ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠰᠢ ᠵᠢᠨ ᠫᠢᠩ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2020-12-16

      ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ 11 ᠰᠠᠷ᠎ᠠ ᠵᠢᠨ 16᠎ᠠᠴᠠ 17᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠤ ᠵᠢᠨ ᠬᠠᠮᠳᠤ ᠴᠢᠬᠤᠯᠠ ᠶᠠᠷᠢᠶ᠎ᠠ ᠲᠠᠯᠪᠢᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ᠎ᠳᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠳᠤ ᠵᠢ ᠡᠵᠡᠮᠳᠡᠬᠦ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠪᠣᠳᠠᠲᠤ ᠪᠠᠶ᠋ᠢᠳᠠᠯ᠎ᠠᠴᠠ ᠡᠭᠦᠰᠦᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠢᠰᠲ᠋ᠧᠮ᠎ᠢ ᠪᠠᠶ᠋ᠢᠭᠤᠯᠬᠤ᠂ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠤᠯᠤᠰ᠎ᠢ ᠪᠦᠲᠦᠭᠡᠨ ᠪᠠᠶ᠋ᠢᠭᠤᠯᠬᠤ ᠶᠡᠷᠦᠩᠬᠡᠶ ᠬᠠᠷᠠᠯᠲᠠ ᠵᠢᠨ ᠲᠣᠭᠣᠷᠢᠨ᠎ᠳᠤ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠣᠷᠭ᠋ᠠᠨᠢᠭ ᠵᠶ᠋ᠠᠷ ᠨᠢᠭᠡᠳᠬᠡᠬᠦ ᠵᠢ ᠪᠠᠷᠢᠮᠲᠠᠯᠠᠵᠤ᠂ ᠬᠠᠤᠯᠢᠵᠢᠯ᠎ᠤᠨ ᠬᠦᠷᠢᠶᠡᠨ᠎ᠤ ᠲᠣᠪᠣᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠬᠦᠴᠦᠯᠡᠬᠦ ᠴᠡᠭ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠬᠠᠤᠯᠢᠵᠢᠯ᠎ᠤᠨ ᠵᠠᠮ᠎ᠳᠤ ᠤᠯᠤᠰ᠎ᠤᠨ ᠵᠠᠰᠠᠯᠳᠠ ᠵᠢᠨ ᠰᠢᠰᠲ᠋ᠧᠮ ᠪᠤᠯᠤᠨ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠳᠡᠷᠬᠡᠯᠰᠢᠬᠦᠯᠬᠦ᠎ᠳᠤ ᠬᠠᠤᠯᠢᠵᠢᠯ᠎ᠤᠨ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠳᠡᠢ ᠬᠡᠵᠥ ᠴᠢᠬᠤᠯᠠᠴᠢᠯᠠᠪᠠ᠃
      ᠬᠤᠷᠠᠯ᠎ᠠᠴᠠ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠠᠭᠤᠯᠤᠭᠳᠠᠬᠤᠨ ᠡᠯᠪᠡᠭ ᠪᠠᠶᠠᠯᠢᠭ᠂ ᠥᠭᠦᠯᠡᠯᠲᠡ ᠭᠦᠨ ᠭᠦᠨᠵᠡᠭᠡᠶ᠂ ᠯᠣᠭᠢᠭ ᠨᠢᠭᠲᠠ ᠴᠢᠩᠭ᠎ᠠ᠂ ᠰᠢᠰᠲ᠋ᠧᠮ ᠪᠦᠷᠢᠨ ᠲᠡᠭᠦᠯᠳᠡᠷ ᠪᠠᠶ᠋ᠢᠵᠤ᠂ ᠲᠡᠤᠬᠡ ᠪᠠ ᠪᠣᠳᠠᠲᠤ ᠠᠬᠤᠶ ᠬᠠᠷᠢᠯᠴᠠᠨ ᠨᠡᠪᠲᠡᠷᠡᠯᠴᠡᠬᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠬᠠᠷᠢᠯᠴᠠᠨ ᠬᠣᠯᠪᠣᠯᠳᠤᠬᠤ᠂ ᠤᠨᠤᠯ ᠪᠠ ᠪᠣᠳᠠᠲᠠᠢ ᠵᠢ ᠬᠠᠷᠢᠯᠴᠠᠨ ᠤᠶᠠᠯᠳᠤᠭᠤᠯᠬᠤ ᠲᠠᠯ᠎ᠠ᠎ᠪᠠᠷ ᠰᠢᠨ᠎ᠡ ᠴᠠᠭ ᠦᠶ᠎ᠡ᠎ᠳᠤ ᠶᠠᠭᠤᠨ᠎ᠳᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠡᠭᠵᠢᠭᠦᠯᠬᠦ᠂ ᠬᠡᠷᠬᠢᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠡᠭᠵᠢᠭᠦᠯᠬᠦ ᠵᠡᠷᠭᠡ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠶ ᠬᠠᠷᠢᠭᠤᠯᠳᠠ ᠦᠭᠴᠠᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠬᠦᠯᠬᠦ ᠴᠠᠭ ᠦᠶ᠎ᠡ ᠵᠢᠨ ᠱᠠᠭ᠋ᠠᠷᠳᠠᠯᠭ᠎ᠠ᠎ᠳᠤ ᠵᠤᠬᠢᠴᠠᠨ ᠪᠤᠢ ᠪᠣᠯᠤᠭᠰᠠᠨ ᠴᠢᠬᠤᠯᠠ ᠶᠡᠬᠡ ᠤᠨᠤᠯ᠎ᠤᠨ ᠰᠢᠨ᠎ᠡ ᠡᠭᠦᠳᠦᠯᠳᠡ ᠵᠢᠨ ᠦᠷ᠎ᠡ ᠪᠦᠲᠦᠭᠡᠯ ᠪᠣᠯᠤᠨ᠎ᠠ᠂ ᠮᠠᠷᠺᠰ᠎ᠤᠨ ᠦᠵᠡᠯ᠎ᠤᠨ ᠬᠠᠤᠯᠢᠵᠢᠯ᠎ᠤᠨ ᠣᠨᠣᠯ᠎ᠤᠨ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠪᠤᠯᠤᠨ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠦᠨᠳᠦᠰᠦᠨ ᠵᠢᠷᠤᠮᠵᠢᠯ ᠪᠠ ᠠᠵᠢᠯᠯᠠᠭ᠋ᠠᠨ᠎ᠤ ᠵᠦᠭᠯᠡᠭᠦᠷ ᠪᠤᠯᠤᠨ᠎ᠠ᠃ ᠪᠦᠬᠦ ᠨᠠᠮ ᠪᠦᠬᠦ ᠤᠯᠤᠰ ᠵᠶ᠋ᠠᠷ ᠵᠶ᠋ᠠᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ ᠦᠨᠳᠦᠰᠦᠨ ᠵᠣᠷᠢᠭ ᠰᠠᠨᠠᠭ᠎ᠠ ᠵᠢ᠎ᠨᠢ ᠲᠤᠭᠤᠷᠠᠲᠡᠯ᠎ᠡ ᠣᠶ᠋ᠢᠯᠠᠭ᠋ᠠᠵᠤ᠂ ᠭᠣᠣᠯ ᠠᠭᠤᠯᠭ᠎ᠠ ᠵᠢ᠎ᠨᠢ ᠡᠵᠡᠮᠳᠡᠵᠦ᠂ ᠠᠵᠢᠯ᠎ᠤᠨ ᠱᠠᠭ᠋ᠠᠷᠳᠠᠯᠭ᠎ᠠ᠎ᠪᠠᠨ ᠲᠣᠳᠣᠷᠬᠠᠶ᠋ᠢᠯᠠᠨ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠪᠦᠬᠦ ᠶᠠᠪᠤᠴᠠ᠎ᠳᠤ ᠦᠨᠡᠨ ᠬᠦ᠌ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
      ᠯᠢ ᠺᠸ ᠴᠢᠶᠠᠩ ᠬᠤᠷᠠᠯ᠎ᠢ ᠡᠷᠭᠢᠯᠡᠪᠡ᠃ ᠯᠢ ᠵᠠᠨ ᠱᠤ᠌᠂ ᠸᠠᠩ ᠶᠠᠩ᠂ ᠵᠣᠣ ᠯᠸ ᠵᠢᠶ᠂ ᠬᠠᠨ ᠵᠧᠩ ᠬᠤᠷᠠᠯ᠎ᠳᠤ ᠣᠷᠣᠯᠴᠠᠵᠠᠢ᠃ ᠸᠠᠩ ᠬᠤ᠌ ᠨᠢᠩ ᠳ᠋ᠦᠩᠨᠡᠯᠲᠡ ᠵᠢᠨ ᠶᠠᠷᠢᠶ᠎ᠠ ᠲᠠᠯᠪᠢᠪᠠ᠃
      ᠰᠢ ᠵᠢᠨ ᠫᠢᠩ ᠶᠠᠷᠢᠶᠠᠨ᠎ᠳᠤ᠎ᠪᠠᠨ᠂ ᠮᠠᠨ᠎ᠤ ᠨᠠᠮ ᠢᠮᠠᠭᠲᠠ ᠬᠠᠤᠯᠢᠵᠢᠯ᠎ᠤᠨ ᠪᠠᠶ᠋ᠢᠭᠤᠯᠤᠯᠲᠠ ᠵᠢ ᠴᠢᠬᠤᠯᠠᠴᠢᠯᠠᠭᠰᠠᠭ᠋ᠠᠷ ᠢᠷᠡᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ᠎ᠠᠴᠠ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠲᠣᠳᠣᠷᠬᠠᠢ ᠳᠤᠷᠠᠳᠴᠤ ᠭᠠᠷᠭ᠋ᠠᠬᠰᠠᠨ ᠪᠥᠭᠡᠳ ᠲᠡᠭᠦᠨ᠎ᠢ 《ᠲᠦᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠲᠠ᠎ᠳᠤ ᠣᠷᠣᠭᠤᠯᠤᠨ ᠬᠦᠴᠦᠲᠡᠢ ᠠᠬᠢᠭᠤᠯᠵᠠᠢ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ   ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠲᠤᠰᠬᠠᠶ᠋ᠢᠯᠠᠨ ᠰᠤᠳᠤᠯᠵᠤ ᠪᠠᠢ᠍ᠢ᠍ᠭ᠋ᠠᠳ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠲᠣᠭᠲᠠᠭ᠋ᠠᠯ ᠭᠠᠷᠭ᠋ᠠᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠬᠤᠷᠠᠯᠳᠤᠭᠰᠠᠨ᠎ᠤ ᠳᠠᠷᠠᠭ᠎ᠠ᠂ ᠨᠠᠮ᠎ᠤᠨ ᠲᠥᠪ ᠬᠣᠷᠢᠶ᠎ᠠ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠬᠤᠷᠢᠶ᠎ᠠ ᠵᠢ ᠪᠠᠶ᠋ᠢᠭᠤᠯᠵᠤ᠂ ᠪᠦᠬᠦ ᠲᠠᠯ᠎ᠠ ᠪᠣᠯᠤᠨ ᠪᠠᠶ᠋ᠢᠯᠳᠤᠬᠤ ᠪᠣᠳᠣᠯᠭ᠎ᠠ ᠵᠢᠨ ᠦᠨᠳᠦᠷᠴᠡ᠎ᠠᠴᠠ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠎ᠳᠤ ᠪᠠᠰᠠ ᠠᠯᠢ ᠣᠯᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠬᠢᠵᠦ᠂ ᠮᠠᠨ᠎ᠤ ᠤᠯᠤᠰ᠎ᠤᠨ ᠨᠡᠶ᠋ᠢᠭᠡᠮ ᠵᠢᠷᠤᠮᠳᠤ ᠬᠠᠤᠯᠢᠵᠢᠯ᠎ᠤᠨ ᠪᠠᠶ᠋ᠢᠭᠤᠯᠤᠯᠲᠠ᠎ᠳᠤ ᠲᠡᠤᠬᠡᠲᠦ ᠴᠢᠨᠠᠷᠲᠠᠶ ᠬᠤᠪᠢᠰᠤᠯᠲᠠ ᠭᠠᠷᠭ᠋ᠠᠵᠤ᠂ ᠲᠡᠤᠬᠡᠲᠦ ᠴᠢᠨᠠᠷᠲᠠᠶ ᠠᠮᠵᠢᠯᠲᠠ ᠣᠯᠬᠤ ᠵᠢ ᠠᠬᠢᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠦᠶᠯᠡᠳᠦᠯᠭᠡ ᠴᠢᠬᠤᠯᠠ ᠶᠡᠬᠡ ᠠᠬᠢᠴᠠ᠎ᠲᠠᠢ ᠪᠣᠯᠪᠠ ᠬᠡᠵᠥ ᠴᠢᠬᠤᠯᠠᠴᠢᠯᠠᠪᠠ᠃
      ᠰᠢ ᠵᠢᠨ ᠫᠢᠩ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ᠎ᠳᠤ ᠭᠣᠣᠯᠳᠠᠯᠭ᠎ᠠ᠎ᠲᠠᠢ ᠰᠠᠶ᠋ᠢᠲᠤᠷ ᠠᠳᠬᠤᠬᠤ ᠠᠵᠢᠯ᠎ᠳᠤ 11 ᠲᠠᠯ᠎ᠠ ᠵᠢᠨ ᠱᠠᠭ᠋ᠠᠷᠳᠠᠯᠭ᠎ᠠ ᠳᠤᠷᠠᠳᠴᠠᠢ᠃
      ᠰᠢ ᠵᠢᠨ ᠫᠢᠩ᠂ ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠳᠠᠬᠢ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠪᠣᠯ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠣᠷᠴᠢᠨ ᠠᠬᠤᠢ ᠬᠡᠳᠦᠶ ᠪᠤᠳᠤᠯᠢᠶᠠᠨᠲᠠᠶ ᠪᠣᠯᠬᠤ ᠳᠤᠳᠤᠮ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶ᠋ᠢᠭᠡᠮ ᠵᠢᠷᠤᠮᠳᠤ ᠣᠳᠣᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠬᠡᠳᠦᠢ ᠬᠦᠨᠳᠦ ᠪᠣᠯᠬᠤ ᠳᠤᠳᠤᠮ᠂ ᠳᠡᠳᠤᠢ ᠢᠯᠡᠬᠦᠦ ᠬᠠᠤᠯᠢᠵᠢᠯ᠎ᠤᠨ ᠰᠡᠳᠬᠢᠬᠦᠶ ᠪᠠ ᠬᠠᠤᠯᠢ᠎ᠪᠠᠷ ᠵᠠᠰᠠᠬᠤ ᠠᠷᠭ᠎ᠠ ᠪᠠᠷᠢᠯ᠎ᠢ ᠬᠡᠷᠡᠭᠯᠡᠨ ᠲᠦᠷᠦ ᠪᠠᠷᠢᠬᠤ ᠪᠠᠶ᠋ᠢᠷᠢ ᠰᠠᠭᠤᠷᠢ᠎ᠪᠠᠨ ᠪᠡᠬᠢᠵᠢᠭᠦᠯᠵᠦ᠂ ᠲᠦᠷᠦ ᠪᠠᠷᠢᠬᠤ ᠠᠷᠭ᠎ᠠ ᠮᠠᠶᠢᠭ ᠵᠶ᠋ᠠᠨ ᠰᠠᠶ᠋ᠢᠵᠢᠷᠠᠭᠤᠯᠵᠤ᠂ ᠲᠦᠷᠦ ᠪᠠᠷᠢᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠨᠠᠮ ᠪᠠ ᠤᠯᠤᠰ᠎ᠤᠨ ᠥᠨᠢ ᠤᠳᠠᠭ᠋ᠠᠨ ᠠᠮᠤᠷ ᠲᠤᠬᠳᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠶ᠃ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠪᠣᠯ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠤᠳᠤᠷᠢᠳᠬᠤ ᠳᠦᠷᠢᠮ ᠪᠣᠯᠤᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠨᠠᠮ᠎ᠤᠨ ᠤᠳᠤᠷᠢᠳᠤᠯᠭ᠎ᠠ ᠵᠢᠨ ᠳᠦᠷᠢᠮᠵᠢᠯᠲᠡ᠂ ᠬᠠᠤᠯᠢᠵᠢᠯᠲᠠ ᠵᠢ ᠠᠬᠢᠭᠤᠯᠵᠤ᠂ ᠬᠠᠤᠯᠢ᠎ᠪᠠᠷ ᠵᠠᠰᠠᠬᠤ᠎ᠪᠠᠷ ᠳᠠᠮᠵᠢᠭᠤᠯᠤᠨ ᠨᠠᠮ᠎ᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠵᠢᠨ ᠪᠦᠲᠦᠮᠵᠢᠲᠡᠶ ᠬᠡᠷᠡᠭᠵᠢᠭᠦᠯᠦᠭᠳᠡᠬᠦ ᠵᠢ ᠪᠠᠲᠤᠯᠠᠬᠤ ᠶᠠᠪᠤᠳᠠᠯ ᠪᠤᠯᠤᠨ᠎ᠠ ᠬᠡᠵᠥ ᠴᠢᠬᠤᠯᠠᠴᠢᠯᠠᠪᠠ᠃
      ᠰᠢ ᠵᠢᠨ ᠫᠢᠩ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠎ᠳᠤ ᠬᠠᠮᠤᠭ᠎ᠤᠨ ᠥᠷᠭᠡᠨ ᠳᠡᠯᠭᠡᠷ᠂ ᠬᠠᠮᠤᠭ᠎ᠤᠨ ᠭᠦᠨ ᠵᠤᠵᠠᠭ᠋ᠠᠨ ᠰᠠᠭᠤᠷᠢ ᠪᠣᠯ ᠠᠷᠠᠳ ᠲᠦᠮᠡᠨ ᠮᠥᠨ᠂ ᠡᠷᠬᠡᠪᠰᠢ ᠠᠷᠠᠳ ᠲᠦᠮᠡᠨ᠎ᠤ ᠲᠥᠯᠥᠭᠡ ᠪᠠᠶ᠋ᠢᠬᠤ᠂ ᠠᠷᠠᠳ ᠲᠦᠮᠡᠨ᠎ᠳᠤ ᠲᠦᠰᠢᠭᠯᠡᠬᠦ ᠵᠢ ᠪᠠᠷᠢᠮᠲᠠᠯᠠᠬᠤ ᠬᠡᠷᠡᠭᠲᠡᠶ᠃ ᠠᠷᠠᠳ ᠲᠦᠮᠡᠨ᠎ᠤ ᠠᠰᠢᠭ ᠲᠤᠰᠠ ᠵᠢ ᠢᠯᠡᠷᠡᠭᠦᠯᠬᠦ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠲᠤᠰᠬᠠᠬᠤ᠂ ᠠᠷᠠᠳ ᠲᠦᠮᠡᠨ᠎ᠤ ᠡᠷᠬᠡ ᠠᠰᠢᠭ᠎ᠢ ᠬᠠᠮᠠᠭ᠋ᠠᠯᠠᠬᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ ᠵᠢ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠡᠯ᠎ᠡ ᠬᠦᠷᠢᠶ᠎ᠠ ᠪᠦᠬᠦ ᠶᠠᠪᠤᠴᠠ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ᠃ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ ᠵᠢᠨ ᠦᠨᠳᠦᠰᠦᠨ ᠵᠣᠷᠢᠯᠭ᠎ᠠ ᠪᠣᠯ ᠠᠷᠠᠳ ᠲᠦᠮᠡᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠵᠢᠨ ᠲᠥᠯᠥᠭᠡ ᠶᠤᠮ᠃ ᠠᠷᠠᠳ ᠣᠯᠠᠨ᠎ᠤ ᠰᠢᠨ᠎ᠡ ᠱᠠᠭ᠋ᠠᠷᠳᠠᠯᠭ᠎ᠠ ᠰᠢᠨ᠎ᠡ ᠬᠦᠰᠡᠯ ᠡᠷᠡᠮᠡᠯᠵᠡᠯ᠎ᠳᠤ ᠢᠳᠡᠪᠬᠢᠲᠡᠢ ᠬᠠᠷᠢᠭᠤᠯᠲᠠ ᠥᠭᠴᠦ᠂ ᠬᠠᠤᠯᠢᠵᠢᠯ᠎ᠤᠨ ᠬᠦᠷᠢᠶᠡᠨ᠎ᠳᠠᠬᠢ ᠠᠷᠠᠳ ᠣᠯᠠᠨ᠎ᠤ ᠲᠤᠰᠬᠠᠯ ᠴᠢᠩᠭ᠎ᠠ ᠪᠠᠢ᠌ᠭ᠎ᠠ ᠳᠣᠪᠣᠢ᠍ᠢ᠍ᠮ᠎ᠠ ᠠᠰᠠᠭᠤᠳᠠᠯ᠎ᠢ ᠰᠢᠰᠲ᠋ᠧᠮ᠎ᠲᠠᠢ ᠰᠤᠳᠤᠯᠤᠨ ᠲᠥᠯᠥᠪᠯᠡᠵᠦ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠤᠯᠢᠵᠢᠯ ᠵᠶ᠋ᠠᠷ ᠠᠷᠠᠳ ᠲᠦᠮᠡᠨ᠎ᠤ ᠠᠮᠤᠷ ᠲᠠᠶ᠋ᠢᠪᠤᠩ ᠠᠵᠤ ᠲᠦᠷᠦᠭᠦ ᠵᠢ ᠪᠠᠲᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠠᠮ᠎ᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠠᠮ ᠪᠣᠯ ᠮᠥᠨ ᠴᠢᠨᠠᠷ ᠳᠡᠭᠡᠷ᠎ᠡ᠎ᠪᠠᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠤᠨ ᠬᠠᠤᠯᠢᠵᠢᠯ᠎ᠤᠨ ᠬᠦᠷᠢᠶᠡᠨ᠎ᠳᠠᠬᠢ ᠪᠣᠳᠠᠲᠠᠶ ᠢᠯᠡᠷᠡᠯ ᠮᠥᠨ᠃ ᠣᠳᠣᠬᠠᠨ᠎ᠤ ᠪᠠᠶ᠋ᠢᠳᠠᠯ᠎ᠳᠤ ᠰᠠᠭᠤᠷᠢᠯᠠᠨ᠂ ᠬᠠᠤᠯᠢᠵᠢᠯ᠎ᠤᠨ ᠰᠡᠳᠬᠢᠬᠦᠶ ᠪᠠ ᠬᠠᠤᠯᠢᠵᠢᠯ᠎ᠤᠨ ᠠᠷᠭ᠎ᠠ ᠮᠠᠶᠢᠭ ᠵᠶ᠋ᠠᠷ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠭᠦᠨ ᠳᠠᠪᠬᠤᠷᠭ᠎ᠠ ᠵᠢᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ; ᠲᠡᠷᠡ ᠮᠦᠷᠳᠡᠭᠡᠨ ᠠᠯᠤᠰ ᠬᠤᠯᠠ ᠵᠢ ᠪᠣᠳᠣᠯᠬᠢᠯᠠᠨ᠂ ᠬᠠᠤᠯᠢᠵᠢᠯ᠎ᠤᠨ ᠰᠠᠭᠤᠷᠢ ᠵᠢ ᠴᠤᠬ᠍ᠴᠠᠯᠠᠵᠦ᠂ ᠬᠠᠤᠯᠢᠵᠢᠯ᠎ᠤᠨ ᠬᠦᠴᠦᠨ᠎ᠢ ᠬᠡᠷᠡᠭᠵᠢᠭᠦᠯᠵᠤ᠂ ᠬᠠᠤᠯᠢᠵᠢᠯ᠎ᠤᠨ ᠰᠦᠷ ᠬᠦᠴᠦᠨ᠎ᠢ ᠬᠤᠷᠠᠮᠳᠤᠭᠤᠯᠵᠦ᠂ ᠡᠯ᠎ᠡ ᠲᠠᠯ᠎ᠠ ᠵᠢᠨ ᠳᠦᠷᠢᠮ ᠨᠠᠩ ᠪᠣᠯᠪᠠᠰᠤᠷᠠᠩᠭᠤᠶ ᠨᠠᠩ ᠲᠤᠭᠳᠠᠪᠤᠷᠢᠵᠢᠬᠤ ᠵᠢ ᠠᠬᠢᠭᠤᠯᠵᠤ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠤᠷᠲᠤ ᠤᠳᠠᠭ᠋ᠠᠨ ᠬᠤᠭᠤᠴᠠᠭ᠎ᠠ᠎ᠪᠠᠷ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠳᠠᠢ᠃ ᠳᠤᠮᠳᠠᠳᠤ ᠵᠢᠨ ᠰᠢᠯᠢᠳᠡᠭ ᠤᠯᠠᠮᠵᠢᠯᠠᠯᠳᠤ ᠬᠠᠤᠯᠢ ᠴᠠᠭ᠋ᠠᠵᠠ ᠵᠢᠨ ᠰᠣᠶᠣᠯ᠎ᠢ ᠵᠠᠯᠭ᠋ᠠᠮᠵᠢᠯᠠᠵᠤ᠂ ᠮᠠᠨ᠎ᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠦᠢ᠍ᠯᠡᠳᠦᠯᠭᠡ ᠳᠤᠮᠳᠠ᠎ᠠᠴᠠ ᠥᠪᠡᠷ᠎ᠤᠨ ᠪᠡᠶ᠎ᠡ᠎ᠳᠤ᠎ᠪᠠᠨ ᠳᠣᠭᠢᠷᠬᠠᠰᠠᠨ ᠬᠠᠤᠯᠢᠵᠢᠯ᠎ᠤᠨ ᠵᠠᠮ᠎ᠢ ᠰᠦᠪᠡᠭᠴᠢᠯᠡᠬᠦ ᠵᠢᠨ ᠬᠠᠮᠲᠤ ᠭᠠᠳᠠᠭ᠋ᠠᠳᠤ ᠵᠢᠨ ᠬᠠᠤᠯᠢᠵᠢᠯ᠎ᠤᠨ ᠠᠰᠢᠭᠲᠠᠶ ᠦᠷ᠎ᠡ ᠪᠦᠲᠦᠭᠡᠯ ᠵᠶ᠋ᠡᠷ ᠲᠣᠯᠢ ᠪᠣᠯᠭ᠋ᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠬᠠᠤᠯᠢᠵᠢᠯ᠎ᠤᠨ ᠰᠠᠭᠤᠷᠢ ᠵᠢ ᠪᠡᠬᠢᠵᠢᠭᠦᠯᠬᠦ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠦᠨᠳᠦᠰᠦᠨ ᠬᠠᠤᠯᠢ᠎ᠪᠠᠷ ᠤᠯᠤᠰ ᠵᠶ᠋ᠠᠨ ᠵᠠᠰᠠᠬᠤ᠂ ᠦᠨᠳᠦᠰᠦᠨ ᠬᠠᠤᠯᠢ᠎ᠪᠠᠷ ᠲᠦᠷᠦ ᠪᠠᠷᠢᠬᠤ ᠵᠢ ᠪᠠᠷᠢᠮᠲᠠᠯᠠᠬᠤ ᠬᠡᠷᠡᠭᠲᠡᠢ᠃ ᠨᠠᠮ᠎ᠠᠴᠠ ᠠᠷᠠᠳ ᠲᠦᠮᠡᠨ᠎ᠢ ᠤᠳᠤᠷᠢᠳᠤᠨ ᠦᠨᠳᠦᠰᠦᠨ ᠬᠠᠤᠯᠢ ᠬᠠᠤᠯᠢ ᠴᠠᠭ᠋ᠠᠵᠠ ᠵᠢ ᠲᠣᠭᠲᠠᠭ᠋ᠠᠵᠤ᠂ ᠠᠷᠠᠳ ᠲᠦᠮᠡᠨ᠎ᠢ ᠤᠳᠤᠷᠢᠳᠤᠨ ᠦᠨᠳᠦᠰᠦᠨ ᠬᠠᠤᠯᠢ ᠬᠠᠤᠯᠢ ᠴᠠᠭ᠋ᠠᠵᠠ ᠵᠢ ᠬᠡᠷᠡᠭᠵᠢᠭᠦᠯᠬᠦ᠎ᠳᠤ᠂ ᠨᠠᠮ ᠦᠪᠡᠷ ᠵᠶ᠋ᠠᠨ ᠦᠨᠳᠦᠰᠦᠨ ᠬᠠᠤᠯᠢ ᠬᠠᠤᠯᠢ ᠴᠠᠭ᠋ᠠᠵᠠ ᠵᠢᠨ ᠬᠡᠪᠴᠢᠶᠡᠨ ᠲᠤᠳᠤᠷ᠎ᠠ ᠠᠵᠢᠯᠯᠠᠭ᠎ᠠ ᠬᠢᠬᠦ ᠬᠡᠷᠡᠭᠲᠡᠶ᠃ ᠪᠦᠬᠦ ᠤᠯᠤᠰ᠎ᠤᠨ ᠦᠨᠳᠦᠰᠦᠲᠡᠨ ᠨᠦᠭᠦᠳ᠎ᠤᠨ ᠠᠷᠠᠳ ᠲᠦᠮᠡᠨ᠂ ᠠᠯᠢᠪᠠ ᠲᠥᠷᠥ ᠵᠢᠨ ᠪᠠᠶ᠋ᠢᠭᠤᠯᠭ᠎ᠠ ᠪᠣᠯᠤᠨ ᠵᠡᠪᠰᠡᠭᠲᠦ ᠬᠦᠴᠦᠨ᠂ ᠲᠥᠷᠥ ᠵᠢᠨ ᠨᠠᠮ ᠪᠣᠯᠤᠨ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠴᠥᠮ ᠡᠷᠬᠡᠪᠰᠢ ᠦᠨᠳᠦᠰᠦᠨ ᠬᠠᠤᠯᠢ᠎ᠪᠠᠷ ᠠᠵᠢᠯᠯᠠᠭ᠎ᠠ ᠵᠢᠨ ᠵᠶ᠋ᠠᠨ ᠦᠨᠳᠦᠰᠦᠨ ᠪᠠᠷᠢᠮᠵᠢᠶ᠎ᠠ ᠪᠣᠯᠭ᠋ᠠᠵᠤ᠂ ᠴᠥᠮ ᠦᠨᠳᠦᠰᠦᠨ ᠬᠠᠤᠯᠢ ᠵᠢᠨ ᠨᠡᠷ᠎ᠡ ᠬᠦᠨᠳᠦ ᠵᠢ ᠬᠠᠮᠠᠭ᠋ᠠᠯᠠᠬᠤ᠂ ᠦᠨᠳᠦᠰᠦᠨ ᠬᠠᠤᠯᠢ ᠵᠢᠨ ᠬᠡᠷᠡᠭᠵᠢᠭᠦᠯᠦᠭᠳᠡᠬᠦ ᠵᠢ ᠪᠠᠲᠤᠯᠠᠬᠤ ᠲᠤᠰᠢᠶᠠᠯ ᠬᠠᠷᠢᠭᠤᠴᠠᠯᠭ᠎ᠠ᠎ᠲᠠᠢ ᠶᠤᠮ᠃ ᠦᠨᠳᠦᠰᠦᠨ ᠬᠠᠤᠯᠢ᠎ᠪᠠᠷ ᠤᠯᠤᠰ ᠵᠶ᠋ᠠᠨ ᠵᠠᠰᠠᠬᠤ᠂ ᠦᠨᠳᠦᠰᠦᠨ ᠬᠠᠤᠯᠢ᠎ᠪᠠᠷ ᠲᠥᠷᠥ ᠪᠠᠷᠢᠬᠤ ᠵᠢ ᠪᠠᠷᠢᠮᠲᠠᠯᠠᠬᠤ᠎ᠳᠤ᠂ ᠦᠨᠳᠦᠰᠦᠨ ᠬᠠᠤᠯᠢ᠎ᠳᠤ ᠲᠣᠭᠲᠠᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠬᠤ ᠪᠠᠶ᠋ᠢᠷᠢ ᠰᠠᠭᠤᠷᠢ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠦᠨᠳᠦᠰᠦᠨ ᠬᠠᠤᠯᠢ᠎ᠳᠤ ᠲᠣᠭᠲᠠᠭ᠋ᠠᠭᠰᠠᠨ ᠠᠷᠠᠳ᠎ᠤᠨ ᠠᠷᠠᠳᠴᠢᠯᠠᠭᠰᠠᠨ ᠳᠠᠷᠤᠩᠭᠤᠶ᠋ᠢᠯᠠᠬᠤ ᠵᠠᠰᠠᠭᠲᠤ ᠲᠦᠷᠦ ᠵᠢᠨ ᠪᠦᠲᠦᠴᠡ ᠪᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠭᠤᠯᠤᠯ᠎ᠢ ᠭᠤᠶ᠋ᠢᠪᠢᠰᠢ ᠦᠭᠡᠢ ᠪᠠᠷᠢᠮᠲᠠᠯᠠᠬᠤ ᠶᠠᠪᠤᠳᠠᠯ ᠪᠠᠭᠲᠠᠵᠤ ᠪᠠᠶ᠋ᠢᠨ᠎ᠠ ᠭᠡᠵᠤ ᠴᠢᠬᠤᠯᠠᠴᠢᠯᠠᠪᠠ᠃
      ᠰᠢ ᠵᠢᠨ ᠫᠢᠩ᠂ ᠬᠠᠤᠯᠢᠵᠢᠯ᠎ᠤᠨ ᠵᠠᠮ᠎ᠳᠤ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠬᠠᠤᠯᠢᠵᠢᠯ ᠪᠣᠯ ᠤᠯᠤᠰ᠎ᠤᠨ ᠵᠠᠰᠠᠯᠳᠠ ᠵᠢᠨ ᠰᠢᠰᠲ᠋ᠧᠮ ᠪᠠ ᠵᠠᠰᠠᠯᠳᠠ ᠵᠢᠨ ᠴᠢᠳᠠᠪᠤᠷᠢ ᠵᠢᠨ ᠴᠢᠬᠤᠯᠠ ᠲᠦᠰᠢᠭ ᠮᠥᠨ᠃ ᠭᠠᠭᠴᠠ ᠬᠦ᠌ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠪᠠᠯ ᠰᠠᠶᠢ ᠤᠯᠤᠰ᠎ᠤᠨ ᠵᠠᠰᠠᠯᠲᠠ ᠵᠢᠨ ᠰᠢᠰᠲ᠋ᠧᠮ᠎ᠤᠨ ᠰᠢᠰᠲ᠋ᠧᠮᠲᠦ ᠴᠢᠨᠠᠷ᠂ ᠵᠢᠷᠤᠮᠵᠢᠯᠳᠤ ᠴᠢᠨᠠᠷ᠂ ᠵᠣᠬᠢᠴᠠᠯᠳᠤ ᠴᠢᠨᠠᠷ᠎ᠢ ᠪᠦᠲᠦᠮᠵᠢᠲᠡᠶ ᠪᠠᠲᠤᠯᠠᠵᠤ᠂ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠬᠠᠮᠤᠭ᠎ᠤᠨ ᠶᠡᠬᠡ ᠬᠡᠮᠵᠢᠶ᠎ᠠ᠎ᠪᠠᠷ ᠨᠢᠭᠲᠠᠷᠠᠭᠤᠯᠵᠤ ᠴᠢᠳᠠᠨ᠎ᠠ᠃ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢ᠍ᠯᠡᠰ᠂ ᠠᠭᠤᠤ ᠶᠡᠬᠡ ᠬᠦᠰᠡᠯ ᠵᠡᠭᠦᠳᠦ ᠵᠢ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ ᠦᠢ᠍ᠯᠡᠳᠦᠯᠭᠡ ᠳᠤᠮᠳᠠ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ᠂ ᠪᠢᠳᠡ ᠬᠠᠤᠯᠢᠵᠢᠯ᠎ᠢ ᠨᠡᠩ ᠴᠢᠬᠤᠯᠠᠴᠢᠯᠠᠵᠤ᠂ ᠬᠠᠤᠯᠢᠵᠢᠯ᠎ᠢ ᠴᠢᠩᠭ᠎ᠠ ᠬᠡᠷᠡᠭᠵᠢᠭᠦᠯᠵᠦ᠂ ᠦᠨᠳᠦᠰᠦ ᠵᠢ ᠪᠡᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠬᠡᠳᠦ᠎ᠳᠤ ᠠᠰᠢᠬ ᠬᠦᠷᠳᠡᠭᠡᠬᠦ ᠬᠠᠤᠯᠢᠵᠢᠯ᠎ᠤᠨ ᠴᠢᠬᠤᠯᠠ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠬᠠᠤᠯᠢ ᠶᠣᠰᠣᠭ᠋ᠠᠷ ᠬᠦᠨᠳᠦ ᠶᠡᠬᠡ ᠥᠷᠢᠰᠥᠯᠳᠦᠭᠡᠨ᠎ᠢ ᠠᠷᠭ᠋ᠠᠴᠠᠭ᠋ᠠᠬᠤ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠍ᠢ᠍ᠯᠡᠨ ᠬᠤᠷᠢᠬᠯᠠᠬᠤ᠂ ᠬᠦᠨᠳᠦ ᠶᠡᠬᠡ ᠬᠠᠷᠰᠢ ᠰᠠᠭ᠋ᠠᠳ᠎ᠢ ᠢᠯᠠᠨ ᠳᠠᠪᠠᠬᠤ᠂ ᠬᠦᠨᠳᠦ ᠶᠡᠬᠡ ᠵᠥᠷᠢᠴᠡᠯ᠎ᠢ ᠰᠢᠢ᠍ᠳᠪᠦᠷᠢᠯᠡᠬᠦ ᠵᠢ ᠪᠠᠷᠢᠮᠲᠠᠯᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠢᠰᠲᠸᠮ᠎ᠢ ᠪᠠᠶ᠋ᠢᠭᠤᠯᠬᠤ ᠵᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠢᠰᠲ᠋ᠧᠮ ᠪᠣᠯ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ ᠶᠡᠷᠦᠩᠬᠡᠶ ᠭᠠᠷᠳᠠᠴᠠ ᠮᠥᠨ᠃ ᠪᠦᠷᠢᠨ ᠲᠡᠭᠦᠯᠳᠡᠷ ᠬᠠᠤᠯᠢ ᠴᠠᠭ᠋ᠠᠵᠠ ᠵᠢᠨ ᠵᠢᠷᠤᠮᠵᠢᠯ᠎ᠤᠨ ᠰᠢᠰᠲ᠋ᠧᠮ᠂ ᠥᠨᠳᠥᠷ ᠪᠦᠲᠦᠮᠵᠢᠲᠡᠶ ᠬᠠᠤᠯᠢᠵᠢᠯ᠎ᠢ ᠬᠡᠷᠡᠭᠵᠢᠭᠦᠯᠬᠦ ᠰᠢᠰᠲ᠋ᠧᠮ᠂ ᠴᠢᠩᠭ᠎ᠠ ᠨᠢᠭᠳᠠ ᠬᠠᠤᠯᠢᠵᠢᠯ᠎ᠤᠨ ᠬᠢᠨᠠᠯᠲᠠ ᠲᠠᠯᠪᠢᠬᠤ ᠰᠢᠰᠲ᠋ᠧᠮ᠂ ᠪᠠᠳᠤ ᠬᠦᠴᠦᠲᠡᠶ ᠬᠠᠤᠯᠢᠵᠢᠯ᠎ᠤᠨ ᠪᠠᠲᠤᠯᠠᠭ᠎ᠠ ᠵᠢᠨ ᠰᠢᠰᠲ᠋ᠧᠮ᠎ᠢ ᠲᠦᠷᠭᠡᠨ ᠪᠦᠷᠢᠯᠳᠦᠭᠦᠯᠵᠤ᠂ ᠨᠠᠮ᠎ᠤᠨ ᠳᠤᠳᠤᠭ᠋ᠠᠳᠤ ᠵᠢᠨ ᠪᠦᠷᠢᠨ ᠲᠡᠭᠦᠯᠳᠡᠷ ᠬᠠᠤᠯᠢ ᠲᠤᠭᠳᠠᠭ᠋ᠠᠯ᠎ᠤᠨ ᠰᠢᠰᠲᠸᠮ᠎ᠢ ᠪᠦᠷᠢᠯᠳᠦᠭᠦᠯᠬᠦ ᠬᠡᠷᠡᠭᠳᠠᠢ᠃ ᠬᠠᠤᠯᠢ᠎ᠪᠠᠷ ᠤᠯᠤᠰ ᠵᠶ᠋ᠠᠨ ᠵᠠᠰᠠᠬᠤ ᠪᠠ ᠶᠣᠰᠣ ᠰᠤᠷᠳᠠᠬᠤᠨ ᠵᠶ᠋ᠡᠷ ᠤᠯᠤᠰ ᠵᠶ᠋ᠠᠨ ᠵᠠᠰᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠪᠠ ᠶᠣᠰᠣ ᠰᠤᠷᠳᠠᠬᠤᠨ ᠵᠶ᠋ᠡᠷ ᠵᠠᠰᠠᠬᠤ ᠵᠢ ᠬᠠᠷᠢᠯᠴᠠᠨ ᠨᠦᠬᠦᠴᠡᠯᠳᠦᠭᠦᠯᠵᠦ᠂ ᠬᠠᠷᠢᠯᠴᠠᠨ ᠲᠤᠪᠤᠢ᠍ᠢ᠍ᠯᠭ᠋ᠠᠬᠤ ᠵᠢ ᠪᠡᠶᠡᠯᠡᠭᠦᠯᠬᠦ ᠬᠡᠷᠡᠭᠲᠡᠶ᠃ ᠤᠯᠤᠰ᠎ᠤᠨ ᠠᠮᠤᠷ ᠲᠦᠪᠰᠢᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠠᠮᠢᠳᠤ ᠪᠣᠳᠠᠰ᠎ᠤᠨ ᠠᠮᠤᠷ ᠲᠦᠪᠰᠢᠨ᠂ ᠠᠮᠢ ᠠᠬᠤᠶ ᠵᠢᠨ ᠪᠣᠯᠪᠠᠰᠤᠨ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠭᠠᠳᠠᠭ᠋ᠠᠳᠤ᠎ᠲᠠᠢ ᠬᠣᠯᠪᠣᠭᠳᠠᠬᠤ ᠬᠠᠤᠯᠢᠵᠢᠯ ᠵᠡᠷᠭᠡ ᠴᠢᠬᠤᠯᠠ ᠬᠦᠷᠢᠶᠡᠨ᠎ᠤ ᠬᠠᠤᠯᠢ ᠲᠤᠭᠳᠠᠭ᠋ᠠᠯᠳᠠ ᠵᠢ ᠢᠳᠡᠪᠬᠢᠲᠡᠶ ᠠᠬᠢᠭᠤᠯᠵᠤ᠂ ᠤᠯᠤᠰ᠎ᠤᠨ ᠵᠠᠰᠠᠯᠲᠠ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠬᠠᠤᠯᠢ ᠴᠠᠭ᠋ᠠᠵᠠ ᠵᠢᠨ ᠳᠦᠷᠢᠮ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠳᠤ ᠵᠠᠪᠠᠯ ᠱᠠᠭ᠋ᠠᠷᠳᠠᠭᠳᠠᠬᠤ ᠬᠠᠤᠯᠢ ᠴᠠᠭ᠋ᠠᠵᠠ ᠵᠢᠨ ᠳᠦᠷᠢᠮ᠎ᠢ ᠪᠦᠷᠢᠨᠰᠢᠭᠦᠯᠵᠤ᠂ ᠰᠠᠶ᠋ᠢᠨ ᠬᠠᠤᠯᠢ᠎ᠪᠠᠷ ᠰᠠᠢ᠍ᠢ᠍ᠳᠤᠷ ᠵᠠᠰᠠᠵᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠤᠨ ᠡᠷᠡᠭᠦᠯ ᠵᠶ᠋ᠠᠷ ᠬᠥᠭᠵᠢᠬᠦ ᠵᠢ ᠪᠠᠲᠤᠯᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠠᠤᠯᠢ᠎ᠪᠠᠷ ᠤᠯᠤᠰ ᠵᠶ᠋ᠠᠨ ᠵᠠᠰᠠᠬᠤ᠂ ᠬᠠᠤᠯᠢ᠎ᠪᠠᠷ ᠲᠦᠷᠦ ᠪᠠᠷᠢᠬᠤ᠂ ᠬᠠᠤᠯᠢ᠎ᠪᠠᠷ ᠵᠠᠰᠠᠭ ᠶᠠᠪᠤᠭᠤᠯᠬᠤ ᠵᠢ ᠬᠠᠮᠲᠤ᠎ᠪᠠᠷ ᠠᠬᠢᠭᠤᠯᠬᠤ ᠵᠢ ᠪᠠᠷᠢᠮᠲᠠᠯᠠᠵᠤ᠂ ᠬᠠᠤᠯᠢᠵᠢᠯ᠎ᠤᠨ ᠤᠯᠤᠰ᠂ ᠬᠠᠤᠯᠢᠵᠢᠯ᠎ᠤᠨ ᠵᠠᠰᠠᠭ᠎ᠤᠨ ᠣᠷᠳᠣᠨ᠂ ᠬᠠᠤᠯᠢᠵᠢᠯ᠎ᠤᠨ ᠨᠡᠶ᠋ᠢᠭᠡᠮ᠎ᠢ ᠨᠢᠭᠡ ᠴᠤᠭᠴᠠᠵᠢᠭᠤᠯᠤᠨ ᠪᠦᠳᠦᠭᠡᠨ ᠪᠠᠶ᠋ᠢᠭᠤᠯᠬᠤ ᠬᠡᠷᠡᠭᠲᠡᠶ᠃ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠦᠬᠦᠯᠢ ᠴᠣᠭᠴᠠ᠎ᠪᠠᠷ ᠲᠥᠯᠥᠪᠵᠢᠭᠦᠯᠦᠨ᠂ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠨᠡᠩ ᠴᠢᠬᠤᠯᠠᠴᠢᠯᠠᠬᠤ ᠬᠡᠷᠡᠭᠲᠡᠢ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠪᠣᠯ ᠭᠣᠤᠯᠳᠠᠯᠭ᠎ᠠ᠎ᠲᠠᠢ ᠡᠭᠦᠷᠭᠡ ᠪᠠ ᠭᠣᠤᠯ ᠴᠣᠭᠴᠠ ᠵᠢᠨ ᠢᠨᠵᠧᠨᠧᠷᠢᠩ ᠪᠣᠯᠬᠣᠷ ᠤᠷᠢᠳ ᠵᠶ᠋ᠠᠷ ᠰᠢᠪᠲᠤᠯᠤᠯᠲᠠ ᠭᠠᠷᠭ᠋ᠠᠵᠤ᠂ ᠬᠠᠤᠯᠢᠵᠢᠯ ᠵᠶ᠋ᠠᠷ ᠵᠠᠰᠠᠭ ᠵᠠᠬᠢᠷᠭ᠋ᠠᠨ᠎ᠤ ᠡᠷᠬᠡ᠎ᠳᠤ ᠶᠣᠰᠣ ᠳᠦᠷᠢᠮ ᠲᠣᠭᠲᠠᠭ᠋ᠠᠵᠤ᠂ ᠵᠠᠭ᠋ᠠᠭ ᠱᠤᠭᠤᠮ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠲᠦᠷᠭᠡᠨ ᠬᠤᠪᠢᠷᠠᠭᠤᠯᠬᠤ ᠬᠡᠷᠡᠭᠳᠠᠢ᠃ ᠴᠢᠩᠭ᠎ᠠ ᠵᠢᠷᠤᠮᠵᠢᠯ᠎ᠲᠠᠢ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠵᠤ᠂ ᠬᠠᠤᠯᠢ ᠴᠠᠭ᠋ᠠᠵᠠ ᠵᠢᠨ ᠤᠯᠠᠨ᠎ᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠬᠠᠨᠳᠤᠯᠭ᠋ᠠᠲᠤ ᠴᠢᠨᠠᠷ ᠪᠠ ᠪᠣᠳᠠᠲᠤ ᠦᠷ᠎ᠡ ᠪᠦᠲᠦᠮᠵᠢᠳᠤ ᠴᠢᠨᠠᠷ᠎ᠲᠠᠢ ᠪᠠᠢ᠍ᠢ᠍ᠯᠭ᠋ᠠᠬᠤ ᠲᠠᠯ᠎ᠠ᠎ᠪᠠᠷ ᠬᠦᠴᠦ ᠲᠠᠯᠪᠢᠵᠤ᠂ ᠢᠯᠠᠩᠭᠤᠶ᠎ᠠ ᠵᠠᠯᠠᠭᠤᠴᠤᠳ ᠪᠠᠭ᠋ᠠᠴᠤᠳ᠎ᠤᠨ ᠬᠠᠤᠯᠢᠵᠢᠯ᠎ᠤᠨ ᠬᠥᠮᠦᠵᠢᠯ᠎ᠢ ᠴᠢᠩᠭ᠋ᠠᠳᠬᠠᠵᠤ᠂ ᠪᠦᠬᠦ ᠠᠷᠠᠳ᠎ᠤᠨ ᠬᠠᠤᠯᠢᠵᠢᠯ᠎ᠤᠨ ᠤᠬᠠᠮᠰᠠᠷ ᠪᠠ ᠬᠠᠤᠯᠢᠵᠢᠯ᠎ᠤᠨ ᠬᠡᠪ ᠪᠣᠯᠪᠠᠰᠤᠷᠠᠯ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠤᠷᠢᠳᠴᠢᠯᠠᠨ ᠰᠡᠷᠭᠡᠶ᠋ᠢᠯᠡᠬᠦ ᠴᠢᠨᠠᠷᠲᠠᠶ ᠬᠠᠤᠯᠢ ᠴᠠᠭ᠋ᠠᠵᠠ ᠵᠢᠨ ᠳᠦᠷᠢᠮ᠎ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ 《ᠹᠧᠩᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠨᠡᠶ᠋ᠢᠭᠡᠮ᠎ᠤᠨ ᠡᠶ᠎ᠡ ᠵᠣᠬᠢᠴᠠᠨᠭ᠌ᠭᠤᠢ ᠲᠣᠭᠲᠠᠭᠤᠨ ᠪᠠᠶ᠋ᠢᠳᠠᠯ᠎ᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠬᠠᠤᠯᠢ ᠵᠢ ᠭᠤᠤᠯᠴᠢ᠎ᠪᠠᠷ ᠪᠠᠷᠢᠬᠤ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠬᠤ ᠵᠢ ᠪᠦᠬᠦ ᠲᠠᠯ᠎ᠠ᠎ᠪᠠᠷ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠬᠠᠤᠯᠢᠵᠢᠯ᠎ᠤᠨ ᠬᠦᠷᠢᠶᠡᠨ᠎ᠤ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠵᠡᠷᠭᠡ ᠬᠦᠷᠢᠶᠡᠨ᠎ᠳᠠᠬᠢ ᠲᠤᠪᠤᠢ᠍ᠢ᠍ᠮ᠎ᠠ ᠵᠥᠷᠢᠴᠡᠯ ᠪᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠃ ᠲᠥᠪ ᠭᠣᠤᠯᠴᠢ ᠰᠢᠳᠤᠷᠭᠤ ᠶᠣᠰᠣ ᠪᠣᠯ ᠬᠠᠤᠯᠢ ᠪᠠᠷᠢᠬᠤ ᠵᠢᠨ ᠰᠦᠭ ᠰᠦᠨᠡᠰᠦ ᠪᠠ ᠠᠮᠢ ᠨᠠᠰᠤ ᠮᠥᠨ᠃ ᠬᠠᠤᠯᠢ ᠪᠠᠷᠢᠬᠤ ᠬᠠᠷᠢᠭᠤᠴᠠᠯᠭ᠎ᠠ ᠵᠢᠨ ᠳᠦᠷᠢᠮ᠎ᠤᠨ ᠶᠡᠷᠦᠩᠬᠡᠶ᠋ᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠤᠯᠢ ᠴᠠᠭ᠋ᠠᠵᠠ ᠵᠢᠨ ᠬᠢᠵᠠᠭ᠋ᠠᠷᠯᠠᠯ ᠬᠢᠨᠠᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠲᠥᠪ ᠭᠣᠤᠯᠴᠢ ᠰᠢᠳᠤᠷᠭᠤ ᠶᠣᠰᠣᠨ᠎ᠤ ᠬᠠᠤᠯᠢᠵᠢᠯ᠎ᠤᠨ ᠪᠠᠲᠤᠯᠠᠭ᠎ᠠ ᠵᠢᠨ ᠲᠦᠷᠢᠮ᠎ᠢ ᠲᠡᠭᠦᠯᠳᠡᠷᠵᠢᠭᠦᠯᠵᠦ᠂ ᠬᠠᠤᠯᠢ ᠪᠠᠷᠢᠵᠦ ᠰᠢᠢ᠍ᠳᠪᠤᠷᠢᠯᠡᠭᠰᠡᠨ ᠬᠡᠷᠡᠭ ᠪᠤᠯᠭ᠋ᠠᠨ᠎ᠠᠴᠠ ᠠᠷᠠᠳ ᠤᠯᠠᠨ᠎ᠳᠤ ᠲᠥᠪ ᠭᠣᠤᠯᠴᠢ ᠰᠢᠳᠤᠷᠭᠤ ᠶᠣᠰᠣ ᠵᠢ ᠪᠠᠷᠢᠮᠳᠠᠯᠠᠬᠰᠠᠨ ᠲᠦᠷᠦᠭᠳᠡᠯ᠎ᠢ ᠤᠯᠭᠤᠬᠤ᠎ᠪᠠᠷ ᠴᠢᠷᠮᠠᠶ᠋ᠢᠬᠤ ᠬᠡᠷᠡᠭᠳᠠᠢ᠃ ᠵᠢᠷᠤᠮᠵᠢᠯ᠎ᠲᠠᠢ ᠥᠨᠳᠥᠷ ᠪᠦᠲᠦᠮᠵᠢᠲᠡᠶ ᠬᠢᠵᠠᠭ᠋ᠠᠷᠯᠠᠬᠤ ᠬᠢᠨᠠᠯᠳᠠ ᠲᠠᠯᠪᠢᠬᠤ ᠰᠢᠰᠲ᠋ᠧᠮ᠎ᠢ ᠲᠦᠷᠭᠡᠨ ᠪᠠᠶ᠋ᠢᠭᠤᠯᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯᠯᠠᠭ᠎ᠠ ᠵᠢ ᠪᠠᠢ᠍ᠢ᠍ᠨᠭ᠌ᠭᠤᠵᠢᠭᠤᠯᠬᠤ ᠵᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ᠎ᠤ 《ᠬᠠᠮᠠᠭ᠋ᠠᠯᠠᠭᠴᠢ》᠎ᠳᠤ ᠡᠷᠡᠰ ᠴᠣᠬᠢᠯᠲᠠ ᠥᠭᠴᠦ᠂ ᠬᠣᠲᠠ ᠬᠥᠳᠡᠭᠡ ᠵᠢ ᠨᠠᠩ ᠠᠮᠤᠷ ᠲᠠᠶ᠋ᠢᠪᠤᠩ᠂ ᠣᠯᠠᠨ ᠲᠦᠮᠡᠨ᠎ᠢ ᠨᠠᠩ ᠠᠮᠤᠷ ᠵᠢᠷᠭ᠋ᠠᠯ᠎ᠲᠠᠢ ᠪᠣᠯᠭ᠋ᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠤᠯᠤᠰ᠎ᠤᠨ ᠳᠣᠲᠣᠭ᠋ᠠᠳᠤ ᠵᠢᠨ ᠬᠠᠤᠯᠢᠵᠢᠯ ᠪᠣᠯᠤᠨ ᠭᠠᠳᠠᠭ᠋ᠠᠳᠤ᠎ᠳᠤ ᠬᠣᠯᠪᠣᠭᠳᠠᠬᠤ ᠬᠠᠤᠯᠢᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠭᠠᠳᠠᠭ᠋ᠠᠳᠤ᠎ᠳᠤ ᠬᠣᠯᠪᠣᠭᠳᠠᠬᠤ ᠬᠠᠤᠯᠢᠵᠢᠯ᠎ᠤᠨ ᠠᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠦᠷᠭᠡᠳᠬᠡᠵᠦ᠂ ᠤᠯᠤᠰ᠎ᠤᠨ ᠳᠣᠲᠣᠭ᠋ᠠᠳᠤ ᠵᠢᠨ ᠵᠠᠰᠠᠯᠲᠠ ᠪᠠ ᠤᠯᠠᠨ ᠤᠯᠤᠰ᠎ᠤᠨ ᠵᠠᠰᠠᠯᠲᠠ ᠵᠢ ᠵᠣᠬᠢᠴᠠᠩᠭᠤᠢ᠎ᠪᠠᠷ ᠠᠬᠢᠭᠤᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠨᠡᠩ ᠰᠠᠶ᠋ᠢᠲᠤᠷ ᠬᠠᠮᠠᠭ᠋ᠠᠯᠠᠬᠤ ᠬᠡᠷᠡᠭᠳᠠᠢ᠃ ᠬᠠᠤᠯᠢᠵᠢᠯ᠎ᠤᠨ ᠰᠡᠳᠬᠢᠬᠦᠶ᠎ᠪᠠᠨ ᠴᠢᠩᠭ᠋ᠠᠳᠬᠠᠵᠤ᠂ ᠬᠠᠤᠯᠢᠵᠢᠯ᠎ᠤᠨ ᠠᠷᠭ᠎ᠠ ᠮᠠᠶᠢᠭ᠎ᠢ ᠬᠡᠷᠡᠭᠯᠡᠨ᠂ ᠥᠷᠢᠰᠥᠯᠳᠦᠭᠡᠨ᠎ᠢ ᠪᠦᠲᠦᠮᠵᠢᠲᠡᠶ ᠠᠷᠭ᠋ᠠᠴᠠᠭ᠋ᠠᠵᠤ᠂ ᠲᠦᠭᠰᠢᠭᠦᠷᠢ ᠵᠢ ᠪᠦᠲᠦᠮᠵᠢᠳᠠᠢ ᠰᠡᠷᠭᠡᠶ᠋ᠢᠯᠡᠨ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠠᠰᠢᠬᠯᠠᠵᠤ ᠪᠠᠢ᠍ᠢ᠍ᠭ᠋ᠠᠳ ᠲᠡᠮᠡᠴᠡᠯ ᠬᠢᠵᠦ᠂ ᠤᠯᠤᠰ᠎ᠤᠨ ᠡᠷᠬᠡ ᠮᠡᠳᠡᠯ᠂ ᠨᠡᠷ᠎ᠡ ᠬᠦᠨᠳᠦ ᠪᠠ ᠭᠣᠤᠯᠯᠠᠬᠤ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠳᠠᠢ᠃ ᠪᠦᠬᠦ ᠳᠡᠯᠡᠬᠡᠢ ᠵᠢᠨ ᠵᠠᠰᠠᠯᠲᠠ ᠵᠢᠨ ᠬᠤᠪᠢᠰᠤᠯᠲᠠ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠮᠣᠷᠠᠯ ᠴᠢᠳᠠᠪᠤᠷᠢ ᠬᠣᠣᠰᠯᠠᠭᠰᠠᠨ ᠥᠨᠳᠥᠷ ᠬᠡᠪ ᠴᠢᠨᠠᠷ᠎ᠲᠠᠢ ᠬᠠᠤᠯᠢᠵᠢᠯ᠎ᠤᠨ ᠠᠵᠢᠯ᠎ᠤᠨ ᠡᠩᠨᠡᠭᠡ ᠵᠢ ᠪᠠᠶ᠋ᠢᠭᠤᠯᠬᠤ ᠵᠢ ᠪᠠᠷᠢᠮᠲᠠᠯᠠᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠭᠣᠤᠯᠯᠠᠬ᠍ᠴᠢ ᠥᠷᠲᠡᠭ᠎ᠤᠨ ᠦᠵᠡᠯᠲᠡ ᠪᠣᠯᠤᠨ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠤᠨᠤᠯᠵᠢᠬᠤᠨ᠎ᠤ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠠᠤᠯᠢᠵᠢᠯ᠎ᠤᠨ ᠲᠤᠰᠬᠠᠶ ᠡᠩᠨᠡᠭᠡᠨ᠎ᠤ ᠬᠤᠪᠢᠰᠬᠠᠯᠵᠢᠬᠤ᠂ ᠵᠢᠩᠬᠢᠨᠢᠴᠢᠯᠡᠬᠦ᠂ ᠲᠤᠰᠬᠠᠶ᠋ᠢᠵᠢᠬᠤ᠂ ᠮᠡᠷᠭᠡᠵᠢᠬᠦ ᠵᠢ ᠠᠬᠢᠭᠤᠯᠵᠤ᠂ ᠨᠠᠮ᠎ᠳᠤ᠎ᠪᠠᠨ ᠦᠨᠡᠨᠴᠢ ᠰᠢᠳᠤᠷᠭᠤ᠂ ᠤᠯᠤᠰ ᠤᠷᠤᠨ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ᠎ᠪᠠᠨ ᠦᠨᠡᠨᠴᠢ ᠰᠢᠳᠤᠷᠭᠤ᠂ ᠬᠠᠤᠯᠢ ᠴᠠᠭ᠋ᠠᠵᠠ᠎ᠳᠤ ᠦᠨᠡᠨᠴᠢ ᠰᠢᠳᠤᠷᠭᠤ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠬᠥᠮᠦᠵᠢᠭᠦᠯᠵᠦ ᠬᠥᠲᠥᠯᠥᠨ ᠵᠢᠯᠣᠭᠣᠳᠴᠤ ᠤᠯᠤᠰ ᠲᠥᠷᠥ ᠵᠢᠨ ᠵᠥᠪ ᠴᠢᠭᠯᠡᠯ᠎ᠢ ᠪᠠᠷᠢᠮᠲᠠᠯᠠᠵᠤ᠂ ᠬᠠᠤᠯᠢ ᠲᠣᠭᠲᠠᠭ᠋ᠠᠯ ᠶᠣᠰᠣᠭ᠋ᠠᠷ ᠦᠨᠡᠨᠴᠢ ᠢᠲᠡᠭᠡᠮᠵᠢᠲᠡᠶ᠎ᠪᠠᠷ ᠠᠵᠢᠯ ᠡᠷᠬᠢᠯᠡᠵᠦ᠂ ᠨᠡᠶ᠋ᠢᠭᠡᠮ᠎ᠤᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠶ ᠭᠦᠢ᠍ᠴᠡᠳᠬᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠤᠳᠤᠷᠢᠳᠬᠤ ᠺᠠᠳ᠋ᠷ ᠬᠡᠬᠦ ᠡᠨᠡ ᠬᠦ᠌ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠠᠳᠬᠤᠬᠤ ᠵᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠶ ᠨᠠᠮ᠎ᠤᠨ ᠲᠥᠪ   ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ᠂ ᠲᠦᠷᠦᠭᠦᠯᠡᠨ ᠬᠠᠤᠯᠢᠵᠢᠯᠯ᠎ᠢ ᠬᠦᠨᠳᠦᠳᠬᠡᠵᠦ᠂ ᠬᠠᠤᠯᠢ ᠴᠠᠭ᠋ᠠᠵᠠ ᠵᠢ ᠬᠦᠨᠳᠦᠳᠬᠡᠵᠦ᠂ ᠬᠠᠤᠯᠢ ᠴᠠᠭ᠋ᠠᠵᠠ ᠵᠢ ᠣᠶ᠋ᠢᠯᠠᠭ᠋ᠠᠵᠤ᠂ ᠬᠠᠤᠯᠢ ᠴᠠᠭ᠋ᠠᠵᠠ ᠵᠢ ᠡᠵᠡᠮᠰᠢᠵᠦ᠂ ᠬᠠᠤᠯᠢᠵᠢᠯ᠎ᠤᠨ ᠰᠡᠳᠬᠢᠬᠦᠶ ᠪᠠ ᠬᠠᠤᠯᠢᠵᠢᠯ᠎ᠤᠨ ᠠᠷᠭ᠎ᠠ ᠮᠠᠶᠢᠭ᠎ᠢ ᠬᠡᠷᠡᠭᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠥᠭᠵᠢᠯᠲᠡ ᠵᠢ ᠠᠬᠢᠭᠤᠯᠬᠤ᠂ ᠵᠥᠷᠢᠴᠡᠯ᠎ᠢ ᠠᠷᠢᠯᠭ᠋ᠠᠬᠤ᠂ ᠲᠣᠭᠲᠠᠭᠤᠨ᠎ᠢ ᠬᠠᠮᠠᠭ᠋ᠠᠯᠠᠬᠤ᠂ ᠠᠶᠤᠯ ᠲᠦᠭᠰᠢᠭᠦᠷᠢ ᠵᠢ ᠠᠷᠭ᠋ᠠᠴᠠᠭ᠋ᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠵᠢ ᠬᠦᠨᠳᠦᠳᠬᠡᠬᠦ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠵᠢᠱ᠌ᠢᠶᠡᠴᠢ ᠪᠣᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠡᠯ᠎ᠡ ᠵᠦᠢ᠍ᠯ᠎ᠤᠨ ᠡᠭᠦᠷᠭᠡ ᠵᠢ ᠦᠨᠡᠨ ᠬᠦ᠌ ᠪᠣᠳᠠᠲᠠᠢ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ ᠪᠣᠯ ᠤᠯᠤᠰ᠎ᠤᠨ ᠵᠠᠰᠠᠯᠲᠠ ᠵᠢᠨ ᠨᠢᠭᠡ ᠤᠳᠠᠭ᠎ᠠ ᠵᠢᠨ ᠭᠦᠨᠵᠡᠭᠡᠶ ᠬᠤᠪᠢᠰᠤᠯᠲᠠ ᠪᠣᠯᠤᠨ᠎ᠠ᠂ ᠡᠷᠬᠡᠪᠰᠢ ᠰᠢᠨᠵᠢᠯᠡᠬᠦ ᠤᠬᠠᠭ᠋ᠠᠨᠴᠢ ᠣᠨᠣᠯ ᠵᠶ᠋ᠠᠷ ᠵᠢᠯᠣᠭᠣᠳᠣᠯᠭ᠎ᠠ ᠪᠣᠯᠭ᠋ᠠᠵᠦ᠂ ᠣᠨᠣᠯ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠣᠨᠣᠯ ᠪᠠ ᠦᠢ᠍ᠯᠡᠳᠦᠯᠭᠡ ᠵᠢᠨ ᠤᠶᠠᠯᠳᠤᠯ᠎ᠤᠨ ᠲᠠᠯ᠎ᠠ᠎ᠠᠴᠠ ᠲᠠᠰᠤᠷᠠᠯᠲᠠ ᠦᠭᠡᠢ ᠰᠢᠨ᠎ᠡ ᠠᠮᠵᠢᠯᠲᠠ ᠣᠯᠵᠤ᠂ ᠨᠠᠮ᠎ᠤᠨ ᠰᠢᠨ᠎ᠡ ᠴᠠᠭ ᠦᠶ᠎ᠡ ᠵᠢᠨ ᠬᠠᠤᠯᠢᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠦᠵᠡᠯ ᠰᠠᠨᠠᠭ᠎ᠠ ᠣᠨᠣᠯ᠎ᠤᠨ ᠠᠮᠵᠢᠯᠲᠠ ᠪᠦᠲᠦᠭᠡᠯ᠎ᠢ ᠰᠠᠶ᠋ᠢᠲᠤᠷ ᠳ᠋ᠦᠩᠨᠡᠨ ᠰᠠᠶ᠋ᠢᠲᠤᠷ ᠬᠡᠷᠡᠭᠯᠡᠵᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠡᠯ᠎ᠡ ᠵᠦᠢ᠍ᠯ᠎ᠤᠨ ᠠᠵᠢᠯ᠎ᠢ ᠨᠡᠩ ᠰᠠᠶ᠋ᠢᠲᠤᠷ ᠵᠢᠯᠣᠭᠣᠳᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠯᠢ ᠺᠸ ᠴᠢᠶᠠᠩ ᠬᠤᠷᠠᠯ᠎ᠢ ᠡᠷᠬᠢᠯᠡᠬᠦ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠬᠠᠤᠯᠢᠵᠢᠯ᠎ᠤᠨ ᠪᠠᠶ᠋ᠢᠭᠤᠯᠤᠯᠲᠠ ᠵᠢᠨ ᠣᠯᠤᠭᠰᠠᠨ ᠠᠮᠵᠢᠯᠲᠠ ᠵᠢ ᠪᠦᠬᠦ ᠲᠠᠯ᠎ᠠ᠎ᠪᠠᠷ ᠳ᠋ᠦᠩᠨᠡᠵᠦ᠂ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠭᠦᠨᠵᠡᠭᠡᠢ ᠠᠬᠢᠭᠤᠯᠬᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠪᠠᠶ᠋ᠢᠭᠤᠯᠤᠯᠲᠠ ᠵᠢᠨ ᠠᠯᠢ ᠣᠯᠠᠨ ᠴᠢᠬᠤᠯᠠ ᠶᠡᠬᠡ ᠣᠨᠣᠯ᠎ᠤᠨ ᠪᠠ ᠦᠢ᠍ᠯᠡᠳᠦᠯᠭᠡ ᠵᠢᠨ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ᠂ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠳᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠡᠶ᠂ ᠡᠨᠡ᠎ᠨᠢ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠤᠨᠤᠯᠴᠢ ᠴᠢᠨᠠᠷ᠎ᠲᠠᠢ ᠶᠤᠮ᠂ ᠡᠨᠡ ᠪᠤᠯ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠵᠢᠯᠣᠭᠣᠳᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠮᠥᠨ᠃ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠶ᠃ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠵᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠬᠠᠤᠯᠢᠵᠢᠯ᠎ᠤᠨ ᠪᠠᠶ᠋ᠢᠭᠤᠯᠤᠯᠲᠠ ᠵᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠵᠤ᠂ ᠬᠠᠤᠯᠢᠵᠢᠯ᠎ᠤᠨ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            