ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠠᠴᠠ ᠪᠦᠬᠦ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ᠎ᠪᠠᠷ ᠪᠠᠢ᠌ᠨ᠎ᠠ
ᠨᠡᠶ᠋ᠢᠲᠡᠯᠡᠭᠰᠡᠨ ᠴᠠᠭ᠄ 2024-10-14

 

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠥᠪᠰᠢᠶᠡᠷᠡᠯ ᠵᠶ᠋ᠡᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠠᠴᠠ 6  ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ ᠲᠣᠮᠢᠯᠠᠵᠤ᠂ ᠪᠥᠬᠥ ᠣᠷᠣᠨ᠎ᠤ  ᠬᠠᠤᠯᠢᠵᠢᠯ᠎ᠤᠨ  ᠪᠠᠢ᠌ᠭᠤᠯᠤᠯᠲᠠ ᠵᠢᠨ ᠠᠵᠢᠯ᠎ᠢ ᠥᠷᠨᠢᠭᠦᠯᠦᠭᠰᠡᠨ ᠪᠠᠢ᠌ᠳᠠᠯ ᠵᠢᠴᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠣᠨ᠎ᠤ ᠭᠣᠣᠯᠳᠠᠯᠭ᠎ᠠ᠎ᠲᠠᠢ ᠡᠭᠦᠷᠭᠡ ᠵᠢ ᠪᠡᠶᠡᠯᠡᠭᠦᠯᠦᠭᠰᠡᠨ ᠪᠠᠢ᠌ᠳᠠᠯ᠎ᠤᠨ ᠲᠣᠭᠣᠷᠢᠨ᠎ᠳᠤ  ᠰᠢᠮᠳᠠᠭᠤᠯᠤᠨ ᠪᠠᠢ᠌ᠴᠠᠭ᠋ᠠᠯᠲᠠ  ᠬᠢᠨ᠎ᠡ᠃ 10 ᠰᠠᠷ᠎ᠠ ᠵᠢᠨ ᠰᠡᠭᠦᠯᠴᠢ᠎ᠪᠠᠷ᠂  ᠬᠢᠨᠠᠨ  ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠣᠰ ᠲᠣᠰ 12 ᠠᠢ᠌ᠮᠠᠭ ᠬᠣᠲᠠ ᠪᠠ 24 ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠲᠤ ᠣᠷᠣᠵᠤ ᠰᠠᠭᠤᠭ᠋ᠠᠳ 10 ᠡᠳᠦᠷ᠎ᠤᠨ ᠬᠤᠭᠤᠴᠠᠭ᠎ᠠ᠎ᠲᠠᠢ ᠲᠤᠬᠠᠢ ᠵᠢᠨ ᠭᠠᠵᠠᠷ᠎ᠲᠤᠨᠢ ᠰᠢᠮᠳᠠᠭᠤᠯᠤᠨ ᠪᠠᠢ᠌ᠴᠠᠭ᠋ᠠᠨ᠎ᠠ᠃

      ᠲᠤᠰ ᠤᠳᠠᠭ᠋ᠠᠨ᠎ᠤ  ᠰᠢᠮᠳᠠᠭᠤᠯᠤᠨ  ᠪᠠᠢ᠌ᠴᠠᠭ᠋ᠠᠯᠲᠠ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠥᠯᠥᠭᠡ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠲᠥᠪ᠎ᠤᠨ ᠬᠠᠤᠯᠢᠵᠢᠯ᠎ᠤᠨ ᠪᠠᠢ᠌ᠭᠤᠯᠤᠯᠲᠠ ᠵᠢᠨ 《ᠨᠢᠭᠡ ᠲᠥᠯᠦᠪᠵᠢᠭᠦᠯᠭᠡ ᠬᠣᠶᠠᠷ ᠬᠥᠲᠥᠯᠪᠦᠷᠢ》 ᠵᠢᠴᠢ ᠥᠪᠡᠷᠲᠡᠭᠡᠨ ᠵᠠᠰᠠᠬᠤ ᠣᠷᠣᠨ᠎ᠤ ᠲᠥᠰᠥᠯ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠤᠯᠤᠯᠳᠠ ᠵᠢ ᠠᠬᠢᠭᠤᠯᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠡᠯ᠎ᠡ ᠵᠦᠢ᠍ᠯ᠎ᠤᠨ ᠡᠭᠦᠷᠭᠡ ᠵᠢ ᠨᠠᠷᠢᠯᠢᠭ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢᠵᠢᠯ᠎ᠤᠨ ᠪᠠᠢ᠌ᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠬᠦ ᠵᠢ ᠰᠢᠮᠳᠠᠭᠤᠯᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠦᠵᠡᠭᠦᠯᠬᠦ  ᠬᠠᠤᠯᠢᠵᠢᠯ᠎ᠤᠨ ᠵᠢᠷᠤᠮᠵᠢᠭᠤᠯᠬᠤ᠂ ᠬᠥᠲᠥᠯᠥᠨ ᠳᠠᠭ᠋ᠠᠭᠤᠯᠬᠤ ᠪᠠ ᠪᠠᠲᠤᠯᠠᠬᠤ ᠦᠢ᠍ᠯᠡᠳᠦᠯ᠎ᠢ ᠨᠠᠩ ᠰᠠᠢ᠌ᠲᠤᠷ ᠪᠠᠳᠠᠷᠠᠭᠤᠯᠬᠤ ᠵᠢᠨ ᠲᠦᠯᠦᠭᠡ ᠶᠤᠮ᠃

      ᠰᠢᠮᠳᠠᠭᠤᠯᠤᠨ  ᠪᠠᠢ᠌ᠴᠠᠭ᠋ᠠᠬᠤ ᠳᠤᠭᠤᠢ᠌ᠯᠠᠩ᠎ᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠤᠳᠤᠷᠢᠳᠤᠯᠭ᠎ᠠ ᠳᠠᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ ᠣᠷᠣᠯᠴᠠᠭᠰᠠᠨ ᠪᠠᠢ᠌ᠨ᠎ᠠ᠃  ᠰᠢᠮᠳᠠᠭᠤᠯᠤᠨ ᠪᠠᠢ᠌ᠴᠠᠭ᠋ᠠᠬᠤ᠎ᠳᠤ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠵᠢᠷᠤᠮᠯᠠᠵᠤ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠣᠯᠪᠣᠭᠳᠠᠯ ᠪᠦᠬᠦᠢ ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ ᠵᠢ ᠵᠢᠷᠤᠮᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠬᠣᠷᠢᠭᠯᠠᠵᠤ᠂ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠎ᠢ ᠦᠨᠡᠨᠬᠦ  ᠳᠡᠭᠡᠭᠰᠢᠯᠡᠭᠦᠯᠦᠨ᠎ᠡ᠃

      ᠥᠷᠭᠡᠨ ᠣᠯᠠᠨ ᠲᠦᠮᠡᠨ ᠪᠣᠯᠣᠨ ᠡᠵᠡᠩᠨᠡᠯᠲᠡ ᠵᠢᠨ ᠭᠣᠣᠯ ᠴᠣᠭᠴᠠ ᠵᠢᠨ ᠮᠠᠨ᠎ᠤ ᠣᠷᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠴᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠠᠮᠢᠶ᠎ᠠ ᠪᠦᠬᠦᠢ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠲᠤᠰᠬᠠᠬᠤ᠎ᠳᠤ ᠲᠥᠬᠥᠮ ᠦᠵᠡᠭᠦᠯᠬᠦ ᠵᠢᠨ ᠲᠤᠰᠠᠳᠠ᠂ ᠡᠳᠦᠭᠡ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ᠎ᠢ ᠨᠡᠢ᠌ᠲᠡᠯᠡᠪᠡ᠄

      1. ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ  ᠢᠮᠧᠯ ᠄ nmgfzdc@163.com

      2. ᠭᠥᠯᠢᠶᠡᠨ ᠠᠪᠴᠤ ᠰᠢᠢ᠍ᠳᠪᠦᠷᠢᠯᠡᠬᠦ ᠴᠠᠭ᠄ 2024 ᠣᠨ᠎ᠤ 10 ᠰᠠᠷ᠎ᠠ ᠵᠢᠨ 14᠎ᠤ ᠡᠳᠦᠷ᠎ᠠᠴᠠ 2024 ᠣᠨ᠎ᠤ 10 ᠰᠠᠷ᠎ᠠ ᠵᠢᠨ 31᠎ᠤ ᠡᠳᠦᠷ ᠪᠣᠯᠲᠠᠯ᠎ᠠ᠃

                  

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ

                      ᠪᠥᠬᠥ ᠲᠠᠯ᠎ᠠ᠎ᠪᠠᠷ  ᠬᠠᠤᠯᠢ᠎ᠪᠠᠷ ᠣᠷᠣᠨ ᠵᠶ᠋ᠠᠨ ᠵᠠᠰᠠᠬᠤ ᠺᠣᠮᠢᠰ᠎ᠤᠨ ᠠᠯᠪᠠᠨ ᠭᠡᠷ

                                       2024 ᠣᠨ᠎ᠤ 10 ᠰᠠᠷ᠎ᠠ ᠵᠢᠨ 14᠎ᠤ  ᠡᠳᠦᠷ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            