ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠥᠪᠯᠡᠯ᠎ᠤᠨ ᠠᠯᠪᠠᠨ ᠭᠡᠷ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠲᠣᠬᠢᠷᠠᠭᠤᠯᠤᠯᠲᠠ ᠵᠢᠴᠢ ᠪᠦᠬᠦ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-10-28

      2024 ᠣᠨ᠎ᠤ 10  ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ  ᠵᠥᠪᠯᠡᠯ᠎ᠤᠨ ᠠᠯᠪᠠᠨ ᠭᠡᠷ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠲᠣᠬᠢᠷᠠᠭᠤᠯᠤᠯᠲᠠ ᠵᠢᠴᠢ ᠪᠦᠬᠦ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠪᠠᠢ᠌ᠷᠢᠯᠠᠭᠤᠯᠬᠤ ᠬᠤᠷᠠᠯ᠎ᠢ  ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠳᠡᠳ᠋ ᠡᠷᠬᠢᠯᠡᠭᠴᠢ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃


1.jpg


      ᠬᠤᠷᠠᠯ᠎ᠠᠴᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠳᠦᠷᠪᠡᠨ ᠬᠦᠷᠢᠶᠡᠨ᠎ᠤ ᠠᠬᠢᠭᠤᠯᠬᠤ ᠳᠤᠭᠤᠢ᠌ᠯᠠᠩ᠎ᠤᠨ   ᠲᠦᠷᠦᠭᠦᠴᠢ  ᠰᠠᠯᠠᠭ᠎ᠠ ᠮᠥᠴᠢᠷ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠤᠭᠰᠠᠨ ᠪᠠᠢ᠌ᠳᠠᠯ ᠵᠢᠴᠢ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ ᠵᠢ ᠰᠣᠨᠣᠰᠪᠠ; ᠪᠥᠬᠥ ᠣᠷᠣᠨ᠎ᠤ  ᠬᠠᠤᠯᠢᠵᠢᠯ᠎ᠤᠨ  ᠪᠠᠢ᠌ᠭᠤᠯᠤᠯᠲᠠ ᠵᠢ  ᠱᠠᠯᠠᠪᠳᠠᠭᠤᠯᠤᠨ ᠪᠠᠢ᠌ᠴᠠᠭ᠋ᠠᠬᠤ ᠵᠢᠴᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠦᠨᠡᠯᠡᠨ ᠵᠢᠱ᠌ᠢᠬᠦ ᠠᠵᠢᠯ᠎ᠢ  ᠪᠠᠢ᠌ᠷᠢᠯᠠᠭᠤᠯᠪᠠ᠃

