ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ᠎ᠠᠴᠠ ᠠᠵᠤ ᠠᠬᠤᠢ ᠵᠢᠨ ᠠᠵᠢᠯ᠎ᠤᠨ ᠬᠦᠴᠦᠯᠡᠬᠦ ᠴᠡᠭ᠎ᠢ ᠣᠢ᠌ᠯᠠᠭ᠋ᠠᠶ᠎ᠠ
ᠨᠡᠶ᠋ᠢᠲᠡᠯᠡᠭᠰᠡᠨ ᠴᠠᠭ᠄ 2025-04-28

      ᠠᠵᠢᠯ ᠣᠯᠭᠣᠯᠲᠠ᠂  ᠠᠵᠤ ᠠᠬᠤᠢ᠌ᠯᠠᠯ᠂  ᠵᠠᠬ᠎ᠠ ᠳᠡᠯᠭᠡᠭᠦᠷ ᠪᠠ ᠵᠢᠱ᠌ᠢᠯᠲᠡ ᠵᠢ ᠬᠦᠴᠦᠯᠡᠨ ᠲᠣᠭᠲᠠᠪᠤᠷᠢᠵᠢᠭᠤᠯᠤᠨ᠎ᠠ

      ᠲᠣᠰ ᠤᠳᠠᠭ᠎ᠠ ᠵᠢᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂  ᠡᠨᠡ ᠵᠢᠯ᠎ᠠᠴᠠ ᠨᠠᠭ᠋ᠠᠰᠢ᠂  ᠮᠠᠨ᠎ᠤ ᠤᠯᠤᠰ᠎ᠤᠨ 《ᠠᠵᠤ ᠠᠬᠤᠢ ᠰᠠᠢ᠌ᠵᠢᠷᠠᠬᠤ ᠬᠠᠨᠳᠤᠰᠢ᠎ᠲᠠᠢ ᠪᠣᠯᠵᠤ᠂  ᠨᠡᠢ᠌ᠭᠡᠮ᠎ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ᠂  ᠴᠢᠨᠠᠷ ᠰᠠᠢ᠌ᠲᠠᠢ ᠬᠥᠭᠵᠢᠯᠲᠡ ᠯᠠᠪᠳᠠᠭᠤᠨ ᠵᠶ᠋ᠠᠷ ᠠᠬᠢᠵᠤ᠂  ᠨᠡᠢ᠌ᠭᠡᠮ᠎ᠤᠨ ᠶᠡᠬᠡ ᠪᠠᠢ᠌ᠳᠠᠯ ᠲᠣᠭᠲᠠᠭᠤᠨ ᠵᠶ᠋ᠠᠨ ᠪᠠᠲᠤᠯᠠᠵᠤ ᠪᠠᠢ᠌ᠨ᠎ᠠ》  ᠭᠡᠰᠡᠨ ᠪᠥᠭᠡᠳ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠢ᠌ᠵᠢᠷᠠᠬᠤ ᠰᠠᠭᠤᠷᠢ ᠵᠢ ᠪᠠᠰᠠ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠢ᠌ᠵᠤ᠂  ᠭᠠᠳᠠᠨᠠᠬᠢ ᠳᠠᠭ᠋ᠠᠷᠢᠯᠲᠠ ᠵᠢᠨ ᠨᠥᠯᠥᠭᠡ ᠨᠡᠮᠡᠭᠳᠡᠵᠦ ᠪᠠᠢ᠌ᠨ᠎ᠠ ᠭᠡᠵᠡᠢ᠃

      ᠨᠡᠩ ᠢᠳᠡᠪᠬᠢᠲᠡᠢ ᠪᠥᠭᠡᠳ ᠪᠦᠲᠦᠮᠵᠢᠲᠡᠶ ᠬᠣᠷᠸ᠎ᠠ ᠲᠦᠷᠦ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠦᠨ᠎ᠡ

      ᠬᠣᠷᠸ᠎ᠠ ᠲᠦᠷᠦ ᠵᠢᠨ ᠪᠣᠳᠣᠯᠭ᠎ᠠ ᠪᠣᠯ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠵᠢᠨ ᠴᠢᠬᠤᠯᠠ ᠲᠦᠯᠬᠢᠴᠡ ᠬᠦᠴᠦᠨ ᠪᠣᠯᠣᠨ᠎ᠠ᠃  ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂  ᠨᠠᠩ ᠢᠳᠡᠪᠬᠢᠲᠡᠢ ᠪᠥᠭᠡᠳ ᠪᠦᠲᠦᠮᠵᠢᠲᠡᠶ ᠬᠣᠷᠸ᠎ᠠ ᠲᠥᠷᠥ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠵᠦ᠂  ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠢ᠌ᠯᠭ᠋ᠠᠬᠤ ᠵᠣᠭᠣᠰᠤᠨ᠎ᠤ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ ᠭᠦᠢ᠍ᠴᠡᠳ ᠬᠡᠷᠡᠭᠯᠡᠬᠦ ᠬᠡᠷᠡᠭᠲᠡᠢ ᠭᠡᠵᠡᠢ᠃

      ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠢ᠌ᠴᠢᠯᠠᠬᠤ ᠦᠢ᠍ᠯᠡᠳᠦᠯ᠎ᠢ ᠨᠡᠮᠡᠭᠳᠡᠭᠦᠯᠦᠨ᠎ᠡ

      ᠬᠡᠷᠡᠭᠯᠡᠭᠡ ᠵᠢ ᠬᠥᠭᠵᠢᠭᠡᠬᠦ ᠪᠣᠯ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂  ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢᠨ ᠴᠢᠬᠤᠯᠠ᠎ᠠᠴᠠ ᠴᠢᠬᠤᠯᠠ ᠶᠠᠪᠤᠳᠠᠯ ᠪᠣᠯᠣᠨ᠎ᠠ᠃  ᠬᠤᠷᠠᠯᠳᠤᠭ᠋ᠠᠨ ᠵᠶ᠋ᠠᠷ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠢ᠌ᠴᠢᠯᠠᠬᠤ ᠦᠢ᠍ᠯᠡᠳᠦᠯ᠎ᠢ ᠴᠢᠩᠭ᠋ᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃

      ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠢ᠌ᠭ᠋ᠠᠳ ᠬᠦᠴᠢᠷᠳᠡᠯᠲᠡᠢ ᠠᠵᠤ ᠠᠬᠤᠢ᠌ᠯᠠᠯ᠎ᠢ ᠬᠠᠪᠰᠤᠷᠤᠨ ᠲᠡᠳᠬᠦᠨ᠎ᠡ

      ᠣᠳᠣᠬᠠᠨ᠎ᠳᠤ᠂  ᠭᠠᠳᠠᠭ᠋ᠠᠳᠤ ᠣᠷᠴᠢᠨ ᠨᠥᠬᠥᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠢ᠌ᠵᠤ᠂  ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠶ ᠬᠡᠷᠡᠭᠴᠡᠭᠡ ᠵᠢ ᠨᠡᠮᠡᠭᠳᠡᠭᠦᠯᠬᠦ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠣᠯᠣᠭᠰᠠᠨ ᠵᠶ᠋ᠠᠷ ᠬᠡᠰᠡᠭ ᠠᠵᠤ ᠠᠬᠤᠢ᠌ᠯᠠᠯ᠎ᠤᠨ ᠡᠵᠡᠩᠨᠡᠯᠲᠡ᠎ᠨᠢ ᠬᠦᠴᠢᠷᠳᠡᠯ᠎ᠳᠤ ᠲᠤᠯᠭ᠋ᠠᠷᠠᠵᠤ ᠪᠠᠢ᠌ᠨ᠎ᠠ᠃  ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂  ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠢ᠌ᠭ᠋ᠠᠳ ᠬᠦᠴᠢᠷᠳᠡᠯᠲᠡᠢ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ᠃

ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠠᠷᠭ᠎ᠠ᠎ᠪᠠᠷ ᠬᠥᠭᠵᠢᠯᠲᠡ ᠵᠢᠨ ᠳᠤᠮᠳᠠᠬᠢ ᠠᠰᠠᠭᠤᠳᠠᠯ᠎ᠢ ᠰᠢᠢ᠍ᠳᠪᠦᠷᠢᠯᠡᠨ᠎ᠡ

      ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠬᠤ ᠪᠣᠯ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠢ ᠰᠠᠭ᠋ᠠᠳ ᠦᠭᠡᠢ ᠨᠠᠪᠲᠠᠷᠡᠭᠦᠯᠵᠦ᠂  ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠤᠨ ᠠᠬᠢᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠣᠨ᠎ᠠ᠃  ᠬᠤᠷᠠᠯᠳᠤᠭ᠋ᠠᠨ ᠵᠶ᠋ᠠᠷ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠲᠦᠷᠭᠡᠳᠬᠡᠵᠦ᠂  ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

      ᠭᠣᠣᠯᠳᠠᠯᠭ᠎ᠠ ᠪᠣᠯᠬᠤ ᠬᠦᠷᠢᠶᠡᠨ᠎ᠳᠠᠬᠢ ᠲᠦᠭᠰᠢᠭᠦᠷᠢ ᠵᠢ ᠦᠷᠭᠦᠯᠵᠢᠯᠡᠨ ᠬᠦᠴᠦᠯᠡᠨ ᠰᠡᠷᠭᠡᠢ᠌ᠯᠡᠵᠦ ᠠᠷᠢᠯᠭ᠋ᠠᠨ᠎ᠠ

