ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠤᠯᠢ᠎ᠪᠠᠷ ᠰᠢᠵᠢᠮ ᠪᠣᠯᠭ᠋ᠠᠵᠤ ᠪᠦᠬᠦ ᠨᠡᠢ᠌ᠭᠡᠮ᠎ᠤᠨ ᠤᠰᠤ ᠵᠢ ᠠᠷᠪᠢᠯᠠᠬᠤ 《ᠤᠰᠤᠨ ᠭᠣᠭᠣᠵᠢᠭᠤᠷ》᠎ᠢ ᠴᠢᠩᠭ᠎ᠠ ᠰᠦᠯᠵᠢᠬᠦ ᠬᠡᠷᠡᠭᠲᠡᠢ (ᠨᠢᠭᠡ)
ᠨᠡᠶ᠋ᠢᠲᠡᠯᠡᠭᠰᠡᠨ ᠴᠠᠭ᠄ 2024-04-01

      ᠵᠠᠩ ᠳ᠋ᠧ ᠶᠤᠸᠠᠨ (  ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶᠠᠨ᠎ᠤ ᠬᠣᠷᠸ᠎ᠠ ᠬᠦᠷᠢᠶᠡᠯᠡᠩ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠭᠠᠵᠠᠷ᠎ᠤᠨ ᠣᠷᠴᠢᠯ ᠠᠵᠤ ᠠᠬᠤᠢ ᠵᠢᠨ ᠰᠤᠳᠤᠯᠬᠤ ᠲᠠᠰᠤᠭ᠎ᠤᠨ ᠡᠷᠬᠢᠯᠡᠭᠴᠢ )

      ᠮᠠᠨ᠎ᠤ ᠤᠯᠤᠰ ᠪᠣᠯ ᠤᠰᠤ ᠬᠦᠨᠳᠦ ᠨᠣᠴᠢᠲᠠᠢ ᠳᠤᠲᠠᠭᠳᠠᠵᠤ ᠪᠠᠢ᠌ᠭ᠎ᠠ ᠤᠯᠤᠰ ᠮᠥᠨ᠂ ᠬᠥᠮᠥᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠡᠵᠡᠯᠡᠬᠦ ᠬᠡᠮᠵᠢᠶ᠎ᠡ᠎ᠨᠢ ᠳᠡᠯᠡᠬᠡᠢ ᠵᠢᠨ ᠳᠤᠮᠳᠠᠴᠢ ᠬᠢᠷᠢ ᠲᠦᠪᠰᠢᠨ᠎ᠤ 35% ᠯᠠ ᠪᠠᠢ᠌ᠵᠤ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠲᠣᠪᠣᠢ᠌ᠮ᠎ᠠ ᠪᠠᠢ᠌ᠵᠤ᠂ ᠤᠰᠤᠨ᠎ᠤ ᠠᠮᠢ ᠠᠬᠤᠢ ᠵᠢᠨ ᠣᠷᠴᠢᠨ ᠨᠥᠬᠥᠴᠡᠯ᠎ᠤᠨ ᠠᠮᠤᠷ ᠲᠦᠪᠰᠢᠨ᠎ᠳᠤ ᠨᠡᠯᠢᠶᠡᠳ ᠶᠡᠬᠡ ᠥᠷᠢᠰᠦᠯᠳᠦᠭᠡᠨ ᠲᠤᠯᠭ᠋ᠠᠷᠠᠵᠤ ᠪᠠᠢ᠌ᠨ᠎ᠠ᠃ ᠤᠰᠤᠨ᠎ᠤ ᠡᠬᠢ ᠪᠠᠶᠠᠯᠢᠭ ᠳᠤᠲᠠᠭᠳᠠᠵᠤ ᠪᠠᠢ᠌ᠭ᠎ᠠ ᠬᠦᠨᠳᠦ ᠬᠡᠴᠡᠭᠦᠦ ᠪᠠᠢ᠌ᠳᠠᠯ᠎ᠤᠨ  ᠡᠮᠦᠨ᠎ᠡ ᠂ ᠤᠰᠤ ᠵᠢ ᠪᠦᠳᠦᠭᠦᠯᠢᠭ ᠬᠡᠷᠡᠭᠯᠡᠬᠦ ᠂ ᠬᠦᠨᠳᠦ ᠨᠣᠴᠢᠲᠠᠢ ᠪᠦᠷᠢᠯᠭᠡᠨ ᠰᠦᠢ᠍ᠳᠬᠡᠬᠦ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠪᠠᠢ᠌ᠭᠤᠯᠤᠯ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ᠎ᠨᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠳᠤ ᠬᠣᠯᠪᠣᠭᠳᠠᠵᠤ ᠪᠠᠢ᠌ᠨ᠎ᠠ ᠃ ᠣᠢ᠌ᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ 《ᠤᠰᠤ ᠵᠢ ᠠᠷᠪᠢᠯᠠᠵᠤ ᠬᠡᠷᠡᠭᠯᠡᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ ᠪᠥᠬᠥ ᠨᠡᠢ᠌ᠭᠡᠮ᠎ᠤᠨ ᠤᠰᠤ ᠵᠢ ᠠᠷᠪᠢᠯᠠᠵᠤ ᠬᠡᠷᠡᠭᠯᠡᠬᠦ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠠᠤᠯᠢ ᠴᠠᠭ᠋ᠠᠵᠠ ᠵᠢᠨ ᠰᠠᠭᠤᠷᠢ ᠵᠢ ᠪᠡᠬᠢᠵᠢᠭᠦᠯᠵᠦ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠵᠢᠨ ᠬᠠᠤᠯᠢ ᠴᠠᠭ᠋ᠠᠵᠠ ᠵᠢᠨ ᠰᠠᠭᠤᠷᠢ ᠵᠢ ᠪᠡᠬᠢᠵᠢᠭᠦᠯᠦᠭᠰᠡᠨ ᠪᠠᠢ᠌ᠨ᠎ᠠ᠃  

      ᠨᠢᠭᠡ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢᠨ 《ᠬᠣᠶᠠᠷ᠎ᠢ ᠡᠵᠡᠮᠳᠡᠬᠦ》 ᠬᠠᠮᠢᠶᠠᠷᠤᠯᠲᠠ ᠵᠢ ᠬᠡᠷᠡᠭᠵᠢᠭᠦᠯᠵᠦ᠂ ᠤᠰᠤ ᠬᠡᠷᠡᠭᠯᠡᠬᠦ 《ᠤᠯᠠᠭ᠋ᠠᠨ ᠱᠤᠭᠤᠮ》᠎ᠢ ᠵᠠᠭ᠋ᠠᠭᠯᠠᠨ   ᠲᠣᠭᠲᠠᠭ᠋ᠠᠬᠤ ᠬᠡᠷᠡᠭᠲᠡᠢ᠃

