ᠴᠢᠩᠬᠤᠸᠠ ᠶᠡᠬᠡ ᠰᠤᠷᠭ᠋ᠠᠭᠤᠯᠢ ᠵᠢᠨ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠯᠢᠦ ᠵᠢᠶᠠᠨ ᠭᠦᠸᠧ
ᠲᠦᠷᠭᠡᠨ ᠬᠦᠷᠭᠡᠯᠲᠡ᠎ᠨᠢ ᠨᠢᠭᠡ ᠲᠠᠯ᠎ᠠ᠎ᠪᠠᠷ ᠵᠶ᠋ᠠᠨ ᠦᠢ᠍ᠯᠡᠳᠪᠦᠷᠢᠯᠡᠯ᠎ᠲᠠᠢ ᠬᠣᠯᠪᠣᠯᠳᠤᠵᠤ᠂ ᠨᠦᠭᠦᠭᠡ ᠲᠠᠯ᠎ᠠ᠎ᠪᠠᠷ ᠵᠶ᠋ᠠᠨ ᠠᠷᠠᠳ᠎ᠤᠨ ᠠᠮᠢᠳᠤᠷᠠᠯ᠎ᠲᠠᠢ ᠬᠣᠯᠪᠣᠯᠳᠤᠵᠤ᠂ ᠨᠢᠭᠡᠨᠲᠡ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠬᠤ ᠴᠢᠬᠤᠯᠠ ᠡᠵᠡᠩᠨᠡᠯᠲᠡ ᠵᠢᠨ ᠬᠡᠯᠪᠡᠷᠢ ᠪᠠᠢ᠌ᠳᠠᠯ ᠪᠣᠯᠤᠭᠰᠠᠨ ᠪᠥᠭᠡᠳ ᠡᠳᠦᠷ ᠢᠷᠡᠬᠦᠶ᠎ᠡ ᠥᠷᠭᠡᠨ ᠤᠯᠠᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠲᠤ ᠠᠰᠢᠭ ᠬᠦᠷᠲᠡᠭᠡᠬᠦ ᠠᠮᠢᠳᠤᠷᠠᠯ᠎ᠤᠨ ᠠᠷᠭ᠎ᠠ ᠬᠡᠯᠪᠡᠷᠢ ᠪᠣᠯᠤᠭᠰᠠᠨ ᠪᠠᠢ᠌ᠨ᠎ᠠ᠃ 2018 ᠣᠨ᠎ᠳᠤ ᠲᠥᠷᠥ ᠵᠢᠨ ᠶᠠᠪᠤᠳᠠᠯ᠎ᠤᠨ
ᠬᠣᠷᠢᠶ᠎ᠠ᠎ᠠᠴᠠ 《ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ ᠲᠦᠷᠭᠡᠨ ᠬᠦᠷᠭᠡᠯᠲᠡ ᠵᠢᠨ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠂ ᠲᠦᠷᠭᠡᠨ ᠬᠦᠷᠭᠡᠯᠲᠡ ᠵᠢᠨ ᠠᠮᠤᠷ ᠲᠦᠪᠰᠢᠨ᠎ᠢ ᠪᠠᠲᠤᠯᠠᠬᠤ᠂ ᠲᠦᠷᠭᠡᠨ ᠬᠦᠷᠭᠡᠯᠲᠡ ᠵᠢᠨ ᠬᠡᠷᠡᠭᠯᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠲᠦᠷᠭᠡᠨ ᠬᠦᠷᠭᠡᠯᠲᠡ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠴᠢᠬᠤᠯᠠ ᠦᠢ᠍ᠯᠡᠳᠦᠯ ᠪᠠᠳᠠᠷᠠᠭᠤᠯᠤᠭᠰᠠᠨ ᠪᠥᠭᠡᠳ ᠲᠦᠷᠭᠡᠨ ᠬᠦᠷᠭᠡᠯᠲᠡ ᠵᠢᠨ ᠦᠢ᠍ᠯᠡᠰ᠎ᠤᠨ ᠵᠢᠷᠤᠮᠵᠢᠯ᠎ᠲᠠᠢ᠂ ᠡᠮᠬᠢ ᠵᠢᠷᠤᠮ᠎ᠲᠠᠢ᠂ ᠲᠦᠷᠭᠡᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠤᠭᠰᠠᠨ ᠪᠠᠢ᠌ᠨ᠎ᠠ᠃ 2024 ᠣᠨ᠎ᠳᠤ ᠪᠥᠬᠥ ᠤᠯᠤᠰ᠎ᠤᠨ ᠲᠦᠷᠭᠡᠨ ᠬᠦᠷᠭᠡᠬᠦ ᠲᠤᠬᠠᠢ᠌ᠯᠠᠭᠰᠠᠨ ᠠᠵᠢᠯ᠎ᠤᠨ ᠬᠡᠮᠵᠢᠶ᠎ᠡ ᠨᠡᠶ᠋ᠢᠲᠡ 1750 ᠳ᠋ᠦᠩᠰᠢᠭᠤᠷ ᠬᠤᠪᠢ ᠵᠢ ᠪᠡᠶᠡᠯᠡᠭᠦᠯᠵᠦ᠂ 2018 ᠣᠨ᠎ᠤ 507 ᠳ᠋ᠦᠩᠰᠢᠭᠤᠷ ᠬᠤᠪᠢ ᠠᠴᠠ 245%᠎ᠪᠠᠷ ᠨᠡᠮᠡᠭᠳᠡᠨ᠂ 2023 ᠣᠨ᠎ᠤ 1320 ᠳ᠋ᠦᠩᠰᠢᠭᠤᠷ ᠬᠤᠪᠢ ᠠᠴᠠ 21%᠎ᠪᠠᠷ ᠨᠡᠮᠡᠭᠳᠡᠵᠦ᠂ ᠵᠢᠱ᠌ᠢᠯᠲᠡ᠎ᠪᠠᠷ 2025 ᠣᠨ᠎ᠳᠤ 2000 ᠳ᠋ᠦᠩᠰᠢᠭᠤᠷ ᠬᠤᠪᠢ ᠵᠢ ᠳᠠᠪᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
ᠬᠡᠪᠴᠢᠶ᠎ᠡ᠎ᠪᠠᠷ ᠯᠤᠲᠤ ᠶᠡᠬᠡ᠂ ᠨᠡᠮᠡᠭᠳᠡᠯ᠎ᠤᠨ ᠬᠤᠷᠳᠤᠴᠠ᠎ᠪᠠᠷ ᠲᠦᠷᠭᠡᠨ ᠬᠦᠷᠭᠡᠯᠲᠡ ᠵᠢᠨ ᠲᠤᠬᠠᠢ᠌ᠯᠠᠭᠰᠠᠨ ᠠᠵᠢᠯ᠎ᠨᠢ ᠲᠦᠷᠭᠡᠨ ᠬᠦᠷᠭᠡᠯᠲᠡ ᠵᠢᠨ ᠪᠣᠭᠣᠳᠠᠯ᠎ᠢ ᠶᠡᠬᠡ ᠬᠡᠮᠵᠢᠶ᠎ᠡ᠎ᠪᠠᠷ ᠬᠡᠷᠡᠭᠯᠡᠬᠦ ᠪᠠ ᠬᠦᠴᠦᠨ ᠦᠭᠡᠢ ᠪᠣᠯᠭ᠋ᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠡᠭᠡᠳᠦ ᠬᠡᠮᠵᠢᠶᠡᠨ᠎ᠤ ᠴᠢᠬᠤᠯᠠᠴᠢᠯᠠᠯ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠠᠩᠬᠠᠷᠤᠯ᠎ᠢ ᠥᠷᠭᠡᠨ ᠵᠶ᠋ᠡᠷ ᠲᠠᠲᠠᠭᠰᠠᠨ ᠪᠠᠢ᠌ᠨ᠎ᠠ᠃ 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠡᠷᠭᠡ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠣᠭᠲᠠᠭ᠋ᠠᠵᠤ ᠵᠠᠰᠠᠪᠤᠷᠢ ᠣᠷᠣᠭᠤᠯᠬᠤ ᠪᠠ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ᠂ 《ᠬᠠᠶᠠᠭᠳᠠᠮᠠᠯ ᠦᠭᠡᠢ ᠬᠣᠲᠠ》 ᠵᠢᠨ ᠪᠦᠲᠦᠭᠡᠨ ᠪᠠᠢ᠌ᠭᠤᠯᠤᠯᠲᠠ᠂ ᠰᠦᠯᠢᠶᠥᠦ ᠵᠢᠨ ᠪᠣᠬᠢᠷᠲᠤᠯ᠎ᠢ ᠵᠠᠰᠠᠬᠤ ᠵᠡᠷᠭᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠳᠤᠮᠳᠠ᠂ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠰᠢᠰᠲ᠋ᠧᠮ᠎ᠲᠠᠢ ᠵᠠᠰᠠᠬᠤ ᠵᠢ ᠴᠥᠮ ᠴᠢᠬᠤᠯᠠ ᠠᠭᠤᠯᠭ᠎ᠠ ᠪᠣᠯᠭ᠋ᠠᠨ ᠡᠭᠦᠨ᠎ᠳᠤ ᠣᠷᠣᠭᠤᠯᠪᠠ᠃ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠲᠦᠷᠭᠡᠨ ᠬᠦᠷᠭᠡᠯᠲᠡ ᠵᠢᠨ ᠪᠣᠭᠣᠳᠠᠯ᠎ᠤᠨ ᠳᠦᠷᠢᠮ ᠲᠣᠭᠲᠠᠭ᠋ᠠᠯ᠎ᠤᠨ ᠪᠠᠷᠢᠮᠵᠢᠶ᠎ᠠ ᠵᠢ ᠨᠡᠢ᠌ᠲᠡᠯᠡᠬᠦ᠎ᠪᠠᠷ ᠳᠠᠮᠵᠢᠭᠤᠯᠤᠨ᠂ ᠲᠦᠷᠭᠡᠨ ᠬᠦᠷᠭᠡᠯᠲᠡ ᠵᠢᠨ ᠪᠣᠬᠢᠷᠲᠤᠯ ᠦᠭᠡᠢ ᠪᠣᠭᠣᠳᠠᠯ᠎ᠤᠨ ᠦᠢ᠍ᠯᠡᠳᠬᠦᠨ᠎ᠤ ᠭᠡᠷᠡᠴᠢᠯᠡᠯ᠎ᠤᠨ ᠳᠦᠷᠢᠮ᠎ᠢ ᠡᠷᠭᠢᠯᠳᠦᠭᠦᠯᠦᠨ ᠲᠦᠷᠭᠡᠨ ᠬᠦᠷᠭᠡᠯᠲᠡ ᠵᠢᠨ ᠪᠣᠭᠣᠳᠠᠯ᠎ᠢ ᠬᠡᠪᠴᠢᠶᠡᠵᠢᠭᠦᠯᠦᠨ ᠬᠡᠷᠡᠭᠯᠡᠬᠦ ᠲᠤᠷᠰᠢᠯᠲᠠ ᠵᠡᠷᠭᠡ ᠠᠷᠭ᠎ᠠ ᠮᠠᠶᠢᠭ᠎ᠢ ᠥᠷᠨᠢᠭᠦᠯᠵᠦ᠂ 《ᠴᠠᠭ᠋ᠠᠵᠠᠯᠠᠬᠤ᠂ ᠬᠢᠵᠠᠭ᠋ᠠᠷᠯᠠᠬᠤ᠂ ᠬᠠᠰᠤᠬᠤ᠂ ᠵᠢᠷᠤᠮᠯᠠᠬᠤ᠂ ᠪᠠᠭᠤᠷᠠᠭᠤᠯᠬᠤ》᠎ᠪᠠᠷ ᠦᠨᠳᠦᠰᠦᠨ ᠰᠡᠳᠬᠢᠮᠵᠢ ᠪᠣᠯᠭ᠋ᠠᠭᠰᠠᠨ ᠲᠦᠷᠭᠡᠨ ᠬᠦᠷᠭᠡᠯᠲᠡ ᠵᠢᠨ ᠪᠣᠭᠣᠳᠠᠯ᠎ᠤᠨ ᠰᠢᠰᠲ᠋ᠧᠮ᠎ᠤᠨ ᠵᠠᠰᠠᠯᠲᠠ ᠵᠢᠨ ᠢᠨᠵᠧᠨᠧᠷᠢᠩ᠎ᠢ ᠠᠯᠬᠤᠮ ᠳᠠᠷᠠᠭ᠎ᠠ᠎ᠲᠠᠢ᠎ᠪᠠᠷ ᠬᠡᠷᠡᠭᠵᠢᠭᠦᠯᠵᠦ᠂ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠡᠯᠪᠡᠷᠢ ᠲᠡᠰᠢ ᠬᠤᠪᠢᠷᠠᠭᠤᠯᠬᠤ ᠵᠢ ᠠᠬᠢᠭᠤᠯᠬᠤ ᠲᠠᠯ᠎ᠠ᠎ᠪᠠᠷ ᠰᠠᠢ᠌ᠨ ᠦᠷ᠎ᠡ ᠪᠦᠲᠦᠮᠵᠢ ᠣᠯᠵᠤ᠂ ᠲᠦᠷᠭᠡᠨ ᠬᠦᠷᠭᠡᠯᠲᠡ ᠵᠢᠨ ᠪᠣᠭᠣᠳᠠᠯ᠎ᠤᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ᠎ᠳᠤ ᠦᠢ᠍ᠯᠡᠳᠦᠯᠭᠡ ᠵᠢᠨ ᠰᠠᠭᠤᠷᠢ ᠬᠠᠩᠭ᠋ᠠᠭᠰᠠᠨ ᠪᠠᠢ᠌ᠨ᠎ᠠ᠃ ᠣᠢ᠌ᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ
《ᠳᠦᠷᠢᠮ》᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ᠎ᠢ ᠨᠡᠢ᠌ᠲᠡᠯᠡᠵᠦ᠂ 《ᠳᠦᠷᠢᠮ》᠎ᠤᠨ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠵᠠᠰᠠᠬᠤ ᠲᠠᠯ᠎ᠠ᠎ᠪᠠᠷ᠎ᠬᠢ ᠳᠦᠷᠢᠮ᠎ᠤᠨ ᠬᠣᠭᠣᠰᠤᠨ᠎ᠢ ᠨᠥᠬᠥᠪᠦᠷᠢᠯᠡᠵᠦ᠂ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠵᠠᠰᠠᠬᠤ ᠠᠵᠢᠯ᠎ᠳᠤ ᠬᠠᠤᠯᠢ᠎ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃
ᠲᠦᠷᠭᠡᠨ ᠬᠦᠷᠭᠡᠬᠦ ᠪᠣᠭᠣᠳᠠᠯ᠎ᠨᠢ ᠬᠡᠷᠡᠭᠯᠡᠬᠦ ᠬᠡᠮᠵᠢᠶ᠎ᠡ᠎ᠪᠠᠷ ᠶᠡᠬᠡ᠂ ᠬᠣᠯᠪᠣᠭᠳᠠᠬᠤ ᠬᠡᠪᠴᠢᠶ᠎ᠡ᠎ᠪᠠᠷ ᠥᠷᠭᠡᠨ᠂ ᠬᠠᠷᠢᠭᠤᠴᠠᠯᠭ᠎ᠠ ᠵᠢᠨ ᠭᠣᠣᠯ ᠴᠣᠭᠴᠠ᠎ᠨᠢ ᠣᠯᠠᠨ᠂ ᠡᠷᠭᠢᠯᠲᠡ ᠵᠢᠨ ᠴᠥᠷᠬᠡᠯᠡᠭᠡ ᠵᠠᠮ᠎ᠨᠢ ᠣᠷᠳᠣ ᠵᠡᠷᠭᠡ ᠣᠨᠴᠠᠯᠢᠭ᠎ᠲᠠᠢ ᠪᠠᠢ᠌ᠳᠠᠭ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠦᠷᠢᠮ》᠎ᠳᠤ ᠬᠣᠯᠪᠣᠭᠳᠠᠯ ᠪᠦᠬᠦᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠢ᠌ᠯᠠᠯ᠂ ᠲᠠᠸᠠᠷ ᠦᠢ᠍ᠯᠡᠳᠪᠦᠷᠢᠯᠡᠬᠦ ᠠᠵᠤ ᠠᠬᠤᠢ᠌ᠯᠠᠯ᠂ ᠪᠣᠭᠣᠳᠠᠯ ᠦᠢ᠍ᠯᠡᠳᠪᠦᠷᠢᠯᠡᠬᠦ ᠠᠵᠤ ᠠᠬᠤᠢ᠌ᠯᠠᠯ᠂ ᠲᠦᠷᠭᠡᠨ ᠬᠦᠷᠭᠡᠯᠲᠡ ᠵᠢᠨ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠂ ᠬᠡᠷᠡᠭᠯᠡᠭᠴᠢᠳ ᠵᠡᠷᠭᠡ ᠬᠠᠷᠢᠭᠤᠴᠠᠯᠭ᠎ᠠ ᠵᠢᠨ ᠭᠣᠣᠯ ᠴᠣᠭᠴᠠ ᠵᠢᠨ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠵᠢᠷᠤᠵᠤ ᠲᠥᠯᠥᠪᠯᠡᠬᠦ ᠪᠠ ᠦᠢ᠍ᠯᠡᠳᠬᠦ᠂ ᠬᠡᠮᠵᠢᠶ᠎ᠡ ᠵᠢ ᠪᠠᠭ᠋ᠠᠰᠬᠠᠬᠤ ᠪᠠ ᠣᠷᠣᠯᠠᠭᠤᠯᠬᠤ᠂ ᠠᠵᠢᠯᠯᠠᠬᠤ ᠪᠠ ᠭᠦᠢ᠍ᠯᠭᠡᠭᠡᠨ᠎ᠳᠤ ᠣᠷᠣᠭᠤᠯᠬᠤ᠂ ᠬᠦᠴᠦᠨ ᠦᠭᠡᠢ ᠪᠣᠯᠭ᠋ᠠᠬᠤ ᠪᠠ ᠬᠣᠷᠢᠶᠠᠨ ᠠᠪᠬᠤ᠂ ᠳᠠᠬᠢᠨ ᠦᠢ᠍ᠯᠡᠳᠬᠦ ᠪᠠ ᠡᠷᠭᠢᠯᠳᠦᠭᠦᠯᠬᠦ ᠵᠡᠷᠭᠡ ᠪᠥᠬᠥ ᠬᠡᠯᠬᠢᠶ᠎ᠡ ᠵᠢᠨ ᠡᠯ᠎ᠡ ᠭᠣᠭᠴᠣᠭ᠎ᠠ ᠵᠢᠨ ᠲᠠᠯ᠎ᠠ᠎ᠪᠠᠷ᠎ᠬᠢ ᠠᠳᠠᠯᠢ ᠪᠤᠰᠤ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠠᠢ᠃ 《ᠵᠠᠰᠠᠭ᠎ᠤᠨ ᠣᠷᠳᠣᠨ ᠬᠥᠲᠥᠯᠥᠨ ᠵᠢᠯᠤᠭᠣᠳᠬᠤ᠂ ᠠᠵᠤ ᠠᠬᠤᠢ᠌ᠯᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠠᠵᠢᠯ ᠲᠥᠷᠥᠯ ᠥᠪᠡᠷ᠎ᠢ᠎ᠪᠠᠨ ᠱᠠᠭ᠋ᠠᠷᠳᠠᠬᠤ᠂ ᠣᠯᠠᠨ ᠨᠡᠶ᠋ᠢᠲᠡ᠎ᠪᠠᠷ ᠵᠶ᠋ᠡᠨ ᠣᠷᠣᠯᠴᠠᠬᠤ》 ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ ᠬᠥᠭᠵᠢᠯᠲᠡ ᠵᠢᠨ ᠪᠠᠢ᠌ᠷᠢᠰᠢᠯ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠨ᠎ᠠ᠃
ᠵᠠᠰᠠᠭ᠎ᠤᠨ ᠣᠷᠳᠣᠨ᠎ᠠᠴᠠ ᠬᠥᠲᠥᠯᠥᠨ ᠵᠢᠯᠤᠭᠣᠳᠴᠤ᠂ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠬᠥᠭᠵᠢᠯᠲᠡ ᠵᠢᠨ ᠵᠠᠮ᠎ᠢ ᠲᠣᠳᠣᠷᠬᠠᠢ᠌ᠯᠠᠵᠠᠢ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠦᠷᠢᠮ》 ᠨᠢ ᠶᠡᠷᠦᠩᠬᠡᠢ ᠳᠦᠷᠢᠮ᠎ᠳᠤ ᠲᠦᠷᠭᠡᠨ ᠬᠦᠷᠭᠡᠯᠲᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ 《ᠵᠠᠬ᠎ᠠ ᠳᠡᠯᠭᠡᠭᠦᠷ ᠵᠶ᠋ᠡᠷ ᠭᠣᠣᠯᠯᠠᠭᠤᠯᠬᠤ᠂ ᠠᠮᠤᠷ ᠲᠦᠪᠰᠢᠨ᠎ᠢ ᠪᠠᠲᠤᠯᠠᠬᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠂ ᠬᠠᠮᠵᠢᠯᠴᠠᠨ ᠬᠥᠭᠵᠢᠭᠦᠯᠬᠦ》 ᠵᠠᠷᠴᠢᠮ᠎ᠢ ᠲᠣᠭᠲᠠᠭ᠋ᠠᠵᠤ᠂ ᠤᠯᠤᠰ᠎ᠠᠴᠠ ᠶᠡᠷᠦᠩᠬᠡᠢ᠌ᠯᠡᠭᠰᠡᠨ ᠴᠢᠨᠠᠷᠲᠠᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠪᠣᠬᠢᠷᠲᠤᠯ ᠦᠭᠡᠢ ᠪᠣᠯᠭ᠋ᠠᠬᠤ᠂ ᠬᠡᠮᠵᠢᠶ᠎ᠡ ᠵᠢ ᠪᠠᠭ᠋ᠠᠰᠬᠠᠬᠤ᠂ ᠡᠷᠭᠢᠯᠳᠦᠭᠦᠯᠵᠦ ᠪᠣᠯᠬᠤ ᠵᠢ ᠠᠬᠢᠭᠤᠯᠤᠨ᠂ ᠲᠦᠷᠭᠡᠨ ᠬᠦᠷᠭᠡᠯᠲᠡ ᠵᠢᠨ ᠠᠵᠢᠯ ᠲᠥᠷᠥᠯ᠎ᠤᠨ ᠬᠥᠭᠵᠢᠯᠲᠡ ᠵᠢᠨ ᠦᠢ᠍ᠯᠡᠳᠦᠯᠭᠡ ᠵᠢᠨ ᠲᠤᠷᠰᠢᠯᠭ᠎ᠠ ᠵᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭ᠋ᠠᠪᠠ᠃ 《ᠳᠦᠷᠢᠮ》᠎ᠳᠤ ᠵᠠᠰᠠᠪᠤᠷᠢ ᠣᠷᠣᠭᠤᠯᠬᠤ᠎ᠳᠠᠭᠠᠨ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠵᠠᠰᠠᠯᠲᠠ᠎ᠳᠤ ᠲᠥᠪᠯᠡᠷᠡᠵᠦ᠂ 《ᠲᠦᠷᠭᠡᠨ ᠬᠦᠷᠭᠡᠯᠲᠡ ᠵᠢᠨ ᠪᠣᠭᠣᠳᠠᠯ》 ᠭᠡᠬᠦ ᠲᠠᠮᠠᠭ᠎ᠠ ᠵᠢ ᠲᠤᠰᠬᠠᠢ᠌ᠯᠠᠨ ᠨᠡᠮᠡᠵᠦ᠂ ᠲᠦᠷᠭᠡᠨ ᠬᠦᠷᠭᠡᠯᠲᠡ ᠵᠢᠨ ᠪᠣᠭᠣᠳᠠᠯ᠎ᠨᠢ ᠢᠯᠡᠭᠡᠯᠲᠡ ᠵᠢᠨ ᠦᠢ᠍ᠯᠡᠳᠪᠦᠷᠢᠯᠡᠯ᠎ᠤᠨ ᠠᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠭᠡᠵᠦ ᠲᠣᠭᠲᠠᠭ᠋ᠠᠵᠠᠢ᠂ ᠡᠬᠢ ᠪᠠᠶᠠᠯᠢᠭ᠎ᠢ ᠠᠷᠪᠢᠯᠠᠨ ᠬᠡᠷᠡᠭᠯᠡᠵᠦ᠂ ᠬᠡᠲᠦᠷᠡᠲᠡᠯ᠎ᠡ ᠪᠣᠭᠣᠳᠠᠯᠯᠠᠬᠤ᠎ᠠᠴᠠ ᠵᠠᠢ᠌ᠯᠠᠰᠬᠢᠵᠦ᠂ ᠣᠷᠴᠢᠨ ᠠᠬᠤᠢ ᠵᠢ ᠪᠣᠬᠢᠷᠲᠤᠭᠤᠯᠬᠤ᠎ᠠᠴᠠ ᠰᠡᠷᠭᠡᠢ᠌ᠯᠡᠵᠦ᠂ ᠤᠯᠤᠰ᠎ᠤᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠎ᠳᠤ ᠨᠡᠢ᠌ᠴᠡᠭᠦᠯᠬᠦ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠢᠮᠵᠢᠶᠠᠵᠢᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠤᠳᠠᠨ᠎ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠦᠷᠭᠡᠨ ᠬᠦᠷᠭᠡᠯᠲᠡ ᠵᠢᠨ ᠪᠣᠭᠣᠳᠠᠯ᠎ᠤᠨ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠲᠦᠷᠭᠡᠨ ᠬᠦᠷᠭᠡᠯᠲᠡ ᠵᠢᠨ ᠪᠣᠭᠣᠳᠠᠯ᠎ᠤᠨ ᠵᠠᠰᠠᠯᠲᠠ᠎ᠳᠤ ᠦᠵᠡᠭᠦᠯᠬᠦ ᠪᠠᠷᠢᠮᠵᠢᠶ᠎ᠠ ᠵᠢᠨ ᠰᠢᠰᠲ᠋ᠧᠮ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ 《ᠳᠦᠷᠢᠮ》᠎ᠳᠤ ᠪᠠᠰᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠯᠠᠨ ᠵᠦᠢ᠍ᠯ᠎ᠤᠨ ᠬᠡᠯᠪᠡᠷᠢ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠣᠬᠢᠷᠲᠤᠯ ᠦᠭᠡᠢ ᠪᠣᠭᠣᠳᠠᠯ ᠪᠠᠭᠯᠠᠭ᠎ᠠ ᠵᠢ ᠳᠡᠯᠭᠡᠷᠡᠭᠦᠯᠦᠨ ᠬᠡᠷᠡᠭᠯᠡᠬᠦ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠲᠦᠷᠭᠡᠨ ᠬᠦᠷᠭᠡᠬᠦ ᠦᠢ᠍ᠯᠡᠰ᠎ᠤᠨ ᠪᠣᠬᠢᠷᠲᠤᠯ ᠦᠭᠡᠢ ᠬᠥᠭᠵᠢᠯᠲᠡ ᠵᠢᠨ ᠨᠡᠢ᠌ᠭᠡᠮ᠎ᠤᠨ ᠰᠠᠭᠤᠷᠢ ᠵᠢ ᠪᠠᠲᠤᠳᠬᠠᠬᠤ᠎ᠳᠤ ᠠᠰᠢᠭᠲᠠᠢ ᠪᠠᠢ᠌ᠯᠭ᠋ᠠᠬᠤ ᠬᠡᠷᠡᠭᠲᠡᠢ ᠭᠡᠵᠦ ᠲᠣᠭᠲᠠᠭ᠋ᠠᠵᠠᠢ᠃