ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠢᠡᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠠᠤᠯᠢ〉 ᠵᠢ ᠬᠡᠷᠡᠭᠵᠢᠭᠦᠯᠬᠦ ᠠᠷᠭ᠎ᠠ》 (ᠳᠣᠷᠣᠭᠰᠢ 《ᠠᠷᠭ᠎ᠠ》 ᠭᠡᠵᠦ ᠳᠥᠭᠥᠮᠴᠢᠯᠡᠨ᠎ᠡ) ᠵᠢ 7 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃
ᠣᠢ᠌ᠯᠠᠭ᠋ᠠᠭᠰᠠᠨ ᠵᠶ᠋ᠠᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠷᠭ᠎ᠠ》᠎ᠨᠢ ᠨᠡᠶ᠋ᠢᠲᠡ 31 ᠵᠦᠢ᠍ᠯ ᠪᠠᠢ᠌ᠵᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠵᠢᠨ ᠵᠢᠯᠤᠭᠣᠳᠬᠤ ᠦᠵᠡᠯ ᠰᠠᠨᠠᠭ᠎ᠠ᠂ ᠬᠡᠷᠡᠭ ᠰᠢᠢ᠍ᠳᠪᠦᠷᠢᠯᠡᠬᠦ ᠳᠠᠷᠠᠭ᠋ᠠᠯᠠᠯ ᠪᠠ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠵᠡᠢ᠃ ᠲᠣᠰ 《ᠠᠷᠭ᠎ᠠ》᠎ᠳᠤ ᠬᠠᠤᠯᠢ ᠴᠠᠭ᠋ᠠᠵᠠ ᠵᠢᠨ ᠭᠠᠵᠠᠷ᠎ᠤᠨ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠭᠤᠶᠤᠴᠢᠯᠠᠯ᠎ᠢ ᠣᠷᠣᠯᠠᠨ ᠭᠦᠢ᠍ᠴᠡᠳᠬᠡᠵᠦ ᠪᠠᠢ᠌ᠭ᠎ᠠ ᠣᠷᠣᠨ ᠨᠤᠲᠤᠭ᠎ᠤᠨ ᠦᠢ᠍ᠯᠡᠳᠦᠯᠭᠡ ᠵᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠣᠯᠭ᠋ᠠᠨ ᠳᠡᠭᠡᠭᠰᠢᠯᠡᠭᠦᠯᠵᠦ᠂ ᠠᠷᠠᠳ ᠣᠯᠠᠨ᠎ᠤ ᠣᠢ᠌ᠷ᠎ᠠ ᠬᠠᠪᠢ᠎ᠳᠠᠭᠠᠨ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠭᠤᠶᠤᠴᠢᠯᠠᠯ ᠳᠡᠪᠰᠢᠭᠦᠯᠬᠦ᠎ᠳᠤ ᠲᠥᠭᠦᠮ ᠦᠵᠡᠭᠦᠯᠭᠦ ᠵᠢᠨ ᠬᠠᠮᠲᠤ ᠭᠤᠶᠤᠴᠢᠯᠠᠯ ᠭᠠᠷᠭ᠋ᠠᠬᠤ᠂ ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠬᠡᠷᠡᠭ᠎ᠢ ᠰᠢᠭᠦᠬᠦ ᠵᠡᠷᠭᠡ ᠡᠯ᠎ᠡ ᠱᠠᠲᠤᠨ᠎ᠳᠤ ᠠᠷᠠᠳ᠎ᠲᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠵᠢ ᠲᠣᠬᠲᠠᠭ᠋ᠠᠪᠠ; ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠶᠠᠪᠤᠴᠠ᠎ᠳᠠᠬᠢ ᠡᠶᠡᠳᠡᠭᠦᠯᠭᠡ᠎ᠳᠤ ᠬᠠᠤᠯᠢ ᠶᠣᠰᠣᠨ᠎ᠤ ᠰᠠᠢ᠌ᠨ ᠳᠤᠷ᠎ᠠ ᠵᠢᠨ ᠪᠠᠢ᠌ᠬᠤ ᠵᠠᠷᠴᠢᠮ᠎ᠢ ᠵᠢᠷᠤᠮᠯᠠᠵᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠡᠷᠡᠭ᠎ᠢ ᠰᠢᠢ᠍ᠳᠪᠦᠷᠢᠯᠡᠬᠦ᠎ᠳᠤ ᠡᠯ᠎ᠡ ᠵᠠᠩᠭᠢᠯᠠᠭ᠎ᠠ ᠵᠢᠨ ᠪᠦᠭᠦ ᠶᠠᠪᠤᠴᠠ᠎ᠳᠤ ᠡᠶᠡᠳᠡᠭᠦᠯᠵᠦ ᠪᠤᠯᠬᠤ ᠪᠥᠭᠡᠳ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ ᠪᠠ ᠬᠠᠤᠯᠢ ᠴᠠᠭ᠋ᠠᠵᠠ ᠵᠢᠨ ᠡᠶᠡᠳᠡᠭᠦᠯᠭᠡ ᠵᠢᠨ ᠵᠣᠯᠭ᠋ᠠᠯᠳᠤᠨ ᠬᠠᠮᠵᠢᠯᠴᠠᠬᠤ ᠳᠠᠪᠠᠭᠤᠯᠢᠭ᠎ᠢ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠡᠶᠡᠳᠡᠭᠦᠯᠭᠡ ᠵᠢᠨ ᠬᠡᠷᠡᠭ ᠰᠢᠢ᠍ᠳᠪᠦᠷᠢᠯᠡᠬᠦ ᠦᠷ᠎ᠡ ᠪᠦᠲᠦᠮᠵᠢ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠵᠢᠨ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠤ ᠰᠡᠷᠭᠡᠢ᠌ᠯᠡᠯᠲᠡ ᠵᠢᠨ ᠬᠡᠷᠡᠮ ᠪᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ ᠭᠡᠵᠦ ᠲᠤᠲᠤᠷᠬᠠᠢ᠌ᠯᠠᠪᠠ; ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠡᠷᠡᠭ᠎ᠢ ᠭᠤᠶᠤᠴᠢᠯᠠᠬᠤ᠂ ᠭᠥᠯᠢᠶᠡᠨ ᠠᠪᠴᠤ ᠰᠢᠢ᠍ᠳᠪᠦᠷᠢᠯᠡᠬᠦ᠂ ᠰᠢᠭᠦᠨ ᠰᠢᠢ᠍ᠳᠪᠦᠷᠢᠯᠡᠬᠦ ᠵᠡᠷᠭᠡ ᠠᠯᠬᠤᠮ ᠳᠠᠷᠠᠭ᠋ᠠᠯᠠᠯ᠎ᠤᠨ ᠲᠣᠭᠲᠠᠭ᠋ᠠᠯ᠎ᠢ ᠨᠠᠷᠢᠯᠢᠭᠵᠢᠭᠤᠯᠵᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠪᠠᠢ᠌ᠴᠠᠭ᠋ᠠᠯᠲᠠ ᠬᠢᠵᠦ ᠭᠡᠷᠡᠴᠢ ᠠᠪᠬᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠠᠵᠢᠯᠲᠠᠨ ᠵᠠᠢ᠌ᠯᠠᠰᠬᠢᠬᠦ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠭᠡᠷᠡᠴᠢᠯᠡᠭᠡ ᠰᠣᠨᠣᠰᠬᠤ᠂ ᠭᠤᠶᠤᠴᠢᠯᠠᠬᠳᠠᠬ᠍ᠴᠢ ᠵᠢᠨ ᠬᠠᠷᠢᠭᠤᠴᠠᠯᠭ᠋ᠠᠲᠠᠨ ᠭᠡᠷᠡᠴᠢᠯᠡᠭᠡ ᠰᠣᠨᠣᠰᠬᠤ᠎ᠳᠤ ᠣᠷᠤᠯᠴᠠᠬᠤ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠡᠷᠡᠭ᠎ᠢ ᠰᠢᠭᠦᠬᠦ᠎ᠳᠤ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠵᠥᠪᠯᠡᠯ ᠵᠢᠡᠷ ᠰᠠᠨᠠᠯ ᠵᠥᠪᠯᠡᠯᠭᠡ ᠳᠤᠷᠠᠳᠤᠭᠤᠯᠬᠤ ᠪᠠᠢ᠌ᠳᠠᠯ ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠨᠥᠬᠥᠪᠦᠷᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠡᠷᠡᠭ᠎ᠤᠨ ᠲᠥᠪ ᠭᠣᠥᠯᠴᠢ ᠴᠢᠨᠠᠷ ᠪᠠ ᠡᠷᠬᠡ ᠰᠦᠷᠲᠦ ᠴᠢᠨᠠᠷ᠎ᠲᠤ ᠲᠠᠰ ᠳᠠᠷᠠᠭ᠋ᠠᠯᠠᠯ᠎ᠤᠨ ᠪᠠᠲᠤᠯᠠᠭ᠎ᠠ ᠬᠠᠩᠭ᠋ᠠᠵᠠᠢ᠃
