ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠨᠳᠦᠰᠦᠨ᠎ᠳᠤ᠎ᠪᠠᠨ ᠲᠡᠩᠴᠡᠭᠦᠷᠢᠲᠡᠢ ᠪᠠᠢ᠌ᠭᠰᠠᠨ᠎ᠠᠴᠠ ᠴᠢᠨᠠᠷ ᠰᠠᠢ᠌ᠨ ᠲᠡᠩᠴᠡᠭᠦᠷᠢᠲᠡᠢ ᠲᠡᠢ᠌ᠰᠢ ᠤᠷᠤᠭᠰᠢᠯᠠᠨ᠎ᠠ – ᠮᠠᠨ᠎ᠤ ᠤᠯᠤᠰ ᠤᠯᠠᠨ ᠠᠷᠭ᠎ᠠ ᠪᠠᠷᠢᠯ ᠵᠶ᠋ᠠᠷ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠨ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠲᠤᠬᠠᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2024-03-29

      ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠰᠠᠢ᠌ᠲᠤᠷ ᠡᠷᠬᠢᠯᠡᠬᠦ᠎ᠨᠢ ᠭᠡᠷ ᠪᠦᠯᠢ ᠪᠣᠯᠭ᠋ᠠᠨ᠎ᠤ ᠠᠰᠢᠭ ᠲᠤᠰᠠ᠎ᠲᠠᠢ ᠬᠣᠯᠪᠣᠭᠳᠠᠵᠤ᠂ ᠤᠯᠤᠰ ᠣᠷᠣᠨ ᠪᠠ ᠦᠨᠳᠦᠰᠦᠲᠡᠨ᠎ᠤ ᠢᠷᠡᠭᠡᠳᠦᠢ᠎ᠲᠠᠢ ᠬᠣᠯᠪᠣᠭᠳᠠᠵᠤ ᠪᠠᠢ᠌ᠳᠠᠭ᠃ 12᠎ᠤᠨ ᠡᠳᠦᠷ ᠬᠤᠷᠠᠯᠳᠤᠭᠰᠠᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠳᠤ ᠴᠢᠬᠤᠯᠠᠴᠢᠯᠠᠭᠰᠠᠨ ᠵᠶ᠋ᠠᠷ᠂ ᠰᠤᠷᠭ᠋ᠠᠭᠤᠯᠢ ᠡᠷᠭᠢᠯᠡᠬᠦ ᠨᠥᠬᠥᠴᠡᠯ᠂ ᠰᠤᠷᠭ᠋ᠠᠨ ᠬᠥᠮᠦᠵᠢᠯ᠎ᠤᠨ ᠴᠢᠨᠠᠷ ᠪᠠ ᠠᠷᠠᠳ ᠣᠯᠠᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠠᠵᠢᠯ᠎ᠤᠨ ᠭᠣᠣᠯᠳᠠᠯᠭ᠎ᠠ ᠪᠣᠯᠭ᠋ᠠᠵᠤ᠂ ᠣᠷᠣᠨ ᠪᠦᠰᠡ᠂ ᠬᠣᠲᠠ ᠬᠥᠳᠡᠭᠡ᠂ ᠰᠤᠷᠭ᠋ᠠᠭᠤᠯᠢ᠂ ᠣᠯᠠᠨ ᠲᠦᠮᠡᠨ᠎ᠤ ᠬᠣᠭᠣᠷᠣᠨᠳᠤᠬᠢ ᠰᠤᠷᠭ᠋ᠠᠨ ᠬᠥᠮᠦᠵᠢᠯ᠎ᠤᠨ ᠵᠥᠷᠢᠶ᠎ᠡ ᠵᠢ ᠲᠠᠰᠤᠷᠠᠯᠲᠠ ᠦᠭᠡᠢ ᠪᠠᠭ᠋ᠠᠰᠬᠠᠵᠤ᠂ ᠨᠠᠩ ᠡᠷᠬᠡ ᠲᠡᠭᠰᠢ ᠨᠠᠩ ᠴᠢᠨᠠᠷ ᠰᠠᠢ᠌ᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠰᠠᠢ᠌ᠲᠤᠷ ᠡᠷᠭᠢᠯᠡᠬᠦ ᠬᠡᠷᠡᠭᠲᠡᠢ᠃ ᠬᠥᠮᠥᠨ ᠠᠮᠠ ᠵᠢᠨ ᠬᠤᠪᠢᠷᠠᠯᠲᠠ ᠪᠠ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠠᠬᠢᠴᠠ᠎ᠳᠤ ᠵᠣᠬᠢᠴᠠᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠬᠤᠪᠢᠷᠠᠯᠲᠠ ᠵᠢ ᠤᠷᠢᠳᠴᠢᠯᠠᠨ ᠰᠤᠳᠤᠯᠤᠨ ᠮᠠᠭ᠋ᠠᠳᠯᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ᠎ᠢ ᠴᠢᠩᠭ᠋ᠠᠷᠠᠭᠤᠯᠤᠨ᠂ ᠡᠳ᠋᠎ᠤᠨ ᠵᠠᠰᠠᠭ᠎ᠤᠨ ᠴᠢᠨᠠᠷᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠪᠠᠭᠤᠷᠠᠢ ᠭᠣᠭᠴᠣᠭ᠎ᠠ ᠲᠡᠢ᠌ᠰᠢ ᠬᠡᠯᠪᠡᠢ᠌ᠯᠭᠡᠬᠦ᠎ᠪᠠᠨ ᠡᠷᠴᠢᠮᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠳᠤᠲᠠᠭᠳᠠᠯ᠎ᠢ ᠬᠦᠴᠦᠯᠡᠨ ᠨᠥᠬᠥᠪᠦᠷᠢᠯᠡᠬᠦ ᠬᠡᠷᠡᠭᠲᠡᠢ ᠭᠡᠵᠡᠢ᠃

      ᠰᠤᠷᠭ᠋ᠠᠨ ᠬᠥᠮᠦᠵᠢᠯ᠎ᠤᠨ ᠶᠠᠮᠤᠨ᠎ᠤ ᠰᠠᠭᠤᠷᠢ ᠰᠤᠷᠭ᠋ᠠᠨ ᠬᠥᠮᠦᠵᠢᠯ᠎ᠤᠨ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠤᠭᠰᠠᠨ ᠵᠶ᠋ᠠᠷ᠂ ᠥᠭᠡᠷᠡᠴᠢᠯᠡᠯᠲᠡ ᠨᠡᠭᠡᠭᠡᠯᠲᠡ᠎ᠠᠴᠠ ᠨᠠᠭ᠋ᠠᠰᠢ᠂ ᠮᠠᠨ᠎ᠤ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠲᠦᠷᠭᠡᠨ ᠬᠥᠭᠵᠢᠵᠦ᠂ 2000 ᠣᠨ᠎ᠳᠤ ᠦᠨᠳᠦᠰᠦᠨ᠎ᠳᠤ᠎ᠪᠠᠨ ᠲᠦᠭᠡᠮᠡᠯᠵᠢᠵᠦ᠂ 2011 ᠣᠨ᠎ᠳᠤ ᠪᠥᠬᠥ ᠲᠠᠯ᠎ᠠ᠎ᠪᠠᠷ ᠲᠦᠭᠡᠮᠡᠯᠵᠢᠵᠡᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠡᠩᠴᠡᠭᠦᠷᠢᠲᠡᠢ ᠬᠥᠭᠵᠢᠯᠲᠡ ᠵᠢ ᠦᠷᠭᠦᠯᠵᠢᠯᠡᠨ ᠠᠬᠢᠭᠤᠯᠪᠠ᠃ 2021 ᠣᠨ᠎ᠤ ᠡᠴᠦᠰ ᠪᠣᠯᠬᠤ᠎ᠳᠤ᠂ ᠪᠥᠬᠥ ᠤᠯᠤᠰ᠎ᠤᠨ ᠰᠢᠶᠠᠨ ᠲᠣᠭᠣᠷᠢᠭ ᠪᠥᠬᠥᠨ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠦᠨᠳᠦᠰᠦᠨ᠎ᠳᠤ᠎ᠪᠠᠨ ᠲᠡᠩᠴᠡᠭᠦᠷᠢᠲᠡᠢ ᠬᠥᠭᠵᠢᠭᠦᠯᠬᠦ ᠵᠢ ᠬᠢᠨᠠᠨ ᠵᠢᠯᠤᠭᠣᠳᠴᠤ ᠦᠨᠡᠯᠡᠨ ᠵᠢᠱ᠌ᠢᠬᠦ ᠵᠢ ᠥᠩᠭᠡᠷᠡᠭᠦᠯᠵᠦ᠂ ᠮᠠᠨ᠎ᠤ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠦᠨᠳᠦᠰᠦᠨ᠎ᠳᠤ᠎ᠪᠠᠨ ᠲᠡᠩᠴᠡᠭᠦᠷᠢᠲᠡᠢ ᠪᠣᠯᠵᠠᠢ᠃

      ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠶᠠᠪᠤᠴᠠ᠎ᠳᠤ᠂ ᠮᠠᠨ᠎ᠤ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠦᠭᠡᠮᠡᠯᠵᠢᠯᠲᠡ ᠳᠡᠯᠡᠬᠡᠢ ᠵᠢᠨ ᠥᠨᠳᠥᠷ ᠣᠷᠣᠯᠭ᠎ᠠ᠎ᠲᠠᠢ ᠤᠯᠤᠰ᠎ᠤᠨ ᠳᠤᠮᠳᠠᠴᠢ ᠲᠦᠪᠰᠢᠨ᠎ᠳᠤ ᠬᠦᠷᠴᠦ᠂ ᠵᠠᠷᠤᠳᠠᠯ᠎ᠤᠨ ᠪᠠᠲᠤᠯᠠᠭ᠎ᠠ ᠪᠠ ᠰᠤᠷᠭ᠋ᠠᠭᠤᠯᠢ ᠡᠷᠭᠢᠯᠡᠬᠦ ᠨᠥᠬᠥᠴᠡᠯ ᠢᠯᠡᠳᠲᠡ ᠰᠠᠢ᠌ᠵᠢᠷᠠᠨ᠂ ᠪᠠᠭᠰᠢ ᠵᠢᠨ ᠡᠩᠨᠡᠭᠡᠨ᠎ᠤ ᠬᠡᠪ ᠴᠢᠨᠠᠷ ᠢᠯᠡᠳᠲᠡ ᠳᠡᠭᠡᠭᠰᠢᠯᠡᠵᠦ᠂ ᠰᠤᠷᠭ᠋ᠠᠨ ᠬᠥᠮᠦᠵᠢᠯ᠎ᠤᠨ ᠶᠠᠰᠤ ᠴᠢᠨᠠᠷ ᠪᠦᠬᠦᠯᠢ ᠴᠣᠭᠴᠠ᠎ᠪᠠᠷ ᠵᠶ᠋ᠠᠨ ᠳᠡᠭᠡᠭᠰᠢᠯᠡᠪᠡ᠃

      ᠦᠨᠳᠦᠰᠦᠨ᠎ᠳᠤ᠎ᠪᠠᠨ ᠲᠡᠩᠴᠡᠭᠦᠷᠢᠲᠡᠢ ᠪᠠᠢ᠌ᠯᠭ᠋ᠠᠬᠤ ᠵᠢ ᠪᠡᠶᠡᠯᠡᠭᠦᠯᠦᠭᠰᠡᠨ᠎ᠤ ᠲᠠᠷᠠᠭ᠎ᠠ᠂ ᠮᠠᠨ᠎ᠤ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠬᠠᠷᠠᠯᠲᠠ᠎ᠨᠢ ᠴᠢᠨᠠᠷ ᠰᠠᠢ᠌ᠨ ᠲᠡᠩᠴᠡᠭᠦᠷᠢᠲᠡᠢ ᠲᠡᠢ᠌ᠰᠢ ᠤᠷᠤᠭᠰᠢᠯᠠᠬᠤ ᠶᠠᠪᠤᠳᠠᠯ ᠪᠣᠯᠪᠠ᠃ 2023 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠴᠢᠨᠠᠷ ᠰᠠᠢ᠌ᠨ ᠲᠡᠩᠴᠡᠭᠦᠷᠢᠲᠡᠢ ᠦᠨᠳᠦᠰᠦᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 2035 ᠣᠨ ᠪᠣᠯᠲᠠᠯ᠎ᠠ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠨᠥᠬᠥᠴᠡᠯ᠂ ᠪᠠᠭᠰᠢ ᠵᠢᠨ ᠡᠩᠨᠡᠭᠡ᠂ ᠵᠠᠷᠤᠳᠠᠯ᠎ᠤᠨ ᠣᠷᠣᠭᠤᠯᠤᠯᠲᠠ᠂ ᠵᠠᠰᠠᠯᠲᠠ ᠵᠢᠨ ᠲᠣᠭᠲᠠᠯᠴᠠᠭ᠎ᠠ᠎ᠨᠢ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠬᠡᠷᠡᠭᠴᠡᠭᠡ᠎ᠳᠤ ᠵᠣᠬᠢᠴᠠᠵᠤ᠂ ᠬᠣᠲᠠ (ᠭᠠᠵᠠᠷ ᠣᠷᠣᠨ᠂ ᠵᠧᠦ᠂ ᠠᠢ᠌ᠮᠠᠭ) ᠵᠢᠨ ᠬᠡᠪᠴᠢᠶᠡᠨ᠎ᠳᠠᠬᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠡᠩᠴᠡᠭᠦᠷᠢᠲᠡᠢ ᠬᠥᠭᠵᠢᠯᠲᠡ ᠵᠢᠨ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠵᠣᠩᠬᠢᠯᠠᠬᠤ ᠣᠯᠠᠨ ᠲᠣᠭ᠋ᠠᠨ᠎ᠤ ᠰᠢᠶᠠᠨ (ᠬᠣᠲᠠ᠂ ᠲᠣᠭᠣᠷᠢᠭ᠂ ᠬᠣᠰᠢᠭᠤ)᠎ᠤ ᠬᠡᠪᠴᠢᠶᠡᠨ᠎ᠳᠠᠬᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠨ ᠲᠡᠩᠴᠡᠭᠦᠷᠢᠲᠡᠢ ᠪᠠᠢ᠌ᠬᠤ ᠵᠢ ᠪᠡᠶᠡᠯᠡᠭᠦᠯᠵᠦ᠂ ᠰᠤᠷᠬᠤ ᠨᠠᠰᠤᠨ᠎ᠤ ᠰᠤᠷᠤᠭᠴᠢᠳ᠎ᠲᠤ ᠲᠥᠪ ᠭᠣᠥᠯᠴᠢ ᠴᠢᠨᠠᠷ ᠰᠠᠢ᠌ᠲᠠᠢ ᠦᠨᠳᠦᠰᠦᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠡᠳ᠋ᠯᠡᠭᠦᠯᠵᠦ᠂ ᠶᠡᠷᠦᠩᠬᠡᠢ ᠲᠦᠪᠰᠢᠨ᠎ᠢ ᠳᠡᠯᠡᠬᠡᠢ ᠵᠢᠨ ᠡᠮᠦᠨ᠎ᠡ ᠡᠩᠨᠡᠭᠡᠨ᠎ᠳᠤ ᠣᠷᠣᠭᠤᠯᠤᠨ᠎ᠠ ᠭᠡᠵᠦ ᠳᠤᠷᠠᠳᠪᠠ᠃

      ᠡᠨᠡ ᠬᠠᠷᠠᠯᠲᠠ᠎ᠪᠠᠨ ᠪᠡᠶᠡᠯᠡᠭᠦᠯᠬᠦ ᠵᠢᠨ ᠲᠥᠯᠥᠭᠡ ᠳᠠᠷᠠᠭ᠎ᠠ᠎ᠪᠠᠷ ᠶᠠᠮᠠᠷ ᠠᠷᠭ᠎ᠠ ᠪᠠᠷᠢᠯ ᠠᠪᠬᠤ ᠪᠤᠶ?

