ᠬᠣᠲᠠ ᠪᠠᠯᠭ᠋ᠠᠰᠤᠨ᠎ᠤ 1200 ᠲᠦᠮᠡ᠎ᠠᠴᠠ ᠳᠡᠭᠡᠭᠰᠢ ᠬᠥᠮᠥᠨ᠎ᠳᠤ ᠠᠵᠢᠯ ᠣᠯᠭᠣᠵᠤ᠂ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ ᠵᠢᠨ ᠠᠵᠢᠯ ᠠᠯᠳᠠᠯᠲᠠ ᠵᠢᠨ ᠨᠣᠷᠮ᠎ᠠ ᠵᠢ 5.5% ᠣᠷᠴᠢᠮ ᠪᠣᠯᠭ᠋ᠠᠨ᠎ᠠ — ᠡᠨᠡ ᠪᠣᠯ 5᠎ᠤ ᠡᠳᠦᠷ᠎ᠤᠨ ᠬᠢᠨᠠᠨ ᠵᠦᠪᠯᠡᠭᠦᠯᠬᠦ᠎ᠪᠠᠷ ᠳᠡᠪᠰᠢᠭᠦᠯᠦᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠲᠣᠬᠢᠷᠠᠭᠤᠯᠤᠭᠰᠠᠨ 2024 ᠣᠨ᠎ᠤ ᠠᠵᠢᠯ ᠣᠯᠭᠣᠯᠲᠠ ᠵᠢᠨ ᠵᠢᠱ᠌ᠢᠭᠰᠡᠨ ᠬᠠᠷᠠᠯᠲᠠ ᠪᠣᠯᠣᠨ᠎ᠠ᠃
ᠬᠤᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ ᠵᠢᠨ ᠬᠡᠪᠴᠢᠶ᠎ᠡ ᠵᠢ ᠨᠢᠳᠤᠨᠤᠨ᠎ᠤ 《1200 ᠲᠦᠮᠡ ᠣᠷᠴᠢᠮ》 ᠪᠠᠢ᠌ᠭᠰᠠᠨ᠎ᠠᠴᠠ ᠡᠨᠡ ᠵᠢᠯ᠎ᠤᠨ 《1200 ᠲᠦᠮᠡ᠎ᠠᠴᠠ ᠳᠡᠭᠡᠭᠰᠢ》 ᠪᠣᠯᠭ᠋ᠠᠨ ᠲᠣᠬᠢᠷᠠᠭᠤᠯᠵᠤ᠂ ᠨᠡᠩ ᠢᠳᠡᠪᠬᠢᠲᠡᠢ ᠠᠵᠢᠯ ᠣᠯᠭᠣᠯᠲᠠ ᠵᠢᠨ ᠬᠠᠷᠠᠯᠲᠠ ᠵᠢ ᠳᠤᠷᠠᠳᠤᠨ ᠭᠠᠷᠭ᠋ᠠᠭᠰᠠᠨ᠎ᠨᠢ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠢᠲᠡᠭᠡᠯ ᠵᠣᠷᠢᠭ᠎ᠢ ᠬᠦᠪᠴᠢᠯᠡᠬᠦ ᠨᠡᠩ ᠶᠡᠬᠡ ᠡᠷᠴᠢᠮ᠎ᠲᠠᠢ ᠳᠣᠬᠢᠶ᠎ᠠ ᠵᠢ ᠳᠠᠮᠵᠢᠭᠤᠯᠪᠠ᠃
ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠂ ᠪᠠᠰᠠ ᠴᠤ᠌ ᠠᠵᠤ ᠠᠬᠤᠢ ᠵᠢᠨ ᠬᠥᠭᠵᠢᠯᠲᠡ ᠵᠢᠨ ᠬᠠᠮᠤᠭ᠎ᠤᠨ ᠦᠨᠳᠦᠰᠦᠨ ᠲᠤᠯᠭ᠋ᠠᠭᠤᠷᠢ ᠪᠣᠯᠣᠨ᠎ᠠ᠃ ᠡᠨᠡ ᠵᠢᠯ᠎ᠤᠨ ᠬᠠᠷᠠᠯᠲᠠ᠎ᠪᠠᠨ ᠶᠠᠭᠤᠨ᠎ᠳᠤ ᠢᠩᠭᠢᠵᠦ ᠲᠣᠭᠲᠠᠭ᠋ᠠᠭᠰᠠᠨ ᠪᠤᠢ?
《ᠡᠨᠡ᠎ᠨᠢ ᠠᠷᠠᠳ᠎ᠤᠨ ᠠᠮᠢᠳᠤᠷᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ ᠪᠠᠢ᠌ᠭ᠎ᠠ ᠵᠢ ᠬᠠᠷᠠᠭᠤᠯᠬᠤ ᠪᠥᠭᠡᠳ ᠪᠣᠳᠠᠲᠤ ᠪᠠᠢ᠌ᠳᠠᠯ᠎ᠳᠤ ᠰᠠᠭᠤᠷᠢᠯᠠᠨ ᠪᠣᠳᠣᠯᠬᠢᠯᠠᠭᠰᠠᠨ ᠶᠠᠪᠤᠳᠠᠯ ᠮᠥᠨ᠃》 ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠳᠤᠮᠳᠠᠳᠤ ᠤᠯᠤᠰ᠎ᠤᠨ ᠬᠥᠳᠡᠯᠮᠦᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠮᠦᠸᠧ ᠷᠦᠩ ᠢᠯᠡᠷᠬᠡᠢ᠌ᠯᠡᠬᠦ᠎ᠳᠤ᠎ᠪᠠᠨ᠂ 2024 ᠣᠨ᠎ᠤ ᠠᠵᠤ ᠠᠬᠤᠢ ᠵᠢᠨ ᠠᠵᠢᠯᠯᠠᠭ᠋ᠠᠨ᠎ᠤ ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠬᠤ ᠳᠠᠷᠤᠭ᠋ᠠᠰᠤ ᠨᠡᠯᠢᠶᠡᠳ ᠶᠡᠬᠡ ᠪᠠᠢ᠌ᠭ᠎ᠠ ᠪᠠᠢ᠌ᠳᠠᠯ ᠳᠣᠣᠷ᠎ᠠ᠂ ᠡᠷᠬᠡᠪᠰᠢ ᠣᠯᠠᠨ ᠲᠦᠮᠡᠨ᠎ᠤ ᠠᠵᠢᠯ ᠣᠯᠬᠤ ᠠᠰᠠᠭᠤᠳᠠᠯ᠎ᠢ ᠰᠢᠢ᠍ᠳᠪᠦᠷᠢᠯᠡᠬᠦ ᠵᠢ ᠨᠠᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠢᠯᠡᠷᠡᠭᠦᠯᠬᠦ ᠬᠡᠷᠡᠭᠲᠡᠢ ᠭᠡᠵᠡᠢ᠃
ᠡᠨᠡ ᠵᠢᠯ ᠬᠤᠳᠠ ᠪᠠᠯᠭ᠋ᠠᠰᠤᠨ᠎ᠳᠤ ᠠᠵᠢᠯ ᠣᠯᠬᠤ ᠴᠢᠬᠤᠯᠠᠲᠠᠢ ᠰᠢᠨ᠎ᠡ᠎ᠪᠠᠷ ᠦᠰᠦᠨ ᠪᠣᠢ᠌ᠵᠢᠭᠰᠠᠨ ᠬᠥᠳᠡᠯᠮᠦᠷᠢ ᠬᠦᠴᠦᠨ ᠦᠷᠭᠦᠯᠵᠢᠯᠡᠨ ᠥᠨᠳᠥᠷ ᠪᠠᠢ᠌ᠷᠢᠨ᠎ᠳᠤ ᠪᠠᠢ᠌ᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠡᠪᠴᠢᠶ᠎ᠡ ᠵᠢᠱ᠌ᠢᠯᠲᠡ᠎ᠪᠠᠷ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ 1170 ᠲᠦᠮᠡᠨ ᠬᠥᠮᠥᠨ᠎ᠢ ᠳᠠᠪᠠᠬᠤ ᠵᠢᠨ ᠬᠠᠮᠲᠤ ᠪᠠᠰᠠ ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠬᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠢ ᠪᠠᠢ᠌ᠨ᠎ᠠ᠃ ᠡᠢ᠌ᠮᠦ᠎ᠠᠴᠠ ᠠᠵᠢᠯ ᠣᠯᠭᠣᠯᠲᠠ ᠵᠢᠨ ᠶᠡᠬᠡ ᠲᠠᠯ᠎ᠠ ᠵᠢ ᠲᠣᠭᠲᠠᠪᠤᠷᠢᠵᠢᠭᠤᠯᠬᠤ᠎ᠨᠢ ᠲᠤᠢ᠌ᠯ᠎ᠤᠨ ᠵᠠᠩᠭᠢᠯᠠᠭ᠎ᠠ ᠪᠣᠯᠣᠨ᠎ᠠ᠃
ᠡᠨᠡ ᠬᠦ᠌ ᠬᠠᠷᠠᠯᠲᠠ ᠵᠢ ᠪᠡᠶᠡᠯᠡᠭᠦᠯᠵᠦ ᠴᠢᠳᠠᠨ᠎ᠠ ᠦᠦ?
