ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠦᠪᠯᠡᠯ᠎ᠤᠨ ᠠᠯᠪᠠᠨ ᠭᠡᠷ᠎ᠤᠨ 2023 ᠣᠨ᠎ᠤ ᠪᠥᠬᠥ ᠣᠷᠣᠨ᠎ᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ ᠪᠠ ᠲᠥᠷᠥᠯ ᠵᠦᠢ᠍ᠯ᠎ᠢ ᠨᠡᠷᠡᠢ᠌ᠳᠬᠦ ᠲᠤᠬᠠᠢ ᠰᠢᠢ᠍ᠳᠪᠦᠷᠢ
ᠨᠡᠶ᠋ᠢᠲᠡᠯᠡᠭᠰᠡᠨ ᠴᠠᠭ᠄ 2023-11-09

      ᠰᠢ ᠵᠢᠨ  ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠵᠢᠨ ᠲᠥᠯᠥᠭᠡ᠂  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠳᠤ ᠤᠷᠢᠳᠠᠪᠠᠷ ᠰᠢᠪᠲᠤᠯᠤᠯᠲᠠ ᠭᠠᠷᠭ᠋ᠠᠬᠤ  ᠵᠢ ᠲᠦᠷᠭᠡᠳᠬᠡᠨ ᠪᠡᠶᠡᠯᠡᠭᠦᠯᠵᠦ᠂  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠯᠢᠳᠡᠭ᠎ᠢ ᠡᠭᠦᠳᠴᠦ ᠲᠡᠷᠢᠭᠦᠨ᠎ᠳᠤ ᠣᠷᠣᠬᠤ᠎ᠪᠠᠷ ᠴᠢᠷᠮᠠᠢ᠌ᠬᠤ ᠭᠦᠨ ᠵᠤᠵᠠᠭ᠋ᠠᠨ ᠠᠭᠤᠷ ᠠᠮᠢᠰᠬᠤᠯ᠎ᠢ  ᠪᠤᠢ ᠪᠤᠯᠭ᠋ᠠᠬᠤ ᠵᠢᠨ

ᠲᠦᠯᠦᠭᠡ᠂ 《  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ

(2021 — 2025 ᠣᠨ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 — 2025 ᠣᠨ)》 ᠵᠢ  ᠲᠤᠭᠤᠰᠢᠯᠠᠭᠤᠯᠬᠤ ᠲᠤᠬᠠᠢ  ᠬᠡᠷᠡᠭᠵᠢᠭᠦᠯᠬᠦ ᠲᠥᠰᠥᠯ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ 2023 ᠣᠨ᠎ᠤ 3  ᠰᠠᠷ᠎ᠠ ᠎ᠠᠴᠠ ᠡᠬᠢᠯᠡᠨ 2023 ᠣᠨ᠎ᠤ ᠪᠥᠬᠥ ᠣᠷᠣᠨ᠎ᠤ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ᠃

      《2023 ᠣᠨ᠎ᠤ ᠪᠥᠬᠥ ᠣᠷᠣᠨ᠎ᠤ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》 ᠪᠠ 《ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠭᠦᠢ᠍ᠴᠡᠳᠬᠡᠯ ᠲᠣᠭ᠎ᠠ ᠵᠢᠨ ᠰᠢᠰᠲ᠋ᠧᠮᠵᠢ》 (2021 ᠣᠨ᠎ᠤ ᠬᠡᠪᠯᠡᠯ) ᠵᠢ ᠦᠨᠳᠦᠰᠦᠯᠡᠪᠡᠯ᠂ ᠪᠤᠰᠤᠳᠴᠢ ᠪᠥᠭᠡᠳ ᠲᠥᠪ ᠭᠣᠥᠯᠴᠢ᠂ ᠢᠯᠡ ᠲᠣᠳᠣ᠂ ᠬᠡᠯᠪᠡᠷᠢ ᠵᠢᠨ ᠦᠵᠡᠯ᠎ᠢ ᠲᠠᠰᠤ ᠵᠣᠭᠰᠤᠭ᠋ᠠᠬᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠵᠠᠷᠴᠢᠮ ᠶᠣᠰᠣᠭ᠋ᠠᠷ᠂ ᠰᠠᠢ᠌ᠨ ᠳᠤᠷ᠎ᠠ ᠎ᠠᠴᠠ᠎ᠪᠠᠨ ᠮᠡᠳᠡᠭᠦᠯᠬᠦ᠂ ᠠᠢ᠌ᠮᠠᠭ ᠬᠣᠲᠠ ᠪᠠ ᠰᠠᠯᠠᠭ᠎ᠠ ᠮᠥᠴᠢᠷ᠎ᠤᠳ ᠠᠩᠬ᠎ᠠ ᠬᠢᠨᠠᠵᠤ ᠲᠠᠨᠢᠯᠴᠠᠭᠤᠯᠬᠤ᠂ ᠭᠤᠷᠪᠠᠳᠠᠭᠢ ᠡᠲᠡᠭᠡᠳ᠎ᠠᠴᠠ ᠦᠨᠡᠯᠡᠨ ᠵᠢᠱ᠌ᠢᠬᠦ᠂ ᠰᠠᠨᠠᠯ ᠬᠤᠷᠢᠶᠠᠬᠤ᠂ ᠬᠠᠮᠲᠤ᠎ᠪᠠᠷ ᠰᠤᠳᠤᠯᠬᠤ᠂ ᠨᠡᠢ᠌ᠭᠡᠮ ᠨᠡᠶ᠋ᠢᠲᠡ᠎ᠳᠤ ᠵᠠᠷᠯᠠᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ 2023 ᠣᠨ᠎ᠤ ᠪᠥᠬᠥ ᠣᠷᠣᠨ᠎ᠤ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ ᠪᠠ ᠲᠥᠷᠥᠯ ᠵᠦᠢ᠍ᠯ᠎ᠢ ᠨᠡᠷᠡᠢ᠌ᠳᠬᠦ᠎ᠪᠠᠷ ᠲᠣᠭᠲᠠᠪᠠ᠃

