ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-06-28

      ᠨᠢᠭᠡ᠂  ᠲᠥᠷᠥ ᠵᠢᠨ ᠪᠣᠳᠣᠯᠭ᠎ᠠ ᠵᠢᠨ ᠲᠡᠦᠬᠡᠲᠦ ᠠᠬᠤᠢ

      2022 ᠣᠨ᠎ᠳᠤ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠳᠣᠷᠣᠭᠰᠢ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》  ᠭᠡᠵᠦ ᠲᠣᠪᠴᠢᠯᠠᠪᠠ)᠎ᠢ ᠨᠡᠢ᠌ᠲᠡᠯᠡᠭᠰᠡᠨ᠎ᠤ ᠳᠠᠷᠠᠭ᠎ᠠ᠂  ᠮᠠᠨ᠎ᠤ ᠣᠷᠣᠨ᠎ᠢ ᠤᠳᠤᠷᠢᠳᠤᠨ ᠳᠠᠭ᠋ᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠭᠤᠯᠤᠭ᠋ᠠᠳ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠭᠦᠢ᠍ᠴᠡᠳ ᠨᠤᠲᠠᠯᠠᠯᠲᠠ ᠵᠢ ᠣᠯᠵᠠᠢ ᠃ ᠡᠭᠦᠨ᠎ᠤ ᠬᠠᠮᠲᠤ᠂  ᠨᠠᠮ᠎ᠤᠨ ᠲᠥᠪ ᠬᠣᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠤ ᠰᠢᠨ᠎ᠡ ᠱᠠᠭ᠋ᠠᠷᠳᠠᠯᠭ᠎ᠠ ᠳᠤᠷᠠᠳᠴᠤ᠂  ᠮᠠᠨ᠎ᠤ ᠣᠷᠣᠨ᠎ᠤ ᠠᠵᠢᠯ᠎ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ᠎ᠤᠳ᠎ᠢ ᠳ᠋ᠦᠩᠨᠡᠨ᠂  ᠵᠠᠷᠢᠮ ᠰᠢᠨ᠎ᠡ ᠠᠰᠠᠭᠤᠳᠠᠯ᠎ᠤᠳ᠎ᠢ ᠢᠯᠡᠷᠡᠭᠦᠯᠦᠭᠰᠡᠨ ᠪᠠᠢ᠌ᠨ᠎ᠠ ᠃ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂  ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《  ᠤᠷᠢᠳ ᠵᠶ᠋ᠠᠷ ᠪᠣᠰᠬᠠᠵᠤ ᠳᠠᠷᠠᠭ᠎ᠠ᠎ᠨᠢ ᠰᠢᠪᠲᠤᠯᠬᠤ》  ᠵᠠᠷᠴᠢᠮ ᠶᠣᠰᠣᠭ᠋ᠠᠷ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》  ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠭ᠋ᠠᠳ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠢ ᠰᠢᠨᠡᠳᠬᠡᠨ ᠲᠡᠭᠦᠯᠳᠡᠷᠵᠢᠭᠦᠯᠵᠦ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠰᠠᠭᠤᠷᠢ ᠪᠣᠯᠭ᠋ᠠᠨ᠂ 《ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — ᠦᠢ᠍ᠯᠡᠴᠢᠯᠡᠬᠦ — ᠡᠵᠡᠩᠨᠡᠨ ᠪᠣᠷᠣᠯᠠᠭᠤᠯᠬᠤ》  ᠪᠥᠬᠦ ᠬᠡᠯᠬᠢᠶ᠎ᠡ ᠵᠢ ᠨᠠᠪᠲᠠᠷᠡᠭᠦᠯᠵᠦ᠂ ᠲᠠᠷᠢᠶᠠᠯᠠᠩ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠵᠢᠨ ᠶᠡᠬᠡ ᠬᠤᠪᠢᠰᠤᠯᠲᠠ ᠵᠢ ᠠᠬᠢᠭᠤᠯᠵᠠᠢ᠃

      ᠬᠣᠶᠠᠷ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ᠎ᠲᠠᠢ ᠪᠤᠢ ?