      ᠤᠰᠤ᠎ᠨᠢ ᠠᠮᠢ ᠨᠠᠰᠤᠨ᠎ᠤ ᠡᠬᠢ ᠰᠤᠷᠪᠤᠯᠵᠢ᠂ ᠦᠢ᠍ᠯᠡᠳᠪᠦᠷᠢᠯᠡᠯ᠎ᠤᠨ ᠰᠠᠭᠤᠷᠢ ᠪᠣᠯᠤᠭᠰᠠᠨ᠎ᠤ ᠬᠤᠪᠢ᠎ᠳᠤ᠂ ᠬᠥᠮᠥᠨ ᠲᠥᠷᠥᠯᠬᠢᠲᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠳᠤᠲᠠᠭᠳᠠᠵᠤ ᠪᠣᠯᠣᠰᠢ ᠦᠭᠡᠢ ᠭᠣᠣᠯ ᠡᠯᠧᠮᠧᠨ᠋ᠲ ᠪᠣᠯᠣᠨ᠎ᠠ᠃ ᠭᠡᠪᠡᠴᠦ ᠣᠷᠳᠣ ᠬᠤᠭᠤᠴᠠᠭ᠋ᠠᠨ᠎ᠤ ᠲᠤᠷᠰᠢ᠂ ᠤᠰᠤ ᠬᠡᠷᠡᠭᠯᠡᠬᠦ ᠬᠠᠮᠢᠶᠠᠷᠤᠯᠲᠠ ᠬᠦᠷᠦᠯᠴᠡᠬᠦ ᠦᠭᠡᠢ᠎ᠠᠴᠠ ᠪᠣᠯᠵᠤ᠂ ᠡᠯ᠎ᠡ ᠭᠠᠵᠠᠷ ᠪᠣᠯᠣᠨ ᠡᠯ᠎ᠡ ᠲᠥᠷᠥᠯ᠎ᠤᠨ ᠤᠰᠤ ᠬᠡᠷᠡᠭᠯᠡᠬᠦ ᠭᠣᠣᠯ ᠴᠣᠭᠴᠠ᠎ᠳᠤ ᠤᠰᠤ ᠬᠡᠷᠡᠭᠯᠡᠬᠦ᠎ᠳᠡᠭᠡᠨ ᠳᠤᠷ᠎ᠠ᠎ᠪᠠᠷ ᠵᠶ᠋ᠠᠨ ᠤᠰᠤ ᠬᠡᠷᠡᠭᠯᠡᠬᠦ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰ ᠦᠭᠡᠢ᠎ᠪᠠᠷ ᠵᠠᠪᠳᠤᠨ ᠡᠵᠡᠯᠡᠬᠦ ᠵᠡᠷᠭᠡ ᠪᠦᠳᠦᠭᠦᠯᠢᠭ ᠮᠠᠶᠢᠭ᠎ᠤᠨ ᠤᠰᠤ ᠬᠡᠷᠡᠭᠯᠡᠬᠦ ᠠᠰᠠᠭᠤᠳᠠᠯ ᠣᠷᠣᠰᠢᠵᠤ᠂ ᠴᠢᠨᠠᠭᠰᠢᠯᠠᠪᠠᠯ ᠪᠠᠷᠠᠭᠤᠨ ᠬᠣᠢ᠌ᠲᠤ ᠵᠢᠨ ᠭᠠᠩ ᠬᠠᠭᠤᠷᠠᠢ ᠭᠠᠵᠠᠷ ᠣᠷᠣᠨ᠎ᠳᠤ ᠴᠥᠮ ᠲᠣᠭᠲᠠᠭ᠋ᠠᠯ ᠎ᠠᠴᠠ ᠵᠥᠷᠢᠴᠡᠨ 《ᠦᠵᠡᠮᠵᠢ ᠵᠢᠨ ᠨᠠᠭᠤᠷ》 ᠪᠠᠢ᠌ᠭᠤᠯᠤᠭᠰᠠᠨ ᠵᠡᠷᠭᠡ ᠠᠰᠠᠭᠤᠳᠠᠯ ᠭᠠᠷᠴᠤ᠂ ᠪᠥᠬᠥ ᠨᠡᠢ᠌ᠭᠡᠮ᠎ᠤᠨ ᠤᠰᠤ ᠬᠡᠷᠡᠭᠯᠡᠬᠦ ᠠᠮᠤᠷ ᠲᠦᠪᠰᠢᠨ᠎ᠳᠤ ᠰᠦᠷᠳᠡᠭᠦᠯᠦᠯ ᠪᠣᠯᠤᠭᠰᠠᠨ ᠪᠠᠢ᠌ᠨ᠎ᠠ᠃  

      《ᠳᠦᠷᠢᠮ》᠎ᠳᠤ 《ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠳᠦᠷᠢᠮ》᠎ᠢ ᠲᠣᠭᠲᠠᠭ᠋ᠠᠵᠤ᠂ ᠪᠥᠬᠥ ᠨᠡᠢ᠌ᠭᠡᠮ᠎ᠤᠨ ᠤᠰᠤ ᠬᠡᠷᠡᠭᠯᠡᠬᠦ ᠠᠮᠤᠷ ᠲᠦᠪᠰᠢᠨ᠎ᠤ 《ᠪᠠᠲᠤ ᠪᠡᠬᠢ ᠬᠠᠰᠢᠯᠭ᠎ᠠ ᠳᠠᠯᠠᠩ》᠎ᠢ ᠪᠡᠬᠢᠵᠢᠭᠦᠯᠪᠡ᠃ 《ᠳᠦᠷᠢᠮ》᠎ᠳᠤ ᠲᠣᠭᠲᠠᠭ᠋ᠠᠭᠰᠠᠨ ᠵᠶ᠋ᠠᠷ᠂ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠭᠣᠣᠯ ᠪᠣᠯᠬᠤ ᠲᠠᠷᠢᠮᠠᠯ᠎ᠤᠨ  ᠵᠦᠢ᠍ᠯ ᠂ ᠭᠣᠣᠯᠳᠠᠯᠭ᠎ᠠ ᠎ᠲᠠᠢ  ᠠᠵᠤ ᠦᠢ᠍ᠯᠡᠳᠪᠦᠷᠢ ᠵᠢᠨ ᠦᠢ᠍ᠯᠡᠳᠬᠦᠨ ᠪᠠ ᠦᠢ᠍ᠯᠡᠴᠢᠯᠡᠭᠡᠨ᠎ᠤ ᠦᠢ᠍ᠯᠡᠰ ᠵᠡᠷᠭᠡ ᠭᠣᠣᠯᠳᠠᠯᠭ᠎ᠠ ᠎ᠲᠠᠢ ᠤᠰᠤ ᠬᠡᠷᠡᠭᠯᠡᠬᠦ ᠬᠦᠷᠢᠶᠡᠨ᠎ᠳᠠᠬᠢ ᠤᠰᠤ ᠬᠡᠷᠡᠭᠯᠡᠬᠦ ᠨᠣᠷᠮ᠎ᠠ  ᠵᠢ ᠲᠣᠭᠲᠠᠭ᠋ᠠᠵᠤ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠣᠷᠣᠨ ᠨᠤᠲᠤᠭ᠎ᠤᠨ ᠤᠰᠤ ᠰᠢᠶᠠᠨ᠎ᠤ ᠱᠠᠲᠤᠨ ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ  ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤ ᠬᠡᠷᠡᠭᠯᠡᠬᠦ ᠨᠣᠷᠮ᠎ᠠ᠂ ᠠᠵᠤ ᠠᠬᠤᠢ ᠮᠡᠷᠭᠡᠵᠢᠯ᠎ᠤᠨ ᠨᠥᠬᠥᠴᠡᠯ ᠵᠢᠴᠢ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠥᠯ᠂ ᠭᠠᠵᠠᠷ ᠳᠣᠣᠷᠠᠬᠢ ᠤᠰᠤ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠡᠷᠭᠡ ᠵᠢ ᠦᠨᠳᠦᠰᠦᠯᠡᠨ ᠲᠣᠭᠲᠠᠭ᠋ᠠᠭᠰᠠᠨ ᠲᠣᠰ ᠵᠠᠰᠠᠭ ᠵᠠᠬᠢᠷᠭ᠋ᠠᠨ᠎ᠤ ᠣᠷᠣᠨ᠎ᠳᠤ ᠬᠡᠷᠡᠭᠯᠡᠭᠦᠯᠵᠦ ᠪᠣᠯᠬᠤ ᠤᠰᠤᠨ᠎ᠤ ᠬᠡᠮᠵᠢᠶ᠎ᠡ ᠲᠣᠰ ᠵᠠᠰᠠᠭ ᠵᠠᠬᠢᠷᠭ᠋ᠠᠨ᠎ᠤ ᠣᠷᠣᠨ᠎ᠤ ᠣᠨ᠎ᠤ ᠤᠰᠤ ᠬᠡᠷᠡᠭᠯᠡᠬᠦ ᠲᠥᠯᠥᠪᠯᠡᠭᠡ ᠵᠢ ᠲᠣᠭᠲᠠᠭ᠋ᠠᠭᠰᠠᠨ᠎ᠤ ᠤᠯᠠᠮ᠎ᠠᠴᠠ ᠤᠰᠤ ᠳᠤᠲᠠᠭᠳᠠᠵᠤ ᠪᠠᠢ᠌ᠭ᠎ᠠ ᠭᠠᠵᠠᠷ ᠣᠷᠣᠨ ᠪᠣᠯᠣᠨ ᠭᠣᠣᠯᠳᠠᠯᠭ᠎ᠠ᠎ᠲᠠᠢ ᠤᠰᠤ ᠬᠡᠷᠡᠭᠯᠡᠬᠦ ᠠᠵᠤ ᠠᠬᠤᠢ᠌ᠯᠠᠯ᠎ᠤᠨ ᠤᠰᠤ ᠬᠡᠷᠡᠭᠯᠡᠬᠦ ᠠᠵᠢᠯᠯᠠᠭ᠎ᠠ᠎ᠳᠤ ᠶᠡᠷᠦᠩᠬᠡᠢ ᠬᠡᠮᠵᠢᠶ᠎ᠡ ᠵᠢᠨ 《ᠳᠡᠭᠡᠳᠦ ᠬᠢᠵᠠᠭ᠋ᠠᠷ》᠎ᠢ ᠲᠣᠳᠣᠷᠬᠠᠢ ᠲᠣᠭᠲᠠᠭ᠋ᠠᠭᠰᠠᠨ ᠪᠠᠢ᠌ᠨ᠎ᠠ᠃  

      《ᠳᠦᠷᠢᠮ》᠎ᠳᠤ 《ᠤᠰᠤ ᠬᠡᠷᠡᠭᠯᠡᠬᠦ ᠬᠦᠴᠦᠯᠡᠴᠡ ᠵᠢᠨ ᠬᠠᠮᠢᠶᠠᠷᠤᠯᠲᠠ ᠵᠢᠨ ᠳᠦᠷᠢᠮ》᠎ᠢ ᠲᠣᠭᠲᠠᠭ᠋ᠠᠵᠤ᠂ ᠡᠯ᠎ᠡ ᠲᠥᠷᠥᠯ᠎ᠤᠨ ᠤᠰᠤ ᠬᠡᠷᠡᠭᠯᠡᠬᠦ ᠭᠣᠣᠯ ᠴᠣᠭᠴᠠ ᠵᠢᠨ ᠤᠰᠤ ᠵᠢ ᠠᠷᠪᠢᠯᠠᠵᠤ ᠬᠡᠷᠡᠭᠯᠡᠬᠦ 《ᠳᠣᠬᠢᠭᠤᠷ》᠎ᠢ  ᠪᠣᠶ ᠪᠣᠯᠭ᠋ᠠᠪᠠ᠃ 《ᠳᠦᠷᠢᠮ》᠎ᠳᠤ ᠤᠰᠤ ᠬᠡᠷᠡᠭᠯᠡᠬᠦ ᠦᠢ᠍ᠯᠡᠳᠬᠦᠨ  ᠭᠡᠬᠦ ᠡᠨᠡ ᠬᠦ᠌ ᠵᠠᠩᠭᠢᠯᠠᠭ᠎ᠠ ᠵᠢ ᠠᠳᠬᠤᠨ᠂ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ᠎ᠪᠠᠷ ᠳᠤᠷᠠᠳᠤᠭᠰᠠᠨ ᠪᠥᠭᠡᠳ ᠤᠰᠤ ᠠᠷᠪᠢᠯᠠᠬᠤ ᠦᠢ᠍ᠯᠡᠳᠬᠦᠨ᠎ᠤ ᠭᠡᠷᠡᠴᠢᠯᠡᠯᠲᠡ ᠵᠢ ᠥᠷᠨᠢᠭᠦᠯᠵᠦ᠂ ᠠᠷᠠᠳ ᠣᠯᠠᠨ᠎ᠳᠤ ᠬᠤᠳᠠᠯᠳᠤᠨ ᠠᠪᠤᠭᠰᠠᠨ ᠦᠢ᠍ᠯᠡᠳᠬᠦᠨ᠎ᠤ ᠤᠰᠤ ᠠᠷᠪᠢᠯᠠᠬᠤ ᠦᠷ᠎ᠡ ᠪᠦᠲᠦᠮᠵᠢ ᠵᠢ ᠲᠣᠳᠣᠷᠬᠠᠢ  ᠣᠢ᠌ᠯᠠᠭ᠋ᠠᠭᠤᠯᠵᠤ ᠂ ᠪᠣᠬᠢᠷᠲᠤᠯ  ᠦᠭᠡᠢ ᠠᠮᠢᠳᠤᠷᠠᠯ᠎ᠤᠨ  ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠦᠨ᠎ᠡ᠃ ᠡᠭᠦᠨ᠎ᠤ ᠬᠠᠮᠲᠤ᠂ 《ᠳᠦᠷᠢᠮ》᠎ᠳᠤ ᠲᠣᠭᠲᠠᠭ᠋ᠠᠭᠰᠠᠨ᠎ᠨᠢ᠂ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠰᠤ ᠠᠷᠪᠢᠯᠠᠬᠤ ᠪᠠᠷᠢᠮᠵᠢᠶ᠎ᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠤᠰᠤ ᠶᠡᠬᠡ ᠬᠣᠷᠣᠭᠳᠠᠭᠤᠯᠬᠤ ᠮᠡᠷᠭᠡᠵᠢᠯ᠂ ᠤᠷᠠᠯᠠᠯ᠂ ᠲᠥᠬᠦᠭᠡᠷᠦᠮᠵᠢ ᠪᠠ ᠦᠢ᠍ᠯᠡᠳᠬᠦᠨ᠎ᠤ ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠨ ᠨᠡᠢ᠌ᠲᠡᠯᠡᠵᠦ᠂ ᠥᠷᠭᠡᠨ ᠣᠯᠠᠨ ᠬᠡᠷᠡᠭᠯᠡᠭᠴᠢᠳ ᠪᠠ ᠬᠠᠮᠢᠶ᠎ᠠ ᠪᠦᠬᠦᠢ ᠤᠰᠤ ᠬᠡᠷᠡᠭᠯᠡᠬᠦ ᠭᠣᠣᠯ ᠴᠣᠭᠴᠠ ᠵᠢᠨ ᠤᠰᠤ ᠵᠢ ᠠᠷᠪᠢᠯᠠᠵᠤ ᠬᠡᠷᠡᠭᠯᠡᠬᠦ ᠵᠢᠨ 《ᠳᠣᠣᠷᠠᠳᠤ ᠬᠢᠵᠠᠭ᠋ᠠᠷ》᠎ᠢ ᠲᠣᠳᠣᠷᠬᠠᠢ ᠲᠣᠭᠲᠠᠭ᠋ᠠᠪᠠ᠃  

      ᠬᠣᠶᠠᠷ᠂ ᠤᠰᠤ ᠬᠡᠷᠡᠭᠯᠡᠬᠦ ᠬᠡᠮᠵᠢᠯᠲᠡ ᠵᠢ ᠴᠢᠩᠭ᠋ᠠᠷᠠᠭᠤᠯᠵᠤ᠂ ᠤᠰᠤ ᠬᠡᠷᠡᠭᠯᠡᠬᠦ 《ᠬᠤᠤᠳᠤᠤ ᠲᠠᠩᠰᠠ》 ᠵᠢ ᠴᠡᠪᠡᠷᠯᠡᠬᠦ ᠭᠡᠷᠡᠭᠳᠡᠢ

      ᠣᠷᠳᠣ ᠬᠤᠭᠤᠴᠠᠭ᠋ᠠᠨ᠎ᠤ ᠲᠤᠷᠰᠢ᠂ ᠡᠯ᠎ᠡ ᠭᠠᠵᠠᠷ᠎ᠲᠤ ᠬᠡᠮᠵᠢᠶ᠎ᠡ᠎ᠪᠠᠷ ᠪᠦᠳᠦᠭᠦᠯᠢᠭ ᠤᠰᠤ ᠬᠡᠷᠡᠭᠯᠡᠬᠦ ᠦᠵᠡᠭᠳᠡᠯ ᠶᠡᠬᠡ ᠬᠡᠮᠵᠢᠶ᠎ᠡ᠎ᠪᠠᠷ ᠣᠷᠣᠰᠢᠵᠤ᠂ ᠵᠠᠷᠢᠮ ᠬᠥᠳᠡᠭᠡ ᠲᠣᠰᠬᠣᠨ᠎ᠤ ᠭᠠᠵᠠᠷ ᠣᠷᠣᠨ᠎ᠤ ᠲᠠᠷᠢᠶᠠᠯᠠᠩ᠎ᠤᠨ ᠤᠰᠤᠯᠠᠯᠲᠠ ᠵᠢᠨ ᠬᠡᠮᠵᠢᠶ᠎ᠡ᠎ᠪᠠᠷ ᠤᠰᠤ ᠬᠡᠷᠡᠭᠯᠡᠬᠦ ᠲᠦᠭᠡᠮᠡᠯᠵᠢᠯᠲᠡ ᠵᠢᠨ ᠨᠣᠷᠮ᠎ᠠ ᠳᠣᠣᠷ᠎ᠠ ᠰᠢᠭ᠋ ᠪᠠᠢ᠌ᠵᠤ᠂ 《ᠬᠡᠳᠦᠢ ᠤᠰᠤ ᠬᠡᠷᠡᠭᠯᠡᠭᠰᠡᠨ ᠴᠦ᠍ ᠠᠳᠠᠯᠢᠬᠠᠨ》 ᠪᠠᠢ᠌ᠬᠤ᠎ᠨᠢ ᠤᠰᠤ ᠬᠡᠷᠡᠭᠯᠡᠬᠦ ᠭᠣᠣᠯ ᠴᠣᠭᠴᠠ ᠵᠢᠨ ᠤᠰᠤ ᠠᠷᠪᠢᠯᠠᠬᠤ ᠢᠳᠡᠪᠬᠢᠵᠢᠯ ᠪᠠ ᠣᠷᠣᠯᠴᠠᠬᠤ ᠬᠡᠮᠵᠢᠶ᠎ᠡ ᠵᠢ ᠬᠦᠨᠳᠦ ᠨᠣᠴᠢᠲᠠᠢ ᠬᠢᠵᠠᠭ᠋ᠠᠷᠯᠠᠵᠤ ᠪᠠᠢ᠌ᠨ᠎ᠠ᠃  

      ᠡᠨᠡᠬᠦ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ 《  ᠳᠦᠷᠢᠮ 》᠎ᠳᠤ ᠂ ᠬᠡᠷᠡᠭᠯᠡᠬᠦ ᠤᠰᠤ ᠵᠢ ᠬᠡᠮᠵᠢᠬᠦ ᠬᠡᠷᠡᠭᠲᠡᠢ ᠂ ᠠᠳᠠᠯᠢ ᠪᠤᠰᠤ ᠤᠰᠤᠨ᠎ᠤ ᠰᠤᠷᠪᠤᠯᠵᠢ ᠂  ᠠᠳᠠᠯᠢ ᠪᠤᠰᠤ ᠬᠡᠷᠡᠭᠴᠡᠭᠡᠨ᠎ᠤ ᠤᠰᠤ ᠵᠢ ᠲᠤᠰ ᠲᠤᠰ᠎ᠲᠤᠨᠢ ᠬᠡᠮᠵᠢᠬᠦ ᠬᠡᠷᠡᠭᠲᠡᠢ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠤᠰᠤᠯᠠᠯᠲᠠ ᠵᠢᠨ ᠬᠡᠷᠡᠭᠯᠡᠬᠦ ᠤᠰᠤ ᠵᠢ ᠬᠡᠮᠵᠢᠬᠦ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ  ᠴᠢᠩᠭ᠋ᠠᠳᠬᠠᠬᠤ ᠬᠡᠷᠡᠭᠲᠡᠢ ᠂ ᠢᠯᠠᠩᠭᠤᠶ᠎ᠠ ᠨᠢᠭᠡᠨᠲᠡ ᠪᠠᠢ᠌ᠭᠤᠯᠤᠭᠰᠠᠨ ᠤᠰᠤᠯᠠᠯᠲᠠ ᠵᠢᠨ ᠪᠠᠷᠢᠯᠭ᠎ᠠ ᠵᠢᠨ ᠲᠥᠬᠦᠭᠡᠷᠦᠮᠵᠢ᠎ᠨᠢ ᠤᠰᠤ ᠠᠷᠪᠢᠯᠠᠬᠤ ᠤᠰᠤᠯᠠᠯᠲᠠ ᠵᠢᠨ ᠪᠠᠷᠢᠯᠭ᠎ᠠ ᠵᠢᠨ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠬᠦ ᠦᠭᠡᠢ ᠪᠠᠢ᠌ᠪᠠᠯ ᠬᠤᠭᠤᠴᠠᠭ᠎ᠠ ᠲᠣᠭᠲᠠᠭ᠋ᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ ᠃ ᠡᠭᠦᠨ᠎ᠤ ᠬᠠᠮᠲᠤ ᠲᠣᠭᠲᠠᠭ᠋ᠠᠭᠰᠠᠨ᠎ᠨᠢ᠂ ᠶᠠᠮᠠᠷᠪᠠ  ᠨᠢᠭᠡᠴᠢ ᠪᠠ ᠬᠤᠪᠢ ᠬᠥᠮᠥᠨ ᠤᠰᠤ ᠬᠡᠷᠡᠭᠯᠡᠬᠦ ᠬᠡᠮᠵᠢᠯᠲᠡ ᠵᠢᠨ ᠲᠥᠬᠦᠭᠡᠷᠦᠮᠵᠢ ᠵᠢ ᠡᠵᠡᠯᠡᠬᠦ᠂ ᠡᠪᠳᠡᠨ ᠰᠦᠢ᠍ᠳᠬᠡᠬᠦ᠂ ᠳᠤᠷ᠎ᠠ᠎ᠪᠠᠷ ᠵᠶ᠋ᠠᠨ ᠰᠢᠯᠵᠢᠭᠦᠯᠬᠦ ᠪᠤᠶᠤ ᠬᠡᠮᠵᠢᠯᠲᠡ ᠵᠢᠨ ᠤᠰᠤ ᠬᠡᠷᠡᠭᠯᠡᠬᠦ ᠵᠢ ᠬᠠᠷᠰᠢᠯᠠᠵᠤ ᠪᠣᠯᠬᠤ ᠦᠭᠡᠢ᠂ ᠡᠨᠡ᠎ᠨᠢ ᠤᠰᠤ ᠬᠡᠷᠡᠭᠯᠡᠬᠦ ᠠᠵᠢᠯᠯᠠᠭ᠎ᠠ ᠵᠢᠨ ᠬᠡᠮᠵᠢᠯᠲᠡ ᠵᠢᠨ ᠰᠠᠭᠤᠷᠢ ᠵᠢ ᠪᠡᠬᠢᠵᠢᠭᠦᠯᠦᠭᠰᠡᠨ ᠪᠠᠢ᠌ᠨ᠎ᠠ᠃  

