ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠤᠯᠢ᠎ᠪᠠᠷ ᠰᠢᠵᠢᠮ ᠪᠣᠯᠭ᠋ᠠᠵᠤ ᠪᠦᠬᠦ ᠨᠡᠢ᠌ᠭᠡᠮ᠎ᠤᠨ ᠤᠰᠤ ᠵᠢ ᠠᠷᠪᠢᠯᠠᠬᠤ 《ᠤᠰᠤᠨ ᠭᠣᠭᠣᠵᠢᠭᠤᠷ》᠎ᠢ ᠴᠢᠩᠭ᠎ᠠ ᠰᠦᠯᠵᠢᠬᠦ ᠬᠡᠷᠡᠭᠲᠡᠢ (ᠬᠣᠶᠠᠷ)
ᠨᠡᠶ᠋ᠢᠲᠡᠯᠡᠭᠰᠡᠨ ᠴᠠᠭ᠄ 2024-04-10

      ᠵᠠᠩ ᠳ᠋ᠧ ᠶᠤᠸᠠᠨ (  ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶᠠᠨ᠎ᠤ ᠬᠣᠷᠸ᠎ᠠ ᠬᠦᠷᠢᠶᠡᠯᠡᠩ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠭᠠᠵᠠᠷ᠎ᠤᠨ ᠣᠷᠴᠢᠯ ᠠᠵᠤ ᠠᠬᠤᠢ ᠵᠢᠨ ᠰᠤᠳᠤᠯᠬᠤ ᠲᠠᠰᠤᠭ᠎ᠤᠨ ᠡᠷᠬᠢᠯᠡᠭᠴᠢ )

      ᠭᠤᠷᠪᠠ᠂ ᠵᠠᠬ᠎ᠠ ᠳᠡᠯᠭᠡᠭᠦᠷ᠎ᠤᠨ ᠲᠣᠬᠢᠷᠠᠭᠤᠯᠬᠤ ᠬᠦᠴᠦᠨ᠎ᠢ ᠭᠦᠢ᠍ᠴᠡᠳ ᠪᠠᠳᠠᠷᠠᠭᠤᠯᠵᠤ᠂ ᠤᠰᠤ ᠵᠢ ᠠᠷᠪᠢᠯᠠᠵᠤ ᠬᠡᠷᠡᠭᠯᠡᠬᠦ ᠵᠢ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃

      ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠ᠂ ᠤᠰᠤ ᠬᠡᠷᠡᠭᠯᠡᠬᠦ ᠪᠣᠯ ᠲᠠᠷᠢᠶᠠᠯᠠᠩ᠎ᠤᠨ ᠳᠠᠷᠢᠵᠤ ᠲᠡᠵᠢᠭᠡᠨ ᠦᠷᠡᠵᠢᠭᠦᠯᠬᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠪᠠ ᠬᠡᠷᠡᠭᠯᠡᠭᠴᠢᠳ᠎ᠤᠨ  ᠡᠳᠦᠷ ᠲᠤᠲᠤᠮ᠎ᠤᠨ ᠬᠡᠷᠡᠭᠯᠡᠭᠡᠨ᠎ᠤ 《ᠬᠠᠲᠠᠭᠤ ᠬᠡᠷᠡᠭᠴᠡᠭᠡ》 ᠮᠥᠨ᠃ ᠤᠰᠤᠨ᠎ᠤ ᠡᠬᠢ ᠪᠠᠶᠠᠯᠢᠭ᠎ᠢ ᠬᠡᠷᠬᠢᠨ ᠵᠦᠢ ᠵᠣᠬᠢᠰᠲᠠᠢ ᠬᠡᠷᠡᠭᠯᠡᠬᠦ ᠵᠢ ᠪᠠᠲᠤᠯᠠᠭᠰᠠᠨ ᠤᠷᠢᠲᠠᠯ ᠳᠣᠣᠷ᠎ᠠ ᠥᠷᠭᠡᠨ ᠣᠯᠠᠨ ᠤᠰᠤ ᠬᠡᠷᠡᠭᠯᠡᠬᠦ ᠭᠣᠣᠯ ᠴᠣᠭᠴᠠ ᠵᠢᠨ ᠤᠬᠠᠮᠰᠠᠷ  ᠎ᠠᠴᠠ᠎ᠪᠠᠨ ᠤᠰᠤ ᠠᠷᠪᠢᠯᠠᠬᠤ ᠦᠢᠯᠡ ᠠᠵᠢᠯᠯᠠᠭ᠎ᠠ ᠵᠢ ᠪᠦᠲᠦᠮᠵᠢᠲᠡᠶ ᠤᠷᠮᠠᠰᠢᠭᠤᠯᠬᠤ᠎ᠨᠢ ᠳᠠᠷᠤᠢ ᠤᠰᠤ ᠠᠷᠪᠢᠯᠠᠬᠤ ᠠᠵᠢᠯ᠎ᠤᠨ ᠭᠣᠣᠯᠳᠠᠯᠭ᠎ᠠ ᠪᠠ ᠵᠠᠩᠭᠢᠯᠠᠭ᠎ᠠ ᠪᠣᠯᠣᠨ᠎ᠠ᠃ ᠤᠰᠤᠨ᠎ᠤ ᠡᠬᠢ ᠪᠠᠶᠠᠯᠢᠭ᠎ᠤᠨ ᠬᠣᠮᠰᠠᠳᠠᠯ᠎ᠤᠨ ᠬᠡᠮᠵᠢᠶ᠎ᠡ ᠪᠠ ᠤᠰᠤ ᠬᠡᠷᠡᠭᠯᠡᠬᠦ ᠥᠪᠡᠷ᠎ᠤᠨ ᠥᠷᠲᠡᠭ᠎ᠢ ᠭᠦᠢ᠍ᠴᠡᠳ ᠬᠠᠷᠠᠭᠤᠯᠤᠭᠰᠠᠨ ᠵᠠᠬ᠎ᠠ ᠳᠡᠯᠭᠡᠭᠦᠷ᠎ᠤᠨ ᠲᠣᠬᠢᠷᠠᠭᠤᠯᠬᠤ ᠲᠣᠭᠲᠠᠴᠠ ᠵᠢ ᠪᠠᠢ᠌ᠭᠤᠯᠵᠤ᠂ ᠤᠰᠤ ᠬᠡᠷᠡᠭᠯᠡᠬᠦ ᠭᠣᠣᠯ ᠴᠣᠭᠴᠠ ᠵᠢᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ ᠪᠠ ᠤᠰᠤ ᠬᠡᠷᠡᠭᠯᠡᠬᠦ ᠭᠣᠣᠯ ᠴᠣᠭᠴᠠ ᠵᠢᠨ ᠤᠬᠠᠮᠰᠠᠷ ᠎ᠠᠴᠠ᠎ᠪᠠᠨ ᠤᠰᠤ ᠠᠷᠪᠢᠯᠠᠬᠤ ᠦᠢᠯᠡ ᠠᠵᠢᠯᠯᠠᠭ᠎ᠠ ᠵᠢ ᠤᠷᠮᠠᠰᠢᠭᠤᠯᠬᠤ 《  ᠬᠣᠶᠠᠷ ᠲᠠᠯ᠎ᠠ᠎ᠪᠠᠷ ᠵᠶ᠋ᠠᠨ ᠠᠰᠢᠭ ᠭᠥᠷᠳᠡᠬᠦ》 ᠵᠢ ᠪᠡᠶᠡᠯᠡᠭᠦᠯᠵᠦ

ᠪᠣᠯᠣᠨ᠎ᠠ᠃  

      《ᠳᠦᠷᠢᠮ》᠎ᠳᠤ ᠳᠤᠷᠠᠳᠤᠭᠰᠠᠨ᠎ᠨᠢ᠂ ᠤᠰᠤ ᠠᠷᠪᠢᠯᠠᠬᠤ ᠵᠢ ᠠᠬᠢᠭᠤᠯᠬᠤ ᠤᠰᠤᠨ᠎ᠤ ᠦᠨ᠎ᠡ ᠵᠢᠨ ᠰᠢᠰᠲ᠋ᠧᠮ ᠬᠢᠭᠡᠳ ᠵᠦᠢ ᠵᠣᠬᠢᠰᠲᠠᠢ ᠤᠰᠤᠨ᠎ᠤ ᠦᠨ᠎ᠡ ᠵᠢᠨ ᠪᠦᠷᠢᠯᠳᠦᠬᠦ ᠲᠣᠭᠲᠠᠴᠠ ᠵᠢ ᠪᠠᠢ᠌ᠭᠤᠯᠵᠤ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠪᠠ ᠨᠥᠬᠥᠴᠡᠯ ᠪᠦᠷᠢᠳᠦᠭᠰᠡᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠳᠤ ᠱᠠᠲᠤᠯᠢᠭ ᠤᠰᠤᠨ᠎ᠤ ᠦᠨ᠎ᠡ ᠵᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠪᠤᠰᠤ ᠬᠡᠷᠡᠭᠯᠡᠬᠦ ᠤᠰᠤ ᠪᠠ ᠨᠥᠬᠥᠴᠡᠯ ᠪᠦᠷᠢᠳᠦᠭᠰᠡᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠳᠤ ᠲᠣᠭᠲᠠᠭᠰᠠᠨ ᠨᠣᠷᠮ᠎ᠠ  ᠎ᠠᠴᠠ ᠳᠠᠪᠠᠭᠰᠠᠨ ᠪᠤᠶᠤ ᠲᠥᠯᠥᠪᠯᠡᠭᠡ᠎ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠵᠢ ᠬᠡᠷᠡᠭᠵᠢᠭᠦᠯᠦᠨ᠎ᠡ᠃ ᠤᠰᠤ ᠬᠡᠷᠡᠭᠯᠡᠬᠦ ᠭᠣᠣᠯ ᠴᠣᠭᠴᠠ ᠵᠢᠨ ᠬᠡᠷᠡᠭᠯᠡᠬᠦ ᠤᠰᠤ᠎ᠨᠢ ᠬᠡᠳᠦᠢ ᠠᠷᠪᠢᠨ ᠪᠣᠯ ᠲᠡᠳᠦᠢ ᠦᠨᠡᠲᠡᠢ ᠪᠠᠢ᠌ᠵᠤ᠂ ᠦᠨ᠎ᠡ ᠬᠠᠩᠰᠢ ᠵᠢᠨ ᠬᠦᠴᠦᠨ ᠵᠶ᠋ᠡᠷ ᠤᠰᠤ ᠬᠡᠷᠡᠭᠯᠡᠬᠦ ᠦᠢᠯᠡ ᠠᠵᠢᠯᠯᠠᠭ᠎ᠠ ᠵᠢ ᠲᠣᠬᠢᠷᠠᠭᠤᠯᠤᠨ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ ᠦᠢᠯᠡ ᠠᠵᠢᠯᠯᠠᠭ᠎ᠠ᠎ᠪᠠᠷ 《ᠠᠵᠤ ᠠᠬᠤᠢ ᠵᠢᠨ ᠦᠨ᠎ᠡ ᠥᠷᠲᠡᠭ》 ᠭᠠᠷᠭ᠋ᠠᠯᠭ᠋ᠠᠨ᠎ᠠ᠃  

      《ᠳᠦᠷᠢᠮ》᠎ᠳᠤ᠂ ᠤᠯᠤᠰ ᠎ᠠᠴᠠ ᠤᠰᠤᠨ᠎ᠤ ᠡᠷᠬᠡ ᠵᠢᠨ ᠵᠠᠬ᠎ᠠ ᠳᠡᠯᠭᠡᠭᠦᠷ᠎ᠢ ᠪᠣᠢ᠌ᠵᠢᠭᠤᠯᠤᠨ ᠵᠢᠷᠤᠮᠵᠢᠭᠤᠯᠵᠤ᠂ ᠣᠯᠠᠨ ᠵᠦᠢ᠍ᠯ᠎ᠤᠨ ᠬᠡᠯᠪᠡᠷᠢ ᠵᠢᠨ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠳᠡᠮᠵᠢᠵᠦ᠂ ᠤᠰᠤᠨ᠎ᠤ ᠡᠷᠬᠡ ᠵᠢᠨ ᠠᠷᠠᠯᠵᠢᠶᠠᠨ᠎ᠤ ᠳᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ᠂ ᠤᠰᠤᠨ᠎ᠤ ᠡᠷᠬᠡ ᠵᠢᠨ ᠠᠷᠠᠯᠵᠢᠶ᠎ᠠ ᠵᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠰᠢᠰᠲ᠋ᠧᠮ᠎ᠳᠤ ᠠᠯᠬᠤᠮ ᠠᠯᠬᠤᠮ ᠵᠶ᠋ᠠᠷ ᠣᠷᠣᠭᠤᠯᠤᠨ᠎ᠠ ᠭᠡᠵᠦ ᠲᠣᠭᠲᠠᠭ᠋ᠠᠵᠠᠢ᠃ ᠡᠨᠡ᠎ᠨᠢ ᠳᠠᠷᠤᠢ ᠭᠠᠵᠠᠷ ᠣᠷᠣᠨ ᠪᠤᠶᠤ ᠠᠵᠤ ᠠᠬᠤᠢ᠌ᠯᠠᠯ᠎ᠤᠨ ᠤᠰᠤ ᠠᠷᠪᠢᠯᠠᠬᠤ ᠠᠵᠢᠯᠯᠠᠭ᠎ᠠ᠎ᠳᠤ 《ᠪᠡᠯᠡᠨ ᠵᠣᠭᠣᠰ ᠪᠣᠯᠭ᠋ᠠᠬᠤ》 ᠲᠣᠭᠲᠠᠴᠠ ᠵᠢ ᠬᠠᠩᠭ᠋ᠠᠵᠤ᠂ ᠭᠠᠵᠠᠷ ᠣᠷᠣᠨ ᠪᠤᠶᠤ ᠠᠵᠤ ᠠᠬᠤᠢ᠌ᠯᠠᠯ᠎ᠨᠢ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠶᠡᠷᠦᠩᠬᠡᠢ ᠬᠡᠮᠵᠢᠶ᠎ᠡ᠎ᠠᠴᠠ ᠳᠣᠣᠷ᠎ᠠ ᠪᠠᠢ᠌ᠭ᠎ᠠ ᠤᠰᠤ ᠠᠷᠪᠢᠯᠠᠬᠤ ᠬᠡᠮᠵᠢᠶ᠎ᠡ᠎ᠪᠠᠨ ᠤᠰᠤᠨ᠎ᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠭᠠᠵᠠᠷ ᠣᠷᠣᠨ ᠪᠤᠶᠤ ᠠᠵᠤ ᠠᠬᠤᠢ᠌ᠯᠠᠯ᠎ᠳᠤ ᠬᠤᠳᠠᠯᠳᠤᠨ ᠥᠭᠴᠦ᠂ ᠡᠨᠧᠷᠭᠢ ᠬᠡᠷᠡᠭᠯᠡᠬᠦ ᠡᠷᠬᠡ ᠵᠢᠨ ᠠᠷᠠᠯᠵᠢᠶ᠎ᠠ ᠪᠤᠶᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ᠎ᠲᠠᠢ ᠠᠳᠠᠯᠢᠪᠲᠤᠷ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ᠎ᠤ ᠲᠣᠭᠲᠠᠴᠠ ᠵᠢ ᠪᠠᠢ᠌ᠭᠤᠯᠵᠤ ᠪᠣᠯᠣᠨ᠎ᠠ᠃  

      ᠳᠥᠷᠪᠡ᠂ ᠬᠢᠨᠠᠯᠲᠠ ᠲᠠᠯᠪᠢᠵᠤ  ᠰᠢᠢ᠍ᠳᠬᠡᠨ  ᠲᠣᠷᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ 《ᠳᠦᠷᠢᠮ》᠎ᠢ ᠬᠦᠴᠦᠲᠡᠢ᠂ ᠪᠦᠲᠦᠮᠵᠢᠲᠡᠶ ᠬᠡᠷᠡᠭᠵᠢᠭᠦᠯᠬᠦ ᠭᠡᠷᠡᠭᠳᠡᠢ

      ᠬᠠᠤᠯᠢ ᠵᠢ ᠵᠦᠷᠢᠴᠡᠬᠦ  ᠥᠪᠡᠷ᠎ᠤᠨ ᠦᠷᠳᠡᠭ ᠳᠣᠣᠷ᠎ᠠ ᠪᠠᠢ᠌ᠬᠤ ᠪᠣᠯ ᠬᠠᠤᠯᠢ ᠴᠠᠭ᠋ᠠᠵᠠ ᠵᠢᠨ ᠭᠦᠢ᠍ᠴᠡᠳᠬᠡᠬᠦ ᠬᠦᠴᠦᠨ᠎ᠢ ᠨᠥᠯᠥᠭᠡᠯᠡᠬᠦ ᠵᠠᠩᠭᠢᠯᠠᠭ᠎ᠠ ᠵᠢᠨ ᠬᠦᠴᠦᠨ ᠵᠦᠢ᠍ᠯ ᠮᠥᠨ ᠃ ᠬᠡᠷᠪᠡ ᠨᠡᠢ᠌ᠭᠡᠮ ᠳᠡᠭᠡᠷ᠎ᠡ ᠬᠠᠤᠯᠢ ᠵᠢ ᠵᠥᠷᠢᠴᠡᠭᠰᠡᠨ ᠶᠡᠬᠡ ᠬᠡᠮᠵᠢᠶᠡᠨ᠎ᠤ ᠠᠵᠢᠯᠯᠠᠭ᠎ᠠ ᠵᠢ ᠴᠠᠭ ᠲᠤᠬᠠᠢ᠎ᠳᠤᠨᠢ ᠵᠠᠯᠠᠷᠠᠭᠤᠯᠬᠤ ᠦᠭᠡᠢ ᠪᠣᠯ ᠳᠠᠷᠤᠢ ᠬᠠᠤᠯᠢ ᠵᠢ ᠰᠠᠬᠢᠬᠤ ᠠᠵᠢᠯᠯᠠᠭ᠎ᠠ ᠵᠢᠨ ᠪᠣᠳᠠᠲᠤ ᠶᠠᠪᠤᠳᠠᠯ᠎ᠳᠤ ᠭᠣᠣᠯᠴᠢ ᠪᠤᠰᠤ ᠪᠠᠢ᠌ᠳᠠᠯ᠎ᠢ ᠪᠤᠢ ᠪᠣᠯᠭ᠋ᠠᠵᠤ ᠂ 《  ᠮᠠᠭᠤ ᠵᠣᠭᠣᠰ ᠵᠶ᠋ᠠᠷ ᠰᠠᠢ᠌ᠨ ᠵᠣᠭᠣᠰ᠎ᠢ ᠦᠯᠳᠡᠬᠦ 》 ᠵᠦᠢ ᠵᠣᠬᠢᠰ ᠦᠭᠡᠢ ᠦᠵᠡᠭᠳᠡᠯ᠎ᠢ ᠪᠤᠢ ᠪᠣᠯᠭ᠋ᠠᠬᠤ ᠪᠣᠯᠣᠨ᠎ᠠ ᠃ ᠡᠢ᠌ᠮᠦ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠬᠢᠨᠠᠯᠲᠠ ᠲᠠᠯᠪᠢᠬᠤ ᠪᠠ ᠲᠡᠭᠦᠨ᠎ᠢ ᠰᠢᠳᠬᠡᠬᠦ ᠡᠷᠴᠢᠮ᠎ᠢ ᠴᠢᠩᠭ᠋ᠠᠷᠠᠭᠤᠯᠬᠤ᠎ᠨᠢ ᠬᠠᠤᠯᠢ ᠵᠢ ᠵᠠᠪᠠᠯ ᠵᠢᠷᠤᠮᠯᠠᠬᠤ ᠵᠢ ᠪᠠᠲᠤᠯᠠᠬᠤ ᠵᠢᠨ ᠵᠠᠩᠭᠢᠯᠠᠭ᠎ᠠ ᠪᠣᠯᠤᠭᠰᠠᠨ ᠪᠠᠢ᠌ᠨ᠎ᠠ ᠃  

      《  ᠳᠦᠷᠢᠮ 》᠎ᠳᠤ ᠂ ᠤᠯᠤᠰ᠎ᠠᠴᠠ ᠤᠰᠤ ᠠᠷᠪᠢᠯᠠᠬᠤ ᠬᠠᠷᠢᠭᠤᠴᠠᠯᠭ᠎ᠠ ᠵᠢᠨ ᠳᠦᠷᠢᠮ ᠪᠠ ᠤᠰᠤ ᠠᠷᠪᠢᠯᠠᠬᠤ ᠵᠢ ᠬᠢᠨᠠᠨ ᠰᠢᠯᠭ᠋ᠠᠵᠤ ᠦᠨᠡᠯᠡᠬᠦ ᠳᠦᠷᠢᠮ᠎ᠢ ᠬᠡᠷᠡᠭᠵᠢᠭᠦᠯᠵᠦ ᠂ ᠤᠰᠤ ᠠᠷᠪᠢᠯᠠᠬᠤ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠤ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠤ ᠤᠰᠤ ᠠᠷᠪᠢᠯᠠᠬᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ ᠂ 《  ᠬᠥᠷᠥᠰᠥ ᠰᠢᠷᠣᠢ ᠵᠢ ᠬᠠᠮᠠᠭ᠋ᠠᠯᠠᠬᠤ ᠬᠠᠷᠢᠭᠤᠴᠠᠯᠭ᠎ᠠ᠎ᠲᠠᠢ 》 ᠪᠠᠢ᠌ᠬᠤ ᠵᠢ ᠪᠡᠶᠡᠯᠡᠭᠦᠯᠦᠨ᠎ᠡ ᠭᠡᠵᠦ ᠲᠣᠭᠲᠠᠭ᠋ᠠᠵᠠᠢ ᠃ ᠡᠭᠦᠨ᠎ᠤ ᠵᠡᠷᠭᠡᠴᠡᠭᠡᠪᠡᠷ ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠠᠵᠢᠯᠲᠠᠨ ᠤᠰᠤ ᠠᠷᠪᠢᠯᠠᠬᠤ ᠠᠵᠢᠯ᠎ᠤᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭᠰᠠᠨ ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠢ᠌ᠪᠠᠯ ᠂ ᠬᠠᠤᠯᠢ ᠶᠣᠰᠣᠭ᠋ᠠᠷ  ᠰᠢᠢ᠍ᠳᠬᠡᠯ  ᠥᠭᠴᠦ ᠂ ᠬᠣᠯᠪᠣᠭᠳᠠᠯ ᠪᠦᠬᠦᠢ ᠬᠥᠮᠥᠰ᠎ᠤᠨ ᠬᠠᠤᠯᠢ ᠵᠢ ᠮᠡᠳᠡᠵᠤ ᠪᠠᠢ᠌ᠭ᠋ᠠᠳ ᠬᠠᠤᠯᠢ᠎ᠠᠴᠠ ᠵᠥᠷᠢᠴᠡᠬᠦ ᠵᠢ ᠰᠡᠷᠭᠡᠢ᠌ᠯᠡᠬᠦ ᠬᠡᠷᠡᠭᠲᠡᠢ ᠭᠡᠵᠦ ᠲᠣᠭᠲᠠᠭ᠋ᠠᠵᠠᠢ ᠃  

      《ᠳᠦᠷᠢᠮ》᠎ᠳᠤ ᠤᠰᠤ ᠬᠡᠷᠡᠭᠯᠡᠬᠦ ᠬᠡᠮᠵᠢᠯᠲᠡ ᠵᠢᠨ ᠪᠡᠯᠡᠳᠬᠡᠮᠵᠢ ᠵᠢ ᠡᠵᠡᠯᠡᠵᠦ ᠡᠪᠳᠡᠭᠰᠡᠨ ᠦᠢᠯᠡ ᠠᠵᠢᠯᠯᠠᠭ᠎ᠠ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠤᠰᠤ ᠠᠷᠪᠢᠯᠠᠬᠤ ᠪᠡᠯᠡᠳᠬᠡᠮᠵᠢ ᠵᠢ ᠪᠠᠢ᠌ᠭᠤᠯᠤᠭᠰᠠᠨ ᠦᠭᠡᠢ ᠪᠤᠶᠤ ᠪᠠᠷᠢᠮᠵᠢᠶ᠎ᠠ᠎ᠳᠤ ᠭᠦᠷᠦᠭᠰᠡᠨ ᠦᠭᠡᠢ᠎ᠪᠠᠷ ᠠᠵᠢᠯᠯᠠᠭᠤᠯᠤᠭᠰᠠᠨ ᠦᠢᠯᠡ ᠠᠵᠢᠯᠯᠠᠭ᠎ᠠ᠂ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠲᠣᠭᠲᠠᠭᠰᠠᠨ ᠨᠣᠷᠮ᠎ᠠ ᠎ᠠᠴᠠ ᠬᠡᠲᠦᠷᠡᠭᠦᠯᠦᠨ ᠤᠰᠤ ᠬᠡᠷᠡᠭᠯᠡᠬᠦ ᠵᠢ ᠬᠤᠭᠤᠴᠠᠭ᠎ᠠ ᠶᠣᠰᠣᠭ᠋ᠠᠷ ᠥᠭᠡᠷᠡᠴᠢᠯᠡᠭᠰᠡᠨ ᠦᠭᠡᠢ ᠦᠢᠯᠡ ᠠᠵᠢᠯᠯᠠᠭ᠎ᠠ  ᠵᠢᠴᠢ  ᠣᠨᠴᠠᠬᠠᠢ  ᠠᠵᠤ ᠦᠢ᠍ᠯᠡᠳᠪᠦᠷᠢ ᠵᠢᠨ ᠬᠡᠷᠡᠭᠯᠡᠬᠦ ᠤᠰᠤ ᠵᠢ ᠡᠭᠡᠭᠦᠯᠦᠨ ᠬᠤᠷᠢᠶᠠᠵᠤ ᠠᠰᠢᠭᠯᠠᠭᠰᠠᠨ ᠦᠭᠡᠢ ᠦᠢᠯᠡ ᠠᠵᠢᠯᠯᠠᠭ᠎ᠠ᠎ᠳᠤ ᠲᠣᠳᠣᠷᠬᠠᠢ  ᠰᠢᠢ᠍ᠳᠬᠡᠬᠦ ᠲᠣᠭᠲᠠᠭ᠋ᠠᠯ ᠭᠠᠷᠭ᠋ᠠᠪᠠ᠃ ᠡᠭᠦᠨ᠎ᠤ ᠤᠯᠠᠮ᠎ᠠᠴᠠ ᠭᠣᠣᠯᠳᠠᠯᠭ᠎ᠠ᠎ᠲᠠᠢ ᠬᠦᠷᠢᠶ᠎ᠡ ᠂ ᠭᠣᠣᠯᠳᠠᠯᠭ᠎ᠠ᠎ᠲᠠᠢ ᠠᠵᠤ ᠠᠬᠤᠢ᠌ᠯᠠᠯ ᠪᠣᠯᠣᠨ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠤᠰᠤ ᠵᠢ ᠠᠷᠪᠢᠯᠠᠵᠤ ᠬᠡᠷᠡᠭᠯᠡᠬᠦ ᠵᠢ ᠪᠦᠲᠦᠮᠵᠢᠲᠡᠶ ᠪᠠᠲᠤᠯᠠᠵᠤ ᠂ ᠤᠰᠤ ᠵᠢ ᠠᠷᠪᠢᠯᠠᠵᠤ ᠬᠡᠷᠡᠭᠯᠡᠬᠦ ᠵᠢ ᠬᠠᠤᠯᠢ ᠴᠠᠭ᠋ᠠᠵᠠ ᠵᠢᠨ ᠬᠢᠵᠠᠭ᠋ᠠᠷᠯᠠᠬᠤ ᠬᠦᠴᠦᠨ᠎ᠲᠠᠢ ᠠᠵᠢᠯᠯᠠᠭ᠎ᠠ ᠪᠣᠯᠭ᠋ᠠᠵᠠᠢ ᠃  

