ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠲᠠᠪᠤᠳᠤᠭ᠋ᠠᠷ ᠤᠳᠠᠭ᠋ᠠᠨ᠎ᠤ ᠬᠤᠷᠠᠯ᠎ᠤᠨ ᠵᠣᠷᠢᠭ ᠰᠠᠨᠠᠭ᠎ᠠ 《ᠨᠢᠭᠡ ᠲᠥᠯᠥᠪᠵᠢᠭᠦᠯᠭᠡ᠂ ᠬᠣᠶᠠᠷ ᠬᠥᠲᠥᠯᠪᠦᠷᠢ》 ᠵᠢᠴᠢ ᠥᠪᠡᠷᠲᠡᠭᠡᠨ ᠵᠠᠰᠠᠬᠤ ᠣᠷᠣᠨ᠎ᠤ ᠲᠥᠰᠦᠯ ᠠᠷᠭ᠎ᠠ ᠬᠡᠮᠵᠢᠶ᠎ᠡ ᠵᠢᠨ ᠡᠯ᠎ᠡ ᠵᠦᠶᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠬᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠶ ᠶᠦᠩ ᠫᠢᠩ᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ 5 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ ᠡᠯ᠎ᠡ ᠵᠣᠬᠢᠴᠠᠭᠤᠯᠬᠤ ᠳᠤᠭᠤᠶ᠋ᠢᠯᠠᠩ᠎ᠤᠨ ᠲᠤᠰᠬᠠᠶ ᠰᠡᠳᠦᠪᠲᠦ ᠵᠣᠬᠢᠴᠠᠭᠤᠯᠤᠨ ᠳᠣᠭᠢᠷᠠᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠤᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠵᠠᠩ ᠷᠦᠢ ᠡᡁᠸ ᠴᠢᠬᠤᠯᠠ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠨᠠᠷᠢᠨ ᠪᠢᠴᠢᠭ᠎ᠤᠨ ᠭᠠᠵᠠᠷ᠎ᠤᠨ ᠳᠠᠷᠤᠭ᠎ᠠ ᠸᠠᠩ ᠰᠢᠶᠠᠩ ᠳ᠋ᠦᠩ ᠬᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠤᠷᠢᠶ᠎ᠠ ᠵᠢᠨ ᠬᠠᠤᠯᠢ ᠲᠣᠭᠲᠠᠭ᠋ᠠᠯᠲᠠ ᠵᠢᠨ ᠵᠣᠬᠢᠴᠠᠭᠤᠯᠬᠤ ᠳᠤᠭᠤᠶ᠋ᠢᠯᠠᠩ᠂ ᠬᠠᠤᠯᠢ ᠬᠡᠷᠡᠭᠵᠢᠭᠦᠯᠦᠯᠲᠡ ᠵᠢᠨ ᠵᠣᠬᠢᠴᠠᠭᠤᠯᠬᠤ ᠳᠤᠭᠤᠶ᠋ᠢᠯᠠᠩ᠂ ᠬᠠᠤᠯᠢ ᠴᠠᠭ᠋ᠠᠵᠠ ᠵᠢᠨ ᠵᠣᠬᠢᠴᠠᠭᠤᠯᠬᠤ ᠳᠤᠭᠤᠶ᠋ᠢᠯᠠᠩ᠂ ᠬᠠᠤᠯᠢ ᠵᠢ ᠰᠠᠬᠢᠵᠤ ᠬᠠᠤᠯᠢ ᠵᠢ ᠲᠦᠭᠡᠮᠡᠯᠵᠢᠭᠦᠯᠬᠦ ᠵᠢ ᠵᠣᠬᠢᠴᠠᠭᠤᠯᠬᠤ ᠳᠤᠭᠤᠶ᠋ᠢᠯᠠᠩ᠎ᠤᠨ ᠬᠠᠷᠢᠯᠴᠠᠬᠤ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠨᠠᠷᠢᠨ ᠪᠢᠴᠢᠭ᠎ᠤᠨ ᠭᠠᠵᠠᠷ᠂ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠵᠢᠯ᠎ᠤᠨ ᠪᠠᠶ᠋ᠢᠴᠠᠭ᠋ᠠᠨ ᠰᠤᠳᠤᠯᠬᠤ ᠭᠠᠵᠠᠷ᠂ ᠬᠠᠤᠯᠢᠵᠢᠯ᠎ᠤᠨ ᠱᠠᠯᠠᠪᠳᠠᠭᠤᠯᠤᠨ ᠪᠠᠶ᠋ᠢᠴᠠᠭ᠋ᠠᠬᠤ ᠭᠠᠵᠠᠷ᠎ᠤᠨ ᠬᠠᠮᠢᠶ᠎ᠠ ᠪᠦᠬᠦᠢ ᠨᠥᠬᠥᠳ ᠬᠤᠷᠠᠯ᠎ᠳᠤ ᠣᠷᠣᠯᠴᠠᠪᠠ᠃
