9 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠬᠡᠷ᠎ᠤᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠵᠢᠴᠢ ᠲᠤᠰᠬᠠᠶ ᠰᠢᠮᠳᠠᠭᠤᠯᠤᠨ ᠪᠠᠢ᠌ᠴᠠᠭ᠋ᠠᠵᠤ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ᠃ ᠬᠤᠷᠠᠯ᠎ᠠᠴᠠ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠤᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠵᠤ᠂ ᠲᠥᠪ᠎ᠤᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ 《ᠴᠡᠭᠴᠡᠯᠡᠨ ᠰᠠᠢ᠌ᠵᠢᠷᠠᠭᠤᠯᠬᠤ ᠲᠥᠰᠦᠯ》᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠵᠤ᠂ ᠴᠡᠭᠴᠡᠯᠡᠨ ᠰᠠᠢ᠌ᠵᠢᠷᠠᠭᠤᠯᠬᠤ 《ᠰᠡᠭᠦᠯᠴᠢ ᠵᠢᠨ ᠠᠵᠢᠯ》᠎ᠢ ᠦᠨᠡᠨ ᠬᠦ᠌ ᠰᠠᠢ᠌ᠲᠤᠷ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠳᠡᠳ᠋ ᠡᠷᠬᠢᠯᠡᠭᠴᠢ᠂ ᠨᠠᠮ᠎ᠤᠨ ᠬᠣᠷᠢᠶᠠᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠤᠨ ᠡᠷᠬᠢᠯᠡᠭᠴᠢ ᠯᠢᠨ ᠱᠣᠤ ᠴᠦᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠠᠤᠯᠢ ᠴᠠᠭ᠋ᠠᠵᠠ ᠵᠢᠨ ᠶᠠᠮᠤᠨ᠎ᠤ ᠬᠠᠤᠯᠢᠵᠢᠯ᠎ᠤᠨ ᠰᠢᠮᠳᠠᠭᠤᠯᠤᠨ ᠪᠠᠢ᠌ᠴᠠᠭ᠋ᠠᠬᠤ ᠲᠣᠪᠴᠢᠶᠠᠨ᠎ᠤ ᠳᠡᠳ᠋ ᠳᠠᠷᠤᠭ᠎ᠠ ᠸᠠᠩ ᠯᠸᠢ ᠬᠤᠷᠠᠯ᠎ᠳᠤ ᠣᠷᠣᠯᠴᠠᠵᠤ ᠲᠤᠰᠬᠠᠶ ᠰᠡᠳᠦᠪᠲᠦ ᠪᠣᠯᠪᠠᠰᠤᠷᠠᠯ᠎ᠤᠨ ᠲᠠᠢ᠌ᠯᠤᠮᠵᠢ ᠬᠢᠪᠠ ᠃ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠳᠠᠷᠤᠭ᠎ᠠ ᠪᠠᠢ ᠶᠦᠩ ᠫᠢᠩ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠡᠯ᠎ᠡ ᠵᠣᠬᠢᠴᠠᠭᠤᠯᠬᠤ ᠳᠤᠭᠤᠢ᠌ᠯᠠᠩ᠎ᠤᠨ ᠬᠣᠯᠪᠣᠭ᠋ᠠᠴᠢᠨ᠂ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠲᠦᠷᠦᠭᠦᠯᠡᠨ ᠬᠢᠬᠦ ᠡᠭᠦᠷᠭᠡ ᠵᠢ ᠬᠠᠷᠢᠭᠤᠴᠠᠵᠤ ᠪᠠᠢ᠌ᠭ᠎ᠠ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠂ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ᠂ ᠨᠠᠮ᠎ᠤᠨ ᠬᠣᠷᠢᠶᠠᠨ᠎ᠤ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠵᠠᠰᠠᠭ᠎ᠤᠨ ᠣᠷᠳᠣᠨ᠎ᠤ ᠰᠢᠮᠳᠠᠭᠤᠯᠤᠨ ᠪᠠᠢ᠌ᠴᠠᠭ᠋ᠠᠬᠤ ᠠᠯᠪᠠᠨ ᠭᠡᠷ᠎ᠤᠨ ᠬᠠᠷᠢᠭᠤᠴᠠᠯᠭ᠋ᠠᠲᠠᠨ᠂ ᠡᠯ᠎ᠡ ᠲᠤᠰᠬᠠᠢ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠬᠥᠮᠦᠰ ᠬᠤᠷᠠᠯ᠎ᠳᠤ ᠣᠷᠣᠯᠴᠠᠵᠠᠢ᠃
ᠯᠢᠨ ᠱᠤᠤ ᠴᠦᠨ ᠳᠡᠳ᠋ ᠱᠦᠵᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠯ᠎ᠡ ᠱᠠᠲᠤᠨ᠎ᠤ ᠨᠠᠮ᠎ᠤᠨ ᠬᠣᠷᠢᠢ᠎ᠠ ᠵᠠᠰᠠᠭ᠎ᠤᠨ ᠣᠷᠳᠣᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠬᠤ ᠵᠢᠨ ᠲᠣᠭᠣᠷᠢᠨ᠎ᠳᠤ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ ᠬᠠᠤᠯᠢ ᠶᠣᠰᠣᠭ᠋ᠠᠷ ᠲᠦᠷᠦ ᠪᠠᠷᠢᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠲᠥᠪ ᠭᠣᠣᠯᠴᠢ᠎ᠪᠠᠷ ᠬᠠᠤᠯᠢ ᠪᠠᠷᠢᠬᠤ ᠣᠢ᠌ᠯᠠᠭ᠋ᠠᠭᠳᠠᠬᠤᠨ ᠡᠳᠦᠷ ᠢᠷᠡᠬᠦᠶ᠎ᠡ ᠬᠥᠮᠦᠰ᠎ᠤᠨ ᠰᠡᠳᠬᠢᠯ᠎ᠳᠤ ᠭᠦᠨ ᠬᠠᠳᠠᠩᠰᠢᠪᠠ᠃ ᠭᠡᠪᠡᠴᠦ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠪᠠ ᠠᠷᠠᠳ ᠤᠯᠠᠨ᠎ᠤ ᠬᠦᠰᠡᠯ ᠡᠷᠡᠮᠡᠯᠵᠡᠯ᠎ᠲᠠᠢ ᠬᠠᠷᠢᠴᠠᠭᠤᠯᠪᠠᠯ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠪᠠᠰᠠ ᠵᠣᠬᠢᠬᠤ ᠵᠥᠷᠢᠢ᠎ᠡ᠎ᠲᠠᠢ ᠪᠠᠢ᠌ᠵᠤ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ ᠵᠡᠷᠭᠡ ᠬᠦᠷᠢᠶᠡᠨ᠎ᠳᠠᠬᠢ ᠡᠯ᠎ᠡ ᠭᠣᠭᠴᠣᠭ᠎ᠠ᠎ᠳᠤ ᠣᠷᠣᠰᠢᠵᠤ ᠪᠠᠢ᠌ᠭ᠎ᠠ ᠠᠰᠠᠭᠤᠳᠠᠯ ᠪᠠᠰᠠ ᠨᠡᠯᠢᠶᠡᠳ ᠲᠤᠪᠤᠢ᠍ᠢ᠍ᠮ᠎ᠠ ᠪᠠᠢ᠌ᠨ᠎ᠠ᠃
ᠯᠢᠨ ᠱᠣᠤ ᠴᠦᠨ ᠳᠡᠳ᠋ ᠱᠦᠵᠢ᠂ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠬᠡᠷ᠎ᠤᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠪᠣᠯ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠭ᠎ᠠ ᠪᠣᠯᠤᠨ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠡᠷᠬᠡᠪᠰᠢ ᠰᠠᠢ᠌ᠲᠤᠷ ᠬᠢᠬᠦ ᠬᠡᠷᠡᠭᠲᠡᠶ ᠤᠯᠤᠰ ᠲᠥᠷᠥ ᠵᠢᠨ ᠡᠭᠦᠷᠭᠡ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠬᠤ ᠺᠠᠳ᠋ᠷ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠷᠭᠡᠳᠬᠡᠬᠦ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠨ᠎ᠠ᠂ ᠲᠤᠯᠭ᠋ᠠᠮ᠎ᠠ ᠰᠡᠳᠬᠢᠯᠭᠡ᠂ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠤᠯᠠᠮ ᠴᠢᠨᠠᠭᠰᠢᠳᠠ ᠴᠢᠩᠭ᠋ᠠᠳᠬᠠᠨ ᠪᠣᠳᠠᠲᠠᠢ᠌ᠵᠢᠭᠤᠯᠵᠤ᠂ ᠵᠦᠢᠯ ᠳᠠᠷᠠᠭ᠋ᠠᠯᠠᠨ 《ᠴᠡᠭᠴᠡᠯᠡᠨ ᠰᠠᠢ᠌ᠵᠢᠷᠠᠭᠤᠯᠬᠤ ᠲᠥᠰᠦᠯ》᠎ᠳᠤ ᠲᠣᠭᠲᠠᠭ᠋ᠠᠭᠰᠠᠨ ᠴᠡᠭᠴᠡᠯᠡᠨ ᠰᠠᠢ᠌ᠵᠢᠷᠠᠭᠤᠯᠬᠤ ᠠᠭᠤᠯᠭ᠎ᠠ᠎ᠲᠠᠢ ᠬᠠᠷᠢᠴᠠᠭᠤᠯᠪᠠ᠂ ᠠᠷᠭ᠎ᠠ ᠬᠡᠮᠵᠢᠶ᠎ᠡ ᠪᠠ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠲᠠᠯ᠎ᠠ᠎ᠪᠠᠷ᠎ᠬᠢ ᠵᠥᠷᠢᠢ᠎ᠡ ᠪᠠ ᠬᠦᠷᠦᠯᠴᠡᠬᠦ ᠦᠭᠡᠢ ᠲᠠᠯ᠎ᠠ᠎ᠪᠠᠨ ᠬᠢᠨᠠᠮᠠᠭ᠋ᠠᠢ ᠪᠠᠢ᠌ᠴᠠᠭ᠋ᠠᠨ ᠦᠵᠡᠬᠦ ᠬᠡᠷᠡᠭᠲᠡᠢ᠂ ᠬᠠᠤᠯᠢ ᠲᠣᠭᠲᠠᠭ᠋ᠠᠬᠤ ᠵᠢ ᠭᠦᠨᠵᠡᠭᠡᠶ ᠡᠷᠭᠢᠴᠡᠭᠦᠯᠦᠨ ᠪᠣᠳᠣᠯᠬᠢᠯᠠᠬᠤ᠂ ᠬᠠᠤᠯᠢ ᠬᠡᠷᠡᠭᠵᠢᠭᠦᠯᠬᠦ᠂ ᠬᠠᠤᠯᠢ ᠴᠠᠭ᠋ᠠᠵᠠ᠂ ᠬᠠᠤᠯᠢ ᠲᠦᠭᠡᠮᠡᠯᠵᠢᠭᠦᠯᠬᠦ ᠬᠠᠤᠯᠢ ᠵᠢ ᠰᠠᠬᠢᠬᠤ ᠳᠤᠮᠳᠠᠬᠢ ᠳᠤᠲᠠᠭᠤᠳᠠᠯ ᠪᠠ ᠪᠠᠭᠤᠷᠠᠶ ᠭᠣᠭᠴᠣᠭ᠎ᠠ᠂ ᠥᠷᠭᠡᠨ ᠣᠯᠠᠨ ᠠᠷᠠᠳ ᠲᠦᠮᠡᠨ᠎ᠤ ᠲᠤᠰᠬᠠᠯ ᠴᠢᠩᠭ᠎ᠠ ᠪᠠᠢᠭ᠎ᠠ ᠠᠰᠠᠭᠤᠳᠠᠯ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠤᠨ ᠳᠤᠮᠳᠠᠬᠢ ᠲᠣᠪᠣᠢ᠍ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠦᠪᠡᠯᠡᠷᠡᠭᠦᠯᠦᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ᠂ ᠬᠠᠤᠯᠢ ᠲᠣᠭᠲᠠᠭ᠋ᠠᠯᠲᠠ ᠵᠢᠨ ᠵᠥᠷᠢᠢ᠎ᠡ ᠵᠢ ᠭᠦᠨᠵᠡᠭᠡᠢ ᠰᠢᠢ᠍ᠳᠪᠦᠷᠢᠯᠡᠵᠦ᠂ ᠬᠠᠤᠯᠢ ᠵᠢ ᠴᠢᠩᠭ᠎ᠠ ᠬᠡᠷᠡᠭᠵᠢᠭᠦᠯᠬᠦ ᠦᠭᠡᠢ᠂ ᠬᠠᠤᠯᠢ ᠴᠠᠭ᠋ᠠᠵᠠ ᠭᠣᠤᠯᠴᠢ ᠪᠤᠰᠤ ᠵᠡᠷᠭᠡ ᠠᠰᠠᠭᠤᠳᠠᠯ᠂ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠯᠠᠪᠳᠠᠭᠤᠨ ᠪᠠᠲᠤᠲᠠᠶ ᠨᠠᠢ᠌ᠳᠠᠪᠤᠷᠢᠵᠢᠭᠤᠯᠬᠤ᠎ᠪᠠᠷ ᠳᠠᠮᠵᠢᠨ᠂ ᠮᠠᠨ᠎ᠤ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠢ᠍ᠴᠢᠯᠠᠨᠠ᠃
ᠯᠢᠨ ᠱᠣᠤ ᠴᠦᠨ ᠳᠡᠳ᠋ ᠱᠦᠵᠢ᠂ ᠡᠨᠡ ᠤᠳᠠᠭ᠎ᠠ ᠵᠢᠨ ᠲᠤᠰᠬᠠᠶ ᠱᠠᠯᠠᠪᠳᠠᠭᠤᠯᠤᠨ ᠪᠠᠢ᠌ᠴᠠᠭ᠋ᠠᠯᠲᠠ ᠵᠢ ᠭᠦᠢᠴᠡᠳ ᠠᠰᠢᠭᠯᠠᠵᠤ᠂ ᠱᠠᠯᠠᠪᠳᠠᠭᠤᠯᠤᠨ ᠪᠠᠢ᠌ᠴᠠᠭ᠋ᠠᠬᠤ᠎ᠠᠴᠠ ᠡᠮᠦᠨᠡᠬᠢ ᠡᠯ᠎ᠡ ᠵᠦᠢᠯ᠎ᠤᠨ ᠪᠡᠯᠡᠳᠬᠡᠯ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠰᠢᠮᠳᠠᠭᠤᠯᠤᠨ ᠪᠠᠢ᠌ᠴᠠᠭ᠋ᠠᠬᠤ ᠪᠥᠬᠥ ᠠᠵᠢᠯᠲᠠᠨ᠎ᠢ ᠵᠣᠬᠢᠶᠠᠨ ᠪᠠᠢ᠌ᠭᠤᠯᠵᠤ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠠᠷᠪᠠᠨ ᠨᠢᠭᠡᠨ ᠪᠠᠷᠢᠮᠲᠠᠯᠠᠯ》᠎ᠤᠨ ᠭᠣᠤᠯ ᠠᠭᠤᠯᠭ᠎ᠠ ᠪᠣᠯᠤᠨ ᠦᠢᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠢ᠌ᠯᠠᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠲᠤᠰᠬᠠᠶ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠠᠭᠤᠯᠭ᠎ᠠ ᠪᠣᠯᠤᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠤᠢ᠌ᠯᠠᠭ᠋ᠠᠨ ᠡᠵᠡᠮᠰᠢᠵᠦ᠂ ᠡᠯ᠎ᠡ ᠵᠦᠢᠯ᠎ᠤᠨ 《ᠬᠢᠴᠢᠶᠡᠯ》᠎ᠢ ᠭᠦᠢᠴᠡᠳ ᠪᠥᠭᠡᠳ ᠪᠣᠳᠠᠲᠠᠶ ᠬᠢᠬᠦ ᠬᠡᠷᠡᠭᠲᠡᠶ ᠃ ᠰᠢᠮᠳᠠᠭᠤᠯᠤᠨ ᠪᠠᠢ᠌ᠴᠠᠭ᠋ᠠᠬᠤ ᠳᠤᠮᠳᠠ᠂ ᠪᠣᠳᠠᠲᠤ ᠪᠠᠢ᠌ᠳᠠᠯ᠎ᠳᠤ ᠨᠠᠩ ᠢᠯᠡᠭᠦᠦ ᠭᠦᠨᠵᠡᠭᠡᠢ᠌ᠷᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠦᠨᠳᠦᠰᠦᠨ ᠱᠠᠲᠤᠨ᠎ᠤ ᠺᠠᠳ᠋ᠷ᠂ ᠣᠯᠠᠨ ᠲᠦᠮᠡᠨ ᠪᠣᠯᠤᠨ ᠲᠤᠬᠠᠢ᠌ᠲᠠᠶ ᠬᠥᠮᠦᠨ᠎ᠲᠠᠢ ᠪᠠᠢ᠌ᠳᠠᠯ ᠵᠶ᠋ᠠᠨ ᠢᠯᠡᠭᠦᠬᠡᠨ ᠨᠡᠪᠲᠡᠷᠡᠯᠴᠡᠨ ᠣᠢ᠌ᠯᠠᠭ᠋ᠠᠵᠤ᠂ ᠭᠣᠤᠯ ᠣᠶᠤᠨ ᠴᠢᠳᠠᠯ ᠵᠶ᠋ᠠᠨ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠮᠳᠠᠭᠤᠯᠤᠨ ᠰᠢᠢᠳᠪᠦᠷᠢᠯᠡᠬᠦ ᠳᠡᠭᠡᠷ᠎ᠡ ᠲᠠᠯᠪᠢᠵᠤ᠂ ᠵᠠᠩᠭᠢᠯᠠᠭ᠎ᠠ ᠵᠢᠨ ᠭᠠᠵᠠᠷ᠎ᠲᠤ ᠰᠢᠮᠳᠠᠭᠤᠯᠤᠨ ᠪᠠᠢ᠌ᠴᠠᠭ᠋ᠠᠵᠤ᠂ ᠭᠣᠤᠯ ᠭᠠᠵᠠᠷ᠎ᠲᠤᠨᠢ ᠪᠠᠢ᠌ᠴᠠᠭ᠋ᠠᠵᠤ᠂ ᠬᠡᠯᠪᠡᠷᠢ ᠵᠢᠨ ᠲᠡᠳᠦᠶ ᠥᠩᠭᠡᠷᠡᠭᠦᠯᠬᠦ ᠵᠢ ᠡᠷᠡᠰ ᠰᠡᠷᠭᠡᠢ᠌ᠯᠡᠨ᠂ ᠲᠤᠰᠬᠠᠶ ᠰᠢᠮᠳᠠᠭᠤᠯᠤᠨ ᠪᠠᠢ᠌ᠴᠠᠭ᠋ᠠᠯᠲᠠ᠎ᠳᠤ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
ᠳᠡᠳ᠋ ᠲᠣᠪᠴᠢᠶᠠᠨ ᠳᠠᠷᠤᠭ᠎ᠠ ᠸᠠᠩ ᠯᠸᠢ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠂ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠡᠭᠦᠷᠭᠡ ᠴᠢᠳᠠᠪᠤᠷᠢ ᠵᠢᠨ ᠪᠠᠢ᠌ᠷᠢ ᠲᠣᠭᠲᠠᠭ᠋ᠠᠯᠲᠠ ᠵᠢ ᠣᠨᠣᠪᠴᠢᠲᠠᠶ ᠡᠵᠡᠮᠳᠡᠬᠦ᠂ ᠬᠠᠤᠯᠢ᠎ᠪᠠᠷ ᠵᠠᠰᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠶᠠᠰᠤ ᠴᠢᠨᠠᠷ᠂ ᠴᠢᠳᠠᠪᠤᠷᠢ᠂ ᠦᠷ᠎ᠡ ᠪᠦᠲᠦᠮᠵᠢ ᠵᠡᠷᠭᠡ ᠲᠠᠯ᠎ᠠ᠎ᠪᠠᠷ ᠭᠦᠨᠵᠡᠭᠡᠶ ᠲᠠᠢ᠌ᠯᠤᠮᠵᠢ ᠬᠢᠵᠦ᠂ ᠪᠡᠶ᠎ᠡ᠎ᠪᠠᠷ ᠵᠶ᠋ᠡᠨ ᠦᠢᠯᠡᠳᠦᠯᠭᠡᠵᠢᠭᠦᠯᠬᠦ ᠪᠠ ᠪᠣᠳᠠᠲᠠᠶ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠳᠠᠯᠤᠨ ᠰᠢᠨᠵᠢᠬᠦ᠎ᠲᠠᠢ ᠤᠶᠠᠯᠳᠤᠭᠤᠯᠤᠨ᠂ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠠᠷᠭ᠎ᠠ ᠵᠢ ᠴᠢᠩᠭ᠋ᠠᠳᠬᠠᠨ ᠰᠠᠢ᠌ᠵᠢᠷᠠᠭᠤᠯᠬᠤ᠂ ᠦᠢᠯᠡᠳᠦᠯᠭᠡ ᠵᠢᠨ ᠱᠠᠭ᠋ᠠᠷᠳᠠᠯᠭ᠎ᠠ ᠵᠢ ᠲᠤᠤᠱᠯᠠᠭᠤᠯᠬᠤ᠂ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠲᠠᠢ᠌ᠯᠤᠮᠵᠢ ᠬᠢᠵᠦ᠂ ᠲᠣᠰ ᠤᠳᠠᠭ᠋ᠠᠨ᠎ᠤ ᠲᠤᠰᠬᠠᠶ ᠰᠢᠮᠳᠠᠭᠤᠯᠤᠨ ᠪᠠᠢ᠌ᠴᠠᠭ᠋ᠠᠯᠲᠠ ᠵᠢ ᠯᠠᠪᠳᠠᠭᠤᠨ ᠪᠠᠲᠤᠲᠠᠶ ᠪᠥᠭᠡᠳ ᠲᠤᠢ᠌ᠯ᠎ᠤᠨ ᠣᠨᠣᠪᠴᠢᠲᠠᠶ᠎ᠪᠠᠷ ᠰᠠᠢ᠌ᠲᠤᠷ ᠬᠢᠬᠦ᠎ᠳᠤ ᠬᠦᠴᠦᠲᠡᠶ ᠵᠢᠯᠣᠭᠣᠳᠣᠯᠭ᠎ᠠ ᠬᠠᠩᠭ᠋ᠠᠪᠠ᠃
ᠲᠢᠩᠬᠢᠮ᠎ᠤᠨ ᠳᠠᠷᠤᠭ᠎ᠠ ᠪᠠᠶ ᠶᠦᠩ ᠫᠢᠩ ᠬᠤᠷᠠᠯ ᠡᠷᠭᠢᠯᠡᠬᠦ᠎ᠳᠡᠭᠡᠨ ᠱᠠᠭ᠋ᠠᠷᠳᠠᠭᠰᠠᠨ᠎ᠨᠢ᠂ ᠲᠤᠰᠬᠠᠶ ᠰᠢᠪᠠᠳᠠᠨ ᠪᠠᠢ᠌ᠴᠠᠭ᠋ᠠᠯᠲᠠ ᠵᠢᠨ ᠵᠣᠷᠢᠯᠭ᠎ᠠ᠎ᠨᠢ ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠢ ᠰᠢᠢᠳᠪᠦᠷᠢᠯᠡᠬᠦ᠎ᠳᠤ ᠣᠷᠣᠰᠢᠨ᠎ᠠ᠂ 《ᠪᠢᠯᠵᠤᠤᠬᠠᠶ ᠵᠢ ᠲᠤᠶᠠᠴᠢᠬᠤ》 ᠠᠵᠢᠯ᠎ᠤᠨ ᠠᠷᠭ᠎ᠠ ᠮᠠᠶᠢᠭ᠎ᠢ ᠬᠡᠷᠡᠭᠯᠡᠨ ᠪᠣᠳᠠᠲᠤ ᠪᠠᠢ᠌ᠳᠠᠯ᠎ᠢ ᠦᠨᠡᠨ ᠬᠦ᠌ ᠡᠵᠡᠮᠰᠢᠵᠦ᠂ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠳᠥᠯᠭᠢᠨ ᠠᠬᠢᠭᠤᠯᠬᠤ ᠬᠡᠷᠡᠭᠲᠡᠶ᠃ ᠡᠯ᠎ᠡ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ ᠪᠣᠳᠠᠲᠤ ᠪᠠᠢ᠌ᠳᠠᠯ᠎ᠠᠴᠠ᠎ᠪᠠᠨ ᠡᠭᠦᠰᠴᠦ᠂ ᠰᠢᠮᠳᠠᠭᠤᠯᠤᠨ ᠪᠠᠢ᠌ᠴᠠᠭ᠋ᠠᠬᠤ ᠡᠭᠦᠷᠭᠡ᠎ᠪᠠᠨ ᠨᠠᠷᠢᠯᠢᠬ᠍ᠵᠢᠭᠤᠯᠤᠨ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠨ᠂ ᠵᠣᠷᠢᠭᠲᠠᠢ᠎ᠪᠠᠷ ᠬᠠᠲᠠᠭᠤ᠎ᠲᠠᠢ᠎ᠨᠢ ᠬᠠᠯᠳᠠᠵᠤ᠂ ᠨᠢᠭᠡ ᠭᠠᠵᠠᠷ ᠣᠷᠣᠨ ᠪᠠ ᠰᠠᠯᠠᠭ᠎ᠠ ᠮᠥᠴᠢᠷ᠎ᠤᠨ ᠬᠠᠤᠯᠢᠵᠢᠯ᠎ᠤᠨ ᠪᠠᠢ᠌ᠭᠤᠯᠤᠯᠲᠠ ᠵᠢᠨ ᠪᠦᠬᠦ ᠪᠠᠢ᠌ᠳᠠᠯ᠎ᠢ ᠪᠦᠬᠦ ᠲᠠᠯ᠎ᠠ᠎ᠪᠠᠷ ᠤᠢ᠍ᠢ᠍ᠯᠠᠭ᠋ᠠᠨ᠂ ᠣᠨᠣᠪᠴᠢᠲᠠᠢ᠎ᠪᠠᠷ ᠪᠠᠢ᠌ᠷᠢ ᠲᠣᠭᠲᠠᠭ᠋ᠠᠵᠤ᠂ 《ᠦᠨᠡᠨ ᠬᠦ᠌ ᠰᠢᠮᠳᠠᠭᠤᠯᠤᠨ ᠪᠣᠳᠠᠲᠠᠢ ᠪᠠᠢ᠌ᠴᠠᠭ᠋ᠠᠬᠤ》᠎ᠪᠠᠷ ᠨᠡᠢ᠌ᠭᠡᠮ᠎ᠤᠨ ᠡᠯ᠎ᠡ ᠡᠲᠡᠭᠡᠳ ᠪᠠ ᠥᠷᠭᠡᠨ ᠤᠯᠠᠨ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠬᠠᠷᠢᠭᠤᠯᠲᠠ ᠥᠭᠬᠦ ᠬᠡᠷᠡᠭᠲᠡᠢ᠃