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠷᠭ᠎ᠠ》᠎ᠳᠤ᠂ ᠭᠤᠶᠤᠴᠢᠯᠠᠭᠴᠢ᠂ ᠭᠤᠷᠪᠠᠳᠠᠭᠢ ᠬᠥᠮᠥᠨ᠎ᠨᠢ ᠭᠤᠶᠤᠴᠢᠯᠠᠬᠳᠠᠬ᠍ᠴᠢ ᠵᠢ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠲᠣᠭᠲᠠᠭ᠋ᠠᠯ᠎ᠤᠨ ᠪᠢᠴᠢᠭ᠂ ᠡᠶᠡᠳᠡᠭᠦᠯᠭᠡ ᠵᠢᠨ ᠪᠢᠴᠢᠭ᠎ᠢ ᠭᠦᠢ᠍ᠴᠡᠳᠬᠡᠭᠰᠡᠨ ᠦᠭᠡᠢ ᠪᠤᠶᠤ ᠪᠦᠭᠦ ᠲᠠᠯ᠎ᠠ᠎ᠪᠠᠷ ᠭᠦᠢ᠍ᠴᠡᠳᠬᠡᠭᠰᠡᠨ ᠦᠭᠡᠢ ᠭᠡᠵᠦ ᠦᠵᠡᠪᠡᠯ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠪᠠᠢ᠌ᠭᠤᠯᠭ᠎ᠠ᠎ᠳᠤ ᠵᠠᠷᠯᠢᠭᠳᠠᠨ ᠭᠦᠢ᠍ᠴᠡᠳᠬᠡᠭᠦᠯᠬᠦ ᠪᠢᠴᠢᠭ᠎ᠤᠨ ᠭᠤᠶᠤᠴᠢᠯᠠᠯ ᠭᠠᠷᠭ᠋ᠠᠵᠤ ᠪᠣᠯᠣᠨ᠎ᠠ ᠭᠡᠵᠦ ᠲᠣᠭᠲᠠᠭ᠋ᠠᠵᠠᠢ᠃ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠪᠠᠢ᠌ᠭᠤᠯᠭ᠎ᠠ ᠵᠢᠨ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠱᠠᠯᠠᠪᠳᠠᠭᠤᠯᠬᠤ ᠲᠠᠯ᠎ᠠ᠎ᠪᠠᠷ᠂ ᠲᠣᠰ 《ᠠᠷᠭ᠎ᠠ》 ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠪᠠᠢ᠌ᠭᠤᠯᠭ᠎ᠠ ᠵᠢᠨ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠂ ᠭᠤᠶᠤᠴᠢᠯᠠᠯ᠎ᠢ ᠨᠢᠴᠤᠭ᠋ᠠᠭᠰᠠᠨ ᠪᠤᠶᠤ ᠭᠥᠯᠢᠶᠡᠨ ᠠᠪᠴᠤ ᠰᠢᠢ᠍ᠳᠪᠦᠷᠢᠯᠡᠭᠰᠡᠨ᠎ᠤ ᠳᠠᠷᠠᠭ᠎ᠠ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠤᠭᠤᠴᠠᠭ᠎ᠠ᠎ᠠᠴᠠ ᠬᠡᠲᠦᠷᠡᠭᠰᠡᠨ ᠪᠠᠢ᠌ᠲᠠᠯ᠎ᠠ ᠬᠠᠷᠢᠭᠤ ᠥᠭᠬᠦ ᠦᠭᠡᠢ ᠵᠢᠴᠢ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠵᠢ ᠳᠣᠷᠭᠣᠨ ᠵᠣᠭᠰᠣᠭ᠋ᠠᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠵᠢ ᠭᠤᠶᠤᠴᠢᠯᠠᠭᠴᠢ᠂ ᠭᠤᠷᠪᠠᠳᠠᠭᠢ ᠬᠥᠮᠥᠨ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠪᠠᠢ᠌ᠭᠤᠯᠭ᠎ᠠ᠎ᠳᠤ ᠬᠢᠨᠠᠯᠲᠠ ᠲᠠᠯᠪᠢᠭᠤᠯᠬᠤ᠎ᠪᠠᠷ ᠭᠤᠶᠤᠴᠢᠯᠠᠵᠤ ᠪᠣᠯᠣᠨ᠎ᠠ᠃