ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠷᠠᠳ᠎ᠤᠨ ᠪᠠᠩᠬᠢ ᠵᠢᠨ ᠬᠠᠮᠤᠭ᠎ᠤᠨ ᠰᠢᠨ᠎ᠡ ᠨᠡᠢ᠌ᠲᠡᠯᠡᠯ ᠲᠥᠷᠥ ᠵᠢᠨ ᠪᠣᠳᠣᠯᠭ᠎ᠠ ᠵᠢᠨ ᠴᠢᠬᠤᠯᠠ ᠲᠣᠬᠢᠶ᠎ᠠ ᠳᠠᠮᠵᠢᠭᠤᠯᠪᠠ
ᠨᠡᠶ᠋ᠢᠲᠡᠯᠡᠭᠰᠡᠨ ᠴᠠᠭ᠄ 2025-02-17

      ᠠᠷᠠᠳ᠎ᠤᠨ ᠪᠠᠩᠬᠢ ᠵᠢᠨ ᠰᠦᠯᠵᠢᠶᠡᠨ ᠥᠷᠲᠡᠭᠡᠨ᠎ᠤ 2 ᠳ᠋ᠤᠭ᠋ᠠᠷ ᠰᠠᠷ᠎ᠠ ᠵᠢᠨ 13᠎ᠤ ᠡᠳᠦᠷ ᠨᠡᠶ᠋ᠢᠲᠡᠯᠡᠭᠰᠡᠨ 2024 ᠣᠨ᠎ᠤ ᠳᠥᠷᠪᠡᠳᠦᠭᠡᠷ ᠤᠯᠠᠷᠢᠯ᠎ᠳᠠᠬᠢ ᠳᠤᠮᠳᠠᠳᠤ ᠤᠯᠤᠰ᠎ᠤᠨ ᠵᠣᠭᠤᠰᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠮᠡᠳᠡᠭᠦᠯᠦᠯᠲᠡ᠎ᠳᠤ ᠳᠤᠷᠠᠳᠬᠤ᠎ᠳᠤ᠎ᠪᠠᠨ᠂  ᠵᠣᠬᠢᠰᠲᠠᠶ ᠮᠥᠷᠲᠡᠭᠡᠨ ᠠᠭᠤᠵᠢᠭᠤ ᠪᠠᠢ᠌ᠯᠭ᠋ᠠᠬᠤ ᠵᠣᠭᠤᠰᠣᠨ᠎ᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠦᠨ᠎ᠡ ᠭᠡᠵᠡᠢ᠃  ᠵᠣᠭᠣᠰᠣᠨ᠎ᠤ ᠲᠥᠷᠥ ᠵᠢᠨ ᠪᠣᠳᠣᠯᠭ᠎ᠠ ᠵᠢᠨ ᠣᠯᠠᠨ ᠪᠠᠭ᠋ᠠᠵᠢ ᠵᠢ ᠶᠡᠷᠦᠩᠬᠡᠶ᠋ᠢᠯᠡᠨ ᠬᠡᠷᠡᠭᠯᠡᠵᠦ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ ᠮᠥᠩᠭᠥᠨ ᠭᠦᠢ᠍ᠯᠭᠡᠭᠡᠨ᠎ᠤ ᠪᠠᠶ᠋ᠢᠳᠠᠯ ᠪᠠ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ᠂  ᠲᠣᠬᠢᠶᠠᠯ᠎ᠳᠤ ᠨᠡᠢ᠌ᠴᠡᠭᠦᠯᠦᠨ ᠲᠥᠷᠥ ᠵᠢᠨ ᠪᠣᠳᠣᠯᠭ᠎ᠠ ᠵᠢᠨ ᠡᠷᠴᠢᠮ ᠪᠠ ᠠᠶ᠋ᠢᠵᠠᠮ᠎ᠢ ᠲᠣᠬᠢᠷᠠᠭᠤᠯᠤᠨ ᠰᠢᠯᠢᠳᠡᠭᠵᠢᠭᠦᠯᠵᠦ᠂  ᠬᠥᠳᠡᠯᠦᠩᠭᠦᠶ ᠴᠢᠨᠠᠷ ᠵᠶ᠋ᠠᠷ ᠭᠦᠢ᠍ᠴᠡᠳ ᠪᠠᠶ᠋ᠢᠬᠤ ᠵᠢ ᠪᠠᠲᠤᠯᠠᠵᠤ᠂  ᠨᠡᠶ᠋ᠢᠭᠡᠮ᠎ᠤᠨ ᠪᠡᠯᠡ ᠲᠣᠬᠢᠷᠠᠭᠤᠯᠬᠤ ᠬᠡᠪᠴᠢᠶᠡᠵᠢᠯ᠂  ᠵᠣᠭᠣᠰᠣᠨ᠎ᠤ ᠬᠠᠩᠭ᠋ᠠᠯᠭ᠎ᠠ ᠵᠢᠨ ᠬᠡᠮᠵᠢᠶᠡᠨ᠎ᠤ ᠨᠡᠮᠡᠭᠳᠡᠯ᠎ᠢ ᠠᠵᠤ ᠠᠬᠤᠶ ᠵᠢᠨ ᠨᠡᠮᠡᠭᠳᠡᠯ᠂  ᠦᠨ᠎ᠡ ᠬᠠᠩᠰᠢ ᠵᠢᠨ ᠶᠡᠷᠦᠩᠬᠡᠶ ᠬᠢᠷᠢ ᠲᠦᠪᠰᠢᠨ᠎ᠤ ᠵᠢᠱ᠌ᠢᠭᠰᠡᠨ ᠬᠠᠷᠠᠯᠲᠠ᠎ᠯᠤᠭ᠎ᠠ ᠵᠣᠬᠢᠴᠠᠯᠳᠤᠭᠤᠯᠬᠤ ᠬᠡᠷᠡᠭᠲᠡᠶ᠃