      ᠲᠣᠰ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠳᠠᠷᠠᠭ᠎ᠠ᠎ᠪᠠᠷ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠵᠢᠨ ᠪᠠᠢ᠌ᠷᠢ ᠰᠠᠭᠤᠷᠢ ᠵᠢ ᠭᠤᠢ᠌ᠪᠢᠰᠢ ᠦᠭᠡᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠵᠠᠷᠴᠢᠮ᠎ᠢ ᠪᠠᠷᠢᠮᠲᠠᠯᠠᠨ᠂ ᠬᠥᠭᠵᠢᠯᠲᠡ ᠵᠢᠨ ᠲᠥᠯᠥᠪᠯᠡᠭᠡ᠂ ᠡᠬᠢ ᠪᠠᠶᠠᠯᠢᠭ᠎ᠤᠨ ᠲᠣᠬᠢᠷᠠᠭᠤᠯᠤᠯᠲᠠ᠂ ᠵᠠᠷᠤᠳᠠᠯ᠎ᠤᠨ ᠣᠷᠣᠭᠤᠯᠤᠯᠲᠠ ᠵᠢ ᠤᠷᠢᠳ ᠵᠶ᠋ᠠᠷ ᠪᠠᠲᠤᠯᠠᠬᠤ ᠵᠢ ᠪᠠᠷᠢᠮᠲᠠᠯᠠᠵᠤ᠂ ᠨᠠᠩ ᠡᠷᠬᠡ ᠲᠡᠭᠰᠢ ᠨᠠᠩ ᠴᠢᠨᠠᠷ ᠰᠠᠢ᠌ᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠰᠠᠢ᠌ᠲᠤᠷ ᠡᠷᠭᠢᠯᠡᠨ᠎ᠡ ᠭᠡᠵᠡᠢ᠃

      ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠲᠠᠯ᠎ᠠ᠎ᠪᠠᠷ᠂ ᠬᠢᠴᠢᠶᠡᠯ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠠᠷᠭ᠎ᠠ ᠬᠡᠯᠪᠡᠷᠢ ᠵᠢ ᠡᠭᠦᠳᠴᠦ᠂ ᠰᠤᠷᠤᠭᠴᠢᠳ᠎ᠤᠨ ᠶᠣᠰᠣ ᠤᠶᠤᠨ ᠲᠠᠮᠢᠷ ᠭᠤᠸ᠎ᠠ ᠬᠥᠳᠡᠯᠮᠦᠷᠢ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ; ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠡᠢ᠌ᠯᠡᠭᠦᠯᠦᠨ ᠰᠠᠢ᠌ᠲᠤᠷ ᠠᠰᠢᠭᠯᠠᠵᠤ᠂ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠢ ᠡᠷᠬᠢᠮᠯᠡᠬᠦ᠂ ᠰᠢᠨᠵᠢᠯᠡᠬᠦ ᠤᠬᠠᠭ᠋ᠠᠨ᠎ᠳᠤ ᠳᠤᠷᠠᠲᠠᠢ ᠵᠣᠷᠢᠭ ᠰᠠᠨᠠᠭ᠎ᠠ ᠪᠠ ᠰᠦᠪᠡᠭᠴᠢᠯᠡᠨ ᠰᠡᠳᠬᠢᠬᠦ᠂ ᠦᠢ᠍ᠯᠡᠳᠦᠯᠭᠡᠵᠢᠭᠦᠯᠬᠦ ᠴᠢᠳᠠᠪᠤᠷᠢ ᠵᠢ᠎ᠨᠢ ᠬᠥᠮᠥᠵᠢᠭᠦᠯᠦᠨ᠎ᠡ; 《ᠬᠣᠶᠠᠷ᠎ᠢ ᠬᠥᠩᠭᠡᠷᠡᠭᠦᠯᠬᠦ》 ᠵᠢ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠬᠡᠷᠡᠭᠯᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠰᠤᠷᠭ᠋ᠠᠭᠤᠯᠢ ᠳᠠᠪᠰᠢᠬᠤ ᠰᠢᠯᠭ᠋ᠠᠯᠲᠠ ᠵᠢᠨ ᠳᠠᠷᠤᠭ᠋ᠠᠰᠤ ᠵᠢ ᠬᠥᠩᠭᠡᠷᠡᠭᠦᠯᠦᠨ᠎ᠡ᠃

      ᠢᠷᠡᠭᠡᠳᠦᠢ ᠵᠢᠨ ᠠᠷᠪᠠᠨ ᠬᠡᠳᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠪᠠᠢ᠌ᠭ᠎ᠠ ᠰᠤᠷᠤᠭᠴᠢᠳ᠎ᠤᠨ 《ᠤᠷᠢᠳ ᠵᠶ᠋ᠠᠷ ᠣᠷᠭᠢᠯ᠎ᠳᠤ ᠬᠦᠷᠴᠦ ᠳᠠᠷᠠᠭ᠎ᠠ᠎ᠨᠢ ᠴᠥᠭᠡᠷᠡᠬᠦ》 ᠬᠤᠪᠢᠷᠠᠯᠲᠠ ᠵᠢᠨ ᠬᠠᠨᠳᠤᠰᠢ᠎ᠳᠤ ᠴᠢᠭᠯᠡᠭᠦᠯᠦᠨ᠂ ᠰᠤᠷᠬᠤ ᠨᠠᠰᠤᠨ᠎ᠤ ᠬᠥᠮᠥᠨ ᠠᠮᠠ ᠵᠢᠨ ᠬᠤᠪᠢᠷᠠᠯᠲᠠ ᠵᠢᠨ ᠤᠷᠢᠳᠠᠴᠢ ᠰᠤᠳᠤᠯᠭ᠋ᠠᠨ ᠵᠶ᠋ᠠᠨ ᠴᠢᠩᠭ᠋ᠠᠳᠬᠠᠵᠤ᠂ ᠰᠤᠷᠭ᠋ᠠᠭᠤᠯᠢ ᠵᠢᠨ ᠪᠠᠢ᠌ᠷᠢᠰᠢᠭᠤᠯᠤᠯᠲᠠ ᠵᠢ ᠵᠦᠢ ᠵᠣᠬᠢᠰᠲᠠᠢ ᠲᠥᠯᠥᠪᠯᠡᠵᠦ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ ᠬᠡᠷᠡᠭᠲᠡᠢ ᠭᠡᠵᠦ ᠰᠤᠷᠭ᠋ᠠᠨ ᠬᠥᠮᠥᠵᠢᠯ᠎ᠤᠨ ᠶᠠᠮᠤᠨ ᠳᠤᠷᠠᠳᠪᠠ᠃

      ᠪᠠᠰᠠ᠂ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠨᠥᠬᠥᠴᠡᠯ᠎ᠤᠨ ᠳᠤᠲᠠᠭᠳᠠᠯ᠎ᠢ ᠨᠥᠬᠥᠪᠦᠷᠢᠯᠡᠵᠦ᠂ ᠣᠲᠣ ᠵᠢᠨ ᠪᠠᠢ᠌ᠭ᠎ᠠ ᠴᠢᠨᠠᠷ ᠰᠠᠢ᠌ᠲᠠᠢ ᠰᠤᠷᠭ᠋ᠠᠭᠤᠯᠢ ᠵᠢᠨ ᠳᠠᠯᠳᠠ ᠬᠦᠴᠦᠨ᠎ᠢ ᠠᠭᠤᠳᠠᠯᠤᠨ ᠪᠠᠭᠲᠠᠭ᠋ᠠᠮᠵᠢ᠎ᠪᠠᠨ ᠥᠷᠭᠡᠳᠬᠡᠬᠦ ᠵᠢ ᠠᠬᠢᠭᠤᠯᠤᠨ᠂ ᠴᠢᠨᠠᠷ ᠰᠠᠢ᠌ᠲᠠᠢ ᠰᠢᠨ᠎ᠡ ᠰᠤᠷᠭ᠋ᠠᠭᠤᠯᠢ ᠵᠢᠨ ᠪᠣᠶ᠋ᠢᠵᠢᠯᠲᠠ ᠵᠢ ᠲᠦᠷᠭᠡᠳᠬᠡᠵᠦ᠂ ᠲᠣᠭ᠋ᠠᠴᠢᠯᠠᠯᠲᠠ ᠵᠢᠨ ᠴᠢᠳᠠᠪᠤᠷᠢ ᠵᠢ ᠠᠰᠢᠭᠯᠠᠨ᠂ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠤᠪᠢᠶᠠᠯᠴᠠᠬᠤ ᠵᠢ ᠠᠬᠢᠭᠤᠯᠤᠨ᠂ ᠬᠥᠳᠡᠭᠡ ᠲᠣᠰᠬᠣᠨ᠎ᠤ ᠰᠤᠷᠭ᠋ᠠᠭᠤᠯᠢ ᠵᠢ ᠬᠠᠪᠰᠤᠷᠤᠨ ᠰᠤᠷᠭ᠋ᠠᠭᠤᠯᠢ ᠡᠷᠭᠢᠯᠡᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃

      ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ ᠵᠢᠨ ᠲᠠᠯ᠎ᠠ᠎ᠪᠠᠷ᠂ ᠥᠨᠳᠥᠷ ᠲᠦᠪᠰᠢᠨ ᠪᠦᠬᠦᠢ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠬᠥᠮᠥᠵᠢᠭᠦᠯᠬᠦ ᠬᠡᠪᠴᠢᠶ᠎ᠡ ᠵᠢ ᠥᠷᠭᠡᠳᠬᠡᠵᠦ᠂ ᠪᠠᠭᠰᠢ ᠵᠢᠨ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠦᠨ᠂ ᠡᠯ᠎ᠡ ᠭᠠᠵᠠᠷ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠣᠯᠭᠣᠮᠵᠢ ᠵᠢ ᠪᠠᠲᠤᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠪᠠ ᠴᠠᠯᠢᠩ ᠣᠷᠣᠯᠭ᠎ᠠ ᠵᠢ ᠲᠤᠬᠠᠢ ᠵᠢᠨ ᠭᠠᠵᠠᠷ᠎ᠤᠨ ᠠᠯᠪᠠᠲᠠᠨ᠎ᠤ ᠣᠯᠭᠣᠮᠵᠢ ᠵᠢ ᠳᠠᠭ᠋ᠠᠵᠤ ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠨᠠᠢ᠌ᠳᠠᠪᠤᠷᠢᠵᠢᠭᠤᠯᠬᠤ ᠵᠢ ᠰᠢᠮᠳᠠᠭᠤᠯᠵᠤ᠂ ᠪᠠᠭᠰᠢ ᠵᠢᠨ ᠴᠠᠯᠢᠩ᠎ᠢ ᠴᠠᠭ ᠲᠤᠬᠠᠢ᠎ᠳᠤ᠎ᠨᠢ ᠲᠣᠭ᠎ᠠ ᠶᠣᠰᠣ᠎ᠪᠠᠷ᠎ᠨᠢ ᠥᠭᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃

      《ᠪᠢᠳᠡ ᠦᠨᠳᠦᠰᠦᠨ ᠵᠦᠢ᠍ᠯ ᠵᠢ ᠪᠠᠲᠤᠯᠠᠬᠤ᠂ ᠳᠤᠲᠠᠭᠳᠠᠯ᠎ᠢ ᠨᠥᠬᠥᠪᠦᠷᠢᠯᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠠᠩᠬᠠᠷᠴᠤ᠂ ᠰᠤᠷᠭ᠋ᠠᠨ ᠬᠥᠮᠦᠵᠢᠯ᠎ᠤᠨ ᠣᠷᠣᠭᠤᠯᠤᠯᠲᠠ ᠵᠢ ᠵᠢᠭ᠋ᠠᠨ ᠰᠤᠷᠭ᠋ᠠᠯᠲᠠ ᠪᠠ ᠪᠠᠭᠰᠢ ᠵᠢᠨ ᠡᠩᠨᠡᠭᠡ ᠵᠦᠭ ᠤᠯᠠᠮ ᠬᠡᠯᠪᠡᠢ᠌ᠯᠭᠡᠵᠦ᠂ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ ᠵᠦᠭ ᠬᠡᠯᠪᠡᠢ᠌ᠯᠭᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠨ ᠲᠡᠩᠴᠡᠭᠦᠷᠢᠲᠡᠢ ᠬᠥᠭᠵᠢᠬᠦ ᠵᠢ ᠪᠦᠬᠦ ᠲᠠᠯ᠎ᠠ᠎ᠪᠠᠷ ᠪᠠᠲᠤᠯᠠᠨ᠎ᠠ᠃》 ᠭᠡᠵᠦ ᠲᠣᠰ ᠬᠠᠷᠢᠭᠤᠴᠠᠯᠭ᠋ᠠᠲᠠᠨ ᠬᠡᠯᠡᠪᠡ᠃

ᠢᠷᠡᠯᠲᠡ᠄ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠬᠠᠤᠯᠢ᠎ᠪᠠᠷ ᠰᠢᠵᠢᠮ ᠪᠣᠯᠭ᠋ᠠᠵᠤ ᠪᠦᠬᠦ ᠨᠡᠢ᠌ᠭᠡᠮ᠎ᠤᠨ ᠤᠰᠤ ᠵᠢ ᠠᠷᠪᠢᠯᠠᠬᠤ 《ᠤᠰᠤᠨ ᠭᠣᠭᠣᠵᠢᠭᠤᠷ》᠎ᠢ ᠴᠢᠩᠭ᠎ᠠ ᠰᠦᠯᠵᠢᠬᠦ ᠬᠡᠷᠡᠭᠲᠡᠢ (ᠨᠢᠭᠡ)
ᠬᠠᠤᠯᠢ᠎ᠪᠠᠷ ᠰᠢᠵᠢᠮ ᠪᠣᠯᠭ᠋ᠠᠵᠤ ᠪᠦᠬᠦ ᠨᠡᠢ᠌ᠭᠡᠮ᠎ᠤᠨ ᠤᠰᠤ ᠵᠢ ᠠᠷᠪᠢᠯᠠᠬᠤ 《ᠤᠰᠤᠨ ᠭᠣᠭᠣᠵᠢᠭᠤᠷ》᠎ᠢ ᠴᠢᠩᠭ᠎ᠠ ᠰᠦᠯᠵᠢᠬᠦ ᠬᠡᠷᠡᠭᠲᠡᠢ (ᠬᠣᠶᠠᠷ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠨᠢᠭᠡ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠬᠣᠶᠠᠷ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠭᠤᠷᠪᠠ)
 
            