ᠨᠢᠭᠡ᠂ ᠠᠬᠤᠢ ᠪᠠᠶ᠋ᠢᠳᠠᠯ ᠵᠢᠴᠢ ᠦᠨᠳᠦᠰᠦᠯᠡᠯ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠭᠦᠨᠵᠡᠭᠡᠶ᠋ᠢᠷᠡᠭᠦᠯᠬᠦ ᠵᠢᠨ ᠲᠤᠰᠠᠳᠠ ᠂ 《 ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠬᠥᠮᠥᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠲᠣᠭᠲᠠᠭ᠋ᠠᠯ》 ᠪᠠ 《ᠭᠤᠷᠪᠠᠨ ᠬᠡᠦᠬᠡᠳ ᠠᠪᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠦᠷᠡᠵᠢᠯ᠎ᠤᠨ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠭᠡᠷ᠎ᠤᠨ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠣᠳᠠᠲᠠᠢ᠎ᠲᠠᠢ ᠤᠶᠠᠯᠳᠤᠭᠤᠯᠤᠭ᠋ᠠᠳ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯᠳᠤ ᠲᠣᠬᠢᠷᠠᠭᠤᠯᠤᠯᠲᠠ ᠬᠢᠪᠡ᠃
ᠬᠤᠶᠠᠷ᠂ ᠭᠤᠣᠯ ᠠᠭᠤᠯᠭ᠎ᠠ
(ᠨᠢᠭᠡ) 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》᠎ᠨᠢ ᠨᠡᠶ᠋ᠢᠲᠡ ᠭᠤᠷᠪᠠᠨ ᠬᠡᠰᠡᠭ ᠵᠶ᠋ᠠᠷ ᠪᠦᠷᠢᠯᠳᠦᠵᠡᠢ᠃ ᠲᠣᠰ ᠠᠷᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠡᠯ᠎ᠡ ᠨᠢᠭᠡᠴᠢ᠂ ᠳᠠᠭ᠋ᠠᠳᠬᠠᠯ᠎ᠳᠤ ᠣᠷᠣᠯᠴᠠᠭᠰᠠᠨ ᠬᠥᠮᠥᠰ᠎ᠲᠤ ᠬᠡᠷᠡᠭᠵᠢᠭᠦᠯᠬᠦ᠎ᠳᠤ ᠳᠣᠬᠢᠷᠠᠨ᠎ᠠ᠃
(ᠬᠤᠶᠠᠷ) ᠡᠮᠨᠡᠯᠭᠡ᠎ᠳᠤ ᠰᠠᠭᠤᠬᠤ᠃ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠬᠥᠩᠭᠡᠵᠢᠬᠦ᠂ ᠣᠷᠤᠭ ᠤᠨᠠᠭ᠋ᠠᠬᠤ᠂ ᠦᠷᠡᠵᠢᠯ᠎ᠢ ᠬᠢᠵᠠᠭ᠋ᠠᠷᠯᠠᠬᠤ ᠪᠤᠶᠤ ᠦᠷᠡᠵᠢᠯ᠎ᠢ ᠲᠠᠰᠤᠯᠬᠤ ᠮᠡᠰᠡ ᠵᠠᠰᠠᠯ᠎ᠠᠴᠠ ᠡᠭᠦᠰᠦᠭᠰᠡᠨ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠳᠤ ᠬᠠᠷᠠᠭ᠋ᠠᠯᠵᠠᠯ᠎ᠤᠨ ᠬᠤᠪᠢ ᠬᠦᠮᠦᠨ᠎ᠤ ᠡᠭᠦᠷᠭᠡᠯᠡᠬᠦ ᠵᠠᠷᠤᠳᠠᠯ᠎ᠤᠨ ᠬᠢᠵᠠᠭ᠋ᠠᠷ ᠳᠤᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠦᠩᠭᠦᠨ᠎ᠠᠴᠠ ᠪᠣᠳᠠᠲᠤ ᠪᠠᠷᠢᠮᠲᠠ ᠵᠢ ᠦᠨᠳᠦᠰᠦᠯᠡᠨ ᠲᠥᠯᠥᠨ᠎ᠡ᠃
(ᠭᠤᠷᠪᠠ) ᠡᠭᠦᠳᠡᠨ ᠡᠮᠨᠡᠯᠭᠡ᠎ᠳᠤ ᠡᠮᠨᠡᠭᠦᠯᠬᠦ᠃ ᠨᠢᠭᠡ᠎ᠳᠤ᠂ ᠡᠮᠡᠭᠲᠡᠢ ᠠᠵᠢᠯᠲᠠᠨ ᠠᠵᠢᠯᠴᠢᠨ᠎ᠤ ᠵᠢᠷᠮᠦᠰᠦᠯᠡᠭᠰᠡᠨ ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠨᠢᠷᠠᠶ᠋ᠢᠯᠠᠬᠤ ᠬᠤᠭᠤᠴᠠᠭ᠋ᠠᠨ᠎ᠳᠤ ᠡᠭᠦᠰᠦᠭᠰᠡᠨ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠭᠦᠳᠡᠨ ᠡᠮᠨᠡᠯᠭᠡ᠎ᠳᠤ ᠬᠢᠯᠭᠡᠭᠰᠡᠨ ᠬᠥᠩᠭᠡᠵᠢᠬᠦ᠎ᠠᠴᠠ ᠡᠮᠦᠨᠡᠬᠢ ᠪᠠᠶ᠋ᠢᠴᠠᠭ᠋ᠠᠯᠲᠠ ᠵᠢᠨ ᠵᠠᠷᠤᠳᠠᠯ᠎ᠳᠤ ᠬᠠᠷᠠᠭ᠋ᠠᠯᠵᠠᠯ᠎ᠤᠨ ᠬᠤᠪᠢ ᠬᠦᠮᠦᠨ᠎ᠤ ᠡᠭᠦᠷᠭᠡᠯᠡᠬᠦ ᠵᠠᠷᠤᠳᠠᠯ᠎ᠤᠨ ᠬᠢᠵᠠᠭ᠋ᠠᠷ ᠪᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠦᠩᠭᠦᠨ᠎ᠠᠴᠠ ᠲᠥᠯᠦᠬᠦ ᠳᠡᠭᠡᠳᠦ ᠬᠢᠵᠠᠭ᠋ᠠᠷ ᠳᠣᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠦᠩᠭᠦᠨ᠎ᠠᠴᠠ ᠪᠣᠳᠠᠲᠤ ᠪᠠᠷᠢᠮᠲᠠ ᠵᠢ ᠦᠨᠳᠦᠰᠦᠯᠡᠨ ᠲᠥᠯᠥᠨ᠎ᠡ᠃ ᠬᠤᠶᠠᠷ᠎ᠲᠤ᠂ ᠡᠭᠦᠳᠡᠨ ᠡᠮᠨᠡᠯᠭᠡ᠎ᠳᠤ ᠣᠷᠤᠭ ᠤᠨᠠᠭ᠋ᠠᠭᠰᠠᠨ ᠪᠤᠶᠤ ᠦᠷᠡᠵᠢᠯ᠎ᠢ ᠬᠢᠵᠠᠭ᠋ᠠᠷᠯᠠᠬᠤ ᠮᠡᠰᠡ ᠵᠠᠰᠠᠯ ᠬᠢᠯᠭᠡᠭᠰᠡᠨ ᠪᠠᠶ᠋ᠢᠪᠠᠯ᠂ ᠬᠠᠷᠠᠭ᠋ᠠᠯᠵᠠᠯ᠎ᠤᠨ ᠬᠤᠪᠢ ᠬᠦᠮᠦᠨ᠎ᠤ ᠡᠭᠦᠷᠭᠡᠯᠡᠬᠦ ᠵᠠᠷᠤᠳᠠᠯ᠎ᠤᠨ ᠬᠢᠵᠠᠭ᠋ᠠᠷ ᠳᠤᠬᠢᠷᠠᠭᠤᠯᠬᠤ ᠦᠭᠡᠢ᠂ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠮᠴᠢᠯᠡᠭᠡᠨ᠎ᠤ ᠵᠠᠷᠤᠳᠠᠯ᠎ᠢ ᠲᠥᠯᠥᠬᠦ ᠳᠡᠭᠡᠳᠦ ᠬᠢᠵᠠᠭ᠋ᠠᠷ᠎ᠨᠢ 2000 ᠲᠥᠭᠦᠷᠢᠭ ᠪᠠᠶ᠋ᠢᠵᠤ᠂ ᠬᠢᠵᠠᠭ᠋ᠠᠷᠯᠠᠭᠰᠠᠨ ᠲᠤᠭ᠎ᠠ᠎ᠠᠴᠠ ᠬᠡᠲᠦᠷᠡᠭᠰᠡᠨ ᠬᠡᠰᠡᠭ᠎ᠢ ᠲᠥᠯᠦᠵᠦ ᠥᠭᠬᠦ ᠦᠭᠡᠢ᠂ ᠬᠢᠵᠠᠭ᠋ᠠᠷᠯᠠᠭᠰᠠᠨ ᠲᠤᠭ᠎ᠠ ᠵᠢᠨ ᠳᠣᠲᠣᠷ᠎ᠠ ᠪᠣᠳᠠᠲᠠᠢ ᠪᠠᠷᠢᠮᠲᠠ ᠵᠢ ᠦᠨᠳᠦᠰᠦᠯᠡᠨ ᠲᠥᠯᠥᠨ᠎ᠡ᠃ ᠭᠤᠷᠪᠠ᠎ᠳᠤ᠂ ᠡᠭᠦᠳᠡᠨ ᠡᠮᠨᠡᠯᠭᠡ᠎ᠳᠤ ᠦᠷᠡᠵᠢᠯ᠎ᠢ ᠲᠠᠰᠤᠯᠬᠤ ᠮᠡᠰᠡ ᠵᠠᠰᠠᠯ ᠬᠢᠯᠭᠡᠭᠰᠡᠨ ᠪᠠᠶ᠋ᠢᠪᠠᠯ᠂ ᠬᠠᠷᠠᠭ᠋ᠠᠯᠵᠠᠯ᠎ᠤᠨ ᠬᠤᠪᠢ ᠬᠦᠮᠦᠨ᠎ᠤ ᠡᠭᠦᠷᠭᠡᠯᠡᠬᠦ ᠵᠠᠷᠤᠳᠠᠯ᠎ᠤᠨ ᠬᠢᠵᠠᠭ᠋ᠠᠷ ᠳᠣᠬᠢᠷᠠᠭᠤᠯᠬᠤ ᠦᠭᠡᠢ᠂ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠮᠴᠢᠯᠡᠭᠡᠨ᠎ᠤ ᠵᠠᠷᠤᠳᠠᠯ᠎ᠢ ᠲᠥᠯᠥᠬᠦ ᠳᠡᠭᠡᠳᠦ ᠬᠢᠵᠠᠭ᠋ᠠᠷ᠎ᠨᠢ 2500 ᠲᠥᠭᠦᠷᠢᠭ ᠪᠠᠶ᠋ᠢᠵᠤ᠂ ᠬᠢᠵᠠᠭ᠋ᠠᠷᠯᠠᠭᠰᠠᠨ ᠲᠤᠭ᠎ᠠ᠎ᠠᠴᠠ ᠬᠡᠲᠦᠷᠡᠭᠰᠡᠨ ᠬᠡᠰᠡᠭ᠎ᠢ ᠲᠥᠯᠦᠵᠦ ᠥᠭᠬᠦ ᠦᠭᠡᠢ᠂ ᠬᠢᠵᠠᠭ᠋ᠠᠷᠯᠠᠭᠰᠠᠨ ᠲᠤᠭ᠎ᠠ ᠵᠢᠨ ᠳᠣᠲᠣᠷ᠎ᠠ ᠪᠣᠳᠠᠲᠠᠢ ᠪᠠᠷᠢᠮᠲᠠ ᠦᠨᠳᠦᠰᠦᠯᠡᠨ ᠲᠥᠯᠥᠨ᠎ᠡ᠃
(ᠳᠥᠷᠪᠡ) ᠦᠷᠡᠵᠢᠯ᠎ᠤᠨ ᠨᠡᠮᠡᠯᠭᠡ ᠵᠢᠨ ᠪᠠᠷᠢᠮᠵᠢᠶ᠎ᠠ᠃ ᠨᠢᠭᠡ᠎ᠳᠤ᠂ ᠡᠳ᠋᠎ᠤᠨ ᠵᠠᠰᠠᠭ᠎ᠤᠨ ᠬᠠᠩᠭ᠋ᠠᠯᠲᠠ᠎ᠳᠤ ᠡᠰᠡ ᠬᠠᠮᠤᠷᠤᠭᠳᠠᠬᠤ ᠨᠢᠭᠡᠴᠢ ᠵᠢᠨ ᠳᠠᠭ᠋ᠠᠳᠬᠠᠯ᠎ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ᠎ᠤ ᠦᠷᠡᠵᠢᠯ᠎ᠤᠨ ᠨᠡᠮᠡᠯᠭᠡ ᠵᠢ ᠬᠥᠮᠥᠨ ᠬᠡᠷᠡᠭᠯᠡᠬᠦ ᠨᠢᠭᠡᠴᠢ ᠵᠢᠨ ᠳᠡᠭᠡᠷ᠎ᠡ ᠵᠢᠯ᠎ᠤᠨ ᠠᠵᠢᠯ᠎ᠤᠨ ᠪᠠᠶ᠋ᠢᠷᠢᠨ᠎ᠳᠤ᠎ᠪᠠᠨ ᠪᠠᠶ᠋ᠢᠭ᠎ᠠ ᠠᠵᠢᠯᠲᠠᠨ ᠠᠵᠢᠯᠴᠢᠨ᠎ᠤ ᠰᠦᠢ᠍ᠳᠬᠡᠯ ᠲᠤᠰᠢᠶᠠᠭᠰᠠᠨ ᠰᠠᠷ᠎ᠠ ᠵᠢᠨ ᠳᠤᠮᠲᠠᠴᠢ ᠰᠠᠭᠤᠷᠢ ᠲᠤᠭ᠎ᠠ᠎ᠪᠠᠷ ᠪᠤᠳᠤᠵᠤ ᠣᠯᠭᠤᠬᠤ ᠪᠠᠷᠢᠮᠵᠢᠶ᠎ᠠ ᠪᠣᠯᠭ᠋ᠠᠨ᠎ᠠ᠃ ᠡᠷᠡᠭᠲᠡᠢ ᠠᠵᠢᠯᠲᠠᠨ ᠠᠵᠢᠯᠴᠢᠨ᠎ᠤ ᠰᠤᠪᠢᠯᠠᠯᠲᠠ ᠵᠢᠨ ᠴᠢᠯᠦᠭᠡᠨ᠎ᠤ ᠨᠡᠮᠡᠯᠭᠡ ᠵᠢ ᠠᠳᠠᠯᠢᠬᠠᠨ ᠰᠠᠭᠤᠷᠢ ᠲᠣᠭ᠋ᠠᠨ᠎ᠤ ᠪᠠᠷᠢᠮᠵᠢᠶ᠎ᠠ᠎ᠪᠠᠷ ᠬᠡᠷᠡᠭᠵᠢᠭᠦᠯᠦᠨ᠎ᠡ᠃ ᠬᠤᠶᠠᠷ᠎ᠲᠤ᠂ ᠲᠤᠬᠠᠢ ᠵᠢᠨ ᠵᠢᠯ᠎ᠳᠤ ᠰᠢᠨ᠎ᠡ᠎ᠪᠠᠷ ᠳᠠᠭ᠋ᠠᠳᠬᠠᠯ᠎ᠳᠤ ᠣᠷᠣᠯᠴᠠᠭᠰᠠᠨ ᠡᠳ᠋᠎ᠤᠨ ᠵᠠᠰᠠᠭ᠎ᠤᠨ ᠬᠠᠩᠭ᠋ᠠᠯᠲᠠ᠎ᠳᠤ ᠡᠰᠡ ᠬᠠᠮᠤᠷᠤᠭᠳᠠᠬᠤ ᠨᠢᠭᠡᠴᠢ ᠵᠢᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠦᠷᠡᠵᠢᠯ᠎ᠤᠨ ᠨᠡᠮᠡᠯᠭᠡ ᠵᠢ ᠠᠵᠢᠯᠲᠠᠨ ᠠᠵᠢᠯᠴᠢᠨ᠎ᠤ ᠬᠥᠩᠭᠡᠵᠢᠭᠰᠡᠨ ᠲᠣᠰ ᠰᠠᠷ᠎ᠠ᠎ᠳᠠᠬᠢ ᠪᠠᠶ᠋ᠢᠭᠤᠯᠭ᠎ᠠ ᠨᠢᠭᠡᠴᠢ ᠵᠢᠨ ᠠᠵᠢᠯ᠎ᠤᠨ ᠪᠠᠶ᠋ᠢᠷᠢᠨ᠎ᠳᠤ᠎ᠪᠠᠨ ᠪᠠᠶ᠋ᠢᠭ᠎ᠠ ᠠᠵᠢᠯᠲᠠᠨ ᠠᠵᠢᠯᠴᠢᠨ᠎ᠤ ᠰᠦᠢ᠍ᠳᠬᠡᠯ ᠲᠤᠰᠢᠶᠠᠭᠰᠠᠨ ᠳᠤᠮᠳᠠᠴᠢ ᠰᠠᠭᠤᠷᠢ ᠲᠤᠭ᠎ᠠ᠎ᠪᠠᠷ ᠦᠷᠡᠵᠢᠯ᠎ᠤᠨ ᠨᠡᠮᠡᠯᠭᠡ ᠵᠢ ᠪᠤᠳᠤᠵᠤ ᠣᠯᠭᠤᠬᠤ ᠪᠠᠷᠢᠮᠵᠢᠶ᠎ᠠ ᠪᠣᠯᠭ᠋ᠠᠨ᠎ᠠ᠃