ᠶᠡᠷᠦᠩᠬᠡᠶ ᠰᠠᠢ᠌ᠳ ᠯᠢ ᠺᠸ ᠴᠢᠶᠠᠩ᠎ᠤᠨ ᠵᠥᠪᠰᠢᠶᠡᠷᠡᠯ ᠵᠶ᠋ᠡᠷ᠂ ᠲᠥᠷᠥ ᠵᠢᠨ ᠶᠠᠪᠤᠳᠠᠯ᠎ᠤᠨ ᠬᠣᠷᠢᠶ᠎ᠠ ᠲᠦᠷᠦᠭᠦᠬᠡᠨ 《ᠪᠥᠬᠥ ᠤᠯᠤᠰ᠎ᠲᠤ 〈ᠭᠡᠷᠡᠴᠢ ᠦᠨᠡᠮᠯᠡᠯ᠎ᠢ ᠰᠠᠯᠭ᠋ᠠᠬᠤ〉 ᠥᠭᠡᠷᠡᠴᠢᠯᠡᠯᠲᠡ ᠵᠢ ᠳᠡᠯᠭᠡᠷᠡᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ ᠲᠤᠳᠤᠷᠬᠠᠢ᠌ᠯᠠᠭᠰᠠᠨ᠎ᠨᠢ᠂ 2018 ᠣᠨ᠎ᠤ 11 ᠰᠠᠷ᠎ᠠ ᠵᠢᠨ 10᠎ᠤ ᠡᠳᠦᠷ᠎ᠠᠴᠠ ᠡᠬᠢᠯᠡᠨ᠂ ᠪᠥᠬᠥ ᠤᠯᠤᠰ᠎ᠤᠨ ᠬᠡᠪᠴᠢᠶᠡᠨ᠎ᠳᠤ ᠨᠢᠭᠡᠳᠦᠭᠡᠷ ᠪᠦᠯᠦᠭ᠎ᠤᠨ 106 ᠵᠦᠢᠯ᠎ᠤᠨ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠲᠤ ᠲᠣᠰ ᠲᠣᠰ ᠬᠢᠨᠠᠨ ᠵᠥᠪᠰᠢᠶᠡᠷᠡᠯ᠎ᠢ ᠰᠢᠭᠤᠳ ᠬᠦᠴᠦᠨ ᠥᠬᠡᠶ ᠪᠣᠯᠭ᠋ᠠᠬᠤ᠂ ᠬᠢᠨᠠᠨ ᠵᠥᠪᠰᠢᠶᠡᠷᠡᠬᠦ ᠵᠢ ᠳᠠᠩᠰᠠᠯᠠᠭᠤᠯᠬᠤ ᠪᠣᠯᠭ᠋ᠠᠨ ᠥᠭᠡᠷᠡᠴᠢᠯᠡᠬᠦ᠂ ᠮᠡᠳᠡᠭᠳᠡᠬᠦ ᠠᠮᠠᠯᠠᠯᠲᠠ ᠬᠢᠬᠦ᠂ ᠣᠷᠣᠬᠤ ᠵᠢ ᠵᠥᠪᠰᠢᠶᠡᠷᠡᠬᠦ ᠦᠢᠯᠡᠴᠢᠯᠡᠭᠡ ᠵᠢ ᠰᠢᠯᠢᠳᠡᠭᠵᠢᠭᠦᠯᠬᠦ ᠵᠡᠷᠭᠡ ᠳᠥᠷᠪᠡᠨ ᠵᠦᠢᠯ᠎ᠤᠨ ᠠᠷᠭ᠎ᠠ ᠬᠡᠯᠪᠡᠷᠢ᠎ᠪᠠᠷ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠬᠡᠷᠡᠭᠵᠢᠭᠦᠯᠦᠨ᠎ᠡ᠃
《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠱᠠᠩᠬᠠᠶ ᠬᠣᠲᠠ ᠵᠢᠨ ᠫᠦᠳᠦ᠋ᠩ ᠰᠢᠨ᠎ᠡ ᠲᠣᠭᠣᠷᠢᠭ᠎ᠲᠤ ᠲᠤᠷᠰᠢᠯᠲᠠ ᠬᠢᠭᠰᠡᠨ᠎ᠤ ᠬᠠᠮᠲᠤ ᠨᠠᠩ ᠶᠡᠬᠡ ᠬᠡᠪᠴᠢᠶ᠎ᠡ᠎ᠪᠠᠷ ᠲᠡᠷᠡ ᠬᠡᠪ ᠵᠶ᠋ᠡᠷ᠎ᠨᠢ ᠳᠡᠯᠭᠡᠷᠡᠭᠦᠯᠦᠭᠰᠡᠨ᠎ᠠᠴᠠ ᠨᠠᠭ᠋ᠠᠰᠢ᠂ ᠠᠵᠤ ᠠᠬᠤᠢ᠌ᠯᠠᠯ᠎ᠤᠨ ᠲᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ 《ᠣᠷᠣᠬᠤ ᠵᠢ ᠵᠥᠪᠰᠢᠶᠡᠷᠡᠭᠡᠳ ᠡᠵᠡᠩᠨᠡᠬᠦ ᠵᠢ ᠵᠥᠪᠰᠢᠶᠡᠷᠡᠬᠦ ᠥᠬᠡᠶ》 ᠠᠰᠠᠭᠤᠳᠠᠯ᠎ᠢ ᠤᠯᠠᠮ ᠨᠢᠭᠡ ᠠᠯᠬᠤᠮ ᠰᠢᠢᠳᠪᠦᠷᠢᠯᠡᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠭᠦᠨᠵᠡᠭᠡᠶ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠬᠠᠤᠯᠢᠵᠢᠭᠰᠠᠨ᠂ ᠳᠡᠯᠡᠬᠡᠢ᠌ᠵᠢᠭᠰᠡᠨ᠂ ᠳᠥᠭᠥᠮᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ᠂ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ ᠰᠠᠭᠤᠷᠢᠨ ᠳᠡᠭᠡᠷ᠎ᠡ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠥᠬᠥ ᠤᠯᠤᠰ᠎ᠲᠤ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠬᠡᠷᠡᠭᠵᠢᠭᠦᠯᠬᠦ᠎ᠪᠠᠷ ᠲᠣᠭᠲᠠᠪᠠ᠃
《ᠮᠡᠳᠡᠭᠳᠡᠯ》᠎ᠳᠤ ᠱᠠᠭ᠋ᠠᠷᠳᠠᠭᠰᠠᠨ᠎ᠨᠢ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠬᠠᠮᠵᠢᠯᠴᠠᠨ ᠬᠢᠨᠠᠨ ᠬᠠᠮᠢᠶᠠᠷᠬᠤ ᠪᠠ ᠬᠠᠮᠲᠤᠷᠠᠨ ᠱᠠᠩᠨᠠᠵᠤ ᠲᠣᠷᠭ᠋ᠠᠬᠤ ᠲᠣᠭᠲᠠᠴᠠ ᠵᠢ ᠪᠠᠢ᠌ᠭᠤᠯᠵᠤ᠂ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠦᠷᠢᠯᠳᠦᠭᠦᠯᠬᠦ ᠬᠡᠷᠡᠭᠲᠡᠢ᠃ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠲᠥᠪ᠎ᠤᠨ ᠠᠵᠢᠯ ᠶᠠᠪᠤᠳᠠᠯ᠎ᠤᠨ ᠡᠷᠬᠡ ᠬᠢᠭᠡᠳ ᠣᠷᠣᠨ ᠨᠤᠲᠤᠭ᠎ᠤᠨ ᠠᠵᠢᠯ ᠶᠠᠪᠤᠳᠠᠯ᠎ᠤᠨ ᠡᠷᠬᠡ᠎ᠳᠤ ᠬᠣᠯᠪᠣᠭᠳᠠᠭᠰᠠᠨ ᠠᠵᠤ ᠠᠬᠤᠢ᠌ᠯᠠᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠤᠨ ᠥᠭᠡᠷᠡᠴᠢᠯᠡᠯᠲᠡ ᠵᠢ ᠵᠡᠷᠭᠡ᠎ᠪᠡᠷ ᠰᠦᠪᠡᠭᠴᠢᠯᠡᠨ ᠠᠬᠢᠭᠤᠯᠵᠤ᠂ ᠨᠢᠭᠡ ᠪᠦᠯᠦᠭ ᠪᠣᠯᠪᠠᠰᠤᠷᠠᠩᠭᠤᠶ ᠪᠣᠯᠪᠠᠯ ᠲᠡᠷᠡ ᠬᠡᠪ ᠵᠶ᠋ᠡᠷ᠎ᠨᠢ ᠪᠠᠭᠤᠯᠭ᠋ᠠᠨ ᠳᠡᠯᠭᠡᠷᠡᠭᠦᠯᠬᠦ ᠵᠢ ᠪᠡᠶᠡᠯᠡᠭᠦᠯᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠢ ᠠᠯᠬᠤᠮ ᠠᠯᠬᠤᠮ ᠵᠶ᠋ᠠᠷ ᠪᠠᠭ᠋ᠠᠰᠬᠠᠨ᠂ ᠪᠥᠬᠥ ᠤᠯᠤᠰ᠎ᠲᠤ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠡᠮᠬᠢ ᠵᠢᠷᠤᠮ᠎ᠲᠠᠢ ᠶᠠᠪᠤᠭᠳᠠᠭᠤᠯᠵᠤ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠎ᠳᠤ ᠬᠣᠯᠪᠣᠭᠳᠠᠭᠰᠠᠨ ᠪᠣᠶ ᠪᠥᠬᠥᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠢ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢᠨ ᠵᠠᠭᠪᠤᠷ ᠶᠣᠰᠣᠭ᠋ᠠᠷ ᠲᠥᠷᠥᠯ ᠬᠤᠪᠢᠶᠠᠨ ᠬᠠᠮᠢᠶᠠᠷᠴᠤ᠂ ᠪᠦᠬᠦᠨ᠎ᠢ ᠬᠠᠮᠤᠷᠬᠤ ᠵᠢ ᠪᠡᠶᠡᠯᠡᠭᠦᠯᠦᠨ᠂ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠣᠷᠣᠬᠤ᠎ᠳᠤ ᠲᠥᠬᠥᠮ ᠦᠵᠡᠭᠦᠯᠬᠦ ᠬᠡᠷᠡᠭᠲᠡᠢ᠃
《ᠮᠡᠳᠡᠭᠳᠡᠯ》᠎ᠳᠤ ᠥᠭᠡᠷᠡᠴᠢᠯᠡᠯᠲᠡ ᠵᠢᠨ ᠭᠣᠤᠯᠳᠠᠯᠭ᠎ᠠ᠎ᠲᠠᠢ ᠠᠭᠤᠯᠭ᠎ᠠ ᠵᠢ ᠲᠣᠳᠣᠷᠬᠠᠢ᠌ᠯᠠᠪᠠ᠃ ᠨᠢᠭᠡ᠎ᠳᠤ ᠥᠭᠡᠷᠡᠴᠢᠯᠡᠯᠲᠡ ᠵᠢᠨ ᠠᠷᠭ᠎ᠠ ᠬᠡᠯᠪᠡᠷᠢ ᠵᠢ ᠲᠣᠳᠣᠷᠬᠠᠢ᠌ᠯᠠᠨ᠎ᠠ᠃ ᠨᠢᠭᠡᠳᠦᠭᠡᠷ ᠪᠦᠯᠦᠭ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢᠨ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠲᠤ᠂ ᠬᠢᠨᠠᠨ ᠵᠥᠪᠰᠢᠶᠡᠷᠡᠬᠦ ᠵᠢ ᠬᠦᠴᠦᠨ ᠥᠬᠡᠶ ᠪᠣᠯᠭ᠋ᠠᠭᠰᠠᠨ ᠬᠤᠪᠢ ᠵᠢᠨ ᠶᠠᠪᠤᠳᠠᠯ ᠵᠶ᠋ᠠᠷ ᠬᠢᠯᠢ᠎ᠪᠠᠷ ᠣᠷᠣᠵᠤ ᠭᠠᠷᠬᠤ ᠵᠠᠭᠤᠴᠢ ᠪᠠᠢ᠌ᠭᠤᠯᠤᠮᠵᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠡᠷᠭᠡ ᠬᠣᠶᠠᠷ ᠵᠦᠢᠯ ᠪᠠᠢ᠌ᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠨᠢ ᠡᠵᠡᠩᠨᠡᠯᠲᠡ ᠵᠢᠨ ᠦᠨᠡᠮᠯᠡᠯ ᠭᠦᠢᠴᠡᠳᠬᠡᠭᠰᠡᠨᠤ ᠳᠠᠷᠠᠭ᠎ᠠ ᠳᠠᠷᠤᠶ ᠬᠠᠮᠢᠶ᠎ᠠ ᠪᠥᠬᠥᠶ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠵᠦ ᠪᠣᠯᠤᠨ᠎ᠠ; ᠳᠠᠩᠰᠠᠯᠠᠭᠤᠯᠤᠭᠰᠠᠨ᠎ᠨᠢ ᠠᠩᠬ᠎ᠠ ᠤᠳᠠᠭ᠎ᠠ ᠭᠠᠳᠠᠭ᠋ᠠᠳᠤ᠎ᠠᠴᠠ ᠣᠷᠣᠭᠤᠯᠤᠭᠰᠠᠨ ᠣᠨᠴᠠᠭ᠋ᠠᠶ ᠬᠡᠷᠡᠭᠴᠡᠭᠡᠨ᠎ᠤ ᠪᠤᠰᠤ ᠭᠣᠶᠣᠯᠠᠯ᠎ᠤᠨ ᠡᠳ᠋᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ 1 ᠵᠦᠢᠯ ᠪᠠᠢ᠌ᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠨᠢ ᠪᠦᠷᠢᠳᠬᠡᠨ ᠳᠠᠩᠰᠠᠯᠠᠭᠤᠯᠤᠭᠰᠠᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠭᠰᠡᠨ᠎ᠤ ᠳᠠᠷᠠᠭ᠎ᠠ ᠳᠠᠷᠤᠶ ᠬᠠᠮᠢᠶ᠎ᠠ ᠪᠥᠬᠥᠶ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠵᠦ ᠪᠣᠯᠤᠨ᠎ᠠ; ᠮᠡᠳᠡᠭᠳᠡᠬᠦ ᠠᠮᠠᠯᠠᠯᠲᠠ ᠵᠢ ᠬᠡᠷᠡᠭᠵᠢᠭᠦᠯᠦᠭᠰᠡᠨ ᠺᠢᠨᠣ᠋ ᠭᠠᠷᠭ᠋ᠠᠬᠤ ᠨᠢᠭᠡᠴᠢ ᠪᠠᠢ᠌ᠭᠤᠯᠬᠤ ᠬᠢᠨᠠᠨ ᠵᠥᠪᠰᠢᠶᠡᠷᠡᠯ ᠵᠡᠷᠭᠡ 19 ᠵᠦᠢ᠍ᠯ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠭᠤᠶᠤᠴᠢᠯᠠᠭᠴᠢ ᠵᠢᠨ ᠬᠢᠨᠠᠨ ᠵᠥᠪᠰᠢᠶᠡᠷᠡᠬᠦ ᠨᠥᠬᠥᠴᠡᠯ᠎ᠳᠤ ᠨᠡᠢ᠌ᠴᠡᠭᠰᠡᠨ ᠪᠥᠭᠡᠳ ᠬᠣᠯᠪᠣᠭᠳᠠᠯ ᠪᠦᠬᠦᠢ ᠮᠠᠲ᠋ᠧᠷᠢᠶᠠᠯ᠎ᠢ ᠲᠤᠰᠢᠶᠠᠭᠰᠠᠨ ᠪᠠᠢ᠌ᠪᠠᠯ᠂ ᠲᠡᠷᠡ ᠳᠣᠣᠷ᠎ᠠ᠎ᠨᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠨ᠎ᠡ; ᠣᠷᠣᠬᠤ ᠵᠢ ᠵᠥᠪᠰᠢᠶᠡᠷᠡᠬᠦ ᠦᠢᠯᠡᠴᠢᠯᠡᠭᠡ ᠵᠢ ᠰᠢᠯᠢᠳᠡᠭᠵᠢᠭᠦᠯᠦᠭᠰᠡᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠵᠢᠭᠤᠯᠴᠢᠯᠠᠯ᠎ᠤᠨ ᠭᠠᠵᠠᠷ᠎ᠤᠨ ᠲᠤᠬᠠᠢ᠌ᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ ᠵᠡᠷᠭᠡ 80 ᠭᠠᠷᠤᠶ ᠵᠦᠢᠯ ᠪᠠᠢ᠌ᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠩᠬᠠᠷᠴᠤ ᠪᠠᠢ᠌ᠭ᠎ᠠ ᠬᠦᠴᠢᠷ ᠲᠦᠪᠡᠭᠲᠡᠶ ᠠᠰᠠᠭᠤᠳᠠᠯ᠎ᠳᠤ ᠴᠢᠭᠯᠡᠭᠦᠯᠦᠨ᠂ ᠬᠢᠨᠠᠨ ᠵᠥᠪᠰᠢᠶᠡᠷᠡᠬᠦ ᠮᠠᠲ᠋ᠧᠷᠢᠶᠠᠯ᠎ᠢ ᠴᠣᠮᠬᠠᠳᠬᠠᠵᠤ᠂ ᠳᠡᠩᠰᠡᠯᠡᠵᠦ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠣᠶᠠᠷ᠎ᠲᠤ 《ᠭᠡᠷᠡᠴᠢ ᠦᠨᠡᠮᠯᠡᠯ᠎ᠢ ᠰᠠᠯᠭ᠋ᠠᠬᠤ》 ᠪᠠ 《ᠣᠯᠠᠨ ᠦᠨᠡᠮᠯᠡᠯ᠎ᠢ ᠨᠡᠢ᠌ᠯᠡᠭᠦᠯᠦᠨ ᠨᠢᠭᠡ ᠪᠣᠯᠭ᠋ᠠᠬᠤ》 ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 《ᠭᠡᠷᠡᠴᠢ》᠂ 《ᠦᠨᠡᠮᠯᠡᠯ》᠎ᠤᠨ ᠴᠢᠳᠠᠮᠵᠢ ᠵᠢ ᠪᠦᠲᠦᠮᠵᠢᠲᠡᠶ ᠢᠯᠭ᠋ᠠᠵᠤ᠂ ᠨᠠᠩ ᠣᠯᠠᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠦᠨᠡᠮᠯᠡᠯ᠎ᠲᠠᠢ ᠪᠣᠯ ᠳᠠᠷᠤᠶ ᠡᠵᠡᠩᠨᠡᠵᠦ ᠪᠣᠯᠬᠤ ᠪᠣᠯᠭ᠋ᠠᠵᠤ᠂ 《ᠣᠷᠣᠬᠤ ᠵᠢ ᠵᠥᠪᠰᠢᠶᠡᠷᠡᠭᠡᠳ ᠡᠵᠡᠩᠨᠡᠬᠦ ᠵᠢ ᠥᠯᠥ ᠵᠥᠪᠰᠢᠶᠡᠷᠡᠬᠦ》 ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ 《ᠨᠢᠭᠡ ᠦᠨᠡᠮᠯᠡᠯ᠎ᠳᠤ ᠨᠢᠭᠡ ᠯᠡ ᠨᠣᠮᠧᠷ᠎ᠲᠠᠢ ᠪᠠᠢ᠌ᠯᠭ᠋ᠠᠬᠤ》 ᠵᠢ ᠦᠨᠡᠨ ᠬᠦ᠌ ᠪᠡᠶᠡᠯᠡᠭᠦᠯᠦᠨ᠎ᠡ᠃ ᠭᠤᠷᠪᠠ᠎ᠳᠤ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠳᠤ᠎ᠪᠠᠨ ᠡᠳ᠋ᠯᠡᠬᠦ᠎ᠪᠠᠷ ᠰᠠᠭᠤᠷᠢ ᠪᠣᠯᠭ᠋ᠠᠭᠰᠠᠨ᠂ ᠮᠡᠳᠡᠭᠡ ᠵᠠᠩᠭᠢ ᠵᠢ ᠢᠯᠡ ᠨᠡᠢ᠌ᠲᠡᠯᠡᠬᠦ᠎ᠪᠠᠷ ᠠᠷᠭ᠎ᠠ ᠪᠠᠷᠢᠯ ᠪᠣᠯᠭ᠋ᠠᠭᠰᠠᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠭᠣᠤᠯ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠲᠦᠷᠭᠡᠳᠬᠡᠨ ᠪᠠᠢ᠌ᠭᠤᠯᠤᠨ᠎ᠠ᠃ 《ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠬᠤ᠂ ᠬᠡᠨ ᠭᠣᠣᠯᠴᠢᠯᠠᠨ ᠬᠠᠮᠢᠶᠠᠷᠤᠭᠰᠠᠨ ᠪᠣᠯ ᠲᠡᠷᠡ ᠬᠢᠨᠠᠨ ᠬᠠᠮᠢᠶᠠᠷᠬᠤ》 ᠵᠠᠷᠴᠢᠮ᠎ᠢ ᠲᠤᠭᠤᠰᠢᠯᠠᠭᠤᠯᠵᠤ᠂ ᠬᠢᠨᠠᠨ ᠬᠠᠮᠢᠶᠠᠷᠬᠤ ᠬᠣᠭᠣᠰᠣᠮ ᠭᠠᠷᠬᠤ᠎ᠠᠴᠠ ᠵᠠᠢ᠌ᠯᠠᠰᠬᠢᠬᠦ ᠬᠡᠷᠡᠭᠲᠡᠶ᠃ ᠪᠥᠬᠥ ᠤᠯᠤᠰ᠎ᠲᠤ ᠨᠢᠭᠡᠳᠦᠯᠲᠡᠶ 《ᠬᠣᠶᠠᠷ᠎ᠢ ᠰᠤᠭᠤᠴᠢᠨ ᠪᠠᠢ᠌ᠴᠠᠭ᠋ᠠᠬᠤ》 ᠠᠵᠢᠯ᠎ᠤᠨ ᠲᠣᠭᠲᠠᠴᠠ ᠪᠠ ᠲᠦᠷᠢᠮ᠎ᠤᠨ ᠵᠢᠷᠤᠮᠵᠢᠯ᠎ᠢ ᠪᠠᠢ᠌ᠭᠤᠯᠵᠤ᠂ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠠᠷᠢᠮᠵᠢᠶ᠎ᠠ ᠵᠢ ᠰᠦᠪᠡᠭᠴᠢᠯᠡᠨ ᠪᠠᠢ᠌ᠭᠤᠯᠤᠨ᠎ᠠ᠃ ᠲᠦᠷᠪᠡ᠎ᠳᠤ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠪᠥᠬᠥ ᠤᠯᠤᠰ ᠪᠠ ᠮᠤᠵᠢ ᠵᠢᠨ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠂ ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠰᠠᠭᠤᠷᠢ ᠮᠡᠳᠡᠭᠡ ᠵᠠᠩᠭᠢ᠂ ᠬᠠᠮᠢᠶ᠎ᠠ ᠪᠥᠬᠥᠶ ᠢᠲᠡᠭᠡᠮᠵᠢ ᠵᠢᠨ ᠮᠡᠳᠡᠭᠡ ᠵᠠᠩᠭᠢ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ ᠪᠠ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ ᠵᠢ ᠨᠠᠩ ᠶᠡᠬᠡ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ᠎ᠳᠤ ᠪᠡᠶᠡᠯᠡᠭᠦᠯᠦᠨ᠎ᠡ᠃
《ᠮᠡᠳᠡᠭᠳᠡᠯ》᠎ᠳᠤ ᠴᠢᠬᠤᠯᠠᠴᠢᠯᠠᠭᠰᠠᠨ᠎ᠨᠢ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠵᠤ᠂ ᠱᠠᠳᠤ ᠱᠠᠳᠤ᠎ᠪᠠᠷ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠬᠤ ᠵᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠪᠣᠳᠠᠲᠠᠶ᠎ᠲᠠᠢ᠎ᠪᠠᠨ ᠤᠶᠠᠯᠳᠤᠭᠤᠯᠤᠨ᠂ ᠥᠭᠡᠷᠡᠴᠢᠯᠡᠯᠲᠡ ᠵᠢᠨ ᠪᠣᠳᠠᠲᠠᠶ ᠵᠦᠢᠯᠡᠰ᠎ᠲᠤ ᠴᠢᠭᠯᠡᠭᠦᠯᠦᠨ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠠ ᠠᠵᠢᠯ ᠬᠡᠷᠡᠭ᠎ᠤᠨ ᠳᠤᠮᠳᠠᠬᠢ ᠪᠠ ᠠᠵᠢᠯ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ 2018 ᠣᠨ᠎ᠤ 11 ᠰᠠᠷ᠎ᠠ ᠵᠢᠨ 10᠎ᠤ ᠡᠳᠦᠷ᠎ᠠᠴᠠ ᠡᠮᠦᠨ᠎ᠡ ᠪᠣᠳᠠᠲᠠᠶ ᠠᠷᠭ᠎ᠠ ᠬᠡᠮᠵᠢᠶ᠎ᠡ ᠵᠢ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠵᠢᠨ ᠬᠠᠮᠲᠤ ᠨᠡᠢ᠌ᠭᠡᠮ ᠨᠡᠢ᠌ᠲᠡ᠎ᠳᠤ ᠢᠯᠡ ᠪᠣᠯᠭ᠋ᠠᠬᠤ ᠬᠡᠷᠡᠭᠲᠡᠶ᠃