ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠠᠴᠠ ᠭᠠᠳᠠᠭᠤᠷ 〈ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ〉 ᠵᠦᠢ᠍ᠯᠡᠰ᠎ᠤᠨ ᠨᠠᠷᠢᠨ ᠬᠠᠭᠤᠳᠠᠰᠤ (156 ᠵᠦᠢ᠍ᠯ)〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2023-06-14

      ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠠᠴᠠ ᠭᠠᠳᠠᠭᠤᠷ 〈ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ〉 ᠵᠦᠢ᠍ᠯᠡᠰ᠎ᠤᠨ ᠨᠠᠷᠢᠨ ᠬᠠᠭᠤᠳᠠᠰᠤ (156 ᠵᠦᠢ᠍ᠯ)》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 39 ᠳ᠋ᠦ᠍ᠭᠡᠷ ᠲᠣᠭ᠋ᠠᠲᠤ᠂ ᠳᠣᠷᠣᠭᠰᠢ 《ᠨᠡᠶ᠋ᠢᠳᠡᠮ ᠭᠦᠢ᠍ᠴᠡᠳᠬᠡᠬᠦ ᠨᠠᠷᠢᠨ ᠬᠠᠭᠤᠳᠠᠰᠤ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃ ᠨᠡᠶ᠋ᠢᠭᠡᠮ ᠨᠡᠶ᠋ᠢᠲᠡ ᠵᠢᠨ᠎ᠬᠢᠨ᠎ᠤ 《ᠨᠡᠶ᠋ᠢᠳᠡᠮ ᠭᠦᠢ᠍ᠴᠡᠳᠬᠡᠬᠦ ᠨᠠᠷᠢᠨ ᠬᠠᠭᠤᠳᠠᠰᠤ》 ᠵᠢᠨ ᠬᠠᠮᠢᠶ᠎ᠠ ᠪᠦᠬᠦᠢ ᠠᠭᠤᠯᠭ᠎ᠠ ᠵᠢ ᠥᠷᠭᠡᠨ ᠵᠶ᠋ᠠᠷ ᠮᠡᠳᠡᠬᠦ ᠪᠠ ᠵᠥᠪ ᠣᠨᠣᠪᠴᠢᠲᠠᠶ ᠣᠶ᠋ᠢᠯᠠᠭ᠋ᠠᠬᠤ᠎ᠳᠤ ᠲᠥᠬᠦᠮ ᠦᠵᠡᠭᠦᠯᠵᠦ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠶ᠋ᠢᠯᠤᠮᠵᠢ ᠬᠢᠪᠡ᠃

      ᠨᠢᠭᠡ᠂ ᠨᠡᠶ᠋ᠢᠲᠡᠯᠡᠭᠰᠡᠨ ᠠᠬᠤᠢ ᠪᠠᠶ᠋ᠢᠳᠠᠯ

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ᠋ᠢᠷᠡᠭᠦᠯᠦᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 2023 ᠣᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ 《ᠮᠤᠵᠢ ᠠᠯᠤᠰᠯᠠᠨ ᠨᠡᠶ᠋ᠢᠳᠡᠮ ᠭᠦᠢ᠍ᠴᠡᠳᠬᠡᠬᠦ》 ᠠᠵᠢᠯ᠎ᠲᠠᠢ ᠤᠶᠠᠯᠳᠤᠭᠤᠯᠤᠨ᠂ ᠲᠦᠷ ᠴᠠᠭ᠎ᠤᠨ ᠪᠡᠶ᠎ᠡ ᠵᠢᠨ ᠦᠨᠡᠮᠯᠡᠯ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠲᠣᠭᠤᠷᠢᠨ᠎ᠳᠤ᠂ 《ᠨᠡᠶ᠋ᠢᠳᠡᠮ ᠭᠦᠢ᠍ᠴᠡᠳᠬᠡᠬᠦ ᠨᠠᠷᠢᠨ ᠬᠠᠭᠤᠳᠠᠰᠤ》 ᠵᠢ ᠲᠣᠭᠲᠠᠭ᠋ᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ ᠠᠵᠢᠯ ᠶᠠᠪᠤᠳᠠᠯ ᠭᠦᠢ᠍ᠴᠡᠳᠬᠡᠬᠦ ᠬᠠᠷᠢᠶ᠎ᠠ ᠭᠠᠵᠠᠷ᠎ᠤᠨ ᠬᠢᠵᠠᠭ᠋ᠠᠷᠯᠠᠯ᠎ᠢ ᠡᠪᠳᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠴᠢᠨᠠᠷ ᠰᠠᠶ᠋ᠢᠲᠠᠢ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭ᠋ᠠᠭ᠎ᠠ ᠵᠥᠷᠢᠶ᠎ᠡ ᠦᠭᠡᠢ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠬᠠᠩᠭ᠋ᠠᠨ᠎ᠠ᠃

      ᠬᠤᠶᠠᠷ᠂ ᠭᠤᠣᠯ ᠠᠭᠤᠯᠭ᠎ᠠ

      (ᠨᠢᠭᠡ) ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠦᠢ᠍ᠯᠡᠰ᠎ᠢ ᠲᠥᠷᠥᠯ ᠬᠤᠪᠢᠶᠠᠨ ᠬᠡᠷᠡᠭᠵᠢᠭᠦᠯᠬᠦ ᠵᠢ ᠠᠬᠢᠭᠤᠯᠤᠨ᠎ᠠ᠃ ᠡᠷᠦᠬᠡ ᠠᠮᠠ ᠵᠢᠨ ᠬᠠᠷᠢᠶᠠᠯᠠᠯ᠎ᠤᠨ ᠭᠡᠷᠡᠴᠢ ᠭᠠᠷᠭ᠋ᠠᠬᠤ᠂ ᠡᠷᠦᠬᠡ ᠠᠮᠠ ᠰᠢᠯᠵᠢᠭᠦᠯᠬᠦ᠂ ᠲᠦᠷ ᠴᠠᠭ᠎ᠤᠨ ᠪᠡᠶ᠎ᠡ ᠵᠢᠨ ᠦᠨᠡᠮᠯᠡᠯ ᠭᠦᠢ᠍ᠴᠡᠳᠬᠡᠬᠦ ᠵᠡᠷᠭᠡ᠎ᠳᠤ ᠬᠤᠯᠪᠣᠭᠳᠠᠭᠰᠠᠨ 24 ᠵᠦᠢ᠍ᠯ᠎ᠤᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠦᠢ᠍ᠯᠡᠰ᠎ᠢ ᠨᠠᠭᠦᠯᠭᠡᠵᠦ ᠣᠷᠣᠭᠤᠯᠬᠤ ᠭᠠᠵᠠᠷ᠎ᠤᠨ ᠲᠣᠮᠢᠯᠠᠭᠰᠠᠨ ᠰᠠᠯᠪᠤᠷᠢ᠎ᠳᠤ ᠭᠦᠢ᠍ᠴᠡᠳᠬᠡᠨ᠎ᠡ᠃ ᠪᠤᠰᠤᠳ 132 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠣᠶ᠋ᠢᠷ᠎ᠠ ᠬᠠᠪᠢ᠎ᠳᠤ᠎ᠪᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠴᠣᠩᠬᠤᠪᠴᠢ ᠵᠢ ᠰᠣᠩᠭᠤᠨ ᠭᠦᠢ᠍ᠴᠡᠳᠬᠡᠵᠦ ᠪᠣᠯᠣᠨ᠎ᠠ᠃

      (ᠬᠤᠶᠠᠷ) ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠴᠣᠩᠬᠤᠪᠴᠢ ᠵᠢᠨ ᠲᠤᠯᠭ᠋ᠠᠭᠤᠷᠢᠯᠠᠯ ᠵᠢ ᠴᠢᠩᠭ᠋ᠠᠳᠬᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠠᠴᠠ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠦᠢ᠍ᠯᠡᠴᠢᠯᠡᠭᠡᠨ᠎ᠤ ᠲᠤᠰᠬᠠᠢ ᠴᠣᠩᠬᠤᠪᠴᠢ ᠲᠣᠬᠢᠷᠠᠭᠤᠯᠵᠤ᠂ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠴᠢᠳᠠᠮᠵᠢ ᠵᠢᠨ ᠬᠡᠰᠡᠭ ᠵᠶ᠋ᠠᠷ ᠳᠠᠮᠵᠢᠭᠤᠯᠤᠨ᠂ ᠮᠠᠲ᠋ᠧᠷᠢᠶᠠᠯ᠎ᠢ ᠣᠨᠳᠣᠣ ᠭᠠᠵᠠᠷ᠎ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ ᠬᠠᠨᠳᠤᠯᠭ᠎ᠠ᠎ᠲᠠᠢ᠎ᠪᠠᠷ ᠰᠢᠯᠵᠢᠭᠦᠯᠬᠦ 《ᠨᠢᠭᠡ ᠥᠷᠲᠡᠭᠡᠴᠢᠯᠡᠭᠰᠡᠨ ᠮᠠᠶᠢᠭ》᠎ᠤᠨ ᠦᠢ᠍ᠯᠡᠴᠢᠯᠡᠭᠡ ᠵᠢ

ᠬᠡᠷᠡᠭᠵᠢᠭᠦᠯᠦᠨ᠎ᠡ᠃

      (ᠭᠤᠷᠪᠠ) ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠦᠢ᠍ᠯᠡᠰ᠎ᠢ ᠵᠣᠯᠭ᠋ᠠᠭᠤᠯᠬᠤ ᠵᠢ ᠲᠦᠷᠭᠡᠳᠬᠡᠨ᠎ᠡ᠃ ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠦᠢ᠍ᠯᠡᠰ᠎ᠤᠨ ᠨᠡᠷᠡᠶ᠋ᠢᠳᠦᠯ᠂ ᠭᠠᠷᠴᠠᠭ ᠳ᠋ᠤᠭ᠋ᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢ᠍ᠴᠡᠳᠬᠡᠬᠦ ᠴᠠᠭ᠎ᠤᠨ ᠬᠢᠵᠠᠭ᠋ᠠᠷ ᠵᠡᠷᠭᠡ ᠮᠡᠳᠡᠭᠡ ᠵᠠᠩᠭᠢ ᠵᠢᠨ ᠡᠯᠧᠮᠧᠨ᠋ᠲ᠎ᠢ ᠨᠠᠶ᠋ᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠵᠦ᠂ ᠲᠤᠬᠠᠶ᠋ᠢᠯᠠᠭᠰᠠᠨ ᠠᠵᠢᠯ᠎ᠤᠨ ᠪᠥᠬᠦ ᠴᠤᠪᠤᠷᠠᠯ᠎ᠤᠨ 《ᠵᠥᠷᠢᠶ᠎ᠡ ᠦᠭᠡᠢ》 ᠭᠦᠢ᠍ᠴᠡᠳᠬᠡᠬᠦ ᠵᠢ ᠪᠠᠷᠢᠮᠵᠢᠶᠠᠵᠢᠭᠤᠯᠬᠤ ᠵᠢ ᠪᠡᠶᠡᠯᠡᠭᠦᠯᠦᠨ᠎ᠡ᠃

      (ᠳᠥᠷᠪᠡ) ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠰᠢᠯᠵᠢᠭᠦᠯᠦᠨ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢ᠍ᠴᠡᠳᠬᠡᠬᠦ ᠭᠠᠵᠠᠷ᠎ᠤᠨ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠴᠣᠩᠬᠤᠪᠴᠢ᠎ᠨᠢ ᠲᠣᠰ ᠲᠣᠰ 1 ᠠᠵᠢᠯᠯᠠᠬᠤ ᠡᠳᠦᠷ᠎ᠤᠨ ᠳᠣᠲᠣᠷ᠎ᠠ ᠭᠥᠯᠢᠶᠡᠨ ᠠᠪᠬᠤ ᠵᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠰᠢᠯᠵᠢᠭᠦᠯᠦᠨ ᠭᠦᠢ᠍ᠴᠡᠳᠬᠡᠯᠭᠡᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠠᠴᠠ ᠴᠠᠭ ᠲᠤᠬᠠᠢ᠎ᠳᠤ᠎ᠨᠢ ᠭᠦᠢ᠍ᠴᠡᠳᠬᠡᠵᠦ ᠳᠠᠭᠤᠰᠬᠠᠬᠤ ᠵᠢᠨ ᠬᠠᠮᠲᠤ 1 ᠠᠵᠢᠯᠯᠠᠬᠤ ᠡᠳᠦᠷ᠎ᠤᠨ ᠳᠣᠲᠣᠷ᠎ᠠ ᠢᠯᠡᠭᠡᠨ᠎ᠡ᠃ ᠴᠠᠭ᠋ᠠᠰᠤᠨ ᠮᠠᠲ᠋ᠧᠷᠢᠶᠠᠯ᠎ᠢ ᠦᠯᠡᠳᠡᠭᠡᠨ ᠬᠠᠳᠠᠭ᠋ᠠᠯᠠᠬᠤ ᠴᠢᠬᠤᠯᠠ᠎ᠲᠠᠢ ᠵᠢ᠎ᠨᠢ 2 ᠠᠵᠢᠯᠯᠠᠬᠤ ᠡᠳᠦᠷ᠎ᠤᠨ ᠳᠣᠲᠣᠷ᠎ᠠ ᠢᠯᠡᠭᠡᠨ᠎ᠡ᠃

      (ᠲᠠᠪᠤ) ᠰᠠᠯᠠᠭ᠎ᠠ ᠮᠥᠴᠢᠷ᠎ᠤᠳ᠎ᠤᠨ ᠬᠤᠭᠤᠷᠣᠨᠳᠣᠬᠢ ᠨᠡᠪᠲᠡᠷᠡᠯᠴᠡᠨ  ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠨᠡᠶ᠋ᠢᠳᠡᠮ ᠭᠦᠢ᠍ᠴᠡᠳᠬᠡᠬᠦ ᠲᠣᠭᠲᠠᠴᠠ ᠵᠢ ᠪᠠᠶ᠋ᠢᠭᠤᠯᠵᠤ᠂ ᠬᠠᠷᠢᠶ᠎ᠠ ᠭᠠᠵᠠᠷ᠎ᠤᠨ ᠰᠠᠯᠠᠭ᠎ᠠ ᠮᠥᠴᠢᠷ ᠪᠠ ᠣᠨᠳᠣᠣ ᠭᠠᠵᠠᠷ᠎ᠤᠨ ᠰᠠᠯᠠᠭ᠎ᠠ ᠮᠥᠴᠢᠷ᠎ᠢ ᠨᠡᠪᠲᠡᠷᠡᠯᠴᠡᠭᠦᠯᠦᠨ ᠵᠣᠯᠭ᠋ᠠᠭᠤᠯᠬᠤ ᠵᠢ ᠴᠢᠩᠭ᠋ᠠᠳᠬᠠᠨ᠂ ᠨᠢᠭᠲᠠ ᠮᠥᠷᠲᠡᠭᠡᠨ ᠣᠨᠣᠴᠠᠲᠠᠢ᠎ᠪᠠᠷ ᠵᠣᠯᠭ᠋ᠠᠭᠤᠯᠬᠤ ᠵᠢ ᠪᠡᠶᠡᠯᠡᠭᠦᠯᠵᠦ᠂ ᠬᠡᠷᠡᠭ ᠶᠠᠪᠤᠳᠠᠯ ᠭᠦᠢ᠍ᠴᠡᠳᠬᠡᠬᠦ ᠴᠤᠪᠤᠷᠠᠯ᠎ᠤᠨ ᠪᠢᠲᠡᠭᠦᠦ ᠴᠠᠭ᠋ᠠᠷᠢᠭ᠎ᠢ ᠪᠣᠶ ᠪᠣᠯᠭ᠋ᠠᠨ᠎ᠠ᠃

