ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠬᠠᠤᠯᠢ ᠵᠢᠨ ᠲᠣᠭ᠋ᠠᠴᠢᠯᠲᠠ᠎ᠪᠠᠷ ᠭᠠᠷᠳᠠᠴᠠ ᠪᠣᠯᠭ᠋ᠠᠵᠤ ᠬᠠᠤᠯᠢᠵᠢᠯ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠦᠷ᠎ᠡ ᠪᠦᠲᠦᠮᠵᠢ ᠣᠯᠪᠠ
ᠨᠡᠶ᠋ᠢᠲᠡᠯᠡᠭᠰᠡᠨ ᠴᠠᠭ᠄ 2024-03-27

      2023 ᠣᠨ᠎ᠳᠤ᠂ ᠥᠪᠡᠷᠲᠡᠭᠡᠨ ᠵᠠᠰᠠᠬᠤ ᠣᠷᠣᠨ  ᠰᠢ ᠵᠢᠨ ᠫᠢᠩ ᠎ᠤᠨ  ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠭᠣᠣᠯ ᠱᠤᠭᠤᠮ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《  ᠵᠠᠩᠭᠢᠯᠠᠭ᠎ᠠ ᠵᠢᠨ ᠴᠥᠭᠡᠨ ᠲᠣᠭ᠋ᠠᠲᠠᠨ 》᠎ᠤ ᠲᠦᠷᠦᠭᠦᠴᠢ ᠭᠠᠯᠠᠭᠤ ᠵᠢᠨ ᠦᠢ᠍ᠯᠡᠳᠦᠯ᠎ᠢ ᠪᠠᠳᠠᠷᠠᠭᠤᠯᠵᠤ ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ ᠵᠢᠨ ᠲᠣᠭ᠋ᠠᠴᠢᠯᠲᠠ ᠵᠢᠨ ᠠᠵᠢᠯ᠎ᠢ ᠬᠠᠤᠯᠢᠵᠢᠯ᠎ᠤᠨ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠬᠤ ᠬᠦᠴᠦᠲᠡᠢ ᠭᠠᠷᠳᠠᠴᠠ ᠪᠣᠯᠭ᠋ᠠᠵᠤ ᠂ ᠬᠠᠤᠯᠢ ᠵᠢᠨ ᠲᠣᠭ᠋ᠠᠴᠢᠯᠲᠠ ᠵᠢᠨ ᠳᠦᠷᠢᠮ᠎ᠢ  ᠦᠷᠭᠦᠯᠵᠢᠯᠡᠨ ᠪᠦᠷᠢᠨᠰᠢᠭᠦᠯᠵᠦ ᠂ ᠬᠠᠤᠯᠢ ᠵᠢᠨ ᠲᠣᠭ᠋ᠠᠴᠢᠯᠲᠠ ᠵᠢᠨ ᠬᠡᠯᠪᠡᠷᠢ ᠵᠢᠨ  ᠰᠢᠨ᠎ᠡ ᠵᠢ ᠡᠭᠦᠳᠬᠦ ᠵᠢ ᠰᠦᠪᠡᠭᠴᠢᠯᠡᠵᠦ ᠂ ᠬᠠᠤᠯᠢ ᠵᠢᠨ ᠲᠣᠭ᠋ᠠᠴᠢᠯᠲᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠬᠠᠤᠯᠢ ᠵᠢᠨ ᠲᠣᠭ᠋ᠠᠴᠢᠯᠲᠠ ᠵᠢᠨ ᠦᠷ᠎ᠡ ᠪᠦᠲᠦᠮᠵᠢ ᠤᠯᠠᠮ ᠨᠢᠭᠡ ᠠᠯᠬᠤᠮ ᠲᠣᠪᠣᠢ᠌ᠮ᠎ᠠ ᠪᠣᠯᠪᠠ ᠃ ᠪᠥᠬᠥ ᠣᠷᠣᠨ᠎ᠤ ᠬᠠᠤᠯᠢ ᠵᠢᠨ ᠲᠣᠭ᠋ᠠᠴᠢᠯᠲᠠ ᠵᠢᠨ ᠬᠥᠮᠥᠨ᠎ᠤ ᠲᠣᠭ᠎ᠠ 8700 ᠰᠢᠬᠠᠮ ᠪᠠᠢ᠌ᠵᠤ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠤᠨ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠲᠣᠭᠣᠷᠢᠭ᠂ ᠰᠤᠮᠤ ᠰᠢᠶᠠᠩ ᠪᠠᠯᠭ᠋ᠠᠰᠤ ᠵᠡᠭᠡᠯᠢ ᠭᠤᠳᠤᠮᠵᠢ ᠳᠥᠷᠪᠡᠨ ᠱᠠᠲᠤᠨ᠎ᠳᠤ ᠪᠦᠬᠦᠨ᠎ᠢ ᠬᠠᠮᠤᠷᠬᠤ ᠵᠢ ᠪᠡᠶᠡᠯᠡᠭᠦᠯᠪᠡ᠃