      ᠬᠤᠷᠠᠯ᠎ᠠᠴᠠ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠪᠡᠶᠡᠯᠡᠭᠳᠡᠬᠦ ᠵᠢ ᠠᠬᠢᠭᠤᠯᠬᠤ ᠬᠡᠷᠡᠭᠲᠡᠢ᠃ ᠡᠯ᠎ᠡ  ᠲᠦᠷᠦᠭᠦᠴᠢ ᠰᠠᠯᠠᠭ᠎ᠠ ᠮᠥᠴᠢᠷ  ᠨᠠᠷᠢᠨ ᠳᠠᠩᠰᠠ ᠪᠣᠯᠣᠨ ᠳᠥᠷᠪᠡᠨ ᠬᠦᠷᠢᠶᠡᠨ᠎ᠤ ᠠᠷᠭ᠎ᠠ ᠬᠡᠮᠵᠢᠶ᠎ᠡ᠎ᠨᠦᠭᠦᠳ᠎ᠲᠤ ᠲᠣᠳᠣᠷᠬᠠᠢ᠌ᠯᠠᠭᠰᠠᠨ ᠡᠯ᠎ᠡ ᠵᠦᠢ᠍ᠯ᠎ᠤᠨ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠳᠠᠯ᠎ᠢ ᠪᠦᠬᠦ ᠲᠠᠯ᠎ᠠ ᠎ᠪᠠᠷ ᠡᠮᠬᠢᠯᠡᠨ ᠳᠢᠭᠯᠡᠵᠦ᠂ ᠡᠭᠦᠨ᠎ᠤ ᠬᠠᠮᠲᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠨ ᠵᠥᠪᠯᠡᠭᠰᠡᠨ ᠰᠠᠨᠠᠯ᠂ ᠰᠢᠨᠵᠢᠯᠡᠨ ᠪᠠᠢ᠌ᠴᠠᠭ᠋ᠠᠭᠰᠠᠨ ᠮᠡᠳᠡᠭᠦᠯᠦᠯᠲᠡ ᠪᠣᠯᠣᠨ ᠤᠯᠤᠰ ᠲᠥᠷᠥ ᠵᠢᠨ ᠵᠥᠪᠯᠡᠯᠭᠡᠨ᠎ᠤ ᠵᠥᠪᠯᠡᠭᠰᠡᠨ ᠰᠠᠨᠠᠯ ᠵᠡᠷᠭᠡ᠎ᠲᠠᠢ ᠤᠶᠠᠯᠳᠤᠭᠤᠯᠤᠨ ᠠᠰᠠᠭᠤᠳᠠᠯ ᠪᠠ ᠰᠠᠨᠠᠭᠤᠯᠭ᠎ᠠ ᠳᠤᠷᠠᠳᠴᠤ᠂ ᠪᠡᠶᠡᠯᠡᠭᠦᠯᠦᠭᠡᠳᠦᠢ ᠲᠥᠷᠥᠯ ᠵᠦᠢ᠍ᠯ᠎ᠢ ᠴᠢᠩᠭ᠎ᠠ ᠠᠩᠬᠠᠷᠴᠤ᠂ ᠪᠥᠬᠥ ᠬᠦᠴᠦᠨ ᠵᠶ᠋ᠡᠷ ᠵᠶ᠋ᠡᠨ ᠴᠠᠭ᠎ᠢ ᠠᠮᠵᠢᠨ ᠠᠬᠢᠴᠠ ᠵᠢ ᠠᠳᠬᠤᠵᠤ᠂ ᠵᠢᠯ᠎ᠤᠨ ᠡᠴᠦᠰ᠎ᠠᠴᠠ ᠡᠮᠦᠨ᠎ᠡ ᠡᠭᠦᠷᠭᠡ᠎ᠪᠠᠨ ᠥᠨᠳᠥᠷ ᠶᠠᠰᠤ ᠴᠢᠨᠠᠷ᠎ᠲᠠᠢ ᠥᠨᠳᠥᠷ ᠦᠷ᠎ᠡ ᠪᠦᠲᠦᠮᠵᠢᠲᠡᠶ᠎ᠪᠠᠷ ᠪᠡᠶᠡᠯᠡᠭᠦᠯᠬᠦ ᠵᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠳᠤ ᠬᠠᠨᠤᠮᠵᠢᠲᠠᠶ ᠬᠠᠷᠢᠭᠤᠯᠲᠠ ᠵᠢᠨ ᠬᠠᠭᠤᠳᠠᠰᠤ᠎ᠪᠠᠨ  ᠲᠤᠰᠢᠶᠠᠬᠤ ᠬᠡᠷᠡᠭᠲᠡᠢ᠃ ᠪᠦᠬᠦ ᠵᠢᠯ᠎ᠤᠨ ᠠᠵᠢᠯ᠎ᠤᠨ ᠳ᠋ᠦᠩᠨᠡᠯᠲᠡ ᠵᠢ ᠰᠠᠢ᠌ᠲᠤᠷ ᠬᠢᠵᠦ᠂ ᠢᠷᠡᠬᠦ ᠵᠢᠯ᠎ᠤᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠠᠷᠭ᠎ᠠ ᠬᠡᠮᠵᠢᠶ᠎ᠡ ᠵᠢ ᠤᠷᠢᠳᠴᠢᠯᠠᠨ ᠲᠥᠰᠥᠪᠯᠡᠨ ᠰᠤᠳᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠢᠲᠡᠭᠡᠯ ᠠᠯᠳᠠᠭᠰᠠᠨ ᠠᠵᠢᠯᠯᠠᠭ᠎ᠠ ᠵᠢ ᠴᠡᠭᠴᠡᠯᠡᠨ ᠵᠠᠰᠠᠬᠤ ᠵᠢ ᠲᠥᠪᠯᠡᠷᠡᠭᠦᠯᠦᠨ ᠰᠢᠪᠲᠤᠯᠵᠤ᠂ 《ᠢᠲᠡᠭᠡᠮᠵᠢ +》 ᠠᠬᠤᠢ ᠲᠠᠯᠠᠪᠠᠶ ᠵᠢᠨ ᠬᠡᠷᠡᠭᠯᠡᠯᠲᠡ ᠵᠢ ᠥᠷᠭᠡᠳᠬᠡᠨ᠂ ᠢᠲᠡᠭᠡᠮᠵᠢ ᠵᠢ ᠦᠨᠡᠯᠡᠬᠦ ᠪᠠ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠨᠠᠢ᠌ᠳᠠᠪᠤᠷᠢᠵᠢᠭᠤᠯᠵᠤ᠂ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ ᠪᠠ ᠢᠲᠡᠭᠡᠯ ᠠᠯᠳᠠᠭᠰᠠᠨ᠎ᠢ ᠵᠠᠯᠬᠠᠭ᠋ᠠᠨ ᠴᠡᠭᠡᠷᠯᠡᠭᠦᠯᠬᠦ ᠵᠢ ᠴᠢᠩᠭ᠋ᠠᠷᠠᠭᠤᠯᠤᠨ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠦᠨᠡᠨ ᠬᠦ᠌ ᠰᠠᠭᠤᠷᠢ ᠢᠨᠵᠧᠨᠧᠷᠢᠩ᠂ ᠠᠷᠠᠳ᠎ᠤᠨ ᠰᠡᠳᠬᠢᠯ᠎ᠤᠨ ᠢᠨᠵᠧᠨᠧᠷᠢᠩ᠂ ᠴᠢᠨᠠᠷ ᠰᠠᠢ᠌ᠲᠠᠢ ᠢᠨᠵᠧᠨᠧᠷᠢᠩ ᠪᠣᠯᠭ᠋ᠠᠨ ᠪᠦᠲᠦᠭᠡᠨ  ᠪᠠᠢ᠌ᠭᠤᠯᠬᠤ ᠬᠡᠷᠡᠭᠲᠡᠢ ᠭᠡᠵᠦ ᠴᠢᠩᠭ᠋ᠠᠳᠬᠠᠵᠠᠢ᠃

      ᠬᠤᠷᠠᠯ᠎ᠠᠴᠠ᠂ ᠬᠠᠤᠯᠢᠵᠢᠯ᠎ᠤᠨ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢ ᠥᠷᠨᠢᠭᠦᠯᠬᠦ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ  ᠲᠤᠭᠤᠰᠢᠯᠠᠭᠤᠯᠬᠤ ᠵᠢ ᠠᠬᠢᠭᠤᠯᠬᠤ ᠴᠢᠬᠤᠯᠠ ᠤᠯᠤᠰ ᠲᠦᠷᠦ ᠵᠢᠨ ᠡᠭᠦᠷᠭᠡ ᠪᠣᠯᠣᠨ᠎ᠠ᠃  ᠬᠠᠤᠯᠢᠵᠢᠯ᠎ᠤᠨ  ᠥᠪᠥᠷ ᠮᠣᠩᠭᠣᠯ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠵᠢᠨ ᠬᠦᠴᠦᠲᠡᠢ ᠭᠠᠷᠳᠠᠴᠠ ᠮᠥᠨ᠂ ᠬᠣᠲᠠ ᠰᠢᠶᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠭ᠋ᠠᠳᠬᠠᠬᠤ ᠬᠦᠴᠦᠲᠡᠢ ᠠᠷᠭ᠎ᠠ ᠬᠡᠮᠵᠢᠶ᠎ᠡ ᠮᠥᠨ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠡᠭᠦᠷᠭᠡ ᠵᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠨᠡᠮᠡᠭᠳᠡᠭᠦᠯᠦᠨ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠰᠢᠮᠳᠠᠭᠤᠯᠤᠨ ᠪᠠᠢ᠌ᠴᠠᠭ᠋ᠠᠬᠤ ᠪᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠦᠨᠡᠯᠡᠨ ᠵᠢᠱ᠌ᠢᠬᠦ ᠠᠵᠢᠯ᠎ᠤᠨ ᠴᠢᠨᠠᠷ ᠰᠠᠢ᠌ᠲᠠᠢ ᠪᠡᠶᠡᠯᠡᠭᠳᠡᠬᠦ ᠵᠢ ᠦᠨᠡᠨᠬᠦ ᠪᠠᠲᠤᠯᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠰᠠᠭᠤᠳᠠᠯ᠎ᠢ ᠢᠯᠡᠷᠡᠭᠦᠯᠬᠦ ᠪᠠ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃  ᠬᠢᠴᠢᠶᠡᠩᠭᠦᠢ ᠣᠪᠣᠷ᠎ᠲᠠᠢ ᠪᠠᠢ᠌ᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠵᠤ᠂ ᠭᠦᠨᠵᠡᠭᠡᠢ ᠪᠠᠢ᠌ᠴᠠᠭ᠋ᠠᠵᠤ ᠨᠠᠷᠢᠨ ᠰᠤᠳᠤᠯᠵᠤ᠂ ᠲᠤᠶᠠᠴᠢᠬᠤ ᠠᠷᠭ᠎ᠠ ᠵᠢ ᠰᠠᠢ᠌ᠲᠤᠷ ᠬᠡᠷᠡᠭᠯᠡᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠱᠠᠯᠠᠪᠳᠠᠭᠤᠯᠤᠨ ᠪᠠᠢ᠌ᠴᠠᠭ᠋ᠠᠬᠤ ᠦᠶ᠎ᠡ᠎ᠳᠤ ᠵᠠᠩᠭᠢᠯᠠᠭ᠎ᠠ ᠵᠢᠨ ᠭᠠᠵᠠᠷ᠎ᠲᠤ ᠱᠠᠯᠠᠪᠳᠠᠭᠤᠯᠤᠨ ᠪᠠᠢ᠌ᠴᠠᠭ᠋ᠠᠵᠤ᠂ ᠵᠠᠩᠭᠢᠯᠠᠭ᠎ᠠ ᠵᠢᠨ ᠭᠠᠵᠠᠷ᠎ᠲᠤ ᠪᠠᠢ᠌ᠴᠠᠭ᠋ᠠᠬᠤ ᠵᠢ ᠪᠠᠲᠤᠯᠠᠬᠤ ᠬᠡᠷᠡᠭᠲᠡᠢ᠃ ᠲᠡᠮᠡᠴᠡᠯ᠎ᠤᠨ ᠵᠣᠷᠢᠭ ᠰᠠᠨᠠᠭ᠎ᠠ ᠪᠣᠯᠣᠨ ᠴᠢᠩᠭ᠎ᠠ ᠪᠣᠳᠠᠲᠠᠢ ᠭᠦᠨᠵᠡᠭᠡᠢ ᠨᠠᠷᠢᠯᠢᠭ ᠪᠠᠢ᠌ᠬᠤ ᠰᠤᠷᠲᠠᠯ᠎ᠢ ᠪᠠᠳᠠᠷᠠᠭᠤᠯᠵᠤ᠂ ᠦᠨᠡᠨᠬᠦ ᠱᠠᠯᠠᠪᠳᠠᠭᠤᠯᠤᠨ ᠪᠣᠳᠠᠲᠠᠢ ᠪᠠᠢ᠌ᠴᠠᠭ᠋ᠠᠬᠤ᠂ ᠦᠨᠡᠨᠬᠦ ᠬᠥᠲᠥᠯᠥᠨ ᠬᠠᠲᠠᠭᠤ ᠵᠢ ᠬᠦᠨᠳᠡᠬᠦ ᠵᠢ ᠪᠠᠷᠢᠮᠲᠠᠯᠠᠵᠤ᠂ ᠬᠢᠯᠠᠰ ᠴᠡᠭ ᠦᠷ᠎ᠡ ᠪᠦᠲᠦᠮᠵᠢ ᠵᠢ ᠨᠠᠷᠢᠨ ᠬᠢᠨᠠᠮᠠᠭ᠋ᠠᠢ ᠳ᠋ᠦᠩᠨᠡᠵᠦ᠂ ᠠᠰᠠᠭᠤᠳᠠᠯ᠎ᠤᠨ ᠳᠤᠲᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠰᠢᠵᠤ ᠪᠠᠢ᠌ᠭ᠎ᠠ ᠠᠰᠠᠭᠤᠳᠠᠯ᠎ᠢ ᠭᠦᠨᠵᠡᠭᠡᠢ ᠵᠠᠳᠠᠯᠵᠤ᠂ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠦᠨᠡᠨᠬᠦ ᠪᠣᠳᠠᠲᠠᠢ ᠦᠷ᠎ᠡ ᠪᠦᠲᠦᠮᠵᠢ ᠣᠯᠵᠤ᠂ ᠬᠠᠤᠯᠢᠵᠢᠯ᠎ᠤᠨ ᠥᠪᠥᠷ ᠮᠣᠩᠭᠣᠯ᠂ ᠦᠨᠡᠨᠴᠢ ᠢᠲᠡᠭᠡᠮᠵᠢᠲᠡᠢ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠲᠠᠬᠢᠨ ᠨᠢᠭᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            