      2021 ᠣᠨ᠎ᠳᠤ ᠂ ᠶᠡᠷᠦᠩᠬᠡᠢ ᠱᠦᠵᠢ ᠰᠢ ᠵᠢᠨ ᠫᠢᠩ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠬᠤ᠎ᠳᠠᠭᠠᠨ ᠂ 《  ᠤᠰᠤ᠎ᠪᠠᠷ ᠬᠤᠳᠠ ᠵᠢ  ᠲᠣᠭᠲᠠᠭ᠋ᠠᠬᠤ ᠂  ᠤᠰᠤ᠎ᠪᠠᠷ ᠭᠠᠵᠠᠷ᠎ᠢ ᠲᠣᠭᠲᠠᠭ᠋ᠠᠬᠤ ᠂ ᠤᠰᠤ᠎ᠪᠠᠷ ᠬᠥᠮᠥᠨ᠎ᠢ ᠲᠣᠭᠲᠠᠭ᠋ᠠᠬᠤ ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠡᠷᠡᠰ ᠨᠠᠢ᠌ᠳᠠᠪᠤᠷᠢᠵᠢᠭᠤᠯᠵᠤ ᠂ ᠤᠰᠤᠨ᠎ᠤ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠬᠤ ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠭᠯᠠᠬᠤ ᠂ ᠤᠰᠤᠨ᠎ᠤ ᠠᠮᠢ ᠠᠬᠤᠢ ᠵᠢ ᠢᠯᠡᠳᠲᠡ ᠰᠠᠢ᠌ᠵᠢᠷᠠᠭᠤᠯᠬᠤ ᠡᠷᠴᠢᠮᠵᠢᠭᠦᠯᠦᠨ ᠠᠷᠪᠢᠯᠠᠬᠤ ᠬᠥᠭᠵᠢᠯᠲᠡ ᠵᠢᠨ ᠵᠠᠮ ᠵᠶ᠋ᠠᠷ ᠰᠠᠢ᠌ᠲᠤᠷ ᠵᠠᠮᠨᠠᠬᠤ ᠬᠡᠷᠡᠭᠲᠡᠢ 》  ᠭᠡᠵᠦ ᠵᠢᠭ᠋ᠠᠵᠤ ᠭᠠᠷᠭ᠋ᠠᠪᠠ ᠃ 《ᠳᠦᠷᠢᠮ》᠎ᠢ ᠬᠡᠷᠡᠭᠵᠢᠭᠦᠯᠦᠭᠰᠡᠨ᠂ ᠵᠠᠰᠠᠭ᠎ᠤᠨ ᠣᠷᠳᠣᠨ᠂ ᠠᠵᠤ ᠠᠬᠤᠢ᠌ᠯᠠᠯ ᠪᠣᠯᠣᠨ ᠬᠤᠪᠢ ᠬᠥᠮᠥᠨ᠎ᠤ ᠤᠰᠤ ᠵᠢ ᠠᠷᠪᠢᠯᠠᠵᠤ ᠬᠡᠷᠡᠭᠯᠡᠬᠦ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠤᠰᠤ ᠵᠢ ᠠᠷᠪᠢᠯᠠᠵᠤ ᠬᠡᠷᠡᠭᠯᠡᠬᠦ ᠵᠢ ᠠᠬᠢᠭᠤᠯᠬᠤ ᠲᠦᠷᠦ ᠵᠢᠨ ᠪᠣᠳᠣᠯᠭ᠎ᠠ ᠳᠦᠷᠢᠮ᠎ᠢ ᠪᠦᠷᠢᠨᠰᠢᠭᠦᠯᠵᠦ ᠂ ᠤᠰᠤ ᠵᠢ ᠪᠦᠷᠢᠳᠬᠡᠨ ᠬᠡᠮᠵᠢᠬᠦ ᠰᠢᠰᠲ᠋ᠧᠮ᠎ᠢ ᠪᠡᠬᠢᠵᠢᠭᠦᠯᠵᠦ ᠂ ᠤᠰᠤ ᠵᠢ ᠠᠷᠪᠢᠯᠠᠵᠤ ᠬᠡᠷᠡᠭᠯᠡᠬᠦ ᠵᠢ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠪᠠᠢ᠌ᠭᠤᠯᠤᠭᠰᠠᠨ᠎ᠠᠴᠠ ᠪᠦᠬᠦ ᠨᠡᠢ᠌ᠭᠡᠮ᠎ᠤᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ  ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠠᠬᠢᠭᠤᠯᠬᠤ ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠪᠠᠲᠤ ᠪᠡᠬᠢ ᠬᠠᠤᠯᠢ ᠴᠠᠭ᠋ᠠᠵᠠ ᠵᠢᠨ ᠰᠠᠭᠤᠷᠢ ᠵᠢ ᠲᠠᠯᠪᠢᠵᠤ ᠥᠭᠬᠦ᠎ᠨᠢ ᠯᠠᠪᠲᠠᠢ ᠶᠤᠮ ᠃  

 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠨᠢᠭᠡ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠬᠣᠶᠠᠷ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠣᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠳᠤ ᠵᠠᠰᠠᠪᠤᠷᠢ ᠣᠷᠣᠭᠤᠯᠬᠤ ᠲᠥᠷᠦ ᠵᠢᠨ ᠪᠣᠳᠤᠯᠭ᠎ᠠ ᠵᠢᠨ ᠲᠠᠢ᠌ᠯᠤᠮᠵᠢ (ᠭᠤᠷᠪᠠ)
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠬᠡᠷᠬᠢᠨ ᠴᠢᠩᠭ᠋ᠠᠳᠬᠠᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ·ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠶ᠎ᠠ)
ᠵᠢᠷᠤᠭᠲᠤ ᠲᠠᠢ᠌ᠯᠤᠮᠵᠢ᠄ 《2024 ᠣᠨ᠎ᠤ ᠪᠦᠬᠦ ᠣᠷᠣᠨ᠎ᠤ 〈ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠢ ᠨᠢᠭᠡ ᠯᠠ ᠵᠢᠷᠤᠭ ᠵᠶ᠋ᠠᠷ ᠣᠢ᠌ᠯᠠᠭ᠋ᠠᠶ᠎ᠠ
 
            