3 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠭᠡᠷ᠎ᠤᠨ ᠲᠠᠪᠤᠳᠤᠭ᠋ᠠᠷ ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠭᠡᠷ᠎ᠤᠨ ᠳᠡᠳ᠋ ᠡᠷᠬᠢᠯᠡᠭᠴᠢ ᠵᠧᠩ ᠭᠤᠸᠠᠩ ᠲᠣᠤ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠭᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ
ᠡᠷᠭᠢᠯᠡᠪᠡ᠃
ᠬᠤᠷᠠᠯ᠎ᠠᠴᠠ 2023 ᠣᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠪᠠᠢ᠌ᠳᠠᠯ ᠂ 《 ᠨᠠᠢ᠍ᠮᠠᠳᠤᠭ᠋ᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠪᠠᠢ᠌ᠳᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠬᠠᠤᠯᠢ ᠲᠣᠭᠲᠠᠭ᠋ᠠᠬᠤ ᠵᠣᠬᠢᠴᠠᠭᠤᠯᠬᠤ ᠳᠤᠭᠤᠢ᠌ᠯᠠᠩ ᠂ ᠬᠠᠤᠯᠢ ᠬᠡᠷᠡᠭᠵᠢᠭᠦᠯᠬᠦ ᠵᠢ ᠵᠣᠬᠢᠴᠠᠭᠤᠯᠬᠤ ᠳᠤᠭᠤᠢ᠌ᠯᠠᠩ ᠂ ᠬᠠᠤᠯᠢ ᠴᠠᠭ᠋ᠠᠵᠠ ᠵᠢᠨ ᠵᠣᠬᠢᠴᠠᠭᠤᠯᠬᠤ ᠳᠤᠭᠤᠢ᠌ᠯᠠᠩ ᠂ ᠬᠠᠤᠯᠢ ᠰᠠᠬᠢᠵᠤ ᠬᠠᠤᠯᠢ ᠲᠦᠭᠡᠮᠡᠯᠵᠢᠭᠦᠯᠬᠦ ᠵᠣᠬᠢᠴᠠᠭᠤᠯᠬᠤ ᠳᠤᠭᠤᠢ᠌ᠯᠠᠩ᠎ᠤᠨ 2023 ᠣᠨ᠎ᠤ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ 2024 ᠣᠨ᠎ᠤ ᠠᠵᠢᠯ᠎ᠤᠨ ᠭᠣᠣᠯᠳᠠᠯᠭ᠎ᠠ (ᠬᠦᠷᠭᠡᠨ ᠬᠢᠨᠠᠭᠤᠯᠬᠤ ᠨᠣᠣᠷᠠᠭ)᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠵᠢᠯ᠎ᠤᠨ ᠳᠦᠷᠢᠮ (ᠬᠦᠷᠭᠡᠨ ᠬᠢᠨᠠᠭᠤᠯᠬᠤ ᠨᠣᠣᠷᠠᠭ)᠂ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠠᠵᠢᠯ᠎ᠤᠨ ᠨᠠᠷᠢᠨ ᠳᠦᠷᠢᠮ (ᠬᠦᠷᠭᠡᠨ ᠬᠢᠨᠠᠭᠤᠯᠬᠤ ᠨᠣᠣᠷᠠᠭ)᠎ᠢ ᠰᠤᠳᠤᠯᠤᠨ ᠬᠢᠨᠠᠨ ᠵᠦᠪᠯᠡᠪᠡ ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠪᠣᠯᠣᠨ ᠡᠯ᠎ᠡ ᠵᠣᠬᠢᠴᠠᠭᠤᠯᠬᠤ ᠳᠤᠭᠤᠢ᠌ᠯᠠᠩ᠎ᠤᠨ᠎ᠬᠢᠨ ᠡᠭᠦᠷᠭᠡ ᠴᠢᠳᠠᠪᠬᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ ᠂ ᠵᠥᠪᠯᠡᠯ᠎ᠤᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠶᠡᠬᠡ ᠬᠡᠮᠵᠢᠶᠡᠨ᠎ᠤ ᠦᠷ᠎ᠡ ᠪᠦᠲᠦᠮᠵᠢᠲᠡᠢ ᠠᠵᠢᠯ ᠬᠢᠵᠦ ᠂ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠪᠠ ᠭᠡᠵᠡᠢ᠃ ᠬᠤᠷᠠᠯ᠎ᠠᠴᠠ ᠴᠢᠬᠤᠯᠠᠴᠢᠯᠠᠭᠰᠠᠨ᠎ᠨᠢ᠂ 2024 ᠣᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ ᠂ ᠬᠠᠤᠯᠢᠵᠢᠯ᠎ᠤᠨ ᠦᠨᠳᠦᠰᠦ ᠵᠢ ᠪᠠᠲᠤᠳᠬᠠᠬᠤ ᠂ ᠵᠢᠱ᠌ᠢᠯᠲᠡ ᠵᠢ ᠲᠣᠭᠲᠠᠪᠤᠷᠢᠵᠢᠭᠤᠯᠬᠤ ᠂ ᠠᠯᠤᠰ ᠬᠡᠳᠦ᠎ᠳᠤ ᠠᠰᠢᠭᠲᠠᠢ ᠦᠢ᠍ᠯᠡᠳᠦᠯ᠎ᠢ ᠦᠨᠡᠨᠬᠦ ᠪᠠᠳᠠᠷᠠᠭᠤᠯᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠲᠡᠢ ᠬᠠᠤᠯᠢᠵᠢᠯ᠎ᠤᠨ ᠦᠢ᠍ᠯᠡᠴᠢᠯᠡᠭᠡ ᠪᠣᠯᠣᠨ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ ᠃ ᠨᠢᠭᠡ᠎ᠳᠤ ᠰᠢ ᠵᠢᠨ ᠫᠢᠩ ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ᠎ᠤᠨ ᠪᠠᠢ᠌ᠭᠤᠯᠤᠯᠲᠠ ᠵᠢᠨ ᠵᠥᠪ ᠣᠨᠣᠪᠴᠢᠲᠠᠶ ᠤᠯᠤᠰ ᠲᠦᠷᠦ ᠵᠢᠨ ᠴᠢᠭᠯᠡᠯ᠎ᠢ ᠡᠵᠡᠮᠳᠡᠬᠦ ᠬᠡᠷᠡᠭᠲᠡᠢ ᠃ ᠨᠠᠮ᠎ᠤᠨ ᠭᠡᠰᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠭᠤᠯᠤᠯ᠎ᠤᠨ ᠪᠠᠢ᠌ᠩᠭᠤᠵᠢᠭᠤᠯᠬᠤ ᠲᠣᠭᠲᠠᠴᠠ ᠵᠢ ᠭᠦᠨᠵᠡᠭᠡᠢ᠌ᠷᠡᠭᠦᠯᠵᠦ ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠦᠷᠭᠦᠯᠵᠢᠯᠡᠨ ᠡᠯ᠎ᠡ ᠱᠠᠲᠤᠨ᠎ᠤ ᠨᠠᠮ᠎ᠤᠨ ᠬᠣᠷᠢᠶ᠎ᠠ ( ᠨᠠᠮ᠎ᠤᠨ ᠤᠳᠤᠷᠢᠳᠬᠤ ᠳᠤᠭᠤᠢ᠌ᠯᠠᠩ ) ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠴᠢᠬᠤᠯᠠ ᠠᠭᠤᠯᠭ᠎ᠠ ᠪᠣᠯᠭ᠋ᠠᠵᠤ ᠂ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ( ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ) ᠵᠢᠨ ᠬᠥᠮᠦᠵᠢᠯ ᠪᠣᠯᠪᠠᠰᠤᠷᠠᠭᠤᠯᠤᠯ᠎ᠤᠨ ᠭᠣᠣᠯᠳᠠᠯᠭ᠎ᠠ᠎ᠲᠠᠢ ᠬᠢᠴᠢᠶᠡᠯ ᠪᠤᠯᠭ᠋ᠠᠬᠤ ᠬᠡᠷᠡᠭᠲᠡᠢ᠃ ᠤᠳᠤᠷᠢᠳᠬᠤ ᠺᠠᠳ᠋ᠷᠴᠤᠳ᠎ᠤᠨ 《 ᠵᠠᠩᠭᠢᠯᠠᠭ᠎ᠠ ᠵᠢᠨ ᠴᠥᠭᠡᠨ ᠲᠣᠭ᠋ᠠᠲᠠᠨ 》᠎ᠢ ᠠᠳᠬᠤᠵᠤ ᠂ ᠤᠳᠤᠷᠢᠳᠬᠤ ᠺᠠᠳ᠋ᠷᠴᠤᠳ᠎ᠤᠨ ᠮᠡᠳᠡᠪᠡᠯ ᠵᠣᠬᠢᠬᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠣᠯᠣᠨ ᠤᠯᠤᠰ᠎ᠤᠨ ᠬᠠᠤᠯᠢ ᠴᠠᠭ᠋ᠠᠵᠠ ᠵᠢᠨ ᠨᠠᠷᠢᠨ ᠲᠠᠩᠰᠠ ᠵᠢᠨ ᠳᠦᠷᠢᠮ᠎ᠢ ᠦᠨᠡᠨᠬᠦ ᠨᠠᠢ᠌ᠳᠠᠪᠤᠷᠢᠵᠢᠭᠤᠯᠵᠤ ᠂ ᠰᠤᠷᠤᠯᠴᠠᠬᠤ ᠬᠡᠯᠪᠡᠷᠢ ᠵᠢ ᠪᠠᠶᠠᠯᠢᠭᠵᠢᠭᠤᠯᠵᠤ ᠂ ᠬᠢᠨᠠᠨ ᠰᠢᠯᠭ᠋ᠠᠵᠤ ᠦᠨᠡᠯᠡᠬᠦ ᠵᠢ ᠴᠢᠩᠭ᠋ᠠᠳᠬᠠᠵᠤ᠂ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠢ ᠃ ᠬᠠᠤᠯᠢ ᠵᠢᠨ ᠤᠬᠠᠭ᠋ᠠᠨ᠎ᠤ ᠰᠤᠷᠭ᠋ᠠᠨ ᠬᠥᠮᠦᠵᠢᠯ ᠪᠣᠯᠣᠨ ᠬᠠᠤᠯᠢ ᠵᠢᠨ ᠤᠬᠠᠭ᠋ᠠᠨ᠎ᠤ ᠤᠨᠤᠯ᠎ᠤᠨ ᠰᠤᠳᠤᠯᠤᠯ ᠢ ᠦᠨᠡᠨᠬᠦ ᠴᠢᠩᠭ᠋ᠠᠳᠬᠠᠵᠤ᠂ ᠮᠠᠨ᠎ᠤ ᠣᠷᠣᠨ᠎ᠤ ᠳᠡᠭᠡᠳᠦ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠰᠠᠯᠪᠤᠷᠢ ᠵᠢᠨ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃ ᠬᠠᠤᠯᠢᠵᠢᠯ᠎ᠤᠨ ᠥᠪᠥᠷ ᠮᠣᠩᠭᠣᠯ᠎ᠤᠨ ᠰᠤᠳᠤᠯᠤᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠷᠠᠭᠤᠯᠵᠤ ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠬᠠᠤᠯᠢ᠎ᠪᠠᠷ ᠣᠷᠣᠨ ᠵᠶ᠋ᠠᠨ ᠵᠠᠰᠠᠬᠤ ᠦᠢ᠍ᠯᠡᠳᠦᠯᠭᠡ ᠵᠢᠨ ᠠᠰᠠᠭᠤᠳᠠᠯ᠎ᠤᠨ ᠰᠤᠳᠤᠯᠤᠯ᠎ᠢ ᠭᠦᠨᠵᠡᠭᠡᠢ᠌ᠷᠡᠭᠦᠯᠬᠦ ᠬᠡᠷᠡᠭᠲᠡᠢ᠃ ᠭᠠᠳᠠᠭ᠋ᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠮᠠᠨ᠎ᠤ ᠣᠷᠣᠨ᠎ᠤ ᠠᠵᠤ ᠠᠬᠤᠢ᠌ᠯᠠᠯ᠎ᠤᠨ 《ᠭᠠᠷᠴᠤ ᠶᠠᠪᠤᠬᠤ》᠎ᠳᠤ ᠥᠨᠳᠥᠷ ᠪᠦᠲᠦᠮᠵᠢᠲᠡᠶ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠬᠤ ᠬᠡᠷᠡᠭᠲᠡᠢ ᠭᠡᠪᠡ ᠃
ᠬᠣᠶᠠᠷ᠎ᠲᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ ᠬᠡᠷᠡᠭᠲᠡᠢ ᠃ ᠬᠣᠶᠠᠷ ᠶᠡᠬᠡ ᠶᠠᠪᠤᠳᠠᠯ ᠪᠠ 《 ᠵᠢᠷᠭᠤᠭ᠋ᠠᠨ ᠢᠨᠵᠧᠨᠧᠷᠢᠩ 》 ᠵᠶ᠋ᠡᠷ ᠭᠣᠣᠯᠯᠠᠭᠤᠯᠤᠨ ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠲᠣᠭᠲᠠᠭ᠋ᠠᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠠᠵᠢᠯ᠎ᠤᠨ ᠭᠣᠣᠯ ᠱᠤᠭᠤᠮ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠲᠠᠨᠭ᠌ᠰᠠᠯᠠᠨ ᠬᠢᠨᠠᠨ ᠪᠠᠢ᠌ᠴᠠᠭ᠋ᠠᠬᠤ ᠪᠠ ᠢᠯᠭ᠋ᠠᠷᠠᠭᠤᠯᠤᠨ ᠲᠢᠭᠯᠡᠬᠦ ᠠᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠬᠤ ᠦᠢ᠍ᠯᠡᠳᠦᠯ ᠴᠢᠳᠠᠪᠤᠷᠢ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠬᠡᠪ ᠴᠢᠨᠠᠷ᠎ᠢ ᠪᠦᠬᠦ ᠲᠠᠯ᠎ᠠ᠎ᠪᠠᠷ ᠬᠠᠤᠯᠢ ᠴᠠᠭ᠋ᠠᠵᠠ ᠵᠢᠨ ᠪᠠᠢ᠌ᠭᠤᠯᠤᠯ᠎ᠤᠨ ᠶᠡᠷᠦᠩᠬᠡᠢ᠌ᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠬᠡᠷᠡᠭᠲᠡᠢ ᠃ ᠵᠢᠷᠭᠤᠭ᠋ᠠᠨ ᠶᠠᠮᠤᠨ᠎ᠢ ᠠᠬᠢᠭᠤᠯᠬᠤ ᠳᠦᠷᠢᠮ᠎ᠤᠨ ᠲᠥᠪᠯᠡᠷᠡᠩᠭᠦᠢ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠴᠤᠭᠭ᠋ᠠᠷ ᠠᠳᠬᠤᠵᠤ ᠬᠠᠮᠲᠤ᠎ᠪᠠᠷ ᠬᠠᠮᠢᠶᠠᠷᠬᠤ ᠶᠡᠬᠡ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠪᠠᠢ᠌ᠷᠢᠰᠢᠯ᠎ᠢ ᠪᠡᠬᠢᠵᠢᠭᠦᠯᠦᠨ ᠭᠦᠨᠵᠡᠭᠡᠢ᠌ᠷᠡᠭᠦᠯᠵᠦ ᠂ ᠬᠠᠤᠯᠢ᠎ᠪᠠᠷ ᠵᠠᠰᠠᠬᠤ ᠨᠡᠢ᠌ᠭᠡᠮ᠎ᠤᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠬᠤ ᠬᠡᠷᠡᠭᠲᠡᠢ᠃
ᠭᠤᠷᠪᠠ᠎ᠳᠤ ᠂ ᠪᠠᠢ᠌ᠭᠤᠯᠤᠮᠵᠢ ᠲᠣᠭᠲᠠᠴᠠ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠦᠷ᠎ᠡ ᠪᠦᠲᠦᠮᠵᠢ ᠵᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ᠺᠣᠮᠢᠰ᠎ᠤᠨ ᠠᠵᠢᠯ᠎ᠤᠨ ᠳᠦᠷᠢᠮ᠎ᠢ ᠦᠨᠡᠨᠬᠦ ᠰᠠᠢ᠌ᠲᠤᠷ ᠬᠢᠵᠦ᠂ ᠬᠠᠤᠯᠢ ᠶᠣᠰᠣᠭ᠋ᠠᠷ ᠣᠷᠣᠨ᠎ᠤ ᠠᠯᠪᠠᠨ ᠭᠡᠷ᠎ᠤᠨ ᠠᠵᠢᠯ᠎ᠤᠨ ᠨᠠᠷᠢᠨ ᠳᠦᠷᠢᠮ᠎ᠢ ᠵᠠᠰᠠᠵᠤ᠂ ᠳᠤᠭᠤᠢ᠌ᠯᠠᠩ᠎ᠤᠨ ᠠᠵᠢᠯ᠎ᠤᠨ ᠨᠠᠷᠢᠨ ᠳᠦᠷᠢᠮ᠎ᠳᠤ ᠵᠠᠰᠠᠪᠤᠷᠢ ᠣᠷᠣᠭᠤᠯᠬᠤ᠂ ᠲᠣᠭᠲᠠᠭ᠋ᠠᠬᠤ ᠠᠵᠢᠯ᠎ᠢ ᠵᠣᠬᠢᠴᠠᠭᠤᠯᠵᠤ᠂ ᠡᠯ᠎ᠡ ᠵᠦᠢ᠍ᠯ᠎ᠤᠨ ᠠᠵᠢᠯ᠎ᠤᠨ ᠳᠦᠷᠢᠮ ᠪᠠ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ ᠪᠣᠯᠣᠨ ᠡᠯ᠎ᠡ ᠵᠣᠬᠢᠴᠠᠭᠤᠯᠬᠤ ᠳᠤᠭᠤᠢ᠌ᠯᠠᠩ᠎ᠨᠢ 《ᠨᠢᠭᠡ ᠲᠥᠯᠦᠪᠵᠢᠭᠦᠯᠭᠡ᠂ ᠬᠣᠶᠠᠷ ᠬᠥᠲᠥᠯᠪᠦᠷᠢ》 ᠪᠣᠯᠣᠨ ᠥᠪᠡᠷᠲᠡᠭᠡᠨ ᠵᠠᠰᠠᠬᠤ ᠣᠷᠣᠨ᠎ᠤ ᠲᠥᠰᠥᠯ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠴᠢᠬᠤᠯᠠ ᠭᠠᠷᠳᠠᠴᠠ ᠪᠣᠯᠭ᠋ᠠᠵᠤ᠂ ᠬᠠᠤᠯᠢᠵᠢᠯ᠎ᠤᠨ ᠬᠦᠷᠢᠶᠡᠨ᠎ᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠠᠬᠢᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠱᠠᠯᠠᠪᠳᠠᠭᠤᠯᠵᠤ ᠪᠠᠢ᠌ᠭ᠋ᠠᠳ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠢᠨᠠᠮᠠᠭ᠋ᠠᠢ ᠰᠠᠢ᠌ᠲᠤᠷ ᠠᠳᠬᠤᠬᠤ ᠬᠡᠷᠡᠭᠲᠡᠢ᠃ ᠱᠠᠯᠠᠪᠳᠠᠭᠤᠯᠤᠨ ᠪᠠᠢ᠌ᠴᠠᠭ᠋ᠠᠬᠤ ᠪᠠ ᠬᠢᠨᠠᠨ ᠰᠢᠯᠭ᠋ᠠᠵᠤ ᠦᠨᠡᠯᠡᠬᠦ ᠵᠢᠨ ᠬᠠᠨᠳᠤᠯᠭ᠋ᠠᠲᠤ ᠴᠢᠨᠠᠷ ᠂ ᠪᠣᠳᠠᠲᠤ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ ᠂ ᠬᠠᠤᠯᠢᠵᠢᠯ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠢ᠌ᠵᠢᠭᠤᠯᠵᠤ ᠂ ᠬᠠᠤᠯᠢᠵᠢᠯ᠎ᠤᠨ ᠪᠠᠢ᠌ᠭᠤᠯᠤᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ᠎ᠳᠤ ᠦᠢ᠍ᠯᠡᠴᠢᠯᠡᠭᠦᠯᠬᠦ ᠬᠡᠷᠡᠭᠲᠡᠢ ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠱᠦᠵᠢ ᠵᠠᠩ ᠽᠢ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠳᠦᠷᠢᠮ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠵᠠᠩ ᠽᠦᠸᠧ ᠾᠧᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠱᠧᠩ᠂ ᠳ᠋ᠠᠢ ᠶᠠᠨ᠂ ᠸᠠᠩ ᠫᠢᠩ ᠨᠠᠷ ᠲᠣᠰ ᠲᠣᠰ ᠬᠣᠯᠪᠣᠭᠳᠠᠯ ᠪᠦᠬᠦᠢ ᠵᠥᠪᠯᠡᠬᠦ ᠰᠡᠳᠦᠪ᠎ᠤᠨ ᠲᠤᠬᠠᠢ ᠬᠠᠷᠢᠭᠤ ᠮᠡᠳᠡᠭᠦᠯᠦᠯᠲᠡ ᠪᠠ ᠲᠣᠳᠣᠷᠬᠠᠢ᠌ᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠡᠯ᠎ᠡ ᠵᠣᠬᠢᠴᠠᠭᠤᠯᠬᠤ ᠳᠤᠭᠤᠢ᠌ᠯᠠᠩ᠎ᠤᠨ ᠲᠠᠰ᠎ᠤᠨ ᠳᠡᠳ᠋ ᠳᠤᠭᠤᠢ᠌ᠯᠠᠩ᠎ᠤᠨ ᠳᠠᠷᠤᠭ᠎ᠠ᠂ ᠬᠣᠯᠪᠣᠭ᠋ᠠᠴᠢᠨ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠎ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠬᠠᠮᠢᠶ᠎ᠠ ᠪᠦᠬᠦᠢ ᠭᠠᠵᠠᠷ ᠲᠠᠰᠤᠭ᠂ ᠡᠯ᠎ᠡ ᠵᠣᠬᠢᠴᠠᠭᠤᠯᠬᠤ ᠳᠤᠭᠤᠢ᠌ᠯᠠᠩ᠎ᠤᠨ ᠬᠠᠷᠢᠯᠴᠠᠬᠤ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