      ᠵᠢᠱ᠌ᠢᠶ᠎ᠡ ᠦᠵᠡᠭᠦᠯᠵᠦ ᠨᠡᠷᠡᠢ᠌ᠳᠦᠯ᠎ᠢ ᠣᠯᠣᠭᠰᠠᠨ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠰᠢ ᠵᠢᠨ  ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠵᠢ ᠦᠨᠡᠨᠬᠦ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠠᠬᠢᠭᠤᠯᠬᠤ ᠪᠠᠢ᠌ᠩᠭᠤ ᠵᠢᠨ ᠠᠵᠢᠯ ᠪᠣᠯᠭ᠋ᠠᠨ ᠬᠤᠪᠢᠷᠠᠭᠤᠯᠬᠤ ᠬᠡᠷᠡᠭᠲᠡᠢ ᠃ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠠᠢ᠌ᠮᠠᠭ ᠬᠣᠲᠠ ᠵᠢ  ᠵᠠᠰᠠᠬᠤ ᠵᠦᠪᠯᠡᠯ᠂ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠤᠳ ᠵᠢᠱ᠌ᠢᠶ᠎ᠡ ᠦᠵᠡᠭᠦᠯᠬᠦ ᠭᠠᠵᠠᠷ ᠣᠷᠣᠨ ᠪᠠ ᠲᠥᠷᠥᠯ ᠵᠦᠢ᠍ᠯ᠎ᠤᠨ ᠲᠤᠷᠰᠢᠯᠭ᠎ᠠ ᠵᠢ ᠳ᠋ᠦᠩᠨᠡᠬᠦ᠂ ᠤᠬᠠᠭᠤᠯᠤᠨ ᠮᠡᠳᠡᠭᠡᠯᠡᠬᠦ᠂ ᠵᠢᠯᠣᠭᠣᠳᠤᠨ ᠬᠢᠨᠠᠯᠲᠠ ᠲᠠᠯᠪᠢᠬᠤ᠂ ᠮᠥᠷᠳᠡᠨ ᠦᠨᠡᠯᠡᠨ ᠵᠢᠱ᠌ᠢᠬᠦ᠂ ᠳᠡᠮᠵᠢᠨ ᠪᠠᠲᠤᠯᠠᠬᠤ ᠵᠢ ᠴᠢᠩᠭ᠋ᠠᠳᠬᠠᠵᠤ᠂ ᠵᠢᠱ᠌ᠢᠶ᠎ᠡ ᠦᠵᠡᠭᠦᠯᠬᠦ ᠭᠠᠵᠠᠷ ᠣᠷᠣᠨ ᠪᠠ ᠲᠥᠷᠥᠯ  ᠵᠦᠢ᠍ᠯ᠎ᠢ ᠴᠠᠭ ᠬᠤᠭᠤᠴᠠᠭ᠎ᠠ ᠪᠠ ᠦᠢ᠍ᠯᠡᠳᠦᠯᠭᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠪ ᠳᠠᠭᠤᠷᠢᠶᠠᠯ ᠪᠣᠯᠭ᠋ᠠᠬᠤ᠎ᠪᠠᠷ ᠴᠢᠷᠮᠠᠢ᠌ᠬᠤ ᠬᠡᠷᠡᠭᠲᠡᠢ; ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠠᠵᠢᠯᠯᠠᠭ᠎ᠠ ᠵᠢ 《ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 — 2025 ᠣᠨ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 — 2025 ᠣᠨ)〉 ᠵᠢ   ᠲᠤᠭᠤᠰᠢᠯᠠᠭᠤᠯᠬᠤ ᠲᠤᠬᠠᠢ ᠬ᠋ᠡᠷᠡᠭᠵᠢᠭᠦᠯᠬᠦ ᠲᠥᠰᠥᠯ》᠎ᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠬᠠᠷᠢᠯᠴᠠᠨ ᠤᠶᠠᠯᠳᠤᠭᠤᠯᠬᠤ ᠵᠢ  ᠪᠠᠷᠢᠮᠲᠠᠯᠠᠬᠤ ᠬᠡᠷᠡᠭᠲᠡᠢ᠃ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ  ᠰᠢᠢ᠍ᠳᠪᠦᠷᠢᠯᠡᠬᠦ᠎ᠲᠠᠢ  ᠤᠶᠠᠯᠳᠤᠭᠤᠯᠵᠤ᠂ ᠠᠷᠠᠳ ᠣᠯᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠬᠠᠨᠤᠮᠵᠢ ᠵᠢᠨ ᠬᠡᠮᠵᠢᠶ᠎ᠡ ᠵᠢ ᠨᠡᠮᠡᠭᠳᠡᠭᠦᠯᠬᠦ᠎ᠲᠠᠢ ᠤᠶᠠᠯᠳᠤᠭᠤᠯᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠲᠦᠷᠭᠡᠳᠬᠡᠨ ᠠᠬᠢᠭᠤᠯᠤᠨ᠎ᠠ!

      ᠳᠠᠭ᠋ᠠᠯᠳᠤᠭᠤᠯᠤᠯ᠄ 2023 ᠣᠨ᠎ᠤ ᠪᠥᠬᠥ ᠣᠷᠣᠨ᠎ᠤ  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ ᠪᠠ ᠲᠥᠷᠥᠯ ᠵᠦᠢ᠍ᠯ᠎ᠤᠨ ᠨᠡᠷᠡᠰ

 

                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ

                ᠪᠥᠬᠥ ᠲᠠᠯ᠎ᠠ᠎ᠪᠠᠷ  ᠬᠠᠤᠯᠢ᠎ᠪᠠᠷ ᠤᠷᠤᠨ ᠵᠶ᠋ᠠᠨ ᠵᠠᠰᠠᠬᠤ ᠵᠦᠪᠯᠡᠯ᠎ᠤᠨ ᠠᠯᠪᠠᠨ ᠭᠡᠷ

                            2023 ᠣᠨ᠎ᠤ 11 ᠰᠠᠷ᠎ᠠ ᠵᠢᠨ 1᠎ᠤ  ᠡᠳᠦᠷ

 

 

 

 

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            