      《  ᠳᠦᠷᠢᠮ 》᠎ᠳᠤ ᠤᠰᠤ ᠠᠷᠪᠢᠯᠠᠬᠤ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠵᠢᠨ ᠳᠦᠷᠢᠮ᠎ᠢ ᠪᠠᠶ᠋ᠢᠭᠤᠯᠬᠤ ᠵᠢᠨ ᠬᠠᠮᠲᠤ ᠤᠰᠤ ᠠᠷᠪᠢᠯᠠᠬᠤ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠦᠬᠥ ᠨᠡᠢ᠌ᠭᠡᠮ᠎ᠳᠤ ᠡᠯ᠎ᠡ ᠬᠦᠷᠢᠶ᠎ᠡ ᠂ ᠡᠯ᠎ᠡ ᠭᠠᠵᠠᠷ ᠣᠷᠣᠨ᠎ᠤ ᠤᠰᠤ ᠠᠷᠪᠢᠯᠠᠬᠤ ᠠᠵᠢᠯ᠎ᠤᠨ ᠦᠷ᠎ᠡ ᠪᠦᠲᠦᠮᠵᠢ ᠵᠢ ᠴᠠᠭ ᠲᠤᠬᠠᠢ᠎ᠳᠤᠨᠢ ᠡᠵᠡᠮᠰᠢᠨ ᠣᠢ᠌ᠯᠠᠭ᠋ᠠᠭᠤᠯᠵᠤ ᠂ ᠤᠰᠤ ᠠᠷᠪᠢᠯᠠᠭᠰᠠᠨ ᠦᠷ᠎ᠡ ᠪᠦᠲᠦᠭᠡᠯ᠎ᠢ 《  ᠣᠯᠵᠤ ᠬᠠᠷᠠᠬᠤ 》 ᠬᠡᠷᠡᠭᠲᠡᠢ ᠭᠡᠵᠦ ᠲᠣᠭᠲᠠᠭ᠋ᠠᠵᠠᠢ ᠃  

 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
ᠬᠠᠤᠯᠢ᠎ᠪᠠᠷ ᠰᠢᠵᠢᠮ ᠪᠣᠯᠭ᠋ᠠᠵᠤ ᠪᠦᠬᠦ ᠨᠡᠢ᠌ᠭᠡᠮ᠎ᠤᠨ ᠤᠰᠤ ᠵᠢ ᠠᠷᠪᠢᠯᠠᠬᠤ 《ᠤᠰᠤᠨ ᠭᠣᠭᠣᠵᠢᠭᠤᠷ》᠎ᠢ ᠴᠢᠩᠭ᠎ᠠ ᠰᠦᠯᠵᠢᠬᠦ ᠬᠡᠷᠡᠭᠲᠡᠢ (ᠬᠣᠶᠠᠷ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠨᠢᠭᠡ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠬᠣᠶᠠᠷ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠭᠤᠷᠪᠠ)
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠬᠡᠷᠬᠢᠨ ᠴᠢᠩᠭ᠋ᠠᠳᠬᠠᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ·ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠶ᠎ᠠ)
 
            