ᠲᠥᠷᠥ ᠵᠢᠨ ᠶᠠᠪᠤᠳᠠᠯ᠎ᠤᠨ ᠬᠣᠷᠢᠶ᠎ᠠ ᠣᠷᠴᠢᠮᠬᠠᠨ 《ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 ᠪᠠ 《ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠲᠦᠷᠦ ᠵᠢᠨ ᠶᠠᠪᠤᠳᠠᠯ᠎ᠤᠨ ᠬᠣᠷᠢᠶ᠎ᠠ 2026 ᠣᠨ᠎ᠳᠤ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠬᠦ᠎ᠪᠠᠷ ᠲᠣᠭᠲᠠᠭ᠋ᠠᠪᠠ᠃
《ᠮᠡᠳᠡᠭᠳᠡᠯ》᠎ᠳᠤ ᠵᠢᠭ᠋ᠠᠵᠤ ᠭᠠᠷᠭ᠋ᠠᠬᠤ᠎ᠳᠤ᠎ᠪᠠᠨ᠂ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ᠎ᠳᠤ ᠪᠦᠷᠢᠳᠬᠡᠭᠦᠯᠬᠦ ᠡᠲᠡᠭᠡᠳ ᠪᠣᠯ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠳᠣᠲᠣᠷᠠᠬᠢ ᠬᠥᠳᠡᠭᠡ ᠲᠣᠰᠬᠣᠨ᠎ᠤ ᠰᠠᠭᠤᠭ᠋ᠠᠯᠢ ᠡᠷᠦᠬᠡ ᠪᠣᠯᠣᠨ᠎ᠠ᠂ ᠡᠭᠦᠨ᠎ᠳᠤ ᠬᠥᠳᠡᠭᠡ ᠲᠣᠰᠬᠣᠨ᠎ᠤ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠡᠷᠦᠬᠡ ᠪᠠ ᠪᠤᠰᠤᠳ ᠰᠠᠭᠤᠭ᠋ᠠᠯᠢ ᠡᠷᠦᠬᠡ; ᠬᠣᠲᠠ ᠪᠠᠯᠭ᠋ᠠᠰᠤᠨ᠎ᠤ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠡᠷᠦᠬᠡ; ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ; ᠭᠠᠴᠠᠭ᠋ᠠᠨ᠎ᠤ ᠠᠷᠠᠳ᠎ᠤᠨ ᠵᠥᠪᠯᠡᠯ; ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠠᠭᠲᠠᠨ᠎ᠠ᠃ ᠨᠡᠢ᠌ᠳᠡᠮ ᠪᠠᠢ᠌ᠴᠠᠭ᠋ᠠᠯᠲᠠ ᠵᠢᠨ ᠭᠣᠣᠯ ᠠᠭᠤᠯᠭ᠎ᠠ᠎ᠳᠤ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠨᠥᠬᠥᠴᠡᠯ᠂ ᠠᠮᠤ ᠪᠤᠳᠠᠭ᠎ᠠ ᠪᠠ ᠬᠠᠮ ᠢᠳᠡᠭᠡᠨ᠎ᠤ ᠦᠢ᠍ᠯᠡᠳᠪᠦᠷᠢᠯᠡᠯ᠎ᠤᠨ ᠪᠠᠢ᠌ᠳᠠᠯ᠂ ᠬᠥᠳᠡᠭᠡ ᠠᠵᠤ ᠠᠬᠤᠢ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠪᠠᠢ᠌ᠳᠠᠯ᠂ ᠬᠥᠳᠡᠭᠡ ᠲᠣᠰᠬᠣᠨ᠎ᠤ ᠬᠥᠭᠵᠢᠯᠲᠡ ᠵᠢᠨ ᠦᠨᠳᠦᠰᠦᠨ ᠪᠠᠢ᠌ᠳᠠᠯ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠪᠠᠢ᠌ᠳᠠᠯ ᠵᠡᠷᠭᠡ ᠪᠠᠭᠲᠠᠨ᠎ᠠ᠃ ᠨᠡᠢ᠌ᠳᠡᠮ ᠪᠠᠢ᠌ᠴᠠᠭ᠋ᠠᠯᠲᠠ ᠬᠢᠵᠦ ᠡᠬᠢᠯᠡᠬᠦ ᠪᠠᠷᠢᠮᠵᠢᠶ᠎ᠠ ᠪᠣᠯᠬᠤ ᠴᠠᠭ 2026 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ 24 ᠴᠠᠭ᠂ ᠬᠤᠭᠤᠴᠠᠭ᠋ᠠᠨ᠎ᠤ ᠮᠠᠲ᠋ᠧᠷᠢᠶᠠᠯ ᠪᠣᠯ 2026 ᠣᠨ᠎ᠤ ᠣᠨ᠎ᠤ ᠮᠠᠲ᠋ᠧᠷᠢᠶᠠᠯ ᠪᠣᠯᠣᠨ᠎ᠠ ᠭᠡᠵᠡᠢ᠃
《ᠮᠡᠳᠡᠭᠳᠡᠯ》᠎ᠳᠤ ᠱᠠᠭ᠋ᠠᠷᠳᠠᠬᠤ᠎ᠳᠤ᠎ᠪᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠨᠢ ᠤᠯᠤᠰ ᠳᠠᠶᠠᠭ᠋ᠠᠷ᠎ᠤᠨ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ᠎ᠤᠳ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ ᠬᠠᠮᠲᠤ᠎ᠪᠠᠷ ᠣᠷᠣᠯᠴᠠᠬᠤ ᠵᠠᠷᠴᠢᠮ ᠶᠣᠰᠣᠭ᠋ᠠᠷ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠣᠣᠯᠳᠠᠯᠭ᠎ᠠ᠎ᠪᠠᠨ ᠲᠣᠪᠤᠢ᠌ᠯᠭ᠋ᠠᠨ᠂ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠠᠷᠭ᠎ᠠ ᠪᠠᠷᠢᠯ᠎ᠳᠤ ᠰᠢᠨ᠎ᠡ ᠵᠢ ᠡᠭᠦᠳᠴᠦ᠂ ᠨᠡᠢ᠌ᠳᠡᠮ ᠪᠠᠢ᠌ᠴᠠᠭ᠋ᠠᠯᠲᠠ ᠵᠢᠨ ᠤᠬᠠᠭᠤᠯᠤᠨ ᠳᠠᠢ᠌ᠴᠢᠯᠠᠬᠤ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠬᠢᠨᠠᠮᠠᠭ᠋ᠠᠢ ᠰᠠᠢ᠌ᠲᠤᠷ ᠬᠢᠬᠦ ᠬᠡᠷᠡᠭᠲᠡᠢ᠃ ᠨᠡᠢ᠌ᠳᠡᠮ ᠪᠠᠢ᠌ᠴᠠᠭ᠋ᠠᠯᠲᠠ ᠵᠢᠨ ᠠᠵᠢᠯᠲᠠᠳ ᠨᠡᠢ᠌ᠳᠡᠮ ᠪᠠᠢ᠌ᠴᠠᠭ᠋ᠠᠯᠲᠠ ᠵᠢᠨ ᠮᠠᠲ᠋ᠧᠷᠢᠶᠠᠯ᠎ᠢ ᠦᠨᠡᠨ ᠮᠥᠨ ᠵᠶ᠋ᠡᠷ᠎ᠨᠢ ᠴᠤᠭᠯᠠᠭᠤᠯᠵᠤ᠂ ᠮᠡᠳᠡᠭᠦᠯᠦᠨ ᠬᠦᠷᠭᠡᠬᠦ ᠬᠡᠷᠡᠭᠲᠡᠢ᠂ ᠨᠡᠢ᠌ᠳᠡᠮ ᠪᠠᠢ᠌ᠴᠠᠭ᠋ᠠᠯᠲᠠ ᠵᠢᠨ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠃ ᠨᠡᠢ᠌ᠳᠡᠮ ᠪᠠᠢ᠌ᠴᠠᠭ᠋ᠠᠯᠲᠠ᠎ᠳᠤ ᠪᠦᠷᠢᠳᠬᠡᠭᠦᠯᠬᠦ ᠡᠲᠡᠭᠡᠳ᠎ᠤᠳ ᠨᠡᠢ᠌ᠳᠡᠮ ᠪᠠᠢ᠌ᠴᠠᠭ᠋ᠠᠯᠲᠠ ᠵᠢᠨ ᠬᠦᠰᠦᠨᠦᠭᠲᠦ ᠵᠢ ᠴᠠᠭ ᠲᠤᠬᠠᠢᠳᠤᠨᠢ᠂ ᠦᠨᠡᠨ ᠮᠥᠨ ᠵᠶ᠋ᠡᠷ᠎ᠨᠢ ᠲᠠᠭᠯᠠᠨ ᠮᠡᠳᠡᠭᠦᠯᠬᠦ ᠬᠡᠷᠡᠭᠲᠡᠢ᠂ ᠦᠨᠡᠨ ᠪᠤᠰᠤ᠂ ᠪᠦᠷᠢᠨ ᠪᠤᠰᠤ ᠨᠡᠢ᠌ᠳᠡᠮ ᠪᠠᠢ᠌ᠴᠠᠭ᠋ᠠᠯᠲᠠ ᠵᠢᠨ ᠮᠠᠲ᠋ᠧᠷᠢᠶᠠᠯ ᠬᠠᠩᠭ᠋ᠠᠬᠤ ᠪᠤᠶᠤ ᠨᠡᠢ᠌ᠳᠡᠮ ᠪᠠᠢ᠌ᠴᠠᠭ᠋ᠠᠯᠲᠠ ᠵᠢᠨ ᠮᠠᠲ᠋ᠧᠷᠢᠶᠠᠯ᠎ᠢ ᠤᠳᠠᠭ᠋ᠠᠰᠢᠷᠠᠭᠤᠯᠤᠨ ᠮᠡᠳᠡᠭᠦᠯᠬᠦ ᠪᠠ ᠮᠡᠳᠡᠭᠦᠯᠬᠦ ᠵᠢ ᠲᠡᠪᠴᠢᠵᠦ ᠪᠣᠯᠬᠤ ᠦᠭᠡᠢ᠃ ᠨᠡᠢ᠌ᠳᠡᠮ ᠪᠠᠢ᠌ᠴᠠᠭ᠋ᠠᠯᠲᠠ ᠵᠢᠨ ᠠᠵᠢᠯ ᠵᠶ᠋ᠠᠷ ᠣᠯᠣᠭᠰᠠᠨ ᠨᠡᠢ᠌ᠳᠡᠮ ᠪᠠᠢ᠌ᠴᠠᠭ᠋ᠠᠯᠲᠠ ᠵᠢᠨ ᠭᠠᠭᠴᠠ ᠪᠦᠷᠢᠳᠬᠡᠭᠦᠯᠬᠦ ᠡᠲᠡᠭᠡᠳ᠎ᠤᠨ ᠪᠡᠶ᠎ᠡ ᠭᠠᠷᠤᠯ᠎ᠢ ᠢᠯᠭ᠋ᠠᠨ ᠲᠠᠨᠢᠬᠤ ᠪᠤᠶᠤ ᠵᠦᠢ᠍ᠴᠢᠯᠡᠨ ᠮᠠᠭ᠋ᠠᠳᠯᠠᠵᠤ ᠳᠡᠶ᠋ᠢᠯᠬᠦ ᠮᠠᠲ᠋ᠧᠷᠢᠶᠠᠯ᠎ᠢ ᠭᠠᠳᠠᠭᠰᠢ ᠬᠠᠩᠭ᠋ᠠᠬᠤ ᠪᠠ ᠵᠠᠳᠠᠷᠠᠭᠤᠯᠵᠤ ᠪᠣᠯᠬᠤ ᠦᠭᠡᠢ᠂ ᠪᠦᠷᠢᠳᠬᠡᠯ᠎ᠠᠴᠠ ᠪᠤᠰᠤᠳ ᠵᠣᠷᠢᠯᠭ᠎ᠠ᠎ᠳᠤ ᠬᠡᠷᠡᠭᠯᠡᠵᠦ ᠪᠣᠯᠬᠤ ᠦᠭᠡᠢ ᠭᠡᠵᠡᠢ᠃
《ᠮᠡᠳᠡᠭᠳᠡᠯ》᠎ᠳᠤ ᠴᠢᠬᠤᠯᠠᠴᠢᠯᠠᠬᠤ᠎ᠳᠤ᠎ᠪᠠᠨ᠂ ᠳ᠋ᠠᠢ᠌ᠲ᠋ᠠ ᠵᠢᠨ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠢᠮᠠᠭᠲᠠ ᠪᠠᠲᠤ ᠰᠠᠬᠢᠵᠤ᠂ ᠨᠡᠢ᠌ᠳᠡᠮ ᠪᠠᠢ᠌ᠴᠠᠭ᠋ᠠᠯᠲᠠ ᠵᠢᠨ ᠲᠥᠰᠥᠯ᠎ᠢ ᠴᠢᠩᠭ᠎ᠠ ᠬᠡᠷᠡᠭᠵᠢᠭᠦᠯᠦᠨ᠂ ᠨᠡᠢ᠌ᠳᠡᠮ ᠪᠠᠢ᠌ᠴᠠᠭ᠋ᠠᠯᠲᠠ ᠵᠢᠨ ᠵᠢᠯᠣᠭᠣᠳᠤᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠵᠢᠷᠤᠮᠵᠢᠭᠤᠯᠤᠨ᠂ ᠳ᠋ᠠᠢ᠌ᠲ᠋ᠠ ᠵᠢᠨ ᠶᠠᠰᠤ ᠴᠢᠨᠠᠷ᠎ᠲᠤ ᠪᠠᠢ᠌ᠴᠠᠭ᠋ᠠᠬᠤ ᠪᠠ ᠬᠠᠷᠭᠤᠭᠤᠯᠬᠤ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠢ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠵᠶ᠋ᠠᠷ ᠵᠣᠬᠢᠶᠠᠨ ᠬᠠᠭᠤᠷᠮᠠᠭᠯᠠᠨ ᠦᠢ᠍ᠯᠡᠳᠬᠦ ᠵᠢ ᠦᠨᠡᠨ ᠬᠦ᠌ ᠰᠡᠷᠭᠡᠢ᠌ᠯᠡᠬᠦ ᠪᠠ ᠵᠠᠯᠬᠠᠭ᠋ᠠᠨ ᠰᠢᠢ᠍ᠳᠬᠡᠵᠦ᠂ ᠨᠡᠢ᠌ᠳᠡᠮ ᠪᠠᠢ᠌ᠴᠠᠭ᠋ᠠᠯᠲᠠ ᠵᠢᠨ ᠳ᠋ᠠᠢ᠌ᠲ᠋ᠠ ᠵᠢᠨ ᠦᠨᠡᠨ ᠪᠣᠳᠠᠲᠠᠢ ᠪᠥᠭᠡᠳ ᠣᠨᠣᠪᠴᠢᠲᠠᠶ᠂ ᠪᠦᠷᠢᠨ ᠪᠦᠲᠦᠨ ᠮᠥᠷᠲᠡᠭᠡᠨ ᠢᠲᠡᠭᠡᠮᠵᠢᠲᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠡᠢ᠌ᠳᠡᠮ ᠪᠠᠢ᠌ᠴᠠᠭ᠋ᠠᠯᠲᠠ ᠵᠢᠨ ᠳ᠋ᠠᠢ᠌ᠲ᠋ᠠ ᠵᠢᠨ ᠶᠠᠰᠤ ᠴᠢᠨᠠᠷ᠎ᠢ ᠡᠵᠡᠮᠳᠡᠬᠦ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ᠂ ᠨᠡᠢ᠌ᠳᠡᠮ ᠪᠠᠢ᠌ᠴᠠᠭ᠋ᠠᠯᠲᠠ ᠵᠢᠨ ᠳ᠋ᠠᠢ᠌ᠲ᠋ᠠ ᠵᠢᠨ ᠶᠠᠰᠤ ᠴᠢᠨᠠᠷ᠎ᠢ ᠮᠥᠷᠳᠡᠨ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠨᠡᠢ᠌ᠳᠡᠮ ᠪᠠᠢ᠌ᠴᠠᠭ᠋ᠠᠯᠲᠠ ᠵᠢᠨ ᠳ᠋ᠠᠢ᠌ᠲ᠋ᠠ᠎ᠳᠤ ᠵᠣᠷᠢᠭᠤᠳᠠ ᠭᠠᠷ ᠲᠦᠷᠦᠭᠦ ᠡᠯ᠎ᠡ ᠵᠦᠢ᠍ᠯ᠎ᠤᠨ ᠦᠢᠯᠡ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ᠎ᠤᠨ ᠠᠷᠭ᠎ᠠ ᠪᠠᠷᠢᠯ ᠪᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠠᠪᠴᠤ᠂ ᠨᠡᠢ᠌ᠳᠡᠮ ᠪᠠᠢ᠌ᠴᠠᠭ᠋ᠠᠯᠲᠠ ᠵᠢᠨ ᠳ᠋ᠠᠢ᠌ᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