ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠤ ᠠᠬᠤᠢ᠌ᠯᠠᠯ᠎ᠤᠨ ᠲᠤᠰᠠᠳᠠ ᠳᠥᠷᠪᠡᠨ ᠰᠠᠯᠠᠭ᠎ᠠ ᠮᠥᠴᠢᠷ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ!
ᠨᠡᠶ᠋ᠢᠲᠡᠯᠡᠭᠰᠡᠨ ᠴᠠᠭ᠄ 2025-04-18

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠶᠠᠪᠤᠳᠠᠯ᠎ᠨᠢ ᠠᠵᠤ ᠠᠬᠤᠢ᠌ᠯᠠᠯ᠎ᠤᠳ᠎ᠤᠨ ᠲᠤᠰ ᠪᠡᠶ᠎ᠡ ᠵᠢᠨ ᠬᠢᠨᠢ ᠠᠰᠢᠭ ᠲᠤᠰᠠ᠎ᠲᠠᠢ ᠬᠣᠯᠪᠣᠭᠳᠠᠵᠤ ᠪᠠᠢ᠌ᠳᠠᠭ᠂  ᠠᠵᠤ

ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠦᠷᠳᠡᠭ᠎ᠢ᠎ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃  ᠣᠢ᠌ᠷ᠎ᠠ᠎ᠳᠤ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠪᠠ᠂  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 3 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠦᠳᠡ ᠵᠢᠨ ᠬᠣᠢ᠌ᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂  ᠡᠳ᠋᠎ᠤᠨ ᠵᠠᠰᠠᠭ᠎ᠤᠨ ᠶᠠᠮᠤᠨ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ᠎ᠠᠴᠠ ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠤᠭᠰᠠᠨ ᠪᠠᠢ᠌ᠨ᠎ᠠ᠂  ᠬᠠᠮᠲᠤ᠎ᠪᠠᠷ ᠣᠢ᠌ᠯᠠᠭ᠋ᠠᠵᠠᠭ᠋ᠠᠶ᠎ᠠ!

      ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠄

      《ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠣᠳᠬᠤ ᠰᠠᠨᠠᠯ》᠎ᠳᠤ ᠲᠤᠯᠤᠭ᠋ᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠪᠠ

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤ ᠵᠢᠨ ᠳᠦᠷᠢᠮ᠎ᠢ ᠲᠡᠭᠦᠯᠳᠡᠷᠵᠢᠭᠦᠯᠪᠡ

      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠄

      ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠢ᠌ᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠯᠠᠷᠡᠭᠦᠯᠪᠡᠯ ᠬᠦᠴᠦᠨ ᠦᠭᠡᠢ ᠪᠣᠯᠭ᠋ᠠᠪᠠᠰᠤ ᠵᠣᠬᠢᠬᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ᠎ᠨᠢ ᠡᠷᠡᠰ ᠰᠢᠭᠤᠷᠬᠠᠢ᠎ᠪᠠᠷ ᠬᠦᠴᠦᠨ ᠦᠭᠡᠢ ᠪᠣᠯᠭ᠋ᠠᠵᠤ᠂  ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤᠨ᠎ᠳᠤ ᠣᠷᠣᠭᠤᠯᠪᠠᠰᠤ ᠵᠣᠬᠢᠬᠤ ᠵᠢ᠎ᠨᠢ ᠴᠠᠭ ᠲᠤᠬᠠᠢ᠎ᠳᠤ᠎ᠨᠢ ᠣᠷᠣᠭᠤᠯᠬᠤ ᠬᠡᠷᠡᠭᠲᠡᠢ᠃

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠲᠣᠭᠲᠠᠭ᠋ᠠᠯ᠎ᠠᠴᠠ ᠵᠥᠷᠢᠴᠡᠨ ᠰᠢᠨ᠎ᠡ᠎ᠪᠠᠷ ᠭᠠᠷᠭ᠋ᠠᠬᠤ ᠵᠢ ᠴᠢᠩᠭ᠎ᠠ ᠬᠣᠷᠢᠭᠯᠠᠵᠤ᠂  ᠡᠭᠦᠰᠦᠮᠡᠯ ᠴᠢᠨᠠᠷᠲᠠᠢ ᠵᠠᠭᠤᠴᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ᠂  ᠡᠯᠧᠺᠲᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠤᠨ ᠰᠦᠢ᠍ᠳᠬᠡᠯ ᠬᠤᠷᠢᠶᠠᠬᠤ ᠵᠡᠷᠭᠡ ᠠᠰᠠᠭᠤᠳᠠᠯ ᠭᠠᠷᠬᠤ ᠵᠢ ᠴᠢᠩᠭ᠎ᠠ ᠰᠡᠷᠭᠡᠢ᠌ᠯᠡᠨ᠎ᠡ

      ᠥᠨᠥ ᠵᠢᠯ᠂  ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠥᠪᠡᠷᠰᠡᠳ ᠵᠶ᠋ᠡᠨ ᠳᠣᠭᠲᠠᠭ᠋ᠠᠬᠤ᠂  ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠬᠤ᠂  ᠪᠤᠰᠤᠳ ᠵᠶ᠋ᠠᠷ ᠲᠤᠰᠢᠶᠠᠯᠭ᠋ᠠᠬᠤ ᠰᠦᠢ᠍ᠳᠬᠡᠯ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠢ ᠪᠠᠢ᠌ᠴᠠᠭ᠋ᠠᠨ ᠰᠢᠢ᠍ᠳᠪᠦᠷᠢᠯᠡᠨ᠎ᠡ