      (ᠵᠢᠷᠭᠤᠭ᠎ᠠ) ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠢᠨ ᠰᠢᠯᠭ᠋ᠠᠨ ᠬᠢᠨᠠᠵᠤ ᠰᠢᠮᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠰᠦᠯᠵᠢᠶᠡᠨ᠎ᠠᠴᠠ ᠭᠠᠳᠠᠭᠤᠷ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠢ ᠬᠠᠷᠠᠯᠲᠠᠲᠤ ᠰᠢᠯᠭ᠋ᠠᠨ ᠬᠢᠨᠠᠯᠲᠠ ᠪᠠ ᠲᠤᠰᠬᠠᠢ ᠰᠢᠮᠳᠠᠭᠤᠯᠤᠨ ᠪᠠᠶ᠋ᠢᠴᠠᠭ᠋ᠠᠯᠲᠠ ᠵᠢᠨ ᠠᠭᠤᠯᠭ᠎ᠠ᠎ᠳᠤ ᠣᠷᠣᠭᠤᠯᠬᠤ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠪᠥᠬᠦ ᠲᠠᠯ᠎ᠠ᠎ᠪᠠᠷ ᠠᠬᠢᠭᠤᠯᠤᠨ᠎ᠠ᠃

      ᠭᠤᠷᠪᠠ᠂ ᠣᠨᠴᠠᠯᠢᠭ ᠪᠠ ᠭᠢᠯᠠᠰ ᠴᠡᠭ

      《ᠨᠡᠶ᠋ᠢᠳᠡᠮ ᠭᠦᠢ᠍ᠴᠡᠳᠬᠡᠬᠦ ᠨᠠᠷᠢᠨ ᠬᠠᠭᠤᠳᠠᠰᠤ》᠎ᠨᠢ ᠠᠵᠤ ᠠᠬᠤᠶ᠋ᠢᠯᠠᠯ ᠪᠣᠯᠣᠨ ᠣᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ᠂ ᠬᠠᠮᠤᠭ᠎ᠤᠨ ᠰᠢᠭᠤᠳ᠂ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠠᠴᠠ ᠪᠠᠷᠢᠮᠵᠢᠶ᠎ᠠ ᠵᠢ ᠵᠢᠷᠤᠮᠵᠢᠭᠤᠯᠤᠨ᠂ ᠲᠤᠯᠭ᠋ᠠᠭᠤᠷᠢᠯᠠᠯ᠎ᠢ ᠳᠡᠭᠡᠭᠰᠢᠯᠡᠭᠦᠯᠵᠦ᠂ ᠪᠥᠬᠦ ᠣᠷᠣᠨ᠎ᠤ ᠪᠠᠷᠢᠮᠵᠢᠶ᠎ᠠ ᠵᠢ ᠨᠢᠭᠡᠳᠦᠭᠦᠯᠬᠦ᠂ ᠣᠨᠳᠣᠣ ᠭᠠᠵᠠᠷ᠎ᠲᠤ ᠭᠥᠯᠢᠶᠡᠨ ᠠᠪᠴᠤ ᠰᠢᠢ᠍ᠳᠪᠦᠷᠢᠯᠡᠬᠦ᠂ ᠰᠦᠯᠵᠢᠶᠡᠨ ᠳᠡᠭᠡᠷ᠎ᠡ ᠬᠠᠨᠳᠤᠯᠭ᠎ᠠ᠎ᠲᠠᠢ᠎ᠪᠠᠷ ᠰᠢᠯᠵᠢᠭᠦᠯᠬᠦ᠂ ᠰᠠᠯᠠᠭ᠎ᠠ ᠮᠥᠴᠢᠷ᠎ᠤᠳ ᠬᠤᠯᠪᠣᠭ᠋ᠠᠯᠠᠨ ᠬᠥᠳᠡᠯᠦᠯᠴᠡᠬᠦ ᠠᠷᠭ᠎ᠠ ᠮᠠᠶᠢᠭ᠎ᠢ ᠬᠡᠷᠡᠭᠯᠡᠨ ᠪᠢᠲᠡᠭᠦᠦ ᠴᠠᠭ᠋ᠠᠷᠢᠭ ᠵᠶ᠋ᠠᠷ ᠭᠦᠢ᠍ᠴᠡᠳᠬᠡᠬᠦ ᠵᠠᠭᠪᠤᠷ᠎ᠢ ᠪᠣᠶ ᠪᠣᠯᠭ᠋ᠠᠭᠰᠠᠨ᠎ᠨᠢ ᠣᠨᠳᠣᠣ ᠭᠠᠵᠠᠷ᠎ᠲᠤ ᠠᠵᠢᠯ ᠶᠠᠪᠤᠳᠠᠯ ᠭᠦᠢ᠍ᠴᠡᠳᠬᠡᠬᠦ᠎ᠳᠤ 《ᠣᠯᠠᠨ ᠭᠠᠵᠠᠷ᠎ᠲᠤ ᠣᠴᠢᠬᠤ》 《ᠨᠠᠭ᠋ᠠᠰᠢ ᠴᠠᠭ᠋ᠠᠰᠢ ᠭᠦᠶᠦᠬᠦ》 ᠠᠰᠠᠭᠤᠳᠠᠯ᠎ᠢ ᠰᠢᠢ᠍ᠳᠪᠦᠷᠢᠯᠡᠨ᠂ ᠣᠯᠠᠨ ᠲᠦᠮᠡᠨ᠎ᠤ ᠣᠨᠳᠣᠣ ᠭᠠᠵᠠᠷ᠎ᠲᠤ ᠠᠵᠢᠯᠯᠠᠵᠤ ᠠᠮᠢᠳᠤᠷᠠᠬᠤ᠎ᠳᠤ ᠲᠥᠬᠦᠮ ᠦᠵᠡᠭᠦᠯᠦᠭᠰᠡᠨ ᠵᠶ᠋ᠠᠷ ᠪᠠᠷᠠᠬᠤ ᠦᠭᠡᠢ ᠵᠠᠮ ᠬᠠᠷᠢᠯᠴᠠᠭ᠋ᠠᠨ᠎ᠤ ᠵᠠᠷᠤᠳᠠᠯ ᠪᠠ ᠴᠠᠭ ᠬᠤᠭᠤᠴᠠᠭ᠋ᠠᠨ᠎ᠤ ᠥᠪᠡᠷ᠎ᠤᠨ ᠥᠷᠲᠡᠭ᠎ᠢ ᠠᠷᠪᠢᠯᠠᠪᠠ᠃