      ᠬᠠᠤᠯᠢ ᠵᠢᠨ ᠲᠣᠭ᠋ᠠᠴᠢᠯᠲᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ ᠂ ᠬᠠᠤᠯᠢ ᠵᠢᠨ ᠲᠣᠭ᠋ᠠᠴᠢᠯᠲᠠ ᠵᠢᠨ ᠳᠤᠮᠳᠠ ᠬᠠᠷᠢᠭᠤᠴᠠᠯᠭ᠎ᠠ ᠳᠠᠷᠤᠯᠲᠠ ᠵᠢ  ᠴᠢᠩᠭ᠋ᠠᠷᠠᠭᠤᠯᠪᠠ ᠃ ᠪᠥᠬᠥ ᠣᠷᠣᠨ᠎ᠤ ᠬᠠᠤᠯᠢ ᠵᠢᠨ ᠲᠣᠭ᠋ᠠᠴᠢᠯᠲᠠ ᠵᠢᠨ ᠠᠵᠢᠯ᠎ᠳᠤ ᠭᠦᠨᠵᠡᠭᠡᠢ᠌ᠷᠡᠭᠦᠯᠬᠦ ᠪᠠ ᠰᠢᠨ᠎ᠡ ᠵᠢ ᠡᠭᠦᠳᠬᠦ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠨ᠂ 《ᠪᠢᠴᠢᠭ᠎ᠤᠨ ᠬᠡᠯᠪᠡᠷᠢ + ᠲᠠᠪᠴᠠᠩ》 ᠭᠡᠬᠦ ᠬᠣᠶᠠᠷ ᠵᠦᠢ᠍ᠯ᠎ᠤᠨ ᠬᠡᠯᠪᠡᠷᠢ ᠵᠢ  ᠲᠠᠰᠤᠷᠠᠯᠲᠠ ᠦᠭᠡᠢ ᠪᠠᠶᠠᠯᠢᠭᠵᠢᠭᠤᠯᠵᠤ᠂ ᠲᠤᠰᠬᠠᠢ ᠰᠡᠳᠦᠪ ᠵᠶ᠋ᠡᠷ ᠬᠠᠤᠯᠢ ᠵᠢᠨ ᠲᠣᠭ᠋ᠠᠴᠢᠯᠲᠠ ᠬᠢᠬᠦ ᠂ ᠲᠤᠬᠠᠢ ᠵᠢᠨ ᠲᠠᠯᠠᠪᠤᠷ᠎ᠲᠤ ᠬᠠᠤᠯᠢ ᠵᠢᠨ ᠲᠣᠭ᠋ᠠᠴᠢᠯᠲᠠ ᠬᠢᠬᠦ  ᠵᠠᠭᠪᠤᠷ᠎ᠢ ᠶᠡᠬᠡᠪᠡᠷ  ᠳᠡᠯᠭᠡᠷᠡᠭᠦᠯᠪᠡ᠃ ᠡᠯ᠎ᠡ ᠠᠢ᠌ᠮᠠᠭ ᠬᠤᠳᠠ ᠵᠢᠨ᠎ᠬᠢᠨ ᠨᠠᠮ᠎ᠤᠨ ᠬᠣᠷᠢᠶ᠎ᠠ ᠵᠢᠨ ᠬᠠᠤᠯᠢ ᠶᠣᠰᠣᠭ᠋ᠠᠷ ᠠᠢ᠌ᠮᠠᠭ ᠬᠤᠳᠠ ᠵᠢ ᠵᠠᠰᠠᠬᠤ ᠂ ᠬᠣᠰᠢᠭᠤ ᠰᠢᠶᠠᠨ (  ᠬᠤᠳᠠ ᠂ ᠲᠣᠭᠣᠷᠢᠭ )᠎ᠤ ᠨᠠᠮ᠎ᠤᠨ ᠬᠣᠷᠢᠶ᠎ᠠ ᠵᠢᠨ ᠬᠤᠷᠠᠯ ᠪᠤᠶᠤ ᠲᠤᠰᠬᠠᠢ ᠰᠡᠳᠦᠪᠲᠦ ᠬᠠᠤᠯᠢ ᠵᠢᠨ ᠲᠣᠭ᠋ᠠᠴᠢᠯᠲᠠ ᠵᠢᠨ ᠬᠤᠷᠠᠯ ᠵᠡᠷᠭᠡ ᠬᠡᠯᠪᠡᠷᠢ᠎ᠪᠠᠷ ᠲᠤᠬᠠᠢ ᠵᠢᠨ ᠲᠠᠯᠠᠪᠤᠷ᠎ᠲᠤ ᠬᠠᠤᠯᠢ ᠵᠢᠨ ᠲᠣᠭ᠋ᠠᠴᠢᠯᠲᠠ ᠵᠢ ᠥᠷᠨᠢᠭᠦᠯᠵᠦ ᠂  《  ᠲᠤᠰᠬᠠᠢ ᠰᠡᠳᠦᠪᠲᠦ ᠬᠠᠤᠯᠢ ᠵᠢᠨ ᠲᠣᠭ᠋ᠠᠴᠢᠯᠲᠠ + ᠤᠳᠤᠷᠢᠳᠤᠯᠭ᠎ᠠ ᠵᠢᠨ ᠦᠨᠡᠯᠡᠯᠲᠡ 》  ᠵᠢᠨ ᠠᠷᠭ᠎ᠠ ᠬᠡᠯᠪᠡᠷᠢ ᠵᠢ  ᠨᠡᠢ᠌ᠳᠡᠮ ᠠᠪᠴᠤ ᠂ ᠬᠠᠤᠯᠢ ᠵᠢᠨ ᠲᠣᠭ᠋ᠠᠴᠢᠯᠲᠠ᠎ᠳᠤ ᠪᠣᠳᠣᠯᠬᠢᠯᠠᠯ᠎ᠲᠠᠢ ᠂ ᠠᠭᠤᠯᠭ᠎ᠠ᠎ᠲᠠᠢ ᠂ ᠳᠡᠭᠡᠭᠰᠢᠯᠡᠯᠲᠡ᠎ᠲᠠᠢ ᠪᠠᠢ᠌ᠬᠤ ᠵᠢ ᠪᠡᠶᠡᠯᠡᠭᠦᠯᠵᠦ ᠂ ᠡᠯ᠎ᠡ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠡᠭᠦᠷᠭᠡ ᠬᠠᠷᠢᠭᠤᠴᠠᠯᠭ᠎ᠠ ᠵᠢ  ᠡᠭᠦᠷᠭᠡᠯᠡᠵᠦ ᠂ ᠰᠡᠳᠬᠢᠯ᠎ᠳᠡᠭᠡᠨ ᠪᠤᠳᠤᠵᠤ ᠂ ᠭᠠᠷ᠎ᠲᠠᠭᠠᠨ ᠠᠳᠬᠤᠬᠤ ᠵᠢ ᠭᠡᠳᠡᠷᠬᠦ ᠰᠢᠬᠠᠮᠳᠠᠭᠤᠯᠪᠠ ᠃ ᠤᠯᠠᠭ᠋ᠠᠨᠴᠠᠪ ᠬᠣᠲᠠ ᠰᠤᠮᠤ ᠰᠢᠶᠠᠩ ᠪᠠᠯᠭ᠋ᠠᠰᠤ ᠵᠢᠨ ᠲᠤᠬᠠᠢ ᠵᠢᠨ ᠲᠠᠯᠠᠪᠤᠷ᠎ᠲᠤ ᠬᠠᠤᠯᠢ ᠴᠠᠭ᠋ᠠᠵᠠ ᠵᠢᠨ ᠮᠡᠳᠡᠭᠦᠯᠦᠯᠲᠡ ᠬᠢᠬᠦ ᠵᠢ ᠢᠳᠡᠪᠬᠢᠲᠡᠢ ᠠᠬᠢᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ) ᠨᠢᠭᠡᠪᠦᠷᠢ  ᠵᠢᠨ 2 ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠎ᠳᠤ  ᠬᠠᠤᠯᠢ ᠴᠠᠭ᠋ᠠᠵᠠ ᠵᠢᠨ ᠮᠡᠳᠡᠭᠦᠯᠦᠯᠲᠡ ᠬᠢᠬᠦ ᠠᠵᠢᠯ᠎ᠢ ᠦᠨᠳᠦᠰᠦᠨ ᠱᠠᠲᠤᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠂ ᠰᠢᠶᠠᠩ᠎ᠤᠨ ᠰᠢᠭᠤᠳ ᠬᠠᠷᠢᠶ᠎ᠠ ᠨᠢᠭᠡᠴᠡ ᠳᠠᠰᠢ ᠤᠷᠲᠤᠳᠬᠠᠬᠤ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠵᠦ᠂ 《ᠳᠠᠷᠤᠯᠲᠠ ᠳᠠᠮᠵᠢᠭᠤᠯᠬᠤ》 ᠦᠢ᠍ᠯᠡᠳᠦᠯ᠎ᠢ ᠪᠣᠶ ᠪᠣᠯᠭ᠋ᠠᠵᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ 《  ᠬᠠᠮᠤᠭ᠎ᠤᠨ ᠡᠴᠦᠰ᠎ᠤᠨ ᠵᠠᠢ》 ᠳᠠᠰᠢ ᠤᠷᠲᠤᠳᠬᠠᠬᠤ ᠵᠢ ᠦᠨᠡᠨᠬᠦ ᠲᠦᠯᠬᠢᠨ ᠠᠬᠢᠭᠤᠯᠪᠠ᠃

      ᠦᠨᠡᠯᠡᠯᠲᠡ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂  ᠨᠡᠢ᠌ᠭᠡᠮ᠎ᠤᠨ ᠬᠢᠨᠠᠯᠲᠠ ᠲᠠᠯᠪᠢᠯᠲᠠ ᠵᠢᠨ ᠳᠤᠮᠳᠠ ᠠᠮᠠᠯᠠᠯᠲᠠ᠎ᠪᠠᠨ ᠢᠯᠡ  ᠪᠤᠯᠭ᠋ᠠᠪᠠ᠃ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ 《ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ 》 ᠣᠷᠣᠯᠴᠠᠬᠤ ᠵᠠᠭᠪᠤᠷ᠎ᠢ ᠬᠠᠢ᠌ᠨ ᠰᠦᠪᠡᠭᠴᠢᠯᠡᠵᠦ ᠂ ᠣᠯᠠᠨ ᠲᠦᠮᠡᠨ᠎ᠳᠤ ᠰᠢᠭᠤᠳ ᠬᠠᠨᠳᠤᠨ ᠬᠠᠤᠯᠢ᠎ᠪᠠᠷ ᠵᠠᠰᠠᠬᠤ ᠠᠵᠢᠯ᠎ᠤᠨ 《  ᠲᠥᠯᠥᠪᠯᠡᠭᠡ ᠵᠢᠨ ᠪᠢᠴᠢᠭ 》᠎ᠢ ᠢᠯᠡ ᠪᠣᠯᠭ᠋ᠠᠵᠤ ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ 《  ᠬᠢᠷᠢ ᠪᠦᠲᠦᠮᠵᠢ ᠵᠢᠨ ᠬᠠᠭᠤᠳᠠᠰᠤ 》 ᠵᠢ ᠢᠯᠡ ᠨᠡᠢ᠌ᠲᠡᠯᠡᠵᠦ ᠂ ᠣᠯᠠᠨ ᠲᠦᠮᠡᠨ᠎ᠤ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠪᠡ ᠃ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶ᠎ᠠ ᠵᠢᠨ ᠬᠠᠤᠯᠢ᠎ᠪᠠᠷ ᠬᠣᠲᠠ ᠵᠢ ᠵᠠᠰᠠᠬᠤ ᠠᠯᠪᠠᠨ ᠭᠡᠷ ᠪᠣᠯᠣᠨ ᠬᠥᠯᠥᠨ ᠪᠣᠶ᠋ᠢᠷ᠎ᠤᠨ ᠷᠠᠳᠢᠣ᠋ ᠲᠧᠯᠸᠢᠰ ᠬᠣᠷᠢᠶ᠎ᠠ ᠬᠠᠮᠲᠤᠷᠠᠨ ᠬᠣᠰᠢᠭᠤ ᠬᠣᠲᠠ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠵᠢᠨ ᠬᠠᠤᠯᠢ᠎ᠪᠠᠷ ᠵᠠᠰᠠᠬᠤ ᠰᠣᠷᠪᠤᠯᠵᠢᠯᠠᠭ᠎ᠠ ᠵᠢᠨ ᠪᠤᠯᠤᠩ 《ᠬᠠᠤᠯᠢ᠎ᠪᠠᠷ ᠬᠣᠲᠠ ᠵᠢ ᠵᠠᠰᠠᠬᠤ ᠠᠵᠢᠯ ᠶᠠᠪᠤᠭᠳᠠᠵᠤ ᠪᠠᠢ᠌ᠭ᠎ᠠ ᠴᠠᠭ》᠎ᠢ ᠨᠡᠢ᠌ᠲᠡᠯᠡᠵᠦ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠢ ᠤᠷᠢᠵᠤ ᠲᠣᠰ ᠭᠠᠵᠠᠷ ᠣᠷᠣᠨ᠎ᠤ᠎ᠪᠠᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠤᠨ ᠰᠡᠳᠬᠢᠴᠡ᠂ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠵᠢ ᠲᠠᠨᠢᠯᠴᠠᠭᠤᠯᠵᠤ᠂ ᠠᠵᠢᠯ᠎ᠤᠨ ᠬᠦᠷᠦᠯᠴᠡᠬᠦ ᠦᠭᠡᠢ ᠲᠠᠯ᠎ᠠ ᠵᠢ ᠪᠠᠢ᠌ᠴᠠᠭ᠋ᠠᠨ ᠦᠵᠡᠵᠦ᠂ ᠨᠡᠢ᠌ᠭᠡᠮ᠎ᠤᠨ ᠬᠢᠨᠠᠯᠲᠠ ᠵᠢ ᠬᠦᠯᠢᠶᠡᠪᠡ᠃ ᠣᠷᠳᠣᠰ ᠬᠣᠲᠠ 34 ᠰᠢᠭᠤᠳ ᠬᠠᠷᠢᠶ᠎ᠠ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ᠂ ᠰᠣᠨᠢᠨ ᠮᠡᠳᠡᠭᠡᠨ᠎ᠤ ᠰᠦᠯᠵᠢᠶ᠎ᠡ᠂ ᠲᠡᠷᠢᠭᠦᠨ ᠵᠤᠷᠪᠤᠰ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠤᠨ ᠣᠨ᠎ᠤ ᠲᠤᠬᠠᠢ᠌ᠯᠠᠭᠰᠠᠨ ᠠᠵᠢᠯ᠎ᠤᠨ ᠡᠭᠦᠷᠭᠡ ᠴᠢᠳᠠᠪᠤᠷᠢ ᠵᠢᠨ ᠬᠠᠷᠠᠯᠲᠠ᠎ᠪᠠᠨ ᠪᠡᠶᠡᠯᠡᠭᠦᠯᠦᠭᠰᠡᠨ ᠪᠠᠢ᠌ᠳᠠᠯ᠎ᠢ ᠨᠡᠢ᠌ᠲᠡᠯᠡᠵᠦ᠂ ᠬᠤᠳᠠ ᠵᠢᠨ ᠠᠷᠠᠳ᠎ᠤᠨ ᠰᠡᠳᠬᠢᠯ ᠲᠠᠯᠪᠢᠵᠤ ᠪᠠᠢ᠌ᠭ᠎ᠠ ᠨᠡᠢ᠌ᠭᠡᠮ᠎ᠤᠨ ᠬᠠᠯᠠᠭᠤᠨ ᠴᠡᠭ᠎ᠤᠨ ᠠᠰᠠᠭᠤᠳᠠᠯ ᠪᠠ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠦᠬᠦᠮ ᠦᠵᠡᠭᠦᠯᠬᠦ ᠬᠠᠯᠠᠭᠤᠨ ᠤᠲᠠᠰᠤ ᠵᠡᠷᠭᠡ ᠲᠠᠪᠴᠠᠩ᠎ᠤᠨ ᠲᠤᠰᠬᠠᠭᠰᠠᠨ ᠭᠣᠮᠣᠳᠠᠯ ᠱᠠᠭ᠋ᠠᠷᠳᠠᠯᠭ᠎ᠠ ᠵᠢ ᠰᠢᠢ᠍ᠳᠪᠦᠷᠢᠯᠡᠭᠰᠡᠨ ᠪᠠᠢ᠌ᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ ᠂ 3000 ᠭᠠᠷᠤᠢ ᠬᠤᠳᠠ ᠵᠢᠨ ᠠᠷᠠᠳ᠎ᠤᠨ ᠲᠥᠯᠥᠭᠡᠯᠡᠭᠴᠢ ᠵᠢ ᠤᠷᠢᠵᠤ ᠰᠦᠯᠵᠢᠶ᠎ᠡ᠎ᠪᠠᠷ ᠦᠨᠡᠯᠡᠨ ᠶᠠᠷᠢᠯᠴᠠᠭᠤᠯᠵᠤ ᠂ ᠦᠨᠡᠯᠡᠨ ᠶᠠᠷᠢᠯᠴᠠᠭᠰᠠᠨ ᠦᠷ᠎ᠡ ᠳ᠋ᠦᠩ᠎ᠢ ᠰᠠᠯᠠᠭ᠎ᠠ ᠮᠥᠴᠢᠷ᠎ᠤᠨ ᠵᠢᠯ᠎ᠤᠨ ᠡᠴᠦᠰ᠎ᠤᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠶᠡᠷᠦᠩᠬᠡᠢ᠌ᠯᠡᠭᠰᠡᠨ ᠬᠢᠷᠢ ᠪᠦᠲᠦᠮᠵᠢ᠎ᠳᠤ ᠪᠤᠳᠤᠵᠤ ᠣᠷᠣᠭᠤᠯᠪᠠ ᠃ ᠦᠬᠠᠢ ᠬᠣᠲᠠ ᠵᠢᠨ᠎ᠬᠢᠨ ᠬᠠᠤᠯᠢ ᠵᠢᠨ ᠮᠡᠳᠡᠭᠦᠯᠦᠯᠲᠡ ᠵᠢᠨ 《ᠰᠦᠯᠵᠢᠶᠡᠨ ᠳᠡᠭᠡᠷ᠎ᠡ ᠬᠠᠲᠠᠭ᠋ᠠᠬᠤ + ᠨᠡᠢ᠌ᠭᠡᠮ᠎ᠤᠨ ᠦᠨᠡᠯᠡᠯᠲᠡ》 ᠵᠢᠨ ᠠᠵᠢᠯᠯᠠᠭ᠎ᠠ ᠵᠢ ᠰᠢᠨ᠎ᠡ᠎ᠪᠠᠷ ᠡᠭᠦᠳᠦᠨ ᠥᠷᠨᠢᠭᠦᠯᠵᠦ᠂ ᠬᠡᠰᠡᠭ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠮᠡᠳᠡᠭᠦᠯᠦᠯᠲᠡ ᠵᠢ ᠰᠣᠩᠭᠣᠨ 《ᠰᠦᠯᠵᠢᠶᠡᠨ ᠳᠡᠭᠡᠷ᠎ᠡ ᠳᠡᠯᠭᠡᠵᠦ》᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ》 ᠪᠣᠯᠣᠨ ᠨᠡᠢ᠌ᠭᠡᠮ᠎ᠤᠨ ᠡᠯ᠎ᠡ ᠡᠲᠡᠭᠡᠳ᠎ᠤᠨ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠰᠠᠨᠠᠯ ᠪᠠ ᠰᠠᠨᠠᠭᠤᠯᠭ᠎ᠠ ᠵᠢ ᠥᠷᠭᠡᠨ ᠵᠶ᠋ᠡᠷ ᠬᠤᠷᠢᠶᠠᠵᠤ᠂ ᠨᠡᠢ᠌ᠭᠡᠮ ᠨᠡᠶ᠋ᠢᠲᠡ ᠵᠢᠨ ᠦᠬᠠᠢ ᠬᠣᠲᠠ ᠵᠢᠨ ᠬᠠᠤᠯᠢ᠎ᠪᠠᠷ ᠵᠠᠰᠠᠬᠤ ᠠᠵᠢᠯ᠎ᠳᠤ ᠣᠷᠣᠯᠴᠠᠬᠤ ᠬᠡᠮᠵᠢᠶ᠎ᠡ ᠪᠠ ᠠᠩᠬᠠᠷᠬᠤ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭ᠋ᠠᠬᠤ᠂ ᠵᠡᠷᠭᠡᠪᠡᠷ ᠠᠳᠬᠤᠨ ᠬᠠᠮᠲᠤᠪᠠᠷ ᠵᠠᠰᠠᠬᠤ᠂ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠤᠨ ᠠᠮᠢᠳᠤ ᠴᠣᠪᠣᠭᠣᠯᠢᠭ ᠰᠢᠨ᠎ᠡ ᠪᠠᠢ᠌ᠳᠠᠯ᠎ᠢ ᠪᠣᠶ   ᠪᠤᠯᠭ᠋ᠠᠪᠠ᠃

      ᠱᠠᠯᠠᠪᠳᠠᠭᠤᠯᠤᠨ ᠪᠠᠢ᠌ᠴᠠᠭ᠋ᠠᠵᠤ ᠱᠠᠯᠠᠪᠳᠠᠭᠤᠯᠤᠨ ᠭᠦᠢ᠍ᠴᠡᠳᠬᠡᠬᠦ ᠵᠢ ᠴᠢᠩᠭ᠋ᠠᠳᠬᠠᠵᠤ ᠂  ᠳᠤᠲᠠᠭᠳᠠᠯ ᠵᠶ᠋ᠠᠨ ᠨᠥᠬᠥᠪᠦᠷᠢᠯᠡᠬᠦ  ᠳᠤᠮᠳᠠ ᠠᠮᠵᠢᠯᠲᠠ ᠪᠦᠲᠦᠮᠵᠢ  ᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ᠎ᠠᠴᠠ ᠰᠢᠪᠠᠳᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠬᠠᠤᠯᠢ ᠵᠢᠨ ᠲᠣᠭ᠋ᠠᠴᠢᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠬᠠᠤᠯᠢ ᠵᠢᠨ ᠲᠣᠭ᠋ᠠᠴᠢᠯᠲᠠ ᠵᠢᠨ ᠠᠵᠢᠯ᠎ᠢ ᠣᠨ᠎ᠤ ᠬᠠᠤᠯᠢ᠎ᠪᠠᠷ ᠵᠠᠰᠠᠬᠤ ᠵᠢ  ᠱᠠᠯᠠᠪᠳᠠᠨ  ᠪᠠᠢ᠌ᠴᠠᠭ᠋ᠠᠬᠤ ᠭᠣᠣᠯᠳᠠᠯᠭ᠎ᠠ᠎ᠲᠠᠢ ᠠᠭᠤᠯᠭ᠎ᠠ᠎ᠳᠤ ᠣᠷᠣᠭᠤᠯᠵᠤ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ 《ᠳᠥᠷᠪᠡᠨ ᠪᠡᠶ᠎ᠡ᠎ᠪᠠᠷ ᠵᠶ᠋ᠡᠨ ᠣᠷᠣᠯᠴᠠᠬᠤ》 ᠵᠢ ᠨᠠᠢ᠌ᠳᠠᠪᠤᠷᠢᠵᠢᠭᠤᠯᠤᠭᠰᠠᠨ ᠪᠣᠳᠠᠲᠠᠢ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠪᠡ᠃ ᠡᠭᠦᠨ᠎ᠤ ᠬᠠᠮᠲᠤ᠂ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠬᠤ ᠪᠠ ᠲᠣᠭᠣᠷᠢᠨ ᠪᠠᠢ᠌ᠴᠠᠭ᠋ᠠᠬᠤ ᠲᠣᠭᠣᠷᠢᠨ ᠪᠠᠢ᠌ᠴᠠᠭ᠋ᠠᠬᠤ ᠬᠢᠨᠠᠯᠲᠠ ᠲᠠᠯᠪᠢᠬᠤ ᠬᠠᠮᠵᠢᠯᠴᠠᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠬᠤ ᠵᠢ  ᠠᠬᠢᠭᠤᠯᠵᠤ ᠂ ᠬᠠᠤᠯᠢᠵᠢᠯ᠎ᠤᠨ ᠪᠠᠢ᠌ᠭᠤᠯᠤᠯᠲᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠨᠢᠭᠡᠴᠡ ᠵᠢ ᠢᠳᠡᠪᠬᠢᠲᠡᠢ᠎ᠪᠠᠷ ᠱᠠᠯᠠᠪᠳᠠᠭᠤᠯᠤᠨ ᠬᠠᠤᠯᠢ ᠵᠢᠨ ᠮᠡᠳᠡᠭᠦᠯᠦᠯᠲᠡ᠎ᠳᠤ ᠬᠠᠷᠢᠭᠤ ᠲᠤᠰᠬᠠᠭᠰᠠᠨ ᠬᠠᠤᠯᠢᠵᠢᠯ᠎ᠤᠨ ᠳᠤᠲᠠᠭᠤᠳᠠᠯ᠎ᠢ ᠲᠥᠪᠯᠡᠷᠡᠭᠦᠯᠦᠨ ᠴᠡᠭᠴᠡᠯᠡᠨ ᠰᠠᠢ᠌ᠵᠢᠷᠠᠭᠤᠯᠵᠤ ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠳᠦᠷᠢᠮ᠎ᠤᠨ ᠰᠢᠰᠲ᠋ᠧᠮ᠎ᠢ ᠲᠦᠷᠭᠡᠨ ᠪᠠᠢ᠌ᠭᠤᠯᠵᠤ᠂  ᠬᠠᠤᠯᠢ ᠵᠢᠨ ᠮᠡᠳᠡᠭᠦᠯᠦᠯᠲᠡ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠬᠥᠬᠡᠬᠣᠲᠠ 《ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠬᠢᠭᠡᠳ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ  ᠱᠠᠯᠠᠪᠳᠠᠨ ᠪᠠᠢ᠌ᠴᠠᠭ᠋ᠠᠬᠤ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠠᠤᠯᠢ ᠵᠢᠨ ᠲᠣᠭ᠋ᠠᠴᠢᠯᠲᠠ ᠵᠢᠨ ᠠᠵᠢᠯ᠎ᠢ ᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ ᠪᠠ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠠᠭᠤᠯᠭ᠎ᠠ᠎ᠳᠤ ᠣᠷᠣᠭᠤᠯᠵᠤ᠂ ᠬᠠᠤᠯᠢ ᠵᠢᠨ ᠲᠣᠭ᠋ᠠᠴᠢᠯᠲᠠ ᠵᠢᠨ ᠰᠢᠪᠠᠳᠠᠨ ᠳᠠᠭ᠋ᠠᠭᠤᠯᠬᠤ ᠦᠢ᠍ᠯᠡᠳᠦᠯ᠎ᠢ ᠦᠨᠡᠨ ᠬᠦ᠌ ᠰᠠᠢ᠌ᠲᠤᠷ ᠪᠠᠳᠠᠷᠠᠭᠤᠯᠪᠠ᠃ ᠬᠢᠩᠭ᠋ᠠᠨ ᠠᠢ᠌ᠮᠠᠭ᠎ᠤᠨ᠎ᠬᠢᠨ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠳᠤ ᠴᠢᠭᠯᠡᠭᠦᠯᠦᠨ ᠱᠠᠯᠠᠪᠳᠠᠭᠤᠯᠤᠨ ᠪᠠᠢ᠌ᠴᠠᠭ᠋ᠠᠵᠤ᠂ ᠡᠯ᠎ᠡ ᠭᠠᠵᠠᠷ᠎ᠤᠨ 《ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠵᠢᠯ᠎ᠤᠨ ᠡᠴᠦᠰ᠎ᠤᠨ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠦᠭᠰᠡᠨ ᠦᠭᠡᠢ 》 