ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠷᠠᠳ᠎ᠤᠨ ᠶᠠᠪᠤᠳᠠᠯ᠎ᠤᠨ ᠶᠠᠮᠤᠨ 《ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠪᠠᠯᠠ ᠣᠷᠣᠭᠤᠯᠤᠯᠲᠠ ᠵᠢᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠶ ᠬᠠᠷᠢᠭᠤᠯᠲᠠ ᠥᠭᠪᠡ
ᠨᠡᠶ᠋ᠢᠲᠡᠯᠡᠭᠰᠡᠨ ᠴᠠᠭ᠄ 2021-05-14

      ᠠᠷᠠᠳ᠎ᠤᠨ ᠶᠠᠪᠤᠳᠠᠯ᠎ᠤᠨ ᠶᠠᠮᠤᠨ ᠣᠢ᠌ᠷ᠎ᠠ᠎ᠳᠤ 《ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠪᠠᠯᠠ ᠣᠷᠣᠭᠤᠯᠤᠯᠲᠠ ᠵᠢᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠨᠡᠢ᠌ᠲᠡᠯᠡᠪᠡ᠃ ᠠᠷᠠᠳ᠎ᠤᠨ ᠶᠠᠪᠤᠳᠠᠯ᠎ᠤᠨ ᠶᠠᠮᠤᠨ᠎ᠤ ᠬᠠᠷᠢᠭᠤᠴᠠᠯᠭ᠋ᠠᠲᠠᠨ ᠲᠦᠷᠦᠭᠦᠬᠡᠨ᠎ᠳᠤ 《ᠠᠷᠭ᠎ᠠ》 ᠵᠢᠨ ᠲᠤᠬᠠᠶ ᠲᠠᠢ᠌ᠯᠤᠮᠵᠢ ᠬᠢᠬᠦ᠎ᠳᠤ᠎ᠪᠠᠨ ᠲᠤᠳᠤᠷᠬᠠᠢ᠌ᠯᠠᠭᠰᠠᠨ᠎ᠨᠢ᠂ ᠰᠲ᠋ᠣᠺ᠂ ᠲᠠᠸᠠᠷ ᠵᠢᠴᠢ ᠮᠥᠩᠭᠥᠨ ᠭᠦᠢᠯᠭᠡᠭᠡᠨ᠎ᠤ ᠡᠭᠦᠰᠦᠮᠡᠯ ᠡᠳ᠋᠎ᠤᠨ ᠲᠥᠷᠥᠯ᠎ᠤᠨ ᠦᠢᠯᠡᠳᠬᠦᠨ᠂ ᠬᠥᠮᠦᠨ᠎ᠤ ᠪᠡᠶ᠎ᠡ ᠵᠢᠨ ᠳᠠᠭ᠋ᠠᠳᠬᠠᠯ᠎ᠤᠨ ᠦᠢᠯᠡᠳᠬᠦᠨ ᠵᠡᠷᠭᠡ ᠲᠦᠭᠰᠢᠭᠦᠷᠢ ᠶᠡᠬᠡᠲᠡᠶ ᠲᠥᠷᠥᠯ ᠵᠦᠢᠯ᠎ᠢ ᠨᠢᠭᠡᠨᠲᠡ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠰᠢᠭᠤᠳ ᠪᠠᠯᠠ ᠣᠷᠣᠭᠤᠯᠤᠯᠲᠠ ᠵᠢ ᠴᠠᠭ᠋ᠠᠵᠠᠯᠠᠬᠤ ᠬᠡᠪᠴᠢᠶᠡᠨ᠎ᠳᠤ ᠣᠷᠣᠭᠤᠯᠤᠭᠰᠠᠨ ᠪᠠᠢ᠌ᠨ᠎ᠠ᠃
      ᠨᠢᠭᠦᠯᠡᠰᠦᠩᠭᠦᠢ ᠵᠢᠨ ᠪᠡᠯᠡ ᠣᠷᠣᠭᠤᠯᠤᠯᠲᠠ ᠵᠢ ᠨᠠᠢ᠍ᠮᠠᠨ ᠬᠦᠷᠢᠢ᠎ᠡ᠎ᠳᠤ ᠴᠠᠭ᠋ᠠᠵᠠᠯᠠᠬᠤ ᠬᠡᠷᠡᠭᠲᠡᠢ
     《ᠠᠷᠭ᠎ᠠ》᠎ᠳᠤ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠪᠠᠯᠠ ᠣᠷᠣᠭᠤᠯᠵᠤ ᠪᠣᠯᠬᠤ ᠭᠤᠷᠪᠠᠨ ᠵᠦᠢᠯ᠎ᠤᠨ ᠪᠠᠢ᠌ᠳᠠᠯ᠎ᠢ ᠵᠥᠪ ᠲᠠᠯ᠎ᠠ᠎ᠠᠴᠠ ᠲᠣᠭᠲᠠᠭ᠋ᠠᠪᠠ᠄ ᠨᠢᠭᠡ᠎ᠳᠤ ᠪᠠᠩᠬᠢ᠂ ᠢᠲᠡᠭᠡᠮᠵᠢ᠂ ᠦᠨᠡᠲᠦ ᠲᠡᠮᠳᠡᠭᠲᠦ᠂ ᠰᠠᠭᠤᠷᠢ ᠮᠥᠩᠭᠥ᠂ ᠬᠤᠭᠤᠴᠠᠭ᠋ᠠᠲᠤ ᠪᠠᠷᠠᠭ᠎ᠠ᠂ ᠳᠠᠭ᠋ᠠᠳᠬᠠᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠮᠥᠩᠭᠥᠨ ᠭᠦᠢᠯᠭᠡᠭᠡᠨ᠎ᠤ ᠡᠳ᠋ ᠬᠥᠷᠥᠩᠭᠡ ᠵᠢᠨ ᠪᠠᠯᠠ ᠣᠷᠣᠭᠤᠯᠤᠯᠲᠠ ᠵᠢᠨ ᠺᠣᠮᠫᠠᠨᠢ ᠵᠡᠷᠭᠡ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠵᠢᠨ ᠲᠠᠷᠬᠠᠭ᠋ᠠᠭᠰᠠᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠦᠢᠯᠡᠳᠬᠦᠨ᠎ᠢ ᠰᠢᠭᠤᠳ ᠬᠤᠳᠠᠯᠳᠤᠨ ᠠᠪᠴᠤ ᠪᠣᠯᠤᠨ᠎ᠠ; ᠬᠣᠶᠠᠷ᠎ᠲᠤ ᠡᠭᠦᠰᠭᠡᠨ ᠪᠠᠢ᠌ᠭᠤᠯᠬᠤ᠂ ᠨᠡᠢ᠌ᠯᠡᠭᠦᠯᠦᠨ ᠬᠤᠳᠠᠯᠳᠤᠨ ᠠᠪᠬᠤ᠂ ᠬᠤᠪᠢ ᠣᠷᠣᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢ ᠰᠢᠭᠤᠳ ᠬᠢᠵᠦ ᠪᠣᠯᠤᠨ᠎ᠠ; ᠭᠤᠷᠪᠠ᠎ᠳᠤ ᠡᠳ᠋ ᠬᠥᠷᠥᠩᠭᠡ᠎ᠪᠠᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢ ᠬᠦᠯᠢᠶᠡᠵᠦ ᠪᠠᠢ᠌ᠭ᠎ᠠ ᠪᠠᠢ᠌ᠭᠤᠯᠤᠮᠵᠢ᠎ᠳᠤ ᠨᠠᠢ᠌ᠳᠠᠵᠤ ᠪᠡᠯᠡ ᠣᠷᠣᠭᠤᠯᠬᠤ ᠵᠢ ᠵᠥᠪᠰᠢᠶᠡᠷᠡᠨ᠎ᠡ᠃
     《ᠠᠷᠭ᠎ᠠ》᠎ᠳᠤ ᠪᠠᠰᠠ ᠨᠢᠭᠦᠯᠡᠰᠦᠩᠭᠦᠶ ᠵᠢᠨ ᠪᠠᠯᠠ ᠣᠷᠣᠭᠤᠯᠤᠯᠲᠠ᠎ᠳᠤ ᠣᠷᠣᠬᠤ ᠵᠢ ᠴᠠᠭ᠋ᠠᠵᠠᠯᠠᠬᠤ ᠨᠠᠢᠮᠠᠨ ᠬᠦᠷᠢᠶ᠎ᠡ ᠵᠢ ᠲᠣᠭᠲᠠᠭ᠋ᠠᠪᠠ᠄ ᠰᠲ᠋ᠣᠺ᠎ᠢ ᠰᠢᠭᠤᠳ ᠬᠤᠳᠠᠯᠳᠤᠭ᠋ᠠᠯᠠᠬᠤ; ᠲᠠᠸᠠᠷ ᠵᠢᠴᠢ ᠮᠥᠩᠭᠥᠨ ᠭᠦᠢᠯᠭᠡᠭᠡᠨ᠎ᠤ ᠡᠭᠦᠰᠦᠮᠡᠯ ᠡᠳ᠋᠎ᠤᠨ ᠲᠥᠷᠥᠯ᠎ᠤᠨ ᠦᠢᠯᠡᠳᠬᠦᠨ᠎ᠢ ᠰᠢᠭᠤᠳ ᠬᠤᠳᠠᠯᠳᠤᠨ ᠠᠪᠬᠤ; ᠬᠥᠮᠦᠨ᠎ᠤ ᠪᠡᠶ᠎ᠡ ᠵᠢᠨ ᠳᠠᠭ᠋ᠠᠳᠬᠠᠯ᠎ᠳᠤ ᠪᠡᠯᠡ ᠣᠷᠣᠭᠤᠯᠤᠭᠰᠠᠨ ᠦᠢ᠍ᠯᠡᠳᠬᠦᠨ; ᠪᠡᠯᠡ ᠣᠷᠣᠭᠤᠯᠬᠤ ᠨᠡᠷ᠎ᠡ᠎ᠪᠠᠷ ᠬᠤᠪᠢ ᠬᠥᠮᠦᠨ᠂ ᠠᠵᠤ ᠠᠬᠤᠢ᠌ᠯᠠᠯ᠎ᠳᠤ ᠵᠢᠭᠡᠯᠡᠯᠭᠡ ᠬᠠᠩᠭ᠋ᠠᠬᠤ; ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠥᠯᠥ ᠨᠡᠢ᠌ᠴᠡᠬᠦ ᠪᠡᠯᠡ ᠣᠷᠣᠭᠤᠯᠤᠯᠲᠠ; ᠲᠤᠰ ᠵᠣᠬᠢᠶᠠᠨ ᠪᠠᠢ᠌ᠭᠤᠯᠤᠯᠲᠠ᠎ᠪᠠᠷ ᠬᠢᠵᠠᠭ᠋ᠠᠷ ᠦᠭᠡᠢ ᠬᠠᠷᠢᠭᠤᠴᠠᠯᠭ᠎ᠠ ᠡᠭᠦᠷᠭᠡᠯᠡᠭᠦᠯᠵᠦ ᠮᠡᠳᠡᠬᠦ ᠪᠡᠯᠡ ᠣᠷᠣᠭᠤᠯᠤᠯᠲᠠ; ᠲᠤᠰ ᠵᠣᠬᠢᠶᠠᠨ ᠪᠠᠢ᠌ᠭᠤᠯᠤᠯᠲᠠ ᠵᠢᠨ ᠵᠣᠷᠢᠯᠲᠠ᠎ᠠᠴᠠ ᠵᠥᠷᠢᠴᠡᠵᠦ᠂ ᠢᠲᠡᠭᠡᠯ ᠬᠦᠨᠳᠦ ᠵᠢ ᠬᠣᠬᠢᠷᠠᠭᠤᠯᠵᠤ ᠮᠡᠳᠡᠬᠦ ᠪᠡᠯᠡ ᠣᠷᠣᠭᠤᠯᠤᠯᠲᠠ; ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠡᠷᠭᠡ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠪᠤᠰᠤᠳ ᠠᠵᠢᠯᠯᠠᠭ᠎ᠠ᠃
     《ᠣᠷᠣᠬᠤ ᠵᠢ ᠴᠠᠭ᠋ᠠᠵᠠᠯᠠᠬᠤ ᠡᠨᠡ ᠨᠠᠢ᠍ᠮᠠᠨ ᠬᠦᠷᠢᠶᠡᠨ᠎ᠳᠤ ᠰᠲ᠋ᠣᠺ᠂ ᠲᠠᠸᠠᠷ ᠵᠢᠴᠢ ᠮᠥᠩᠭᠥᠨ ᠭᠦᠢ᠍ᠯᠭᠡᠭᠡᠨ᠎ᠤ ᠡᠭᠦᠰᠦᠮᠡᠯ ᠡᠳ᠋᠎ᠤᠨ ᠲᠦᠷᠦᠯ᠎ᠤᠨ ᠦᠢ᠍ᠯᠡᠳᠬᠦᠨ ᠪᠣᠯ ᠬᠢᠵᠠᠭ᠋ᠠᠷ᠎ᠲᠠᠢ ᠴᠠᠭ᠋ᠠᠵᠠ ᠮᠥᠨ᠂ ᠲᠤᠬᠠᠢ᠌ᠯᠠᠪᠠᠯ ᠵᠥᠪᠬᠡᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠰᠢᠭᠤᠳ ᠬᠤᠳᠠᠯᠳᠤᠨ ᠠᠪᠬᠤ ᠵᠢ ᠴᠠᠭ᠋ᠠᠵᠠᠯᠠᠨ᠎ᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠢᠷᠢ ᠬᠡᠮ᠎ᠲᠠᠢ ᠪᠠᠢ᠌ᠭᠤᠯᠤᠮᠵᠢ᠎ᠳᠤ ᠨᠠᠢ᠌ᠳᠠᠵᠤ ᠬᠣᠯᠪᠣᠭᠳᠠᠯ ᠪᠦᠬᠦᠢ ᠬᠦᠷᠢᠶᠡᠨ᠎ᠳᠤ ᠪᠡᠯᠡ ᠣᠷᠣᠭᠤᠯᠤᠯᠲᠠ ᠬᠢᠯᠭᠡᠵᠦ ᠪᠣᠯᠤᠨ᠎ᠠ》 ᠭᠡᠵᠦ ᠲᠤᠰ ᠬᠠᠷᠢᠭᠤᠴᠠᠯᠭ᠋ᠠᠲᠠᠨ ᠬᠡᠯᠡᠪᠡ᠃
      ᠲᠣᠰ ᠬᠠᠷᠢᠭᠤᠴᠠᠯᠭ᠋ᠠᠲᠠᠨ ᠴᠢᠬᠤᠯᠠᠴᠢᠯᠠᠭᠰᠠᠨ᠎ᠨᠢ᠂ ᠲᠣᠰ ᠠᠷᠭ᠎ᠠ ᠵᠢ ᠢᠷᠡᠬᠦ ᠵᠢᠯ᠎ᠤᠨ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠡᠷᠪᠡ ᠡᠭᠦᠨ᠎ᠠᠴᠠ ᠡᠮᠦᠨ᠎ᠡ ᠨᠢᠭᠡᠨᠲᠡ ᠥᠷᠨᠢᠭᠦᠯᠦᠭᠰᠡᠨ ᠪᠠᠯᠠ ᠣᠷᠣᠭᠤᠯᠤᠯᠲᠠ ᠵᠢᠨ ᠠᠵᠢᠯᠯᠠᠭ᠎ᠠ᠎ᠨᠢ ᠠᠷᠭ᠎ᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠢ᠌ᠴᠡᠬᠦ ᠥᠬᠡᠶ ᠪᠠᠢ᠌ᠪᠠᠯ᠂ ᠵᠠᠷᠴᠢᠮ ᠳᠡᠭᠡᠷ᠎ᠡ᠎ᠪᠠᠨ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠪᠠᠯᠠ ᠣᠷᠣᠭᠤᠯᠤᠯᠲᠠ ᠵᠢᠨ ᠬᠡᠯᠡᠯᠴᠡᠭᠡᠷ᠎ᠤᠨ ᠬᠣᠯᠪᠣᠭᠳᠠᠯ ᠪᠥᠬᠥᠶ ᠪᠣᠯᠵᠣᠯ ᠶᠣᠰᠣᠭ᠋ᠠᠷ ᠲᠣᠬᠢᠲᠠᠶ ᠰᠢᠢᠳᠪᠦᠷᠢᠯᠡᠵᠦ ᠪᠣᠯᠤᠨ᠎ᠠ᠃ ᠠᠷᠭ᠎ᠠ ᠵᠢ ᠵᠢᠩᠬᠢᠨᠢ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠰᠢᠨ᠎ᠡ᠎ᠪᠠᠷ ᠥᠷᠨᠢᠭᠦᠯᠦᠭᠰᠡᠨ ᠪᠡᠯᠡ ᠣᠷᠣᠭᠤᠯᠬᠤ ᠠᠵᠢᠯᠯᠠᠭ᠎ᠠ᠎ᠳᠤ ᠡᠷᠬᠡᠪᠰᠢ ᠰᠢᠨ᠎ᠡ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠶ᠂ ᠬᠡᠷᠪᠡ ᠵᠥᠷᠢᠴᠡᠭᠰᠡᠨ ᠪᠠᠢ᠌ᠪᠠᠯ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢᠳᠪᠦᠷᠢᠯᠡᠨ᠎ᠡ᠃
      ᠡᠳ᠋ ᠬᠥᠷᠥᠩᠭᠡ ᠵᠢᠨ ᠬᠣᠬᠢᠷᠠᠯ ᠭᠠᠷᠪᠠᠯ ᠬᠠᠷᠢᠭᠤᠴᠠᠯᠭ᠎ᠠ ᠨᠡᠬᠡᠮᠵᠢᠯᠡᠨ᠎ᠡ
      ᠲᠣᠰ ᠬᠠᠷᠢᠭᠤᠴᠠᠯᠭ᠋ᠠᠲᠠᠨ ᠵᠢᠭ᠋ᠠᠵᠤ ᠭᠠᠷᠭ᠋ᠠᠭᠰᠠᠨ᠎ᠨᠢ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠨᠡᠢ᠌ᠭᠡᠮ᠎ᠤᠨ ᠬᠠᠨᠳᠢᠪᠯᠠᠭᠰᠠᠨ ᠨᠢᠭᠦᠯᠡᠰᠦᠩᠭᠦᠶ ᠵᠢᠨ ᠡᠳ᠋ ᠬᠥᠷᠥᠩᠭᠡ᠎ᠪᠠᠷ ᠪᠠᠯᠠ ᠣᠷᠣᠭᠤᠯᠬᠤ᠎ᠨᠢ ᠡᠩ᠎ᠤᠨ ᠠᠵᠤ ᠠᠬᠤᠢ᠌ᠯᠠᠯ᠎ᠤᠨ ᠥᠨᠳᠥᠷ ᠠᠰᠢᠭ ᠣᠯᠵᠠᠪᠤᠷᠢ ᠬᠥᠭᠡᠭᠡᠴᠡᠯᠳᠦᠬᠦ ᠵᠣᠷᠢᠯᠭ᠎ᠠ᠎ᠲᠠᠢ ᠠᠳᠠᠯᠢ ᠥᠬᠡᠶ ᠪᠠᠢ᠌ᠳᠠᠭ᠂ ᠡᠢ᠌ᠮᠦ᠎ᠠᠴᠠ ᠠᠵᠢᠯᠯᠠᠭ᠋ᠠᠨ᠎ᠤ ᠯᠠᠪᠳᠠᠭᠤᠨ ᠲᠣᠭᠲᠠᠭᠤᠨ᠂ ᠠᠶᠤᠯ ᠲᠦᠭᠰᠢᠭᠦᠷᠢ ᠵᠦᠶ ᠵᠣᠬᠢᠰᠲᠠᠶ ᠪᠠᠢ᠌ᠬᠤ ᠵᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠪᠡᠶᠡᠯᠡᠭᠦᠯᠬᠦ᠎ᠳᠤ ᠡᠷᠬᠡᠪᠰᠢ ᠡᠳ᠋ ᠬᠥᠷᠥᠩᠭᠡ ᠵᠢᠨ ᠠᠮᠤᠷ ᠲᠦᠪᠰᠢᠨ ᠴᠢᠨᠠᠷ᠎ᠢ ᠲᠡᠷᠢᠭᠦᠨ ᠪᠠᠢ᠌ᠷᠢᠨ᠎ᠳᠤ ᠲᠠᠯᠪᠢᠬᠤ ᠬᠡᠷᠡᠭᠲᠡᠶ᠃
      ᠪᠠᠯᠠ ᠣᠷᠣᠭᠤᠯᠤᠯᠲᠠ ᠵᠢᠨ ᠲᠦᠭᠰᠢᠭᠦᠷᠢ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠢᠵᠠᠭ᠋ᠠᠷᠯᠠᠬᠤ ᠵᠢᠨ ᠲᠥᠯᠥᠭᠡ᠂ 《ᠠᠷᠭ᠎ᠠ》᠎ᠳᠤ ᠪᠠᠯᠠ ᠣᠷᠣᠭᠤᠯᠤᠯᠲᠠ᠎ᠳᠤ ᠬᠡᠷᠡᠭᠯᠡᠵᠦ ᠪᠣᠯᠬᠤ ᠡᠳ᠋ ᠬᠥᠷᠥᠩᠭᠡ ᠵᠢᠨ ᠲᠥᠷᠥᠯ ᠬᠡᠯᠪᠡᠷᠢ ᠪᠠ ᠪᠠᠯᠠ ᠣᠷᠣᠭᠤᠯᠤᠯᠲᠠ ᠵᠢᠨ ᠬᠡᠪᠴᠢᠶ᠎ᠡ ᠵᠢ ᠲᠣᠭᠲᠠᠭ᠋ᠠᠬᠤ ᠲᠠᠯ᠎ᠠ᠎ᠪᠠᠷ ᠠᠮᠤᠷ ᠲᠦᠪᠰᠢᠨ᠎ᠤ ᠴᠢᠨᠠᠷ᠎ᠢ ᠭᠦᠢᠴᠡᠳ ᠪᠣᠳᠣᠯᠬᠢᠯᠠᠪᠠ᠂ ᠵᠢᠱ᠌ᠢᠶᠡᠯᠡᠪᠡᠯ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠭᠥᠯᠢᠶᠡᠨ ᠠᠪᠤᠭᠰᠠᠨ ᠵᠠᠰᠠᠭ᠎ᠤᠨ ᠣᠷᠳᠣᠨ᠎ᠤ ᠡᠳ᠋ ᠮᠥᠩᠭᠥ᠎ᠪᠠᠷ ᠲᠤᠰᠠᠯᠠᠭᠰᠠᠨ ᠡᠳ᠋ ᠬᠥᠷᠥᠩᠭᠡ ᠪᠠ ᠬᠠᠨᠳᠢᠪᠯᠠᠨ ᠬᠦᠷᠭᠡᠬᠦ ᠬᠡᠯᠡᠯᠴᠡᠭᠡᠷ᠎ᠲᠤ ᠪᠠᠯᠠ ᠣᠷᠣᠭᠤᠯᠤᠯᠲᠠ ᠬᠢᠵᠦ ᠪᠣᠯᠬᠤ ᠥᠬᠡᠶ ᠭᠡᠵᠦ ᠪᠣᠯᠵᠣᠨ ᠲᠣᠭᠲᠠᠭ᠋ᠠᠭᠰᠠᠨ ᠡᠳ᠋ ᠬᠥᠷᠥᠩᠭᠡ ᠵᠢ ᠪᠠᠯᠠ ᠣᠷᠣᠭᠤᠯᠤᠯᠲᠠ᠎ᠳᠤ ᠬᠡᠷᠡᠭᠯᠡᠵᠦ ᠪᠣᠯᠬᠤ ᠥᠬᠡᠶ ᠭᠡᠵᠦ ᠲᠣᠭᠲᠠᠭ᠋ᠠᠪᠠ᠃ ᠰᠲ᠋ᠣᠺ᠂ ᠲᠠᠸᠠᠷ ᠵᠢᠴᠢ ᠮᠥᠩᠭᠥᠨ ᠭᠦᠢᠯᠭᠡᠭᠡᠨ᠎ᠤ ᠡᠭᠦᠰᠦᠮᠡᠯ ᠡᠳ᠋᠎ᠤᠨ ᠲᠥᠷᠥᠯ᠎ᠤᠨ ᠦᠢᠯᠡᠳᠬᠦᠨ᠂ ᠬᠥᠮᠦᠨ᠎ᠤ ᠪᠡᠶ᠎ᠡ ᠵᠢᠨ ᠳᠠᠭ᠋ᠠᠳᠬᠠᠯ᠎ᠤᠨ ᠦᠢᠯᠡᠳᠬᠦᠨ ᠵᠡᠷᠭᠡ ᠲᠦᠭᠰᠢᠭᠦᠷᠢ ᠶᠡᠬᠡᠲᠡᠶ ᠲᠥᠷᠥᠯ ᠵᠦᠢᠯ᠎ᠢ ᠰᠢᠭᠤᠳ ᠪᠠᠯᠠ ᠣᠷᠣᠭᠤᠯᠬᠤ ᠵᠢ ᠴᠠᠭ᠋ᠠᠵᠠᠯᠠᠬᠤ ᠬᠡᠪᠴᠢᠶᠡᠨ᠎ᠳᠤ ᠣᠷᠣᠭᠤᠯᠤᠨ᠎ᠠ᠃
      ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠪᠠᠯᠠ ᠣᠷᠣᠭᠤᠯᠤᠯᠲᠠ᠎ᠳᠤ ᠬᠣᠬᠢᠷᠠᠯ ᠭᠠᠷᠤᠭᠰᠠᠨ ᠦᠶ᠎ᠡ᠎ᠳᠤ ᠬᠠᠷᠢᠭᠤᠴᠠᠯᠭ᠎ᠠ ᠡᠭᠦᠷᠭᠡᠯᠡᠬᠦ ᠠᠰᠠᠭᠤᠳᠠᠯ᠎ᠤᠨ ᠲᠤᠬᠠᠶ  《ᠠᠷᠭ᠎ᠠ》᠎ᠳᠤ ᠲᠤᠭᠲᠠᠭ᠋ᠠᠭᠰᠠᠨ᠎ᠨᠢ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠪᠠᠯᠠ ᠣᠷᠣᠭᠤᠯᠤᠯᠲᠠ ᠵᠢᠨ ᠠᠵᠢᠯᠯᠠᠭ᠎ᠠ ᠥᠷᠨᠢᠭᠦᠯᠬᠦ᠎ᠳᠤ᠎ᠪᠠᠨ ᠬᠠᠤᠯᠢ ᠲᠣᠭᠲᠠᠭ᠋ᠠᠯ᠎ᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢ᠌ᠵᠤ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠡᠳ᠋ ᠬᠥᠷᠥᠩᠭᠡ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠣᠯᠪᠣᠭᠳᠠᠯ ᠪᠥᠬᠥᠶ ᠬᠥᠮᠦᠰ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠡᠭᠦᠨ᠎ᠠᠴᠠ ᠦᠵᠡᠪᠡᠯ᠂ ᠭᠠᠭᠴᠠ ᠬᠦ᠌ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠪᠠᠯᠠ ᠣᠷᠣᠭᠤᠯᠬᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠤᠶᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠬᠦ᠎ᠳᠤ᠎ᠪᠠᠨ ᠬᠠᠤᠯᠢ ᠲᠣᠭᠲᠠᠭ᠋ᠠᠯ ᠶᠣᠰᠣᠭ᠋ᠠᠷ ᠬᠣᠬᠢᠷᠠᠯ ᠤᠴᠠᠷᠠᠭᠤᠯᠤᠭᠰᠠᠨ ᠥᠬᠡᠶ ᠪᠠᠢ᠌ᠪᠠᠯ᠂ ᠬᠣᠯᠪᠣᠭᠳᠠᠯ ᠪᠥᠬᠥᠶ ᠬᠥᠮᠦᠰ ᠰᠠᠶᠢ ᠬᠠᠷᠢᠭᠤᠴᠠᠯᠭ᠎ᠠ ᠨᠡᠬᠡᠮᠵᠢᠯᠡᠵᠦ ᠪᠣᠯᠤᠨ᠎ᠠ᠂ ᠶᠠᠮᠠᠷ ᠬᠠᠷᠢᠭᠤᠴᠠᠯᠭ᠎ᠠ ᠡᠭᠦᠷᠭᠡᠯᠡᠬᠦ ᠲᠤᠬᠠᠶ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠵᠢᠴᠢ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠲᠣᠰ ᠪᠡᠶ᠎ᠡ ᠵᠢᠨ ᠲᠦᠷᠢᠮ᠎ᠤᠨ ᠪᠣᠳᠠᠲᠠᠶ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠵᠤ ᠪᠣᠯᠤᠨ᠎ᠠ᠃
      ᠪᠡᠯᠡ ᠣᠷᠣᠭᠤᠯᠤᠭᠰᠠᠨ ᠠᠵᠤ ᠠᠬᠤᠢ᠍ᠯᠠᠯ᠎ᠳᠤ ᠲᠤᠰᠢᠶᠠᠯ ᠬᠠᠪᠰᠤᠷᠭ᠋ᠠᠨ ᠬᠠᠷᠠᠮᠵᠢ ᠠᠪᠴᠤ ᠪᠣᠯᠬᠤ ᠦᠭᠡᠢ
      ᠲᠤᠰ ᠬᠠᠷᠢᠭᠤᠴᠠᠯᠭ᠋ᠠᠲᠠᠨ ᠴᠢᠬᠤᠯᠠᠴᠢᠯᠠᠭᠰᠠᠨ᠎ᠨᠢ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠬᠦ ᠦᠶ᠎ᠡ᠎ᠳᠤ᠂ ᠲᠡᠭᠦᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠤᠮᠵᠢ᠂ ᠭᠦᠢ᠍ᠴᠡᠳᠬᠡᠬᠦ ᠪᠠᠢ᠌ᠭᠤᠯᠤᠮᠵᠢ᠂ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠬᠣᠯᠪᠣᠭᠳᠠᠯ ᠪᠦᠬᠦᠢ ᠬᠥᠮᠦᠰ ᠲᠤᠰ ᠲᠤᠰ᠎ᠲᠠᠭᠠᠨ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ 《ᠠᠷᠭ᠎ᠠ》᠎ᠳᠤ ᠲᠤᠭᠲᠠᠭ᠋ᠠᠭᠰᠠᠨ᠎ᠨᠢ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠡᠭᠦᠰᠭᠡᠨ ᠪᠠᠢ᠌ᠭᠤᠯᠤᠭᠴᠢ᠂ ᠭᠣᠣᠯ ᠬᠠᠨᠳᠢᠪᠯᠠᠨ ᠬᠦᠷᠭᠡᠭᠴᠢ᠂ ᠬᠠᠷᠢᠭᠤᠴᠠᠯᠭ᠋ᠠᠲᠠᠨ᠂ ᠬᠡᠷᠡᠭ ᠡᠷᠬᠢᠯᠡᠭᠴᠢ᠂ ᠬᠡᠷᠡᠭ ᠡᠷᠬᠢᠯᠡᠭᠴᠢ ᠵᠢᠨ ᠢᠷᠡᠯᠲᠡ ᠪᠦᠬᠦᠢ ᠨᠢᠭᠡᠴᠢ ᠵᠢᠴᠢ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ᠎ᠯᠤᠭ᠎ᠠ ᠵᠢᠨ ᠬᠣᠭᠣᠷᠣᠨᠳᠣ ᠬᠢᠵᠠᠭ᠋ᠠᠷᠯᠠᠬᠤ᠂ ᠬᠠᠮᠲᠤ᠎ᠪᠠᠷ ᠬᠢᠵᠠᠭ᠋ᠠᠷᠯᠠᠬᠤ ᠪᠤᠶᠤ ᠴᠢᠬᠤᠯᠠ ᠶᠡᠬᠡ ᠨᠥᠯᠥᠭᠡᠯᠡᠬᠦ ᠬᠠᠷᠢᠴᠠᠭ᠎ᠠ᠎ᠲᠠᠢ ᠪᠤᠰᠤᠳ ᠬᠤᠪᠢ ᠬᠥᠮᠦᠨ ᠪᠤᠶᠤ ᠵᠣᠬᠢᠶᠠᠨ ᠪᠠᠢ᠌ᠭᠤᠯᠤᠯᠲᠠ᠎ᠨᠢ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠪᠡᠯᠡ ᠣᠷᠣᠭᠤᠯᠬᠤ ᠦᠢ᠍ᠯᠡ ᠠᠵᠢᠯᠯᠠᠭ᠎ᠠ᠎ᠲᠠᠢ ᠬᠣᠯᠪᠣᠭᠳᠠᠬᠤ ᠦᠶ᠎ᠡ᠎ᠳᠤ᠂ ᠬᠣᠯᠪᠣᠯᠳᠤᠭᠰᠠᠨ ᠬᠠᠷᠢᠴᠠᠭ᠎ᠠ᠎ᠪᠠᠨ ᠠᠰᠢᠭᠯᠠᠨ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠠᠰᠢᠭ ᠲᠤᠰᠠ ᠵᠢ ᠬᠣᠬᠢᠷᠠᠭᠤᠯᠵᠤ ᠪᠣᠯᠬᠤ ᠦᠭᠡᠶ ᠭᠡᠵᠦ ᠲᠣᠭᠲᠠᠭ᠋ᠠᠵᠠᠶ᠃
     《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠠ ᠠᠵᠢᠯᠲᠠᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠳᠤ ᠲᠤᠰᠢᠶᠠᠯ ᠬᠠᠪᠰᠤᠷᠭ᠋ᠠᠬᠤ ᠪᠤᠶᠤ ᠬᠥᠯᠥᠰᠥ ᠣᠯᠭᠣᠮᠵᠢ ᠠᠪᠴᠤ ᠪᠣᠯᠬᠤ ᠦᠭᠡᠢ》 ᠭᠡᠬᠦ ᠡᠨᠡ ᠬᠦ᠌ ᠲᠣᠭᠲᠠᠭ᠋ᠠᠯ᠎ᠤᠨ ᠲᠤᠬᠠᠢ ᠲᠤᠰ ᠬᠠᠷᠢᠭᠤᠴᠠᠯᠭ᠋ᠠᠲᠠᠨ ᠲᠠᠢ᠌ᠯᠪᠤᠷᠢᠯᠠᠭᠰᠠᠨ᠎ᠨᠢ᠂ ᠪᠡᠯᠡ ᠣᠷᠣᠭᠤᠯᠤᠯᠲᠠ ᠵᠢᠨ ᠠᠰᠢᠭ ᠲᠤᠰᠠ᠎ᠠᠴᠠ ᠵᠠᠢ᠌ᠯᠠᠬᠤ ᠲᠣᠭᠲᠠᠴᠠ ᠵᠢ ᠪᠠᠢ᠌ᠭᠤᠯᠬᠤ ᠵᠢᠨ ᠲᠥᠯᠥᠭᠡ ᠶᠤᠮ᠃ 《ᠡᠨᠳᠡ ᠬᠡᠯᠡᠵᠦ ᠪᠠᠢ᠌ᠭ᠎ᠠ ᠲᠤᠰᠢᠶᠠᠯ ᠬᠠᠪᠰᠤᠷᠭ᠋ᠠᠬᠤ ᠭᠡᠳᠡᠭ᠎ᠨᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠠ ᠠᠵᠢᠯᠲᠠᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ᠎ᠠᠴᠠ᠎ᠪᠠᠨ ᠪᠠᠭᠤᠭᠰᠠᠨ ᠦᠭᠡᠢ ᠪᠠᠢ᠌ᠳᠠᠯ᠎ᠤᠨ ᠳᠣᠣᠷ᠎ᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠣᠴᠢᠵᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠳᠤ ᠬᠦᠷᠴᠦ ᠦᠢ᠍ᠯᠡᠳᠪᠦᠷᠢᠯᠡᠯ ᠡᠵᠡᠩᠨᠡᠯᠲᠡ ᠵᠢᠨ ᠬᠠᠮᠢᠶᠠᠷᠤᠯᠲᠠ ᠵᠢᠨ ᠠᠵᠢᠯ᠎ᠤᠨ ᠬᠣᠯᠪᠣᠭᠳᠠᠯ ᠪᠦᠬᠦᠢ ᠲᠤᠰᠢᠶᠠᠯ᠎ᠢ ᠡᠭᠦᠷᠭᠡᠯᠡᠬᠦ ᠵᠢ ᠵᠢᠭ᠋ᠠᠵᠤ ᠪᠠᠢ᠌ᠨ᠎ᠠ᠃ ᠭᠡᠪᠡᠴᠦ ᠬᠡᠷᠪᠡ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠠ ᠠᠵᠢᠯᠲᠠᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠨᠠᠢ᠌ᠳᠠᠯᠭ᠎ᠠ᠎ᠪᠠᠷ ᠬᠤᠪᠢ ᠣᠷᠣᠭᠤᠯᠤᠭᠴᠢ ᠵᠢᠨ ᠲᠥᠯᠥᠭᠡᠯᠡᠭᠴᠢ᠂ ᠬᠡᠷᠡᠭ ᠮᠡᠳᠡᠭᠴᠢ ᠪᠤᠶᠤ ᠬᠢᠨᠠᠭᠴᠢ ᠪᠣᠯᠤᠭᠰᠠᠨ᠎ᠤ ᠬᠤᠪᠢ᠎ᠳᠤ ᠵᠥᠪᠬᠡᠨ ᠪᠡᠯᠡ ᠣᠷᠣᠭᠤᠯᠤᠭᠰᠠᠨ ᠠᠵᠤ ᠠᠬᠤᠢ᠌ᠯᠠᠯ᠎ᠤᠨ ᠬᠤᠪᠢ ᠣᠷᠣᠭᠤᠯᠤᠭᠴᠢᠳ᠎ᠤᠨ ᠵᠥᠪᠯᠡᠯ᠂ ᠬᠡᠷᠡᠭ ᠮᠡᠳᠡᠭᠴᠢᠳ᠎ᠤᠨ ᠵᠥᠪᠯᠡᠯ᠎ᠤᠨ ᠬᠤᠷᠠᠯᠳᠤᠭ᠋ᠠᠨ᠎ᠳᠤ ᠣᠷᠣᠯᠴᠠᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠬᠦ ᠦᠭᠡᠢ ᠪᠣᠯ᠂ ᠠᠷᠭ᠎ᠠ᠎ᠳᠤ ᠬᠡᠯᠡᠵᠦ ᠪᠠᠢ᠌ᠭ᠎ᠠ 〈ᠲᠤᠰᠢᠶᠠᠯ ᠬᠠᠪᠰᠤᠷᠭ᠋ᠠᠬᠤ〉᠎ᠳᠤ ᠲᠣᠭ᠋ᠠᠴᠠᠭᠳᠠᠬᠤ ᠦᠭᠡᠢ》᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠥᠷᠥ ᠵᠢᠨ ᠶᠠᠪᠤᠳᠠᠯ᠎ᠤᠨ ᠬᠣᠷᠢᠶ᠎ᠠ ᠭᠡᠷᠡᠴᠢ ᠦᠨᠡᠮᠯᠡᠯ᠎ᠢ ᠰᠠᠯᠭ᠋ᠠᠬᠤ ᠥᠭᠡᠷᠡᠴᠢᠯᠡᠯᠲᠡ ᠵᠢ ᠪᠥᠬᠥ ᠤᠯᠤᠰ᠎ᠲᠤ ᠳᠡᠯᠭᠡᠷᠡᠭᠦᠯᠬᠦ ᠲᠤᠬᠠᠶ ᠲᠠᠢ᠌ᠯᠤᠮᠵᠢ ᠬᠢᠪᠠ
《ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠠᠷᠭ᠎ᠠ (ᠰᠠᠨᠠᠯ ᠬᠤᠷᠢᠶᠠᠬᠤ ᠨᠣᠤᠷᠠᠭ)》 ᠵᠢᠨ ᠲᠤᠬᠠᠶ ᠲᠣᠳᠣᠷᠬᠠᠢ᠌ᠯᠠᠯᠲᠠ
ᠳᠦᠷᠢᠮ᠎ᠢ ᠲᠤᠭᠤᠰᠢᠯᠠᠭᠤᠯᠤᠨ ᠬᠡᠷᠡᠭᠵᠢᠭᠦᠯᠵᠦ ᠭᠠᠬᠠᠶ ᠨᠢᠲᠤᠯᠬᠤ ᠵᠢ ᠵᠢᠷᠤᠮᠵᠢᠭᠤᠯᠤᠨ᠎ᠠ
ᠰᠢᠢ᠍ᠳᠬᠡᠨ ᠲᠤᠷᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ ᠬᠠᠤᠯᠢ᠎ᠠᠴᠠ ᠵᠥᠷᠢᠴᠡᠭᠰᠡᠨ ᠥᠪᠡᠷ᠎ᠤᠨ ᠥᠷᠲᠡᠭ᠎ᠢ ᠳᠡᠭᠡᠭᠰᠢᠯᠡᠭᠦᠯᠵᠦ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠶ᠎ᠠ
ᠴᠥ᠋ ᠹᠦ᠋ ᠯᠢᠩ᠄ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢ ᠪᠥᠬᠥ ᠲᠠᠯ᠎ᠠ᠎ᠪᠠᠷ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ
 
            