 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢᠨᠬᠤᠸᠠ ᠬᠤᠷᠢᠶᠠᠨ᠎ᠤ ᠴᠠᠭ᠎ᠤᠨ ᠪᠠᠶ᠋ᠢᠳᠠᠯ᠎ᠤᠨ ᠰᠢᠭᠦᠮᠵᠢ᠄ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠣᠯᠣᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠤᠶᠠᠷ ᠤᠯᠠᠭ᠋ᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ ᠮᠥᠨ
《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠢᠵᠢ ᠪᠦᠷᠢᠳᠦᠭᠰᠡᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠬᠠᠤᠯᠢ ᠲᠣᠭᠲᠠᠭ᠋ᠠᠯ᠎ᠤᠨ ᠨᠠᠢ᠌ᠳᠠᠪᠤᠷᠢᠵᠢᠭᠤᠯᠤᠯᠲᠠ ᠵᠢ ᠪᠠᠲᠤᠯᠠᠨ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ〉 ᠠᠵᠢᠯᠯᠠᠭ᠎ᠠ ᠵᠢ ᠪᠠᠢ᠌ᠩᠭᠤᠵᠢᠭᠤᠯᠬᠤ ᠠᠵᠢᠯ᠎ᠤᠨ ᠳᠦᠷᠢᠮ》᠎ᠤᠨ ᠵᠢᠷᠤᠭᠲᠤ ᠲᠠᠢ᠌ᠯᠤᠮᠵᠢ (ᠨᠢᠭᠡ)
ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠵᠤ᠂ ᠮᠠᠨ᠎ᠤ ᠤᠯᠤᠰ᠎ᠤᠨ ᠺᠣᠨᠰᠦ᠋ᠯ᠎ᠤᠨ ᠬᠠᠮᠠᠭ᠋ᠠᠯᠠᠯᠲᠠ ᠪᠠ ᠬᠠᠮᠵᠢᠯᠴᠠᠭ᠎ᠠ ᠵᠢᠨ ᠦᠢ᠍ᠯᠡᠳᠦᠯᠭᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ (ᠨᠢᠭᠡ)
 
            