ᠬᠤᠷᠠᠯ᠎ᠠᠴᠠ ᠲᠦᠷᠪᠡᠨ ᠵᠣᠬᠢᠴᠠᠭᠤᠯᠬᠤ ᠳᠤᠭᠤᠶ᠋ᠢᠯᠠᠩ᠎ᠤᠨ 2022 ᠣᠨ᠎ᠤ 1 — 5 ᠰᠠᠷ᠎ᠠ ᠵᠢᠨ ᠠᠵᠢᠯ᠎ᠤᠨ ᠪᠠᠶ᠋ᠢᠳᠠᠯ ᠵᠢᠴᠢ ᠳᠣᠣᠷ᠎ᠠ ᠬᠠᠭ᠋ᠠᠰ ᠵᠢᠯ᠎ᠤᠨ ᠭᠣᠣᠯᠳᠠᠯᠭ᠎ᠠ᠎ᠲᠠᠢ ᠠᠵᠢᠯ᠎ᠤᠨ ᠲᠤᠬᠢᠷᠠᠭᠤᠯᠤᠯᠳᠠ ᠵᠢᠨ ᠰᠠᠨᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠡᠯ᠎ᠡ ᠵᠣᠬᠢᠴᠠᠭᠤᠯᠬᠤ ᠳᠤᠭᠤᠶ᠋ᠢᠯᠠᠩ᠎ᠤᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠪᠠ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠠᠵᠢᠯ᠎ᠤᠨ ᠲᠤᠬᠠᠶ ᠰᠠᠨᠠᠯ ᠰᠠᠨᠠᠭᠤᠯᠭ᠎ᠠ ᠵᠢ ᠬᠤᠷᠢᠶᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠰᠤᠷᠤᠯᠴᠠᠨ ᠤᠬᠠᠭᠤᠯᠬᠤ ᠠᠵᠢᠯ᠎ᠤᠨ ᠲᠥᠰᠦᠯ᠂ ᠬᠡᠭᠡᠯᠢ ᠲᠦᠯᠬᠢᠵᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠢ᠍ᠳᠬᠡᠬᠦ ᠬᠠᠮᠢᠶ᠎ᠠ ᠪᠥᠬᠥᠢ ᠬᠡᠷᠡᠭᠵᠢᠭᠦᠯᠬᠦ ᠰᠠᠨᠠᠯ᠂ ᠬᠠᠤᠯᠢ᠎ᠪᠠᠷ ᠣᠷᠣᠨ ᠵᠶ᠋ᠠᠨ ᠪᠥᠬᠥ ᠲᠠᠯ᠎ᠠ᠎ᠪᠠᠷ ᠵᠠᠰᠠᠬᠤ ᠰᠡᠳᠦᠪ᠎ᠤᠨ ᠰᠤᠳᠤᠯᠤᠯ᠂ ᠬᠠᠤᠯᠢ᠎ᠪᠠᠷ ᠣᠷᠣᠨ ᠵᠶ᠋ᠠᠨ ᠪᠥᠬᠥ ᠲᠠᠯ᠎ᠠ᠎ᠪᠠᠷ ᠵᠠᠰᠠᠬᠤ ᠠᠵᠢᠯ᠎ᠤᠨ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠳ᠋ᠦᠩᠨᠡᠯᠲᠡ ᠪᠠ ᠠᠵᠢᠯ ᠥᠷᠨᠢᠭᠦᠯᠬᠦ ᠵᠢ ᠨᠡᠪᠲᠡᠷᠡᠭᠦᠯᠬᠦ ᠵᠡᠷᠭᠡ ᠬᠣᠯᠪᠣᠭᠳᠠᠯ ᠪᠥᠬᠥᠢ ᠠᠵᠢᠯ᠎ᠢ ᠰᠤᠳᠤᠯᠤᠨ ᠵᠥᠪᠳᠡᠯᠴᠡᠪᠡ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠪᠣᠯᠤᠨ ᠵᠥᠪᠯᠡᠯ᠎ᠤᠨ ᠲᠦᠷᠪᠡᠨ ᠵᠣᠬᠢᠴᠠᠭᠤᠯᠬᠤ ᠳᠤᠭᠤᠶ᠋ᠢᠯᠠᠩ᠎ᠤᠨ ᠬᠠᠮᠢᠶ᠎ᠠ ᠪᠦᠬᠦᠢ ᠠᠵᠢᠯ᠎ᠤᠨ ᠰᠠᠯᠠᠭ᠎ᠠ ᠮᠥᠴᠢᠷ᠎ᠤᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠳᠤ ᠨᠡᠩ ᠰᠠᠶ᠋ᠢᠲᠤᠷ ᠦᠢ᠍ᠯᠡᠴᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠬᠡᠷ ᠬᠢᠭᠡᠳ ᠳᠥᠷᠪᠡᠨ ᠵᠣᠬᠢᠴᠠᠭᠤᠯᠬᠤ ᠳᠤᠭᠤᠶ᠋ᠢᠯᠠᠩᠯᠤᠭᠠ ᠨᠢᠭᠲᠠ ᠬᠠᠷᠢᠯᠴᠠᠵᠤ᠂ ᠵᠣᠬᠢᠴᠠᠭᠤᠯᠤᠨ ᠬᠠᠮᠵᠢᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠣᠤᠯᠳᠠᠯᠭ᠎ᠠ᠎ᠲᠠᠢ ᠠᠵᠢᠯ᠎ᠤᠨ ᠰᠠᠷ᠎ᠠ᠎ᠳᠤ ᠮᠡᠳᠡᠭᠦᠯᠬᠦ᠂ ᠤᠯᠠᠷᠢᠯ᠎ᠳᠤ ᠵᠥᠪᠳᠡᠯᠴᠡᠨ ᠳᠣᠭᠢᠷᠠᠭᠤᠯᠬᠤ᠂ ᠬᠠᠭ᠋ᠠᠰ ᠵᠢᠯ᠎ᠳᠤ ᠳ᠋ᠦᠩᠨᠡᠵᠦ ᠶᠡᠷᠦᠩᠬᠡᠶ᠋ᠢᠯᠡᠨ ᠮᠡᠳᠡᠭᠡᠯᠡᠬᠦ ᠠᠵᠢᠯ᠎ᠤᠨ ᠲᠣᠭᠲᠠᠴᠠ ᠵᠢ ᠪᠠᠷᠢᠮᠲᠠᠯᠠᠬᠤ ᠬᠡᠷᠡᠭᠲᠡᠶ᠃ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠢ ᠰᠢᠯᠭ᠋ᠠᠨ ᠬᠢᠨᠠᠬᠤ ᠠᠵᠢᠯ᠎ᠳᠠᠬᠢ ᠡᠳᠦᠷ ᠲᠤᠲᠤᠮ᠎ᠤᠨ ᠬᠢᠨᠠᠨ ᠡᠵᠡᠮᠳᠡᠬᠦ ᠠᠵᠢᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠬᠡᠷ ᠬᠢᠭᠡᠳ ᠳᠥᠷᠪᠡᠨ ᠵᠣᠬᠢᠴᠠᠭᠤᠯᠬᠤ ᠳᠤᠭᠤᠶ᠋ᠢᠯᠠᠩ᠎ᠤᠨ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠬᠠᠮᠲᠤ᠎ᠪᠠᠷ ᠠᠬᠢᠭᠤᠯᠤᠭᠰᠠᠨ ᠪᠠᠶ᠋ᠢᠩᠭᠤᠵᠢᠭᠰᠠᠨ ᠡᠳᠦᠷ ᠲᠤᠲᠤᠮ᠎ᠤᠨ ᠬᠢᠨᠠᠨ ᠡᠵᠡᠮᠳᠡᠬᠦ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠶ᠃ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢᠨ ᠨᠠᠷᠢᠨ ᠬᠠᠭᠤᠳᠠᠰᠤ᠂ ᠰᠠᠨᠠᠭᠤᠯᠤᠮᠵᠢ ᠵᠢᠨ ᠨᠠᠷᠢᠨ ᠬᠠᠭᠤᠳᠠᠰᠤ᠂ ᠰᠢᠮᠳᠠᠭᠤᠯᠤᠨ ᠭᠦᠢ᠍ᠴᠡᠳᠬᠡᠬᠦ ᠨᠠᠷᠢᠨ ᠬᠠᠭᠤᠳᠠᠰᠤ ᠵᠢ ᠤᠯᠠᠮ ᠨᠢᠭᠡ ᠠᠯᠬᠤᠮ ᠬᠡᠷᠡᠭᠯᠡᠵᠦ᠂ ᠲᠦᠷᠢᠮ᠎ᠤᠨ ᠨᠠᠶ᠋ᠢᠳᠠᠪᠤᠷᠢᠵᠢᠭᠤᠯᠤᠯᠲᠠ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ᠂ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨᠬᠦ ᠴᠢᠩᠭ᠋ᠠᠳᠬᠠᠵᠤ᠂ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠯᠠᠪᠳᠠᠭᠤᠨ ᠵᠶ᠋ᠠᠷ ᠭᠦᠨᠵᠡᠭᠡᠶ᠋ᠢᠷᠡᠨ ᠠᠬᠢᠬᠤ ᠵᠢ ᠠᠬᠢᠭᠤᠯᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠶ᠃