ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠦᠢ᠍ᠷ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ 《ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2020 — — 2025 ᠣᠨ)》 ᠵᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ
ᠨᠡᠶ᠋ᠢᠲᠡᠯᠡᠭᠰᠡᠨ ᠴᠠᠭ᠄ 2021-01-24

     《ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2020 — — 2025 ᠣᠨ)》 ᠵᠢᠨ ᠪᠥᠬᠦ ᠠᠭᠤᠯᠭ᠎ᠠ᠎ᠨᠢ ᠳᠣᠤᠷᠠᠬᠢ ᠮᠡᠲᠦ᠃
      ᠬᠠᠤᠯᠢᠵᠢᠯ᠎ᠤᠨ ᠨᠡᠶ᠋ᠢᠭᠡᠮ ᠪᠣᠯ ᠬᠠᠤᠯᠢᠵᠢᠯ᠎ᠤᠨ ᠤᠯᠤᠰ᠎ᠢ ᠪᠠᠶ᠋ᠢᠭᠤᠯᠬᠤ ᠵᠢᠨ ᠰᠠᠭᠤᠷᠢ ᠮᠥᠨ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠪᠣᠯ ᠤᠯᠤᠰ᠎ᠤᠨ ᠵᠠᠰᠠᠯᠳᠠ ᠵᠢᠨ ᠰᠢᠰᠲ᠋ᠧᠮ ᠪᠠ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠪᠡᠶᠡᠯᠡᠭᠦᠯᠬᠦ ᠵᠢᠨ ᠴᠢᠬᠤᠯᠠ ᠪᠦᠷᠢᠯᠳᠦᠬᠦᠨ ᠬᠡᠰᠡᠭ ᠮᠥᠨ᠃ ᠬᠠᠤᠯᠢᠵᠢᠯ᠎ᠢ ᠢᠳᠡᠬᠡᠨ ᠪᠢᠰᠢᠷᠡᠬᠦ᠂ ᠲᠥᠪ ᠭᠤᠤᠯᠴᠢ ᠰᠢᠳᠤᠷᠭᠤ ᠶᠣᠰᠣ ᠵᠢ ᠡᠷᠬᠢᠮᠯᠡᠬᠦ᠂ ᠡᠷᠬᠡ ᠵᠢ ᠪᠠᠲᠤᠯᠠᠬᠤ᠂ ᠬᠠᠤᠯᠢ ᠵᠢ ᠵᠢᠷᠤᠮᠯᠠᠵᠥ ᠦᠨᠡᠨᠴᠢ ᠢᠲᠡᠭᠡᠮᠵᠢᠲᠡᠶ ᠪᠠᠶ᠋ᠢᠬᠤ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠡᠶ᠎ᠡ ᠵᠣᠬᠢᠴᠠᠩᠭᠤᠢ ᠡᠮᠬᠢ ᠵᠢᠷᠤᠮ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠨᠡᠶ᠋ᠢᠭᠡᠮ᠎ᠢ ᠪᠠᠶ᠋ᠢᠭᠤᠯᠬᠤ ᠪᠤᠯ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠳᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠬᠠᠤᠯᠢᠵᠢᠯ᠎ᠤᠨ ᠨᠡᠶ᠋ᠢᠭᠡᠮ᠎ᠢ ᠦᠨᠳᠦᠰᠦᠨ᠎ᠳᠤ᠎ᠪᠠᠨ ᠪᠠᠶ᠋ᠢᠭᠤᠯᠬᠤ ᠵᠢ 2035 ᠣᠨ ᠪᠣᠯᠬᠤ᠎ᠳᠤ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠬᠦ ᠴᠢᠬᠤᠯᠠ ᠬᠠᠷᠠᠯᠲᠠ ᠵᠢᠨ ᠨᠢᠭᠡ ᠪᠣᠯᠭ᠋ᠠᠨ ᠲᠣᠭᠲᠠᠭ᠋ᠠᠬᠰᠠᠨ ᠶᠤᠮ᠂ ᠡᠨᠡ᠎ᠨᠢ ᠴᠢᠬᠤᠯᠠ ᠶᠡᠭᠡ ᠠᠴᠢ ᠬᠤᠯᠪᠣᠭᠳᠠᠯ᠎ᠲᠠᠢ᠂ ᠠᠯᠤᠰ ᠬᠡᠲᠦ ᠵᠢᠨ ᠨᠥᠯᠥᠭᠡ᠎ᠲᠠᠢ᠂ ᠡᠭᠦᠷᠭᠡ ᠬᠠᠲᠠᠭᠤ ᠪᠡᠷᠬᠡ ᠪᠠᠶ᠋ᠢᠨ᠎ᠠ᠃ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠬᠤ ᠵᠢᠨ ᠲᠥᠯᠥᠭᠡ᠂ ᠲᠤᠰ ᠬᠦᠳᠦᠯᠪᠦᠷᠢ ᠵᠢ ᠲᠣᠭᠲᠠᠭ᠋ᠠᠪᠠ᠃
      ᠨᠢᠭᠡ᠂ ᠶᠡᠷᠦᠩᠬᠡᠶ ᠱᠠᠭ᠋ᠠᠷᠳᠠᠯᠭ᠎ᠠ
     (ᠨᠢᠭᠡ) ᠵᠢᠯᠣᠭᠤᠳᠬᠤ ᠦᠵᠡᠯ ᠰᠠᠨᠠᠭ᠎ᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠥ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠥ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠠᠮ ᠵᠶ᠋ᠠᠷ ᠡᠷᠡᠰ ᠭᠤᠶ᠋ᠢᠪᠢᠰᠢ ᠦᠭᠡᠶ ᠵᠠᠮᠨᠠᠵᠤ᠂ ᠬᠠᠤᠯᠢᠵᠢᠯ᠎ᠤᠨ ᠤᠯᠤᠰ᠂ ᠬᠠᠤᠯᠢᠵᠢᠯ᠎ᠤᠨ ᠵᠠᠰᠠᠭ᠎ᠤᠨ ᠣᠷᠳᠣᠨ᠂ ᠬᠠᠤᠯᠢᠵᠢᠯ᠎ᠤᠨ ᠨᠡᠶ᠋ᠢᠭᠡᠮ᠎ᠢ ᠨᠢᠭᠡ ᠴᠣᠭᠴᠠᠵᠢᠭᠤᠯᠤᠨ ᠪᠦᠲᠦᠭᠡᠨ ᠪᠠᠶ᠋ᠢᠭᠤᠯᠬᠤ ᠵᠢ ᠪᠠᠷᠢᠮᠲᠠᠯᠠᠨ᠂ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠪᠤᠶ᠋ᠢᠵᠢᠭᠤᠯᠤᠨ ᠦᠢ᠍ᠯᠡᠳᠦᠯᠭᠡᠵᠢᠭᠦᠯᠵᠦ᠂ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠦ᠂ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠣᠶᠣᠯ᠎ᠢ ᠪᠠᠶ᠋ᠢᠭᠤᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠠᠤᠯᠢᠵᠢᠯ᠎ᠢ ᠴᠢᠩᠭ᠎ᠠ ᠬᠡᠷᠡᠭᠵᠢᠭᠦᠯᠬᠦ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠨᠡᠮᠡᠭᠳᠡᠭᠦᠯᠤᠨ᠂ ᠪᠦᠬᠦ ᠨᠡᠶ᠋ᠢᠭᠡᠮ ᠵᠶ᠋ᠠᠷ ᠵᠶ᠋ᠠᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠵᠢᠷᠤᠮᠯᠠᠬᠤ ᠬᠠᠤᠯᠢ ᠵᠢ ᠬᠡᠷᠡᠭᠯᠡᠬᠦ ᠵᠢ ᠠᠬᠢᠭᠤᠯᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠡᠷᠬᠢᠮᠯᠡᠬᠦ ᠬᠠᠤᠯᠢᠵᠢᠯ᠎ᠤᠨ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠵᠦ᠂ ᠠᠷᠠᠳ ᠲᠦᠮᠡᠨ᠎ᠤ ᠡᠷᠬᠡ ᠠᠰᠢᠭ᠎ᠢ ᠪᠠᠲᠤᠯᠠᠵᠤ᠂ ᠨᠡᠶ᠋ᠢᠭᠡᠮ᠎ᠤᠨ ᠵᠠᠰᠠᠯᠲᠠ ᠵᠢᠨ ᠬᠠᠤᠯᠢᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠬᠠᠤᠯᠢᠵᠢᠯ᠎ᠤᠨ ᠰᠠᠭᠤᠷᠢ ᠵᠢ ᠪᠠᠳᠤ ᠴᠤᠬ᠍ᠴᠠᠯᠠᠨ᠎ᠠ᠃
     (ᠬᠤᠶᠠᠷ) ᠭᠤᠤᠯ ᠵᠠᠷᠴᠢᠮ᠃ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ᠎ᠡ; ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠤᠨᠤᠯ ᠵᠶ᠋ᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠨ᠎ᠠ; ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠨ᠎ᠠ; ᠦᠨᠳᠦᠰᠦᠨ ᠬᠠᠤᠯᠢ ᠬᠠᠤᠯᠢ ᠴᠠᠭ᠋ᠠᠵᠠ ᠵᠢᠨ ᠡᠷᠬᠡ ᠰᠦᠷ᠎ᠢ ᠬᠦᠨᠳᠦᠳᠬᠡᠨ ᠬᠠᠮᠠᠭ᠋ᠠᠯᠠᠬᠤ ᠵᠢ ᠪᠠᠷᠢᠮᠲᠠᠯᠠᠨ᠎ᠠ; ᠬᠠᠤᠯᠢ ᠴᠠᠭ᠋ᠠᠵᠠ ᠵᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ ᠵᠢ ᠪᠠᠷᠢᠮᠲᠠᠯᠠᠨ᠎ᠠ; ᠡᠷᠬᠡ ᠪᠠ ᠡᠭᠦᠷᠭᠡ ᠨᠢᠭᠡᠳᠦᠯᠳᠠᠢ ᠪᠠᠶ᠋ᠢᠬᠤ ᠵᠢ ᠪᠠᠷᠢᠮᠲᠠᠯᠠᠨ᠎ᠠ; ᠬᠠᠤᠯᠢ᠎ᠪᠠᠷ ᠵᠠᠰᠠᠬᠤ᠂ ᠶᠣᠰᠣ ᠰᠤᠷᠳᠠᠬᠤᠨ ᠵᠶ᠋ᠠᠷ ᠵᠠᠰᠠᠬᠤ᠂ ᠥᠪᠡᠷᠲᠡᠭᠡᠨ ᠵᠠᠰᠠᠬᠤ ᠵᠢ ᠤᠶᠠᠯᠳᠤᠭᠤᠯᠬᠤ ᠵᠢ ᠪᠠᠷᠢᠮᠲᠠᠯᠠᠨ᠎ᠠ; ᠨᠡᠶ᠋ᠢᠭᠡᠮ᠎ᠤᠨ ᠵᠠᠰᠠᠯᠲᠠ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠨ᠎ᠠ᠃  
     (ᠭᠤᠷᠪᠠ) ᠶᠡᠷᠦᠩᠬᠡᠶ ᠬᠠᠷᠠᠯᠲᠠ᠃ 2025 ᠣᠨ ᠪᠣᠯᠬᠤ᠎ᠳᠤ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠪᠡᠶᠡᠯᠡᠭᠦᠯᠵᠦ᠂ ᠬᠠᠤᠯᠢᠵᠢᠯ᠎ᠤᠨ ᠦᠵᠡᠯᠲᠡ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠦ᠂ ᠨᠡᠶ᠋ᠢᠭᠡᠮ᠎ᠤᠨ ᠬᠦᠷᠢᠶᠡᠨ᠎ᠤ ᠳᠦᠷᠢᠮ᠎ᠤᠨ ᠵᠢᠷᠤᠮᠵᠢᠯ᠎ᠢ ᠨᠠᠩ ᠪᠦᠷᠢᠨᠰᠢᠭᠦᠯᠵᠥ᠂ ᠨᠡᠶ᠋ᠢᠭᠡᠮ ᠵᠢᠷᠤᠮ᠎ᠤᠨ ᠭᠤᠤᠯᠯᠠᠬ᠍ᠴᠢ ᠥᠷᠲᠡᠭ᠎ᠤᠨ ᠦᠵᠡᠯᠲᠡ ᠵᠢᠨ ᠱᠠᠭ᠋ᠠᠷᠳᠠᠯᠭ᠎ᠠ ᠬᠠᠤᠯᠢᠵᠢᠯ᠎ᠤᠨ ᠪᠠᠶ᠋ᠢᠭᠤᠯᠤᠯᠲᠠ ᠪᠠ ᠨᠡᠶ᠋ᠢᠭᠡᠮ᠎ᠤᠨ ᠵᠠᠰᠠᠯᠲᠠ᠎ᠳᠤ ᠠᠭᠤᠰᠤᠯᠴᠠᠭ᠋ᠠᠳ ᠢᠯᠡᠳᠲᠡ ᠦᠷ᠎ᠡ ᠪᠦᠲᠦᠮᠵᠢ ᠣᠯᠵᠤ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠵᠠᠰᠠᠯᠲᠠ ᠵᠢᠨ ᠬᠠᠤᠯᠢᠵᠢᠯ᠎ᠤᠨ ᠲᠦᠪᠰᠢᠨ ᠢᠯᠡᠳᠲᠡ ᠳᠡᠭᠡᠭᠰᠢᠯᠡᠵᠦ᠂ ᠤᠯᠤᠰ᠎ᠤᠨ ᠪᠠᠶ᠋ᠢᠳᠠᠯ᠎ᠳᠤ ᠨᠡᠶ᠋ᠢᠴᠡᠭᠰᠡᠨ᠂ ᠴᠠᠭ ᠦᠶ᠎ᠡ ᠵᠢᠨ ᠣᠨᠴᠠᠯᠢᠭ᠎ᠢ ᠢᠯᠡᠷᠡᠭᠦᠯᠦᠭᠰᠡᠨ᠂ ᠠᠷᠠᠳ ᠤᠯᠠᠨ᠎ᠳᠤ ᠲᠠᠭ᠋ᠠᠰᠢᠶᠠᠬᠳᠠᠬᠰᠠᠨ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠠᠮᠢᠳᠤᠯᠢᠭ ᠪᠠᠶ᠋ᠢᠳᠠᠯ᠎ᠢ ᠪᠤᠢ ᠪᠣᠯᠭ᠋ᠠᠵᠤ᠂ 2035 ᠣᠨ᠎ᠳᠤ ᠬᠠᠤᠯᠢᠵᠢᠯ᠎ᠤᠨ ᠨᠡᠶ᠋ᠢᠭᠡᠮ᠎ᠢ ᠦᠨᠳᠦᠰᠦᠨ᠎ᠳᠤ᠎ᠪᠠᠨ ᠪᠡᠶᠡᠯᠡᠬᠦᠯᠬᠦ᠎ᠳᠤ ᠪᠠᠲᠤ ᠰᠠᠭᠤᠷᠢ ᠲᠠᠯᠪᠢᠵᠤ ᠥᠭᠭᠦᠨ᠎ᠡ᠃
      ᠬᠤᠶᠠᠷ᠂ ᠪᠦᠬᠦ ᠨᠡᠶ᠋ᠢᠭᠡᠮ᠎ᠤᠨ ᠬᠠᠤᠯᠢᠵᠢᠯ᠎ᠤᠨ ᠦᠵᠡᠯᠲᠡ ᠵᠢ ᠴᠢᠩᠭ᠋ᠠᠳᠬᠠᠬᠤ ᠵᠢ ᠠᠬᠢᠭᠤᠯᠤᠨ᠎ᠠ
      ᠠᠷᠠᠳ ᠨᠡᠶ᠋ᠢᠲᠡ᠎ᠪᠠᠷ ᠵᠶ᠋ᠠᠨ ᠬᠠᠤᠯᠢ ᠵᠢ ᠵᠢᠷᠤᠮᠯᠠᠬᠤ ᠪᠣᠯ ᠬᠠᠤᠯᠢᠵᠢᠯ᠎ᠤᠨ ᠨᠡᠶ᠋ᠢᠭᠡᠮ᠎ᠤᠨ ᠰᠠᠭᠤᠷᠢ ᠢᠨᠵᠧᠨᠧᠷᠢᠩ ᠮᠥᠨ᠃ ᠦᠨᠳᠦᠰᠦᠨ ᠬᠠᠤᠯᠢ ᠬᠠᠤᠯᠢ ᠴᠠᠭ᠋ᠠᠵᠠ ᠵᠢ ᠳᠡᠭᠡᠳᠦᠯᠡᠬᠦ᠂ ᠬᠠᠤᠯᠢ ᠴᠠᠭ᠋ᠠᠵᠠ ᠵᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ ᠬᠠᠤᠯᠢᠵᠢᠯ᠎ᠤᠨ ᠣᠶ᠋ᠢᠯᠠᠭ᠋ᠠᠭᠳᠠᠬᠤᠨ᠎ᠢ ᠪᠤᠢ ᠪᠣᠯᠭ᠋ᠠᠵᠤ᠂ ᠪᠦᠬᠦ ᠨᠡᠶ᠋ᠢᠭᠡᠮ᠎ᠤᠨ ᠬᠠᠤᠯᠢᠵᠢᠯ᠎ᠤᠨ ᠢᠲᠡᠭᠡᠯ ᠪᠢᠰᠢᠷᠡᠯ᠎ᠢ ᠪᠤᠶ᠋ᠢᠵᠢᠭᠤᠯᠵᠤ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠬᠠᠨᠳᠤᠯᠭ᠋ᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠴᠢᠩᠭ᠋ᠠᠳᠬᠠᠵᠤ᠂ ᠪᠦᠬᠦ ᠠᠷᠠᠳ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠦᠨᠡᠨᠴᠢ ᠰᠢᠳᠤᠷᠭᠤ ᠡᠷᠬᠢᠮᠯᠡᠭᠴᠢ᠂ ᠤᠬᠠᠮᠰᠠᠷ᠎ᠠᠴᠠ᠎ᠪᠠᠨ ᠵᠢᠷᠤᠮᠯᠠᠭᠴᠢ᠂ ᠡᠷᠡᠰ ᠪᠠᠲᠤ ᠬᠠᠮᠠᠭ᠋ᠠᠯᠠᠭᠴᠢ ᠪᠣᠯᠭ᠋ᠠᠵᠤ᠂ ᠬᠠᠤᠯᠢᠵᠢᠯ᠎ᠢ ᠨᠡᠶ᠋ᠢᠭᠡᠮ᠎ᠤᠨ ᠬᠠᠮᠲᠤ ᠵᠢᠨ ᠲᠠᠨᠢᠯᠲᠠ ᠪᠠ ᠦᠨᠳᠦᠰᠦᠨ ᠵᠠᠷᠴᠢᠮ ᠪᠣᠯᠭ᠋ᠠᠨ᠎ᠠ᠃
     (ᠲᠦᠷᠪᠡ) ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠨ᠎ᠠ᠃ ᠦᠨᠳᠦᠰᠦᠨ ᠬᠠᠤᠯᠢ ᠵᠢ ᠭᠦᠨᠵᠡᠭᠡᠶ ᠤᠬᠠᠭᠤᠯᠵᠤ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠦᠨᠳᠦᠰᠦᠨ ᠬᠠᠤᠯᠢ ᠵᠢᠨ ᠤᠬᠠᠮᠰᠠᠷ᠎ᠢ ᠴᠢᠩᠭ᠋ᠠᠳᠬᠠᠵᠤ᠂ ᠦᠨᠳᠦᠰᠦᠨ ᠬᠠᠤᠯᠢ ᠵᠢ ᠬᠦᠨᠳᠦᠳᠬᠡᠬᠦ᠂ ᠦᠨᠳᠦᠰᠦᠨ ᠬᠠᠤᠯᠢ ᠵᠢ ᠰᠤᠷᠤᠯᠴᠠᠬᠤ᠂ ᠦᠨᠳᠦᠰᠦᠨ ᠬᠠᠤᠯᠢ ᠵᠢ ᠵᠢᠷᠤᠮᠯᠠᠬᠤ᠂ ᠦᠨᠳᠦᠰᠦᠨ ᠬᠠᠤᠯᠢ ᠵᠢ ᠬᠠᠮᠠᠭ᠋ᠠᠯᠠᠬᠤ᠂ ᠦᠨᠳᠦᠰᠦᠨ ᠬᠠᠤᠯᠢ ᠵᠢ ᠬᠡᠷᠡᠭᠯᠡᠬᠦ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠠᠬᠢᠭᠤᠯᠤᠨ᠎ᠠ᠃ ᠲᠦᠷᠦ ᠵᠢᠨ ᠠᠵᠢᠯᠳᠠᠨ ᠢᠯᠠᠩᠭᠤᠶ᠎ᠠ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠲᠤ ᠬᠦᠷᠳᠡᠭᠡᠬᠦ ᠦᠨᠳᠦᠰᠦᠨ ᠬᠠᠤᠯᠢ ᠵᠢᠨ ᠬᠥᠮᠦᠵᠢᠯ᠎ᠢ ᠦᠨᠡᠨ ᠬᠦ᠌ ᠴᠢᠩᠭ᠋ᠠᠳᠬᠠᠵᠤ᠂ ᠲᠦᠷᠦ ᠵᠢᠨ ᠠᠵᠢᠯᠳᠠᠨ᠎ᠤ ᠦᠨᠳᠦᠰᠦᠨ ᠬᠠᠤᠯᠢ ᠵᠢ ᠲᠡᠷᠡ ᠬᠡᠪ ᠵᠶ᠋ᠠᠷ᠎ᠨᠢ ᠰᠤᠷᠤᠯᠴᠠᠬᠤ ᠵᠢ ᠵᠣᠬᠢᠶᠠᠨ ᠪᠠᠶ᠋ᠢᠭᠤᠯᠤᠨ ᠠᠬᠢᠭᠤᠯᠤᠨ᠎ᠠ᠃ ᠦᠨᠳᠦᠰᠦᠨ ᠬᠠᠤᠯᠢ᠎ᠳᠤ ᠲᠠᠩᠭ᠋ᠠᠷᠢᠬᠯᠠᠬᠤ ᠲᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠦᠷᠦ ᠵᠢᠨ ᠠᠵᠢᠯᠲᠠᠨ ᠲᠤᠰᠢᠶᠠᠯ᠎ᠳᠤ ᠭᠠᠷᠬᠤ᠎ᠳᠤ᠎ᠪᠠᠨ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠦᠨᠳᠦᠰᠦᠨ ᠬᠠᠤᠯᠢ᠎ᠳᠤ ᠲᠠᠩᠭ᠋ᠠᠷᠢᠬᠯᠠᠬᠤ ᠬᠡᠷᠡᠭᠲᠡᠶ᠃ ᠪᠦᠬᠦ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ᠃ 《12 · 4》᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ ᠪᠠ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠨ ᠳᠦᠷᠢᠮᠵᠢᠯᠲᠡ ᠵᠢ ᠠᠬᠢᠭᠤᠯᠵᠤ᠂ ᠦᠨᠳᠦᠰᠦᠨ ᠬᠠᠤᠯᠢ ᠵᠢᠨ ᠤᠬᠠᠭᠤᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠵᠢ ᠪᠡᠶᠡᠯᠡᠭᠦᠯᠦᠨ᠎ᠡ᠃
     (ᠲᠠᠪᠤ) ᠪᠦᠬᠦ ᠠᠷᠠᠳ᠎ᠤᠨ ᠬᠠᠤᠯᠢᠵᠢᠯ᠎ᠤᠨ ᠦᠵᠡᠯᠲᠡ ᠵᠢ ᠴᠢᠩᠭ᠋ᠠᠳᠬᠠᠨ᠎ᠠ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ᠎ᠪᠠᠷ ᠭᠤᠤᠯ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠭᠦᠨᠵᠡᠭᠡᠶ ᠤᠬᠠᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠠᠷᠠᠳ ᠲᠦᠮᠡᠨ᠎ᠤ ᠠᠰᠢᠭ ᠲᠤᠰᠠ᠎ᠲᠠᠢ ᠨᠢᠭᠲᠠ ᠬᠤᠯᠪᠣᠭ᠎ᠠ ᠪᠦ᠍ᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠥᠷᠭᠡᠨ ᠵᠶ᠋ᠠᠷ ᠤᠬᠠᠭᠤᠯᠵᠤ᠂ ᠠᠷᠠᠳ ᠤᠯᠠᠨ᠎ᠢ ᠤᠬᠠᠮᠰᠠᠷ᠎ᠠᠴᠠ᠎ᠪᠠᠨ ᠬᠠᠤᠯᠢ ᠴᠠᠭ᠋ᠠᠵᠠ ᠵᠢ ᠬᠦᠨᠳᠦᠳᠬᠡᠬᠦ᠂ ᠢᠳᠡᠬᠡᠨ ᠪᠢᠰᠢᠷᠡᠬᠦ ᠪᠠ ᠵᠢᠷᠤᠮᠯᠠᠨ ᠰᠠᠬᠢᠬᠤ ᠪᠣᠯᠭ᠋ᠠᠨ᠎ᠠ᠃ ᠢᠷᠭᠡᠨ᠎ᠤ ᠬᠠᠤᠯᠢ ᠵᠢᠨ ᠪᠢᠴᠢᠭ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠥᠷᠭᠡᠨ ᠵᠶ᠋ᠠᠷ ᠥᠷᠨᠢᠭᠦᠯᠵᠦ᠂ ᠢᠷᠭᠡᠨ᠎ᠤ ᠬᠠᠤᠯᠢ ᠵᠢᠨ ᠪᠢᠴᠢᠭ᠎ᠢ ᠤᠯᠠᠨ ᠲᠦᠮᠡᠨ᠎ᠳᠤ ᠤᠢ᠍ᠢ᠍ᠷᠠᠳᠤᠭᠤᠯᠵᠦ᠂ ᠤᠯᠠᠨ ᠲᠦᠮᠡᠨ᠎ᠤ ᠰᠡᠳᠬᠢᠯ᠎ᠳᠤ ᠬᠠᠳᠠᠩᠰᠢᠭᠤᠯᠤᠨ᠎ᠠ᠃ ᠬᠢᠵᠢᠭ ᠡᠪᠡᠳᠴᠢᠨ᠎ᠢ ᠰᠡᠷᠭᠡᠶ᠋ᠢᠯᠡᠨ ᠵᠠᠰᠠᠬᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ ᠵᠡᠷᠭᠡ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠬᠠᠮᠢᠶ᠎ᠠ ᠪᠦᠬᠦᠢ ᠮᠡᠳᠡᠯᠭᠡ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠶ᠋ᠢᠭᠤᠯᠤᠨ᠎ᠠ᠃ ᠪᠦᠬᠦ ᠨᠡᠶ᠋ᠢᠭᠡᠮ᠎ᠤᠨ᠎ᠬᠢᠨ᠎ᠢ ᠬᠦᠳᠦᠯᠤᠨ ᠵᠢᠯᠤᠭᠤᠳᠴᠦ ᠬᠠᠤᠯᠢ ᠵᠢᠨ ᠰᠢᠬᠦᠨ ᠳᠠᠰᠤᠯᠤᠯᠳᠠ ᠵᠢ ᠬᠦᠨᠳᠦᠳᠬᠡᠬᠦ ᠪᠤᠯᠭ᠋ᠠᠵᠦ᠂ ᠬᠠᠤᠯᠢ ᠴᠠᠭ᠋ᠠᠵᠠ ᠵᠢᠨ ᠡᠷᠬᠡ ᠰᠦᠷ᠎ᠢ ᠬᠠᠮᠠᠭ᠋ᠠᠯᠠᠨ᠎ᠠ᠃ ᠤᠳᠤᠷᠢᠳᠬᠤ ᠺᠠᠳ᠋ᠷ ᠲᠦᠷᠦᠭᠦᠯᠡᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠵᠢᠷᠤᠮᠯᠠᠬᠤ ᠬᠠᠤᠯᠢ ᠵᠢ ᠬᠡᠷᠡᠭᠯᠡᠬᠦ ᠵᠢᠨ ᠪᠦᠬᠦ ᠨᠡᠶ᠋ᠢᠭᠡᠮ᠎ᠳᠠᠬᠢ ᠵᠢᠱ᠌ᠢᠶ᠎ᠡ ᠦᠵᠡᠭᠦᠯᠵᠦ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠦᠷᠦ ᠵᠢᠨ ᠠᠵᠢᠯᠲᠠᠨ᠎ᠤ ᠬᠠᠤᠯᠢ ᠰᠤᠷᠴᠤ ᠬᠠᠤᠯᠢ ᠬᠡᠷᠡᠭᠵᠢᠬᠦᠯᠬᠦ ᠳᠦᠷᠢᠮ᠎ᠢ ᠤᠯᠠᠮ ᠴᠢᠨᠠᠬᠰᠢᠳᠠ ᠨᠠᠶ᠋ᠢᠳᠠᠪᠤᠷᠢᠵᠢᠭᠤᠯᠵᠤ᠂ ᠡᠳᠦᠷ ᠲᠤᠲᠤᠮ᠎ᠤᠨ ᠬᠠᠤᠯᠢ ᠰᠤᠷᠬᠤ ᠳᠦᠷᠢᠮ᠎ᠢ ᠲᠡᠭᠦᠯᠳᠡᠷᠵᠢᠭᠦᠯᠤᠨ᠂ ᠬᠠᠤᠯᠢᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠬᠢᠨᠠᠨ ᠰᠢᠯᠭ᠋ᠠᠵᠤ ᠦᠨᠡᠯᠡᠨ ᠵᠢᠱ᠌ᠢᠬᠦ ᠲᠣᠭᠲᠠᠴᠠ ᠵᠢ ᠲᠡᠭᠦᠯᠳᠡᠷᠵᠢᠭᠦᠯᠵᠦ᠂ ᠲᠦᠷᠦ ᠵᠢᠨ ᠠᠵᠢᠯᠳᠠᠨ ᠢᠯᠠᠩᠭᠤᠶ᠎ᠠ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠬᠠᠤᠯᠢ ᠶᠣᠰᠣᠭ᠋ᠠᠷ ᠠᠵᠢᠯᠯᠠᠬᠤ ᠤᠬᠠᠮᠰᠠᠷ ᠪᠠ ᠴᠢᠳᠠᠪᠤᠷᠢ ᠵᠢ ᠲᠠᠰᠤᠷᠠᠯᠳᠠ ᠦᠭᠡᠢ ᠴᠢᠩᠭ᠋ᠠᠷᠠᠭᠤᠯᠤᠨ᠎ᠠ᠃ ᠵᠠᠯᠠᠭᠤᠴᠤᠳ ᠪᠠᠭ᠋ᠠᠴᠤᠳ᠎ᠤᠨ ᠬᠠᠤᠯᠢᠵᠢᠯ᠎ᠤᠨ ᠬᠥᠮᠦᠵᠢᠯ᠎ᠢ ᠴᠢᠩᠭ᠋ᠠᠳᠬᠠᠵᠤ᠂ 《ᠵᠠᠯᠠᠭᠤᠴᠤᠳ ᠪᠠᠭ᠋ᠠᠴᠤᠳ᠎ᠤᠨ ᠬᠠᠤᠯᠢᠵᠢᠯ᠎ᠤᠨ ᠬᠥᠮᠦᠵᠢᠯ᠎ᠤᠨ ᠬᠦᠳᠦᠯᠪᠦᠷᠢ》 ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠤᠯᠢᠵᠢᠯ᠎ᠤᠨ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠣᠷᠣᠭᠤᠯᠤᠨ᠎ᠠ᠃ ᠪᠠᠭᠰᠢᠨᠠᠷ᠎ᠲᠤ ᠬᠦᠷᠳᠡᠭᠡᠬᠦ ᠬᠠᠤᠯᠢᠵᠢᠯ᠎ᠤᠨ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠬᠠᠤᠯᠢᠵᠢᠯ᠎ᠤᠨ ᠬᠢᠴᠢᠶᠡᠯ᠎ᠤᠨ ᠪᠠᠭᠰᠢ᠂ ᠬᠠᠤᠯᠢᠵᠢᠯ᠎ᠤᠨ ᠬᠠᠪᠰᠤᠷᠤᠨ ᠵᠢᠯᠣᠭᠤᠳᠣᠭᠴᠢ ᠵᠢᠨ ᠡᠩᠨᠡᠭᠡ ᠵᠢ ᠪᠦᠷᠢᠨ ᠭᠦᠢ᠍ᠴᠡᠳ ᠲᠣᠬᠢᠷᠠᠭᠤᠯᠤᠨ᠂ ᠬᠠᠤᠯᠢᠵᠢᠯ᠎ᠤᠨ ᠳᠡᠳ᠋ ᠵᠠᠬᠢᠷᠤᠯ᠎ᠤᠨ ᠳᠦᠷᠢᠮ᠎ᠢ ᠲᠡᠭᠦᠯᠳᠡᠷᠵᠢᠭᠦᠯᠵᠦ᠂ ᠵᠠᠯᠠᠭᠤᠴᠤᠳ ᠪᠠᠭ᠋ᠠᠴᠤᠳ᠎ᠤᠨ ᠬᠠᠤᠯᠢᠵᠢᠯ᠎ᠤᠨ ᠦᠢ᠍ᠯᠡᠳᠦᠯᠭᠡ᠎ᠳᠤ ᠣᠷᠣᠯᠴᠠᠬᠤ ᠲᠣᠭᠲᠠᠴᠠ ᠵᠢ ᠪᠦᠷᠢᠨᠰᠢᠭᠦᠯᠦᠨ᠎ᠡ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠲᠣᠭᠲᠠᠭ᠋ᠠᠯ᠎ᠳᠤ ᠨᠡᠶ᠋ᠢᠴᠡᠬᠦᠯᠤᠨ ᠬᠢᠬᠦ ᠤᠬᠠᠮᠰᠠᠷ᠎ᠢ ᠪᠤᠢ ᠪᠣᠯᠭ᠋ᠠᠵᠤ᠂ ᠠᠵᠤ ᠠᠬᠤᠶ᠋ᠢᠯᠠᠯ᠎ᠤᠨ ᠬᠠᠮᠢᠶᠠᠷᠤᠭᠴᠢ ᠪᠠ ᠠᠵᠢᠯᠲᠠᠨ ᠠᠵᠢᠯᠴᠢᠨ᠎ᠤ ᠬᠠᠤᠯᠢᠵᠢᠯ᠎ᠤᠨ ᠦᠵᠡᠯᠲᠡ ᠵᠢ ᠦᠨᠡᠨ ᠬᠦ᠌ ᠴᠢᠩᠭ᠋ᠠᠳᠬᠠᠨ᠎ᠠ᠃ ᠨᠡᠶ᠋ᠢᠭᠡᠮ᠎ᠤᠨ ᠬᠠᠯᠠᠮᠰᠢᠯ ᠬᠡᠷᠡᠭ (ᠶᠠᠪᠤᠳᠠᠯ)᠎ᠤᠨ ᠲᠤᠬᠠᠶ ᠬᠠᠤᠯᠢᠵᠢᠯ᠎ᠤᠨ ᠲᠠᠶ᠋ᠢᠯᠤᠮᠵᠢ ᠰᠢᠭᠦᠮᠵᠢ ᠵᠢ ᠴᠢᠩᠭ᠋ᠠᠳᠬᠠᠵᠤ᠂ ᠬᠠᠤᠯᠢᠵᠢᠯ᠎ᠤᠨ ᠢᠳᠡᠪᠬᠢ ᠬᠦᠴᠦᠨ᠎ᠢ ᠳᠠᠮᠵᠢᠭᠤᠯᠤᠨ᠎ᠠ᠃ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ᠎ᠢ ᠬᠡᠷᠡᠭᠯᠡᠨ ᠬᠠᠤᠯᠢ ᠴᠠᠭ᠋ᠠᠵᠠ ᠵᠢ ᠲᠦᠭᠡᠮᠡᠯᠵᠢᠭᠦᠯᠵᠦ᠂ 《ᠬᠠᠤᠯᠢ ᠴᠠᠭ᠋ᠠᠵᠠ ᠵᠢ ᠤᠶᠤᠨᠴᠢ᠎ᠪᠠᠷ ᠲᠦᠭᠡᠮᠡᠯᠵᠢᠭᠦᠯᠬᠦ》 ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠬᠠᠤᠯᠢ ᠵᠢ ᠰᠤᠳᠤᠯᠤᠨ ᠲᠣᠭᠲᠠᠭ᠋ᠠᠨ᠎ᠠ᠃
     (ᠵᠢᠷᠭᠤᠭ᠎ᠠ) ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠪᠦᠷᠢᠨᠰᠢᠬᠦᠯᠦᠨ᠎ᠡ᠃ ᠬᠠᠤᠯᠢᠵᠢᠯ᠎ᠤᠨ ᠤᠬᠠᠭᠤᠯᠭ᠎ᠠ ᠬᠥᠮᠦᠵᠢᠯ ᠬᠢᠭᠡᠳ ᠬᠠᠤᠯᠢᠵᠢᠯ᠎ᠤᠨ ᠦᠢ᠍ᠯᠡᠳᠦᠯᠭᠡ ᠵᠢ ᠤᠶᠠᠯᠳᠤᠭᠤᠯᠬᠤ ᠵᠢ ᠪᠠᠷᠢᠮᠲᠠᠯᠠᠨ᠎ᠠ᠃ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ》 ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠲᠥᠷᠥ ᠵᠢᠨ ᠪᠠᠶ᠋ᠢᠭᠤᠯᠭ᠎ᠠ ᠵᠢᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠤᠨ ᠨᠠᠷᠢᠨ ᠲᠠᠩᠰᠠ ᠵᠢ ᠨᠡᠶ᠋ᠢᠳᠡᠮ ᠪᠥᠷᠬᠦᠭᠦᠯᠬᠦ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠬᠡᠷᠡᠭ (ᠶᠠᠪᠤᠳᠠᠯ)᠎ᠢ ᠬᠠᠤᠯᠢ ᠶᠣᠰᠣᠭ᠋ᠠᠷ ᠰᠢᠢ᠍ᠳᠪᠦᠷᠢᠯᠡᠬᠦ ᠶᠠᠪᠤᠴᠠ ᠵᠢ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠢᠯᠡ ᠬᠢᠴᠢᠶᠡᠯ ᠪᠣᠯᠭ᠋ᠠᠨ᠎ᠠ᠃ ᠰᠢᠭᠦᠬᠦ ᠲᠤᠰᠢᠶᠠᠯᠲᠠᠨ᠂ ᠪᠠᠶ᠋ᠢᠴᠠᠭ᠋ᠠᠬᠤ ᠲᠤᠰᠢᠶᠠᠯᠲᠠᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯᠲᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢᠴᠢ ᠵᠡᠷᠭᠡ ᠵᠢᠨ ᠬᠡᠷᠡᠭ ᠵᠶ᠋ᠠᠷ ᠬᠠᠤᠯᠢ ᠴᠠᠭ᠋ᠠᠵᠠ ᠵᠢ ᠲᠠᠶ᠋ᠢᠯᠪᠤᠷᠢᠯᠠᠬᠤ ᠳᠦᠷᠢᠮ᠎ᠢ ᠲᠡᠭᠦᠯᠳᠡᠷᠵᠢᠭᠦᠯᠵᠦ᠂ ᠵᠠᠷᠭᠤ᠎ᠳᠤ ᠣᠷᠣᠯᠴᠠᠭᠰᠠᠳ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ᠂ ᠠᠰᠢᠭ ᠬᠤᠤᠷ᠎ᠤᠨ ᠬᠠᠷᠢᠴᠠᠭ᠎ᠠ᠎ᠲᠠᠢ ᠬᠥᠮᠦᠨ ᠵᠡᠷᠭᠡ᠎ᠳᠤ ᠵᠤᠷᠢᠭᠤᠯᠤᠬᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠴᠢᠬᠤᠯᠠᠴᠢᠯᠠᠨ ᠴᠢᠩᠭ᠋ᠠᠳᠬᠠᠨ᠎ᠠ᠃ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠠᠤᠯᠢ ᠲᠣᠭᠲᠠᠭ᠋ᠠᠬᠤ᠎ᠳᠤ ᠥᠷᠭᠡᠨ ᠵᠶ᠋ᠠᠷ ᠣᠷᠣᠯᠴᠠᠭᠤᠯᠵᠤ᠂ ᠬᠠᠤᠯᠢ ᠲᠣᠭᠲᠠᠭ᠋ᠠᠬᠤ ᠶᠠᠪᠤᠴᠠ ᠵᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠶᠠᠪᠤᠴᠠ ᠪᠣᠯᠭ᠋ᠠᠨ᠎ᠠ᠃ ᠣᠯᠠᠨ ᠵᠦᠢ᠍ᠯ᠎ᠤᠨ ᠬᠡᠯᠪᠡᠷᠢ ᠵᠢ ᠰᠢᠨᠡᠴᠢᠯᠡᠨ ᠬᠡᠷᠡᠭᠯᠡᠵᠦ᠂ ᠰᠢᠨ᠎ᠡ᠎ᠪᠠᠷ ᠨᠡᠶ᠋ᠢᠲᠡᠯᠡᠭᠰᠡᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠳᠤ ᠲᠠᠶ᠋ᠢᠯᠤᠮᠵᠢ ᠬᠢᠬᠦ ᠵᠢ ᠴᠢᠩᠭ᠋ᠠᠳᠬᠠᠨ᠎ᠠ᠃ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠡᠩᠨᠡᠭᠡ ᠵᠢᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠳᠠᠬᠢ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠳ ᠤᠯᠠᠨ᠎ᠳᠤ ᠲᠤᠰᠬᠠᠶ ᠮᠡᠷᠭᠡᠵᠢᠭᠰᠡᠨ᠂ ᠨᠠᠷᠢᠯᠢᠭ ᠣᠨᠣᠴᠠᠲᠠᠶ᠂ ᠥᠨᠳᠥᠷ ᠪᠦᠲᠦᠮᠵᠢᠲᠡᠶ ᠬᠠᠤᠯᠢᠵᠢᠯ᠎ᠤᠨ ᠤᠬᠠᠭᠤᠯᠭ᠎ᠠ ᠬᠠᠩᠭ᠋ᠠᠨ᠎ᠠ᠃ ᠵᠠᠭᠤᠴᠢᠯᠠᠭᠤᠷ᠎ᠤᠨ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠲᠦᠷᠢᠮ᠎ᠢ ᠪᠦᠷᠢᠨᠰᠢᠬᠦᠯᠵᠦ᠂ ᠰᠣᠨᠢᠨ᠎ᠤ ᠬᠤᠷᠢᠶ᠎ᠠ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠦᠯᠵᠢᠶᠡᠨ᠎ᠤ ᠥᠷᠲᠡᠭᠡ᠂ ᠬᠠᠮ ᠵᠠᠭᠤᠴᠢᠯᠠᠭᠤᠷ᠎ᠤᠨ ᠲᠥᠪ ᠵᠡᠷᠭᠡ ᠵᠠᠭᠤᠴᠢᠯᠠᠭᠤᠷ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠯᠭᠡᠨ᠎ᠡ᠃ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠠᠵᠢᠯᠳᠠᠨ᠎ᠤ ᠡᠩᠨᠡᠭᠡ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠠᠷᠠᠳ ᠤᠯᠠᠨ᠎ᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ᠎ᠳᠤ ᠥᠷᠭᠡᠨ ᠵᠶ᠋ᠠᠷ ᠣᠷᠣᠯᠴᠠᠬᠤ ᠦᠢ᠍ᠯᠡᠳᠦᠯᠭᠡ ᠵᠢᠨ ᠪᠠᠶ᠋ᠢᠷᠢᠰᠢᠯ᠎ᠢ ᠪᠤᠢ ᠪᠣᠯᠭ᠋ᠠᠨ᠎ᠠ᠃
     (ᠲᠤᠯᠤᠭ᠎ᠠ) ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠣᠶᠣᠯ᠎ᠢ ᠪᠠᠶ᠋ᠢᠭᠤᠯᠤᠨ᠎ᠠ᠃ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠠᠤᠯᠢᠵᠢᠯ᠎ᠤᠨ ᠣᠶ᠋ᠢᠯᠠᠭ᠋ᠠᠭᠳᠠᠬᠤᠨ᠎ᠢ ᠤᠯᠠᠮᠵᠢᠯᠠᠨ᠂ ᠬᠠᠤᠯᠢᠵᠢᠯ᠎ᠤᠨ ᠵᠠᠷᠴᠢᠮ᠎ᠢ ᠬᠢᠴᠢᠶᠡᠩᠭᠦ᠋ᠢ᠍ᠯᠡᠨ ᠵᠢᠷᠤᠮᠯᠠᠵᠤ᠂ ᠬᠠᠤᠯᠢᠵᠢᠯ᠎ᠤᠨ ᠣᠶ᠋ᠢᠯᠠᠭ᠋ᠠᠭᠳᠠᠬᠤᠨ᠂ ᠬᠠᠤᠯᠢᠵᠢᠯ᠎ᠤᠨ ᠰᠡᠳᠬᠢᠬᠦᠶ ᠵᠢ ᠪᠤᠶ᠋ᠢᠵᠢᠭᠤᠯᠬᠤ ᠵᠢ ᠴᠢᠬᠤᠯᠠᠴᠢᠯᠠᠵᠤ᠂ ᠬᠠᠤᠯᠢᠵᠢᠯ᠎ᠤᠨ ᠰᠣᠶᠣᠯ᠎ᠤᠨ ᠬᠥᠲᠥᠯᠥᠨ ᠳᠠᠭ᠋ᠠᠭᠤᠯᠬᠤ ᠪᠠ ᠨᠥᠯᠥᠭᠡᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢ ᠵᠢ ᠵᠢᠷᠤᠮᠯᠠᠬᠤ᠎ᠨᠢ ᠢᠷᠠᠭᠤ ᠠᠯᠳᠠᠷᠲᠠᠶ᠂ ᠬᠠᠤᠯᠢ ᠵᠢ ᠵᠥᠷᠢᠴᠡᠬᠦ᠎ᠨᠢ ᠢᠴᠢᠭᠦᠷᠢᠲᠡᠶ ᠪᠠᠶ᠋ᠢᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠬᠠᠤᠯᠢᠵᠢᠯ᠎ᠤᠨ ᠰᠣᠶᠣᠯ᠎ᠤᠨ ᠪᠦᠳᠦᠭᠡᠭᠳᠡᠬᠦᠨ᠎ᠢ ᠪᠠᠶᠠᠯᠢᠭᠵᠢᠭᠤᠯᠵᠤ᠂ ᠬᠠᠤᠯᠢᠵᠢᠯ᠎ᠤᠨ ᠰᠣᠶᠣᠯ᠎ᠤᠨ ᠰᠣᠳᠣᠨ ᠪᠦᠲᠦᠭᠡᠯ᠎ᠢ ᠤᠯᠠᠰᠢᠷᠠᠭᠤᠯᠵᠦ᠂ ᠬᠠᠤᠯᠢᠵᠢᠯ᠎ᠤᠨ ᠰᠣᠶᠣᠯ᠎ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠥᠷᠭᠡᠳᠬᠡᠨ᠎ᠡ᠃ ᠴᠢᠬᠤᠯᠠ ᠶᠡᠭᠡ ᠳᠤᠷᠠᠰᠬᠠᠯ᠎ᠤᠨ ᠡᠳᠦᠷ᠂ ᠤᠯᠠᠮᠵᠢᠯᠠᠯᠲᠤ ᠪᠠᠶᠠᠷ᠎ᠤᠨ ᠡᠳᠦᠷ ᠵᠡᠷᠭᠡ ᠲᠣᠬᠢᠶᠠᠯ᠎ᠢ ᠠᠰᠢᠬᠯᠠᠨ ᠣᠯᠠᠨ ᠲᠦᠮᠡᠨᠴᠢ ᠴᠢᠨᠠᠷᠲᠠᠶ ᠬᠠᠤᠯᠢᠵᠢᠯ᠎ᠤᠨ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ ᠡᠯ᠎ᠡ ᠭᠠᠵᠠᠷ᠎ᠤᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠵᠠᠯᠠᠭᠤᠴᠤᠳ᠎ᠤᠨ ᠰᠠᠶ᠋ᠢᠨ ᠳᠤᠷ᠎ᠠ ᠵᠢᠨ ᠠᠵᠢᠯᠳᠠᠨ᠂ ᠬᠠᠤᠯᠢᠵᠢᠯ᠎ᠤᠨ ᠤᠳᠬ᠎ᠠ ᠤᠷᠠᠯᠢᠭ᠎ᠤᠨ ᠪᠦᠯᠬᠦᠮ᠎ᠢ ᠵᠣᠬᠢᠶᠠᠨ ᠪᠠᠶ᠋ᠢᠭᠤᠯᠤᠨ ᠬᠠᠤᠯᠢᠵᠢᠯ᠎ᠤᠨ ᠰᠣᠶᠣᠯ᠎ᠤᠨ ᠦᠨᠳᠦᠰᠦᠨ ᠱᠠᠲᠤᠨ᠎ᠳᠠᠬᠢ ᠠᠶᠠᠯᠠᠯ᠎ᠤᠨ ᠠᠵᠢᠯᠯᠠᠭ᠎ᠠ ᠵᠢ ᠥᠷᠨᠢᠭᠦᠯᠵᠦ᠂ ᠬᠠᠤᠯᠢᠵᠢᠯ᠎ᠤᠨ ᠰᠣᠶᠣᠯ ᠬᠦ᠍ᠮᠦᠰ᠎ᠤᠨ ᠰᠡᠳᠬᠢᠯ᠎ᠳᠤ ᠬᠠᠳᠠᠩᠰᠢᠬᠤ ᠵᠢ ᠠᠬᠢᠭᠤᠯᠤᠨ᠎ᠠ᠃ ᠬᠠᠤᠯᠢᠵᠢᠯ᠎ᠤᠨ ᠰᠣᠶᠣᠯ᠎ᠤᠨ ᠵᠢᠬᠰᠠᠭ᠋ᠠᠯ᠎ᠤᠨ ᠭᠠᠵᠠᠷ᠎ᠤᠨ ᠪᠠᠶ᠋ᠢᠭᠤᠯᠤᠯᠲᠠ ᠵᠢ ᠶᠡᠭᠡ᠎ᠪᠠᠷ ᠴᠢᠩᠭ᠋ᠠᠳᠬᠠᠵᠤ᠂ ᠬᠠᠤᠯᠢᠵᠢᠯ᠎ᠤᠨ ᠰᠣᠶᠣᠯ ᠬᠢᠭᠡᠳ ᠤᠯᠠᠮᠵᠢᠯᠠᠯᠲᠤ ᠰᠣᠶᠣᠯ᠂ ᠬᠤᠪᠢᠰᠬᠠᠯ᠎ᠤᠨ ᠰᠣᠶᠣᠯ᠂ ᠣᠷᠣᠨ ᠨᠤᠲᠤᠭ᠎ᠤᠨ ᠰᠣᠶᠣᠯ᠂ ᠠᠵᠢᠯ ᠲᠦᠷᠦᠯ᠎ᠤᠨ ᠰᠣᠶᠣᠯ᠂ ᠠᠵᠤ ᠠᠬᠤᠶ᠋ᠢᠯᠠᠯ᠎ᠤᠨ ᠰᠣᠶᠣᠯ᠎ᠤᠨ ᠠᠭᠤᠰᠤᠯᠴᠠᠨ ᠬᠥᠭᠵᠢᠬᠦ ᠵᠢ ᠪᠦᠲᠦᠮᠵᠢᠲᠡᠶ ᠠᠬᠢᠭᠤᠯᠤᠨ᠎ᠠ᠃ 2020 ᠣᠨ᠎ᠤ ᠵᠢᠯ᠎ᠤᠨ ᠡᠴᠦᠰ᠎ᠠᠴᠠ ᠡᠮᠦᠨ᠎ᠡ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ᠎ᠢ ᠲᠣᠭᠲᠠᠭ᠋ᠠᠨ᠎ᠠ᠃
      ᠭᠤᠷᠪᠠ᠂ ᠨᠡᠶ᠋ᠢᠭᠡᠮ᠎ᠤᠨ ᠬᠦᠷᠢᠶᠡᠨ᠎ᠤ ᠲᠦᠷᠢᠮ᠎ᠤᠨ ᠵᠢᠷᠤᠮᠵᠢᠯ᠎ᠢ ᠪᠦᠷᠢᠨᠰᠢᠭᠦᠯᠦᠨ᠎ᠡ
      ᠨᠡᠶ᠋ᠢᠭᠡᠮ᠎ᠤᠨ ᠬᠦᠷᠢᠶᠡᠨ᠎ᠤ ᠬᠠᠤᠯᠢ ᠴᠠᠭ᠋ᠠᠵᠠ ᠵᠢᠨ ᠳᠦᠷᠢᠮ ᠲᠤᠭᠲᠠᠭ᠋ᠠᠯ᠎ᠢ ᠲᠦᠷᠭᠡᠨ ᠪᠠᠶ᠋ᠢᠭᠤᠯᠤᠨ ᠪᠦᠷᠢᠨᠰᠢᠭᠦᠯᠵᠤ᠂ ᠣᠯᠠᠨ ᠳᠡᠰ ᠳᠠᠪᠬᠤᠷᠭ᠎ᠠ ᠣᠯᠠᠨ ᠬᠦᠷᠢᠶᠡᠨ᠎ᠤ ᠨᠡᠶ᠋ᠢᠭᠡᠮ᠎ᠤᠨ ᠵᠢᠷᠤᠮᠵᠢᠯ᠎ᠢ ᠲᠡᠭᠦᠯᠳᠡᠷᠵᠢᠭᠦᠯᠵᠦ᠂ ᠶᠣᠰᠣ ᠰᠤᠷᠲᠠᠬᠤᠨ᠎ᠤ ᠵᠢᠷᠤᠮᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠳᠦᠷᠢᠮᠵᠢᠯᠲᠡ ᠵᠢ ᠭᠦᠨᠵᠡᠭᠡᠶ ᠠᠬᠢᠭᠤᠯᠵᠤ᠂ ᠰᠠᠶ᠋ᠢᠨ ᠬᠠᠤᠯᠢ᠎ᠪᠠᠷ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠨᠡᠶ᠋ᠢᠭᠡᠮ᠎ᠤᠨ ᠴᠢᠳᠠᠮᠠᠭ᠋ᠠᠶ ᠵᠠᠰᠠᠯᠲᠠ ᠵᠢ ᠪᠠᠲᠤᠯᠠᠨ᠎ᠠ᠃
     (ᠨᠠᠢ᠍ᠮᠠ) ᠨᠡᠶ᠋ᠢᠭᠡᠮ᠎ᠤᠨ ᠴᠢᠬᠤᠯᠠ ᠬᠦᠷᠢᠶᠡᠨ᠎ᠤ ᠬᠠᠤᠯᠢ ᠲᠣᠭᠲᠠᠭ᠋ᠠᠯᠲᠠ ᠵᠢ ᠲᠡᠭᠦᠯᠳᠡᠷᠵᠢᠭᠦᠯᠦᠨ᠎ᠡ᠃ ᠰᠤᠷᠭ᠋ᠠᠨ ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ ᠣᠷᠣᠯᠭ᠎ᠠ ᠵᠢᠨ ᠬᠤᠪᠢᠶᠠᠷᠢᠯᠠᠯᠲᠠ᠂ ᠨᠡᠶ᠋ᠢᠭᠡᠮ᠎ᠤᠨ ᠪᠠᠲᠤᠯᠠᠭ᠎ᠠ᠂ ᠡᠮ ᠡᠮᠴᠢᠯᠡᠭᠡ ᠡᠷᠡᠭᠦᠯ ᠬᠠᠮᠠᠭ᠋ᠠᠯᠠᠯ᠂ ᠢᠳᠡᠭᠡᠨ ᠪᠠ ᠡᠮ᠎ᠤᠨ ᠵᠦᠢ᠍ᠯᠡᠰ᠂ ᠠᠶᠤᠯᠭᠦᠢ ᠦᠢ᠍ᠯᠡᠳᠪᠦᠷᠢᠯᠡᠯ᠂ ᠵᠠᠮ ᠬᠠᠷᠢᠯᠴᠠᠭ᠎ᠠ᠂ ᠶᠠᠳᠠᠭᠤ ᠵᠢ ᠲᠡᠳᠬᠦᠬᠦ᠂ ᠨᠢᠭᠦᠯᠡᠰᠦᠩᠭᠦᠶ ᠵᠢᠨ ᠦᠢ᠍ᠯᠡᠰ᠂ ᠨᠡᠶ᠋ᠢᠭᠡᠮ᠎ᠤᠨ ᠠᠪᠤᠷᠠᠨ ᠲᠤᠰᠠᠯᠠᠯᠲᠠ ᠵᠡᠷᠭᠡ ᠬᠦᠷᠢᠶ᠎ᠡ ᠪᠣᠯᠤᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠂ ᠡᠮᠡᠭᠲᠡᠶ᠋ᠢᠴᠦᠳ᠂ ᠨᠠᠰᠤᠨ᠎ᠳᠤ ᠦᠯᠦ ᠬᠦᠷᠦᠭᠰᠡᠳ᠂ ᠨᠠᠰᠤᠲᠠᠶ᠋ᠢᠴᠤᠳ᠂ ᠵᠡᠮᠳᠡᠭᠴᠦᠳ᠎ᠤᠨ ᠵᠦᠶ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠡᠷᠭᠡ ᠲᠠᠯ᠎ᠠ ᠵᠢᠨ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠵᠤ᠂ ᠠᠷᠠᠳ᠎ᠤᠨ ᠠᠮᠢᠳᠤᠷᠠᠯ᠎ᠢ ᠲᠠᠰᠤᠷᠠᠯᠲᠠ ᠦᠭᠡᠢ ᠪᠠᠲᠤᠯᠠᠨ ᠰᠠᠶ᠋ᠢᠵᠢᠷᠠᠭᠤᠯᠤᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠯᠪᠤᠭᠳᠠᠯ ᠪᠦᠬᠦᠢ ᠬᠠᠤᠯᠢ ᠲᠣᠭᠲᠠᠭ᠋ᠠᠯᠲᠠ ᠵᠢ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠦᠷᠢᠶᠡᠨ᠎ᠤ ᠬᠤᠯᠪᠤᠭᠳᠠᠯ ᠪᠦᠬᠦᠢ ᠬᠠᠤᠯᠢ ᠲᠣᠭᠲᠠᠭ᠋ᠠᠯ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠤᠳᠠ ᠬᠥᠳᠡᠭᠡ ᠨᠡᠶ᠋ᠢᠭᠡᠮ ᠲᠣᠭᠤᠷᠢᠭ᠂ ᠨᠡᠶ᠋ᠢᠭᠡᠮ᠎ᠤᠨ ᠠᠵᠢᠯ ᠵᠡᠷᠭᠡ ᠲᠠᠯ᠎ᠠ ᠵᠢᠨ ᠬᠠᠤᠯᠢ ᠴᠠᠭ᠋ᠠᠵᠠ ᠵᠢᠨ ᠲᠦᠷᠢᠮ ᠲᠤᠭᠳᠠᠭ᠋ᠠᠯ᠎ᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠵᠠᠰᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠰᠢᠨ᠎ᠡ ᠵᠢ ᠡᠭᠦᠳᠦᠨ᠎ᠡ᠃ ᠨᠡᠶ᠋ᠢᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠲᠡ ᠵᠢ ᠪᠠᠳᠠᠷᠠᠭᠤᠯᠬᠤ ᠬᠠᠤᠯᠢ ᠴᠠᠭ᠋ᠠᠵᠠ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠬᠦ᠂ ᠦᠷᠡᠭᠳᠡᠭᠰᠡᠨ ᠪᠠᠭ᠋ᠠᠲᠤᠷᠴᠤᠳ᠎ᠢ ᠬᠦᠨᠳᠦᠳᠬᠡᠬᠦ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠨᠠᠰᠤᠲᠠᠨ ᠵᠶ᠋ᠠᠨ ᠠᠴᠢᠯᠠᠵᠤ ᠲᠦᠷᠦᠯ ᠰᠠᠳᠤᠨ ᠵᠶ᠋ᠠᠨ ᠬᠠᠶ᠋ᠢᠷᠠᠯᠠᠬᠤ ᠵᠡᠷᠭᠡ ᠲᠠᠯ᠎ᠠ ᠵᠢᠨ ᠬᠠᠤᠯᠢ ᠲᠣᠭᠲᠠᠭ᠋ᠠᠯᠲᠠ ᠵᠢ ᠴᠢᠩᠭ᠋ᠠᠳᠬᠠᠨ᠎ᠠ᠃
     (ᠶᠢᠰᠦ) ᠨᠡᠶ᠋ᠢᠭᠡᠮ᠎ᠤᠨ ᠵᠢᠷᠤᠮᠵᠢᠯ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠨᠡᠶ᠋ᠢᠭᠡᠮ᠎ᠤᠨ ᠬᠠᠷᠢᠴᠠᠭ᠎ᠠ ᠵᠢ ᠵᠣᠬᠢᠴᠠᠭᠤᠯᠬᠤ᠂ ᠨᠡᠶ᠋ᠢᠭᠡᠮ᠎ᠤᠨ ᠠᠵᠢᠯᠯᠠᠭ᠎ᠠ ᠵᠢ ᠬᠢᠵᠠᠭ᠋ᠠᠷᠯᠠᠬᠤ᠂ ᠨᠡᠶ᠋ᠢᠭᠡᠮ᠎ᠤᠨ ᠡᠮᠬᠢ ᠵᠢᠷᠤᠮ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ᠎ᠬᠢ ᠨᠡᠶ᠋ᠢᠭᠡᠮ᠎ᠤᠨ ᠵᠢᠷᠤᠮᠵᠢᠯ᠎ᠤᠨ ᠢᠳᠡᠪᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠠ᠂ ᠲᠣᠰᠬᠤᠨ᠎ᠤ ᠳᠦᠷᠢᠮ ᠠᠷᠠᠳ᠎ᠤᠨ ᠭᠡᠷ᠎ᠡ᠂ ᠠᠵᠢᠯ ᠲᠥᠷᠥᠯ᠎ᠤᠨ ᠳᠦᠷᠢᠮ ᠲᠣᠭᠲᠠᠭ᠋ᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠳᠦᠷᠢᠮ ᠵᠡᠷᠭᠡ ᠨᠡᠶ᠋ᠢᠭᠡᠮ᠎ᠤᠨ ᠵᠢᠷᠤᠮᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠪᠦᠷᠢᠯᠳᠦᠬᠦᠨ᠎ᠤ ᠥᠪᠡᠷ᠎ᠢ᠎ᠪᠠᠨ ᠬᠢᠵᠠᠭ᠋ᠠᠷᠯᠠᠬᠤ᠂ ᠥᠪᠡᠷ᠎ᠢ᠎ᠪᠠᠨ ᠬᠠᠮᠢᠶᠠᠷᠬᠤ᠂ ᠥᠪᠡᠷ᠎ᠢ᠎ᠪᠠᠨ ᠵᠢᠷᠤᠮᠵᠢᠭᠤᠯᠬᠤ ᠵᠢ ᠠᠬᠢᠭᠤᠯᠤᠨ᠎ᠠ᠃ ᠠᠵᠢᠯ ᠲᠥᠷᠥᠯ᠎ᠤᠨ ᠰᠤᠷᠲᠠᠯ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠠᠵᠢᠯ ᠲᠥᠷᠥᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠨᠡᠶ᠋ᠢᠭᠡᠮ᠎ᠤᠨ ᠵᠢᠷᠤᠮᠵᠢᠯ᠎ᠢ ᠲᠣᠭᠲᠠᠭ᠋ᠠᠬᠤ ᠪᠠ ᠬᠡᠷᠡᠭᠵᠢᠭᠦᠯᠬᠦ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠦᠪᠡᠷ᠎ᠢ᠎ᠪᠠᠨ ᠬᠠᠮᠢᠶᠠᠷᠬᠤ ᠴᠢᠨᠠᠷᠲᠠᠶ ᠨᠡᠶ᠋ᠢᠭᠡᠮ᠎ᠤᠨ ᠵᠢᠷᠤᠮᠵᠢᠯ᠎ᠤᠨ ᠵᠢᠱ᠌ᠢᠶ᠎ᠡ ᠦᠵᠡᠭᠦᠯᠬᠦ ᠪᠢᠴᠢᠭ᠎ᠢ ᠲᠣᠭᠲᠠᠭ᠋ᠠᠵᠤ᠂ ᠨᠡᠶ᠋ᠢᠭᠡᠮ᠎ᠤᠨ ᠵᠢᠷᠤᠮᠵᠢᠯ᠎ᠢ ᠲᠤᠭᠳᠠᠭ᠋ᠠᠬᠤ ᠪᠠ ᠬᠡᠷᠡᠭᠵᠢᠭᠦᠯᠬᠦ ᠵᠢ ᠬᠠᠤᠯᠢᠵᠢᠯ᠎ᠤᠨ ᠵᠠᠷᠴᠢᠮ ᠪᠠ ᠵᠤᠷᠢᠭ ᠰᠠᠨᠠᠭ᠎ᠠ᠎ᠳᠤ ᠨᠡᠶ᠋ᠢᠴᠡᠭᠦᠯᠦᠨ᠎ᠠ᠃
     (ᠠᠷᠪᠠ) ᠶᠣᠰᠣ ᠰᠤᠷᠲᠠᠬᠤᠨ᠎ᠤ ᠵᠢᠷᠤᠮᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠠᠤᠯᠢ᠎ᠪᠠᠷ ᠤᠯᠤᠰ ᠵᠶ᠋ᠠᠨ ᠵᠠᠰᠠᠬᠤ ᠪᠠ ᠶᠣᠰᠣ ᠰᠤᠷᠳᠠᠬᠤᠨ ᠵᠶ᠋ᠠᠷ ᠤᠯᠤᠰ ᠵᠶ᠋ᠠᠨ ᠵᠠᠰᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠬᠠᠤᠯᠢ ᠴᠠᠭ᠋ᠠᠵᠠ ᠵᠢᠨ ᠵᠢᠷᠤᠮᠵᠢᠯ ᠪᠣᠯᠤᠨ ᠶᠣᠰᠣ ᠰᠤᠷᠳᠠᠬᠤᠨ᠎ᠤ ᠵᠢᠷᠤᠮᠵᠢᠯ᠎ᠢ ᠤᠶᠠᠯᠳᠤᠭᠤᠯᠵᠤ᠂ ᠶᠣᠰᠣ ᠰᠤᠷᠳᠠᠬᠤᠨ ᠵᠶ᠋ᠠᠷ ᠬᠠᠤᠯᠢᠵᠢᠯ᠎ᠤᠨ ᠵᠣᠷᠢᠭ ᠰᠠᠨᠠᠭ᠎ᠠ ᠵᠢ ᠤᠮᠳᠠᠯᠠᠨ᠎ᠠ᠃ ᠪᠤᠰᠤᠳ᠎ᠢ ᠬᠠᠪᠰᠤᠷᠬᠤ᠎ᠪᠠᠷ ᠵᠢᠷᠭ᠋ᠠᠯ ᠵᠶ᠋ᠠᠨ ᠪᠣᠯᠭ᠋ᠠᠬᠤ᠂ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠬᠦ᠂ ᠦᠨᠡᠨᠴᠢ ᠢᠲᠡᠭᠡᠮᠵᠢᠲᠡᠶ ᠪᠠᠢ᠍ᠶᠬᠤ᠂ ᠠᠵᠢᠯ ᠦᠢ᠍ᠯᠡᠰ ᠵᠶ᠋ᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠨᠠᠰᠤᠲᠠᠨ ᠵᠶ᠋ᠠᠨ ᠠᠴᠢᠯᠠᠵᠤ ᠲᠥᠷᠥᠯ ᠰᠠᠳᠤᠨ ᠵᠶ᠋ᠠᠨ ᠬᠠᠶ᠋ᠢᠷᠠᠯᠠᠬᠤ ᠵᠡᠷᠭᠡ ᠰᠠᠶ᠋ᠢᠨ ᠰᠠᠶ᠋ᠢᠬᠠᠨ ᠶᠣᠰᠣ ᠰᠤᠷᠲᠠᠬᠤᠨ ᠰᠠᠶ᠋ᠢᠨ ᠰᠠᠶ᠋ᠢᠬᠠᠨ ᠦᠢ᠍ᠯᠡ ᠠᠵᠢᠯᠯᠠᠭ᠎ᠠ ᠵᠢ ᠰᠠᠨᠠᠭ᠋ᠠᠴᠢᠯᠠᠵᠤ᠂ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠰᠠᠶ᠋ᠢᠨ ᠰᠠᠶ᠋ᠢᠬᠠᠨ ᠦᠢ᠍ᠯᠠ ᠠᠵᠢᠯᠯᠠᠭ᠎ᠠ ᠵᠢ ᠰᠠᠶ᠋ᠢᠰᠢᠶᠠᠨ ᠬᠥᠬᠢᠭᠦᠯᠵᠦ᠂ ᠰᠠᠶ᠋ᠢᠨ ᠬᠥᠮᠦᠨ ᠰᠠᠶ᠋ᠢᠨ ᠬᠠᠷᠢᠭᠤ ᠤᠯᠬᠤ᠂ ᠶᠣᠰᠣ ᠰᠤᠷᠲᠠᠬᠤᠨ᠎ᠢ ᠡᠷᠬᠢᠮᠯᠡᠪᠡᠯ ᠤᠯᠤᠯᠳᠠ ᠤᠯᠬᠤ ᠵᠥᠪ ᠴᠢᠭᠯᠡᠯ᠎ᠤᠨ ᠦᠢ᠍ᠯᠡᠳᠦᠯ ᠴᠢᠲᠠᠮᠵᠢ ᠵᠢ ᠪᠤᠢ ᠪᠤᠯᠭ᠋ᠠᠨ᠎ᠠ᠃ ᠨᠡᠶ᠋ᠢᠭᠡᠮ ᠨᠡᠶ᠋ᠢᠲᠡ ᠵᠢᠨ ᠶᠣᠰᠣ ᠰᠤᠷᠳᠠᠬᠤᠨ᠂ ᠲᠤᠬᠠᠢ᠍ᠢ᠍ᠯᠠᠭᠰᠠᠨ ᠠᠵᠢᠯ᠎ᠤᠨ ᠶᠤᠰᠤ ᠰᠤᠷᠳᠠᠬᠤᠨ᠎ᠤ ᠪᠠᠶ᠋ᠢᠭᠤᠯᠤᠯᠲᠠ ᠵᠢ ᠠᠬᠢᠭᠤᠯᠵᠤ᠂ ᠭᠡᠷ ᠪᠦᠯᠢ ᠵᠢᠨ ᠰᠠᠶ᠋ᠢᠨ ᠰᠠᠶ᠋ᠢᠬᠠᠨ ᠶᠤᠰᠤ ᠰᠤᠷᠳᠠᠬᠤᠨ ᠪᠠ ᠬᠤᠪᠢ ᠬᠥᠮᠦᠨ᠎ᠤ ᠵᠠᠩ ᠮᠣᠷᠠᠯ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠠᠤᠯᠢᠵᠢᠯ᠎ᠤᠨ ᠶᠣᠰᠣ ᠰᠤᠷᠲᠠᠬᠤᠨ᠎ᠤ ᠠᠭᠤᠯᠤᠭᠳᠠᠬᠤᠨ᠎ᠢ ᠴᠢᠩᠭ᠋ᠠᠳᠬᠠᠨ᠎ᠠ᠃ ᠶᠣᠰᠣ ᠰᠤᠷᠳᠠᠬᠤᠨ᠎ᠤ ᠵᠢᠷᠤᠮᠵᠢᠯ᠎ᠤᠨ ᠰᠤᠷᠭ᠋ᠠᠨ ᠬᠥᠮᠦᠵᠢᠭᠦᠯᠬᠦ᠂ ᠦᠨᠡᠯᠡᠬᠦ᠂ ᠬᠢᠨᠠᠯᠲᠠ ᠲᠠᠯᠪᠢᠬᠤ ᠵᠡᠷᠭᠡ ᠴᠢᠳᠠᠮᠵᠢ ᠵᠢ ᠴᠢᠩᠭ᠋ᠠᠷᠠᠭᠤᠯᠵᠤ᠂ ᠨᠡᠶ᠋ᠢᠭᠡᠮ᠎ᠤᠨ ᠰᠠᠶ᠋ᠢᠨ ᠰᠠᠶ᠋ᠢᠬᠠᠨ ᠬᠡᠪ ᠰᠤᠷᠲᠠᠯ ᠪᠠ ᠨᠡᠶ᠋ᠢᠭᠡᠮ᠎ᠤᠨ ᠡᠮᠬᠢ ᠵᠢᠷᠤᠮ᠎ᠢ ᠴᠢᠷᠮᠠᠶ᠋ᠢᠨ ᠪᠤᠢ ᠪᠣᠯᠭ᠋ᠠᠨ᠎ᠠ᠃ ᠶᠣᠰᠣ ᠰᠤᠷᠳᠠᠬᠤᠨ᠎ᠤ ᠬᠦᠷᠢᠶᠡᠨ᠎ᠤ ᠲᠤᠪᠤᠶ᠋ᠢᠮ᠎ᠠ ᠠᠰᠠᠭᠤᠳᠠᠯ᠎ᠤᠨ ᠲᠤᠰᠬᠠᠶ ᠬᠥᠮᠦᠵᠢᠯ ᠪᠠ ᠵᠠᠰᠠᠯᠲᠠ ᠵᠢ ᠭᠦᠨᠵᠡᠭᠡᠶ ᠥᠷᠨᠢᠭᠦᠯᠵᠦ᠂ ᠨᠡᠶ᠋ᠢᠲᠡ ᠵᠢᠨ ᠶᠣᠰᠣ ᠰᠤᠷᠳᠠᠬᠤᠨ᠎ᠠᠴᠠ ᠲᠡᠷᠰᠯᠡᠭᠰᠡᠨ ᠬᠠᠤᠯᠢ ᠪᠤᠰᠤ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠢ᠍ᠳᠬᠡᠨ᠎ᠡ᠃ ᠰᠢᠨᠵᠢᠯᠡᠬᠦ ᠤᠬᠠᠭ᠋ᠠᠨᠴᠢ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ᠎ᠤᠨ ᠠᠷᠭ᠎ᠠ ᠮᠠᠶᠢᠭ᠎ᠢ ᠶᠡᠭᠡ᠎ᠪᠠᠷ ᠰᠠᠨᠠᠭ᠋ᠠᠴᠢᠯᠠᠵᠤ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠵᠶ᠋ᠠᠨ ᠢᠳᠡᠬᠦ ᠮᠠᠭᠤ ᠳᠠᠳᠬᠠᠯ᠎ᠢ ᠠᠷᠢᠯᠭ᠋ᠠᠵᠤ᠂ ᠠᠷᠠᠳ ᠢᠷᠭᠡᠨ᠎ᠤ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ ᠪᠠ ᠬᠢᠵᠢᠭ ᠡᠪᠡᠳᠴᠢᠨ᠎ᠢ ᠰᠡᠷᠭᠡᠶ᠋ᠢᠯᠡᠨ ᠵᠠᠰᠠᠬᠤ ᠤᠬᠠᠮᠰᠠᠷ᠎ᠢ ᠴᠢᠩᠭ᠋ᠠᠷᠠᠭᠤᠯᠤᠨ᠎ᠠ᠃ ᠬᠠᠨᠳᠢᠪᠯᠠᠨ ᠬᠦᠷᠭᠡᠬᠦ᠂ ᠬᠠᠨᠳᠢᠪ ᠠᠪᠬᠤ ᠤᠢ᠍ᠢ᠍ᠯᠠ ᠠᠵᠢᠯᠯᠠᠭ᠎ᠠ ᠵᠢ ᠬᠠᠤᠯᠢ ᠶᠣᠰᠣᠭ᠋ᠠᠷ ᠵᠢᠷᠤᠮᠵᠢᠭᠤᠯᠤᠨ᠎ᠠ᠃ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠦᠨᠳᠦᠰᠦᠨ ᠶᠣᠰᠣ ᠰᠤᠷᠳᠠᠬᠤᠨ᠎ᠤ ᠵᠢᠷᠤᠮᠵᠢᠯ᠎ᠢ ᠬᠠᠤᠯᠢ ᠴᠠᠭ᠋ᠠᠵᠠ ᠵᠢᠨ ᠵᠢᠷᠤᠮᠵᠢᠯ ᠪᠣᠯᠭ᠋ᠠᠨ ᠬᠤᠪᠢᠷᠠᠭᠤᠯᠬᠤ ᠵᠢ ᠴᠢᠬᠤᠯᠠᠴᠢᠯᠠᠵᠤ᠂ ᠬᠠᠤᠯᠢ ᠴᠠᠭ᠋ᠠᠵᠠ ᠵᠢᠨ ᠡᠷᠬᠡ ᠰᠦᠷ ᠵᠶ᠋ᠠᠷ ᠬᠥᠮᠦᠰ᠎ᠤᠨ ᠨᠡᠶ᠋ᠢᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠬᠦ ᠤᠬᠠᠮᠰᠠᠷᠲᠤ ᠴᠢᠨᠠᠷ᠎ᠢ ᠴᠢᠩᠭ᠋ᠠᠳᠬᠠᠨ᠎ᠠ᠃
     (ᠠᠷᠪᠠᠨ ᠨᠢᠭᠡ) ᠨᠡᠶ᠋ᠢᠭᠡᠮ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠭᠡᠨ ᠠᠬᠢᠭᠤᠯᠵᠤ᠂ ᠪᠦᠬᠦ ᠨᠡᠶ᠋ᠢᠭᠡᠮ᠎ᠤᠨ ᠢᠲᠡᠭᠡᠮᠵᠢ ᠵᠢᠨ ᠤᠬᠠᠮᠰᠠᠷ ᠪᠠ ᠢᠲᠡᠭᠡᠮᠵᠢ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠬᠠᠷᠢᠭᠤᠴᠠᠯᠭ᠎ᠠ ᠡᠭᠦᠷᠭᠡᠯᠡᠬᠦ ᠬᠠᠤᠯᠢ ᠴᠠᠭ᠋ᠠᠵᠠ ᠵᠢᠨ ᠲᠦᠷᠢᠮ ᠲᠤᠭᠲᠠᠭ᠋ᠠᠯ᠎ᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢᠲᠡᠶ ᠪᠠᠶ᠋ᠢᠬᠤ᠂ ᠬᠠᠤᠯᠢ ᠶᠣᠰᠣᠭ᠋ᠠᠷ ᠡᠵᠡᠩᠨᠡᠬᠦ ᠵᠢ ᠠᠬᠢᠭᠤᠯᠤᠨ᠎ᠠ᠃ ᠠᠷᠠᠳ ᠢᠷᠭᠡᠨ ᠪᠣᠯᠤᠨ ᠵᠣᠬᠢᠶᠠᠨ ᠪᠠᠶ᠋ᠢᠭᠤᠯᠤᠯᠲᠠ ᠵᠢᠨ ᠬᠠᠤᠯᠢ ᠵᠢ ᠰᠠᠬᠢᠬᠤ ᠦᠨᠡᠨᠴᠢ ᠢᠲᠡᠭᠡᠮᠵᠢ ᠵᠢᠨ ᠲᠡᠮᠳᠡᠭᠯᠡᠯ᠎ᠢ ᠪᠦᠷᠢᠨᠰᠢᠬᠦᠯᠵᠦ᠂ ᠠᠷᠠᠳ ᠢᠷᠭᠡᠳ᠎ᠤᠨ ᠪᠡᠶ᠎ᠡ ᠵᠢᠨ ᠦᠨᠡᠮᠯᠡᠯ᠎ᠤᠨ ᠨᠣᠮᠧᠷ ᠪᠣᠯᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠨᠤᠮᠧᠷ ᠵᠶ᠋ᠠᠷ ᠰᠠᠭᠤᠷᠢ ᠪᠣᠯᠭ᠋ᠠᠭᠰᠠᠨ ᠨᠢᠭᠡᠳᠦᠯᠳᠠᠢ ᠨᠡᠶ᠋ᠢᠭᠡᠮ᠎ᠤᠨ ᠢᠲᠡᠭᠡᠮᠵᠢ ᠵᠢᠨ ᠨᠣᠮᠧᠷ᠎ᠤᠨ ᠳᠦᠷᠢᠮ᠎ᠢ ᠪᠠᠶ᠋ᠢᠭᠤᠯᠤᠨ᠎ᠠ᠃ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠡᠭᠦᠯᠳᠡᠷᠵᠢᠭᠦᠯᠵᠦ᠂ ᠪᠥᠬᠦ ᠨᠡᠶ᠋ᠢᠭᠡᠮ᠎ᠢ ᠬᠠᠮᠤᠷᠤᠭᠰᠠᠨ ᠢᠲᠡᠭᠡᠮᠵᠢ ᠵᠢᠨ ᠰᠢᠰᠲ᠋ᠧᠮ᠎ᠢ ᠪᠦᠷᠢᠨᠰᠢᠬᠦᠯᠵᠦ᠂ ᠢᠲᠡᠭᠡᠮᠵᠢ ᠠᠯᠳᠠᠭᠰᠠᠳ᠎ᠢ ᠵᠠᠯᠬᠠᠭ᠋ᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠢᠲᠡᠭᠡᠮᠵᠢ ᠵᠢ ᠰᠡᠷᠭᠦᠭᠡᠬᠦ ᠲᠣᠭᠲᠠᠴᠠ ᠪᠣᠯᠤᠨ ᠤᠨᠳᠤᠤ ᠰᠠᠨᠠᠯ ᠭᠠᠷᠭ᠋ᠠᠬᠤ ᠳᠦᠷᠢᠮ᠎ᠢ ᠪᠠᠶ᠋ᠢᠭᠤᠯᠵᠤ᠂ ᠢᠲᠡᠭᠡᠯ ᠠᠯᠳᠠᠭᠰᠠᠨ ᠭᠤᠤᠯ ᠴᠣᠭᠴᠠ ᠬᠠᠤᠯᠢ᠎ᠠᠴᠠ ᠵᠥᠷᠢᠴᠡᠵᠤ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠵᠠᠯᠠᠷᠠᠭᠤᠯᠬᠤ ᠵᠢ ᠵᠤᠷᠢᠭᠵᠢᠭᠤᠯᠬᠤ ᠪᠠ ᠬᠦᠳᠦᠯᠦᠨ ᠵᠢᠯᠤᠭᠤᠳᠤᠨ᠎ᠠ᠃ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠬᠤᠷᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠪᠠ ᠦᠨᠡᠨᠴᠢ ᠢᠲᠡᠭᠡᠮᠵᠢ ᠵᠢᠨ ᠥᠪᠡᠷ᠎ᠢ᠎ᠪᠠᠨ ᠱᠠᠭ᠋ᠠᠷᠳᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ ᠪᠣᠯᠤᠨ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠢᠲᠡᠭᠡᠮᠵᠢ ᠵᠢᠨ ᠮᠡᠳᠡᠭᠡ ᠵᠠᠩᠭᠢ ᠵᠢ ᠡᠮᠬᠢᠳᠬᠡᠨ ᠬᠠᠮᠲᠤ᠎ᠪᠠᠷ ᠡᠳ᠋ᠯᠡᠬᠦ ᠵᠢ ᠤᠯᠠᠮ ᠴᠢᠨᠠᠭᠰᠢᠳᠠ ᠴᠢᠩᠭ᠋ᠠᠷᠠᠭᠤᠯᠤᠨ ᠵᠢᠷᠤᠮᠵᠢᠭᠤᠯᠤᠨ᠎ᠠ᠃ ᠦᠨᠡᠨᠴᠢ ᠢᠲᠡᠭᠡᠮᠵᠢ ᠵᠢᠨ ᠤᠢ᠍ᠢ᠍ᠯᠠᠭ᠋ᠠᠭᠳᠠᠬᠤᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠦᠨᠡᠨᠴᠢ ᠢᠲᠡᠭᠡᠮᠵᠢ ᠵᠢᠨ ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠨᠡᠶ᠋ᠢᠭᠡᠮ᠎ᠤᠨ ᠦᠨᠡᠨᠴᠢ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ᠎ᠳᠤ ᠰᠠᠶ᠋ᠢᠨ ᠰᠠᠶ᠋ᠢᠬᠠᠨ ᠣᠷᠴᠢᠨ᠎ᠢ ᠪᠤᠢ ᠪᠣᠯᠭ᠋ᠠᠵᠤ ᠦᠭᠭᠦᠨ᠎ᠠ᠃ ᠢᠲᠡᠭᠡᠮᠵᠢ ᠵᠢᠨ ᠲᠠᠯ᠎ᠠ᠎ᠪᠠᠷ᠎ᠬᠢ ᠬᠠᠤᠯᠢ ᠴᠠᠭ᠋ᠠᠵᠠ ᠲᠤᠭᠳᠠᠭ᠋ᠠᠬᠤ ᠵᠢ ᠠᠬᠢᠭᠤᠯᠤᠨ᠎ᠠ᠃
      ᠳᠥᠷᠪᠡ᠂ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ
      ᠠᠷᠠᠳ ᠢᠷᠭᠡᠨ᠎ᠤ ᠦᠨᠳᠦᠰᠦᠨ ᠡᠷᠬᠡ ᠵᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠡᠯ᠎ᠡ ᠲᠦᠷᠦᠯ᠎ᠤᠨ ᠭᠤᠤᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠶ ᠬᠠᠮᠠᠭ᠋ᠠᠯᠠᠨ᠎ᠠ᠃ ᠡᠷᠬᠡ ᠬᠢᠭᠡᠳ ᠡᠭᠦᠷᠭᠡ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠨᠡᠶ᠋ᠢᠭᠡᠮ᠎ᠤᠨ ᠭᠤᠤᠯ ᠴᠣᠭᠴᠠ ᠬᠠᠤᠯᠢ᠎ᠳᠤ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠬᠦ ᠵᠢᠨ ᠬᠠᠮᠳᠤ ᠨᠡᠶ᠋ᠢᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃
     (ᠠᠷᠪᠠᠨ ᠬᠤᠶᠠᠷ) ᠣᠯᠠᠨ ᠲᠦᠮᠠᠠ ᠴᠢᠬᠤᠯᠠ ᠶᠡᠭᠡ ᠣᠯᠠᠨ ᠨᠡᠶ᠋ᠢᠲᠡ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ ᠲᠣᠭᠲᠠᠴᠠ ᠵᠢ ᠪᠦᠷᠢᠨᠰᠢᠭᠦᠯᠦᠨ᠎ᠡ᠃ ᠠᠷᠠᠳ ᠲᠦᠮᠡᠨ᠎ᠤ ᠦᠢ᠍ᠯᠡᠳᠪᠦᠷᠢᠯᠡᠯ ᠠᠮᠢᠳᠤᠷᠠᠯ ᠪᠣᠯᠤᠨ ᠪᠣᠳᠠᠲᠤ ᠠᠰᠢᠭ ᠲᠤᠰᠠ᠎ᠲᠠᠢ ᠨᠢᠭᠲᠠ ᠬᠤᠯᠪᠣᠭ᠎ᠠ᠎ᠲᠠᠢ ᠠᠵᠤ ᠠᠬᠤᠶ ᠨᠡᠶ᠋ᠢᠭᠡᠮ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠪᠠ ᠴᠢᠬᠤᠯᠠ ᠶᠡᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠬᠦ᠎ᠳᠤ᠂ ᠲᠥᠪ ᠭᠤᠣᠯᠴᠢ ᠰᠢᠳᠤᠷᠭᠤ ᠶᠣᠰᠣ ᠪᠠ ᠨᠡᠶ᠋ᠢᠭᠡᠮ᠎ᠤᠨ ᠬᠠᠷᠢᠭᠤᠴᠠᠯᠭ᠎ᠠ ᠵᠢ ᠭᠦᠢ᠍ᠴᠡᠳ ᠢᠯᠡᠷᠡᠭᠦᠯᠵᠦ᠂ ᠣᠯᠠᠨ ᠲᠦᠮᠡᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ ᠠᠷᠭ᠎ᠠ ᠵᠠᠮ᠎ᠢ ᠰᠢᠯᠤᠭᠤᠳᠬᠠᠵᠤ᠂ ᠣᠯᠠᠨ ᠵᠦᠢ᠍ᠯ᠎ᠤᠨ ᠬᠡᠯᠪᠡᠷᠢ᠎ᠪᠠᠷ ᠣᠯᠠᠨ ᠲᠦᠮᠡᠨ᠎ᠤ ᠰᠠᠨᠠᠯ᠎ᠢ ᠥᠷᠭᠡᠨ ᠵᠶ᠋ᠠᠷ ᠰᠣᠨᠣᠰᠴᠤ᠂ ᠠᠷᠠᠳ ᠢᠷᠭᠡᠨ᠂ ᠬᠠᠤᠯᠢ ᠵᠢᠨ ᠡᠷᠭᠡᠲᠡᠡ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠨ᠎ᠠ᠃ ᠬᠠᠤᠯᠢ ᠴᠠᠭ᠋ᠠᠵᠠ ᠪᠠ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠦᠨᠳᠦᠰᠦᠯᠡᠯ ᠦᠭᠡᠢ ᠪᠣᠯ ᠠᠷᠠᠳ ᠢᠷᠭᠡᠨ᠂ ᠬᠠᠤᠯᠢ ᠵᠢᠨ ᠡᠷᠭᠡᠲᠡᠡ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ ᠵᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠵᠢ᠎ᠨᠢ ᠨᠡᠮᠡᠭᠳᠡᠭᠦᠯᠬᠦ ᠵᠢᠷᠤᠮᠵᠢᠯ᠎ᠢ ᠲᠣᠭᠲᠠᠭ᠋ᠠᠵᠤ ᠪᠣᠯᠬᠤ ᠦᠭᠡᠢ᠃ ᠬᠠᠤᠯᠢ ᠴᠠᠭ᠋ᠠᠵᠠ ᠵᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠵᠢᠨ ᠴᠢᠬᠤᠯᠠ ᠶᠡᠭᠡ ᠤᠯᠠᠨ ᠨᠡᠶ᠋ᠢᠲᠡ ᠵᠢᠨ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠳᠤᠮᠳᠠ ᠢᠳᠡᠪᠬᠢᠲᠡᠶ ᠦᠢ᠍ᠯᠡᠳᠦᠯ ᠪᠠᠳᠠᠷᠠᠭᠤᠯᠬᠤ ᠲᠦᠷᠢᠮ ᠲᠣᠭᠲᠠᠴᠠ ᠵᠢ ᠨᠠᠶ᠋ᠢᠳᠠᠪᠤᠷᠢᠵᠢᠭᠤᠯᠤᠨ᠎ᠠ᠃ ᠠᠵᠤ ᠠᠬᠤᠶ᠋ᠢᠯᠠᠯ᠂ ᠠᠵᠢᠯᠲᠠᠨ ᠠᠵᠢᠯᠴᠢᠨ᠂ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠨ᠎ᠤ ᠡᠪᠯᠡᠯ ᠵᠡᠷᠭᠡ ᠵᠢᠨ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠲᠣᠭᠲᠠᠭ᠋ᠠᠬᠤ᠎ᠳᠤ ᠣᠷᠣᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠨ᠎ᠠ᠃
     (ᠠᠷᠪᠠᠨ ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠠᠬᠢ ᠲᠤᠬᠠᠶ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠵᠢᠷᠤᠮ ᠲᠠᠷᠠᠭ᠋ᠠᠯᠠᠯ᠎ᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠰᠠᠶ᠋ᠢᠵᠢᠷᠠᠭᠤᠯᠵᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠦᠨᠳᠦᠳᠬᠡᠨ ᠬᠠᠮᠠᠭ᠋ᠠᠯᠠᠨ᠎ᠠ᠃ ᠠᠷᠠᠳ ᠣᠯᠠᠨ᠎ᠤ ᠬᠢᠨᠠᠯᠲᠠ ᠲᠠᠯᠪᠢᠵᠤ ᠦᠨᠡᠯᠡᠬᠦ ᠲᠣᠭᠲᠠᠴᠠ ᠵᠢ ᠪᠠᠶ᠋ᠢᠭᠤᠯᠵᠤ᠂ ᠢᠳᠡᠭᠡᠨ ᠪᠠ ᠡᠮ᠎ᠤᠨ ᠵᠦᠢ᠍ᠯ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠠᠮᠢ ᠠᠬᠤᠢ ᠣᠷᠴᠢᠨ ᠲᠣᠭᠤᠷᠢᠨ᠂ ᠠᠶᠤᠯ ᠦᠭᠡᠢ ᠦᠢ᠍ᠯᠡᠳᠪᠦᠷᠢᠯᠡᠯ᠂ ᠬᠥᠳᠡᠯᠮᠦᠷᠢ ᠵᠢᠨ ᠪᠠᠲᠤᠯᠠᠭ᠎ᠠ᠂ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠡᠷᠭᠡ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠭᠤᠤᠯᠳᠠᠯᠭ᠎ᠠ᠎ᠲᠠᠢ ᠬᠦᠷᠢᠶᠡᠨ᠎ᠤ ᠬᠠᠤᠯᠢ ᠬᠡᠷᠡᠭᠵᠢᠭᠦᠯᠬᠦ ᠡᠷᠴᠢᠮ ᠪᠣᠯᠤᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠲᠤᠰᠬᠠᠶ ᠲᠦᠷᠦᠯ ᠵᠶ᠋ᠠᠷ ᠵᠠᠰᠠᠬᠤ᠂ ᠢᠲᠡᠭᠡᠮᠵᠢ ᠵᠢᠨ ᠵᠢᠱ᠌ᠢᠶ᠎ᠡ ᠦᠵᠡᠭᠦᠯᠬᠦ᠂ ᠬᠤᠲᠠ ᠵᠢᠨ ᠡᠭᠦᠳᠦᠨ ᠪᠠᠶ᠋ᠢᠭᠤᠯᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠠᠭᠤᠯᠭ᠎ᠠ ᠪᠣᠯᠭ᠋ᠠᠨ᠎ᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠵᠤ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ ᠪᠠ ᠡᠭᠦᠷᠭᠡ᠎ᠳᠤ ᠬᠤᠯᠪᠣᠭᠳᠠᠬᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠲᠣᠭᠲᠠᠭ᠋ᠠᠯ᠂ ᠵᠠᠰᠠᠭ ᠵᠠᠬᠢᠷᠭ᠋ᠠᠨ᠎ᠤ ᠲᠠᠲᠠᠪᠤᠷᠢᠯᠠᠬᠤ ᠲᠣᠭᠲᠠᠭ᠋ᠠᠯ ᠵᠡᠷᠭᠡ ᠵᠢ ᠬᠠᠤᠯᠢ ᠶᠣᠰᠣᠭ᠋ᠠᠷ ᠢᠯᠡ ᠪᠣᠯᠭ᠋ᠠᠨ᠎ᠠ᠃
     (ᠠᠷᠪᠠᠨ ᠳᠥᠷᠪᠡ) ᠬᠥᠮᠦᠨ᠎ᠤ ᠡᠷᠬᠡ ᠵᠢᠨ ᠬᠠᠤᠯᠢ ᠴᠠᠭ᠋ᠠᠵᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠠᠷᠠᠳ ᠢᠷᠭᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠴᠠᠭ᠋ᠠᠵᠠ᠎ᠪᠠᠷ ᠬᠠᠮᠠᠭ᠋ᠠᠯᠠᠬᠤ ᠵᠢ ᠴᠢᠩᠭ᠋ᠠᠳᠬᠠᠨ᠎ᠠ᠃ ᠠᠷᠠᠳ᠎ᠤᠨ ᠠᠮᠢᠳᠤᠷᠠᠯ᠎ᠳᠤ ᠬᠤᠯᠪᠣᠭᠳᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠵᠤ᠂ ᠪᠣᠳᠠᠲᠠᠶ ᠬᠡᠷᠡᠭ᠎ᠢ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠮᠲᠤ ᠵᠢᠨ ᠵᠠᠷᠭᠤ ᠵᠢᠨ ᠲᠦᠷᠢᠮ᠎ᠢ ᠰᠦᠪᠡᠭᠴᠢᠯᠡᠨ ᠪᠠᠶ᠋ᠢᠭᠤᠯᠤᠨ᠎ᠠ᠃ ᠬᠠᠤᠯᠢᠴᠢ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠵᠠᠷᠭᠤ᠎ᠳᠤ ᠣᠷᠣᠯᠴᠠᠭᠰᠠᠳ᠎ᠤᠨ ᠵᠠᠷᠭᠤᠯᠳᠤᠬᠤ ᠡᠷᠬᠡ ᠵᠢᠨ ᠲᠦᠷᠢᠮ᠎ᠤᠨ ᠪᠠᠲᠤᠯᠠᠭ᠎ᠠ ᠵᠢ ᠴᠢᠩᠭ᠋ᠠᠳᠬᠠᠵᠦ᠂ ᠬᠠᠤᠯᠢ ᠪᠤᠰᠤ᠎ᠪᠠᠷ ᠭᠡᠷᠡᠴᠢ ᠠᠪᠬᠤ ᠦᠢ᠍ᠯᠡ ᠠᠵᠢᠯᠯᠠᠭ᠎ᠠ ᠵᠢ ᠡᠬᠢ ᠡᠭᠦᠰᠦᠯ᠎ᠠᠴᠠ᠎ᠨᠢ ᠰᠡᠷᠭᠡᠶ᠋ᠢᠯᠡᠬᠦ ᠵᠢ ᠴᠢᠩᠭ᠋ᠠᠳᠬᠠᠵᠤ᠂ ᠬᠠᠤᠯᠢ ᠪᠤᠰᠤ᠎ᠪᠠᠷ ᠭᠡᠷᠡᠴᠢ ᠪᠠᠷᠢᠮᠲᠠ ᠠᠪᠬᠤ ᠵᠢ ᠬᠠᠰᠤᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠡᠷᠡᠭ᠎ᠢ ᠵᠠᠯᠠᠷᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠢᠯᠢᠰ ᠬᠤᠳᠠᠯ ᠪᠤᠷᠤᠭᠤ ᠬᠡᠷᠡᠭ᠎ᠢ ᠪᠦᠲᠦᠮᠵᠢᠲᠡᠶ ᠰᠡᠷᠭᠡᠶ᠋ᠢᠯᠡᠬᠦ ᠪᠠ ᠵᠠᠯᠠᠷᠠᠭᠤᠯᠤᠨ᠎ᠠ᠃ ᠭᠦᠢ᠍ᠴᠡᠳᠬᠡᠬᠦ ᠠᠵᠢᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠡᠭᠦᠯᠳᠡᠷᠵᠢᠭᠦᠯᠵᠦ᠂ ᠵᠠᠷᠭᠤ ᠢᠯᠠᠭᠰᠠᠨ ᠲᠤᠬᠠᠶ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠴᠠᠭ ᠲᠤᠬᠠᠶ᠎ᠳᠤ᠎ᠨᠢ ᠪᠡᠶᠡᠯᠡᠭᠦᠯᠬᠦ ᠵᠢ ᠬᠠᠤᠯᠢ ᠶᠣᠰᠣᠭ᠋ᠠᠷ ᠪᠠᠲᠤᠯᠠᠨ᠎ᠠ᠃ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠢᠷᠭᠡᠨ᠎ᠤ ᠬᠡᠷᠡᠭ᠂ ᠵᠠᠰᠠᠭ ᠵᠠᠬᠢᠷᠭ᠎ᠠ᠂ ᠡᠷᠡᠭᠦᠤ ᠵᠢᠨ ᠵᠠᠷᠭᠤ ᠵᠢᠨ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠲᠥᠪ ᠭᠤᠤᠯᠴᠢ ᠪᠠᠶ᠋ᠢᠬᠤ ᠵᠢ ᠬᠠᠮᠠᠭ᠋ᠠᠯᠠᠨ᠎ᠠ᠃ ᠬᠠᠤᠯᠢ ᠴᠠᠭ᠋ᠠᠵᠠ᠎ᠪᠠᠷ ᠡᠶᠡᠳᠡᠭᠦᠯᠭᠡ ᠬᠢᠬᠦ᠂ ᠬᠠᠤᠯᠢ ᠴᠠᠭ᠋ᠠᠵᠠ ᠵᠢᠨ ᠭᠡᠷᠡᠴᠢᠯᠡᠭᠡ ᠰᠣᠨᠣᠰᠬᠤ ᠵᠡᠷᠭᠡ ᠬᠠᠤᠯᠢ ᠴᠠᠭ᠋ᠠᠵᠠ ᠵᠢᠨ ᠠᠵᠢᠯᠯᠠᠭ᠎ᠠ ᠳᠤᠮᠳᠠ ᠠᠷᠠᠳ ᠤᠯᠠᠨ᠎ᠤ ᠣᠷᠣᠯᠴᠠᠬᠤ ᠵᠢ ᠪᠠᠲᠤᠯᠠᠨ᠎ᠠ᠃ ᠠᠷᠠᠳ᠎ᠤᠨ ᠬᠠᠪᠰᠤᠷᠤᠨ ᠰᠢᠭᠦᠭᠴᠢ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠠᠷᠠᠳ᠎ᠤᠨ ᠬᠢᠨᠠᠯᠲᠠ ᠲᠠᠯᠪᠢᠭᠴᠢ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠡ ᠦᠷ᠎ᠡ ᠪᠦᠲᠦᠭᠡᠯ᠎ᠢ ᠬᠠᠤᠯᠢ ᠴᠠᠭ᠋ᠠᠵᠠ ᠵᠢᠨ ᠠᠵᠢᠯ᠎ᠲᠠᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ 《ᠢᠨᠲ᠋ᠧᠷ ᠰᠦᠯᠵᠢᠶ᠎ᠡ + ᠵᠠᠷᠭᠤ ᠬᠢᠬᠦ》 ᠵᠠᠭᠪᠤᠷ᠎ᠢ ᠲᠡᠭᠦᠯᠳᠡᠷᠵᠢᠭᠦᠯᠵᠦ᠂ ᠵᠠᠷᠭᠤ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠷᠴᠢᠮᠵᠢᠭᠰᠡᠡ ᠪᠥᠭᠡᠳ ᠥᠨᠳᠥᠷ ᠪᠦᠲᠦᠮᠵᠢᠲᠡᠶ᠂ ᠤᠯᠠᠨ ᠡᠰᠢᠴᠢᠯᠡᠨ ᠨᠠᠷᠢᠯᠢᠭ ᠬᠤᠪᠢᠶᠠᠷᠢᠯᠠᠬᠤ᠂ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭᠲᠠᠶ ᠪᠠᠶ᠋ᠢᠬᠤ᠂ ᠤᠶᠤᠨᠴᠢ ᠪᠦᠭᠡᠳ ᠤᠨᠤᠴᠠᠲᠠᠢ ᠪᠠᠶ᠋ᠢᠬᠤ᠂ ᠨᠡᠭᠡᠭᠡᠯᠳᠡᠲᠡᠢ ᠪᠦᠭᠡᠳ ᠬᠠᠷᠢᠯᠴᠠᠨ ᠬᠥᠳᠡᠯᠦᠯᠴᠡᠬᠦ᠂ ᠠᠭᠤᠰᠤᠯᠴᠠᠵᠤ ᠬᠠᠮᠲᠤ᠎ᠪᠠᠷ ᠡᠳ᠋ᠯᠡᠬᠦ ᠣᠳᠣᠬᠢᠴᠢᠯᠠᠭᠰᠠᠨ ᠵᠠᠷᠭᠤ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠬᠦ ᠲᠠᠯ᠎ᠠ᠎ᠪᠠᠷ ᠪᠠᠶ᠋ᠢᠭᠤᠯᠤᠨ᠎ᠠ᠃
     (ᠠᠷᠪᠠᠨ ᠲᠠᠪᠤ) ᠣᠯᠠᠨ ᠲᠦᠮᠡᠨ᠎ᠳᠤ ᠳᠥᠭᠦᠮ ᠳᠥᠲᠡ ᠥᠨᠳᠥᠷ ᠪᠦᠲᠦᠮᠵᠢᠲᠡᠶ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠨ᠎ᠠ᠃ 2022 ᠣᠨ ᠪᠣᠯᠬᠤ᠎ᠳᠤ᠂ ᠬᠤᠳᠠ ᠬᠥᠳᠡᠭᠡ ᠵᠢ ᠬᠠᠮᠤᠷᠤᠭᠰᠠᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠠᠳᠠᠯᠢ ᠲᠡᠭᠰᠢ ᠲᠦᠭᠡᠮᠡᠯ ᠠᠰᠢᠭ ᠬᠦᠷᠲᠡᠭᠡᠬᠦ ᠤᠳᠤ ᠦᠶ᠎ᠡ ᠵᠢᠨ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠶᠯᠡᠴᠢᠯᠡᠭᠡᠨ᠎ᠤ ᠰᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠠᠷᠠᠳ ᠤᠯᠠᠨ ᠴᠠᠭ ᠲᠤᠬᠠᠶ᠎ᠳᠤᠨᠢ ᠪᠦᠲᠦᠮᠵᠢᠲᠡᠶ ᠬᠠᠤᠯᠢ ᠴᠠᠭ᠋ᠠᠵᠠ ᠵᠢᠨ ᠬᠠᠪᠰᠤᠷᠤᠯᠭ᠎ᠠ ᠤᠯᠬᠤ ᠵᠢ ᠪᠠᠲᠤᠯᠠᠨ᠎ᠠ᠃ ᠬᠥᠭᠵᠢᠭᠡᠳᠦᠶ ᠭᠠᠵᠠᠷ ᠣᠷᠣᠨ᠎ᠤ ᠲᠤᠰᠬᠠᠶ ᠮᠡᠷᠭᠡᠵᠢᠯ᠎ᠤᠨ ᠬᠠᠤᠯᠢ ᠴᠠᠭ᠋ᠠᠵᠠ ᠵᠢᠨ ᠦᠶᠯᠡᠴᠢᠯᠡᠭᠡᠨ᠎ᠤ ᠴᠢᠳᠠᠪᠤᠷᠢᠲᠠᠨ ᠪᠣᠯᠤᠨ ᠨᠡᠶ᠋ᠢᠭᠡᠮ᠎ᠤᠨ ᠠᠵᠢᠯᠲᠠᠨ᠂ ᠰᠠᠶ᠋ᠢᠨ ᠳᠤᠷᠠᠴᠤᠳ᠎ᠢ ᠲᠥᠷᠥ ᠵᠢᠨ ᠪᠣᠳᠣᠯᠭ᠎ᠠ᠎ᠪᠠᠷ ᠲᠡᠳᠬᠦᠬᠦ ᠵᠢ ᠴᠢᠩᠭ᠋ᠠᠳᠬᠠᠵᠤ᠂ ᠠᠯᠤᠰ ᠡᠵᠡᠮᠰᠢᠯᠲᠦ ᠰᠦᠯᠵᠢᠶ᠎ᠡ ᠵᠡᠷᠭᠡ᠎ᠪᠠᠷ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠢᠬᠦ ᠵᠠᠭᠪᠤᠷ᠎ᠢ ᠶᠡᠭᠡ᠎ᠪᠠᠷ ᠳᠡᠯᠭᠡᠷᠡᠭᠦᠯᠦᠨ ᠬᠡᠷᠡᠭᠯᠡᠵᠦ᠂ ᠬᠤᠳᠠ ᠵᠢᠨ ᠰᠢᠯᠢᠳᠡᠭ ᠰᠠᠶ᠋ᠢᠨ ᠬᠠᠤᠯᠢ ᠴᠠᠭ᠋ᠠᠵᠠ ᠵᠢᠨ ᠦᠶᠯᠡᠴᠢᠯᠡᠭᠡᠨ᠎ᠤ ᠡᠬᠢ ᠪᠠᠶᠠᠯᠢᠭ᠎ᠢ ᠬᠥᠳᠡᠭᠡ ᠲᠣᠰᠬᠤᠨ ᠵᠦᠭ ᠨᠥᠯᠥᠭᠡᠯᠡᠭᠦᠯᠬᠦ ᠵᠢ ᠠᠬᠢᠭᠤᠯᠵᠤ᠂ ᠬᠦᠳᠡᠭᠡ ᠲᠤᠰᠬᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠤᠰᠬᠠᠶ ᠮᠡᠷᠭᠡᠵᠢᠯ᠎ᠤᠨ ᠬᠦᠴᠦᠨ ᠳᠤᠲᠠᠮᠠᠭ ᠪᠠᠶ᠋ᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠤᠨ᠎ᠠ᠃ ᠠᠷᠠᠳ ᠢᠷᠭᠡᠳ᠎ᠤᠨ ᠡᠷᠬᠡ ᠵᠢ ᠠᠪᠤᠷᠠᠠ ᠲᠡᠳᠬᠦᠬᠦ ᠠᠷᠭ᠎ᠠ ᠵᠠᠮ ᠪᠠ ᠠᠷᠭ᠎ᠠ ᠮᠠᠶᠢᠭ᠎ᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠦᠷᠢᠮ ᠪᠠ ᠤᠯᠤᠰ᠎ᠤᠨ ᠬᠠᠤᠯᠢ ᠴᠠᠭ᠋ᠠᠵᠠ ᠵᠢᠨ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ ᠵᠢ ᠲᠣᠭᠲᠠᠭ᠋ᠠᠨ᠂ ᠬᠦᠴᠢᠷᠳᠡᠯᠲᠡᠶ ᠬᠦᠮᠦᠰ᠂ ᠣᠨᠴᠠᠭ᠋ᠠᠶ ᠤᠯᠠᠨ ᠲᠦᠮᠡᠨ᠎ᠤ ᠤᠯᠠᠨ ᠨᠡᠶ᠋ᠢᠲᠡ ᠵᠢᠨ ᠦᠨᠳᠦᠰᠦᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ ᠬᠦ᠍ᠷᠲᠡᠬᠦ ᠡᠷᠬᠡ ᠠᠰᠢᠭ᠎ᠢ ᠪᠠᠲᠤᠯᠠᠨ᠎ᠠ᠃ ᠬᠠᠤᠯᠢᠴᠢ᠂ ᠠᠯᠪᠠᠨ ᠭᠡᠷᠡᠴᠢᠯᠡᠭᠡ ᠬᠢᠬᠦ᠂ ᠬᠥᠨᠳᠡᠯᠡᠨ᠎ᠠᠴᠠ ᠲᠠᠰᠤᠯᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠡᠷᠭᠡ ᠠᠵᠢᠯ ᠲᠥᠷᠥᠯ᠎ᠤᠨ ᠥᠭᠡᠷᠡᠴᠢᠯᠡᠯᠲᠡ ᠬᠥᠭᠵᠢᠯᠲᠡ ᠵᠢ ᠲᠦᠷᠭᠡᠳᠬᠡᠵᠦ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠨᠠᠷᠢᠯᠢᠭ ᠣᠨᠣᠴᠠᠲᠠᠢ ᠪᠠᠶ᠋ᠢᠬᠤ ᠵᠢ ᠠᠬᠢᠭᠤᠯᠵᠤ᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠴᠢᠨᠠᠷᠯᠢᠭ᠂ ᠤᠯᠠᠨ ᠡᠰᠢᠴᠢᠯᠡᠭᠰᠡᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠲᠠᠯᠭ᠎ᠠ ᠵᠢ ᠪᠦᠲᠦᠮᠵᠢᠲᠡᠶ ᠬᠠᠩᠭ᠋ᠠᠨ᠎ᠠ᠃ ᠲᠣᠰᠬᠤᠨ (ᠰᠠᠭᠤᠭ᠋ᠠᠯᠢ ᠠᠷᠠᠳ᠎ᠤᠨ ᠲᠤᠭᠤᠷᠢᠭ)᠎ᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ᠎ᠢ ᠪᠦᠷᠢᠨᠰᠢᠭᠦᠯᠵᠦ᠂ ᠲᠣᠰᠬᠤᠨ (ᠰᠠᠭᠤᠭ᠋ᠠᠯᠢ ᠠᠷᠠᠳ᠎ᠤᠨ ᠲᠤᠭᠤᠷᠢᠭ)᠎ᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠣᠳᠠᠲᠤ ᠴᠣᠭᠴᠠ᠂ ᠬᠠᠯᠠᠮᠰᠢᠯ ᠤᠲᠠᠰᠤ᠂ ᠰᠦᠯᠵᠢᠶ᠎ᠠ ᠵᠡᠷᠬᠡ ᠭᠤᠷᠪᠠᠨ ᠶᠡᠭᠡ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠷᠭ᠎ᠠ ᠪᠠᠷᠢᠯ᠎ᠢ ᠬᠦᠨᠵᠡᠬᠡᠢ ᠠᠭᠤᠰᠤᠯᠴᠠᠭᠤᠯᠬᠤ ᠵᠢ ᠠᠬᠢᠭᠤᠯᠵᠦ᠂ ᠪᠦᠬᠦ ᠲᠤᠬᠠᠶ᠋ᠢᠯᠠᠭᠰᠠᠨ ᠠᠵᠢᠯ᠎ᠢ ᠬᠠᠮᠤᠷᠤᠭᠰᠠᠨ᠂ ᠪᠦᠬᠦ ᠴᠠᠭ ᠤᠷᠤᠨ᠎ᠢ ᠬᠠᠮᠤᠷᠤᠭᠰᠠᠨ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠣᠤᠷ᠎ᠢ ᠠᠯᠢ ᠪᠤᠯᠬᠤᠢ᠍ᠢ᠍ᠴᠡ᠎ᠪᠠᠷ ᠳᠦᠷᠬᠡᠨ ᠪᠠᠶ᠋ᠢᠭᠤᠯᠤᠨ᠎ᠠ᠃
     (ᠠᠷᠪᠠᠨ ᠵᠢᠷᠭᠤᠭ᠎ᠠ) ᠨᠡᠶ᠋ᠢᠭᠡᠮ᠎ᠤᠨ ᠭᠤᠤᠯ ᠴᠣᠭᠴᠠ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠭᠦᠯᠦᠨ᠎ᠡ᠃ ᠠᠷᠠᠳ ᠢᠷᠭᠡᠨ᠂ ᠬᠠᠤᠯᠢ ᠵᠢᠨ ᠡᠷᠬᠡᠳᠡᠨ ᠪᠤᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠷᠬᠡ ᠵᠢ ᠡᠳ᠋ᠯᠡᠬᠦᠯᠬᠦ ᠵᠢᠨ ᠬᠠᠮᠲᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠭᠦᠷᠭᠡ ᠵᠢ ᠵᠠᠪᠠᠯ ᠬᠦᠢ᠍ᠴᠡᠳᠬᠡᠯᠭᠡᠨ᠎ᠠ᠃ ᠳᠦᠷᠢᠮ ᠳᠤᠬᠳᠠᠭ᠋ᠠᠯ᠎ᠤᠨ ᠤᠬᠠᠮᠰᠠᠷ᠎ᠢ ᠴᠢᠩᠭ᠋ᠠᠳᠬᠠᠵᠤ᠂ ᠭᠡᠷ᠎ᠡ ᠵᠢᠨ ᠵᠣᠷᠢᠭ ᠰᠠᠨᠠᠭ᠎ᠠ ᠵᠢ ᠰᠠᠨᠠᠭ᠋ᠠᠴᠢᠯᠠᠵᠤ᠂ ᠨᠡᠶ᠋ᠢᠲᠡ ᠵᠢᠨ ᠡᠮᠬᠢ ᠵᠢᠷᠤᠮ ᠪᠠ ᠰᠠᠶ᠋ᠢᠨ ᠰᠠᠶ᠋ᠢᠬᠠᠨ ᠬᠡᠪ ᠵᠠᠩᠰᠢᠯ᠎ᠢ ᠬᠠᠮᠠᠭ᠋ᠠᠯᠠᠵᠤ᠂ ᠠᠷᠠᠳ ᠢᠷᠭᠡᠳ᠎ᠤᠨ ᠭᠤᠮᠣᠳᠠᠯ ᠱᠠᠭ᠋ᠠᠷᠳᠠᠯᠭ᠎ᠠ᠎ᠪᠠᠨ ᠤᠶᠤᠨᠯᠢᠭ ᠵᠶ᠋ᠠᠷ ᠢᠯᠡᠳᠬᠡᠬᠦ᠂ ᠬᠠᠤᠯᠢ᠎ᠳᠤ ᠲᠣᠭᠲᠠᠭ᠋ᠠᠭᠰᠠᠨ ᠡᠭᠦᠷᠭᠡ᠂ ᠨᠡᠶ᠋ᠢᠭᠡᠮ᠎ᠤᠨ ᠬᠠᠷᠢᠭᠤᠴᠠᠯᠭ᠎ᠠ᠂ ᠭᠡᠷ ᠪᠦᠯᠢ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠭᠡᠬᠦ ᠵᠢ ᠬᠦᠲᠦᠯᠦᠨ ᠵᠢᠯᠤᠭᠤᠳᠤᠨ᠎ᠠ᠃ ᠠᠵᠤ ᠠᠬᠤᠶ᠋ᠢᠯᠠᠯ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ᠎ᠳᠤ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠬᠦ᠂ ᠨᠡᠶ᠋ᠢᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠬᠦ ᠵᠢ ᠬᠥᠲᠥᠯᠥᠨ ᠵᠢᠯᠣᠭᠤᠳᠴᠤ᠂ ᠨᠡᠶ᠋ᠢᠭᠡᠮ᠎ᠤᠨ ᠡᠷᠡᠭᠦᠯ ᠰᠠᠷᠠᠭᠤᠯ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠠᠬᠢᠭᠤᠯᠤᠨ᠎ᠠ᠃ ᠲᠥᠷᠥ ᠵᠢᠨ ᠪᠣᠳᠣᠯᠭ᠎ᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠦ᠂ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠬᠠᠷᠢᠭᠤᠴᠠᠯᠭ᠎ᠠ ᠵᠢ ᠨᠠᠩ ᠰᠠᠶ᠋ᠢᠲᠤᠷ ᠭᠦᠢ᠍ᠴᠡᠳᠬᠡᠬᠦ᠎ᠳᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠦᠷᠢᠯᠳᠦᠭᠦᠯᠦᠨ ᠦᠭᠴᠦ᠂ ᠠᠵᠤ ᠠᠬᠤᠶ᠋ᠢᠯᠠᠯ ᠬᠢᠭᠡᠳ ᠨᠡᠶ᠋ᠢᠭᠡᠮ᠎ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠢᠲᠡᠭᠡᠯᠴᠡᠬᠦ ᠰᠠᠶ᠋ᠢᠨ ᠰᠠᠶ᠋ᠢᠬᠠᠨ ᠬᠠᠷᠢᠴᠠᠭ᠎ᠠ ᠵᠢ ᠪᠠᠶ᠋ᠢᠭᠤᠯᠤᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠬᠠᠷᠢᠭᠤᠴᠠᠯᠭ᠎ᠠ ᠡᠬᠦᠷᠬᠡᠯᠡᠬᠦ ᠪᠠᠷᠢᠮᠵᠢᠶ᠎ᠠ ᠵᠢᠨ ᠰᠢᠰᠲ᠋ᠧᠮ᠎ᠢ ᠪᠠᠶ᠋ᠢᠭᠤᠯᠬᠤ᠎ᠳᠤ ᠳᠡᠮᠵᠢᠯᠬᠡ ᠦᠵᠡᠬᠦᠯᠵᠦ᠂ ᠨᠡᠶ᠋ᠢᠭᠡᠮ᠎ᠤᠨ ᠡᠬᠢ ᠪᠠᠶᠠᠯᠢᠭ᠎ᠢ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠢᠳᠡᠪᠬᠢᠲᠡᠶ ᠭᠦᠢ᠍ᠴᠡᠳᠬᠡᠵᠦ ᠪᠠᠶ᠋ᠢᠭ᠎ᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠲᠡᠶ᠋ᠢᠰᠢ ᠬᠡᠯᠪᠠᠶ᠋ᠢᠯᠭᠡᠨ᠎ᠡ᠃
      ᠲᠠᠪᠤ᠂ ᠨᠡᠶ᠋ᠢᠭᠡᠮ᠎ᠤᠨ ᠵᠠᠰᠠᠯᠲᠠ ᠵᠢᠨ ᠬᠠᠤᠯᠢᠵᠢᠯ᠎ᠢ ᠠᠬᠢᠭᠤᠯᠤᠨ᠎ᠠ
      ᠨᠡᠶ᠋ᠢᠭᠡᠮ᠎ᠤᠨ ᠵᠠᠰᠠᠯᠲᠠ ᠵᠢᠨ ᠬᠠᠤᠯᠢᠵᠢᠯ᠎ᠤᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠡᠶ᠋ᠢᠭᠡᠮ᠎ᠤᠨ ᠡᠮᠬᠢ ᠳᠢᠭᠯᠢᠮ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠨᠡᠶ᠋ᠢᠭᠡᠮ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠠᠰᠢᠭ ᠲᠤᠰᠠ ᠵᠢᠨ ᠬᠠᠷᠢᠴᠠᠭ᠎ᠠ ᠵᠢ ᠵᠣᠬᠢᠴᠠᠭᠤᠯᠵᠤ᠂ ᠨᠡᠶ᠋ᠢᠭᠡᠮ᠎ᠤᠨ ᠦᠶᠯᠡᠰ᠎ᠤᠨ ᠬᠥᠭᠵᠢᠯᠲᠡ ᠵᠢ ᠠᠬᠢᠭᠤᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠠᠤᠯᠢ ᠶᠤᠰᠤᠭ᠋ᠠᠷ ᠠᠵᠢᠯ ᠶᠠᠪᠤᠳᠠᠯ ᠭᠦᠢ᠍ᠴᠡᠳᠭᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢ ᠡᠷᠢᠬᠦ᠂ ᠠᠰᠠᠭᠤᠳᠠᠯ ᠰᠢᠢ᠍ᠳᠪᠦᠷᠢᠯᠡᠬᠦ᠎ᠳᠤ᠎ᠪᠠᠨ ᠬᠠᠤᠯᠢ ᠵᠢ ᠬᠡᠷᠡᠭᠯᠡᠬᠦ᠂ ᠵᠥᠷᠢᠴᠡᠯ᠎ᠢ ᠨᠠᠮᠳᠠᠭᠤᠯᠬᠤ᠎ᠳᠤ ᠬᠠᠤᠯᠢ ᠴᠠᠭ᠋ᠠᠵᠠ ᠵᠢ ᠲᠦᠰᠢᠭᠯᠡᠬᠦ ᠬᠠᠤᠯᠢ᠎ᠪᠠᠷ ᠵᠠᠰᠠᠬᠤ ᠣᠷᠴᠢᠨ ᠲᠣᠭᠤᠷᠢᠨ᠎ᠢ ᠪᠤᠶ᠋ᠢᠵᠢᠭᠤᠯᠤᠨ᠎ᠠ᠃ ᠨᠡᠶ᠋ᠢᠭᠡᠮ᠎ᠤᠨ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠥᠭᠡᠳ ᠡᠶ᠎ᠡ ᠵᠣᠬᠢᠴᠠᠯ᠎ᠲᠠᠢ ᠡᠮᠬᠢ ᠵᠢᠷᠤᠮ᠎ᠲᠠᠢ ᠪᠠᠶ᠋ᠢᠬᠤ ᠵᠢ ᠠᠬᠢᠭᠤᠯᠤᠨ᠎ᠠ᠃
     (ᠠᠷᠪᠠᠨ ᠳᠣᠯᠤᠭ᠎ᠠ) ᠨᠡᠶ᠋ᠢᠭᠡᠮ᠎ᠤᠨ ᠵᠠᠰᠠᠯᠲᠠ ᠵᠢᠨ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠦᠨ᠎ᠡ᠃ ᠨᠠᠮ᠎ᠤᠨ ᠬᠤᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠠᠷᠠᠳᠴᠢᠯᠠᠯ ᠵᠶ᠋ᠠᠷ ᠵᠥᠪᠳᠡᠯᠴᠡᠭᠰᠡᠨ᠂ ᠨᠡᠶ᠋ᠢᠭᠡᠮ᠎ᠤᠨ᠎ᠬᠢᠨ ᠬᠠᠮᠵᠢᠯᠴᠠᠭᠰᠠᠨ᠂ ᠣᠯᠠᠨ ᠨᠡᠶ᠋ᠢᠲᠡ᠎ᠪᠠᠷ ᠵᠶ᠋ᠠᠨ ᠣᠷᠣᠯᠴᠠᠭᠰᠠᠨ᠂ ᠬᠠᠤᠯᠢᠵᠢᠯ ᠵᠶ᠋ᠠᠷ ᠪᠠᠲᠤᠯᠠᠭᠰᠠᠨ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠯᠭ᠋ᠠᠭᠤᠷᠢᠯᠠᠭᠰᠠᠨ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠪᠠᠶ᠋ᠢᠷᠢᠰᠢᠯ᠎ᠢ ᠪᠤᠢ ᠪᠣᠯᠭ᠋ᠠᠨ᠎ᠠ᠃ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠲᠤᠰ ᠭᠠᠵᠠᠷ ᠣᠷᠣᠨ᠎ᠳᠤ᠎ᠪᠠᠨ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠤᠬᠢᠴᠠᠭᠤᠯᠬᠤ ᠤᠳᠤᠷᠢᠳᠬᠤ ᠦᠢ᠍ᠯᠡᠳᠦᠯ᠎ᠤᠨ ᠲᠣᠭᠲᠠᠴᠠ ᠵᠢ ᠪᠦᠷᠢᠨᠰᠢᠭᠦᠯᠵᠦ᠂ ᠵᠠᠰᠠᠭ᠎ᠤᠨ ᠣᠷᠳᠣᠨ᠎ᠤ ᠨᠡᠶ᠋ᠢᠭᠡᠮ᠎ᠤᠨ ᠵᠠᠰᠠᠯᠲᠠ ᠵᠢᠨ ᠬᠢᠨᠠᠨ ᠰᠢᠯᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠨᠡᠶ᠋ᠢᠭᠡᠮ᠎ᠤᠨ ᠬᠦᠴᠦᠨ᠎ᠤ ᠨᠡᠶ᠋ᠢᠭᠡᠮ᠎ᠤᠨ ᠵᠠᠰᠠᠯᠲᠠ᠎ᠳᠤ ᠣᠷᠣᠯᠴᠠᠬᠤ ᠵᠢ ᠬᠥᠲᠥᠯᠥᠨ ᠵᠢᠯᠣᠭᠤᠳᠬᠤ ᠪᠠ ᠠᠬᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠦᠨ ᠪᠦᠬᠦᠨ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠬᠠᠮᠲᠤ ᠴᠣᠭᠴᠠ ᠵᠢ ᠪᠠᠶ᠋ᠢᠭᠤᠯᠵᠤ᠂ ᠨᠡᠶ᠋ᠢᠭᠡᠮ᠎ᠤᠨ ᠵᠠᠰᠠᠯᠲᠠ ᠵᠢᠨ ᠶᠠᠪᠤᠴᠠ᠎ᠳᠤ ᠠᠷᠠᠳ ᠲᠦᠮᠡᠨ ᠣᠷᠣᠯᠴᠠᠬᠤ᠂ ᠦᠷ᠎ᠡ ᠪᠦᠲᠦᠮᠵᠢ ᠵᠢ ᠠᠷᠠᠳ ᠲᠦᠮᠡᠨ ᠦᠨᠡᠯᠡᠬᠦ᠂ ᠦᠷ᠎ᠡ ᠪᠦᠲᠦᠭᠡᠯ᠎ᠢ ᠠᠷᠠᠳ ᠲᠦᠮᠡᠨ ᠬᠠᠮᠲᠤ᠎ᠪᠠᠷ ᠡᠳ᠋ᠯᠡᠬᠦ ᠵᠢ ᠦᠨᠡᠨ ᠬᠦ᠌ ᠪᠠᠲᠤᠯᠠᠨ᠎ᠠ᠃ ᠨᠡᠶ᠋ᠢᠭᠡᠮ᠎ᠤᠨ ᠵᠠᠰᠠᠯᠲᠠ ᠵᠢᠨ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠵᠠᠰᠠᠯᠲᠠ ᠵᠢ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠳᠠᠷᠠᠭ᠋ᠠᠯᠠᠯᠵᠢᠭᠤᠯᠬᠤ ᠵᠢ ᠠᠬᠢᠭᠤᠯᠤᠨ᠎ᠠ᠃
     (ᠠᠷᠪᠠᠨ ᠨᠠᠢ᠍ᠮᠠ) ᠣᠯᠠᠨ ᠳᠡᠰ ᠳᠠᠪᠬᠤᠷᠭ᠎ᠠ ᠣᠯᠠᠨ ᠬᠦᠷᠢᠶᠡᠨ᠎ᠤ ᠬᠠᠤᠯᠢ᠎ᠪᠠᠷ ᠵᠠᠰᠠᠬᠤ ᠵᠢ ᠠᠬᠢᠭᠤᠯᠤᠨ᠎ᠠ᠃ ᠬᠤᠲᠠ ᠵᠢᠨ ᠬᠡᠪᠴᠢᠶᠡᠨ᠎ᠤ ᠵᠠᠰᠠᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠬᠤᠲᠠ ᠵᠢᠨ ᠲᠠᠰ ᠳᠠᠪᠬᠤᠷᠭ᠎ᠠ ᠵᠢᠨ ᠦᠨᠡᠨ ᠨᠡᠷ᠎ᠡ᠎ᠪᠠᠷ ᠳᠠᠩᠰᠠᠯᠠᠬᠤ᠂ ᠨᠡᠶ᠋ᠢᠭᠡᠮ᠎ᠤᠨ ᠢᠲᠡᠭᠡᠮᠵᠢ ᠵᠢᠨ ᠬᠠᠮᠢᠶᠠᠷᠤᠯᠲᠠ᠂ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠡᠷᠭᠡ ᠵᠢᠨ ᠢᠵᠢ ᠲᠦᠬᠦᠷᠵᠢᠬᠦᠯᠬᠦ ᠳᠦᠷᠢᠮ᠎ᠤᠨ ᠪᠠᠶ᠋ᠢᠭᠤᠯᠤᠯᠲᠠ ᠵᠢ ᠬᠠᠤᠯᠢ ᠶᠣᠰᠣᠭ᠋ᠠᠷ ᠲᠦᠷᠭᠡᠳᠬᠡᠵᠦ᠂ ᠬᠤᠲᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠬᠠᠤᠯᠢᠵᠢᠯ᠎ᠢ ᠬᠤᠳᠠ ᠵᠢᠨ ᠬᠡᠪᠴᠢᠶᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠤᠤᠯᠯᠠᠬᠤ ᠥᠷᠢᠰᠥᠯᠳᠦᠬᠦ ᠬᠦᠴᠦᠨ ᠪᠣᠯᠭ᠋ᠠᠨ᠎ᠠ᠃ ᠬᠤᠳᠠ ᠬᠥᠳᠡᠭᠡ ᠵᠢᠨ ᠨᠡᠶ᠋ᠢᠭᠡᠮ ᠲᠣᠭᠤᠷᠢᠭ᠎ᠤᠨ ᠬᠠᠤᠯᠢ ᠶᠣᠰᠣᠭ᠋ᠠᠷ ᠵᠠᠰᠠᠬᠤ ᠵᠢ ᠭᠦᠨᠵᠡᠭᠡᠶ᠋ᠢᠷᠡᠭᠦᠯᠵᠦ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠳᠣᠤᠷ᠎ᠠ ᠵᠠᠰᠠᠭ᠎ᠤᠨ ᠣᠷᠳᠣᠨ᠎ᠤ ᠵᠠᠰᠠᠯᠲᠠ ᠪᠠ ᠨᠡᠶ᠋ᠢᠭᠡᠮ᠎ᠤᠨ ᠲᠣᠬᠢᠷᠠᠭᠤᠯᠤᠯᠲᠠ᠂ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ ᠰᠢᠯᠢᠳᠡᠭ ᠰᠠᠶ᠋ᠢᠨ ᠬᠤᠷᠰᠢᠯᠳᠤᠯ᠎ᠢ ᠪᠡᠶᠡᠯᠡᠭᠦᠯᠦᠨ᠎ᠡ᠃ ᠲᠣᠭᠤᠷᠢᠭ ᠰᠢᠶᠠᠨ᠎ᠤ ᠡᠷᠬᠡ ᠲᠤᠰᠢᠶᠠᠯᠲᠤ ᠰᠠᠯᠠᠭ᠎ᠠ ᠮᠥᠴᠢᠷ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠳᠠᠷᠤᠭ᠋ᠠᠰᠤ ᠵᠢ ᠬᠥᠩᠭᠡᠯᠡᠵᠤ ᠴᠢᠲᠠᠮᠵᠢ ᠤᠯᠭᠤᠬᠤ ᠵᠠᠷᠴᠢᠮ ᠶᠣᠰᠣᠭ᠋ᠠᠷ᠂ ᠨᠡᠶ᠋ᠢᠭᠡᠮ ᠲᠣᠭᠤᠷᠢᠭ᠎ᠤᠨ ᠵᠠᠰᠠᠯᠲᠠ ᠵᠢᠨ ᠲᠠᠯ᠎ᠠ᠎ᠪᠠᠷ᠎ᠬᠢ ᠡᠷᠬᠡ ᠬᠠᠷᠢᠭᠤᠴᠠᠯᠭ᠎ᠠ ᠵᠢᠨ ᠲᠣᠳᠣᠷᠬᠠᠶ ᠬᠠᠭᠤᠳᠠᠰᠤ ᠵᠢ ᠲᠣᠭᠲᠠᠭ᠋ᠠᠨ ᠨᠠᠶ᠋ᠢᠳᠠᠪᠤᠷᠢᠵᠢᠭᠤᠯᠤᠨ᠎ᠠ᠃
      ᠲᠣᠰᠬᠤᠨ᠎ᠤ ᠱᠠᠲᠤᠨ᠎ᠤ ᠬᠡᠷᠡᠭ ᠵᠥᠪᠯᠡᠬᠦ ᠵᠥᠪᠳᠡᠯᠴᠡᠬᠦ ᠳᠦᠷᠢᠮ᠎ᠢ ᠪᠦᠷᠢᠨᠰᠢᠭᠦᠯᠵᠦ᠂ ᠬᠥᠳᠡᠭᠡ ᠲᠣᠰᠬᠤᠨ᠎ᠤ ᠲᠤᠰᠬᠤᠨ᠎ᠤ ᠠᠷᠠᠳ᠎ᠤᠨ ᠤᠴᠢᠷ ᠶᠠᠪᠤᠳᠠᠯ ᠶᠠᠷᠢᠬᠤ᠂ ᠠᠷᠠᠳ᠎ᠤᠨ ᠪᠠᠶ᠋ᠢᠳᠠᠯ᠎ᠢ ᠦᠨᠡᠨᠴᠢ᠎ᠪᠠᠷ ᠶᠠᠷᠢᠯᠴᠠᠬᠤ ᠵᠡᠷᠭᠡ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ ᠲᠣᠰᠬᠤᠨ᠎ᠤ ᠱᠠᠲᠤᠨ᠎ᠤ ᠬᠡᠷᠡᠭ ᠶᠠᠪᠤᠳᠠᠯ᠎ᠤᠨ ᠨᠡᠷᠡᠨ ᠭᠡᠷᠡᠯᠲᠦ ᠢᠨᠵᠧᠨᠧᠷᠢᠩ᠎ᠢ ᠬᠡᠷᠡᠭᠵᠢᠭᠦᠯᠵᠦ᠂ ᠨᠠᠮ᠎ᠤᠨ ᠶᠠᠪᠤᠳᠠᠯ᠂ ᠲᠣᠰᠬᠤᠨ᠎ᠤ ᠶᠠᠪᠤᠳᠠᠯ᠂ ᠡᠳ᠋᠎ᠤᠨ ᠶᠠᠪᠤᠳᠠᠯ 《ᠭᠤᠷᠪᠠ ᠵᠢ ᠢᠯᠡ ᠪᠣᠯᠭ᠋ᠠᠬᠤ》 ᠳᠦᠷᠢᠮ᠎ᠢ ᠲᠡᠭᠦᠯᠳᠡᠷᠵᠢᠭᠦᠯᠵᠦ᠂ ᠲᠣᠰᠬᠤᠨ᠎ᠤ ᠱᠠᠲᠤᠨ᠎ᠤ ᠬᠡᠷᠡᠭ ᠶᠠᠪᠤᠳᠠᠯ᠎ᠢ ᠢᠯᠡ ᠪᠣᠯᠭ᠋ᠠᠬᠤ ᠨᠠᠷᠢᠨ ᠳᠠᠩᠰᠠ ᠵᠢ ᠡᠮᠬᠢᠯᠡᠵᠦ᠂ ᠲᠣᠰᠬᠤᠨ᠎ᠤ ᠱᠠᠲᠤᠨ᠎ᠤ ᠬᠡᠷᠡᠭ ᠶᠠᠪᠤᠳᠠᠯ᠎ᠢ 《ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠳᠡᠯᠭᠡᠷᠡᠭᠦᠯᠦᠨ᠎ᠡ᠃ ᠬᠠᠤᠯᠢᠵᠢᠯ᠎ᠤᠨ ᠬᠥᠳᠡᠭᠡ ᠲᠣᠰᠬᠤᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠦᠨ᠎ᠡ᠃ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠲᠦᠷᠢᠮᠵᠢᠭᠰᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠳᠠ ᠵᠢᠨ ᠰᠠᠭᠤᠭ᠋ᠠᠯᠢ ᠠᠷᠠᠳ᠎ᠤᠨ ᠵᠥᠪᠯᠡᠯ᠎ᠤᠨ ᠵᠣᠬᠢᠶᠠᠨ ᠪᠠᠶ᠋ᠢᠭᠤᠯᠬᠤ ᠬᠠᠤᠯᠢ ᠪᠠ ᠲᠤᠰᠬᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠦᠨᠳᠦᠰᠦᠨ ᠱᠠᠲᠤᠨ᠎ᠤ ᠨᠢᠭᠡᠴᠢ ᠵᠢᠨ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠠᠵᠤ ᠠᠬᠤᠶ᠋ᠢᠯᠠᠯ᠂ ᠰᠤᠷᠭ᠋ᠠᠭᠤᠯᠢ ᠵᠡᠷᠭᠡ ᠦᠨᠳᠦᠰᠦᠨ ᠱᠠᠲᠤᠨ᠎ᠤ ᠨᠢᠭᠡᠴᠢ᠎ᠨᠦᠭᠦᠳ ᠲᠤᠬᠠᠶ᠋ᠢᠯᠠᠭᠰᠠᠨ ᠠᠵᠢᠯ ᠪᠠ ᠬᠠᠮᠢᠶᠠᠷᠤᠯᠲᠠ ᠵᠢᠨ ᠠᠵᠢᠯᠯᠠᠭ᠎ᠠ ᠵᠢᠨ ᠡᠯ᠎ᠡ ᠵᠦᠶᠯ᠎ᠤᠨ ᠲᠦᠷᠢᠮ ᠲᠣᠭᠲᠠᠭ᠋ᠠᠯ᠎ᠢ ᠨᠡᠶ᠋ᠢᠳᠡᠮ ᠲᠡᠭᠦᠯᠳᠡᠷᠵᠢᠭᠦᠯᠵᠦ᠂ ᠬᠠᠤᠯᠢᠵᠢᠯ᠎ᠤᠨ ᠠᠷᠭ᠎ᠠ ᠮᠠᠶᠢᠭ ᠵᠶ᠋ᠠᠷ ᠠᠰᠠᠭᠤᠳᠠᠯ᠎ᠢ ᠰᠢᠢ᠍ᠳᠪᠦᠷᠢᠯᠡᠬᠦ ᠲᠠᠪᠴᠠᠩ ᠪᠠ ᠲᠣᠭᠲᠠᠴᠠ ᠵᠢ ᠪᠠᠶ᠋ᠢᠭᠤᠯᠤᠨ᠎ᠠ᠃ ᠠᠵᠢᠯ ᠲᠦᠷᠦᠯ᠎ᠤᠨ ᠬᠠᠤᠯᠢ᠎ᠪᠠᠷ ᠵᠠᠰᠠᠬᠤ ᠠᠵᠢᠯ᠎ᠢ ᠥᠷᠭᠡᠨ ᠵᠶ᠋ᠠᠷ ᠥᠷᠨᠢᠭᠦᠯᠵᠦ᠂ ᠲᠤᠬᠠᠶ᠋ᠢᠯᠠᠭᠰᠠᠨ ᠠᠵᠢᠯ᠎ᠤᠨ ᠪᠠᠷᠢᠮᠵᠢᠶ᠎ᠠ ᠵᠢ ᠳᠡᠰ ᠳᠠᠷᠠᠭ᠋ᠠᠯᠠᠯᠵᠢᠭᠤᠯᠬᠤ ᠲᠡᠭᠦᠯᠳᠡᠷᠵᠢᠬᠦᠯᠬᠦ᠂ ᠬᠠᠤᠯᠢ ᠲᠣᠭᠲᠠᠭ᠋ᠠᠯ᠎ᠳᠤ ᠨᠡᠶ᠋ᠢᠴᠡᠭᠰᠡᠨ ᠬᠢᠨᠠᠨ ᠪᠠᠶ᠋ᠢᠴᠠᠭ᠋ᠠᠯᠲᠠ ᠵᠢ ᠪᠣᠳᠠᠲᠠᠶ ᠨᠠᠶ᠋ᠢᠲᠠᠪᠤᠷᠢᠵᠢᠭᠤᠯᠬᠤ᠂ ᠠᠶᠤᠯ ᠲᠦᠭᠰᠢᠭᠦᠷᠢ ᠵᠢ ᠴᠠᠭ ᠲᠤᠬᠠᠶ᠎ᠳᠤ᠎ᠨᠢ ᠰᠡᠷᠭᠡᠶ᠋ᠢᠯᠡᠨ ᠠᠷᠢᠯᠭ᠋ᠠᠬᠤ ᠪᠠ ᠬᠠᠤᠯᠢ ᠴᠠᠭ᠋ᠠᠵᠠ ᠵᠢᠨ ᠬᠢᠨᠠᠯᠲᠠ᠎ᠨᠢ ᠪᠦᠲᠦᠮᠵᠢᠲᠡᠶ ᠪᠠᠶ᠋ᠢᠬᠤ ᠬᠠᠤᠯᠢᠵᠢᠯ᠎ᠤᠨ ᠵᠠᠰᠠᠯᠲᠠ ᠵᠢᠨ ᠠᠷᠭ᠎ᠠ ᠮᠠᠶᠢᠭ᠎ᠢ ᠠᠬᠢᠭᠤᠯᠤᠨ᠎ᠠ᠃ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠬᠦᠴᠦᠨ ᠵᠦᠢ᠍ᠯ᠎ᠳᠤ ᠬᠤᠯᠪᠣᠭᠳᠠᠭᠰᠠᠨ ᠨᠡᠶ᠋ᠢᠭᠡᠮ᠎ᠤᠨ ᠠᠰᠠᠭᠤᠳᠠᠯ᠎ᠢ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠵᠦ᠂ ᠦᠨᠳᠦᠰᠦᠲᠡᠨ᠎ᠤ ᠬᠠᠷᠢᠴᠠᠭ᠎ᠠ᠂ ᠱᠠᠰᠢᠨ ᠰᠤᠷᠲᠠᠬᠤᠨ᠎ᠤ ᠬᠠᠷᠢᠴᠠᠭ᠎ᠠ ᠵᠢᠨ ᠡᠶ᠎ᠡ ᠵᠣᠬᠢᠴᠠᠯ᠎ᠢ ᠠᠬᠢᠭᠤᠯᠤᠨ᠎ᠠ᠃
     (ᠠᠷᠪᠠ ᠶᠢᠰᠦ) ᠬᠠᠤᠯᠢᠵᠢᠯ ᠨᠡᠶ᠋ᠢᠭᠡᠮ᠎ᠤᠨ ᠪᠠᠶ᠋ᠢᠭᠤᠯᠤᠯᠲᠠ᠎ᠳᠠᠬᠢ ᠠᠷᠠᠳ᠎ᠤᠨ ᠪᠦᠯᠬᠦᠮ ᠪᠣᠯᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠠᠷᠠᠳ᠎ᠤᠨ ᠪᠦᠯᠬᠦᠮ ᠨᠠᠮ᠎ᠤᠨ ᠤᠳᠤᠷᠢᠳᠤᠯᠭ᠎ᠠ ᠳᠣᠣᠷ᠎ᠠ᠂ ᠪᠦᠯᠬᠦᠮ᠎ᠤᠨ ᠪᠦᠷᠢᠯᠳᠦᠬᠦᠨ ᠪᠠ ᠬᠠᠷᠢᠯᠴᠠᠵᠦ ᠪᠠᠶ᠋ᠢᠭ᠎ᠠ ᠣᠯᠠᠨ ᠲᠦᠮᠡᠨ᠎ᠢ ᠬᠥᠮᠦᠵᠢᠭᠦᠯᠬᠦ ᠪᠠ ᠵᠣᠬᠢᠶᠠᠨ ᠪᠠᠶ᠋ᠢᠭᠤᠯᠵᠤ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ᠂ ᠡᠯ᠎ᠡ ᠵᠦᠢ᠍ᠯ᠎ᠤᠨ ᠠᠷᠭ᠎ᠠ ᠵᠠᠮ ᠪᠠ ᠬᠡᠯᠪᠡᠷᠢ᠎ᠪᠠᠷ ᠳᠠᠮᠵᠢᠭᠤᠯᠤᠨ ᠲᠥᠷᠥ ᠵᠢᠨ ᠬᠡᠷᠡᠭ ᠶᠠᠪᠤᠳᠠᠯ᠎ᠢ ᠬᠠᠮᠢᠶᠠᠷᠬᠤ᠎ᠳᠤ ᠣᠷᠣᠯᠴᠠᠭᠤᠯᠤᠨ᠂ ᠠᠵᠤ ᠠᠬᠤᠶ ᠰᠣᠶᠣᠯ᠎ᠤᠨ ᠦᠢ᠍ᠯᠡᠰ᠎ᠢ ᠬᠠᠮᠢᠶᠠᠷᠴᠤ᠂ ᠨᠡᠶ᠋ᠢᠭᠡᠮ᠎ᠤᠨ ᠬᠡᠷᠡᠭ ᠶᠠᠪᠤᠳᠠᠯ᠎ᠢ ᠬᠠᠮᠢᠶᠠᠷᠤᠭᠤᠯᠤᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠡᠷᠬᠡ ᠬᠠᠷᠢᠭᠤᠴᠠᠯᠭ᠎ᠠ ᠵᠢ ᠲᠣᠳᠣᠷᠬᠠᠶ᠋ᠢᠯᠠᠬᠤ᠂ ᠬᠠᠤᠯᠢ ᠶᠣᠰᠣᠭ᠋ᠠᠷ ᠥᠪᠡᠷᠲᠡᠭᠡᠨ ᠵᠠᠰᠠᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢ ᠠᠬᠢᠭᠤᠯᠤᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢᠨ ᠵᠥᠪ ᠤᠯᠤᠰ ᠲᠦᠷᠦ ᠵᠢᠨ ᠴᠢᠭᠯᠡᠯ᠎ᠢ ᠦᠨᠡᠨ ᠬᠦ᠌ ᠪᠠᠲᠤᠯᠠᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠪᠤᠶ᠋ᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠲᠥᠷᠥᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠶ ᠵᠢᠨ ᠲᠥᠷᠥᠯ᠂ ᠬᠤᠲᠠ ᠬᠥᠳᠡᠭᠡ ᠨᠡᠶ᠋ᠢᠭᠡᠮ ᠲᠣᠭᠤᠷᠢᠭ᠎ᠤᠨ ᠦᠢ᠍ᠯᠡᠴᠢᠯᠡᠭᠡᠨ᠎ᠤ ᠲᠥᠷᠥᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠭᠤᠤᠯᠳᠠᠯᠭ᠎ᠠ᠎ᠲᠠᠢ ᠪᠤᠶ᠋ᠢᠵᠢᠭᠤᠯᠬᠤ ᠪᠠ ᠤᠷᠢᠳ ᠵᠶ᠋ᠠᠷ ᠬᠥᠭᠵᠢᠭᠦᠯᠦᠨ᠎ᠡ᠃ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢ ᠠᠬᠢᠭᠤᠯᠬᠤ ᠪᠠ ᠳᠡᠮᠵᠢᠵᠦ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠬᠰᠠᠨ ᠪᠠᠶ᠋ᠢᠭᠤᠯᠤᠯᠲᠠ ᠵᠢ ᠥᠷᠨᠢᠭᠦᠯᠦᠨ᠎ᠡ᠃ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠥᠪᠡᠷ᠎ᠢ᠎ᠪᠠᠨ ᠱᠠᠭ᠋ᠠᠷᠳᠠᠬᠤ ᠴᠢᠳᠠᠮᠵᠢ ᠵᠢ ᠪᠠᠳᠠᠷᠠᠭᠤᠯᠵᠤ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠣᠬᠢᠶᠠᠨ ᠪᠠᠶ᠋ᠢᠭᠤᠯᠤᠯᠲᠠ ᠵᠢ ᠰᠦᠪᠡᠭᠴᠢᠯᠡᠨ ᠪᠠᠶ᠋ᠢᠭᠤᠯᠤᠨ᠎ᠠ᠃ ᠨᠡᠶ᠋ᠢᠭᠡᠮ ᠲᠣᠭᠤᠷᠢᠭ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠳᠤᠮᠳᠠᠬᠢ ᠢᠳᠡᠪᠬᠢ ᠦᠢ᠍ᠯᠡᠳᠦᠯ᠎ᠢ ᠪᠠᠳᠠᠷᠠᠭᠤᠯᠤᠨ᠎ᠠ᠃ ᠵᠠᠰᠠᠭ᠎ᠤᠨ ᠣᠷᠳᠣᠨ ᠤᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠲᠣᠭᠲᠠᠴᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠳᠤᠮᠳᠠ ᠨᠡᠩ ᠶᠡᠭᠡ ᠦᠢ᠍ᠯᠡᠳᠦᠯ ᠪᠠᠳᠠᠷᠠᠭᠤᠯᠬᠤ ᠵᠢ ᠠᠬᠢᠭᠤᠯᠤᠨ᠎ᠠ᠃
     (ᠬᠤᠷᠢ) ᠨᠡᠶ᠋ᠢᠭᠡᠮ᠎ᠤᠨ ᠠᠮᠤᠷ ᠲᠦᠪᠰᠢᠨ ᠲᠥᠷᠥᠭᠳᠡᠯ᠎ᠢ ᠨᠡᠮᠡᠭᠳᠡᠭᠦᠯᠦᠨ᠎ᠡ᠃ ᠨᠡᠶ᠋ᠢᠭᠡᠮ᠎ᠤᠨ ᠠᠮᠤᠷ ᠲᠦᠪᠰᠢᠨ᠎ᠤ ᠰᠢᠰᠲ᠋ᠧᠮ᠎ᠤᠨ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠪᠠ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠵᠢ ᠲᠦᠷᠭᠡᠳᠬᠡᠵᠦ᠂ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ ᠠᠮᠤᠭᠤᠯᠠᠩᠳᠦ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠨᠡᠭᠡᠭᠡᠨ ᠡᠬᠦᠳᠬᠦ ᠰᠠᠨᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠠᠮᠤᠭᠤᠯᠠᠩᠳᠦ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ᠂ ᠬᠠᠷᠢᠭᠤᠴᠠᠯᠭ᠎ᠠ ᠵᠢ ᠬᠤᠪᠢᠶᠠᠨ ᠡᠭᠦᠷᠭᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠮᠤᠷ ᠠᠮᠤᠭᠤᠯᠠᠩ ᠪᠦᠳᠦᠭᠡᠨ ᠪᠠᠶ᠋ᠢᠭᠤᠯᠤᠯᠲᠠ ᠵᠢᠨ ᠭᠦᠢ᠍ᠴᠡᠳᠬᠡᠯ ᠲᠣᠭ᠋ᠠᠨ᠎ᠤ ᠰᠢᠰᠲ᠋ᠧᠮ ᠪᠠ ᠬᠢᠨᠠᠨ ᠰᠢᠯᠭ᠋ᠠᠬᠤ ᠪᠠᠷᠢᠮᠵᠢᠶ᠎ᠠ ᠵᠢ ᠪᠦᠷᠢᠨᠰᠢᠭᠦᠯᠦᠨ᠎ᠡ᠃ 2020 ᠣᠨ᠎ᠤ ᠵᠢᠯ᠎ᠤᠨ ᠰᠡᠬᠦᠯᠴᠢ᠎ᠠᠴᠠ ᠡᠮᠦᠨ᠎ᠡ 《ᠢᠨᠲ᠋ᠧᠷ ᠰᠦᠯᠵᠢᠶ᠎ᠡ + ᠣᠯᠠᠨ ᠨᠡᠶ᠋ᠢᠲᠡ ᠵᠢᠨ ᠠᠮᠤᠷ ᠲᠦᠪᠰᠢᠨ》᠎ᠤ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯᠯᠠᠭ᠎ᠠ ᠵᠢᠨ ᠪᠠᠶ᠋ᠢᠩᠭᠤᠵᠢᠯ᠎ᠢ ᠠᠬᠢᠭᠤᠯᠵᠤ᠂ ᠡᠮᠴᠢᠯᠡᠭᠡᠨ᠎ᠤᠨ ᠠᠵᠢᠯᠳᠠᠨ᠎ᠢ ᠬᠦᠴᠦᠷᠬᠡᠭᠯᠡᠯ ᠵᠶ᠋ᠠᠷ ᠭᠡᠮᠲᠦᠭᠡᠬᠦ᠂ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠬᠦ᠂ ᠬᠦᠴᠦᠷᠬᠡᠭᠯᠡᠯ᠎ᠤᠨ ᠰᠦᠷᠳᠡᠭᠦᠯᠦᠯ᠂ ᠱᠠᠯᠢᠭ ᠵᠠᠪᠬᠠᠶ ᠵᠦᠢ᠍ᠯ ᠵᠣᠭᠤᠰ ᠮᠦᠷᠦ᠋ᠢ᠍ᠴᠡᠬᠦ ᠬᠤᠤᠷᠲᠤ ᠡᠳ᠋ ᠬᠠᠷ᠎ᠠ ᠪᠦᠯᠦᠭᠳᠡᠨ ᠬᠦᠮᠦᠨ ᠫᠠᠨᠽᠠᠯᠠᠬᠤ ᠮᠡᠭᠡᠯᠡᠬᠦ᠂ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠯᠠᠲᠤ ᠠᠵᠢᠯᠯᠠᠭ᠎ᠠ᠂ ᠰᠦᠯᠵᠢᠶᠡᠨ᠎ᠤ ᠶᠠᠯᠠᠲᠤ ᠠᠵᠢᠯᠯᠠᠭ᠎ᠠ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠪᠠ ᠵᠠᠯᠬᠠᠭ᠋ᠠᠨ ᠰᠢᠢ᠍ᠳᠬᠡᠵᠦ᠂ ᠬᠦᠨᠳᠦ ᠨᠣᠴᠢᠲᠠᠶ ᠶᠠᠯᠠᠲᠤ ᠠᠵᠢᠯᠯᠠᠭ᠎ᠠ ᠡᠭᠦᠰᠬᠦ ᠵᠢ ᠬᠤᠷᠢᠬᠯᠠᠨ ᠰᠡᠷᠭᠡᠶ᠋ᠢᠯᠡᠨ᠎ᠡ᠃ ᠭᠡᠨᠡᠳᠲᠡ ᠡᠭᠦᠰᠬᠦ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠭᠠᠮᠰᠢᠬ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠠ᠃ ᠢᠳᠡᠭᠡᠨ ᠡᠮ᠎ᠤᠨ ᠵᠦᠢ᠍ᠯ᠎ᠤᠨ ᠠᠮᠤᠷ ᠲᠦᠪᠰᠢᠨ᠎ᠳᠤ ᠬᠤᠤᠷ ᠬᠥᠨᠥᠭᠡᠯ ᠤᠴᠠᠷᠠᠭᠤᠯᠤᠭᠰᠠᠨ᠂ ᠦᠢ᠍ᠯᠡᠳᠪᠦᠷᠢᠯᠡᠯ᠎ᠤᠨ ᠠᠮᠤᠷ ᠲᠦᠪᠰᠢᠨ᠎ᠢ ᠨᠥᠯᠥᠭᠡᠯᠡᠭᠰᠡᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠡᠪᠳᠡᠭᠰᠡᠨ ᠵᠡᠷᠭᠡ ᠭᠤᠤᠯᠳᠠᠯᠭ᠎ᠠ᠎ᠲᠠᠢ ᠠᠰᠠᠭᠤᠳᠠᠯ᠎ᠤᠨ ᠵᠠᠰᠠᠯᠲᠠ ᠵᠢ ᠬᠠᠤᠯᠢ ᠶᠣᠰᠣᠭ᠋ᠠᠷ ᠴᠢᠩᠭ᠋ᠠᠷᠠᠭᠤᠯᠤᠨ᠎ᠠ᠃ ᠨᠡᠶ᠋ᠢᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠰᠢᠰᠲ᠋ᠧᠮ ᠪᠠ ᠵᠢᠯᠣᠭᠤᠳᠬᠤ ᠲᠣᠭᠲᠠᠴᠠ᠂ ᠠᠶᠦᠯ ᠲᠦᠭᠰᠢᠬᠦᠷᠢ᠎ᠳᠤ ᠭᠠᠷ ᠲᠦᠷᠦᠭᠦ ᠲᠣᠭᠲᠠᠴᠠ ᠵᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠨᠡᠶ᠋ᠢᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠠᠵᠢᠯ᠎ᠤᠨ ᠥᠷᠲᠡᠭᠡ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠡᠳᠬᠢᠴᠡ ᠵᠢᠨ ᠠᠵᠢᠯᠲᠠᠨ᠂ ᠨᠡᠶ᠋ᠢᠭᠡᠮ᠎ᠤᠨ ᠠᠵᠢᠯᠲᠠᠨ ᠵᠡᠷᠭᠡ ᠨᠡᠶ᠋ᠢᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢ ᠬᠥᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ᠂ ᠣᠶᠤᠨ ᠮᠡᠳᠡᠷᠡᠯ᠎ᠤᠨ ᠰᠠᠭ᠋ᠠᠳ᠎ᠲᠠᠢ ᠡᠪᠡᠳᠴᠢᠲᠡᠨ᠂ ᠭᠡᠷ᠎ᠲᠡᠭᠡᠨ ᠬᠤᠴᠣᠷᠤᠭᠰᠠᠨ ᠬᠡᠤᠬᠡᠳ᠂ ᠡᠮᠡᠭᠲᠡᠶ᠋ᠢᠴᠦᠳ᠂ ᠨᠠᠰᠤᠲᠠᠶ᠋ᠢᠴᠤᠳ ᠵᠡᠷᠭᠡ᠎ᠳᠤ ᠬᠦᠮᠦᠯᠢᠭ ᠬᠠᠯᠠᠮᠵᠢᠯᠠᠯ᠂ ᠣᠶᠤᠨ ᠰᠠᠨᠠᠭ᠋ᠠᠨ᠎ᠤ ᠲᠠᠶ᠋ᠢᠳᠬᠤᠷᠠᠭᠤᠯᠤᠯ ᠪᠠ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡ ᠬᠢᠬᠦ ᠵᠢ ᠴᠢᠩᠭ᠋ᠠᠳᠬᠠᠨ᠎ᠠ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠪᠠᠶ᠋ᠢᠭᠤᠯᠭ᠎ᠠ ᠬᠢᠭᠡᠳ ᠨᠡᠶ᠋ᠢᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠠᠵᠢᠯ᠎ᠤᠨ ᠵᠣᠯᠭ᠋ᠠᠯᠴᠠᠭ᠎ᠠ ᠵᠢ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ᠎ᠳᠤ ᠬᠤᠯᠪᠣᠭᠳᠠᠬᠤ ᠬᠥᠮᠦᠰ᠎ᠤᠨ ᠰᠡᠳᠬᠢᠴᠡ ᠵᠢᠨ ᠵᠢᠯᠣᠭᠤᠳᠤᠮᠵᠢ ᠵᠢ ᠴᠢᠩᠭ᠋ᠠᠳᠬᠠᠨ᠎ᠠ᠃ 《ᠵᠠᠯᠠᠭᠤᠴᠤᠳ ᠪᠠᠭ᠋ᠠᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠤᠨ ᠪᠠᠶ᠋ᠢᠷᠢ》᠂ 《ᠵᠠᠯᠠᠭᠤᠴᠤᠳ ᠪᠠᠭ᠋ᠠᠴᠤᠳ᠎ᠲᠤ ᠶᠠᠯ᠎ᠠ ᠬᠢᠬᠦ ᠬᠥᠮᠦᠨ ᠥᠬᠡᠶ᠂ ᠬᠤᠤᠷ ᠬᠥᠨᠥᠭᠡᠯ ᠥᠬᠡᠶ ᠨᠡᠶ᠋ᠢᠭᠡᠮ ᠲᠣᠭᠤᠷᠢᠭ (ᠲᠣᠰᠬᠤᠨ)》᠎ᠢ ᠡᠭᠦᠳᠦᠨ ᠪᠠᠶ᠋ᠢᠭᠤᠯᠬᠤ ᠵᠢ ᠠᠬᠢᠭᠤᠯᠵᠤ᠂ ᠵᠠᠯᠠᠭᠤᠴᠤᠳ ᠪᠠᠭ᠋ᠠᠴᠤᠳ᠎ᠤᠨ ᠶᠠᠯ᠎ᠠ ᠬᠢᠬᠦ ᠵᠢ ᠰᠡᠷᠭᠡᠶ᠋ᠢᠯᠡᠬᠦ ᠠᠵᠢᠯ᠎ᠤᠨ ᠦᠨᠳᠦᠰᠦᠨ ᠱᠠᠲᠤᠨ᠎ᠤ ᠰᠠᠭᠤᠷᠢ ᠵᠢ ᠴᠢᠩᠭ᠋ᠠᠳᠬᠠᠨ᠎ᠠ᠃
     (ᠬᠤᠷᠢᠨ ᠨᠢᠭᠡ) ᠨᠡᠶ᠋ᠢᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠣᠭ᠋ᠠᠷ ᠪᠦᠲᠦᠮᠵᠢᠲᠡᠶ ᠰᠢᠢ᠍ᠳᠪᠦᠷᠢᠯᠡᠨ᠎ᠡ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠣᠯᠠᠨ ᠲᠦᠮᠡᠨ᠎ᠤ ᠭᠤᠮᠣᠳᠠᠯ ᠱᠠᠭ᠋ᠠᠷᠳᠠᠯᠭ᠎ᠠ᠎ᠪᠠᠨ ᠢᠯᠡᠳᠬᠡᠬᠦ᠂ ᠠᠰᠢᠭ ᠲᠤᠰᠠ ᠵᠢ ᠵᠣᠬᠢᠴᠠᠭᠤᠯᠬᠤ᠂ ᠡᠷᠬᠡ ᠠᠰᠢᠭ᠎ᠢ ᠪᠠᠲᠤᠯᠠᠬᠤ ᠵᠠᠮ᠎ᠢ ᠰᠢᠯᠤᠭᠤᠳᠬᠠᠨ ᠵᠢᠷᠤᠮᠵᠢᠭᠤᠯᠵᠤ᠂ ᠵᠥᠷᠢᠴᠡᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠨᠡᠶ᠋ᠢᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠤᠯᠠᠨ ᠡᠰᠢᠴᠢᠯᠡᠨ ᠤᠷᠢᠳᠴᠢᠯᠠᠨ ᠰᠡᠷᠭᠡᠶ᠋ᠢᠯᠡᠬᠦ ᠡᠶᠡᠳᠡᠭᠦᠯᠦᠨ ᠰᠢᠢ᠍ᠳᠪᠦᠷᠢᠯᠡᠵᠦ ᠠᠷᠢᠯᠭ᠋ᠠᠬᠤ ᠶᠡᠷᠦᠩᠬᠡᠶ᠋ᠢᠯᠡᠭᠰᠡᠨ ᠲᠣᠭᠲᠠᠴᠠ ᠵᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠦᠨᠳᠦᠰᠦᠨ ᠱᠠᠲᠤᠨ᠎ᠳᠤ ᠰᠢᠢ᠍ᠳᠪᠦᠷᠢᠯᠡᠬᠦ᠎ᠪᠠᠷ ᠴᠢᠷᠮᠠᠶ᠋ᠢᠨ᠎ᠠ᠃ ᠵᠠᠷᠭᠤ ᠬᠢᠭᠡᠳ ᠵᠠᠬᠢᠳᠠᠯ ᠰᠤᠷᠪᠤᠯᠵᠢᠯᠠᠯ᠎ᠢ ᠰᠠᠯᠭ᠋ᠠᠬᠤ ᠳᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠵᠢ ᠭᠦᠨᠵᠡᠭᠡᠢ ᠠᠬᠢᠭᠤᠯᠤᠨ᠎ᠠ᠃ ᠠᠷᠠᠳ᠎ᠤᠨ ᠡᠶᠡᠳᠡᠭᠦᠯᠭᠡ ᠵᠢᠨ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ᠂ ᠬᠠᠤᠯᠢ ᠴᠠᠭ᠋ᠠᠵᠠ ᠵᠢᠨ ᠡᠶᠡᠳᠡᠭᠦᠯᠭᠡ ᠬᠤᠯᠪᠣᠭ᠋ᠠᠯᠠᠨ ᠬᠥᠳᠡᠯᠦᠯᠴᠡᠬᠦ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠡᠶᠡᠳᠡᠭᠦᠯᠭᠡ᠎ᠳᠠᠬᠢ ᠬᠠᠤᠯᠢᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢᠴᠢ ᠵᠢᠨ ᠡᠶᠡᠳᠡᠭᠦᠯᠭᠡ ᠵᠢᠨ ᠵᠠᠷᠤᠳᠠᠯ᠎ᠢ ᠪᠠᠲᠤᠯᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠰᠢᠶᠠᠨ (ᠬᠤᠲᠠ᠂ ᠲᠣᠭᠤᠷᠢᠭ᠂ ᠬᠤᠰᠢᠭᠤ)᠎ᠨᠢ ᠵᠥᠷᠢᠴᠡᠯ ᠵᠢᠭᠤᠷᠠᠯᠳᠤᠭ᠋ᠠᠨ ᠣᠯᠠᠨ ᠡᠭᠦᠰᠬᠦ ᠬᠦᠷᠢᠶᠡᠨ᠎ᠳᠤ 《ᠨᠢᠭᠡ ᠥᠷᠲᠡᠭᠡᠴᠢᠯᠡᠭᠰᠡᠨ ᠮᠠᠶᠢᠭ》᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠲᠣᠭᠲᠠᠴᠠ ᠪᠠᠶ᠋ᠢᠭᠤᠯᠬᠤ ᠵᠢ ᠰᠦᠪᠡᠭᠴᠢᠯᠡᠨ᠎ᠡ᠃ ᠬᠥᠳᠡᠭᠡ ᠲᠣᠰᠬᠤᠨ᠎ᠤ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠠᠵᠢᠯ᠎ᠢ ᠴᠢᠩᠭ᠋ᠠᠳᠬᠠᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠡᠶᠡᠳᠡᠭᠦᠯᠬᠦ᠂ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠠᠵᠢᠯ᠎ᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠢᠭᠤᠷᠠᠯᠳᠤᠭ᠋ᠠᠨ᠎ᠢ ᠰᠢᠢ᠍ᠳᠪᠤᠷᠢᠯᠡᠬᠦ 《ᠰᠠᠯᠭ᠋ᠠᠬᠤ ᠨᠡᠭᠡᠯᠡᠬᠡᠢ》 ᠵᠢᠨ ᠦᠶᠯᠡᠳᠦᠯ᠎ᠢ ᠪᠠᠳᠠᠷᠠᠭᠤᠯᠤᠨ᠎ᠠ᠃ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠦᠨᠳᠦᠰᠦᠨ ᠱᠠᠲᠤᠨ᠎ᠤ ᠨᠡᠶ᠋ᠢᠭᠡᠮ᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠠᠵᠢᠯ᠎ᠳᠤ ᠢᠳᠡᠪᠬᠢᠲᠡᠶ ᠣᠷᠣᠯᠴᠠᠬᠤ ᠵᠢ ᠠᠬᠢᠭᠤᠯᠵᠤ᠂ ᠬᠥᠨᠳᠡᠯᠡᠨ᠎ᠠᠴᠠ ᠲᠠᠰᠤᠯᠬᠤ ᠠᠵᠢᠯ᠎ᠢ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠎ᠳᠤ ᠠᠭᠤᠰᠤᠯᠴᠠᠭᠤᠯᠬᠤ ᠵᠢ ᠳᠡᠮᠵᠢᠨ᠎ᠡ᠃
      ᠵᠢᠷᠭᠤᠭ᠎ᠠ᠂ ᠰᠦᠯᠵᠢᠶᠡᠨ᠎ᠤ ᠣᠷᠣᠨ ᠵᠠᠶ ᠵᠢ ᠬᠠᠤᠯᠢ ᠶᠣᠰᠣᠭ᠋ᠠᠷ ᠵᠠᠰᠠᠨ᠎ᠠ
      ᠰᠦᠯᠵᠢᠶᠡᠨ᠎ᠤ ᠣᠷᠣᠨ ᠵᠠᠶ ᠬᠠᠤᠯᠢ᠎ᠠᠴᠠ ᠭᠠᠳᠠᠨᠠᠬᠢ ᠭᠠᠵᠠᠷ ᠪᠢᠰᠢ᠃ ᠨᠡᠶ᠋ᠢᠭᠡᠮ᠎ᠤᠨ ᠵᠠᠰᠠᠯᠲᠠ ᠵᠢ ᠪᠣᠳᠠᠲᠤ ᠨᠡᠶ᠋ᠢᠭᠡᠮ᠎ᠠᠴᠠ ᠰᠦᠯᠵᠢᠶᠡᠨ᠎ᠤ ᠣᠷᠣᠨ ᠵᠠᠶ ᠲᠠᠶ᠋ᠢᠰᠢ ᠪᠦᠷᠬᠦᠬᠦ ᠵᠢ ᠠᠬᠢᠭᠤᠯᠵᠤ᠂ ᠰᠦᠯᠵᠢᠶ᠎ᠡ ᠵᠢ ᠶᠡᠷᠦᠩᠬᠡᠶ᠋ᠢᠯᠡᠨ ᠵᠠᠰᠠᠬᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭ᠋ᠠᠷ ᠰᠦᠯᠵᠢᠶ᠎ᠡ ᠵᠢ ᠬᠠᠮᠢᠶᠠᠷᠬᠤ᠂ ᠬᠠᠤᠯᠢ ᠶᠣᠰᠣᠭ᠋ᠠᠷ ᠰᠦᠯᠵᠢᠶ᠎ᠡ ᠵᠢ ᠡᠷᠬᠢᠯᠡᠬᠦ᠂ ᠬᠠᠤᠯᠢ ᠶᠣᠰᠣᠭ᠋ᠠᠷ ᠰᠦᠯᠵᠢᠶᠡᠨ᠎ᠳᠤ ᠭᠠᠷᠬᠤ ᠵᠢ ᠴᠢᠩᠭ᠋ᠠᠳᠬᠠᠵᠤ᠂ ᠰᠦᠯᠵᠢᠶᠡᠨ᠎ᠤ ᠣᠷᠣᠨ ᠵᠠᠶ ᠵᠢ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠰᠦᠯᠵᠢᠶᠡᠨ᠎ᠤ ᠠᠷᠢᠭᠤᠨ ᠴᠡᠪᠡᠷ ᠣᠷᠣᠨ ᠵᠠᠶ ᠵᠢ ᠪᠤᠢ ᠪᠣᠯᠭ᠋ᠠᠨ᠎ᠠ᠃
     (ᠬᠤᠷᠢᠨ ᠬᠤᠶᠠᠷ) ᠰᠦᠯᠵᠢᠶᠡᠨ᠎ᠤ ᠬᠠᠤᠯᠢ ᠴᠠᠭ᠋ᠠᠵᠠ ᠵᠢᠨ ᠲᠦᠷᠢᠮ ᠲᠤᠭᠲᠠᠭ᠋ᠠᠯ᠎ᠢ ᠲᠡᠭᠦᠯᠳᠡᠷᠵᠢᠭᠦᠯᠦᠨ᠎ᠡ᠃ ᠲᠣᠭᠲᠠᠭ᠋ᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭ᠋ᠠᠬᠤ᠂ ᠲᠠᠶ᠋ᠢᠯᠪᠤᠷᠢᠯᠠᠬᠤ ᠵᠢ ᠵᠡᠷᠭᠡ᠎ᠪᠠᠷ ᠠᠳᠬᠤᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠲᠣ ᠵᠢᠨ ᠭᠡᠷᠡᠭᠵᠢᠬᠦᠯᠵᠤ ᠪᠠᠶ᠋ᠢᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠦᠯᠵᠢᠶᠡᠨ᠎ᠤ ᠣᠷᠣᠨ ᠵᠠᠶ᠎ᠳᠤ ᠬᠡᠷᠡᠭᠯᠡᠬᠦ ᠵᠢ ᠠᠬᠢᠭᠤᠯᠤᠨ᠎ᠠ᠃ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠯ᠎ᠠ᠎ᠪᠠᠷ᠎ᠬᠢ ᠬᠠᠤᠯᠢ ᠴᠠᠭ᠋ᠠᠵᠠ ᠬᠠᠤᠯᠢ ᠲᠤᠬᠳᠠᠭ᠋ᠠᠯ᠎ᠢ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠵᠤ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠲᠣᠭᠲᠠᠭ᠋ᠠᠵᠤ᠂ ᠰᠦᠯᠵᠢᠶᠡᠨ᠎ᠤ ᠰᠢᠭᠤᠳ ᠨᠡᠪᠲᠡᠷᠡᠭᠦᠯᠭᠡ᠂ ᠬᠤᠪᠢ ᠵᠢᠨ ᠵᠠᠭᠤᠴᠢᠯᠠᠭᠤᠷ᠂ ᠮᠡᠳᠡᠯᠭᠡ ᠵᠢᠨ ᠨᠡᠶ᠋ᠢᠭᠡᠮ ᠲᠤᠭᠤᠷᠢᠭ᠎ᠤᠨ ᠠᠰᠠᠭᠤᠯᠲᠠ ᠬᠠᠷᠢᠭᠤᠯᠲᠠ ᠵᠡᠷᠭᠡ ᠰᠢᠨ᠎ᠡ ᠵᠠᠭᠤᠴᠢᠯᠠᠭᠤᠷ᠎ᠤᠨ ᠡᠵᠡᠩᠨᠡᠯᠲᠡ ᠵᠢᠨ ᠬᠡᠯᠪᠡᠷᠢ ᠪᠠᠶ᠋ᠢᠳᠠᠯ ᠪᠠ ᠪᠤᠳᠤᠬᠤ ᠠᠷᠭ᠎ᠠ ᠵᠢ ᠪᠠᠲᠤᠯᠠᠨ ᠲᠠᠨᠢᠯᠴᠠᠭᠤᠯᠬᠤ᠂ ᠭᠦᠨᠵᠡᠭᠡᠶ ᠬᠠᠭᠤᠷᠮᠠᠭᠯᠠᠨ ᠵᠣᠬᠢᠶᠠᠬᠤ ᠵᠡᠷᠭᠡ ᠰᠢᠨ᠎ᠡ ᠮᠡᠷᠭᠡᠵᠢᠯ᠎ᠤᠨ ᠬᠡᠷᠡᠭᠯᠡᠭᠡᠨ᠎ᠤ ᠵᠢᠷᠤᠮᠵᠢᠭᠰᠠᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ ᠲᠡᠭᠦᠯᠳᠡᠷᠵᠢᠭᠦᠯᠦᠨ᠎ᠡ᠃ ᠰᠦᠯᠵᠢᠶᠡᠨ᠎ᠤ ᠠᠮᠤᠷ ᠲᠦᠪᠰᠢᠨ᠎ᠤ ᠬᠠᠤᠯᠢ ᠵᠢᠨ ᠢᠵᠢ ᠪᠦᠷᠢᠳᠦᠭᠦᠯᠬᠦ ᠲᠣᠭᠲᠠᠭ᠋ᠠᠯ ᠪᠠ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠦᠭᠡᠷᠦᠮᠵᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠢᠶᠠᠷᠬᠤ ᠪᠠ ᠰᠦᠯᠵᠢᠶᠡᠨ᠎ᠤ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠵᠡᠷᠭᠡ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠤ᠂ ᠲᠤᠮᠤ ᠳ᠋ᠠᠶ᠋ᠢᠲ᠋ᠠ᠂ ᠡᠭᠦᠯᠡᠨ ᠪᠤᠳᠤᠯᠳᠠ ᠪᠠ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ᠎ᠢ ᠰᠤᠳᠤᠯᠤᠨ ᠨᠡᠭᠡᠭᠡᠵᠦ ᠬᠡᠷᠡᠭᠯᠡᠬᠦ ᠵᠢ ᠵᠢᠷᠤᠮᠵᠢᠭᠤᠯᠤᠨ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ᠃ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ ᠵᠢ ᠰᠤᠳᠤᠯᠤᠨ ᠲᠣᠭᠲᠠᠭ᠋ᠠᠨ᠎ᠠ᠃ ᠢᠨᠲ᠋ᠧᠷ ᠰᠦᠯᠵᠢᠶᠡᠨ᠎ᠤ ᠮᠡᠷᠭᠡᠵᠢᠯ᠂ ᠬᠤᠳᠠᠯᠳᠤᠭ᠋ᠠᠨ᠎ᠤ ᠵᠠᠭᠪᠤᠷ᠂ ᠲᠤᠮᠤ ᠳ᠋ᠠᠶ᠋ᠢᠲ᠋ᠠ ᠵᠡᠷᠭᠡ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠠᠯ᠎ᠠ᠎ᠪᠠᠷ᠎ᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ ᠨᠠᠰᠤᠨ᠎ᠳᠤ ᠥᠯᠥ ᠭᠦᠷᠦᠭᠰᠡᠳ᠎ᠤᠨ ᠶᠠᠯ᠎ᠠ ᠬᠢᠬᠦ ᠵᠢ ᠰᠡᠷᠭᠡᠶ᠋ᠢᠯᠡᠬᠦ ᠬᠠᠤᠯᠢ᠎ᠳᠤ ᠵᠠᠰᠠᠪᠤᠷᠢ ᠣᠷᠣᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶ᠎ᠡ᠎ᠪᠠᠷ ᠬᠠᠮᠠᠭ᠋ᠠᠯᠠᠬᠤ ᠲᠦᠷᠢᠮ᠎ᠢ ᠲᠣᠭᠲᠠᠭ᠋ᠠᠨ᠎ᠠ᠃ ᠬᠢᠯᠢ ᠠᠯᠤᠰᠯᠠᠭᠰᠠᠨ ᠡᠯᠸᠺᠲᠷᠤᠨ ᠬᠤᠳᠠᠯᠳᠤᠭ᠋ᠠᠨ᠎ᠤ ᠲᠦᠷᠢᠮ᠎ᠢ ᠲᠡᠭᠦᠯᠳᠡᠷᠵᠢᠭᠦᠯᠵᠦ᠂ ᠬᠢᠯᠢ ᠠᠯᠤᠰᠯᠠᠭᠰᠠᠨ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠡᠵᠡᠩᠨᠡᠭᠴᠢ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠲᠣᠭ᠋ᠠᠴᠢᠯᠠᠭᠰᠠᠨ ᠠᠵᠤ ᠠᠬᠤᠶ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠂ ᠮᠡᠳᠡᠭᠡ ᠵᠠᠩᠭᠢ ᠵᠢᠨ ᠮᠡᠷᠭᠡᠵᠢᠯ᠂ ᠰᠦᠯᠵᠢᠶᠡᠨ᠎ᠤ ᠠᠮᠤᠷ ᠲᠦᠪᠰᠢᠨ ᠵᠡᠷᠭᠡ ᠬᠦᠷᠢᠶᠡᠨ᠎ᠳᠠᠬᠢ ᠣᠯᠠᠨ ᠤᠯᠤᠰ᠎ᠤᠨ ᠲᠦᠷᠢᠮ ᠪᠠ ᠪᠠᠷᠢᠮᠵᠢᠶ᠎ᠠ ᠲᠣᠭᠲᠠᠭ᠋ᠠᠬᠤ᠎ᠳᠤ ᠢᠳᠡᠪᠬᠢᠲᠡᠶ ᠣᠷᠣᠯᠴᠠᠨ᠎ᠠ᠃
     (ᠬᠤᠷᠢᠨ ᠭᠤᠷᠪᠠ) ᠰᠦᠯᠵᠢᠶᠠᠨ᠎ᠤ ᠬᠠᠤᠯᠢᠵᠢᠯ᠎ᠤᠨ ᠤᠬᠠᠮᠰᠠᠷ᠎ᠢ ᠪᠤᠶ᠋ᠢᠵᠢᠭᠤᠯᠤᠨ᠎ᠠ᠃ ᠬᠠᠤᠯᠢ ᠶᠣᠰᠣᠭ᠋ᠠᠷ ᠰᠦᠯᠵᠢᠶ᠎ᠡ ᠵᠢ ᠵᠠᠰᠠᠬᠤ ᠪᠠ ᠶᠣᠰᠣ ᠮᠣᠷᠠᠯ ᠵᠶ᠋ᠠᠷ ᠰᠦᠯᠵᠢᠶ᠎ᠡ ᠵᠢ ᠵᠠᠰᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠴᠠᠭ ᠦᠶ᠎ᠡ ᠵᠢᠨ ᠭᠤᠤᠯ ᠬᠦᠭ ᠠᠶᠠᠰ ᠪᠠ ᠨᠡᠶ᠋ᠢᠭᠡᠮ᠎ᠤᠨ ᠢᠳᠡᠪᠬᠢ ᠬᠦᠴᠦᠨ᠎ᠢ ᠪᠠᠳᠠᠷᠠᠭᠤᠯᠤᠨ᠎ᠠ᠃ ᠢᠨᠲ᠋ᠧᠷ ᠰᠦᠯᠵᠢᠶᠡᠨ᠎ᠤ ᠠᠭᠤᠯᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ ᠰᠢᠨ᠎ᠡ ᠵᠢ ᠡᠭᠦᠳᠴᠦ᠂ ᠨᠡᠶ᠋ᠢᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠲᠡ᠂ ᠳᠤᠮᠳᠠᠳᠤ ᠵᠢᠨ ᠰᠣᠶᠣᠯ᠎ᠢ ᠰᠢᠨ᠎ᠡ ᠵᠠᠭᠤᠴᠢᠯᠠᠭᠤᠷ ᠵᠶ᠋ᠠᠷ ᠤᠯᠠᠮᠵᠢᠯᠠᠬᠤ ᠵᠡᠷᠭᠡ ᠢᠨᠵᠧᠨᠧᠷᠢᠩ᠎ᠢ ᠬᠡᠷᠡᠭᠵᠢᠭᠦᠯᠦᠨ᠎ᠡ᠃ ᠰᠦᠯᠵᠢᠶᠡᠨ᠎ᠤ ᠵᠠᠭᠤᠴᠢᠯᠠᠭᠤᠷ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠦᠷᠢᠶᠡᠨ᠎ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ 《ᠬᠠᠷ᠎ᠠ ᠲᠠᠩᠰᠠ》 ᠵᠢᠨ ᠲᠦᠷᠢᠮ ᠪᠠ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠠᠬᠢᠭᠤᠯᠵᠤ᠂ ᠰᠦᠯᠵᠢᠶᠡᠨ᠎ᠤ ᠦᠨᠡᠨᠴᠢ ᠢᠲᠡᠭᠡᠮᠵᠢ ᠵᠢᠨ ᠳᠦᠷᠢᠮᠵᠢᠯᠲᠡ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠴᠤᠤᠷᠬᠠᠯ᠂ ᠱᠠᠯᠢᠭ ᠵᠠᠪᠬᠠᠶ᠂ ᠬᠦᠴᠦᠷᠬᠡᠭᠯᠡᠯ᠂ ᠮᠤᠬᠤᠷ ᠪᠢᠰᠢᠷᠡᠯ᠂ ᠭᠠᠵᠢᠭᠤ ᠨᠣᠮᠯᠠᠯ ᠵᠡᠷᠭᠡ ᠬᠤᠤᠷ ᠬᠦᠨᠦᠭᠡᠯ᠎ᠲᠠᠢ ᠮᠡᠳᠡᠭᠡ ᠵᠠᠩᠭᠢ ᠵᠢ ᠰᠦᠯᠵᠢᠶᠡᠨ᠎ᠤ ᠣᠷᠣᠨ ᠵᠠᠶ᠎ᠳᠤ ᠲᠡᠮᠵᠢᠭᠤᠯᠤᠨ ᠲᠠᠷᠬᠠᠭ᠋ᠠᠬᠤ ᠠᠵᠢᠯᠯᠠᠭ᠎ᠠ᠎ᠳᠤ ᠡᠷᠡᠰ ᠵᠶ᠋ᠠᠷ ᠴᠣᠬᠢᠯᠲᠠ ᠥᠭᠴᠦ᠂ ᠢᠨᠲ᠋ᠧᠷ ᠰᠦᠯᠵᠢᠶᠡᠨ᠎ᠤ ᠬᠠᠤᠯᠢ ᠵᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠵᠢᠨ ᠢᠯᠡᠴᠢᠯᠡᠯᠲᠡ ᠵᠢ ᠨᠢᠭᠡ ᠴᠤᠭᠴᠠᠵᠢᠭᠤᠯᠤᠨ ᠬᠦᠯᠢᠶᠡᠨ ᠠᠪᠴᠤ ᠰᠢᠢ᠍ᠳᠪᠦᠷᠢᠯᠡᠬᠦ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠪᠦᠬᠦ ᠨᠡᠶ᠋ᠢᠭᠡᠮ᠎ᠤᠨ ᠰᠦᠯᠵᠢᠶᠡᠨ᠎ᠤ ᠬᠠᠤᠯᠢᠵᠢᠯ ᠪᠠ ᠰᠦᠯᠵᠢᠶᠡᠨ᠎ᠤ ᠬᠡᠪ ᠪᠣᠯᠪᠠᠰᠤᠷᠠᠯ᠎ᠤᠨ ᠬᠥᠮᠦᠵᠢᠯ᠎ᠢ ᠴᠢᠩᠭ᠋ᠠᠳᠬᠠᠵᠤ᠂ ᠰᠦᠯᠵᠢᠶᠡᠨ᠎ᠤ ᠬᠡᠪ ᠪᠣᠯᠪᠠᠰᠤᠷᠠᠯ᠎ᠤᠨ ᠬᠥᠮᠦᠵᠢᠯ᠎ᠤᠨ ᠵᠦᠭᠯᠡᠭᠦᠷ᠎ᠢ ᠲᠣᠭᠲᠠᠭ᠋ᠠᠨ᠎ᠠ᠃ ᠵᠠᠯᠠᠭᠤᠴᠤᠳ ᠪᠠᠭ᠋ᠠᠴᠤᠳ᠎ᠤᠨ ᠰᠦᠯᠵᠢᠶᠡᠨ᠎ᠤ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠵᠠᠯᠠᠭᠤᠴᠤᠳ ᠪᠠᠭ᠋ᠠᠴᠤᠳ᠎ᠤᠨ ᠣᠶᠤᠨᠴᠢ᠎ᠪᠠᠷ ᠰᠦᠯᠵᠢᠶᠡᠨ᠎ᠳᠤ ᠭᠠᠷᠬᠤ ᠵᠢ ᠬᠥᠲᠥᠯᠥᠨ ᠵᠢᠯᠣᠭᠤᠳᠤᠨ᠎ᠠ᠃ ᠳᠤᠮᠳᠠᠳᠤ ᠤᠯᠤᠰ᠎ᠤᠨ ᠰᠠᠶ᠋ᠢᠨ ᠰᠦᠯᠵᠢᠶᠡᠨ ᠠᠷᠠᠳ᠎ᠤᠨ ᠢᠨᠵᠧᠨᠧᠷᠢᠩ ᠪᠣᠯᠤᠨ ᠰᠦᠯᠵᠢᠶᠡᠨ᠎ᠤ ᠨᠡᠶ᠋ᠢᠲᠡ ᠵᠢᠨ ᠠᠰᠠᠷᠠᠮᠵᠢ ᠵᠢᠨ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠰᠦᠯᠵᠢᠶᠡᠨ᠎ᠤ ᠢᠷᠭᠡᠳ᠎ᠤᠨ ᠪᠣᠯᠪᠠᠰᠤᠨ ᠵᠶ᠋ᠠᠷ ᠰᠦᠯᠵᠢᠶᠡᠨ᠎ᠳᠤ ᠭᠠᠷᠬᠤ᠂ ᠣᠶᠤᠨᠴᠢ᠎ᠪᠠᠷ ᠢᠯᠡᠳᠬᠡᠬᠦ ᠵᠢ ᠬᠥᠲᠥᠯᠦᠨ ᠵᠢᠯᠣᠭᠤᠳᠴᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ᠎ᠤ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃
     (ᠬᠤᠷᠢᠨ ᠳᠥᠷᠪᠡ) ᠠᠷᠠᠳ ᠢᠷᠭᠡᠳ᠎ᠤᠨ ᠬᠠᠤᠯᠢ ᠶᠣᠰᠣᠭ᠋ᠠᠷ ᠠᠮᠤᠷ ᠲᠦᠪᠰᠢᠨ ᠵᠶ᠋ᠠᠷ ᠰᠦᠯᠵᠢᠶ᠎ᠡ ᠬᠡᠷᠡᠭᠯᠡᠬᠦ ᠵᠢ ᠪᠠᠲᠤᠯᠠᠨ᠎ᠡ᠃ ᠰᠦᠯᠵᠢᠶᠡᠨ᠎ᠤ ᠠᠮᠤᠷ ᠲᠦᠪᠰᠢᠨ᠎ᠤ ᠲᠤᠬᠠᠶ ᠵᠥᠪ ᠦᠵᠡᠯᠲᠡ ᠵᠢ ᠪᠠᠲᠤ ᠪᠤᠢ ᠪᠣᠯᠭ᠋ᠠᠵᠤ᠂ ᠰᠦᠯᠵᠢᠶᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠬᠠᠤᠯᠢ ᠶᠣᠰᠣᠭ᠋ᠠᠷ ᠰᠡᠷᠭᠡᠶ᠋ᠢᠯᠡᠨ᠎ᠡ᠃ ᠰᠦᠯᠵᠢᠶᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠰᠦᠯᠵᠢᠶᠡᠨ᠎ᠤ ᠮᠡᠳᠡᠭᠡ ᠵᠠᠩᠭᠢ ᠵᠢᠨ ᠠᠵᠤ ᠠᠬᠤᠶ᠋ᠢᠯᠠᠯ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠣᠷᠬᠠᠶ᠋ᠢᠯᠠᠨ᠎ᠠ᠃ ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ ᠰᠦᠯᠵᠢᠶᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠮᠡᠳᠡᠭᠦᠯᠬᠦ ᠲᠣᠭᠲᠠᠴᠠ᠂ ᠰᠤᠳᠤᠯᠤᠨ ᠮᠠᠭ᠋ᠠᠳᠯᠠᠵᠤ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠳᠦᠷᠢᠮ᠎ᠢ ᠪᠦᠷᠢᠨᠰᠢᠭᠦᠯᠦᠨ᠎ᠡ᠃ ᠰᠦᠯᠵᠢᠶᠡᠨ᠎ᠤ ᠣᠷᠣᠨ ᠵᠠᠶ ᠵᠢᠨ ᠴᠢᠮᠡᠭᠡ ᠬᠤᠯᠪᠣᠭ᠎ᠠ ᠵᠢᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠨᠢᠭᠤᠴᠠ ᠵᠢᠴᠢ ᠨᠡᠷ᠎ᠡ ᠬᠦᠨᠳᠦ ᠵᠢᠨ ᠡᠷᠬᠡ᠂ ᠡᠳ᠋ ᠬᠦᠷᠦᠩᠭᠡ ᠵᠢᠨ ᠡᠷᠬᠡ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢ ᠴᠢᠩᠭ᠋ᠠᠳᠬᠠᠨ᠎ᠠ᠃ ᠬᠡᠷᠡᠭᠯᠡᠭᠴᠢ ᠵᠢᠨ ᠪᠡᠶ᠎ᠡ ᠵᠢᠨ ᠭᠠᠷᠤᠯ᠂ ᠴᠢᠮᠡᠭᠡ ᠬᠤᠯᠪᠣᠭ᠋ᠠᠨ᠎ᠤ ᠠᠭᠤᠯᠭ᠎ᠠ ᠵᠡᠷᠭᠡ ᠬᠤᠪᠢ ᠬᠥᠮᠦᠨ᠎ᠤ ᠮᠡᠳᠡᠭᠡ ᠵᠠᠩᠭᠢ ᠵᠢ ᠴᠤᠭᠯᠠᠭᠤᠯᠤᠨ ᠬᠡᠷᠡᠭᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ᠂ ᠢᠷᠬᠡᠨ᠎ᠤ ᠬᠤᠪᠢ ᠬᠥᠮᠦᠨ᠎ᠤ ᠮᠡᠳᠡᠭᠡ ᠵᠠᠩᠭᠢ ᠵᠢ ᠬᠠᠤᠯᠢ ᠪᠤᠰᠤ᠎ᠪᠠᠷ ᠣᠯᠤᠭᠰᠠᠨ᠂ ᠵᠠᠳᠠᠷᠠᠭᠤᠯᠤᠭᠰᠠᠨ᠂ ᠬᠤᠳᠠᠯᠳᠤᠭᠰᠠᠨ᠂ ᠬᠠᠩᠭ᠋ᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠢᠢ᠍ᠳᠬᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠵᠤ ᠠᠬᠤᠶ᠋ᠢᠯᠠᠯ᠎ᠢ ᠱᠠᠯᠠᠪᠳᠠᠭᠤᠯᠵᠤ ᠪᠠᠶ᠋ᠢᠭ᠋ᠠᠳ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠃ ᠰᠦᠯᠵᠢᠶ᠎ᠡ ᠪᠠ ᠮᠡᠳᠡᠭᠡ ᠵᠠᠩᠭᠢ ᠵᠢᠨ ᠭᠡᠨᠡᠳᠲᠡ ᠡᠭᠦᠰᠬᠦ ᠠᠮᠤᠷ ᠲᠦᠪᠰᠢᠨ᠎ᠤ ᠬᠡᠷᠡᠭ᠎ᠢ ᠪᠠᠴᠢᠮ ᠠᠷᠭ᠋ᠠᠴᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠰᠦᠯᠵᠢᠶᠡᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠢᠨᠠᠨ ᠡᠵᠡᠮᠳᠡᠬᠦ ᠪᠠ ᠪᠠᠶ᠋ᠢᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠮᠥᠩᠭᠦᠨ ᠭᠦᠢ᠍ᠯᠭᠡᠭᠡᠨ᠎ᠤ ᠶᠠᠯᠠᠲᠤ ᠠᠵᠢᠯᠯᠠᠭ᠎ᠠ᠂ ᠰᠦᠯᠵᠢᠶᠡᠨ᠎ᠤ ᠭᠦᠳᠬᠡᠯ᠂ ᠰᠦᠯᠵᠢᠶᠡᠨ᠎ᠤ ᠮᠡᠬᠡᠯᠡᠯ᠂ ᠰᠦᠯᠵᠢᠶᠡᠨ᠎ᠤ ᠱᠠᠯᠢᠭ ᠵᠠᠪᠬᠠᠶ ᠵᠦᠢ᠍ᠯ᠂ ᠨᠢᠭᠤᠴᠠ ᠵᠢ ᠬᠤᠯᠠᠭ᠋ᠠᠶ᠋ᠢᠯᠠᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠤᠬᠢᠯᠳᠠ ᠦᠭᠬᠦ ᠤᠯᠠᠨ ᠤᠯᠤᠰ᠎ᠤᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠨ᠎ᠠ᠃
      ᠳᠣᠯᠤᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ
      ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠵᠤ᠂ ᠪᠦᠬᠦ ᠨᠡᠶ᠋ᠢᠭᠡᠮ᠎ᠤᠨ ᠬᠦᠴᠦᠨ᠎ᠢ ᠨᠢᠭᠲᠠᠷᠠᠭᠤᠯᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃
     (ᠬᠤᠷᠢᠨ ᠲᠠᠪᠤ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠨᠠᠮ᠎ᠤᠨ ᠤᠳᠤᠷᠢᠳᠤᠯᠭ᠎ᠠ ᠪᠣᠯ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ᠂ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠤᠯᠤᠰ᠎ᠤᠨ ᠪᠦᠳᠦᠭᠡᠨ ᠪᠠᠶ᠋ᠢᠭᠤᠯᠤᠯᠳᠠ ᠵᠢ ᠲᠦᠷᠭᠡᠳᠭᠡᠬᠦ ᠬᠠᠮᠤᠭ᠎ᠤᠨ ᠦᠨᠳᠦᠰᠦᠨ ᠪᠠᠲᠤᠯᠠᠭ᠎ᠠ ᠮᠥᠨ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ᠎ᠨᠢ ᠲᠤᠰ ᠭᠠᠵᠠᠷ ᠣᠷᠣᠨ᠎ᠤ᠎ᠪᠠᠨ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠤᠳᠤᠷᠢᠳᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠶᠠᠪᠤᠴᠠ᠎ᠳᠠᠬᠢ ᠭᠤᠤᠯᠳᠠᠯᠭ᠎ᠠ᠎ᠲᠠᠢ ᠪᠡᠷᠬᠡ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ᠎ᠬᠢᠨ ᠨᠠᠮ᠎ᠤᠨ ᠬᠤᠷᠢᠶᠠᠨ᠎ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠴᠢᠬᠤᠯᠠ ᠪᠠᠶ᠋ᠢᠷᠢᠨ᠎ᠳᠤ ᠲᠠᠯᠪᠢᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ᠎ᠳᠠᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠠᠶ᠋ᠢᠴᠢᠨ ᠪᠠᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
   (ᠬᠤᠷᠢᠨ ᠵᠢᠷᠭᠤᠭ᠎ᠠ) ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠬᠤ ᠵᠢ ᠴᠢᠩᠭ᠋ᠠᠳᠬᠠᠨ᠎ᠠ᠃ ᠬᠠᠤᠯᠢᠵᠢᠯ᠎ᠤᠨ ᠨᠡᠶ᠋ᠢᠭᠡᠮ ᠪᠠ ᠬᠠᠤᠯᠢᠵᠢᠯ᠎ᠤᠨ ᠤᠯᠤᠰ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠬᠠᠷᠢᠯᠴᠠᠨ ᠵᠣᠬᠢᠴᠠᠭᠤᠯᠬᠤ ᠵᠢ ᠪᠠᠷᠢᠮᠲᠠᠯᠠᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠰᠢᠨ᠎ᠡ ᠴᠠᠭ ᠦᠶ᠎ᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ᠎ᠲᠠᠢ ᠬᠠᠷᠢᠯᠴᠠᠨ ᠵᠣᠬᠢᠴᠠᠭᠤᠯᠬᠤ ᠵᠢ ᠪᠠᠷᠢᠮᠲᠠᠯᠠᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶᠠᠨ᠎ᠤ ᠬᠠᠤᠯᠢᠵᠢᠯ᠎ᠤᠨ ᠪᠠᠶ᠋ᠢᠭᠤᠯᠤᠯᠲᠠ ᠵᠢ ᠵᠥᠪᠯᠡᠨ ᠵᠣᠬᠢᠴᠠᠭᠤᠯᠬᠤ ᠪᠠᠶ᠋ᠢᠭᠤᠯᠤᠮᠵᠢ᠎ᠨᠢ ᠲᠤᠰ ᠭᠠᠵᠠᠷ ᠣᠷᠣᠨ᠎ᠤ᠎ᠪᠠᠨ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠨᠢᠬᠡᠳᠤᠯᠳᠠᠢ ᠲᠦᠯᠤᠪᠵᠢᠬᠦᠯᠤᠨ ᠰᠦᠪᠡᠭᠴᠢᠯᠡᠬᠦ ᠵᠢ ᠴᠢᠩᠭ᠋ᠠᠳᠬᠠᠨ᠎ᠠ᠃ ᠳᠡᠭᠡᠳᠤ ᠳᠣᠣᠷᠠᠳᠤ ᠱᠠᠲᠤ ᠵᠣᠬᠢᠴᠠᠭᠤᠯᠬᠤ᠂ ᠰᠠᠯᠠᠭ᠎ᠠ ᠮᠥᠴᠢᠷ᠎ᠤᠳ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠤᠢ ᠪᠣᠯᠭ᠋ᠠᠨ᠎ᠠ᠃ ᠪᠦᠬᠦ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠨ᠎ᠢ ᠭᠦᠢ᠍ᠴᠡᠳ ᠳᠠᠶ᠋ᠢᠴᠢᠯᠠᠨ ᠣᠯᠠᠨ ᠵᠦᠢ᠍ᠯ᠎ᠤᠨ ᠬᠡᠯᠪᠡᠷᠢ᠎ᠪᠠᠷ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ᠎ᠳᠤ ᠣᠷᠣᠯᠴᠠᠭᠤᠯᠵᠤ᠂ ᠠᠷᠠᠳ ᠢᠷᠭᠡᠨ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠠᠷᠠᠳ᠎ᠤᠨ ᠪᠦᠯᠬᠦᠮ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠵᠢᠨ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠳᠤᠮᠳᠠᠬᠢ ᠢᠳᠡᠪᠬᠢ ᠦᠢ᠍ᠯᠡᠳᠦᠯ᠎ᠢ ᠴᠢᠨᠠᠬᠰᠢᠳᠠ ᠪᠠᠳᠠᠷᠠᠭᠤᠯᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠬᠠᠮᠤᠭ᠎ᠤᠨ ᠶᠡᠭᠡ ᠬᠠᠮᠳᠤᠷᠠᠯ ᠬᠦᠴᠦᠨ᠎ᠢ ᠪᠦᠷᠢᠯᠳᠦᠭᠦᠯᠦᠨ᠎ᠡ᠃
     (ᠬᠤᠷᠢᠨ ᠳᠣᠯᠤᠭ᠎ᠠ) ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠠ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠪᠦᠷᠢᠨᠰᠢᠭᠦᠯᠦᠨ᠎ᠡ᠃ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠲᠤᠬᠠᠶ ᠨᠠᠮ᠎ᠤᠨ ᠲᠥᠪ ᠬᠤᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠶ ᠭᠠᠵᠠᠷ᠎ᠲᠤ᠎ᠨᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠬᠢᠨᠠᠨ ᠰᠢᠯᠭ᠋ᠠᠵᠤ ᠦᠨᠡᠯᠡᠬᠦ ᠵᠢᠨ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ᠎ᠳᠤ ᠦᠵᠡᠭᠦᠯᠬᠦ ᠴᠢᠬᠤᠯᠠ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢ ᠦᠨᠡᠯᠡᠬᠦ ᠭᠦᠢ᠍ᠴᠡᠳᠬᠡᠯ ᠲᠣᠭ᠋ᠠᠨ᠎ᠤ ᠰᠢᠰᠲ᠋ᠧᠮ᠎ᠢ ᠲᠣᠭᠲᠠᠭ᠋ᠠᠨ᠎ᠠ᠃ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠬᠡᠮᠵᠢᠨ ᠲᠣᠭᠲᠠᠭ᠋ᠠᠬᠤ ᠲᠦᠷᠢᠮ᠎ᠢ ᠲᠡᠭᠦᠯᠳᠡᠷᠵᠢᠭᠦᠯᠵᠦ᠂ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠨ ᠪᠠᠶ᠋ᠢᠴᠠᠭ᠋ᠠᠬᠤ ᠴᠢᠬᠤᠯᠠ ᠭᠦᠢ᠍ᠴᠡᠳᠬᠡᠯ ᠲᠤᠭ᠎ᠠ ᠪᠣᠯᠭ᠋ᠠᠨ᠎ᠠ᠃
     (ᠬᠤᠷᠢᠨ ᠨᠠᠢ᠍ᠮᠠ) ᠣᠨᠣᠯ᠎ᠤᠨ ᠰᠤᠳᠤᠯᠤᠯ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠤᠨᠤᠯ ᠪᠠ ᠦᠢ᠍ᠯᠡᠳᠦᠯᠭᠡ ᠵᠢᠨ ᠰᠤᠳᠤᠯᠭ᠋ᠠᠨ᠎ᠢ ᠴᠢᠩᠭ᠋ᠠᠳᠬᠠᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ᠎ᠳᠤ ᠶᠣᠰᠣ ᠵᠦᠶ ᠵᠢᠨ ᠲᠤᠯᠭ᠋ᠠᠭᠤᠷᠢᠯᠠᠯ ᠪᠠ ᠤᠶᠤᠨ᠎ᠤ ᠳᠡᠮᠵᠢᠯᠭᠡ ᠬᠠᠩᠭ᠋ᠠᠨ᠎ᠠ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠣᠶᠤᠨ᠎ᠤ ᠬᠥᠮᠥᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠣᠨᠣᠯ᠎ᠤᠨ ᠰᠤᠳᠤᠯᠭ᠋ᠠᠨ᠎ᠤ ᠰᠠᠭᠤᠷᠢᠨ᠎ᠢ ᠶᠡᠭᠡ᠎ᠪᠠᠷ ᠪᠠᠶ᠋ᠢᠭᠤᠯᠤᠨ᠎ᠠ᠃ ᠶᠠᠷᠢᠶ᠎ᠠ ᠬᠡᠯᠡᠯᠴᠡᠬᠡᠨ᠎ᠤ ᠤᠳᠤᠷᠢᠳᠤᠮᠵᠢ ᠵᠢ ᠴᠢᠩᠭ᠋ᠠᠳᠬᠠᠵᠤ᠂ ᠲᠡᠷᠢᠬᠦᠨ᠎ᠤ ᠨᠡᠶ᠋ᠢᠳᠡᠯᠢᠭ ᠵᠢᠱ᠌ᠢᠶ᠎ᠠ ᠵᠢᠨ ᠲᠠᠭᠤᠷᠢᠶᠠᠯ ᠦᠵᠡᠬᠦᠯᠤᠨ ᠲᠠᠶ᠋ᠢᠴᠢᠯᠠᠬᠤ ᠤᠢ᠍ᠢ᠍ᠯᠡᠳᠤᠯ᠎ᠢ ᠬᠦᠢ᠍ᠴᠡᠳ ᠪᠠᠳᠠᠷᠠᠭᠤᠯᠵᠤ᠂ ᠨᠡᠶ᠋ᠢᠬᠡᠮ᠎ᠤᠨ ᠬᠠᠮᠳᠤ ᠵᠢᠨ ᠲᠠᠨᠢᠯᠳᠠ ᠵᠢ ᠨᠢᠬᠳᠠᠷᠠᠭᠤᠯᠵᠤ ᠪᠦᠬᠦ ᠠᠷᠠᠳ ᠢᠷᠬᠡᠳ ᠵᠶ᠋ᠠᠷ ᠵᠶ᠋ᠠᠨ ᠬᠠᠤᠯᠢᠵᠢᠯ᠎ᠤᠨ ᠨᠡᠶ᠋ᠢᠬᠡᠮ᠎ᠤᠨ ᠪᠠᠶ᠋ᠢᠭᠤᠯᠤᠯᠳᠠ ᠵᠢ ᠬᠠᠯᠠᠮᠵᠢᠯᠠᠬᠤ᠂ ᠲᠡᠮᠵᠢᠬᠦ ᠪᠠ ᠤᠷᠤᠯᠴᠠᠬᠤ ᠶᠡᠭᠡ ᠰᠠᠶ᠋ᠢᠨ ᠤᠷᠴᠢᠨ ᠪᠠᠶ᠋ᠢᠳᠠᠯ᠎ᠢ ᠪᠤᠢ ᠪᠤᠯᠭ᠋ᠠᠨ᠎ᠠ᠃ ᠬᠠᠤᠯᠢᠵᠢᠯ᠎ᠤᠨ ᠨᠡᠶ᠋ᠢᠬᠡᠮ᠎ᠤᠨ ᠪᠠᠶ᠋ᠢᠭᠤᠯᠤᠯᠳᠠ ᠵᠢᠨ ᠴᠠᠭ᠋ᠠᠨ ᠭᠠᠳᠠᠷᠳᠤ ᠪᠢᠴᠢᠭ᠎ᠢ ᠵᠤᠬᠢᠰᠲᠠᠢ ᠴᠠᠬ᠎ᠲᠤ ᠨᠡᠶ᠋ᠢᠳᠠᠯᠠᠨ᠎ᠠ᠃
      ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠎ᠤᠨ᠎ᠬᠢᠨ ᠲᠤᠰ ᠬᠦᠳᠤᠯᠪᠤᠷᠢ ᠵᠢᠨ ᠵᠤᠷᠢᠬ ᠰᠠᠨᠠᠭ᠎ᠠ ᠪᠤᠯᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠤᠳᠠᠳᠠᠢ᠎ᠲᠠᠢ᠎ᠪᠠᠨ ᠤᠶᠠᠯᠳᠤᠭᠤᠯᠵᠤ ᠪᠠᠶ᠋ᠢᠭ᠋ᠠᠳ ᠨᠠᠶ᠋ᠢᠳᠠᠪᠤᠷᠢᠵᠢᠭᠤᠯᠬᠤ ᠠᠷᠭ᠎ᠠ ᠵᠢ ᠲᠤᠭᠳᠠᠭ᠋ᠠᠨ᠎ᠠ᠃ ᠲᠦᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ᠎ᠬᠢᠨ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠳᠤᠷ ᠠᠳᠬᠤᠵᠤ᠂ ᠬᠦᠳᠤᠯᠪᠤᠷᠢ ᠵᠢᠨ ᠡᠯ᠎ᠠ ᠵᠦᠢ᠍ᠯ᠎ᠤᠨ ᠡᠬᠦᠷᠬᠡ ᠠᠷᠭ᠎ᠠ ᠬᠡᠮᠵᠢᠶ᠎ᠠ ᠵᠢ ᠪᠤᠳᠠᠳᠠᠢ ᠨᠠᠶ᠋ᠢᠳᠠᠪᠤᠷᠢᠵᠢᠭᠤᠯᠬᠤ ᠵᠢ ᠪᠠᠳᠤᠯᠠᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ ᠬᠣᠶᠠᠳᠤᠭ᠋ᠠᠷ ᠤᠳᠠᠭ᠎ᠠ ᠵᠢᠨ ᠡᠷᠬᠢᠯᠡᠭᠴᠢ ᠵᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠰᠠᠢ᠌ᠲᠤᠷ ᠡᠬᠢᠯᠡᠭᠦᠯᠵᠦ᠂ ᠰᠠᠢ᠌ᠲᠤᠷ ᠠᠯᠬᠤᠬᠤ᠎ᠳᠤ ᠬᠦᠴᠦᠲᠡᠶ ᠬᠠᠤᠯᠢᠵᠢᠯ᠎ᠤᠨ ᠪᠠᠲᠤᠯᠠᠭ᠎ᠠ ᠬᠠᠩᠭ᠋ᠠᠬᠤ ᠵᠢᠨ ᠲᠥᠯᠥᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ 2021 ᠣᠨ᠎ᠤ ᠠᠵᠢᠯ᠎ᠤᠨ ᠭᠣᠤᠯᠳᠠᠯᠭ᠎ᠠ ᠵᠢ ᠨᠡᠢ᠌ᠲᠡᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠬᠡᠷ᠎ᠤᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠵᠢᠴᠢ ᠲᠤᠰᠬᠠᠶ ᠰᠢᠮᠳᠠᠭᠤᠯᠤᠨ ᠪᠠᠢ᠌ᠴᠠᠭ᠋ᠠᠵᠤ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ ᠯᠢᠨ ᠱᠣᠤ ᠴᠦᠨ ᠳᠡᠳ᠋ ᠱᠦᠵᠢ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ᠎ᠤᠨ ᠨᠠᠢ᠍ᠮᠠᠳᠤᠭ᠋ᠠᠷ ᠤᠳᠠᠭ᠎ᠠ ᠵᠢᠨ ᠡᠷᠬᠢᠯᠡᠭᠴᠢᠳ᠎ᠤᠨ ᠬᠤᠷᠠᠯ ᠬᠥᠬᠡᠬᠣᠲᠠ᠎ᠳᠤ ᠬᠤᠷᠠᠯᠳᠤᠪᠠ
 
            