      ᠬᠤᠷᠠᠯᠳᠤᠭ᠋ᠠᠨ ᠵᠶ᠋ᠠᠷ ᠳᠤᠷᠠᠳᠬᠤ᠎ᠳᠤ᠎ᠪᠠᠨ᠂  ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠲᠦᠷᠭᠡᠳᠬᠡᠨ ᠪᠠᠢ᠌ᠭᠤᠯᠵᠤ᠂  ᠴᠢᠨᠠᠷᠯᠢᠭ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠂  ᠦᠯᠡᠳᠡᠭᠡᠯ ᠲᠠᠸᠠᠷ᠎ᠤᠨ ᠭᠡᠷ ᠪᠠᠢ᠌ᠰᠢᠩ᠎ᠢ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂  ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠠᠢ᠌ᠳᠠᠯ᠎ᠢ ᠦᠷᠭᠦᠯᠵᠢᠯᠡᠨ ᠪᠡᠬᠢᠵᠢᠭᠦᠯᠦᠨ᠎ᠡ ᠭᠡᠵᠡᠢ᠃

      ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠢ᠌ᠵᠢᠷᠠᠭᠤᠯᠤᠨ᠎ᠠ

      ᠲᠦᠭ ᠲᠦᠮᠡᠨ ᠡᠵᠡᠩᠨᠡᠯᠲᠡ ᠵᠢᠨ ᠭᠣᠣᠯ ᠴᠣᠭᠴᠠ ᠪᠣᠯ ᠠᠵᠢᠯ ᠣᠯᠭᠣᠯᠲᠠ ᠵᠢᠨ ᠭᠣᠣᠯ ᠵᠢᠭᠰᠠᠭ᠋ᠠᠯ᠎ᠤᠨ ᠭᠠᠵᠠᠷ ᠪᠣᠯᠣᠨ᠎ᠠ᠃  ᠣᠢ᠌ᠷ᠎ᠠ ᠵᠢᠨ ᠬᠤᠭᠤᠴᠠᠭ᠋ᠠᠨ᠎ᠳᠤ ᠠᠮᠧᠷᠢᠺᠠ ᠪᠣᠭᠣᠮᠲᠠ ᠵᠢᠨ ᠭᠠᠢ᠌ᠯᠢ ᠵᠢ ᠳᠤᠷ᠎ᠠ᠎ᠪᠠᠷ ᠲᠣᠬᠢᠷᠠᠭᠤᠯᠤᠭᠰᠠᠨ᠎ᠠᠴᠠ ᠪᠣᠯᠵᠤ ᠵᠠᠷᠢᠮ ᠠᠵᠤ ᠠᠬᠤᠢ᠌ᠯᠠᠯ᠎ᠢ ᠥᠷᠢᠰᠦᠯᠳᠦᠭᠡᠨ᠎ᠳᠤ ᠤᠴᠠᠷᠠᠭᠤᠯᠵᠤ ᠪᠠᠢ᠌ᠨ᠎ᠠ᠃  ᠬᠤᠷᠠᠯᠳᠤᠭ᠋ᠠᠨ ᠵᠶ᠋ᠠᠷ ᠳᠤᠷᠠᠳᠬᠤ᠎ᠳᠤ᠎ᠪᠠᠨ᠂ 《ᠪᠣᠭᠣᠮᠲᠠ ᠵᠢᠨ ᠭᠠᠢ᠌ᠯᠢ᠎ᠳᠤ ᠨᠡᠯᠢᠶᠡᠳ ᠶᠡᠬᠡ ᠨᠥᠯᠥᠭᠡᠯᠡᠭᠳᠡᠭᠰᠡᠨ ᠠᠵᠤ ᠠᠬᠤᠢ᠌ᠯᠠᠯ᠎ᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ᠎ᠪᠠᠷ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠪᠤᠴᠠᠭ᠋ᠠᠬᠤ ᠬᠠᠷᠢᠴᠠᠯ᠎ᠢ᠎ᠨᠢ ᠳᠡᠭᠡᠭᠰᠢᠯᠡᠭᠦᠯᠦᠨ᠎ᠡ》  ᠭᠡᠵᠡᠢ᠃ 

ᠢᠷᠡᠯᠲᠡ᠄ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《2025 ᠣᠨ᠎ᠤ ᠪᠥᠬᠥ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠢ᠌ᠯᠤᠮᠵᠢ
ᠪᠥᠬᠥ ᠬᠡᠯᠬᠢᠶᠡᠨ᠎ᠤ ᠵᠠᠰᠠᠯᠲᠠ ᠵᠢᠨ ᠣᠯᠠᠨ ᠡᠰᠢᠲᠦ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠡᠯᠪᠡᠷᠢ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠤᠨ᠎ᠠ (ᠨᠢᠭᠡ)
ᠪᠥᠬᠥ ᠬᠡᠯᠬᠢᠶᠡᠨ᠎ᠤ ᠵᠠᠰᠠᠯᠲᠠ ᠵᠢᠨ ᠣᠯᠠᠨ ᠡᠰᠢᠲᠦ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠡᠯᠪᠡᠷᠢ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠤᠨ᠎ᠠ (ᠬᠣᠶᠠᠷ)
ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ
 
            