ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠤᠷᠮᠠᠰᠢᠭᠤᠯᠤᠨ ᠬᠥᠬᠢᠭᠦᠯᠬᠦ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-01-10

      1998 ᠣᠨ᠎ᠳᠤ 《ᠴᠢᠰᠤ ᠬᠠᠨᠳᠢᠪᠯᠠᠬᠤ ᠬᠠᠤᠯᠢ》 ᠵᠢ ᠨᠡᠢ᠌ᠲᠡᠯᠡᠨ ᠬᠡᠷᠡᠭᠵᠢᠭᠦᠯᠵᠦ᠂ ᠮᠠᠨ᠎ᠤ ᠤᠯᠤᠰ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠳᠦᠷᠢᠮ᠎ᠢ ᠪᠦᠬᠦ ᠲᠠᠯ᠎ᠠ᠎ᠪᠠᠷ ᠪᠠᠢ᠌ᠭᠤᠯᠵᠠᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠵᠣᠬᠢᠶᠠᠨ ᠪᠠᠢ᠌ᠭᠤᠯᠤᠯᠲᠠ ᠤᠳᠤᠷᠢᠳᠤᠯᠭ᠎ᠠ ᠪᠠ ᠠᠷᠠᠳ ᠣᠯᠠᠨ᠎ᠤ ᠢᠳᠡᠪᠬᠢᠲᠡᠢ ᠣᠷᠣᠯᠴᠠᠭᠰᠠᠨ ᠵᠶ᠋ᠠᠷ᠂ 《ᠵᠠᠰᠠᠭ᠎ᠤᠨ ᠣᠷᠳᠣᠨ ᠤᠳᠤᠷᠢᠳᠴᠤ᠂ ᠰᠠᠯᠠᠭ᠎ᠠ ᠮᠥᠴᠢᠷ᠎ᠤᠳ ᠬᠠᠮᠵᠢᠯᠴᠠᠨ᠂ ᠪᠥᠬᠥ ᠨᠡᠢ᠌ᠭᠡᠮ ᠵᠶ᠋ᠡᠷ ᠵᠶ᠋ᠡᠨ ᠣᠷᠣᠯᠴᠠᠭᠰᠠᠨ》 ᠲᠥᠯᠥᠪᠦᠷᠢ ᠦᠭᠡᠢ᠎ᠪᠠᠷ ᠴᠢᠰᠤ ᠬᠠᠨᠳᠢᠪᠯᠡᠬᠤ ᠠᠵᠢᠯ᠎ᠤᠨ ᠵᠠᠭᠪᠤᠷ᠎ᠢ ᠪᠦᠲᠦᠭᠡᠵᠦ᠂ ᠡᠮᠴᠢᠯᠡᠭᠡᠨ᠎ᠳᠤ ᠬᠡᠷᠡᠭᠯᠡᠬᠦ ᠴᠢᠰᠤ᠎ᠨᠢ ᠴᠥᠮ ᠢᠷᠭᠡᠳ᠎ᠤᠨ ᠰᠠᠢ᠌ᠨ ᠳᠤᠷ᠎ᠠ᠎ᠠᠴᠠ᠎ᠪᠠᠨ ᠲᠥᠯᠥᠪᠦᠷᠢ ᠦᠭᠡᠢ᠎ᠪᠠᠷ ᠬᠠᠨᠳᠢᠪᠯᠠᠭᠰᠠᠨ᠎ᠠᠴᠠ ᠢᠷᠡᠭᠰᠡᠨ᠎ᠢ ᠪᠡᠶᠡᠯᠡᠭᠦᠯᠵᠦ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ ᠪᠠ ᠴᠢᠰᠤ ᠬᠠᠨᠳᠢᠪᠯᠠᠭᠰᠠᠨ᠎ᠤ ᠳᠠᠪᠬᠤᠷᠳᠠᠭᠰᠠᠨ ᠲᠣᠭ᠎ᠠ 20 ᠭᠠᠷᠤᠢ ᠵᠢᠯ᠎ᠤᠨ ᠨᠡᠮᠡᠭᠳᠡᠯ᠎ᠢ ᠪᠠᠲᠤᠯᠠᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠬᠤ ᠠᠵᠢᠯ ᠢᠯᠡᠳᠲᠡ ᠪᠦᠲᠦᠮᠵᠢ ᠣᠯᠪᠠ᠃ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠲᠡᠯᠡᠭᠰᠡᠨ 《2021 ᠣᠨ᠎ᠤ ᠪᠦᠬᠦ ᠪᠥᠮᠪᠥᠷᠴᠡᠭ᠎ᠤᠨ ᠴᠢᠰᠤᠨ᠎ᠤ ᠠᠮᠤᠷ ᠲᠦᠪᠰᠢᠨ ᠪᠣᠯᠣᠨ ᠬᠦᠷᠲᠡᠬᠦᠢ᠌ᠴᠡ ᠣᠳᠣᠬᠢ ᠪᠠᠢ᠌ᠳᠠᠯ᠎ᠤᠨ ᠮᠡᠳᠡᠭᠦᠯᠦᠯᠲᠡ》᠎ᠠᠴᠠ ᠦᠵᠡᠪᠡᠯ᠂ ᠮᠠᠨ᠎ᠤ ᠤᠯᠤᠰ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ᠂ ᠴᠢᠰᠤᠨ᠎ᠤ ᠴᠢᠨᠠᠷ᠎ᠤᠨ ᠠᠮᠤᠷ ᠲᠦᠪᠰᠢᠨ ᠪᠣᠯᠣᠨ ᠡᠮᠴᠢᠯᠡᠭᠡᠨ᠎ᠳᠤ ᠬᠡᠷᠡᠭᠯᠡᠬᠦ ᠴᠢᠰᠤᠨ᠎ᠤ ᠵᠣᠬᠢᠰᠲᠠᠢ ᠲᠦᠪᠰᠢᠨ ᠵᠡᠷᠭᠡ ᠲᠠᠯ᠎ᠠ᠎ᠪᠠᠷ ᠵᠶ᠋ᠠᠨ ᠪᠦᠬᠦ ᠪᠥᠮᠪᠥᠷᠴᠡᠭ᠎ᠤᠨ ᠡᠮᠦᠨ᠎ᠡ ᠡᠩᠨᠡᠭᠡᠨ᠎ᠳᠤ ᠣᠷᠣᠵᠠᠢ᠃

      《ᠴᠢᠰᠤ ᠬᠠᠨᠳᠢᠪᠯᠠᠬᠤ ᠬᠠᠤᠯᠢ》᠎ᠳᠤ 《ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ ᠴᠢᠰᠤ ᠬᠠᠨᠳᠢᠪᠯᠠᠬᠤ᠎ᠳᠤ ᠢᠳᠡᠪᠬᠢᠯᠡᠭᠰᠡᠨ ᠪᠠ ᠴᠢᠰᠤ ᠬᠠᠨᠳᠢᠪᠯᠠᠬᠤ ᠠᠵᠢᠯ᠎ᠳᠤ ᠢᠯᠡᠳᠲᠡ ᠪᠦᠲᠦᠮᠵᠢ ᠭᠠᠷᠭ᠋ᠠᠭᠰᠠᠨ ᠨᠢᠭᠡᠴᠢ ᠪᠠ ᠬᠤᠪᠢ ᠬᠥᠮᠥᠨ᠎ᠢ ᠱᠠᠩᠨᠠᠨ ᠬᠥᠬᠢᠭᠦᠯᠦᠨ᠎ᠡ》 ᠭᠡᠵᠦ ᠲᠣᠭᠲᠠᠭ᠋ᠠᠵᠠᠢ᠂ ᠪᠦᠬᠦ ᠤᠯᠤᠰ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ᠎ᠢ ᠬᠥᠬᠢᠭᠦᠯᠬᠦ ᠠᠵᠢᠯᠯᠠᠭ᠎ᠠ ᠵᠢ ᠬᠣᠶᠠᠷ ᠵᠢᠯ᠎ᠳᠤ ᠨᠢᠭᠡ ᠤᠳᠠᠭ᠎ᠠ ᠥᠷᠨᠢᠭᠦᠯᠬᠦ ᠪᠥᠭᠡᠳ ᠨᠡᠢ᠍ᠢ᠍ᠳᠡ 10 ᠭᠠᠷᠤᠢ ᠤᠳᠠᠭ᠎ᠠ ᠥᠷᠨᠢᠭᠦᠯᠵᠦ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠳᠠᠪᠬᠤᠷᠳᠠᠭᠰᠠᠨ ᠲᠣᠭ᠎ᠠ᠎ᠪᠠᠷ 250 ᠲᠦᠮᠡᠨ ᠬᠥᠮᠥᠨ᠎ᠠᠴᠠ ᠳᠡᠭᠡᠭᠰᠢ ᠬᠥᠬᠢᠭᠦᠯᠪᠡ᠃ ᠣᠳᠣᠬᠠᠨ᠎ᠳᠤ ᠪᠥᠬᠥ ᠤᠯᠤᠰ᠎ᠤᠨ ᠮᠠᠰᠢ ᠣᠯᠠᠨ ᠮᠤᠵᠢ ᠣᠷᠣᠨ 《ᠭᠤᠷᠪᠠ ᠵᠢ ᠬᠡᠯᠲᠦᠷᠢᠭᠦᠯᠬᠦ ᠲᠥᠷᠥ ᠵᠢᠨ ᠪᠣᠳᠣᠯᠭ᠎ᠠ》 (ᠲᠤᠬᠠᠢ᠌ᠯᠠᠪᠠᠯ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠲᠥᠯᠥᠪᠦᠷᠢ ᠦᠭᠡᠢ᠎ᠪᠠᠷ ᠰᠠᠭᠤᠬᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠵᠤ ᠭᠣᠣᠯᠯᠠᠨ ᠡᠷᠭᠢᠯᠡᠭᠰᠡᠨ ᠴᠡᠴᠡᠷᠯᠢᠭ ᠵᠶ᠋ᠡᠷ ᠲᠥᠯᠥᠪᠦᠷᠢ ᠦᠭᠡᠢ᠎ᠪᠠᠷ ᠵᠤᠭ᠋ᠠᠴᠠᠬᠤ ᠪᠠ ᠠᠯᠪᠠᠨ᠎ᠤ ᠪᠠᠢ᠌ᠭᠤᠯᠤᠭᠰᠠᠨ ᠡᠮᠨᠡᠯᠭᠡ ᠵᠢᠨ ᠡᠩ᠎ᠤᠨ ᠡᠭᠦᠳᠡᠨ ᠡᠮᠨᠡᠯᠭᠡ ᠵᠢᠨ ᠣᠨᠣᠰᠢᠯᠠᠨ ᠪᠠᠢ᠌ᠴᠠᠭ᠋ᠠᠬᠤ ᠰᠦᠢ᠍ᠳᠬᠡᠯ᠎ᠢ ᠲᠤᠰᠢᠶᠠᠬᠤ ᠦᠭᠡᠢ) ᠵᠢ ᠬᠡᠷᠡᠭᠵᠢᠭᠦᠯᠵᠦ᠂ ᠮᠠᠰᠢ ᠰᠠᠢ᠌ᠨ ᠤᠷᠮᠠᠰᠢᠭᠤᠯᠬᠤ ᠦᠢ᠍ᠯᠡᠳᠦᠯ ᠪᠠᠳᠠᠷᠠᠭᠤᠯᠪᠠ᠃

      《ᠴᠢᠰᠤ ᠬᠠᠨᠳᠢᠪᠯᠠᠬᠤ ᠬᠠᠤᠯᠢ》 ᠵᠢ ᠤᠯᠠᠮ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠬᠤᠪᠢ ᠨᠡᠮᠡᠷᠢ ᠦᠵᠡᠭᠦᠯᠬᠦ ᠦᠢ᠍ᠯᠡ ᠠᠵᠢᠯᠯᠠᠭ᠎ᠠ ᠵᠢ ᠨᠤᠲᠠᠯᠠᠨ ᠪᠠᠳᠠᠷᠠᠭᠤᠯᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠢᠷᠠᠭᠤ ᠠᠯᠳᠠᠷ᠎ᠤᠨ ᠲᠥᠷᠥᠭᠳᠡᠯ ᠪᠠ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠵᠦ᠂ ᠨᠡᠩ ᠣᠯᠠᠨ ᠨᠡᠢ᠌ᠭᠡᠮ᠎ᠤᠨ ᠣᠯᠠᠨ ᠲᠦᠮᠡᠨ᠎ᠤ ᠬᠠᠯᠠᠮᠵᠢᠯᠠᠬᠤ ᠪᠠ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠠᠵᠢᠯᠯᠠᠭ᠎ᠠ᠎ᠳᠤ ᠣᠷᠣᠯᠴᠠᠬᠤ ᠵᠢ ᠤᠷᠮᠠᠰᠢᠭᠤᠯᠬᠤ ᠵᠢᠨ ᠲᠥᠯᠥᠭᠡ᠂ ᠡᠯ᠎ᠡ ᠭᠠᠵᠠᠷ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠵᠢ ᠤᠷᠮᠠᠰᠢᠭᠤᠯᠤᠨ ᠬᠥᠬᠢᠭᠦᠯᠬᠦ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠭᠰᠡᠨ ᠰᠠᠭᠤᠷᠢᠨ ᠳᠡᠭᠡᠷ᠎ᠡ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠲᠥᠪ᠎ᠤᠨ ᠤᠬᠠᠭᠤᠯᠬᠤ ᠬᠡᠯᠲᠡᠰ᠂ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ᠎ᠤᠨ ᠶᠡᠷᠦᠩᠬᠡᠢ ᠡᠪᠯᠡᠯ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠡᠯᠲᠡᠰ᠎ᠤᠨ ᠡᠷᠡᠭᠦᠯ ᠬᠠᠮᠠᠭ᠋ᠠᠯᠠᠯ᠎ᠤᠨ ᠲᠣᠪᠴᠢᠶ᠎ᠠ᠎ᠲᠠᠢ ᠬᠠᠮᠲᠤᠷᠠᠨ 《ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠤᠷᠮᠠᠰᠢᠭᠤᠯᠤᠨ ᠬᠥᠬᠢᠭᠦᠯᠬᠦ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠯ》 (ᠳᠣᠷᠣᠭᠰᠢ 《  ᠮᠡᠳᠡᠭᠳᠡᠯ 》 ᠭᠡᠵᠦ ᠲᠣᠪᠴᠢᠯᠠᠪᠠ)᠎ᠢ ᠨᠣᠣᠷᠠᠭᠯᠠᠪᠠ᠃

      ᠬᠣᠶᠠᠷ᠂ 《ᠮᠡᠳᠡᠭᠳᠡᠯ》᠎ᠤᠨ ᠭᠣᠣᠯ ᠠᠭᠤᠯᠭ᠎ᠠ

      (ᠨᠢᠭᠡ) 《ᠴᠢᠰᠤ ᠬᠠᠨᠳᠢᠪᠯᠠᠬᠤ ᠬᠠᠤᠯᠢ》 ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ᠎ᠢ ᠬᠥᠬᠢᠭᠦᠯᠬᠦ ᠠᠵᠢᠯ᠎ᠢ ᠰᠠᠢ᠌ᠲᠤᠷ ᠬᠢᠨ᠎ᠡ᠃ 《ᠮᠡᠳᠡᠭᠳᠡᠯ》᠎ᠳᠤ 《ᠪᠥᠬᠥ ᠤᠯᠤᠰ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠭ᠍ᠰᠠᠨ᠎ᠢ ᠬᠥᠬᠢᠭᠦᠯᠬᠦ ᠠᠷᠭ᠎ᠠ (2022 ᠣᠨ᠎ᠤ ᠬᠡᠪᠯᠡᠯ)》᠎ᠳᠤ ᠳᠤᠷᠠᠳᠤᠭᠰᠠᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠭ᠍ᠰᠠᠨ ᠱᠠᠩᠨᠠᠯ᠎ᠤᠨ ᠨᠠᠰᠤᠨ ᠲᠤᠷᠰᠢᠲᠠ ᠵᠢᠨ ᠢᠷᠠᠭᠤ ᠠᠯᠳᠠᠷ᠎ᠢ ᠬᠦᠷᠲᠡᠭᠴᠢ᠎ᠨᠢ ᠦᠷᠭᠦᠯᠵᠢᠯᠡᠨ ᠱᠠᠭ᠋ᠠᠷᠳᠠᠯᠭ᠎ᠠ ᠶᠣᠰᠣᠭ᠋ᠠᠷ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠭ᠍ᠰᠠᠨ ᠱᠠᠩᠨᠠᠯ᠎ᠤᠨ ᠪᠤᠰᠤᠳ ᠱᠠᠩᠨᠠᠯ (ᠭᠠᠤᠯᠢ᠂ ᠮᠥᠩᠭᠥ᠂ ᠠᠯᠲᠠᠨ ᠮᠧᠳᠠᠯ)᠎ᠢ ᠭᠤᠶᠤᠴᠢᠯᠠᠵᠤ ᠪᠣᠯᠣᠨ᠎ᠠ ᠭᠡᠵᠦ ᠤᠯᠠᠮ ᠲᠣᠳᠣᠷᠬᠠᠢ ᠲᠣᠭᠲᠠᠭ᠋ᠠᠪᠠ᠃ ᠡᠭᠦᠨ᠎ᠠᠴᠠ ᠭᠠᠳᠠᠨ᠎ᠠ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠠᠵᠢᠯ ᠥᠷᠨᠢᠭᠦᠯᠦᠭᠰᠡᠨ ᠪᠠᠢ᠌ᠳᠠᠯ᠎ᠢ ᠡᠯ᠎ᠡ ᠭᠠᠵᠠᠷ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ᠂ ᠡᠷᠡᠭᠦᠯ ᠬᠠᠮᠠᠭ᠋ᠠᠯᠠᠯ᠎ᠤᠨ ᠬᠣᠲᠠ ᠵᠢ ᠡᠭᠦᠳᠦᠨ ᠪᠠᠶ᠋ᠢᠭᠤᠯᠬᠤ᠂ ᠪᠣᠯᠪᠠᠰᠤᠨ ᠨᠢᠭᠡᠴᠢ ᠵᠢ ᠰᠢᠯᠭ᠋ᠠᠷᠠᠭᠤᠯᠬᠤ ᠵᠡᠷᠭᠡ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠬᠤ ᠵᠢ ᠵᠣᠷᠢᠭᠵᠢᠭᠤᠯᠤᠨ᠎ᠠ᠃ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ᠎ᠢ ᠰᠢᠯᠢᠳᠡᠭ ᠰᠢᠯᠭ᠋ᠠᠷᠠᠭᠤᠯᠬᠤ᠎ᠳᠤ ᠤᠷᠢᠳᠴᠢᠯᠠᠨ ᠪᠣᠳᠣᠯᠬᠢᠯᠠᠬᠤ ᠵᠢ ᠰᠠᠨᠠᠭ᠋ᠠᠴᠢᠯᠠᠨ᠎ᠠ᠃

      (ᠬᠣᠶᠠᠷ) ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠬᠥᠬᠢᠭᠦᠯᠬᠦ ᠠᠷᠭ᠎ᠠ ᠵᠢ ᠢᠳᠡᠪᠬᠢᠲᠡᠢ᠎ᠪᠠᠷ ᠰᠦᠪᠡᠭᠴᠢᠯᠡᠨ ᠲᠡᠭᠦᠯᠳᠡᠷᠵᠢᠭᠦᠯᠬᠦ ᠵᠢ ᠵᠣᠷᠢᠭᠵᠢᠭᠤᠯᠤᠨ᠎ᠠ᠃ ᠡᠯ᠎ᠡ ᠭᠠᠵᠠᠷ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ 《ᠭᠤᠷᠪᠠ ᠵᠢ ᠬᠡᠯᠲᠦᠷᠢᠭᠦᠯᠬᠦ ᠲᠥᠷᠥ ᠵᠢᠨ ᠪᠣᠳᠣᠯᠭ᠎ᠠ》 ᠵᠢᠨ ᠨᠠᠢ᠌ᠳᠠᠪᠤᠷᠢᠵᠢᠭᠤᠯᠤᠯᠲᠠ ᠵᠢ ᠤᠯᠠᠮ ᠴᠢᠨᠠᠭᠰᠢᠳᠠ ᠠᠬᠢᠭᠤᠯᠵᠤ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠬᠤ ᠵᠢᠨ ᠬᠠᠮᠲᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠩ ᠣᠯᠠᠨ ᠪᠦᠲᠦᠮᠵᠢᠲᠡᠶ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠨᠡᠢ᠌ᠭᠡᠮ᠎ᠤᠨ ᠣᠯᠠᠨ ᠲᠦᠮᠡᠨ᠎ᠢ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ᠎ᠳᠤ ᠣᠷᠣᠯᠴᠠᠭᠤᠯᠬᠤ ᠵᠢ ᠵᠣᠷᠢᠭᠵᠢᠭᠤᠯᠤᠨ᠎ᠠ᠃

      (ᠭᠤᠷᠪᠠ) ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠦᠢ᠍ᠯᠡᠴᠢᠯᠡᠭᠡᠨ᠎ᠤ ᠴᠢᠨᠠᠷ ᠪᠠ ᠲᠦᠪᠰᠢᠨ᠎ᠢ ᠤᠯᠠᠮ ᠳᠡᠭᠡᠭᠰᠢᠯᠡᠭᠦᠯᠬᠦ ᠵᠢ ᠴᠢᠬᠤᠯᠠᠴᠢᠯᠠᠨ᠎ᠠ᠃ 《ᠴᠢᠰᠤ ᠬᠠᠨᠳᠢᠪᠯᠠᠭᠴᠢ᠎ᠪᠠᠷ ᠭᠣᠣᠯᠯᠠᠬᠤ》 ᠦᠢ᠍ᠯᠡᠴᠢᠯᠡᠭᠡᠨ᠎ᠤ ᠦᠵᠡᠯ ᠪᠣᠳᠣᠯ᠎ᠢ ᠪᠣᠶ ᠪᠣᠯᠭ᠋ᠠᠵᠤ᠂ ᠴᠢᠰᠤ ᠬᠠᠨᠳᠢᠪᠯᠠᠭᠴᠢ ᠵᠢᠨ ᠠᠩᠬᠠᠷᠴᠤ ᠪᠠᠢ᠌ᠭ᠎ᠠ ᠠᠰᠠᠭᠤᠳᠠᠯ᠎ᠢ ᠴᠠᠭ ᠲᠤᠬᠠᠢ᠎ᠳᠤ᠎ᠨᠢ ᠰᠢᠢ᠍ᠳᠪᠦᠷᠢᠯᠡᠬᠦ ᠬᠡᠷᠡᠭᠲᠡᠢ᠃ ᠦᠢ᠍ᠯᠡᠴᠢᠯᠡᠭᠡᠨ᠎ᠤ ᠶᠠᠪᠤᠴᠠ ᠵᠢ ᠲᠡᠭᠦᠯᠳᠡᠷᠵᠢᠭᠦᠯᠦᠨ ᠰᠢᠯᠢᠳᠡᠭᠵᠢᠭᠦᠯᠬᠦ᠂ ᠴᠢᠰᠤ ᠬᠠᠨᠳᠢᠪᠯᠡᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ᠂ ᠪᠣᠯᠵᠣᠵᠤ ᠴᠢᠰᠤ ᠬᠠᠨᠳᠢᠪᠯᠡᠬᠤ ᠵᠢ ᠠᠬᠢᠭᠤᠯᠬᠤ᠂ ᠬᠦᠯᠢᠶᠡᠬᠦ ᠴᠠᠭ᠎ᠢ ᠪᠣᠭᠣᠨᠢᠰᠬᠠᠬᠤ᠎ᠪᠠᠷ ᠳᠠᠮᠵᠢᠭᠤᠯᠤᠨ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠣᠢ᠌ᠯᠠᠭ᠋ᠠᠯᠲᠠ ᠪᠠ ᠬᠠᠨᠤᠮᠵᠢ ᠵᠢ ᠳᠡᠭᠡᠭᠰᠢᠯᠡᠭᠦᠯᠦᠨ᠎ᠡ᠃ 《ᠢᠨᠲ᠋ᠧᠷ ᠰᠦᠯᠵᠢᠶ᠎ᠡ + ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ》 ᠦᠢ᠍ᠯᠡᠴᠢᠯᠡᠭᠡᠨ᠎ᠤ ᠵᠠᠭᠪᠤᠷ᠎ᠢ ᠠᠬᠢᠭᠤᠯᠵᠤ᠂ ᠴᠢᠰᠤ ᠬᠠᠨᠳᠢᠪᠯᠠᠭᠴᠢ᠎ᠳᠤ ᠥᠪᠡᠷᠮᠢᠴᠡ᠂ ᠨᠠᠷᠢᠯᠢᠭ ᠦᠢ᠍ᠯᠡᠴᠢᠯᠡᠭᠡ ᠬᠠᠩᠭ᠋ᠠᠨ᠎ᠠ᠃ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ ᠲᠡᠷᠢᠭᠦᠨ᠎ᠤ ᠬᠥᠮᠥᠰ ᠪᠠ ᠨᠡᠢ᠌ᠲᠡᠯᠢᠭ ᠦᠢ᠍ᠯᠡ ᠠᠵᠢᠯᠯᠠᠭ᠎ᠠ ᠵᠢ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠡᠢ᠌ᠭᠡᠮ᠎ᠤᠨ ᠢᠳᠡᠪᠬᠢ ᠬᠦᠴᠦᠨ᠎ᠢ ᠳᠠᠮᠵᠢᠭᠤᠯᠵᠤ᠂ ᠮᠠᠨ᠎ᠤ ᠤᠯᠤᠰ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠦᠢ᠍ᠯᠡᠰ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠤᠨ᠎ᠠ᠃