      ᠴᠢᠬᠤᠯᠠ ᠠᠭᠤᠯᠭ᠎ᠠ᠎ᠨᠢ᠄

      ᠪᠠᠷᠠᠭ᠋ᠠᠨ᠎ᠤ ᠦᠨ᠎ᠡ ᠵᠢᠨ ᠵᠦᠢ ᠵᠣᠬᠢᠰᠲᠠᠢ᠎ᠪᠠᠷ ᠥᠰᠬᠦ ᠵᠢ ᠠᠬᠢᠭᠤᠯᠬᠤ ᠶᠠᠪᠤᠳᠠᠯ᠎ᠢ ᠵᠣᠭᠤᠰᠤᠨ᠎ᠤ ᠲᠦᠷᠦ ᠵᠢᠨ ᠪᠣᠳᠣᠯᠭ᠎ᠠ ᠵᠢ ᠡᠵᠡᠮᠰᠢᠬᠦ ᠵᠢᠨ ᠴᠢᠬᠤᠯᠠ ᠪᠣᠳᠣᠯᠬᠢᠯᠠᠯ ᠪᠣᠯᠭ᠋ᠠᠵᠤ᠂  ᠪᠠᠷᠠᠭ᠋ᠠᠨ᠎ᠤ ᠦᠨ᠎ᠡ ᠵᠢ ᠵᠦᠢ ᠵᠣᠬᠢᠰᠲᠠᠢ ᠬᠡᠮᠵᠢᠶᠡᠨ᠎ᠳᠤ ᠪᠠᠶ᠋ᠢᠯᠭ᠋ᠠᠬᠤ ᠵᠢ ᠠᠬᠢᠭᠤᠯᠤᠨ᠎ᠠ;