      ᠡᠳ᠋᠎ᠤᠨ ᠵᠠᠰᠠᠭ᠎ᠤᠨ ᠶᠠᠮᠤᠨ᠄

      2013 ᠣᠨ᠎ᠠᠴᠠ ᠨᠠᠭ᠋ᠠᠰᠢ᠂  ᠲᠥᠪ᠎ᠤᠨ ᠳᠣᠭᠲᠠᠭ᠋ᠠᠭᠰᠠᠨ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠢ ᠬᠤᠷᠢᠶᠠᠵᠤ ᠪᠠᠢ᠌ᠭᠰᠠᠨ 185 ᠵᠦᠢ᠍ᠯ᠎ᠤᠨ ᠰᠦᠢ᠍ᠳᠬᠡᠯ᠎ᠢ ᠴᠥᠬᠡᠳᠬᠡᠭᠡᠳ 50 ᠵᠦᠢ᠍ᠯ ᠪᠣᠯᠭ᠋ᠠᠨ ᠬᠠᠰᠤᠵᠤ᠂ 73%᠎ᠪᠠᠷ ᠪᠠᠭ᠋ᠠᠰᠬᠠᠪᠠ

      ᠫᠣᠷᠲ᠋ᠠᠯ ᠰᠦᠯᠵᠢᠶ᠎ᠡ᠎ᠳᠤ ᠨᠡᠢ᠌ᠲᠡᠯᠡᠭᠰᠡᠨ ᠵᠶ᠋ᠡᠷ ᠪᠣᠯ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ ᠪᠠ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤ ᠵᠢ ᠨᠢᠭᠡᠳᠬᠡᠯ ᠰᠦᠯᠵᠢᠶ᠎ᠡ᠎ᠪᠠᠷ ᠨᠡᠢ᠌ᠲᠡᠯᠡᠨ᠎ᠡ

      ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠄

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠪᠠᠲᠤᠯᠠᠬᠤ ᠮᠥᠩᠭᠥ ᠵᠢᠨ ᠭᠠᠷᠴᠠᠭ᠎ᠤᠨ ᠲᠣᠳᠣᠷᠬᠠᠢ ᠬᠠᠭᠤᠳᠠᠰᠤ ᠵᠢᠨ ᠠᠭᠤᠯᠭ᠎ᠠ ᠵᠢ ᠬᠥᠳᠡᠯᠦᠩᠭᠦᠢ᠎ᠪᠠᠷ ᠲᠣᠬᠢᠷᠠᠭᠤᠯᠵᠤ᠂  ᠪᠡᠯᠡᠨ ᠵᠣᠭᠣᠰ ᠵᠶ᠋ᠠᠷ ᠪᠠᠲᠤᠯᠠᠬᠤ ᠵᠢ ᠪᠠᠲᠤᠯᠠᠭ᠎ᠠ ᠵᠢᠨ ᠪᠢᠴᠢᠭ (ᠳᠠᠭ᠋ᠠᠳᠬᠠᠯ) ᠵᠶ᠋ᠠᠷ ᠣᠷᠣᠯᠠᠭᠤᠯᠬᠤ ᠬᠡᠪᠴᠢᠶ᠎ᠡ᠎ᠪᠠᠨ ᠥᠷᠭᠡᠳᠬᠡᠨ᠎ᠡ

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ᠎ᠨᠢ ᠵᠢᠷᠤᠮᠵᠢᠭᠤᠯᠬᠤ ᠵᠢ ᠴᠢᠬᠤᠯᠠ ᠠᠭᠤᠯᠭ᠎ᠠ ᠪᠣᠯᠭ᠋ᠠᠵᠤ᠂ 2025 ᠣᠨ᠎ᠤ ᠪᠥᠬᠥ ᠤᠯᠤᠰ᠎ᠲᠠᠬᠢ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ᠎ᠢ ᠨᠡᠢ᠌ᠲᠡᠯᠡᠨ᠎ᠡ 

ᠢᠷᠡᠯᠲᠡ᠄ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ᠎ᠠᠴᠠ ᠠᠵᠤ ᠠᠬᠤᠢ ᠵᠢᠨ ᠠᠵᠢᠯ᠎ᠤᠨ ᠬᠦᠴᠦᠯᠡᠬᠦ ᠴᠡᠭ᠎ᠢ ᠣᠢ᠌ᠯᠠᠭ᠋ᠠᠶ᠎ᠠ
《2025 ᠣᠨ᠎ᠤ ᠪᠥᠬᠥ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠢ᠌ᠯᠤᠮᠵᠢ
ᠪᠥᠬᠥ ᠬᠡᠯᠬᠢᠶᠡᠨ᠎ᠤ ᠵᠠᠰᠠᠯᠲᠠ ᠵᠢᠨ ᠣᠯᠠᠨ ᠡᠰᠢᠲᠦ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠡᠯᠪᠡᠷᠢ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠤᠨ᠎ᠠ (ᠨᠢᠭᠡ)
ᠪᠥᠬᠥ ᠬᠡᠯᠬᠢᠶᠡᠨ᠎ᠤ ᠵᠠᠰᠠᠯᠲᠠ ᠵᠢᠨ ᠣᠯᠠᠨ ᠡᠰᠢᠲᠦ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠡᠯᠪᠡᠷᠢ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠤᠨ᠎ᠠ (ᠬᠣᠶᠠᠷ)
ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
 
            