ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠢᠨᠬᠤᠸᠠ ᠬᠤᠷᠢᠶᠠᠨ᠎ᠤ ᠴᠠᠭ᠎ᠤᠨ ᠪᠠᠶ᠋ᠢᠳᠠᠯ᠎ᠤᠨ ᠰᠢᠭᠦᠮᠵᠢ᠄ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠣᠯᠣᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠤᠶᠠᠷ ᠤᠯᠠᠭ᠋ᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ ᠮᠥᠨ
ᠨᠡᠶ᠋ᠢᠲᠡᠯᠡᠭᠰᠡᠨ ᠴᠠᠭ᠄ 2023-06-27

      ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠣᠯᠣᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠤᠶᠠᠷ ᠤᠯᠠᠭ᠋ᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ ᠮᠥᠨ ᠃

      ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠣᠶ᠋ᠢᠷ᠎ᠠ᠎ᠳᠤ ᠮᠡᠳᠡᠭᠳᠡᠯ ᠪᠠᠭᠤᠯᠭ᠋ᠠᠵᠤ᠂ ᠬᠠᠤᠯᠢ ᠵᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠂ ᠠᠮᠢ ᠠᠬᠤᠢ ᠪᠠ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠦᠴᠡᠯ᠎ᠢ ᠡᠪᠳᠡᠬᠦ᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠬᠤ ᠵᠡᠷᠭᠡ ᠠᠰᠠᠭᠤᠳᠠᠯ ᠭᠠᠷᠬᠤ ᠵᠢ ᠡᠷᠡᠰ ᠰᠡᠷᠭᠡᠶ᠋ᠢᠯᠡᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠪᠠ᠃ ᠡᠨᠡ᠎ᠨᠢ ᠬᠠᠨᠳᠤᠯᠭ᠋ᠠᠲᠤ ᠴᠢᠨᠠᠷ ᠪᠠ ᠴᠠᠭ ᠦᠶᠡᠴᠢ ᠴᠢᠨᠠᠷ ᠵᠶ᠋ᠠᠷ ᠮᠠᠰᠢ ᠴᠢᠩᠭ᠎ᠠ ᠲᠥᠷᠥ ᠵᠢᠨ ᠪᠣᠳᠣᠯᠭ᠎ᠠ ᠶᠤᠮ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ᠎ᠨᠢ ᠠᠮᠤ ᠪᠤᠳᠠᠭ᠋ᠠᠨ᠎ᠤ ᠠᠮᠤᠷ ᠲᠦᠪᠰᠢᠨ ᠭᠡᠬᠦ ᠡᠨᠡ ᠬᠦ᠌ 《ᠤᠯᠤᠰ᠎ᠤᠨ ᠲᠣᠮᠣ ᠶᠠᠪᠤᠳᠠᠯ》᠎ᠲᠠᠢ ᠬᠤᠯᠪᠣᠭᠳᠠᠵᠤ ᠪᠠᠶ᠋ᠢᠳᠠᠭ᠃ ᠡᠳᠡᠭᠡᠷ ᠵᠢᠯ᠎ᠤᠳ᠎ᠲᠤ᠂ ᠳᠡᠯᠡᠬᠡᠢ ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ ᠴᠤ᠌᠂ ᠪᠢᠳᠡ ᠳᠤᠮᠳᠠᠳᠤ ᠤᠯᠤᠰ᠎ᠤᠨ 14 ᠳ᠋ᠦᠩᠰᠢᠭᠤᠷ ᠭᠠᠷᠤᠢ ᠠᠷᠠᠳ ᠲᠦᠮᠡᠨ᠎ᠤ ᠡᠳᠦᠷ ᠪᠦᠷᠢ ᠴᠠᠭ᠎ᠲᠤ᠎ᠪᠠᠨ ᠬᠤᠭᠤᠯᠠ᠎ᠪᠠᠨ ᠢᠳᠡᠵᠦ᠂ ᠭᠡᠳᠡᠰᠦ ᠴᠠᠳᠬᠤᠯᠠᠩ ᠮᠥᠷᠲᠡᠭᠡᠨ ᠬᠤᠭᠤᠯᠠᠨ ᠠᠶᠠᠭ᠎ᠠ᠎ᠪᠠᠨ ᠤᠯᠠᠮ ᠯᠠᠪᠳᠠᠭᠤᠨ ᠵᠶ᠋ᠠᠷ ᠭᠠᠷ᠎ᠲᠤ᠎ᠪᠠᠨ ᠪᠠᠷᠢᠵᠦ᠂ ᠡᠳᠦᠷ ᠢᠷᠡᠬᠦᠶ᠎ᠡ ᠰᠠᠶ᠋ᠢᠨ᠎ᠢ ᠢᠳᠡᠬᠦ ᠵᠢ ᠪᠠᠲᠤᠯᠠᠪᠠ᠂ ᠡᠨᠡ᠎ᠨᠢ ᠳᠠᠷᠤᠢ ᠲᠠᠷᠢᠶᠠᠨ ᠭᠠᠵᠠᠷ ᠭᠡᠬᠦ ᠡᠨᠡ ᠬᠦ᠌ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠮᠢᠨ ᠰᠤᠳᠠᠰᠤ ᠵᠢ ᠪᠠᠲᠤ ᠰᠠᠬᠢᠭᠰᠠᠨ ᠶᠠᠪᠤᠳᠠᠯ ᠪᠣᠯᠣᠨ᠎ᠠ᠃

      ᠲᠠᠷᠢᠶᠠᠨ ᠭᠠᠵᠠᠷ᠎ᠢ ᠬᠠᠮᠠᠭ᠋ᠠᠯᠠᠬᠤ ᠡᠨᠡ ᠬᠦ᠌ ᠬᠥᠪᠴᠢ ᠵᠢ ᠡᠷᠬᠡᠪᠰᠢ ᠴᠠᠭ ᠢᠮᠠᠭᠲᠠ ᠴᠢᠩᠭ᠋ᠠᠯᠠᠬᠤ ᠬᠡᠷᠡᠭᠲᠡᠢ᠃ 2022 ᠣᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠴᠢᠬᠤᠯᠠ ᠶᠡᠭᠡ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠳᠣᠲᠣᠷ᠎ᠠ ᠭᠤᠣᠯᠳᠠᠭᠤ ᠲᠠᠷᠢᠶᠠᠨ ᠭᠠᠵᠠᠷ᠎ᠢ ᠡᠵᠡᠯᠡᠨ ᠨᠠᠭᠤᠷ᠎ᠢ ᠮᠠᠯᠲᠠᠵᠤ ᠦᠵᠡᠮᠵᠢ ᠵᠢᠨ ᠭᠠᠵᠠᠷ ᠪᠠᠶ᠋ᠢᠭᠤᠯᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠨᠣᠭᠤᠭ᠋ᠠᠷᠠᠭᠤᠯᠤᠯᠲᠠ ᠵᠢᠨ ᠪᠦᠰᠡ ᠪᠠᠶ᠋ᠢᠭᠤᠯᠬᠤ᠂ ᠡᠳ᠋ᠯᠡᠩ᠎ᠤᠨ ᠴᠣᠭᠴᠠᠯᠠᠪᠤᠷᠢ ᠵᠢ ᠪᠦᠲᠦᠭᠡᠨ ᠪᠠᠶ᠋ᠢᠭᠤᠯᠬᠤ ᠵᠡᠷᠭᠡ 《ᠦᠵᠡᠮᠵᠢ ᠵᠢ ᠡᠷᠬᠢᠮᠯᠡᠨ ᠢᠳᠡᠬᠦ ᠬᠤᠭᠤᠯᠠ᠎ᠪᠠᠨ ᠤᠮᠳᠠᠭ᠋ᠠᠶ᠋ᠢᠯᠠᠬᠤ》 ᠠᠰᠠᠭᠤᠳᠠᠯ ᠲᠣᠪᠣᠶ᠋ᠢᠮ᠎ᠠ ᠣᠷᠣᠰᠢᠵᠤ ᠪᠠᠶ᠋ᠢᠨ᠎ᠠ᠃ ᠡᠭᠦᠨ᠎ᠳᠤ ᠡᠷᠬᠡᠪᠰᠢ 《ᠰᠢᠳᠦ ᠤᠷᠭᠤᠭᠤᠯᠬᠤ》 ᠬᠠᠲᠠᠭᠤ ᠠᠷᠭ᠎ᠠ ᠬᠡᠮᠵᠢᠶ᠎ᠡ ᠠᠪᠴᠤ᠂ ᠡᠯ᠎ᠡ ᠲᠦᠷᠦᠯ᠎ᠤᠨ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠤᠷᠢᠭᠯᠠᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠵᠦ᠂ ᠰᠢᠨ᠎ᠡ᠎ᠪᠠᠷ ᠡᠭᠦᠰᠦᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ 《ᠥᠴᠥᠬᠡᠨ ᠴᠦ᠍ ᠠᠭᠤᠴᠢᠯᠠᠬᠤ ᠦᠭᠡᠢ》 ᠪᠠᠶ᠋ᠢᠵᠤ᠂ ᠪᠠᠶ᠋ᠢᠴᠠᠭ᠋ᠠᠨ ᠢᠯᠡᠷᠡᠭᠦᠯᠦᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠢ᠃ ᠡᠭᠦᠨ᠎ᠤ ᠵᠡᠷᠭᠡᠴᠡᠭᠡ᠎ᠪᠠᠷ᠂ ᠥᠩᠭᠡᠷᠡᠭᠰᠡᠨ᠎ᠳᠤ ᠵᠦᠢ ᠵᠣᠬᠢᠰ ᠦᠭᠡᠢ᠎ᠪᠠᠷ ᠠᠯᠳᠠᠭᠳᠠᠵᠤ ᠭᠡᠭᠡᠭᠳᠡᠭᠰᠡᠨ ᠴᠢᠨᠠᠷ ᠰᠠᠶ᠋ᠢᠲᠠᠢ ᠬᠡᠰᠡᠭ ᠲᠠᠷᠢᠶᠠᠨ ᠭᠠᠵᠠᠷ᠎ᠲᠤ ᠴᠤ᠌ ᠲᠠᠷᠢᠶᠠᠯᠠᠬᠤ᠎ᠳᠤ ᠲᠣᠬᠢᠷᠠᠮᠵᠢᠲᠠᠢ ᠪᠣᠯ ᠲᠠᠷᠢᠶᠠᠯᠠᠬᠤ᠂ ᠣᠶ᠋ᠢᠵᠢᠭᠤᠯᠬᠤ᠎ᠳᠤ ᠲᠣᠬᠢᠷᠠᠮᠵᠢᠲᠠᠢ ᠪᠣᠯ ᠣᠶ᠋ᠢᠵᠢᠭᠤᠯᠬᠤ᠂ ᠡᠪᠡᠰᠦ ᠪᠡᠯᠴᠢᠭᠡᠷ ᠤᠷᠭᠤᠭᠤᠯᠬᠤ᠎ᠳᠤ ᠲᠣᠬᠢᠷᠠᠮᠵᠢᠲᠠᠢ ᠪᠣᠯ ᠡᠪᠡᠰᠦ ᠪᠡᠯᠴᠢᠭᠡᠷ ᠤᠷᠭᠤᠭᠤᠯᠬᠤ ᠵᠠᠷᠴᠢᠮ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ᠂ ᠲᠥᠯᠥᠪᠯᠡᠭᠡ᠎ᠲᠠᠢ᠂ ᠬᠡᠮᠨᠡᠯ᠎ᠲᠠᠢ᠎ᠪᠠᠷ ᠰᠡᠷᠭᠦᠭᠡᠬᠦ ᠬᠡᠷᠡᠭᠲᠡᠢ᠃ ᠭᠡᠬᠦ᠎ᠳᠤ᠎ᠪᠠᠨ ᠰᠡᠷᠭᠦᠭᠡᠬᠦ ᠶᠠᠪᠤᠴᠠ᠎ᠳᠤ ᠶᠠᠭ᠋ᠠᠬᠢᠭᠰᠠᠨ ᠴᠤ᠌ 《ᠬᠢᠯᠪᠠᠷᠴᠢᠯᠠᠵᠤ》 《ᠨᠢᠭᠡ ᠯᠡ ᠪᠠᠷᠢᠮᠵᠢᠶ᠎ᠠ᠎ᠪᠠᠷ ᠱᠠᠭ᠋ᠠᠷᠳᠠᠵᠦ》 ᠪᠣᠯᠬᠤ

ᠦᠭᠡᠢ᠃

      ᠤᠯᠤᠰ᠎ᠤᠨ ᠪᠠᠶ᠋ᠢᠳᠠᠯ ᠪᠣᠯᠣᠨ ᠤᠯᠤᠰ᠎ᠤᠨ ᠬᠠᠤᠯᠢ ᠴᠠᠭ᠋ᠠᠵᠠ᠎ᠳᠤ ᠰᠠᠭᠤᠷᠢᠯᠠᠨ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠴᠡᠴᠡᠷᠯᠢᠭ ᠪᠠ ᠨᠠᠭᠤᠷ ᠴᠥᠭᠦᠷᠥᠮ ᠪᠠᠶ᠋ᠢᠭᠤᠯᠬᠤ᠂ ᠣᠶ᠋ᠢᠵᠢᠭᠤᠯᠬᠤ᠂ ᠦᠵᠡᠮᠵᠢ ᠪᠦᠲᠦᠭᠡᠬᠦ ᠵᠡᠷᠭᠡ ᠠᠵᠢᠯᠯᠠᠭ᠎ᠠ᠎ᠳᠤ ᠡᠷᠡᠰ ᠴᠣᠬᠢᠯᠲᠠ ᠥᠭᠬᠦ ᠬᠡᠷᠡᠭᠲᠡᠢ᠃ ᠡᠨᠡ ᠪᠣᠯ 《ᠱᠠᠯᠪᠢᠩ ᠤᠷᠪᠠᠭᠤᠯᠬᠤ》᠂ 《ᠣᠶ᠋ᠢᠵᠢᠭᠤᠯᠬᠤ ᠵᠢ ᠵᠣᠭᠰᠣᠭ᠋ᠠᠵᠤ ᠲᠠᠷᠢᠶᠠᠯᠠᠬᠤ ᠵᠢ ᠰᠡᠷᠭᠦᠭᠡᠬᠦ》 ᠶᠠᠪᠤᠳᠠᠯ ᠤᠭᠳᠤ ᠪᠢᠰᠢ᠂ ᠶᠠᠭ᠋ᠠᠬᠢᠭᠰᠠᠨ ᠴᠦ᠍ ᠤᠬᠠᠭᠳᠠᠬᠤᠨ᠎ᠢ ᠰᠣᠯᠢᠵᠤ ᠪᠣᠯᠬᠤ ᠦᠭᠡᠢ᠃ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠡᠮᠬᠢ ᠵᠢᠷᠤᠮ᠎ᠲᠠᠢ᠎ᠪᠠᠷ ᠬᠡᠷᠡᠭᠵᠢᠭᠦᠯᠬᠦ ᠵᠢᠨ ᠦᠨᠳᠦᠰᠦᠨ ᠵᠣᠷᠢᠯᠭ᠎ᠠ ᠪᠣᠯ ᠠᠮᠢ  ᠠᠬᠤᠢ ᠵᠢᠨ  ᠣᠷᠴᠢᠨ ᠲᠣᠭᠤᠷᠢᠨ᠎ᠢ ᠰᠠᠶ᠋ᠢᠵᠢᠷᠠᠭᠤᠯᠬᠤ ᠵᠢᠨ ᠲᠥᠯᠥᠭᠡ ᠶᠤᠮ᠃ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠠᠮᠢ ᠠᠬᠤᠢ ᠵᠢ ᠬᠠᠮᠠᠭ᠋ᠠᠯᠠᠨ ᠲᠠᠷᠢᠶᠠᠯᠠᠬᠤ ᠵᠢ ᠵᠣᠭᠰᠤᠭ᠋ᠠᠬᠤ ᠵᠢᠨ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠬᠦ᠎ᠪᠠᠷ ᠳᠠᠮᠵᠢᠭᠤᠯᠤᠨ ᠠᠮᠢ ᠠᠬᠤᠢ ᠵᠢᠨ ᠣᠷᠴᠢᠨ ᠲᠣᠭᠤᠷᠢᠨ᠎ᠢ ᠰᠠᠶ᠋ᠢᠵᠢᠷᠠᠭᠤᠯᠵᠤ ᠪᠣᠯᠬᠤ ᠮᠥᠷᠲᠡᠭᠡᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠵᠦ᠂ ᠬᠥᠳᠡᠭᠡ ᠲᠣᠰᠬᠤᠨ᠎ᠤ ᠬᠥᠭᠵᠢᠯᠲᠡ ᠵᠢ ᠠᠬᠢᠭᠤᠯᠤᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠴᠢᠳᠠᠨ᠎ᠠ ᠭᠡᠳᠡᠭ᠎ᠢ ᠦᠢ᠍ᠯᠡᠳᠦᠯᠭᠡ ᠬᠠᠷᠠᠭᠤᠯᠵᠤ ᠪᠠᠶ᠋ᠢᠨ᠎ᠠ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠠᠷᠢᠶᠠᠯᠠᠬᠤ ᠵᠢ ᠵᠣᠭᠰᠣᠭ᠋ᠠᠵᠤ ᠣᠶ᠋ᠢᠵᠢᠭᠤᠯᠤᠯᠲᠠ ᠵᠢ ᠰᠡᠷᠭᠦᠭᠡᠭᠰᠡᠨ ᠦᠷ᠎ᠡ ᠪᠦᠲᠦᠭᠡᠯ᠎ᠢ ᠪᠠᠬᠢᠵᠢᠭᠦᠯᠬᠦ ᠬᠡᠷᠡᠭᠲᠡᠢ ᠭᠡᠵᠦ ᠲᠣᠳᠣᠷᠬᠠᠢ ᠴᠢᠬᠤᠯᠠᠴᠢᠯᠠᠭᠰᠠᠨ ᠪᠠᠶ᠋ᠢᠨ᠎ᠠ᠃ ᠠᠮᠢ ᠠᠬᠤᠢ ᠵᠢᠨ ᠣᠷᠴᠢᠨ ᠲᠣᠭᠤᠷᠢᠨ᠎ᠢ ᠦᠷᠭᠦᠯᠵᠢᠯᠡᠨ ᠰᠠᠶ᠋ᠢᠵᠢᠷᠠᠭᠤᠯᠬᠤ᠎ᠳᠤ ᠲᠠᠷᠢᠶᠠᠯᠠᠬᠤ ᠵᠢ ᠵᠣᠭᠰᠣᠭ᠋ᠠᠵᠤ ᠣᠶ᠋ᠢᠵᠢᠭᠤᠯᠤᠯᠲᠠ ᠵᠢ ᠰᠡᠷᠭᠦᠭᠡᠬᠦ ᠠᠵᠢᠯ᠎ᠢ ᠪᠠᠬᠢᠵᠢᠭᠦᠯᠬᠦ᠎ᠠᠴᠠ ᠪᠢᠰᠢ ᠬᠠᠷᠢᠨ 《ᠤᠬᠤᠷᠢᠭᠤᠯᠵᠤ》 ᠪᠣᠯᠬᠤ ᠦᠭᠡᠢ ᠶᠤᠮ᠃ ᠲᠠᠷᠢᠶᠠᠯᠠᠬᠤ ᠵᠢ ᠵᠣᠭᠰᠣᠭ᠋ᠠᠵᠤ ᠣᠶ᠋ᠢᠵᠢᠭᠤᠯᠤᠯᠲᠠ ᠵᠢ ᠰᠡᠷᠭᠦᠭᠡᠬᠦ ᠭᠠᠵᠠᠷ᠎ᠢ 25 ᠭ᠋ᠷᠡᠳᠦ᠋ᠰ᠎ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ᠂ ᠬᠦᠨᠳᠦ ᠨᠣᠴᠢᠲᠠᠢ ᠡᠯᠡᠰᠦᠷᠭᠡᠭᠵᠢᠭᠰᠡᠨ ᠲᠠᠷᠢᠶᠠᠨ ᠭᠠᠵᠠᠷ᠂ ᠴᠢᠬᠤᠯᠠ ᠤᠰᠤᠨ ᠰᠤᠷᠪᠤᠯᠵᠢ ᠵᠢᠨ ᠭᠠᠵᠠᠷ᠎ᠤᠨ 15᠎ᠠᠴᠠ 25 ᠭ᠋ᠷᠡᠳᠦ᠋ᠰ ᠨᠠᠯᠠᠤ ᠲᠠᠷᠢᠶᠠᠨ ᠭᠠᠵᠠᠷ ᠵᠡᠷᠭᠡ ᠬᠡᠪᠴᠢᠶᠡᠨ᠎ᠳᠤ ᠴᠢᠩᠭ᠎ᠠ ᠬᠢᠵᠠᠭ᠋ᠠᠷᠯᠠᠬᠤ ᠬᠡᠷᠡᠭᠲᠡᠢ᠂ ᠡᠶ᠋ᠢᠮᠦᠷᠬᠦᠦ ᠲᠠᠷᠢᠶᠠᠨ ᠭᠠᠵᠠᠷ᠎ᠤᠨ ᠠᠮᠢ ᠠᠬᠤᠢ᠎ᠨᠢ ᠬᠡᠪᠡᠷᠡᠭ᠂ ᠣᠶ᠋ᠢᠵᠢᠭᠤᠯᠬᠤ᠎ᠳᠤ ᠲᠣᠬᠢᠷᠠᠮᠵᠢᠲᠠᠢ ᠴᠦ᠍ ᠲᠠᠷᠢᠶᠠᠯᠠᠬᠤ᠎ᠳᠤ ᠲᠣᠬᠢᠷᠠᠮᠵᠢ ᠦᠭᠡᠢ ᠶᠤᠮ᠃ ᠣᠶ᠋ᠢᠲᠤ ᠭᠠᠵᠠᠷ᠂ ᠨᠤᠭᠤ ᠭᠠᠵᠠᠷ᠂ ᠭᠤᠣᠯ᠎ᠤᠨ ᠵᠠᠮ ᠨᠠᠭᠤᠷ᠎ᠤᠨ ᠣᠷᠣᠨ ᠵᠢᠴᠢ ᠬᠦᠨᠳᠦ ᠨᠣᠴᠢᠲᠠᠢ ᠡᠯᠡᠰᠦᠷᠭᠡᠭᠵᠢᠭᠰᠡᠨ᠂ ᠬᠥᠷᠥᠰᠥ ᠰᠢᠷᠣᠢ ᠵᠢᠨ ᠢᠳᠡᠭᠳᠡᠯ ᠬᠦᠨᠳᠦ ᠨᠣᠴᠢᠲᠠᠢ ᠵᠡᠷᠭᠡ ᠣᠷᠣᠨ᠎ᠳᠤ ᠲᠠᠷᠢᠶᠠᠨ ᠭᠠᠵᠠᠷ ᠬᠠᠭ᠋ᠠᠯᠪᠤᠷᠢᠯᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ ᠪᠥᠭᠡᠳ ᠥᠨᠢᠳᠡ ᠵᠢᠨ ᠦᠨᠳᠦᠰᠦᠨ ᠲᠠᠷᠢᠶᠠᠨ ᠭᠠᠵᠠᠷ ᠳᠡᠭᠡᠷ᠎ᠡ ᠣᠶ᠋ᠢᠵᠢᠭᠤᠯᠵᠤ ᠮᠣᠳᠣ ᠲᠠᠷᠢᠬᠤ ᠵᠢ ᠨᠡᠩ ᠴᠤ᠌ ᠴᠢᠩᠭ᠎ᠠ ᠴᠠᠭ᠋ᠠᠵᠠᠯᠠᠬᠤ ᠬᠡᠷᠡᠭᠲᠡᠢ᠂ ᠡᠨᠡ ᠬᠤᠶᠠᠷ ᠲᠠᠯ᠎ᠠ᠎ᠪᠠᠷ ᠴᠥᠮ ᠲᠣᠳᠣᠷᠬᠠᠢ ᠵᠠᠷᠯᠢᠭᠳᠠᠨ ᠴᠠᠭ᠋ᠠᠵᠠᠯᠠᠭᠰᠠᠨ ᠶᠤᠮ᠃

      ᠣᠳᠣᠬᠠᠨ᠎ᠳᠤ᠂ ᠮᠠᠨ᠎ᠤ ᠤᠯᠤᠰ᠎ᠤᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠳᠦᠷᠢᠮ᠂ ᠲᠥᠯᠦᠪᠵᠢᠭᠦᠯᠭᠡ᠂ ᠮᠡᠷᠭᠡᠵᠢᠯ᠎ᠤᠨ ᠠᠷᠭ᠎ᠠ ᠪᠠᠷᠢᠯ ᠠᠯᠬᠤᠮ ᠠᠯᠬᠤᠮ ᠵᠶ᠋ᠠᠷ ᠲᠡᠭᠦᠯᠳᠡᠷᠵᠢᠵᠦ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠮᠠᠨ᠎ᠤ ᠤᠯᠤᠰ᠎ᠤᠨ ᠠᠩᠬᠠᠳᠠᠭᠴᠢ 《ᠣᠯᠠᠨ ᠲᠥᠯᠦᠪᠵᠢᠭᠦᠯᠭᠡ ᠵᠢ ᠨᠢᠭᠡᠳᠬᠡᠭᠰᠡᠨ》 ᠤᠯᠤᠰ᠎ᠤᠨ ᠲᠠᠰ᠎ᠤᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠲᠣᠪᠴᠢ ᠵᠢ ᠳᠠᠷᠤᠮᠠᠯᠯᠠᠨ ᠲᠠᠷᠬᠠᠭ᠋ᠠᠵᠤ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠠ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠦᠯᠲᠡ ᠵᠢᠨ ᠵᠠᠭ᠋ᠠᠭ ᠬᠢᠵᠠᠭ᠋ᠠᠷ 《ᠭᠤᠷᠪᠠᠨ ᠬᠢᠵᠠᠭ᠋ᠠᠷᠯᠠᠬᠤ ᠱᠤᠭᠤᠮ》᠎ᠢ ᠵᠠᠭ᠋ᠠᠭᠯᠠᠨ ᠲᠣᠭᠲᠠᠭ᠋ᠠᠪᠠ᠃ 18 ᠳ᠋ᠦᠩᠰᠢᠭᠤᠷ ᠮᠦ᠍ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ 315 ᠲᠦᠮᠡᠨ ᠺᠦᠸᠠᠳ᠋ ᠺᠢᠯᠣᠮᠧᠳ᠋ᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ᠂ ᠠᠮᠢ ᠨᠠᠰᠤᠨ᠎ᠤ ᠱᠤᠭᠤᠮ ᠪᠣᠯᠣᠨ᠎ᠠ᠃ ᠵᠠᠭ᠋ᠠᠭᠯᠠᠨ ᠲᠣᠭᠲᠠᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ ᠵᠠᠷᠴᠢᠮ ᠶᠣᠰᠣᠭ᠋ᠠᠷ᠂ 《ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠭᠤᠷᠪᠠᠨ ᠬᠢᠵᠠᠭ᠋ᠠᠷᠯᠠᠬᠤ ᠱᠤᠭᠤᠮ᠎ᠢ ᠨᠢᠭᠡᠳᠦᠯᠲᠡᠢ ᠲᠥᠯᠥᠪᠵᠢᠭᠦᠯᠦᠨ ᠲᠣᠭᠲᠠᠭ᠋ᠠᠬᠤ ᠲᠤᠬᠠᠢ ᠵᠢᠯᠤᠭᠤᠳᠬᠤ ᠰᠠᠨᠠᠯ》᠎ᠢ ᠨᠠᠶ᠋ᠢᠳᠠᠪᠤᠷᠢᠵᠢᠭᠤᠯᠵᠤ᠂ ᠵᠡᠭᠦᠨ ᠬᠡᠷᠡᠮ ᠵᠶ᠋ᠠᠨ ᠨᠤᠷᠠᠭ᠋ᠠᠵᠤ ᠪᠠᠷᠠᠭᠤᠨ ᠬᠡᠷᠡᠮ ᠵᠶ᠋ᠠᠨ ᠨᠥᠬᠦᠬᠦ ᠵᠢ ᠶᠠᠭ᠋ᠠᠬᠢᠭᠰᠠᠨ ᠴᠦ᠍ ᠵᠥᠪᠰᠢᠶᠡᠷᠡᠬᠦ ᠦᠭᠡᠢ᠃

      ᠡᠳᠡᠭᠡᠷ ᠰᠢᠨ᠎ᠡ ᠬᠡᠷᠡᠭ ᠪᠣᠳᠠᠰ᠎ᠢ ᠡᠴᠦᠰ᠎ᠲᠤ᠎ᠪᠠᠨ ᠴᠥᠮ 《ᠪᠣᠳᠠᠲᠠᠢ᠎ᠳᠤ ᠨᠠᠶ᠋ᠢᠳᠠᠪᠤᠷᠢᠵᠢᠭᠤᠯᠵᠤ》᠂ ᠪᠣᠳᠠᠲᠠᠢ᠎ᠪᠠᠷ ᠦᠢ᠍ᠯᠡᠳᠪᠦᠷᠢᠯᠡᠵᠦ ᠡᠵᠡᠩᠨᠡᠵᠦ ᠪᠠᠶ᠋ᠢᠭ᠎ᠠ ᠲᠠᠷᠢᠶᠠᠴᠢᠳ᠎ᠤᠨ ᠪᠡᠶ᠎ᠡ ᠳᠡᠭᠡᠷ᠎ᠡ ᠨᠠᠶ᠋ᠢᠳᠠᠪᠤᠷᠢᠵᠢᠭᠤᠯᠬᠤ ᠬᠡᠷᠡᠭᠲᠡᠢ᠃ ᠮᠡᠷᠭᠡᠵᠢᠯ᠎ᠤᠨ ᠠᠷᠭ᠎ᠠ ᠪᠠᠷᠢᠯ ᠵᠶ᠋ᠠᠨ ᠰᠠᠶ᠋ᠢᠵᠢᠷᠠᠭᠤᠯᠵᠤ᠂ ᠬᠠᠮᠢᠶᠠᠷᠤᠯᠲᠠ ᠵᠢᠨ ᠣᠶ᠋ᠢᠯᠠᠭ᠋ᠠᠭᠳᠠᠬᠤᠨ ᠵᠶ᠋ᠠᠨ ᠴᠦ᠍ ᠰᠢᠨᠡᠴᠢᠯᠡᠬᠦ ᠬᠡᠷᠡᠭᠲᠡᠢ᠃ ᠵᠠᠰᠠᠭ ᠵᠠᠬᠢᠷᠭ᠋ᠠᠨ᠎ᠤ ᠠᠷᠭ᠎ᠠ ᠪᠠᠷᠢᠯ᠂ ᠬᠠᠤᠯᠢ ᠴᠠᠭ᠋ᠠᠵᠠ ᠵᠢᠨ ᠠᠷᠭ᠎ᠠ ᠪᠠᠷᠢᠯ᠎ᠠᠴᠠ ᠭᠠᠳᠠᠨ᠎ᠠ ᠪᠠᠰᠠ ᠠᠵᠤ ᠠᠬᠤᠢ ᠵᠢᠨ ᠠᠷᠭ᠎ᠠ ᠪᠠᠷᠢᠯ᠎ᠤᠨ ᠦᠢ᠍ᠯᠡᠳᠦᠯ᠎ᠢ ᠨᠡᠩ ᠰᠠᠶ᠋ᠢᠨ ᠪᠠᠳᠠᠷᠠᠭᠤᠯᠵᠤ᠂ ᠠᠰᠢᠭ ᠲᠤᠰᠠ ᠵᠢ ᠲᠣᠬᠢᠷᠠᠭᠤᠯᠬᠤ ᠲᠣᠭᠲᠠᠴᠠ᠎ᠪᠠᠷ ᠳᠠᠮᠵᠢᠭᠤᠯᠤᠨ᠂ ᠲᠠᠷᠢᠶᠠᠴᠢᠳ ᠪᠣᠯᠣᠨ ᠬᠠᠮᠲᠤ ᠤᠯᠠᠨ᠎ᠤ ᠲᠠᠷᠢᠶ᠎ᠠ ᠪᠣᠯᠣᠨ ᠤᠢ ᠰᠢᠭᠤᠢ ᠵᠢ ᠬᠠᠮᠠᠭ᠋ᠠᠯᠠᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠬᠤ ᠬᠡᠷᠡᠭᠲᠡᠢ᠃

      《ᠤᠯᠤᠰ᠎ᠤᠨ ᠲᠣᠮᠣ ᠶᠠᠪᠤᠳᠠᠯ᠎ᠢ ᠪᠣᠳᠣᠯᠬᠢᠯᠠᠬᠤ》᠎ᠳᠤ ᠨᠡᠩ ᠴᠤ᠌ 《ᠨᠠᠷᠢᠨ ᠵᠦᠢ᠍ᠯ᠎ᠠᠴᠠ ᠡᠬᠢᠯᠡᠭᠦᠯᠬᠦ》 ᠬᠡᠷᠡᠭᠲᠡᠢ᠃ ᠬᠠᠪᠤᠷ ᠲᠠᠷᠢᠵᠤ ᠨᠠᠮᠤᠷ ᠬᠤᠷᠢᠶᠠᠬᠤ᠂ ᠵᠤᠨ ᠠᠷᠠᠴᠢᠯᠠᠵᠤ ᠡᠪᠦᠯ ᠨᠥᠭᠡᠴᠡᠯᠡᠬᠦ᠂ ᠡᠨᠡ ᠪᠣᠯ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠶ᠋ᠢᠭ᠋ᠠᠯᠢ ᠵᠢᠨ ᠬᠡᠮᠨᠡᠯ ᠮᠥᠨ᠃ ᠲᠣᠭᠲᠠᠭ᠋ᠠᠯ᠎ᠢ ᠵᠥᠷᠢᠴᠡᠨ ᠲᠠᠷᠢᠶᠠᠨ ᠭᠠᠵᠠᠷ ᠠᠰᠢᠭᠯᠠᠭᠰᠠᠨ᠎ᠢ ᠴᠡᠭᠴᠡᠯᠡᠨ ᠥᠭᠡᠷᠡᠴᠢᠯᠡᠵᠦ ᠳᠠᠬᠢᠨ ᠬᠠᠭ᠋ᠠᠯᠪᠤᠷᠢᠯᠠᠬᠤ᠎ᠳᠤ ᠡᠷᠬᠡᠪᠰᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠵᠢᠮ᠎ᠡ ᠶᠣᠰᠣ ᠵᠢ ᠬᠦᠨᠳᠦᠳᠬᠡᠵᠦ᠂ ᠵᠢᠮᠢᠰ᠎ᠤᠨ ᠮᠣᠳᠣᠨ᠎ᠤ ᠡᠯᠪᠡᠭ ᠬᠤᠷᠢᠶᠠᠯᠲᠠ ᠵᠢᠨ ᠬᠤᠭᠤᠴᠠᠭ᠋ᠠᠨ᠎ᠳᠤ ᠪᠠᠶ᠋ᠢᠬᠤ᠂ ᠤᠢ ᠮᠣᠳᠣᠨ᠎ᠤ ᠪᠤᠶ᠋ᠢᠵᠢᠯᠲᠠ ᠵᠢᠨ ᠬᠤᠭᠤᠴᠠᠭ᠋ᠠᠨ᠎ᠳᠤ ᠪᠠᠶ᠋ᠢᠬᠤ᠂ ᠵᠢᠭ᠋ᠠᠰᠤᠨ ᠴᠥᠭᠦᠷᠥᠮ᠎ᠤᠨ ᠬᠤᠷᠢᠶᠠᠯᠲᠠ ᠵᠢᠨ ᠤᠯᠠᠷᠢᠯ᠎ᠳᠤ ᠪᠠᠶ᠋ᠢᠬᠤ ᠵᠢ ᠬᠠᠶ᠋ᠢᠬᠤᠷᠤᠯ ᠦᠭᠡᠢ᠎ᠪᠠᠷ ᠠᠯᠪᠠᠳᠠᠯᠭ᠎ᠠ᠎ᠪᠠᠷ ᠴᠢᠬᠢ ᠵᠢ᠎ᠨᠢ ᠰᠤᠭᠤᠯᠵᠤ ᠮᠣᠳᠣ ᠵᠢ᠎ᠨᠢ ᠣᠭᠲᠣᠯᠤᠨ᠂ ᠨᠦᠬᠡ ᠵᠢ᠎ᠨᠢ ᠪᠥᠭᠯᠡᠵᠦ ᠨᠠᠭᠤᠷ᠎ᠢ᠎ᠨᠢ ᠲᠡᠭᠰᠢᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ; ᠡᠷᠬᠡᠪᠰᠢ ᠲᠠᠷᠢᠶᠠᠴᠢᠳ᠎ᠤᠨ ᠬᠦᠰᠡᠯ ᠰᠠᠨᠠᠯ ᠵᠢ ᠬᠦᠨᠳᠦᠳᠬᠡᠵᠦ᠂ ᠪᠠᠰᠠ ᠵᠦᠢ ᠵᠣᠬᠢᠰᠲᠠᠢ᠎ᠪᠠᠷ ᠦᠨᠡᠨ᠎ᠢ ᠪᠠᠷᠢᠮᠲᠠᠯᠠᠨ ᠰᠢᠯᠵᠢᠯᠲᠡ ᠵᠢᠨ ᠬᠤᠭᠤᠴᠠᠭ᠎ᠠ ᠲᠣᠭᠲᠠᠭ᠋ᠠᠵᠤ᠂ ᠲᠦᠷᠦ ᠵᠢᠨ ᠪᠣᠳᠣᠯᠭ᠎ᠠ ᠵᠢᠨ ᠲᠠᠶ᠋ᠢᠯᠪᠤᠷᠢᠯᠠᠯᠲᠠ ᠵᠢ ᠰᠠᠶ᠋ᠢᠲᠤᠷ ᠬᠢᠵᠦ᠂ ᠵᠣᠬᠢᠬᠤ ᠲᠣᠭ᠋ᠠᠨ᠎ᠤ ᠨᠥᠬᠦᠪᠦᠷᠢ ᠣᠯᠭᠤᠵᠤ᠂ ᠲᠥᠯᠥᠪᠯᠡᠭᠡ᠎ᠲᠠᠢ᠂ ᠬᠠᠷᠠᠯᠲᠠ᠎ᠲᠠᠢ᠂ ᠬᠡᠮᠨᠡᠯ᠎ᠲᠠᠢ᠎ᠪᠠᠷ ᠲᠠᠷᠢᠶᠠᠨ ᠭᠠᠵᠠᠷ᠎ᠢ ᠪᠤᠴᠠᠭ᠋ᠠᠨ ᠠᠪᠴᠢᠷᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠂ ᠭᠤᠶ᠋ᠢᠳᠠ ᠰᠠᠶ᠋ᠢᠬᠠᠨ ᠬᠥᠳᠡᠭᠡ ᠲᠣᠰᠬᠤᠨ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠪᠦᠷᠢᠯᠳᠦᠭᠦᠨ ᠬᠡᠰᠡᠭ ᠪᠣᠯᠭ᠋ᠠᠵᠤ᠂ ᠲᠠᠷᠢᠶᠠᠴᠢᠳ᠎ᠢ ᠲᠠᠷᠢᠶᠠᠨ ᠭᠠᠵᠠᠷ᠎ᠢ ᠬᠠᠮᠠᠭ᠋ᠠᠯᠠᠬᠤ ᠴᠢᠬᠤᠯᠠ ᠠᠵᠢᠯᠯᠠᠭ᠋ᠠᠨ᠎ᠤ ᠭᠤᠣᠯ ᠴᠣᠭᠴᠠ ᠪᠣᠯᠭ᠋ᠠᠬᠤ ᠬᠡᠷᠡᠭᠲᠡᠢ᠃

 

ᠢᠷᠡᠯᠲᠡ᠄ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠢᠵᠢ ᠪᠦᠷᠢᠳᠦᠭᠰᠡᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠬᠠᠤᠯᠢ ᠲᠣᠭᠲᠠᠭ᠋ᠠᠯ᠎ᠤᠨ ᠨᠠᠢ᠌ᠳᠠᠪᠤᠷᠢᠵᠢᠭᠤᠯᠤᠯᠲᠠ ᠵᠢ ᠪᠠᠲᠤᠯᠠᠨ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ〉 ᠠᠵᠢᠯᠯᠠᠭ᠎ᠠ ᠵᠢ ᠪᠠᠢ᠌ᠩᠭᠤᠵᠢᠭᠤᠯᠬᠤ ᠠᠵᠢᠯ᠎ᠤᠨ ᠳᠦᠷᠢᠮ》᠎ᠤᠨ ᠵᠢᠷᠤᠭᠲᠤ ᠲᠠᠢ᠌ᠯᠤᠮᠵᠢ (ᠨᠢᠭᠡ)
ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠵᠤ᠂ ᠮᠠᠨ᠎ᠤ ᠤᠯᠤᠰ᠎ᠤᠨ ᠺᠣᠨᠰᠦ᠋ᠯ᠎ᠤᠨ ᠬᠠᠮᠠᠭ᠋ᠠᠯᠠᠯᠲᠠ ᠪᠠ ᠬᠠᠮᠵᠢᠯᠴᠠᠭ᠎ᠠ ᠵᠢᠨ ᠦᠢ᠍ᠯᠡᠳᠦᠯᠭᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ (ᠨᠢᠭᠡ)
《2023 ᠣᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠤᠨ ᠲᠠᠶ᠋ᠢᠯᠤᠮᠵᠢ
 
            