      ᠵᠣᠭᠣᠰᠤᠨ᠎ᠤ ᠲᠥᠷᠥ ᠵᠢᠨ ᠪᠣᠳᠣᠯᠭ᠎ᠠ ᠵᠢᠨ ᠳᠠᠮᠵᠢᠭᠤᠯᠬᠤ ᠲᠣᠭᠲᠠᠴᠠ ᠵᠢ ᠰᠢᠯᠤᠭᠤᠳᠬᠠᠨ᠂  ᠦᠯᠡᠳᠡᠭᠡᠯ ᠬᠢᠭᠡᠳ ᠨᠡᠮᠡᠭᠳᠡᠯ᠎ᠤᠨ ᠬᠠᠷᠢᠴᠠᠭ᠎ᠠ ᠵᠢ ᠨᠡᠩ ᠰᠠᠢ᠍ᠲᠤᠷ ᠡᠵᠡᠮᠰᠢᠵᠦ᠂  ᠮᠥᠩᠭᠥᠨ ᠭᠦᠢ᠍ᠯᠭᠡᠭᠡᠨ᠎ᠤ ᠦᠯᠡᠳᠡᠭᠡᠯ ᠡᠬᠢ ᠪᠠᠶᠠᠯᠢᠭ᠎ᠢ ᠰᠡᠷᠭᠦᠭᠡᠬᠦ ᠵᠢ ᠴᠢᠬᠤᠯᠠᠴᠢᠯᠠᠨ᠂  ᠪᠡᠯᠡ ᠮᠥᠩᠭᠥᠨ᠎ᠤ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ;

      ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠵᠢᠨ ᠪᠠ ᠰᠠᠭᠤᠭ᠋ᠠᠯᠢ ᠠᠷᠠᠳ᠎ᠤᠨ ᠵᠢᠭᠡᠯᠡᠯᠭᠡ ᠵᠢᠨ ᠥᠪᠡᠷ᠎ᠤᠨ ᠦᠷᠲᠡᠭ᠎ᠢ ᠪᠠᠭᠤᠷᠠᠭᠤᠯᠬᠤ ᠵᠢ ᠠᠬᠢᠭᠤᠯᠤᠨ᠎ᠠ;

      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂  ᠬᠡᠷᠡᠭᠯᠡᠭᠡ ᠵᠢ ᠠᠬᠢᠭᠤᠯᠬᠤ ᠮᠣᠩᠭᠦᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ;

      ᠭᠤᠪᠢᠭᠤᠯᠭ᠎ᠠ ᠵᠢᠨ ᠨᠣᠷᠮ᠎ᠠ᠎ᠳᠤ ᠬᠡᠳᠦ ᠲᠣᠬᠢᠷᠠᠭᠤᠯᠭ᠎ᠠ ᠬᠢᠬᠦ ᠵᠢᠨ ᠲᠦᠭᠰᠢᠭᠦᠷᠢ ᠵᠢ ᠡᠷᠡᠰ ᠰᠡᠷᠭᠡᠢ᠌ᠯᠡᠵᠦ᠂  ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠣᠷᠮ᠎ᠠ ᠵᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ᠎ᠳᠤ ᠦᠨᠳᠦᠰᠦᠨ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠨ᠎ᠠ᠃

ᠢᠷᠡᠯᠲᠡ᠄ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢᠨ᠎ᠡ ᠨᠢᠭᠡᠨ ᠵᠢᠯ᠎ᠳᠤ ᠠᠷᠠᠳ᠎ᠤᠨ ᠠᠮᠢᠳᠤᠷᠠᠯ᠎ᠤᠨ ᠡᠳᠡᠭᠡᠷ ᠶᠡᠬᠡ ᠶᠠᠪᠤᠳᠠᠯ᠎ᠤᠳ ᠲᠠᠨ᠎ᠲᠠᠢ ᠬᠣᠯᠪᠣᠭᠳᠠᠨ᠎ᠠ
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠣᠢ᠌ᠷ᠎ᠠ᠎ᠳᠤ 2025 ᠣᠨ᠎ᠤ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ᠎ᠪᠠᠷ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢ 50 ᠳ᠋ᠦᠩᠰᠢᠭᠤᠷ ᠲᠥᠭᠥᠷᠢᠭ ᠪᠠᠭᠤᠯᠭ᠋ᠠᠪᠠ
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠣᠢ᠌ᠷ᠎ᠠ᠎ᠳᠤ 2025 ᠣᠨ᠎ᠤ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ᠎ᠪᠠᠷ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢ 50 ᠳ᠋ᠦᠩᠰᠢᠭᠤᠷ ᠲᠥᠭᠥᠷᠢᠭ ᠪᠠᠭᠤᠯᠭ᠋ᠠᠪᠠ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶᠠᠷᠤᠯᠲᠠ ᠵᠢᠨ ᠠᠷᠭ᠎ᠠ
 
            