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠠᠵᠤ ᠠᠬᠤᠢ ᠵᠢᠨ ᠨᠡᠮᠡᠭᠳᠡᠯ᠎ᠤᠨ ᠵᠢᠱ᠌ᠢᠯᠲᠡ ᠵᠢᠨ ᠬᠠᠷᠠᠯᠲᠠ ᠵᠢ 5% ᠣᠷᠴᠢᠮ ᠪᠠᠢ᠌ᠯᠭ᠋ᠠᠨ᠎ᠠ ᠭᠡᠵᠦ ᠳᠤᠷᠠᠳᠪᠠ᠃ ᠡᠨᠡ᠎ᠨᠢ ᠶᠠᠭ ᠠᠵᠢᠯ ᠣᠯᠭᠣᠯᠲᠠ ᠵᠢ ᠠᠬᠢᠭᠤᠯᠵᠤ ᠣᠷᠣᠯᠭ᠎ᠠ ᠵᠢ ᠨᠡᠮᠡᠭᠳᠡᠭᠦᠯᠬᠦ ᠵᠡᠷᠭᠡ ᠲᠠᠯ᠎ᠠ᠎ᠪᠠᠷ᠎ᠬᠢ ᠬᠡᠷᠡᠭᠴᠡᠭᠡ ᠵᠢ ᠪᠣᠳᠣᠯᠬᠢᠯᠠᠭᠰᠠᠨ ᠶᠤᠮ᠃
《ᠠᠵᠤ ᠠᠬᠤᠢ ᠵᠢᠨ ᠨᠡᠮᠡᠭᠳᠡᠯ ᠬᠢᠭᠡᠳ ᠠᠵᠢᠯ ᠣᠯᠭᠣᠯᠲᠠ ᠵᠢᠨ ᠬᠣᠯᠪᠣᠯᠳᠤᠨ ᠳᠠᠢ᠌ᠴᠢᠯᠠᠬᠤ ᠦᠢ᠍ᠯᠡᠳᠦᠯ᠎ᠠᠴᠠ ᠦᠵᠡᠪᠡᠯ᠂ ᠠᠵᠤ ᠠᠬᠤᠢ ᠵᠢᠨ ᠨᠡᠮᠡᠭᠳᠡᠯ᠎ᠤᠨ 1 ᠵᠠᠭᠤᠨ᠎ᠤ ᠴᠡᠭ᠎ᠨᠢ 200 ᠭᠠᠷᠤᠢ ᠲᠦᠮᠡᠨ ᠬᠥᠮᠥᠨ᠎ᠤ ᠠᠵᠢᠯ ᠣᠯᠭᠣᠯᠲᠠ ᠵᠢ ᠳᠠᠶ᠋ᠢᠴᠢᠯᠠᠵᠤ ᠳᠡᠢ᠌ᠯᠦᠨ᠎ᠡ᠃》 ᠭᠡᠰᠢᠭᠦᠨ ᠮᠦᠸᠧ ᠷᠦᠩ ᠬᠡᠯᠡᠭᠰᠡᠨ᠎ᠨᠢ᠂ ᠡᠨᠡ ᠬᠡᠳᠦᠨ ᠵᠢᠯ᠎ᠤᠨ ᠠᠵᠤ ᠠᠬᠤᠢ ᠵᠢᠨ ᠪᠦᠲᠦᠴᠡ ᠵᠢᠨ ᠲᠣᠬᠢᠷᠠᠭᠤᠯᠤᠯᠲᠠ᠂ ᠢᠯᠠᠩᠭᠤᠶ᠎ᠠ ᠦᠢ᠍ᠯᠡᠴᠢᠯᠡᠭᠡᠨ᠎ᠤ ᠦᠢ᠍ᠯᠡᠰ᠎ᠤᠨ ᠲᠦᠷᠭᠡᠨ ᠬᠥᠭᠵᠢᠯᠲᠡ ᠵᠢᠨ ᠳᠡᠭᠡᠷ᠎ᠡ ᠡᠯ᠎ᠡ ᠱᠠᠲᠤᠨ᠎ᠤ ᠵᠠᠰᠠᠭ᠎ᠤᠨ ᠣᠷᠳᠣᠨ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠨᠠᠷᠢᠯᠢᠭᠵᠢᠭᠤᠯᠤᠭᠰᠠᠨ᠎ᠠᠴᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠠᠵᠢᠯ ᠣᠯᠭᠣᠯᠲᠠ ᠵᠢ ᠳᠠᠢ᠌ᠴᠢᠯᠠᠬᠤ ᠬᠦᠴᠦᠨ ᠲᠣᠭᠲᠠᠭᠤᠨ ᠵᠶ᠋ᠠᠷ ᠴᠢᠩᠭ᠋ᠠᠷᠠᠵᠠᠢ ᠭᠡᠪᠡ᠃
ᠠᠵᠢᠯ ᠣᠯᠭᠣᠯᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ 3 ᠵᠢᠯ᠎ᠳᠤ᠂ ᠮᠠᠨ᠎ᠤ ᠤᠯᠤᠰ᠎ᠤᠨ ᠵᠢᠯ ᠪᠦᠷᠢ ᠵᠢᠨ ᠪᠡᠶᠡᠯᠡᠭᠦᠯᠦᠭᠰᠡᠨ ᠬᠤᠳᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠣᠭᠰᠠᠨ ᠬᠥᠮᠥᠨ 1200 ᠲᠦᠮᠡ ᠵᠢ ᠳᠠᠪᠠᠵᠠᠢ᠃ 2023 ᠣᠨ᠎ᠳᠤ GDP 5.2% ᠵᠢᠡᠷ ᠨᠡᠮᠡᠭᠳᠡᠵᠦ᠂ ᠪᠥᠬᠥ ᠤᠯᠤᠰ᠎ᠤᠨ 1244 ᠲᠦᠮᠡᠨ ᠬᠥᠮᠥᠨ᠎ᠳᠤ ᠬᠣᠲᠠ ᠪᠠᠯᠭ᠋ᠠᠰᠤᠨ᠎ᠳᠤ ᠠᠵᠢᠯ ᠣᠯᠭᠣᠵᠤ᠂ ᠬᠥᠳᠡᠭᠡ ᠲᠣᠰᠬᠣᠨ᠎ᠤ ᠬᠥᠳᠡᠯᠮᠦᠷᠢ ᠬᠦᠴᠦᠨ᠎ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠬᠢᠬᠦ ᠬᠡᠪᠴᠢᠶ᠎ᠡ 3397 ᠲᠦᠮᠡᠨ ᠬᠥᠮᠥᠨ᠎ᠳᠤ ᠬᠦᠷᠴᠡᠢ᠃
2024 ᠣᠨ᠎ᠤ ᠠᠵᠢᠯ ᠣᠯᠭᠣᠯᠲᠠ ᠵᠢᠨ ᠬᠠᠷᠠᠯᠲᠠ ᠵᠢ ᠬᠡᠷᠬᠢᠨ ᠪᠡᠶᠡᠯᠡᠭᠦᠯᠬᠦ ᠪᠤᠢ?
— ᠡᠩ ᠲᠡᠷᠢᠭᠦᠨ᠎ᠳᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠤᠳᠤᠷᠢᠳᠤᠮᠵᠢ ᠵᠢ ᠴᠢᠩᠭ᠋ᠠᠳᠬᠠᠬᠤ ᠬᠡᠷᠡᠭᠲᠡᠢ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠡᠳ᠋᠎ᠤᠨ ᠵᠠᠰᠠᠭ ᠭᠠᠢ᠌ᠯᠢ᠂ ᠮᠥᠩᠭᠥᠨ ᠭᠦᠢ᠍ᠯᠭᠡᠭᠡ ᠵᠡᠷᠭᠡ ᠲᠥᠷᠥ ᠵᠢᠨ ᠪᠣᠳᠣᠯᠭ᠎ᠠ ᠵᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠳᠤ ᠦᠵᠡᠭᠦᠯᠬᠦ ᠳᠡᠮᠵᠢᠯᠭᠡ ᠵᠢ ᠴᠢᠩᠭ᠋ᠠᠳᠬᠠᠵᠤ᠂ ᠠᠵᠢᠯ ᠣᠯᠭᠣᠯᠲᠠ ᠵᠢ ᠠᠬᠢᠭᠤᠯᠬᠤ ᠲᠤᠰᠬᠠᠢ ᠲᠥᠷᠥ ᠵᠢᠨ ᠪᠣᠳᠣᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ ᠭᠡᠵᠦ ᠳᠤᠷᠠᠳᠪᠠ᠃ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠪᠤᠴᠠᠭ᠋ᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠣᠯᠲᠠ ᠪᠠ ᠨᠡᠢ᠌ᠭᠡᠮ᠎ᠤᠨ ᠪᠠᠲᠤᠯᠠᠭ᠎ᠠ ᠵᠢᠨ ᠨᠥᠬᠥᠪᠦᠷᠢ ᠵᠡᠷᠭᠡ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠣᠯᠲᠠ ᠵᠢᠨ ᠪᠠᠭᠲᠠᠭ᠋ᠠᠮᠵᠢ᠎ᠪᠠᠷ ᠶᠡᠬᠡ ᠠᠵᠢᠯ ᠲᠦᠷᠦᠯ᠎ᠤᠨ ᠠᠵᠤ ᠠᠬᠤᠢ᠌ᠯᠠᠯ᠎ᠢ ᠳᠡᠮᠵᠢᠬᠦ᠎ᠪᠠᠨ ᠴᠢᠩᠭ᠋ᠠᠳᠬᠠᠨ᠎ᠠ᠃
— ᠳᠠᠷᠠᠭ᠋ᠠᠯᠠᠪᠠᠯ᠂ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠬᠤ ᠵᠢ ᠬᠠᠪᠰᠤᠷᠤᠨ ᠲᠡᠳᠬᠦᠬᠦ ᠵᠢ ᠳᠣᠪᠣᠢ᠌ᠯᠭ᠋ᠠᠬᠤ ᠬᠡᠷᠡᠭᠲᠡᠢ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠵᠠᠯᠠᠭᠤᠴᠤᠳ᠎ᠤᠨ ᠠᠵᠢᠯ ᠣᠯᠬᠤ ᠵᠢ ᠠᠬᠢᠭᠤᠯᠬᠤ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠠᠵᠢᠯ ᠣᠯᠵᠤ ᠦᠢ᠍ᠯᠡᠰ ᠪᠣᠰᠬᠠᠬᠤ ᠵᠢ ᠵᠢᠯᠤᠭᠣᠳᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠢ᠌ᠯᠠᠪᠠ᠃ ᠲᠥᠯᠥᠪᠯᠡᠭᠡ ᠵᠢᠨ ᠮᠡᠳᠡᠭᠦᠯᠦᠯᠲᠡ᠎ᠳᠤ᠂ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠠᠵᠢᠯ ᠣᠯᠭᠣᠯᠲᠠ ᠵᠢᠨ ᠨᠡᠮᠡᠭᠳᠡᠯ᠎ᠤᠨ ᠴᠡᠭ᠎ᠢ ᠥᠷᠭᠡᠳᠬᠡᠨ᠎ᠡ᠃ ᠵᠠᠯᠠᠭᠤᠴᠤᠳ᠎ᠤᠨ ᠠᠵᠢᠯ ᠣᠯᠭᠣᠯᠲᠠ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠰᠠᠢ᠌ᠲᠤᠷ ᠬᠡᠷᠡᠭᠵᠢᠭᠦᠯᠦᠨ᠎ᠡ᠃ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠦᠮᠴᠢᠯᠡᠯᠲᠦ ᠠᠵᠤ ᠠᠬᠤᠢ᠌ᠯᠠᠯ ᠵᠡᠷᠭᠡ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠤᠷᠢᠨ ᠬᠡᠷᠡᠭᠯᠡᠬᠦ (ᠡᠯᠰᠡᠬᠦ) ᠲᠣᠬᠢᠷᠠᠭᠤᠯᠤᠯᠲᠠ ᠵᠢ ᠰᠢᠯᠢᠳᠡᠭᠵᠢᠭᠦᠯᠦᠨ᠎ᠡ ᠭᠡᠵᠦ ᠳᠤᠷᠠᠳᠪᠠ᠃
ᠲᠥᠰᠥᠪ᠎ᠤᠨ ᠮᠡᠳᠡᠭᠦᠯᠦᠯᠲᠡ ᠵᠢ ᠦᠨᠳᠦᠰᠦᠯᠡᠪᠡᠯ᠂ 2024 ᠣᠨ᠎ᠳᠤ᠂ ᠲᠥᠪ᠎ᠤᠨ ᠡᠳ᠋᠎ᠤᠨ ᠵᠠᠰᠠᠭ 667 ᠳ᠋ᠦᠩᠰᠢᠭᠤᠷ ᠲᠥᠭᠥᠷᠢᠭ᠎ᠤᠨ ᠠᠵᠢᠯ ᠣᠯᠭᠣᠯᠲᠠ ᠵᠢᠨ ᠨᠥᠬᠥᠪᠦᠷᠢ ᠪᠡᠯᠡ ᠮᠥᠩᠭᠥ ᠲᠣᠬᠢᠷᠠᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ᠎ᠳᠤ ᠬᠦᠴᠢᠷᠲᠡᠢ ᠬᠦᠮᠦᠰ ᠵᠡᠷᠭᠡ ᠵᠢᠨ ᠠᠵᠢᠯ ᠣᠯᠵᠤ ᠦᠢ᠍ᠯᠡᠰ ᠪᠤᠰᠬᠠᠬᠤ ᠵᠢ ᠭᠣᠣᠯᠳᠠᠯᠭ᠎ᠠ᠎ᠲᠠᠢ ᠳᠡᠮᠵᠢᠬᠦ᠎ᠪᠠᠷ ᠲᠥᠯᠥᠪᠯᠡᠵᠦ ᠪᠤᠢ᠃
— ᠡᠭᠦᠨ᠎ᠠᠴᠠ ᠭᠠᠳᠠᠨ᠎ᠠ᠂ ᠬᠠᠩᠭ᠋ᠠᠯᠭ᠎ᠠ ᠬᠡᠷᠡᠭᠴᠡᠭᠡ ᠵᠢᠨ ᠵᠣᠬᠢᠴᠠᠯ᠎ᠢ ᠴᠢᠩᠭ᠋ᠠᠳᠬᠠᠵᠤ᠂ ᠠᠵᠢᠯ ᠣᠯᠭᠣᠯᠲᠠ ᠵᠢᠨ ᠣᠷᠣᠨ ᠵᠠᠢ ᠵᠢ ᠥᠷᠭᠡᠳᠬᠡᠬᠦ ᠬᠡᠷᠡᠭᠲᠡᠢ᠃
ᠲᠥᠯᠥᠪᠯᠡᠭᠡ ᠵᠢᠨ ᠮᠡᠳᠡᠭᠦᠯᠦᠯᠲᠡ᠎ᠳᠤ᠂ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠮᠢᠳᠤᠯᠢᠭ ᠵᠶ᠋ᠠᠷ ᠠᠵᠢᠯ ᠣᠯᠬᠤ ᠵᠢ ᠣᠯᠠᠨ ᠠᠷᠭ᠎ᠠ ᠵᠠᠮ ᠵᠶ᠋ᠠᠷ ᠠᠬᠢᠭᠤᠯᠤᠨ᠎ᠠ ᠃ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠮᠡᠷᠭᠡᠵᠢᠯ᠎ᠤᠨ ᠪᠠᠢ᠌ᠷᠢᠰᠢᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ ᠵᠢ ᠲᠦᠷᠭᠡᠳᠬᠡᠵᠦ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠮᠡᠷᠭᠡᠵᠢᠯ᠎ᠤᠨ ᠲᠣᠬᠢᠷᠠᠭᠤᠯᠤᠯᠲᠠ ᠪᠠ ᠴᠢᠳᠠᠪᠤᠷᠢᠲᠠᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠨᠡᠩ ᠵᠣᠬᠢᠴᠠᠭᠤᠯᠬᠤ ᠵᠢ ᠠᠬᠢᠭᠤᠯᠵᠤ᠂ ᠵᠠᠭᠤᠨ ᠲᠦᠮᠡᠨ ᠵᠠᠯᠠᠭᠤᠴᠤᠳ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠦᠷᠨᠢᠭᠦᠯᠦᠨ᠎ᠡ ᠭᠡᠵᠦ ᠳᠤᠷᠠᠳᠪᠠ᠃