ᠠᠰᠠᠭᠤᠳᠠᠯ᠎ᠢ ᠴᠠᠭ ᠲᠤᠬᠠᠢ᠎ᠳᠤᠨᠢ ᠬᠠᠷᠢᠭᠤ ᠲᠤᠰᠬᠠᠪᠠ ᠃ ᠲᠦᠩᠯᠢᠶᠣᠣ ᠬᠤᠳᠠ ᠵᠢᠨ᠎ᠬᠢᠨ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠳᠤᠮᠳᠠ ᠢᠯᠡᠷᠡᠭᠰᠡᠨ ᠳᠤᠲᠠᠭᠤᠳᠠᠯ  ᠬᠦᠷᠦᠯᠴᠡᠬᠦ ᠦᠭᠡᠢ ᠲᠠᠯ᠎ᠠ ᠵᠢ  ᠣᠨ᠎ᠤ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠴᠢᠬᠤᠯᠠ ᠠᠭᠤᠯᠭ᠎ᠠ ᠪᠣᠯᠭ᠋ᠠᠵᠤ ᠂ ᠬᠤᠳᠠ ᠵᠢᠨ ᠲᠡᠰ᠎ᠤᠨ ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠲᠥᠯᠥᠪᠯᠡᠭᠡ᠎ᠳᠤ ᠣᠷᠣᠭᠤᠯᠵᠤ ᠂ ᠡᠯ᠎ᠡ ᠬᠠᠤᠯᠢ ᠵᠢᠨ ᠲᠣᠭ᠋ᠠᠴᠢᠯᠲᠠ ᠵᠢᠨ ᠭᠣᠣᠯ ᠴᠣᠭᠴᠠ ᠵᠢᠨ ᠴᠡᠭᠴᠡᠯᠡᠨ ᠰᠠᠢ᠌ᠵᠢᠷᠠᠭᠤᠯᠤᠭᠰᠠᠨ ᠠᠬᠢᠴᠠ ᠵᠢᠨ ᠪᠠᠢ᠌ᠳᠠᠯ᠎ᠢ ᠦᠨᠡᠨᠬᠦ ᠱᠠᠯᠠᠪᠳᠠᠭᠤᠯᠤᠨ ᠪᠣᠳᠠᠲᠠᠢ ᠪᠠᠢ᠌ᠴᠠᠭ᠋ᠠᠬᠤ᠎ᠪᠠᠷ ᠴᠠᠭ ᠲᠤᠬᠠᠢ᠎ᠳᠤᠨᠢ ᠡᠵᠡᠮᠰᠢᠵᠦ᠂ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ ᠣᠯᠬᠤ ᠂ ᠦᠨᠳᠦᠰᠦᠨ ᠱᠠᠲᠤᠨ᠎ᠳᠤ ᠠᠮᠵᠢᠯᠲᠠ ᠣᠯᠬᠤ᠂ ᠤᠯᠠᠨ ᠲᠦᠮᠡᠨ᠎ᠳᠤ ᠪᠣᠳᠠᠲᠤ ᠠᠰᠢᠭ ᠬᠦᠷᠲᠡᠭᠡᠬᠦ ᠵᠢ ᠪᠠᠲᠤᠯᠠᠵᠠᠢ᠃

      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠤᠯᠤᠰ ᠲᠥᠷᠥ ᠵᠢᠨ ᠤᠬᠠᠮᠰᠠᠷ᠂ ᠦᠢᠯᠡ ᠠᠵᠢᠯᠯᠠᠭ᠎ᠠ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠎ᠢ  ᠦᠷᠭᠦᠯᠵᠢᠯᠡᠨ ᠴᠢᠩᠭ᠋ᠠᠷᠠᠭᠤᠯᠤᠨ᠎ᠠ᠃ ᠨᠢᠭᠡ᠎ᠳᠤ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠦᠷᠭᠦᠯᠵᠢᠯᠡᠨ ᠪᠠᠲᠤᠳᠬᠠᠨ᠎ᠠ᠃ ᠪᠥᠬᠥ ᠣᠷᠣᠨ᠎ᠤ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠵᠢᠨ ᠲᠣᠭ᠋ᠠᠴᠢᠯᠲᠠ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ  ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠦᠢ᠍ᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ᠎ᠢ ᠭᠦᠢ᠍ᠴᠡᠳ ᠲᠠᠨᠢᠭᠤᠯᠵᠤ᠂ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠲᠠ ᠵᠢ᠎ᠨᠢ  ᠳᠡᠭᠡᠭᠰᠢᠯᠡᠭᠦᠯᠦᠨ᠎ᠡ᠃ ᠬᠣᠶᠠᠷ᠎ᠲᠤ  ᠬᠠᠤᠯᠢ  ᠵᠢᠨ ᠲᠣᠭ᠋ᠠᠴᠢᠯᠲᠠ ᠵᠢᠨ ᠠᠵᠢᠯ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠪᠢᠴᠢᠭ ᠵᠶ᠋ᠡᠷ ᠲᠣᠭ᠋ᠠᠴᠢᠬᠤ ᠠᠷᠭ᠎ᠠ ᠵᠢ ᠨᠡᠢ᠌ᠳᠡᠮ ᠪᠦᠷᠬᠦᠭᠦᠯᠬᠦ ᠵᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ᠂ ᠲᠤᠬᠠᠢ ᠵᠢᠨ ᠲᠠᠯᠠᠪᠤᠷ᠎ᠲᠤ ᠲᠣᠭ᠋ᠠᠴᠢᠬᠤ ᠠᠷᠭ᠎ᠠ ᠵᠢ ᠲᠦᠯᠬᠢᠨ ᠠᠬᠢᠭᠤᠯᠬᠤ ᠡᠷᠴᠢᠮ᠎ᠢ ᠭᠣᠣᠯᠳᠠᠯᠭ᠎ᠠ᠎ᠲᠠᠢ ᠴᠢᠩᠭ᠋ᠠᠷᠠᠭᠤᠯᠵᠤ᠂ ᠲᠣᠭ᠋ᠠᠴᠢᠬᠤ ᠠᠷᠭ᠎ᠠ ᠵᠢᠨ ᠠᠵᠢᠯ᠎ᠤᠨ ᠵᠥᠷᠢᠶ᠎ᠡ ᠵᠢ ᠦᠨᠡᠨ ᠬᠦ᠌ ᠲᠣᠭ᠋ᠠᠴᠢᠨ ᠮᠡᠳᠡᠭᠦᠯᠵᠦ᠂ ᠳᠠᠷᠤᠯᠲᠠ ᠵᠢ ᠲᠣᠭ᠋ᠠᠴᠢᠨ ᠮᠡᠳᠡᠭᠦᠯᠵᠦ᠂ ᠬᠠᠷᠢᠭᠤᠴᠠᠯᠭ᠎ᠠ ᠵᠢ ᠲᠣᠭ᠋ᠠᠴᠢᠨ ᠮᠡᠳᠡᠭᠦᠯᠦᠨ᠎ᠡ᠃ ᠭᠤᠷᠪᠠ᠎ᠳᠤ ᠂ ᠬᠠᠤᠯᠢ  ᠵᠢᠨ  ᠲᠣᠭ᠋ᠠᠴᠢᠯᠲᠠ ᠵᠢᠨ  ᠠᠵᠢᠯ᠎ᠢ ᠱᠠᠯᠠᠪᠳᠠᠭᠤᠯᠤᠨ ᠪᠠᠢ᠌ᠴᠠᠭ᠋ᠠᠵᠤ ᠰᠢᠯᠭ᠋ᠠᠨ ᠦᠨᠡᠯᠡᠬᠦ ᠵᠢ ᠴᠢᠩᠭ᠋ᠠᠳᠬᠠᠨ᠎ᠠ ᠃ ᠤᠳᠤᠷᠢᠳᠬᠤ ᠺᠠᠳ᠋ᠷᠴᠤᠳ᠎ᠤᠨ ᠬᠠᠤᠯᠢ ᠵᠢᠨ ᠲᠣᠭ᠋ᠠᠴᠢᠯᠲᠠ ᠵᠢᠨ ᠪᠠᠢ᠌ᠳᠠᠯ᠎ᠢ ᠦᠷᠭᠦᠯᠵᠢᠯᠡᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ᠎ᠳᠤ ᠣᠷᠣᠭᠤᠯᠵᠤ 《ᠪᠠᠢ᠌ᠬᠤ ᠡᠰᠡᠬᠦ》 ᠵᠢ ᠰᠢᠢ᠍ᠳᠪᠦᠷᠢᠯᠡᠭᠰᠡᠨ ᠰᠠᠭᠤᠷᠢᠨ ᠳᠡᠭᠡᠷ᠎ᠡ᠂ ᠬᠠᠤᠯᠢ ᠵᠢᠨ  ᠲᠤᠭ᠋ᠠᠴᠢᠯᠳᠠ  ᠵᠢᠨ 《ᠰᠠᠢ᠌ᠨ ᠡᠰᠡᠬᠦ》 ᠵᠢ ᠭᠣᠣᠯᠳᠠᠯᠭ᠎ᠠ᠎ᠲᠠᠢ ᠰᠢᠯᠭ᠋ᠠᠨ ᠦᠨᠡᠯᠡᠵᠦ᠂ ᠬᠠᠤᠯᠢ ᠵᠢᠨ  ᠲᠤᠭ᠋ᠠᠴᠢᠯᠳᠠ ᠵᠢᠨ ᠬᠠᠨᠳᠤᠯᠭ᠋ᠠᠲᠤ ᠴᠢᠨᠠᠷ ᠪᠠ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠂ ᠬᠠᠤᠯᠢ ᠵᠢᠨ  ᠲᠤᠭ᠋ᠠᠴᠢᠯᠳᠠ ᠵᠢᠨ ᠳᠦᠷᠢᠮ᠎ᠤᠨ ᠴᠢᠳᠠᠮᠵᠢ ᠵᠢ ᠪᠦᠲᠦᠮᠵᠢᠲᠡᠶ ᠪᠠᠳᠠᠷᠠᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠬᠠᠤᠯᠢ᠎ᠪᠠᠷ ᠵᠠᠰᠠᠬᠤ ᠤᠬᠠᠮᠰᠠᠷ ᠪᠠ ᠬᠠᠤᠯᠢ ᠶᠣᠰᠣᠭ᠋ᠠᠷ ᠠᠵᠢᠯᠯᠠᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ ᠣᠯᠬᠤ ᠵᠢ ᠴᠢᠷᠮᠠᠢ᠌ᠨ ᠠᠬᠢᠭᠤᠯᠵᠤ᠂ ᠰᠢᠨ᠎ᠡ ᠪᠠᠢ᠌ᠳᠠᠯ᠎ᠢ ᠡᠭᠦᠳᠦᠨ  ᠨᠡᠭᠡᠭᠡᠬᠦ᠎ᠪᠠᠷ ᠪᠤᠢ᠃

 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            