ᠢᠷᠡᠯᠲᠡ᠄ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ ᠲᠡᠢ᠌ᠰᠢ ᠬᠤᠪᠢᠷᠠᠭᠤᠯᠬᠤ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠠᠵᠢᠯ᠎ᠤᠨ ᠲᠦᠰᠦᠯ᠎ᠢ ᠨᠢᠭᠡ ᠯᠠ ᠵᠢᠷᠤᠭ ᠵᠶ᠋ᠠᠷ ᠣᠩᠰᠢᠨ ᠣᠶ᠋ᠢᠯᠠᠭ᠋ᠠᠶ᠎ᠠ
ᠵᠢᠷᠤᠭᠲᠤ ᠲᠠᠶ᠋ᠢᠯᠤᠮᠵᠢ᠄ 《ᠴᠠᠬᠢᠮ ᠥᠷᠢᠰᠥᠯᠳᠦᠭᠡᠨ᠎ᠤ ᠪᠠᠭᠤᠳᠠᠯ᠎ᠤᠨ ᠬᠠᠮᠢᠶᠠᠷᠤᠯᠲᠠ᠎ᠳᠠᠬᠢ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠶ᠋ᠢᠯᠤᠮᠵᠢ᠄ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠰᠦᠯᠵᠢᠶᠡᠨ᠎ᠤ ᠨᠡᠶ᠋ᠢᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠎ᠢ ᠬᠡᠷᠡᠭᠯᠡᠬᠦ᠎ᠳᠤ᠎ᠪᠠᠨ ᠬᠢᠬᠦ ᠪᠣᠯᠬᠤ ᠦᠭᠡᠢ ᠶᠢᠰᠦᠨ ᠵᠤᠷᠪᠤᠰ
1200 ᠲᠦᠮᠡ᠎ᠠᠴᠠ ᠢᠯᠡᠭᠦᠦ ᠬᠥᠮᠥᠨ᠎ᠳᠤ ᠠᠵᠢᠯ ᠣᠯᠭᠣᠨ᠎ᠠ᠂ 2024 ᠣᠨ᠎ᠳᠤ ᠠᠵᠢᠯ ᠣᠯᠭᠣᠯᠲᠠ ᠵᠢᠨ ᠶᠡᠬᠡ ᠲᠠᠯ᠎ᠠ ᠵᠢ ᠬᠡᠷᠬᠢᠨ ᠲᠣᠭᠲᠠᠪᠤᠷᠢᠵᠢᠭᠤᠯᠬᠤ ᠪᠤᠢ?
ᠦᠨᠳᠦᠰᠦᠨ᠎ᠳᠤ᠎ᠪᠠᠨ ᠲᠡᠩᠴᠡᠭᠦᠷᠢᠲᠡᠢ ᠪᠠᠢ᠌ᠭᠰᠠᠨ᠎ᠠᠴᠠ ᠴᠢᠨᠠᠷ ᠰᠠᠢ᠌ᠨ ᠲᠡᠩᠴᠡᠭᠦᠷᠢᠲᠡᠢ ᠲᠡᠢ᠌ᠰᠢ ᠤᠷᠤᠭᠰᠢᠯᠠᠨ᠎ᠠ – ᠮᠠᠨ᠎ᠤ ᠤᠯᠤᠰ ᠤᠯᠠᠨ ᠠᠷᠭ᠎ᠠ ᠪᠠᠷᠢᠯ ᠵᠶ᠋ᠠᠷ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠨ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠲᠤᠬᠠᠢ ᠪᠠᠢ᠌ᠷᠢᠯᠠᠭᠤᠯᠪᠠ
 
            