      《ᠮᠡᠳᠡᠭᠳᠡᠯ》᠎ᠳᠤ 11 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠣᠭ᠎ᠠ ᠵᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠵᠤ᠂  ᠭᠣᠣᠯᠳᠠᠭᠤ ᠲᠥᠷᠥ ᠵᠢᠨ ᠪᠣᠳᠣᠯᠭ᠎ᠠ ᠵᠢᠨ ᠲᠥᠰᠥᠪᠯᠡᠯ᠎ᠤᠨ ᠲᠠᠯ᠎ᠠ᠎ᠪᠠᠷ ᠰᠢᠯᠢᠳᠡᠭᠵᠢᠭᠦᠯᠪᠡ ᠃ ᠨᠢᠭᠡ᠎ᠳᠤ ᠦᠨᠡᠯᠡᠨ ᠵᠢᠱ᠌ᠢᠯᠲᠡ᠎ᠳᠤ ᠣᠷᠣᠰᠢᠵᠤ ᠪᠠᠢ᠌ᠭ᠎ᠠ 30 ᠵᠦᠢ᠍ᠯ᠎ᠤᠨ ᠠᠰᠠᠭᠤᠳᠠᠯ᠎ᠢ ᠦᠨᠳᠦᠰᠦᠯᠡᠨ᠂ 34 ᠵᠦᠢ᠍ᠯ᠎ᠤᠨ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠵᠢ ᠨᠡᠮᠡᠪᠡ ᠃ ᠬᠣᠶᠠᠷ᠎ᠲᠤ ᠡᠯ᠎ᠡ ᠭᠠᠵᠠᠷ᠎ᠤᠨ ᠨᠡᠢ᠌ᠲᠡᠯᠢᠭ ᠲᠤᠷᠰᠢᠯᠭ᠎ᠠ᠎ᠨᠤᠭᠤᠳ᠎ᠲᠠᠢ ᠤᠶᠠᠯᠳᠤᠭᠤᠯᠤᠨ᠂  ᠠᠵᠢᠯ ᠬᠦᠳᠡᠯᠮᠦᠷᠢ᠎ᠪᠠᠷ  ᠲᠡᠳᠬᠦᠮᠵᠢ ᠵᠢ ᠣᠷᠣᠯᠠᠭᠤᠯᠬᠤ᠂ ᠪᠠᠶ᠋ᠢᠭᠤᠯᠬᠤ ᠬᠠᠮᠢᠶᠠᠷᠬᠤ ᠡᠵᠡᠩᠨᠡᠬᠦ ᠵᠢ ᠨᠢᠭᠡ ᠴᠣᠭᠴᠠᠵᠢᠭᠤᠯᠬᠤ ᠵᠡᠷᠭᠡ ᠨᠡᠢ᠌ᠲᠡᠯᠢᠭ ᠵᠠᠭᠪᠤᠷ᠎ᠤᠳ᠎ᠤᠨ ᠣᠯᠠᠰᠢᠷᠠᠬᠤ ᠵᠢ ᠠᠬᠢᠭᠤᠯᠪᠠ ᠃ ᠭᠤᠷᠪᠠ᠎ᠳᠤ ᠲᠥᠷᠥ ᠵᠢᠨ ᠪᠣᠳᠣᠯᠭ᠎ᠠ ᠵᠢᠨ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠦᠨ᠂  ᠣᠲᠣ ᠵᠢᠨ ᠬᠡᠷᠡᠭᠵᠢᠭᠦᠯᠵᠦ ᠪᠠᠢ᠌ᠭ᠎ᠠ ᠪᠢᠴᠢᠭ ᠮᠠᠲ᠋ᠧᠷᠢᠶᠠᠯ᠎ᠳᠠᠬᠢ ᠬᠣᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠬᠦᠯᠢᠶᠡᠬᠦ ᠵᠢ ᠴᠠᠭ᠋ᠠᠵᠠᠯᠠᠬᠤ ᠵᠡᠷᠭᠡ ᠬᠣᠶᠠᠷ ᠵᠦᠢ᠍ᠯ᠎ᠤᠨ ᠠᠷᠭ᠎ᠠ ᠬᠡᠮᠵᠢᠶ᠎ᠡ ᠵᠢ ᠬᠠᠰᠤᠵᠤ᠂  ᠬᠡᠰᠡᠭ ᠬᠠᠷᠢᠭᠤᠴᠠᠬᠤ ᠨᠢᠭᠡᠴᠢ ᠵᠢ ᠲᠣᠬᠢᠷᠠᠭᠤᠯᠪᠠ᠃

      ᠭᠤᠷᠪᠠ᠂  ᠭᠣᠣᠯ ᠠᠭᠤᠯᠭ᠎ᠠ

      《ᠮᠡᠳᠡᠭᠳᠡᠯ》᠎ᠳᠤ ᠨᠡᠶ᠋ᠢᠲᠡ ᠠᠷᠪᠠᠨ ᠨᠢᠭᠡᠨ ᠲᠠᠯ᠎ᠠ ᠵᠢ ᠪᠠᠭᠲᠠᠭ᠋ᠠᠵᠤ᠂ 《ᠳᠥᠷᠪᠡ ᠵᠢ ᠲᠣᠭᠲᠠᠭ᠋ᠠᠬᠤ ᠳᠥᠷᠪᠡ ᠵᠢ ᠠᠳᠬᠤᠬᠤ ᠭᠤᠷᠪᠠ ᠵᠢ ᠪᠠᠲᠤᠯᠠᠬᠤ》 ᠵᠢ ᠢᠯᠡᠷᠡᠭᠦᠯᠪᠡ ᠃ 《ᠳᠥᠷᠪᠡ ᠵᠢ ᠲᠣᠭᠲᠠᠭ᠋ᠠᠬᠤ》  ᠪᠣᠯ 《ᠪᠠᠷᠢᠮᠵᠢᠶ᠎ᠠ ᠵᠢ ᠲᠣᠭᠲᠠᠭ᠋ᠠᠬᠤ᠂  ᠵᠠᠭᠪᠤᠷ᠎ᠢ ᠲᠣᠭᠲᠠᠭ᠋ᠠᠬᠤ᠂  ᠬᠠᠷᠢᠭᠤᠴᠠᠯᠭ᠎ᠠ ᠵᠢ ᠲᠣᠭᠲᠠᠭ᠋ᠠᠬᠤ᠂  ᠱᠠᠩᠨᠠᠯ᠎ᠢ ᠲᠣᠭᠲᠠᠭ᠋ᠠᠬᠤ》᠂ 《ᠳᠥᠷᠪᠡ ᠵᠢ ᠠᠳᠬᠤᠬᠤ》  ᠪᠣᠯ 《ᠲᠥᠰᠥᠪᠯᠡᠯ᠎ᠢ ᠠᠳᠬᠤᠬᠤ᠂  ᠳᠠᠭ᠋ᠠᠭ᠋ᠠᠴᠢᠯᠠᠯᠲᠠ ᠵᠠᠷᠯᠠᠬᠤ ᠵᠢ ᠠᠳᠬᠤᠬᠤ᠂  ᠰᠢᠯᠭ᠋ᠠᠨ ᠠᠪᠬᠤ ᠵᠢ ᠠᠳᠬᠤᠬᠤ᠂ ᠬᠠᠮᠢᠶᠠᠷᠤᠨ ᠬᠠᠮᠠᠭ᠋ᠠᠯᠠᠬᠤ ᠵᠢ ᠠᠳᠬᠤᠬᠤ》᠂ 《ᠭᠤᠷᠪᠠ ᠵᠢ ᠪᠠᠲᠤᠯᠠᠬᠤ》  ᠪᠣᠯ 《ᠪᠡᠯᠡ ᠮᠥᠩᠭᠥᠨ᠎ᠤ ᠪᠠᠲᠤᠯᠠᠭ᠎ᠠ᠂  ᠶᠠᠰᠤ ᠴᠢᠨᠠᠷ᠎ᠤᠨ ᠪᠠᠲᠤᠯᠠᠭ᠎ᠠ᠂  ᠲᠣᠭᠲᠠᠴᠠ ᠵᠢᠨ ᠪᠠᠲᠤᠯᠠᠭ᠎ᠠ》  ᠪᠣᠯᠣᠨ᠎ᠠ᠃

      (ᠨᠢᠭᠡ)  ᠳᠥᠷᠪᠡ ᠵᠢ ᠲᠣᠭᠲᠠᠭ᠋ᠠᠬᠤ᠃ ᠨᠢᠭᠡ᠎ᠳᠤ ᠪᠠᠷᠢᠮᠵᠢᠶ᠎ᠠ ᠵᠢ ᠲᠣᠭᠲᠠᠭ᠋ᠠᠬᠤ᠂  ᠲᠤᠬᠠᠢ᠌ᠯᠠᠪᠠᠯ 《ᠨᠥᠬᠥᠪᠦᠷᠢ ᠥᠭᠬᠦ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠵᠤ》᠂  ᠨᠢᠭᠡᠳᠦᠯᠲᠡᠢ ᠲᠥᠯᠥᠪᠯᠡᠬᠦ ᠪᠡᠯᠡ ᠮᠥᠩᠭᠥᠨ᠎ᠤ ᠠᠷᠭ᠎ᠠ ᠵᠠᠮ᠎ᠢ ᠲᠣᠳᠣᠷᠬᠠᠢ᠌ᠯᠠᠨ᠂  ᠬᠤᠲᠠ ᠰᠢᠶᠠᠨ᠎ᠤ ᠢᠵᠢ ᠲᠥᠬᠥᠷ ᠬᠠᠷᠢᠭᠤᠴᠠᠯᠭ᠎ᠠ ᠵᠢ ᠬᠦᠴᠦᠨ ᠦᠭᠡᠢ ᠪᠣᠯᠭ᠋ᠠᠵᠤ᠂  ᠵᠦᠷᠢᠶᠡᠴᠢᠯᠡᠭᠰᠡᠨ ᠨᠥᠬᠥᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠵᠢ ᠬᠡᠷᠡᠭᠵᠢᠭᠦᠯᠦᠨ᠂  ᠲᠠᠷᠢᠶᠠᠯᠠᠩ᠎ᠳᠤ ᠬᠣᠯᠪᠣᠭᠳᠠᠬᠤ ᠪᠡᠯᠡ ᠮᠥᠩᠭᠥ ᠪᠠ ᠨᠡᠢ᠌ᠭᠡᠮ᠎ᠤᠨ ᠬᠥᠷᠥᠩᠭᠡ ᠵᠢ ᠨᠡᠢ᠌ᠯᠡᠭᠦᠯᠦᠨ᠎ᠡ ᠃ ᠬᠣᠶᠠᠷ᠎ᠲᠤ ᠵᠠᠭᠪᠤᠷ᠎ᠢ ᠲᠣᠭᠲᠠᠭ᠋ᠠᠬᠤ᠂  ᠲᠤᠬᠠᠢ᠌ᠯᠠᠪᠠᠯ 《ᠨᠡᠮᠡᠭᠳᠡᠯ ᠭᠠᠵᠠᠷ᠎ᠤᠨ ᠳᠠᠯᠳᠠ ᠬᠦᠴᠦᠨ᠎ᠢ ᠠᠭᠤᠳᠠᠯᠵᠤ》᠂ 《ᠭᠤᠷᠪᠠ ᠵᠢ ᠬᠦᠴᠦᠨ ᠦᠭᠡᠢ ᠪᠣᠯᠭ᠋ᠠᠬᠤ ᠲᠠᠪᠤ ᠵᠢ ᠨᠢᠭᠡᠳᠬᠡᠬᠦ ᠨᠢᠭᠡ ᠵᠢ ᠰᠢᠨᠡᠳᠬᠡᠬᠦ》  ᠪᠦᠲᠦᠭᠡᠨ ᠪᠠᠢ᠌ᠭᠤᠯᠤᠯᠲᠠ ᠵᠢᠨ ᠵᠠᠭᠪᠤᠷ᠎ᠢ ᠲᠣᠳᠣᠷᠬᠠᠢ ᠳᠡᠯᠭᠡᠷᠡᠭᠦᠯᠦᠨ᠂ 《ᠪᠠᠭ᠎ᠠ ᠲᠠᠷᠢᠶ᠎ᠠ ᠵᠢ ᠶᠡᠬᠡ ᠲᠠᠷᠢᠶ᠎ᠠ ᠪᠣᠯᠭ᠋ᠠᠬᠤ》 ᠵᠢ ᠪᠡᠶᠡᠯᠡᠭᠦᠯᠦᠨ᠎ᠡ ᠃ ᠭᠤᠷᠪᠠ᠎ᠳᠤ ᠬᠠᠷᠢᠭᠤᠴᠠᠯᠭ᠎ᠠ ᠵᠢ ᠲᠣᠭᠲᠠᠭ᠋ᠠᠬᠤ᠂  ᠲᠤᠬᠠᠢ᠌ᠯᠠᠪᠠᠯ 《ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ》᠂  ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠭᠣᠣᠯ ᠴᠣᠭᠴᠠ ᠪᠣᠯᠭ᠋ᠠᠬᠤ ᠵᠢ ᠲᠣᠳᠣᠷᠬᠠᠢ᠌ᠯᠠᠨ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠠᠵᠢᠯ ᠲᠥᠷᠥᠯ᠎ᠢ ᠬᠢᠨᠠᠨ ᠬᠠᠮᠢᠶᠠᠷᠴᠤ᠂  ᠣᠯᠠᠨ ᠲᠦᠮᠡᠨ᠎ᠢ ᠤᠳᠤᠷᠢᠳᠤᠨ ᠵᠢᠯᠤᠭᠣᠳᠴᠤ ᠣᠷᠣᠯᠴᠠᠭᠤᠯᠤᠨ᠎ᠠ᠃ ᠳᠥᠷᠪᠡ᠎ᠳᠤ ᠱᠠᠩᠨᠠᠯ᠎ᠢ ᠲᠣᠭᠲᠠᠭ᠋ᠠᠬᠤ᠂  ᠲᠤᠬᠠᠢ᠌ᠯᠠᠪᠠᠯ 《ᠱᠠᠩᠨᠠᠬᠤ ᠲᠣᠭᠲᠠᠴᠠ ᠵᠢ ᠪᠠᠢ᠌ᠭᠤᠯᠵᠤ》᠂  ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠵᠢᠯ ᠪᠦᠷᠢ 2000 ᠲᠦᠮᠡᠨ ᠲᠥᠭᠥᠷᠢᠭ ᠲᠣᠬᠢᠷᠠᠭᠤᠯᠤᠨ᠂  ᠪᠦᠲᠦᠭᠡᠨ ᠪᠠᠢ᠌ᠭᠤᠯᠤᠭᠰᠠᠨ ᠦᠷ᠎ᠡ ᠪᠦᠲᠦᠮᠵᠢ᠎ᠪᠠᠷ ᠰᠠᠢ᠌ᠨ ᠬᠣᠰᠢᠭᠤ ᠰᠢᠶᠠᠨ ᠪᠠ ᠬᠠᠮᠢᠶᠠᠷᠴᠤ ᠬᠠᠮᠠᠭ᠋ᠠᠯᠠᠭᠰᠠᠨ ᠦᠷ᠎ᠡ ᠪᠦᠲᠦᠮᠵᠢ᠎ᠪᠠᠷ ᠰᠠᠢ᠌ᠨ ᠭᠠᠴᠠᠭ᠎ᠠ ᠲᠣᠰᠬᠤᠨ᠎ᠤ ᠬᠠᠮᠲᠤ ᠨᠡᠶ᠋ᠢᠲᠡ ᠵᠢ ᠱᠠᠩᠨᠠᠨ᠎ᠠ᠃

      (ᠬᠣᠶᠠᠷ)  ᠳᠥᠷᠪᠡ ᠵᠢ ᠠᠳᠬᠤᠬᠤ᠃ ᠨᠢᠭᠡ᠎ᠳᠤ ᠲᠥᠰᠥᠪᠯᠡᠯ᠎ᠢ ᠠᠳᠬᠤᠬᠤ᠂  ᠲᠤᠬᠠᠢ᠌ᠯᠠᠪᠠᠯ 《ᠡᠮᠦᠨᠡᠬᠢ ᠬᠤᠭᠤᠴᠠᠭ᠋ᠠᠨ᠎ᠤ ᠠᠵᠢᠯ᠎ᠢ ᠰᠢᠯᠢᠳᠡᠭᠵᠢᠭᠦᠯᠵᠦ》᠂  ᠤᠷᠢᠳ ᠵᠶ᠋ᠠᠷ ᠪᠦᠲᠦᠭᠡᠨ ᠪᠠᠶ᠋ᠢᠭᠤᠯᠬᠤ ᠳᠠᠷᠠᠭ᠋ᠠᠯᠠᠯ᠎ᠢ ᠲᠣᠳᠣᠷᠬᠠᠢ᠌ᠯᠠᠨ᠂  ᠤᠷᠢᠳᠴᠢᠯᠠᠨ ᠲᠥᠰᠥᠪᠯᠡᠬᠦ ᠵᠢ ᠠᠬᠢᠭᠤᠯᠵᠤ᠂ 《ᠤᠰᠤ ᠠᠷᠪᠢᠯᠠᠬᠤ ᠵᠢ ᠤᠷᠢᠳ ᠵᠶ᠋ᠠᠷ

ᠪᠣᠳᠣᠯᠬᠢᠯᠠᠬᠤ》 ᠵᠢ ᠪᠠᠷᠢᠮᠲᠠᠯᠠᠵᠤ᠂  ᠵᠥᠪᠰᠢᠶᠡᠷᠡᠯ᠎ᠢ ᠬᠢᠨᠠᠨ ᠵᠥᠪᠰᠢᠶᠡᠷᠡᠬᠦ ᠰᠠᠭ᠋ᠠᠳ ᠦᠭᠡᠢ ᠨᠡᠪᠲᠡᠷᠡᠯ᠎ᠢ ᠨᠡᠭᠡᠭᠡᠵᠦ᠂  ᠭᠠᠵᠠᠷ ᠰᠣᠩᠭᠣᠬᠤ  ᠲᠥᠰᠥᠪᠯᠡᠯ᠎ᠢ ᠲᠣᠰᠬᠤᠨ᠎ᠤ ᠠᠷᠠᠳ᠎ᠤᠨ ᠬᠤᠷᠠᠯ ᠵᠶ᠋ᠠᠷ ᠬᠢᠨᠠᠨ ᠲᠣᠭᠲᠠᠭ᠋ᠠᠯᠭ᠋ᠠᠬᠤ ᠵᠢ ᠱᠠᠭ᠋ᠠᠷᠳᠠᠨ᠎ᠠ᠃ ᠬᠣᠶᠠᠷ᠎ᠲᠤ ᠳᠠᠭ᠋ᠠᠭ᠋ᠠᠴᠢᠯᠠᠯᠲᠠ ᠵᠠᠷᠯᠠᠬᠤ ᠵᠢ ᠠᠳᠬᠤᠬᠤ᠂  ᠲᠤᠬᠠᠢ᠌ᠯᠠᠪᠠᠯ 《ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠵᠤ》᠂  ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠢᠨ ᠬᠡᠰᠡᠭ᠎ᠤᠨ ᠳᠣᠣᠷᠠᠳᠤ ᠬᠢᠵᠠᠭ᠋ᠠᠷ᠎ᠢ ᠲᠣᠳᠣᠷᠬᠠᠢ᠌ᠯᠠᠨ᠂  ᠡᠯᠧᠺᠲᠷᠣᠨ ᠳᠠᠭ᠋ᠠᠭ᠋ᠠᠴᠢᠯᠠᠯᠲᠠ ᠵᠠᠷᠯᠠᠬᠤ᠂ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭ᠋ᠠᠭ᠋ᠠᠴᠢᠯᠠᠯᠲᠠ ᠵᠠᠷᠯᠠᠬᠤ ᠵᠢ ᠬᠡᠷᠡᠭᠵᠢᠭᠦᠯᠵᠦ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠲᠤ ᠴᠣᠬᠢᠯᠲᠠ ᠥᠭᠭᠦᠨ᠎ᠡ ᠃ ᠭᠤᠷᠪᠠ᠎ᠳᠤ ᠰᠢᠯᠭ᠋ᠠᠨ ᠠᠪᠬᠤ ᠵᠢ ᠠᠳᠬᠤᠬᠤ᠂  ᠲᠤᠬᠠᠢ᠌ᠯᠠᠪᠠᠯ 《ᠰᠢᠯᠭ᠋ᠠᠨ ᠠᠪᠴᠤ ᠬᠥᠮᠥᠷᠭᠡᠯᠡᠬᠦ ᠵᠢ ᠵᠢᠷᠤᠮᠵᠢᠭᠤᠯᠵᠤ》᠂  ᠡᠯ᠎ᠡ ᠱᠠᠲᠤᠨ᠎ᠤ ᠰᠢᠯᠭ᠋ᠠᠨ ᠠᠪᠬᠤ ᠬᠠᠷᠢᠴᠠᠯ᠎ᠢ ᠨᠡᠮᠡᠭᠳᠡᠭᠦᠯᠦᠨ᠂  ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂  ᠬᠢᠷᠢ ᠲᠡᠩᠴᠡᠬᠦ ᠦᠭᠡᠢ ᠵᠢ᠎ᠨᠢ ᠬᠣᠰᠢᠭᠤ ᠰᠢᠶᠠᠨ ᠥᠪᠡᠷ ᠵᠶ᠋ᠠᠨ ᠨᠥᠬᠥᠵᠦ ᠪᠠᠢ᠌ᠭᠤᠯᠤᠨ᠎ᠠ ᠃ ᠳᠥᠷᠪᠡ᠎ᠳᠤ ᠬᠠᠮᠢᠶᠠᠷᠴᠤ ᠬᠠᠮᠠᠭ᠋ᠠᠯᠠᠬᠤ ᠵᠢ ᠠᠳᠬᠤᠬᠤ᠂  ᠲᠤᠬᠠᠢ᠌ᠯᠠᠪᠠᠯ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ ᠵᠢ ᠲᠣᠳᠣᠷᠬᠠᠢ᠌ᠯᠠᠵᠤ᠂ 《ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭ᠋ᠠᠯᠠᠨ》᠂  ᠬᠠᠮᠢᠶᠠᠷᠴᠤ ᠬᠠᠮᠠᠭ᠋ᠠᠯᠠᠬᠤ ᠪᠡᠯᠡ ᠮᠥᠩᠭᠥ ᠵᠢ ᠣᠯᠠᠨ ᠬᠡᠯᠪᠡᠷᠢ᠎ᠪᠠᠷ ᠴᠤᠭᠯᠠᠭᠤᠯᠵᠤ᠂  ᠬᠤᠳᠳᠤᠭ᠎ᠤᠨ ᠳᠠᠷᠤᠭ᠎ᠠ ᠵᠢᠨ ᠳᠦᠷᠢᠮ᠂  ᠲᠠᠷᠢᠶᠠᠨ ᠭᠠᠵᠠᠷ᠎ᠤᠨ ᠳᠠᠷᠤᠭ᠎ᠠ ᠵᠢᠨ ᠳᠦᠷᠢᠮ᠂  ᠴᠠᠬᠢᠯᠭ᠋ᠠᠨ ᠬᠦᠴᠦᠨ᠎ᠤ ᠪᠡᠯᠡᠳᠬᠡᠮᠵᠢ ᠵᠢ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠬᠤ ᠵᠡᠷᠭᠡ ᠬᠠᠮᠢᠶᠠᠷᠴᠤ ᠬᠠᠮᠠᠭ᠋ᠠᠯᠠᠬᠤ ᠵᠠᠭᠪᠤᠷ᠎ᠤᠳ᠎ᠢ ᠳᠡᠯᠭᠡᠷᠡᠭᠦᠯᠦᠨ᠎ᠡ᠃

      (ᠭᠤᠷᠪᠠ)  ᠭᠤᠷᠪᠠᠨ ᠪᠠᠲᠤᠯᠠᠭ᠎ᠠ ᠃ ᠨᠢᠭᠡ᠎ᠳᠤ ᠪᠡᠯᠡ ᠮᠥᠩᠭᠥᠨ᠎ᠤ ᠪᠠᠲᠤᠯᠠᠭ᠎ᠠ᠂  ᠳᠠᠷᠤᠢ 《ᠪᠡᠯᠡ ᠮᠥᠩᠭᠥᠨ᠎ᠤ ᠬᠠᠮᠢᠶᠠᠷᠤᠯᠲᠠ ᠵᠢ ᠴᠢᠩᠭ᠋ᠠᠳᠬᠠᠵᠤ》᠂  ᠲᠥᠰᠥᠯ᠎ᠤᠨ ᠪᠡᠯᠡ ᠣᠷᠣᠭᠤᠯᠤᠯᠲᠠ ᠵᠢ 《ᠨᠢᠭᠡ ᠭᠠᠵᠠᠷ᠎ᠢ ᠨᠢᠭᠡ ᠵᠥᠪᠯᠡᠵᠦ》᠂  ᠠᠷᠭ᠎ᠠ ᠬᠡᠮᠵᠢᠶᠡᠨ᠎ᠤ ᠲᠣᠬᠢᠷᠠᠭᠤᠯᠤᠯᠲᠠ᠎ᠳᠤ 《ᠶᠠᠭᠤ ᠳᠤᠲᠠᠪᠠᠯ ᠶᠠᠭᠤ ᠵᠢ ᠨᠥᠬᠥᠪᠦᠷᠢᠯᠡᠵᠦ》᠂  ᠲᠤᠰᠠᠭ᠋ᠠᠷ ᠵᠠᠷᠤᠳᠠᠯ᠎ᠤᠨ ᠳᠡᠭᠡᠳᠦ ᠬᠢᠵᠠᠭ᠋ᠠᠷ᠎ᠢ ᠴᠢᠩᠭ᠎ᠠ ᠡᠵᠡᠮᠳᠡᠨ᠂  ᠠᠬᠢᠴᠠ ᠵᠢᠨ ᠶᠣᠰᠣᠭ᠋ᠠᠷ ᠪᠠᠷᠢᠯᠭ᠎ᠠ ᠵᠢᠨ ᠵᠣᠭᠣᠰ᠎ᠢ ᠱᠠᠲᠤ ᠬᠤᠪᠢᠶᠠᠨ ᠥᠭᠭᠦᠨ᠎ᠡ᠃ ᠬᠣᠶᠠᠷ᠎ᠲᠤ ᠶᠠᠰᠤ ᠴᠢᠨᠠᠷ᠎ᠤᠨ ᠪᠠᠲᠤᠯᠠᠭ᠎ᠠ᠂  ᠲᠤᠬᠠᠢ᠌ᠯᠠᠪᠠᠯ 《ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠠᠲᠤᠯᠠᠵᠤ》᠂  ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠂  ᠠᠵᠢᠯ ᠲᠥᠷᠥᠯ᠎ᠤᠨ ᠥᠪᠡᠷ᠎ᠤᠨ ᠱᠠᠭ᠋ᠠᠷᠳᠠᠯᠭ᠎ᠠ ᠪᠠ ᠣᠯᠠᠨ ᠲᠦᠮᠡᠨ᠎ᠤ ᠬᠢᠨᠠᠯᠲᠠ ᠲᠠᠯᠪᠢᠯᠲᠠ᠎ᠪᠠᠷ ᠳᠠᠮᠵᠢᠭᠤᠯᠤᠨ 《ᠨᠢᠭᠡ ᠵᠢ ᠪᠠᠢ᠌ᠭᠤᠯᠪᠠᠯ ᠨᠢᠭᠡ ᠵᠢ ᠪᠦᠲᠦᠭᠡᠨ᠎ᠡ》᠃ ᠭᠤᠷᠪᠠ᠎ᠳᠤ ᠲᠣᠭᠲᠠᠴᠠ ᠵᠢᠨ ᠪᠠᠲᠤᠯᠠᠭ᠎ᠠ᠂  ᠲᠤᠬᠠᠢ᠌ᠯᠠᠪᠠᠯ 《ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ》᠂  ᠲᠠᠷᠢᠶᠠᠨ ᠭᠠᠵᠠᠷ᠎ᠲᠤ ᠴᠠᠬᠢᠯᠭ᠋ᠠᠨ ᠬᠠᠩᠭ᠋ᠠᠬᠤ ᠢᠨᠵᠧᠨᠧᠷᠢᠩ᠎ᠤᠨ 《ᠪᠠᠶ᠋ᠢᠭᠤᠯᠬᠤ ᠬᠠᠮᠢᠶᠠᠷᠬᠤ ᠡᠵᠡᠩᠨᠡᠬᠦ》 ᠵᠢ ᠨᠢᠭᠡ ᠴᠣᠭᠴᠠᠵᠢᠭᠤᠯᠬᠤ ᠵᠢ ᠳᠡᠯᠭᠡᠷᠡᠭᠦᠯᠵᠦ᠂  ᠠᠵᠢᠯ ᠬᠦᠳᠡᠯᠮᠦᠷᠢ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠦᠨ᠂ 《ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ》  ᠪᠠ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠳᠡᠯᠭᠡᠷᠡᠭᠦᠯᠵᠦ᠂  ᠰᠢᠨ᠎ᠡ ᠮᠡᠷᠭᠡᠵᠢᠯ᠂  ᠰᠢᠨ᠎ᠡ ᠵᠠᠭᠪᠤᠷ᠎ᠤᠨ ᠣᠯᠠᠰᠢᠷᠠᠬᠤ ᠵᠢ ᠠᠬᠢᠭᠤᠯᠤᠨ᠎ᠠ᠃

      《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ 《ᠲᠠᠷᠢᠶᠠᠨ ᠭᠠᠵᠠᠷ᠎ᠤᠨ ᠠᠷᠪᠠᠨ ᠨᠢᠭᠡᠨ

ᠵᠤᠷᠪᠤᠰ》᠎ᠢ ᠵᠡᠷᠭᠡ᠎ᠳᠤ᠎ᠨᠢ ᠬᠦᠴᠦᠨ ᠦᠭᠡᠢ ᠪᠣᠯᠭ᠋ᠠᠨ᠎ᠠ᠃ 

ᠢᠷᠡᠯᠲᠡ᠄ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠠᠯᠪᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠳ ᠠᠩᠬᠠᠷᠤᠭ᠋ᠠᠷᠠᠢ! ᠳᠤᠮᠳᠠ ᠵᠢᠵᠢᠭ ᠠᠵᠤ ᠠᠬᠤᠢ᠌ᠯᠠᠯ᠎ᠤᠨ ᠳᠠᠩᠰᠠᠨ ᠵᠣᠭᠣᠰ᠎ᠤᠨ ᠲᠠᠯ᠎ᠠ᠎ᠪᠠᠷ ᠡᠳᠡᠭᠡᠷ᠎ᠢ ᠬᠢᠴᠢᠶᠡᠵᠦ ᠬᠡᠷᠰᠦᠯᠡᠭᠡᠷᠡᠢ
ᠠᠵᠤ ᠠᠬᠤᠢ᠌ᠯᠠᠯ᠎ᠤᠨ ᠲᠤᠰᠠᠳᠠ ᠳᠥᠷᠪᠡᠨ ᠰᠠᠯᠠᠭ᠎ᠠ ᠮᠥᠴᠢᠷ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ!
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ᠎ᠠᠴᠠ ᠠᠵᠤ ᠠᠬᠤᠢ ᠵᠢᠨ ᠠᠵᠢᠯ᠎ᠤᠨ ᠬᠦᠴᠦᠯᠡᠬᠦ ᠴᠡᠭ᠎ᠢ ᠣᠢ᠌ᠯᠠᠭ᠋ᠠᠶ᠎ᠠ
《2025 ᠣᠨ᠎ᠤ ᠪᠥᠬᠥ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠢ᠌ᠯᠤᠮᠵᠢ
ᠪᠥᠬᠥ ᠬᠡᠯᠬᠢᠶᠡᠨ᠎ᠤ ᠵᠠᠰᠠᠯᠲᠠ ᠵᠢᠨ ᠣᠯᠠᠨ ᠡᠰᠢᠲᠦ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠡᠯᠪᠡᠷᠢ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠤᠨ᠎ᠠ (ᠨᠢᠭᠡ)
 
            