠡᠨ ᠪᠠᠢ᠌ᠳᠠᠯ᠎ᠢ ᠰᠢᠢᠳᠪᠦᠷᠢᠯᠡᠬᠦ ᠰᠢᠯᠭ᠋ᠠᠯᠲᠠ ᠵᠢᠨ ᠲᠣᠭᠣᠷᠢᠭ᠎ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠲᠣᠭᠲᠠᠭ᠋ᠠᠪᠠ᠃
     (ᠭᠤᠷᠪᠠ) ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢᠳᠪᠦᠷᠢᠯᠡᠬᠦ ᠳᠡᠰ ᠳᠠᠷᠠᠭ᠋ᠠᠯᠠᠯ᠎ᠤᠨ ᠲᠣᠭᠲᠠᠭ᠋ᠠᠯ ᠵᠶ᠋ᠠᠨ ᠨᠠᠷᠢᠯᠢᠭᠵᠢᠭᠤᠯᠤᠨ᠎ᠠ᠃ ᠰᠠᠬᠢᠯᠭ᠎ᠠ ᠪᠠᠲᠤ ᠵᠢ ᠵᠥᠷᠢᠴᠡᠭᠰᠡᠨ᠎ᠢ ᠰᠢᠢᠳᠪᠦᠷᠢᠯᠡᠬᠦ ᠪᠣᠳᠠᠲᠤ ᠴᠣᠭᠴᠠ ᠬᠢᠭᠡᠳ ᠵᠢᠷᠤᠮ᠎ᠢ ᠪᠦᠲᠦᠮᠵᠢᠲᠡᠶ ᠵᠣᠯᠭ᠋ᠠᠯᠳᠤᠭᠤᠯᠬᠤ ᠵᠢ ᠴᠢᠩᠭ᠋ᠠᠳᠬᠠᠵᠤ᠂ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠠᠵᠢᠯᠯᠠᠭ᠋ᠠᠨ᠎ᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠰᠠᠬᠢᠯᠭ᠎ᠠ ᠪᠠᠲᠤ ᠵᠢ ᠵᠥᠷᠢᠴᠡᠭᠰᠡᠨ᠎ᠢ ᠰᠢᠢᠳᠪᠦᠷᠢᠯᠡᠬᠦ ᠶᠠᠪᠤᠴᠠ᠎ᠳᠤ ᠬᠤᠯᠪᠤᠭᠳᠠᠬᠤ ᠡᠳ᠋ ᠪᠣᠳᠠᠰ᠎ᠢ ᠬᠠᠳᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠰᠠᠬᠢᠯᠭ᠎ᠠ ᠪᠠᠲᠤ ᠵᠢ ᠵᠥᠷᠢᠴᠡᠭᠰᠡᠨ᠎ᠢ ᠰᠢᠢᠳᠪᠦᠷᠢᠯᠡᠬᠦ ᠬᠤᠭᠤᠴᠠᠭ᠎ᠠ ᠵᠢᠨ ᠲᠣᠭᠲᠠᠭ᠋ᠠᠯ᠎ᠢ ᠲᠣᠳᠣᠷᠬᠠᠶ ᠲᠣᠭᠲᠠᠭ᠋ᠠᠵᠤ᠂ ᠮᠡᠳᠡᠭᠳᠡᠬᠦ ᠪᠠ ᠭᠡᠷᠡᠴᠢᠯᠡᠭᠡ ᠰᠣᠨᠣᠰᠬᠤ ᠵᠢᠷᠤᠮ᠎ᠤᠨ ᠲᠣᠭᠲᠠᠭ᠋ᠠᠯ᠎ᠢ ᠲᠣᠳᠣᠷᠬᠠᠶ ᠲᠣᠭᠲᠠᠭ᠋ᠠᠪᠠ᠃ ᠲᠤᠬᠠᠶ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠭᠦᠢᠴᠡᠳ ᠬᠠᠮᠠᠭ᠋ᠠᠯᠠᠬᠤ ᠵᠢᠨ ᠲᠥᠯᠥᠭᠡ᠂ 《ᠠᠷᠭ᠎ᠠ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠬᠣᠶᠠᠷ ᠵᠢᠯ ᠪᠤᠶᠤ ᠨᠠᠰᠤᠨ ᠲᠤᠷᠰᠢᠳᠠ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠰᠢᠢᠳᠪᠦᠷᠢᠯᠡᠬᠦ ᠲᠣᠭᠲᠠᠭ᠋ᠠᠯ᠎ᠳᠤ ᠨᠡᠷ᠎ᠡ ᠮᠡᠳᠡᠭᠦᠯᠵᠦ ᠥᠯᠥ ᠪᠣᠯᠬᠤ ᠲᠤᠬᠠᠶ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠲᠤᠬᠠᠶ ᠵᠢᠨ ᠬᠥᠮᠦᠨ᠎ᠳᠤ ᠭᠡᠷᠡᠴᠢᠯᠡᠭᠡ ᠰᠣᠨᠣᠰᠬᠤ᠎ᠪᠠᠷ ᠱᠠᠭ᠋ᠠᠷᠳᠠᠬᠤ ᠡᠷᠬᠡ ᠵᠢ ᠮᠡᠳᠡᠭᠳᠡᠨ᠎ᠡ᠃ ᠲᠤᠬᠠᠢ ᠵᠢᠨ ᠬᠥᠮᠦᠨ᠎ᠨᠢ ᠬᠣᠯᠪᠣᠭᠳᠠᠯ ᠪᠦᠬᠦᠢ ᠰᠢᠢ᠍ᠳᠬᠡᠯ᠎ᠤᠨ ᠲᠣᠭᠲᠠᠭ᠋ᠠᠯ᠎ᠢ ᠵᠥᠪᠰᠢᠶᠡᠷᠡᠬᠦ ᠦᠭᠡᠢ ᠪᠠᠢ᠌ᠪᠠᠯ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠷᠭᠤ ᠬᠢᠬᠦ ᠡᠷᠬᠡ᠎ᠲᠠᠢ᠃
     (ᠳᠥᠷᠪᠡ) ᠰᠠᠬᠢᠯᠭ᠎ᠠ ᠪᠠᠲᠤ᠎ᠠᠴᠠ ᠵᠥᠷᠢᠴᠡᠭᠰᠡᠨ ᠬᠥᠮᠦᠰ᠎ᠤᠨ ᠮᠡᠳᠡᠭᠡ ᠵᠠᠩᠭᠢ ᠵᠢ ᠲᠡᠮᠳᠡᠭᠯᠡᠬᠦ ᠪᠠ ᠣᠯᠠᠨ᠎ᠳᠤ ᠢᠯᠡ ᠦᠵᠡᠭᠦᠯᠬᠦ ᠳᠦᠷᠢᠮ᠎ᠢ ᠲᠣᠳᠣᠷᠬᠠᠶ ᠬᠡᠷᠡᠭᠵᠢᠭᠦᠯᠦᠨ᠎ᠡ᠃ ᠨᠡᠷ᠎ᠡ ᠮᠡᠳᠡᠭᠦᠯᠦᠭᠰᠡᠳ᠂ ᠰᠢᠯᠭ᠋ᠠᠯᠲᠠ᠎ᠳᠤ ᠣᠷᠣᠯᠴᠠᠭᠰᠠᠳ᠎ᠤᠨ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠤᠯᠤᠰ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢᠨ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠨᠡᠷ᠎ᠡ ᠮᠡᠳᠡᠭᠦᠯᠦᠭᠰᠡᠳ᠂ ᠰᠢᠯᠭ᠋ᠠᠯᠲᠠ᠎ᠳᠤ ᠣᠷᠣᠯᠴᠠᠭᠰᠠᠳ᠎ᠤᠨ ᠢᠲᠡᠭᠡᠮᠵᠢ ᠠᠯᠳᠠᠭᠰᠠᠨ ᠲᠠᠩᠰᠠ ᠡᠪᠬᠡᠮᠡᠯ᠎ᠢ ᠪᠠᠢ᠌ᠭᠤᠯᠵᠤ᠂ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠬᠥᠮᠦᠰ᠎ᠤᠨ ᠮᠡᠳᠡᠭᠡ ᠵᠠᠩᠭᠢ ᠵᠢᠴᠢ ᠰᠢᠢᠳᠪᠦᠷᠢᠯᠡᠭᠰᠡᠨ ᠦᠷ᠎ᠡ ᠳ᠋ᠦᠩ᠎ᠢ ᠲᠡᠮᠳᠡᠭᠯᠡᠬᠦ ᠵᠢᠨ ᠲᠤᠰᠠᠳᠠ᠂ ᠲᠣᠰ ᠲᠠᠯᠠᠪᠠᠶ ᠵᠢᠨ ᠰᠢᠯᠭ᠋ᠠᠯᠲᠠ ᠵᠢᠨ ᠬᠢᠷᠢ ᠪᠦᠲᠦᠮᠵᠢ ᠵᠢ ᠬᠦᠴᠦᠨ ᠥᠬᠡᠶ ᠪᠣᠯᠭ᠋ᠠᠬᠤ᠂ ᠬᠣᠶᠠᠷ ᠵᠢᠯ ᠪᠤᠶᠤ ᠨᠠᠰᠤᠨ ᠲᠤᠷᠰᠢᠳᠠ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ ᠵᠢ ᠴᠠᠭ᠋ᠠᠵᠠᠯᠠᠭᠰᠠᠨ ᠰᠠᠬᠢᠯᠭ᠎ᠠ ᠪᠠᠲᠤ ᠵᠢ ᠵᠥᠷᠢᠴᠡᠭᠰᠡᠨ᠎ᠢ ᠰᠢᠢᠳᠪᠦᠷᠢᠯᠡᠭᠰᠡᠨ ᠪᠠᠢ᠌ᠳᠠᠯ᠎ᠢ ᠨᠡᠢ᠌ᠲᠡ᠎ᠳᠤ ᠵᠠᠷᠯᠠᠵᠤ᠂ ᠨᠡᠷ᠎ᠡ ᠮᠡᠳᠡᠭᠦᠯᠦᠭᠰᠡᠳ᠂ ᠰᠢᠯᠭ᠋ᠠᠯᠲᠠ᠎ᠳᠤ ᠣᠷᠣᠯᠴᠠᠭᠰᠠᠳ᠎ᠤᠨ ᠢᠲᠡᠭᠡᠮᠵᠢ ᠵᠢᠨ ᠲᠡᠮᠳᠡᠭᠯᠡᠯ᠎ᠢ ᠨᠡᠢ᠌ᠲᠡᠯᠡᠬᠦ ᠪᠠ ᠪᠠᠢ᠌ᠴᠠᠭ᠋ᠠᠨ ᠯᠠᠪᠯᠠᠬᠤ ᠲᠦᠷᠢᠮ᠎ᠢ ᠪᠠᠢ᠌ᠭᠤᠯᠬᠤ ᠵᠢᠨ ᠬᠠᠮᠲᠤ᠂ ᠪᠤᠰᠤᠳ ᠰᠠᠯᠠᠭ᠎ᠠ ᠮᠥᠴᠢᠷ᠎ᠯᠦᠭᠡ ᠢᠲᠡᠭᠡᠮᠵᠢ ᠵᠢᠨ ᠮᠡᠳᠡᠭᠡ ᠵᠠᠩᠭᠢ᠎ᠪᠠᠨ ᠰᠣᠯᠢᠯᠴᠠᠵᠤ ᠬᠠᠮᠲᠤ᠎ᠳᠤ᠎ᠪᠠᠨ ᠡᠳ᠋ᠯᠡᠬᠦ ᠵᠢ ᠪᠡᠶᠡᠯᠡᠭᠦᠯᠦᠨ᠎ᠡ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠳᠦᠷᠢᠮ᠎ᠢ ᠲᠤᠭᠤᠰᠢᠯᠠᠭᠤᠯᠤᠨ ᠬᠡᠷᠡᠭᠵᠢᠭᠦᠯᠵᠦ ᠭᠠᠬᠠᠶ ᠨᠢᠲᠤᠯᠬᠤ ᠵᠢ ᠵᠢᠷᠤᠮᠵᠢᠭᠤᠯᠤᠨ᠎ᠠ
ᠰᠢᠢ᠍ᠳᠬᠡᠨ ᠲᠤᠷᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ ᠬᠠᠤᠯᠢ᠎ᠠᠴᠠ ᠵᠥᠷᠢᠴᠡᠭᠰᠡᠨ ᠥᠪᠡᠷ᠎ᠤᠨ ᠥᠷᠲᠡᠭ᠎ᠢ ᠳᠡᠭᠡᠭᠰᠢᠯᠡᠭᠦᠯᠵᠦ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠶ᠎ᠠ
ᠴᠥ᠋ ᠹᠦ᠋ ᠯᠢᠩ᠄ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢ ᠪᠥᠬᠥ ᠲᠠᠯ᠎ᠠ᠎ᠪᠠᠷ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ
ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠵᠢᠨ ᠲᠣᠤᠷ ᠤᠯᠠᠮ᠎ᠠᠴᠠ ᠤᠯᠠᠮ ᠨᠢᠭᠲᠠ ᠪᠤᠯᠪᠠ
ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠰᠢᠨ᠎ᠡ ᠵᠢ ᠡᠭᠦᠳᠬᠦ ᠵᠢ ᠵᠤᠷᠢᠭᠵᠢᠭᠤᠯᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ
 
            